2026-11-28 11:04:44
— ᠲᠤᠮᠳᠠᠳᠤ ᠤᠯᠤᠰ ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠤᠳᠠᠭ᠎ᠠ ᠵᠢᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠦᠯᠦᠬᠡᠯᠡᠭᠴᠢᠳ ᠨᠠᠮ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠢᠯᠡᠳᠬᠡᠯ᠎ᠢ ᠬᠠᠯᠠᠭᠤᠨ᠎ᠢᠶᠡᠷ ᠶᠠᠷᠢᠯᠴᠠᠪᠠ
11 ᠰᠠᠷ᠎ᠠ᠎ᠶᠢᠨ 27 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠬᠥᠬᠡᠬᠣᠲᠠ᠎ᠳᠤ ᠦᠪᠡᠳᠡᠭᠰᠢ ᠶᠡᠬᠡᠪᠡᠷ ᠡᠬᠢᠯᠡᠪᠡ᠃ ᠪᠦᠬᠦ ᠣᠷᠣᠨ᠎ᠤ ᠡᠯ᠎ᠡ ᠹᠷᠣᠨᠲ᠎ᠤᠨ ᠲᠥᠯᠥᠭᠡᠯᠡᠭᠴᠢᠳ ᠨᠢᠭᠡ ᠲᠠᠩᠬᠢᠮ᠎ᠳᠤ ᠴᠤᠭᠯᠠᠷᠠᠵᠤ᠂ ᠸᠠᠩ ᠸᠧᠢ ᠵᠦᠩ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠵᠢ ᠲᠦᠯᠦᠭᠡᠯᠡᠨ ᠬᠢᠭᠰᠡᠨ ᠢᠯᠡᠳᠬᠡᠯ᠎ᠢ ᠨᠠᠷᠢᠨ ᠬᠢᠨᠠᠮᠠᠭᠠᠢ ᠰᠣᠨᠣᠰᠪᠠ᠃ ᠲᠥᠯᠥᠭᠡᠯᠡᠭᠴᠢᠳ᠂ ᠢᠯᠡᠳᠬᠡᠯ ᠨᠢ ᠥᠨᠳᠥᠷ᠎ᠲᠦ ᠵᠣᠭᠰᠣᠨ ᠠᠯᠤᠰ᠎ᠢ ᠪᠠᠷᠠᠯᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠂ ᠬᠥᠮᠥᠰ᠎ᠢ ᠤᠷᠮᠠᠰᠢᠭᠤᠯᠤᠨ᠂ ᠪᠦᠬᠦ ᠤᠷᠤᠨ ᠳᠠᠶᠠᠭᠠᠷ ᠵᠢᠡᠨ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠡᠷᠡᠮᠡᠬᠡᠢᠯᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ᠎ᠶᠢ ᠡᠭᠦᠳᠬᠦ᠎ᠶᠢ ᠵᠣᠷᠢᠭ᠍ᠵᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠨᠢ ᠯᠠᠪᠲᠠᠢ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
ᠵᠤᠷᠢᠬᠳᠠᠢ ᠪᠡᠷ ᠬᠠᠷᠢᠭᠤᠴᠠᠯᠭ᠎ᠠ ᠡᠭᠦᠷᠭᠡᠯᠡᠵᠦ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠨ᠎ᠠ
《ᠬᠠᠤᠯᠢ᠎ᠪᠠᠷ ᠣᠷᠣᠨ᠎ᠢᠶᠠᠨ ᠵᠠᠰᠠᠬᠤ᠎ᠶᠢ ᠪᠦᠬᠦ ᠲᠠᠯ᠎ᠠ᠎ᠪᠠᠷ ᠠᠬᠢᠭᠤᠯᠵᠤ᠂ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤᠬᠢᠨᠠᠨ ᠪᠠᠢᠴᠠᠭᠠᠯᠳᠠ ᠵᠢ ᠴᠢᠩᠭᠠᠳᠬᠠᠵᠤ᠂ ᠬᠠᠤᠯᠢ ᠪᠡᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶᠢ ᠭᠦᠨᠵᠡᠭᠡᠢᠷᠡᠭᠦᠯᠬᠦ ᠬᠡᠷᠡᠭᠳᠠᠢ ᠁ ᠢᠯᠡᠳᠭᠡᠯ ᠨᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠠᠵᠢᠯ᠎ᠤᠨ ᠴᠢᠭᠯᠡᠯ᠎ᠢ ᠲᠣᠳᠣᠷᠬᠠᠢ ᠵᠢᠭᠠᠵᠤ ᠂ ᠭᠣᠣᠯᠳᠠᠯᠭ᠎ᠠ᠎ᠶᠢ ᠲᠣᠭᠲᠠᠭᠠᠪᠠ》᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠨᠠᠮ᠎ᠤᠨ ᠬᠤᠷᠢᠶ᠎ᠠ ᠵᠢᠨ ᠱᠦᠵᠢ᠂ ᠲᠢᠩᠬᠢᠮ᠎ᠦᠨ ᠳᠠᠷᠤᠭ᠎ᠠ ᠸᠠᠩ ᠰᠢᠦᠢ ᠵᠢᠶᠦ᠋ᠨ᠂ ᠪᠥᠬᠥ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲᠧᠮ ᠤ᠋ᠨ ᠬᠢᠨ ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠬᠠᠤᠯᠢ ᠪᠡᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠡᠭᠦᠳᠦᠨ ᠪᠠᠢᠭᠤᠯᠤᠯᠲᠠ᠎ᠶᠢ ᠪᠣᠳᠠᠲᠠᠢ ᠠᠳᠬᠤᠵᠤ᠂ ᠨᠠᠷᠢᠯᠢᠭ᠍ᠵᠢᠭᠤᠯᠤᠭᠰᠠᠨ ᠬᠠᠮᠢᠶᠠᠷᠤᠯᠲᠠ᠎ᠶᠢ ᠬᠡᠷᠡᠭᠵᠢᠭᠦᠯᠦᠨ᠂ 《ᠨᠠᠷᠢᠯᠢᠭ᠍ᠵᠢᠭᠤᠯᠤᠨ ᠬᠠᠤᠯᠢ ᠪᠠᠷᠢᠬᠤ》 ᠵᠢ ᠬᠡᠷᠡᠭᠵᠢᠭᠦᠯᠵᠤ᠂ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠣᠯᠠᠨ᠎ᠳᠤ ᠴᠢᠨᠠᠷ ᠰᠠᠢᠲᠠᠢ ᠥᠨᠳᠥᠷ ᠪᠦᠲᠦᠮᠵᠢᠲᠡᠶ ᠬᠠᠤᠯᠢ ᠴᠠᠭᠠᠵᠠ᠎ᠶᠢᠨ ᠦᠢᠯᠡᠴᠢᠯᠡᠭᠡ ᠬᠠᠩᠭᠠᠨ᠎ᠠ; ᠨᠠᠮ᠎ᠢ ᠪᠦᠬᠦ ᠲᠠᠯ᠎ᠠ᠎ᠪᠠᠷ ᠴᠢᠩᠭ᠎ᠠ ᠬᠠᠮᠢᠶᠠᠷᠴᠤ ᠴᠠᠭᠳᠠᠭ᠎ᠠ᠎ᠶᠢ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠡᠩᠨᠡᠭᠡᠨ᠎ᠦ ᠬᠥᠮᠦᠵᠢᠯ ᠴᠡᠭᠴᠡᠯᠡᠯᠲᠡ᠎ᠶᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠦᠨᠢ ᠡᠭᠦᠷᠢᠳᠡ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠴᠤᠭᠴᠠᠯᠠᠵᠤ᠂ ᠬᠠᠤᠯᠢ ᠪᠡᠷ ᠵᠠᠰᠠᠬᠤ ᠪᠠᠢᠭᠤᠯᠤᠯᠲᠠ᠎ᠶᠢᠨ ᠰᠢᠨ᠎ᠡ ᠦᠷ᠎ᠡ ᠪᠦᠲᠦᠮᠵᠢ᠎ᠪᠡᠷ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠨ ᠪᠠᠲᠤᠯᠠᠭ᠎ᠠ ᠬᠠᠩᠭᠠᠨ᠎ᠠ ᠭᠡᠵᠤ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭᠠᠬᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠳᠡᠳ᠋ ᠪᠠᠶ᠋ᠢᠴᠠᠭᠠᠬᠤ ᠳᠠᠷᠤᠭ᠎ᠠ ᠹᠠᠨ ᠴᠢᠶᠣᠤ ᠯᠠᠨ᠂ ᠪᠦᠬᠦ᠌ ᠣᠷᠣᠨ᠎ᠤ ᠪᠠᠶ᠋ᠢᠴᠠᠭᠠᠬᠤ ᠪᠠᠶ᠋ᠢᠭᠤᠯᠭ᠎ᠠ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢ᠎ᠶᠢ ᠴᠢᠩᠭ᠎ᠠ ᠵᠢᠷᠤᠮᠯᠠᠨ ᠬᠡᠷᠡᠭ ᠰᠢ᠌ᠳᠪᠦᠷᠢᠯᠡᠬᠦ᠌᠎ᠶᠢ ᠪᠠᠷᠢᠮᠲᠠᠯᠠᠵᠤ᠂ ᠤᠯᠤᠰ᠎ᠤᠨ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ ᠪᠠᠶ᠋ᠢᠭᠤᠯᠭ᠎ᠠ᠎ᠶᠢᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠨ᠎ᠡ; ᠥᠪᠡᠷᠲᠡᠭᠡᠨ ᠵᠠᠰᠠᠬᠤ ᠣᠷᠣᠨ᠎ᠤ 《1571》 ᠶᠡᠷᠦᠩᠬᠡᠢ ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠬᠠᠤᠯᠢ ᠪᠡᠷ ᠵᠠᠰᠬᠠᠤ ᠦᠢᠯᠡᠴᠢᠯᠡᠭᠡ᠎ᠶᠢ ᠭᠦᠨᠵᠡᠭᠡᠶ᠋ᠢᠷᠡᠭᠦᠯᠵᠦ᠍᠂ ᠬᠠᠤᠯᠢ ᠪᠡᠷ ᠵᠠᠰᠬᠠᠤ ᠪᠠᠲᠤᠯᠠᠭ᠎ᠠ᠎ᠶᠢ ᠴᠢᠩᠭᠠᠳᠬᠠᠵᠤ᠂ ᠠᠵᠢᠯ ᠦᠯᠦ᠍ ᠬᠢᠬᠦ᠌᠂ ᠤᠳᠠᠭᠠᠨ ᠬᠢᠬᠦ᠌᠎ᠶᠢ ᠡᠷᠡᠰ ᠵᠠᠯᠠᠷᠠᠭᠤᠯᠵᠤ᠂ ᠮᠧᠬᠠᠨᠢᠭ ᠬᠡᠯᠪᠡᠷᠢ ᠪᠡᠷ ᠬᠠᠤᠯᠢ ᠭᠡᠷᠡᠭᠵᠢᠬᠦᠯᠬᠦ ᠵᠢ ᠬᠦᠴᠦᠯᠡᠨ ᠰᠡᠷᠭᠡᠶ᠋ᠢᠯᠡᠨ᠎ᠡ; ᠨᠠᠮ᠎ᠢ ᠪᠥᠬᠥ᠌ ᠲᠠᠯ᠎ᠠ᠎ᠪᠠᠷ ᠴᠢᠩᠭ᠎ᠠ ᠬᠠᠮᠢᠶᠠᠷᠴᠤ᠌ ᠴᠢᠩᠭ᠎ᠠ ᠵᠠᠰᠠᠬᠤ᠎ᠶᠢ ᠦᠷᠭᠦᠯᠵᠢᠯᠡᠨ ᠠᠬᠢᠭᠤᠯᠵᠤ᠂ ᠨᠠᠩ ᠥᠨᠳᠥᠷ ᠲᠦᠪᠰᠢᠨ ᠪᠥᠬᠥᠶ ᠠᠮᠤᠭᠤᠯᠠᠩᠳᠤ ᠥᠪᠥᠷ ᠮᠣᠩᠭᠣᠯ᠂ ᠬᠠᠤᠯᠢ ᠪᠡᠷ ᠵᠠᠰᠬᠠᠤ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠤᠨ᠎ᠠ ᠭᠡᠵᠤ ᠢᠯᠡᠳᠭᠡᠪᠡ᠃
ᠬᠠᠤᠯᠢ᠎ᠪᠠᠷ ᠵᠠᠰᠠᠬᠤ ᠪᠣᠯ ᠠᠮᠤᠷ ᠠᠮᠤᠭᠤᠯᠠᠩ ᠤ᠋ᠨ ᠪᠠᠶ᠋ᠢᠭᠤᠯᠤᠯᠲᠠ᠎ᠶᠢᠨ ᠴᠢᠬᠤᠯᠠ ᠪᠠᠲᠤᠯᠠᠭ᠎ᠠ ᠮᠥᠨ᠃ ᠢᠯᠡᠳᠭᠡᠯ ᠳ᠋ᠤ᠂ ᠤᠯᠤᠰ᠎ᠤᠨ ᠶᠡᠷᠦᠩᠬᠡᠶ ᠠᠮᠤᠷ ᠲᠦᠪᠰᠢᠨ᠎ᠦ ᠦᠵᠡᠯᠲᠡ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠠᠮᠤᠷ ᠲᠦᠪᠰᠢᠨ ᠲᠣᠭᠲᠠᠭᠤᠨ᠎ᠤ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠍᠂ ᠠᠮᠤᠷ ᠲᠦᠪᠰᠢᠨ᠎ᠦ ᠪᠠᠶ᠋ᠢᠳᠠᠯ᠎ᠢ ᠰᠠᠨᠠᠭᠠᠴᠢᠯᠠᠭ᠎ᠠ᠎ᠡᠴᠡ᠎ᠪᠠᠨ ᠪᠣᠶ ᠪᠣᠯᠭᠠᠵᠤ᠂ ᠨᠠᠩ ᠥᠨᠳᠥᠷ ᠲᠦᠪᠰᠢᠨ ᠪᠥᠬᠥᠶ ᠠᠮᠤᠭᠤᠯᠠᠩᠳᠤ ᠥᠪᠥᠷ ᠮᠣᠩᠭᠣᠯ᠎ᠢ ᠪᠥᠲᠥᠭᠡᠨ ᠪᠠᠶ᠋ᠢᠭᠤᠯᠤᠨ᠎ᠠ ᠭᠡᠵᠤ ᠲᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠤᠯᠠᠭᠠᠨᠴᠠᠪ ᠬᠤᠳᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠰᠣᠨᠢᠨ ᠮᠡᠳᠡᠭᠡ ᠤᠬᠠᠭᠤᠯᠭ᠎ᠠ᠎ᠶᠢᠨ ᠰᠠᠯᠠᠭᠠᠨ᠎ᠤ ᠳᠠᠷᠤᠭ᠎ᠠ ᠢᠦᠢ ᠵᠢᠶ᠍ᠸ᠂ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ ᠠᠮᠤᠷ ᠠᠮᠤᠭᠤᠯᠠᠩ᠎ᠤᠨ ᠪᠠᠶ᠋ᠢᠭᠤᠯᠤᠯᠲᠠ᠎ᠶᠢᠨ ᠭᠣᠣᠯ ᠬᠦᠴᠦᠨ ᠪᠣᠯᠤᠭᠰᠠᠨ᠎ᠤ ᠬᠤᠪᠢ᠎ᠳᠤ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠤᠯᠤᠰ ᠲᠦᠷᠦ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ᠌ ᠰᠠᠬᠢᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ 《ᠹᠸᠩᠴᠢᠶᠣᠤ᠎ᠶᠢᠨ ᠲᠤᠷᠰᠢᠯᠭ᠎ᠠ》 ᠵᠢ ᠭᠦᠨᠵᠡᠭᠡᠢ ᠦᠢᠯᠡᠳᠦᠯᠭᠡᠵᠢᠭᠦᠯᠵᠦ᠍᠂ ᠠᠵᠢᠯ᠎ᠢ ᠵᠥᠷᠢᠴᠡᠯ᠎ᠢ ᠬᠤᠷᠴᠠᠳᠬᠠᠬᠤ᠎ᠡᠴᠡ ᠡᠮᠦᠨ᠎ᠡ ᠤᠷᠢᠳᠴᠢᠯᠠᠨ ᠬᠢᠵᠦ᠍᠂ ᠦᠢᠯᠡᠴᠢᠯᠡᠭᠡ᠎ᠶᠢ ᠤᠯᠠᠨ ᠲᠦᠮᠡᠨ᠎ᠦ ᠪᠠᠴᠢᠮ ᠬᠡᠷᠡᠭᠴᠡᠭᠡᠨ᠎ᠦ ᠭᠠᠵᠠᠷ᠎ᠲᠤ᠌ ᠨᠠᠶ᠋ᠢᠳᠠᠪᠤᠷᠢᠵᠢᠭᠤᠯᠵᠤ᠂ ᠪᠦᠬᠦ᠌ ᠣᠷᠣᠨ᠎ᠤ ᠨᠡᠶ᠋ᠢᠭᠡᠮ᠎ᠦᠨ ᠶᠡᠬᠡ ᠲᠠᠯ᠎ᠠ᠎ᠶᠢᠨ ᠠᠮᠤᠷ ᠲᠣᠭᠲᠠᠭᠤᠨ᠎ᠢ ᠬᠠᠮᠠᠭᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠬᠡᠪᠡ᠃
ᠪᠣᠳᠠᠲᠠᠶ ᠠᠵᠢᠯᠯᠠᠬᠤ ᠵᠢ ᠴᠢᠬᠤᠯᠠᠴᠢᠯᠡᠨ ᠬᠥᠭᠵᠢᠯᠲᠡ᠎ᠶᠢᠨ ᠬᠥᠳᠡᠯᠭᠡᠭᠦᠷ ᠢ᠋ ᠬᠥᠭᠵᠢᠭᠡᠨ᠎ᠡ
ᠢᠯᠡᠳᠬᠡᠯ᠎ᠢ ᠰᠣᠨᠣᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠨᠠᠮ᠎ᠤᠨ ᠬᠤᠷᠢᠶ᠎ᠠ᠎ᠶᠢᠨ ᠱᠦᠵᠢ ᠯᠢ ᠱᠤ᠌ ᠯᠢᠨ ᠲᠤᠢᠯ᠎ᠢᠶᠠᠷ ᠤᠷᠮᠠᠰᠢᠨ ᠵᠣᠷᠢᠭ᠍ᠵᠢᠪᠠ᠃ ᠲᠡᠷᠡ᠂ ᠢᠯᠡᠳᠬᠡᠯ ᠨᠢ ᠰᠤᠷᠭᠠᠭᠤᠯᠢ ᠡᠷᠭᠢᠯᠡᠵᠦ ᠰᠤᠷᠭᠠᠭᠤᠯᠢ᠎ᠶᠢ ᠵᠠᠰᠠᠬᠤ᠎ᠳᠤ ᠠᠵᠢᠯᠯᠠᠭᠠᠨ᠎ᠤ ᠵᠦᠭᠯᠡᠭᠦᠷ ᠬᠠᠩᠭᠠᠪᠠ᠂ ᠮᠠᠨ᠎ᠤ ᠰᠤᠷᠭᠠᠭᠤᠯᠢ ᠰᠢᠨ᠎ᠡ ᠴᠠᠭ ᠦᠶ᠎ᠡ᠎ᠶᠢᠨ ᠨᠠᠮ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠨᠡᠢᠭᠡᠮ ᠵᠢᠷᠤᠮ᠎ᠤᠨ ᠰᠤᠷᠭᠠᠭᠤᠯᠢ ᠡᠷᠭᠢᠯᠡᠬᠦ ᠴᠢᠭᠯᠡᠯ᠎ᠢ ᠪᠠᠷᠢᠮᠲᠠᠯᠠᠨ᠂ ᠶᠣᠰᠣ᠌ ᠰᠤᠷᠲᠠᠬᠤᠨ᠎ᠢᠶᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠪᠠᠭ᠍ᠰᠢ᠎ᠶᠢ ᠬᠦᠴᠦᠷᠬᠡᠭᠵᠢᠭᠦᠯᠵᠦ ᠰᠤᠷᠭᠠᠨ ᠬᠥᠮᠦᠵᠢᠯ᠎ᠢ ᠬᠥᠭᠵᠢᠭᠦᠯᠬᠦ》 ᠡᠭᠦᠷᠭᠡ ᠬᠠᠷᠢᠭᠤᠴᠠᠯᠭ᠎ᠠ᠎ᠶᠢ ᠰᠠᠨᠠᠭᠠᠴᠢᠯᠠᠭ᠎ᠠ᠎ᠡᠴᠡ᠎ᠪᠠᠨ ᠡᠭᠦᠷᠭᠡᠯᠡᠨ᠂ ᠤᠯᠤᠰ᠎ᠤᠨ ᠳᠣᠲᠣᠭᠠᠳᠤ ᠶᠢᠨ ᠲᠡᠷᠢᠭᠦᠨ ᠦ ᠶᠡᠷᠦᠩᠬᠡᠢᠯᠡᠭᠰᠡᠨ ᠴᠢᠨᠠᠷᠲᠠᠢ ᠪᠠᠭ᠍ᠰᠢ᠎ᠶᠢᠨ ᠶᠡᠬᠡ ᠰᠤᠷᠭᠠᠭᠤᠯᠢ᠎ᠶᠢ ᠪᠦᠲᠦᠭᠡᠨ ᠪᠠᠶ᠋ᠢᠭᠤᠯᠬᠤ ᠬᠠᠷᠠᠯᠲᠠ ᠳ᠋ᠤ ᠠᠩᠬᠠᠷᠤᠯ᠎ᠢᠶᠡᠨ ᠲᠦᠪᠯᠡᠷᠡᠬᠦᠯᠵᠤ᠂ ᠪᠠᠭ᠍ᠰᠢ᠎ᠶᠢᠨ ᠰᠤᠷᠭᠠᠨ ᠬᠥᠮᠦᠵᠢᠯ᠎ᠢᠶᠡᠷ ᠭᠣᠣᠯ ᠴᠣᠭᠴᠠ ᠪᠣᠯᠭᠠᠨ᠂ ᠣᠯᠠᠨ ᠰᠢᠨᠵᠢᠯᠡᠭᠡᠨ᠎ᠦ ᠰᠠᠯᠠᠭ᠎ᠠ ᠬᠠᠮᠵᠢᠯᠴᠠᠨ ᠬᠥᠭᠵᠢᠯᠲᠡ᠎ᠶᠢ ᠲᠤᠯᠭᠠᠭᠤᠷᠢᠯᠠᠵᠤ᠂ 《 ᠵᠣᠬᠢᠶᠠᠮᠠᠯ ᠣᠶᠤᠨ ᠴᠢᠳᠠᠪᠤᠷᠢ + ᠰᠤᠷᠭᠠᠨ ᠬᠥᠮᠦᠵᠢᠯ》᠎ᠤ᠋ᠨ ᠭᠣᠣᠯ ᠪᠠᠢᠯᠳᠤᠬᠤ ᠪᠣᠳᠣᠯᠭ᠎ᠠ᠎ᠶᠢ ᠭᠦᠨᠵᠡᠭᠡᠢ ᠠᠬᠢᠭᠤᠯᠤᠨ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠰᠢᠨᠵᠢᠯᠡᠭᠡᠨ᠎ᠦ ᠰᠠᠯᠠᠭ᠎ᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠴᠢᠳᠠᠪᠤᠷᠢᠲᠠᠨ᠎ᠢ ᠬᠥᠮᠥᠵᠢᠭᠦᠯᠬᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ ᠪᠠ ᠲᠤᠭᠠᠴᠢᠯᠠᠯᠳᠡ ᠤᠶᠤᠨᠴᠢᠯᠠᠯᠳᠡ ᠪᠡᠷ ᠬᠦᠴᠦᠨ ᠣᠯᠭᠣᠬᠤ ᠥᠭᠡᠷᠡᠴᠢᠯᠡᠯᠲᠡ᠎ᠶᠢ ᠨᠢᠭᠡᠳᠦᠯᠲᠡᠢ ᠲᠥᠯᠥᠪᠵᠢᠭᠦᠯᠵᠦ᠂ ᠰᠢᠯᠢᠳᠡᠭ ᠰᠠᠭᠤᠷᠢ ᠰᠤᠷᠭᠠᠨ ᠬᠥᠮᠦᠵᠢᠯ᠎ᠦᠨ ᠪᠠᠭ᠍ᠰᠢ᠎ᠶᠢ ᠦᠷᠭᠦᠯᠵᠢᠯᠡᠨ ᠬᠥᠮᠥᠵᠢᠭᠦᠯᠵᠦ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠪᠡ᠃
《ᠢᠯᠡᠳᠬᠡᠯ ᠨᠢ ᠲᠤᠭ᠎ᠢ ᠥᠨᠳᠥᠷ ᠮᠠᠨᠳᠤᠭᠤᠯᠵᠤ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠭᠰᠡᠨ ᠰᠠᠢᠨ ᠢᠯᠡᠳᠬᠡᠯ ᠪᠠᠢᠵᠤ᠂ ᠬᠥᠮᠥᠰ᠎ᠦᠨ ᠢᠳᠡᠬᠡᠯ ᠵᠤᠷᠢᠭ᠎ᠢ ᠬᠦᠪᠴᠢᠯᠡᠵᠤ᠂ ᠤᠷᠤᠭᠰᠢᠯᠠᠨ ᠳᠠᠪᠰᠢᠬᠤ᠎ᠶᠢ ᠵᠣᠷᠢᠭ᠍ᠵᠢᠭᠤᠯᠵᠠᠢ》᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠡᠨ ᠳᠠᠷᠤᠭ᠎ᠠ ᠵᠠᠩ ᠫᠸᠩ᠂ ᠲᠣᠭ᠎ᠠ ᠪᠦᠷᠢᠳᠬᠡᠯ᠎ᠦᠨ ᠰᠢᠰᠲᠧᠮ᠎ᠦᠨ ᠬᠢᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠣᠭ᠎ᠠ ᠪᠦᠷᠢᠳᠬᠡᠯ᠎ᠦᠨ ᠵᠥᠪᠯᠡᠭᠴᠢ ᠬᠠᠪᠰᠤᠷᠤᠭ᠍ᠴᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠣᠭ᠎ᠠ ᠪᠦᠷᠢᠳᠬᠡᠯ᠎ᠦᠨ ᠣᠳᠣᠬᠢᠴᠢᠯᠠᠯᠲᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠬᠣᠷᠸ᠎ᠠ ᠠᠵᠤ ᠠᠬᠤᠢ᠎ᠶᠢᠨ ᠬᠢᠨᠠᠨ ᠬᠡᠮᠵᠢᠯᠲᠡ᠎ᠶᠢᠨ ᠤᠷᠢᠳᠴᠢᠯᠠᠨ ᠰᠡᠷᠡᠮᠵᠢᠯᠡᠭᠦᠯᠬᠦ᠎ᠶᠢ ᠴᠢᠩᠭᠠᠳᠬᠠᠵᠤ᠂ ᠲᠣᠭ᠎ᠠ ᠪᠦᠷᠢᠳᠬᠡᠯ᠎ᠦᠨ ᠲᠣᠭ᠎ᠠ ᠪᠠᠷᠢᠮᠲᠠ᠎ᠶᠢᠨ ᠶᠠᠰᠤ ᠴᠢᠨᠠᠷ᠎ᠢ ᠲᠠᠰᠤᠷᠠᠯᠲᠠ ᠦᠭᠡᠢ ᠪᠠᠲᠤᠳᠬᠠᠵᠤ᠂ ᠴᠢᠨᠠᠷ ᠰᠠᠢᠲᠠᠢ ᠲᠣᠭ᠎ᠠ ᠪᠦᠷᠢᠳᠬᠡᠯ᠎ᠦᠨ ᠦᠢᠯᠡᠴᠢᠯᠡᠭᠡ᠎ᠪᠡᠷ ᠥᠪᠥᠷ ᠮᠣᠩᠭᠣᠯ᠎ᠤᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ᠂ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠬᠦᠴᠦᠨ ᠨᠡᠮᠡᠷᠢᠯᠡᠨ᠎ᠡ ᠭᠡᠵᠤ ᠢᠯᠡᠳᠭᠡᠪᠡ᠃
《ᠢᠯᠡᠳᠬᠡᠯ ᠨᠢ ᠪᠦᠬᠦ ᠣᠷᠣᠨ᠎ᠤ ᠢᠷᠡᠭᠡᠳᠦᠢ᠎ᠶᠢᠨ ᠲᠠᠪᠤᠨ ᠵᠢᠯ᠎ᠦᠨ ᠴᠢᠨᠠᠷ ᠰᠠᠢᠲᠠᠢ ᠬᠥᠭᠵᠢᠯᠲᠡ ᠵᠢᠨ ᠠᠤᠭ᠎ᠠ ᠵᠢᠷᠤᠭ ᠲᠥᠰᠥᠪ᠎ᠢ ᠵᠢᠷᠤᠭᠯᠠᠵᠤ᠂ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ ᠭᠠᠷᠭᠠᠪᠠ᠂ ᠢᠯᠡᠳᠬᠡᠯ᠎ᠢ ᠰᠣᠨᠣᠰᠤᠭᠰᠠᠨ᠎ᠤ ᠳᠠᠷᠠᠭ᠎ᠠ ᠮᠠᠰᠢ ᠶᠡᠬᠡ ᠵᠣᠷᠢᠭ᠍ᠵᠢᠵᠠᠢ》᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠤᠯᠠᠭᠠᠨᠴᠠᠪ ᠬᠤᠳᠠ᠎ᠶᠢᠨ ᠨᠠᠮ᠎ᠤᠨ ᠬᠤᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠵᠢᠨᠢᠩ ᠲᠣᠭᠣᠷᠢᠭ᠋᠎ᠤᠨ ᠨᠠᠮ᠎ᠤᠨ ᠬᠤᠷᠢᠶ᠎ᠠ᠎ᠶᠢᠨ ᠱᠦᠵᠢ ᠵᠢᠢ ᠬᠣᠩ᠂ 《ᠵᠢᠨᠢᠩ ᠲᠣᠭᠣᠷᠢᠭ᠋ ᠣᠷᠣᠨ ᠪᠠᠢᠷᠢ᠎ᠶᠢᠨ ᠳᠠᠪᠠᠭᠤᠯᠢᠭ᠋ ᠪᠠ ᠬᠥᠭᠵᠢᠯᠲᠡ᠎ᠶᠢᠨ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠠᠵᠤ ᠦᠢᠯᠡᠰ᠎ᠦᠨ ᠲᠡᠰ ᠳᠡᠪᠰᠢᠬᠦ᠂ ᠠᠷᠠᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠠᠮᠢ ᠠᠬᠤᠢ᠎ᠶᠢᠨ ᠰᠠᠭᠤᠷᠢ᠎ᠵᠢ ᠪᠡᠬᠢᠵᠢᠭᠦᠯᠬᠦ᠂ ᠪᠦᠯᠬᠦᠮᠳᠡᠯ ᠲᠣᠭᠲᠠᠭᠤᠨ᠎ᠤ ᠲᠦᠷᠪᠡᠨ ᠶᠡᠬᠡ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠰᠠᠭᠤᠷᠢ᠎ᠶᠢ ᠪᠡᠬᠢᠵᠢᠭᠦᠯᠵᠦ᠂ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠦᠨ ᠬᠡᠯᠬᠢᠶ᠎ᠡ ᠮᠠᠶᠢᠭ᠋᠎ᠤᠨ ᠬᠥᠭᠵᠢᠯᠲᠡ᠎ᠶᠢ ᠬᠦᠴᠦ᠎ᠪᠡᠨ ᠲᠥᠪᠯᠡᠷᠡᠭᠦᠯᠦᠨ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠨᠡᠮᠡᠭᠳᠡᠭᠦᠯᠦᠨ᠎ᠡ》 ᠭᠡᠪᠡ᠃
ᠢᠯᠡᠳᠭᠡᠯ᠎ᠳᠦ᠂ ᠠᠵᠤ ᠠᠬᠤᠶ᠋ᠢᠯᠠᠯ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠭᠤᠤᠯ ᠴᠣᠭᠴᠠ᠎ᠶᠢᠨ ᠪᠠᠶ᠋ᠢᠷᠢ ᠰᠠᠭᠤᠷᠢ᠎ᠶᠢ ᠴᠢᠩᠭᠠᠳᠬᠠᠵᠤ᠂ ᠠᠵᠤ ᠠᠬᠤᠶ᠋ᠢᠯᠠᠯ᠎ᠢᠶᠠᠷ ᠭᠤᠤᠯ ᠤᠳᠤᠷᠢᠳᠤᠮᠵᠢ ᠪᠣᠯᠭᠠᠭᠰᠠᠨ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠤ᠋ ᠠᠭᠤᠰᠤᠯᠴᠠᠨ ᠨᠡᠪᠲᠡᠷᠡᠯᠴᠡᠵᠦ᠍ ᠰᠢᠨ᠎ᠡ᠎ᠶᠢ ᠡᠭᠦᠳᠬᠦ᠌᠎ᠶᠢ ᠠᠬᠢᠭᠤᠯᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠪᠠᠭ᠎ᠠ ᠠᠵᠤ ᠠᠬᠤᠶ᠋ᠢᠯᠠᠯ ᠵᠢᠴᠢ ᠲᠤᠰᠬᠠᠢᠵᠢᠬᠰᠡᠨ ᠨᠠᠷᠢᠯᠢᠭᠵᠢᠬᠰᠡᠨ ᠣᠨᠴᠠᠯᠢᠬᠵᠢᠬᠰᠡᠨ ᠰᠢᠨ᠎ᠡ ᠠᠵᠤ ᠠᠬᠤᠶ᠋ᠢᠯᠠᠯ᠎ᠢ ᠲᠦᠷᠭᠡᠳᠬᠡᠨ ᠪᠣᠶ᠋ᠢᠵᠢᠭᠤᠯᠤᠨ᠎ᠠ ᠭᠡᠵᠤ ᠲᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠮᠧᠩ ᠨᠢᠦ ᠪᠦᠯᠦᠭᠯᠡᠯ᠎ᠦᠨ ᠭᠦᠢᠴᠡᠳᠭᠡᠭᠴᠢ ᠶᠡᠷᠦᠩᠬᠡᠢ ᠵᠠᠬᠢᠷᠤᠯ ᠦ᠋ ᠰᠢ ᠴᠦᠨ ᠄ 《ᠰᠦ᠎ᠶᠢᠨ ᠦᠢᠯᠡᠰ ᠪᠣᠯ ᠥᠪᠥᠷ ᠮᠣᠩᠭᠣᠯ᠎ᠤᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ ᠮᠥᠨ᠃ ᠪᠢᠳᠡ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠳᠬᠠᠵᠤ᠂ ᠠᠵᠤ ᠦᠢᠯᠡᠰ᠎ᠦᠨ ᠬᠡᠷᠡᠭᠴᠡᠭᠡ᠎ᠪᠡᠷ ᠰᠢᠨᠵᠢᠯᠡᠬᠦ ᠤᠬᠠᠭᠠᠨ᠎ᠤ ᠰᠤᠳᠤᠯᠭᠠᠨ᠎ᠤ ᠴᠢᠭᠯᠡᠯ᠎ᠢ ᠬᠥᠲᠥᠯᠥᠨ ᠳᠠᠭᠠᠭᠤᠯᠵᠤ᠂ ᠰᠤᠳᠤᠯᠤᠨ ᠨᠡᠭᠡᠭᠡᠬᠦ ᠪᠡᠯᠡ ᠮᠥᠩᠭᠥ ᠪᠣᠯᠣᠨ ᠳᠡᠭᠡᠳᠦ ᠲᠡᠰ᠎ᠤᠨ ᠴᠢᠳᠠᠪᠤᠷᠢᠲᠠᠨ᠎ᠤ ᠣᠷᠣᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠬᠦᠴᠦᠨ᠎ᠢᠶᠡᠨ ᠲᠥᠪᠯᠡᠷᠡᠭᠦᠯᠦᠨ ᠪᠣᠭᠣᠮᠲᠠ ᠰᠢᠪᠲᠤᠯᠵᠤ᠂ ᠠᠩᠬᠠᠨ᠎ᠤ ᠡᠭᠦᠳᠦᠯᠲᠡ᠎ᠶᠢᠨ ᠴᠢᠨᠠᠷᠲᠠᠢ ᠰᠢᠪᠲᠤᠯᠤᠯᠲᠠ᠎ᠶᠢ ᠴᠢᠷᠮᠠᠢᠨ ᠪᠡᠶᠡᠯᠡᠭᠦᠯᠦᠨ᠎ᠡ᠃ ᠡᠭᠦᠨ᠎ᠦ ᠬᠠᠮᠲᠤ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠯᠤᠭ᠎ᠠ᠎ᠶᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ 〈ᠠᠵᠤ ᠦᠢᠯᠡᠰ᠂ ᠵᠢᠭᠠᠨ ᠰᠤᠷᠭᠠᠯᠳᠠ᠂ ᠰᠤᠳᠤᠯᠭᠠᠨ᠂ ᠬᠡᠷᠡᠭᠯᠡᠬᠡ〉᠎ᠶ᠋ᠢ ᠨᠢᠭᠡ ᠴᠣᠭᠴᠠᠵᠢᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠩ ᠣᠯᠠᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠲᠤᠷᠰᠢᠯᠲᠠ᠎ᠶᠢᠨ ᠲᠠᠰᠤᠭ᠎ᠡᠴᠡ ᠵᠠᠬ᠎ᠠ ᠳᠡᠯᠭᠡᠭᠦᠷ᠎ᠲᠦ ᠭᠠᠷᠭᠠᠨ᠎ᠠ》 ᠬᠡᠪᠡ᠃
ᠪᠦᠯᠬᠦᠮᠳᠡᠨ ᠤᠷᠤᠭᠰᠢᠯᠠᠵᠤ ᠵᠣᠯ ᠵᠢᠷᠭᠠᠯ᠎ᠤᠨ ᠳᠡᠪᠢᠰᠭᠡᠷ ᠥᠩᠭᠡ᠎ᠶᠢ ᠵᠢᠷᠤᠭᠯᠠᠨ᠎ᠠ
《ᠢᠯᠡᠳᠬᠡᠯ᠎ᠦᠨ ᠤᠯᠤᠰ ᠲᠦᠷᠦ᠎ᠶᠢᠨ ᠵᠣᠭᠰᠣᠯᠲᠠ ᠨᠢ ᠥᠨᠳᠥᠷ᠂ ᠵᠢᠯᠤᠭᠣᠳᠬᠤ ᠴᠢᠨᠠᠷ᠎ᠢᠶᠠᠷ ᠴᠢᠩᠭ᠎ᠠ᠂ ᠭᠣᠣᠯ ᠰᠡᠳᠦᠪ ᠨᠢ ᠲᠣᠪᠣᠢᠮ᠎ᠠ᠂ ᠠᠷᠭ᠎ᠠ ᠬᠡᠮᠵᠢᠶ᠎ᠡ ᠨᠢ ᠪᠣᠳᠠᠲᠠᠢ᠎ᠶᠢ ᠡᠷᠬᠢᠮᠯᠡᠵᠤ᠂ ᠬᠥᠮᠥᠰ᠎ᠢ ᠤᠷᠮᠠᠰᠢᠭᠤᠯᠤᠨ ᠤᠷᠤᠭᠰᠢᠯᠠᠭᠤᠯᠤᠭᠰᠠᠨ ᠰᠠᠢᠨ ᠢᠯᠡᠳᠬᠡᠯ ᠪᠣᠯᠣᠨ᠎ᠠ》᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《ᠨᠠᠢᠳᠠ ᠵᠢᠨ ᠦᠮᠴᠢᠯᠡᠯ᠎ᠤᠨ ᠪᠤᠰᠤ ᠠᠵᠤ ᠠᠬᠤᠢ ᠵᠢᠨ ᠵᠤᠬᠢᠶᠠᠨ ᠪᠠᠢᠭᠤᠯᠤᠯᠳᠠ ᠪᠤᠯᠤᠨ ᠨᠡᠢᠬᠡᠮ᠎ᠤᠨ ᠵᠤᠬᠢᠶᠠᠨ ᠪᠠᠢᠭᠤᠯᠤᠯᠳᠠ》 ᠵᠢᠨ ᠨᠠᠮ᠎ᠤᠨ ᠠᠵᠢᠯ᠎ᠤᠨ ᠬᠤᠷᠢᠶ᠎ᠠ ᠵᠢᠨ ᠱᠦᠵᠢ ᠵᠠᠩ᠎ᠶᠢᠨ ᠫᠢᠩ᠂ 《ᠪᠦᠭᠦ ᠣᠷᠣᠨ᠎ᠤ ᠨᠡᠢᠭᠡᠮ᠎ᠦᠨ ᠠᠵᠢᠯ᠎ᠤᠨ ᠰᠢᠰᠲᠧᠮ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠪᠡᠷ ᠭᠣᠣᠯ ᠰᠢᠵᠢᠮ ᠪᠤᠯᠭᠠᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ ᠳ᠋ᠡᠬᠢ ᠨᠠᠮ᠎ᠤᠨ ᠪᠠᠢᠭᠤᠯᠤᠯᠲᠠ᠎ᠶᠢ ᠰᠠᠢᠲᠤᠷ ᠠᠳᠬᠤᠵᠤ᠂ 〈ᠬᠣᠶᠠᠷ᠎ᠢ ᠪᠦᠷᠬᠦᠭᠦᠯᠬᠦ〉 ᠶ᠋ᠢ ᠲᠣᠭᠲᠠᠭᠤᠨ᠎ᠢᠶᠠᠷ ᠥᠷᠭᠡᠳᠬᠡᠵᠦ᠂ ᠰᠢᠨ᠎ᠡ ᠠᠵᠢᠯ ᠤᠯᠭᠤᠯᠳᠠ ᠵᠢᠨ ᠬᠦᠮᠦᠰ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠬᠠᠨ᠎ᠠ; ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠣᠯᠣᠨ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠢᠭᠤᠯᠤᠯᠲᠠ᠎ᠶᠢ ᠬᠥᠲᠥᠯᠥᠨ ᠳᠠᠭᠠᠭᠤᠯᠬᠤ᠎ᠶᠢ ᠰᠠᠢᠲᠤᠷ ᠠᠳᠬᠤᠵᠤ᠂ ᠤᠯᠠᠨ ᠲᠦᠮᠡᠨ᠎ᠢ ᠨᠢᠭ᠍ᠲᠠᠷᠠᠭᠤᠯᠤᠨ ᠤᠯᠠᠨ ᠲᠦᠮᠡᠨ᠎ᠳᠦ ᠦᠢᠯᠡᠴᠢᠯᠡᠬᠦ ᠠᠵᠢᠯ᠎ᠢ ᠰᠠᠢᠲᠤᠷ ᠠᠳᠬᠤᠵᠤ᠂ ᠠᠷᠠᠳ᠎ᠤᠨ ᠲᠥᠯᠥᠭᠡ ᠦᠢᠯᠡᠴᠢᠯᠡᠬᠦ ᠰᠠᠭᠤᠷᠢ᠎ᠶᠢ ᠪᠠᠲᠤᠳᠬᠠᠨ᠎ᠠ》 ᠭᠡᠪᠡ᠃
《ᠢᠯᠡᠳᠬᠡᠯ᠎ᠢ ᠨᠠᠷᠢᠨ ᠬᠢᠨᠠᠮᠠᠭᠠᠢ ᠰᠤᠷᠤᠯᠴᠠᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠵᠢᠯ᠎ᠢ ᠰᠠᠢᠲᠤᠷ ᠬᠢᠬᠦ ᠢᠲᠡᠭᠡᠯ ᠵᠣᠷᠢᠭ᠋ ᠨᠡᠩ ᠪᠠᠲᠤ ᠪᠤᠯᠪᠠ》᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠎ᠶᠢᠨ ᠱᠦᠵᠢ ᠴᠢᠶᠣᠤ ᠯᠢ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠢᠯᠡᠳᠬᠡᠯ᠎ᠤᠨ ᠬᠠᠮᠢᠶ᠎ᠠ ᠪᠦᠬᠦᠢ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠤᠨ ᠨᠠᠷᠢᠯᠢᠭ᠍ᠵᠢᠭᠤᠯᠬᠤ ᠠᠵᠢᠯ᠎ᠢ ᠰᠠᠢᠲᠤᠷ ᠠᠳᠬᠤᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ 《ᠬᠥᠭᠥᠷᠭᠡ ᠬᠣᠯᠪᠣᠭᠠᠰᠤ》 ᠵᠢᠨ ᠦᠢᠯᠡᠳᠦᠯ᠎ᠢ ᠪᠠᠳᠠᠷᠠᠭᠤᠯᠵᠤ᠂ ᠵᠠᠯᠠᠭᠤᠴᠤᠳ᠎ᠤᠨ ᠤᠶᠤᠨ ᠤᠬᠠᠭᠠᠨ᠎ᠢ ᠨᠡᠩ ᠰᠠᠢᠲᠤᠷ ᠲᠥᠪᠯᠡᠷᠡᠭᠦᠯᠵᠦ᠂ ᠵᠠᠯᠠᠭᠤᠴᠤᠳ᠎ᠤᠨ ᠡᠵᠡᠨ ᠬᠥᠮᠥᠨ᠎ᠦ ᠤᠬᠠᠮᠰᠠᠷ᠎ᠢ ᠬᠥᠭᠵᠢᠭᠡᠵᠦ᠂ ᠪᠦᠭᠦ ᠣᠷᠣᠨ᠎ᠤ ᠥᠷᠭᠡᠨ ᠤᠯᠠᠨ ᠡᠪᠯᠡᠯ᠎ᠦᠨ ᠭᠡᠰᠢᠭᠦᠨ ᠵᠠᠯᠠᠭᠤᠴᠤᠳ᠎ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠤ ᠴᠡᠭᠡᠵᠢ ᠲᠦᠷᠢᠨ ᠬᠠᠷᠢᠭᠤᠴᠠᠯᠭ᠎ᠠ ᠡᠭᠦᠷᠭᠡᠯᠡᠵᠦ᠂ ᠡᠷᠡᠯᠬᠡᠭᠯᠡᠨ ᠲᠡᠮᠡᠴᠡᠵᠦ ᠲᠦᠷᠦᠬᠦᠨ ᠳ᠋ᠤᠨᠢ ᠬᠤᠰᠢᠭᠤᠷᠠᠵᠤ ᠴᠢᠷᠮᠠᠢᠨ ᠲᠡᠮᠡᠴᠡᠨ᠎ᠡ ᠭᠡᠵᠦ ᠢᠯᠡᠳᠬᠡᠪᠡ᠃
《ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠠᠬᠢᠭᠤᠯᠬᠤ ᠪᠠᠢᠭᠤᠯᠤᠯ ᠲᠣᠭᠲᠡᠴᠡ᠎ᠶᠢ ᠲᠡᠭᠦᠯᠳᠡᠷᠵᠢᠭᠦᠯᠵᠦ᠂ ᠶᠡᠬᠡ ᠳᠡᠭᠡᠳᠦ ᠰᠤᠷᠭᠠᠭᠤᠯᠢ᠎ᠶᠢᠨ 〈ᠬᠣᠣᠰ ᠲᠡᠷᠢᠭᠦᠨ ᠲᠠᠰ〉 ᠤ᠋ᠨ ᠪᠠᠢᠭᠤᠯᠤᠯᠲᠠ ᠪᠠ ᠲᠥᠷᠥᠯ ᠬᠤᠪᠢᠶᠠᠬᠤ ᠥᠭᠡᠷᠡᠴᠢᠯᠡᠯᠲᠡ᠎ᠶᠢ ᠲᠦᠷᠭᠡᠳᠬᠡᠨ ᠠᠬᠢᠭᠤᠯᠵᠤ᠂ ᠲᠡᠷᠢᠭᠦᠨ ᠲᠠᠰ᠎ᠤᠨ ᠰᠢᠨᠵᠢᠯᠡᠭᠡᠨ᠎ᠦ ᠰᠠᠯᠠᠭ᠎ᠠ᠎ᠶᠢᠨ ᠠᠵᠢᠯᠯᠠᠭᠠᠨ᠎ᠤ ᠲᠥᠯᠥᠪᠯᠡᠭᠡ᠎ᠶᠢ ᠭᠦᠨᠵᠡᠭᠡᠢ ᠬᠡᠷᠡᠭᠵᠢᠭᠦᠯᠦᠨ᠎ᠡ》 ᠁ ᠢᠯᠡᠳᠬᠡᠯ᠎ᠳᠡᠬᠢ ᠠᠯᠢ ᠣᠯᠠᠨ ᠪᠠᠢᠷᠢᠯᠠᠭᠤᠯᠤᠯᠲᠠ ᠲᠣᠬᠢᠷᠠᠭᠤᠯᠤᠯᠲᠠ ᠨᠢ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠸᠠᠩ ᠶᠧ ᠬᠤᠢᠳᠤ ᠭᠦᠨ ᠲᠦᠷᠦᠭᠳᠡᠯ ᠥᠭᠴᠡᠢ᠃ ᠲᠡᠷᠡ᠄《ᠪᠢᠳᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ᠎ᠪᠠᠷ ᠭᠣᠣᠯ ᠰᠢᠵᠢᠮ ᠪᠤᠯᠭᠠᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠣᠷᠣᠨ ᠪᠠᠢᠷᠢ᠎ᠶᠢᠨ ᠳᠠᠪᠠᠭᠤᠯᠢᠭ᠋ ᠪᠣᠯᠣᠨ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠳᠦ ᠰᠠᠭᠤᠷᠢᠯᠠᠵᠤ᠂ ᠮᠠᠯ ᠠᠵᠤ ᠠᠬᠤᠢ ᠲᠠᠷᠢᠶᠠᠯᠠᠩ᠂ ᠮᠣᠩᠭᠣᠯ ᠡᠮ ᠡᠮᠨᠡᠯᠭᠡ᠂ ᠪᠠᠭ᠍ᠰᠢ᠎ᠶᠢᠨ ᠰᠤᠷᠭᠠᠭᠤᠯᠢ᠎ᠶᠢᠨ ᠣᠨᠴᠠᠯᠢᠭ᠍ᠲᠤ ᠰᠢᠨᠵᠢᠯᠡᠭᠡᠨ᠎ᠦ ᠰᠠᠯᠠᠭ᠎ᠠ᠎ᠶᠢᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠦᠯᠡᠳᠡᠵᠦ ᠳᠡᠶ᠋ᠢᠯᠭᠦ᠂ ᠬᠡᠷᠡᠭᠯᠡᠵᠦ ᠳᠡᠶ᠋ᠢᠯᠭᠦ ᠣᠷᠣᠨ ᠨᠤᠲᠤᠭ᠎ᠤᠨ ᠬᠡᠷᠡᠭᠯᠡᠭᠡᠨ᠎ᠦ ᠭᠡᠯᠪᠡᠷᠢ᠎ᠶᠢᠨ ᠴᠢᠳᠠᠪᠤᠷᠢᠲᠠᠨ᠎ᠢ ᠬᠥᠮᠥᠵᠢᠭᠦᠯᠵᠦ᠂ ᠰᠤᠷᠭᠠᠨ ᠬᠥᠮᠦᠵᠢᠯ᠎ᠦᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠂ ᠰᠢᠨ᠎ᠡ᠎ᠶᠢ ᠡᠭᠦᠳᠬᠦ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠥᠮᠥᠨ᠎ᠢ ᠬᠥᠮᠥᠵᠢᠭᠦᠯᠬᠦ ᠪᠣᠳᠠᠲᠤ ᠦᠷ᠎ᠡ ᠪᠦᠲᠦᠮᠵᠢ᠎ᠪᠡᠷ ᠣᠷᠣᠨ ᠪᠦᠰᠡ᠎ᠶᠢᠨ ᠬᠥᠭᠵᠢᠯᠲᠡ᠎ᠳᠦ ᠬᠦᠴᠦᠨ ᠣᠯᠭᠣᠨ᠎ᠠ》 ᠭᠡᠪᠡ᠃
ᠠᠷᠠᠳ᠎ᠤᠨ ᠠᠮᠢᠳᠤᠷᠠᠯ᠎ᠳᠦ ᠡᠭᠡᠨᠡᠭᠳᠡ ᠰᠡᠳᠬᠢᠯ ᠠᠯᠭᠠᠰᠠᠵᠤ᠂ ᠵᠣᠯ ᠵᠢᠷᠭᠠᠯ᠎ᠢ ᠨᠢᠳᠦᠨ᠎ᠳᠦ ᠦᠵᠡᠭᠳᠡᠮ᠎ᠡ ᠭᠠᠷ ᠲᠦ᠍ ᠪᠠᠷᠢᠭᠳᠠᠮ᠎ᠠ ᠪᠤᠯᠭᠠᠨ᠎ᠠ᠃《ᠢᠯᠡᠳᠬᠡᠯ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠪᠦᠬᠦ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠠᠤᠭ᠎ᠠ ᠵᠢᠷᠤᠭ ᠲᠥᠰᠦᠪ᠎ᠢ ᠵᠢᠷᠤᠭᠯᠠᠭᠰᠠᠨ ᠪᠥᠭᠡᠳ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠬᠦᠯᠬᠦ ᠵᠢ ᠴᠢᠬᠤᠯᠠᠴᠢᠯᠠᠵᠤ᠂ ᠬᠥᠮᠥᠰ᠎ᠢ ᠶᠡᠬᠡᠳᠡ ᠵᠣᠷᠢᠭ᠍ᠵᠢᠭᠤᠯᠵᠠᠢ》᠃ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠣᠷᠳᠣᠰ ᠬᠤᠳᠠ᠎ᠶᠢᠨ ᠵᠡᠭᠦᠨᠭᠠᠷ ᠬᠣᠰᠢᠭᠤᠨ᠎ᠤ ᠶᠢᠩ ᠽᠸ ᠵᠡᠭᠡᠯᠢ ᠭᠤᠳᠤᠮᠵᠢ᠎ᠶᠢᠨ ᠨᠠᠮ᠎ᠤᠨ ᠠᠵᠢᠯ᠎ᠤᠨ ᠬᠣᠷᠢᠶ᠎ᠠ᠎ᠶᠢᠨ ᠳᠡᠳ᠋ ᠱᠦᠵᠢ ᠳ᠋ᠧᠩ ᠢᠦᠢ᠂ ᠢᠯᠡᠳᠬᠡᠯ᠎ᠤᠨ ᠨᠠᠳᠠᠳᠦ ᠥᠭᠭᠦᠭᠰᠡᠨ ᠬᠠᠮᠤᠭ᠎ᠤᠨ ᠭᠦᠨ ᠰᠠᠭᠤᠭᠳᠠᠯ ᠪᠤᠯ《ᠪᠣᠳᠠᠲᠠᠢ》᠂ ᠲᠠᠷᠤᠢ᠄ ᠬᠢᠷᠢ ᠪᠦᠲᠦᠮᠵᠢ᠎ᠶᠢ ᠲᠣᠭ᠎ᠠ ᠪᠠᠷᠢᠮᠲᠠ᠎ᠪᠠᠷ ᠶᠠᠷᠢᠵᠤ᠂ ᠬᠠᠷᠠᠯᠲᠠ ᠵᠠᠮ ᠱᠤᠭᠤᠮ ᠲᠤᠢᠯ᠎ᠤᠨ ᠲᠣᠳᠣᠷᠬᠠᠢ ᠬᠡᠪᠡ᠃ ᠲᠡᠷᠡ᠄《ᠪᠢ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠨᠢᠭᠡ ᠰᠡᠳᠬᠢᠯ ᠨᠢᠭᠡ ᠵᠣᠷᠢᠭ᠋᠎ᠢᠶᠠᠷ ᠪᠣᠳᠠᠲᠠᠢ ᠠᠵᠢᠯ ᠬᠢᠵᠦ᠂ ᠦᠨᠡᠨ ᠪᠣᠳᠠᠲᠠᠢ ᠪᠡᠷ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠪᠣᠳᠠᠲᠠᠢ ᠰᠢᠢᠳᠪᠦᠷᠢᠯᠡᠵᠦ᠂ ᠤᠯᠠᠨ ᠲᠦᠮᠡᠨ᠎ᠦ ᠵᠣᠯ ᠵᠢᠷᠭᠠᠯ᠎ᠤᠨ ᠵᠢᠭᠠᠯᠲᠠ ᠲᠣᠭ᠎ᠠ᠎ᠶᠢ ᠦᠷᠭᠦᠯᠵᠢᠯᠡᠨ ᠳᠡᠭᠡᠭᠰᠢᠯᠡᠭᠦᠯᠦᠨ᠎ᠡ》 ᠭᠡᠪᠡ᠃
( ᠰᠤᠷᠪᠤᠯᠵᠢᠯᠠᠬ᠍ᠴᠢ ᠠᠨ ᠶᠢᠨ ᠳ᠋ᠦᠩ ᠬᠤᠤ ᠵᠢᠶᠠ ᠯᠢ ᠯᠢᠦ ᡁᠢ ᠰᠢᠶᠠᠨ ᠵᠠᠩ ᠺᠦᠢ ᠰᠢᠦᠢ ᠵᠢᠩ ᠬᠠᠨ ᠰᠢᠦᠸᠠᠢ ᠷᠦ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃