ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-28 11:05:09

ᠵᠣᠬᠢᠶᠠᠭ᠍ᠴᠢ᠄ ᠪᠠᠢ ᠳ᠋ᠠᠨ ᠸᠠᠩ ᠬᠤᠤ ᠯᠢᠦ ᡁᠢ ᠰᠢᠶᠠᠨ ᠺᠠᠩ ᠯᠢ ᠨᠠ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 27᠎ᠤ᠋ ᠦᠳᠡ᠎ᠶᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠯ᠎ᠡ ᠲᠥᠯᠥᠭᠡᠯᠡᠭᠴᠢᠳ᠎ᠦᠨ ᠪᠦᠯᠭᠦᠮ᠎ᠦᠨ ᠲᠥᠯᠥᠭᠡᠯᠡᠭᠴᠢᠳ᠂ ᠸᠠᠩ ᠸᠧᠢ ᠵᠦᠩ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠡᠮᠦᠨ᠎ᠡ ᠡᠴᠡ ᠬᠢᠭᠰᠡᠨ ᠢᠯᠡᠳᠬᠡᠯ᠎ᠢ ᠨᠠᠷᠢᠨ ᠬᠢᠨᠠᠮᠠᠭᠠᠢ ᠶᠠᠷᠢᠯᠴᠠᠪᠠ᠃

ᠲᠥᠯᠥᠭᠡᠯᠡᠭᠴᠢᠳ᠂ ᠢᠯᠡᠳᠬᠡᠯ ᠨᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠳᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠯᠤᠰ ᠭᠡᠲᠦ᠎ᠶᠢᠨ ᠵᠣᠭᠰᠣᠴᠠ᠎ᠲᠠᠢ᠂ ᠭᠤᠤᠯ ᠰᠡᠳᠦᠪ ᠨᠢ ᠢᠯᠡ ᠳᠤᠳᠤᠷᠬᠠᠢ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠂ ᠬᠥᠮᠥᠰ᠎ᠢ ᠵᠣᠷᠢᠭ᠍ᠵᠢᠭᠤᠯᠤᠨ ᠤᠷᠤᠭᠰᠢᠯᠠᠭᠤᠯᠵᠤ᠂ ᠪᠦᠭᠦ ᠣᠷᠣᠨ᠎ᠢᠶᠠᠷ᠎ᠢᠶᠠᠨ ᠦᠨᠡᠨ᠎ᠬᠦ ᠠᠳᠬᠤᠨ ᠪᠣᠳᠠᠲᠠᠢ ᠠᠵᠢᠯᠯᠠᠵᠤ᠂ ᠡᠷᠡᠰ ᠵᠤᠷᠢᠭ ᠰᠢᠭᠤᠳᠤᠨ ᠡᠷᠡᠯᠬᠡᠭᠯᠡᠨ ᠤᠷᠤᠬᠰᠢᠯᠠᠵᠤ᠂ ᠵᠠᠮ ᠨᠡᠭᠡᠭᠡᠨ ᠰᠢᠨ᠎ᠡ᠎ᠶᠢ ᠡᠭᠦᠳᠴᠦ᠂ ᠲᠣᠭᠲᠠᠭᠰᠠᠨ ᠬᠠᠷᠠᠯᠲᠠ ᠵᠦᠭ᠎ᠢᠶᠡᠨ ᠠᠯᠬᠤᠮ ᠠᠯᠬᠤᠮ᠎ᠢᠶᠠᠷ ᠯᠠᠪᠳᠠᠭᠤᠨ ᠪᠠᠳᠤᠳᠠᠢ ᠤᠷᠤᠬᠰᠢᠯᠠᠵᠤ᠂ ᠠᠤᠭ᠎ᠠ ᠵᠢᠷᠤᠭ᠎ᠲᠥᠰᠥᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠶᠢ ᠵᠣᠷᠢᠭ᠍ᠵᠢᠭᠤᠯᠤᠨ ᠬᠥᠲᠥᠯᠥᠨ ᠵᠢᠯᠤᠭᠣᠳᠬᠤ ᠨᠢ ᠯᠠᠪᠲᠠᠢ ᠭᠡᠵᠦ ᠰᠠᠨᠠᠯ ᠨᠢᠭᠡᠳᠠᠢ ᠦᠵᠡᠵᠡᠭᠡᠪᠡ᠃

《ᠢᠯᠡᠳᠬᠡᠯ᠎ᠦᠨ ᠰᠡᠳᠬᠢᠮᠵᠢ ᠨᠢ ᠲᠣᠳᠣᠷᠬᠠᠢ᠂ ᠠᠷᠭ᠎ᠠ ᠬᠡᠮᠵᠢᠶ᠎ᠡ ᠨᠢ ᠪᠣᠳᠠᠲᠠᠢ᠎ᠶᠢ ᠡᠷᠬᠢᠮᠯᠡᠵᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠦᠨᠡᠨ᠎ᠬᠦ ᠠᠳᠬᠤᠵᠤ ᠪᠣᠳᠠᠲᠠᠢ ᠠᠵᠢᠯᠯᠠᠬᠤ᠂ ᠡᠷᠡᠮᠡᠬᠡᠢᠯᠡᠨ ᠲᠠᠪᠰᠢᠬᠤ ᠡᠭᠦᠷᠭᠡ ᠬᠠᠷᠢᠭᠤᠴᠠᠯᠭ᠎ᠠ᠎ᠶᠢ ᠭᠦᠢᠴᠡᠳ ᠢᠯᠡᠷᠡᠭᠦᠯᠵᠡᠢ》᠃ ᠭᠦᠭᠡᠬᠣᠲᠠ᠎ᠶᠢᠨ ᠲᠥᠯᠥᠭᠡᠯᠡᠭᠴᠢᠳ᠎ᠦᠨ ᠪᠦᠯᠭᠦᠮ᠎ᠦᠨ ᠭᠤᠤ ᠰᠢᠨ ᠵᠢᠶᠧ ᠲᠥᠯᠥᠭᠡᠯᠡᠭᠴᠢ᠄ 《ᠢᠯᠡᠳᠬᠡᠯ᠎ᠳᠦ ᠰᠤᠷᠭᠠᠨ ᠬᠥᠮᠦᠵᠢᠯ᠎ᠦᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠪᠠ᠂ ᠡᠮᠦᠨ᠎ᠡ ᠹᠷᠣᠨᠲ᠎ᠤᠨ ᠨᠢᠬᠡᠨ ᠰᠤᠷᠭᠠᠨ ᠬᠥᠮᠦᠵᠢᠯ᠎ᠦᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠦᠪᠡᠷ᠎ᠤᠨ ᠡᠬᠦᠷᠬᠡᠯᠡᠵᠤ ᠪᠠᠢᠭ᠎ᠠ ᠡᠭᠦᠷᠭᠡ ᠬᠠᠷᠢᠭᠤᠴᠠᠯᠭ᠎ᠠ ᠪᠡᠨ ᠭᠦᠨ ᠣᠢᠯᠠᠭᠠᠵᠤ ᠪᠠᠢᠨ᠎ᠠ᠃ ᠪᠢᠳᠡ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ᠎ᠪᠠᠷ ᠭᠣᠣᠯ ᠰᠢᠵᠢᠮ ᠪᠤᠯᠭᠠᠵᠤ᠂ ᠢᠯᠡᠳᠬᠡᠯ᠎ᠦᠨ ᠵᠣᠷᠢᠭ᠋ ᠰᠠᠨᠠᠭ᠎ᠠ᠎ᠶᠢ ᠬᠥᠮᠥᠨ ᠬᠥᠮᠥᠵᠢᠭᠦᠯᠬᠦ ᠦᠢᠯᠡᠳᠦᠯᠭᠡ ᠪᠣᠯᠭᠠᠨ ᠬᠤᠪᠢᠷᠠᠭᠤᠯᠵᠤ᠂ ᠬᠢᠴᠢᠶᠡᠯ᠂ ᠠᠵᠢᠯᠯᠠᠭ᠎ᠠ᠂ ᠰᠣᠶᠣᠯ᠂ ᠣᠷᠴᠢᠨ ᠲᠣᠭᠣᠷᠢᠨ ᠬᠠᠮᠵᠢᠯᠴᠠᠨ ᠬᠥᠮᠥᠨ ᠬᠥᠮᠥᠵᠢᠭᠦᠯᠬᠦ 〈ᠬᠠᠮ ᠤᠯᠤᠰ ᠲᠦᠷᠦ ᠦᠵᠡᠯ ᠰᠠᠨᠠᠭ᠎ᠠ〉 ᠵᠢᠨ ᠪᠠᠢᠷᠢᠰᠢᠯ᠎ᠢ ᠪᠠᠢᠭᠤᠯᠤᠨ᠎ᠠ᠃ ᠲᠠᠪᠤᠨ ᠬᠥᠮᠦᠵᠢᠯ᠎ᠢ ᠵᠡᠷᠭᠡ ᠪᠡᠷ ᠠᠳᠬᠤᠬᠤ᠎ᠶᠢ ᠪᠠᠷᠢᠮᠲᠠᠯᠠᠵᠤ᠂ ᠡᠷᠡᠭᠦᠯ ᠡᠩᠬᠡ᠎ᠶᠢ ᠲᠡᠷᠢᠭᠦᠨ᠎ᠳᠦ ᠲᠠᠯᠪᠢᠬᠤ ᠣᠢᠯᠠᠭᠠᠭᠳᠠᠬᠤᠨ᠎ᠢ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠰᠤᠷᠤᠬ᠍ᠴᠢᠳ᠎ᠤᠨ ᠡᠷᠡᠭᠦᠯ᠎ᠢᠶᠡᠷ ᠦᠰᠦᠨ ᠪᠣᠢᠵᠢᠬᠤ᠂ ᠪᠦᠭᠦ ᠲᠠᠯ᠎ᠠ᠎ᠪᠠᠷ ᠬᠥᠭᠵᠢᠬᠦ᠎ᠶᠢ ᠠᠬᠢᠭᠤᠯᠵᠤ᠂ 〈ᠶᠠᠮᠠᠷ ᠬᠥᠮᠥᠨ᠎ᠢ ᠬᠥᠮᠥᠵᠢᠭᠦᠯᠬᠦ᠂ ᠬᠡᠷᠬᠢᠨ ᠬᠥᠮᠥᠨ᠎ᠬᠥᠮᠥᠵᠢᠭᠦᠯᠬᠦ᠂ ᠬᠡᠨ᠎ᠤ ᠲᠦᠯᠦᠬᠡ ᠬᠥᠮᠥᠨ᠎ᠬᠥᠮᠥᠵᠢᠭᠦᠯᠬᠦ〉 ᠡᠨᠡ᠎ᠬᠦ ᠴᠠᠭ ᠦᠶ᠎ᠡ᠎ᠶᠢᠨ ᠠᠰᠠᠭᠤᠯᠲᠠ᠎ᠶᠢ ᠰᠠᠢᠲᠤᠷ ᠬᠠᠷᠢᠭᠤᠯᠬᠤ᠎ᠪᠠᠷ ᠴᠢᠷᠮᠠᠢᠨ᠎ᠡ》 ᠭᠡᠪᠡ᠃

ᠬᠢᠩᠭᠠᠨ ᠠᠢᠮᠠᠭ᠎ᠤᠨ ᠲᠥᠯᠥᠭᠡᠯᠡᠭᠴᠢᠳ᠎ᠦᠨ ᠪᠦᠯᠬᠦᠮ᠎ᠦᠨ ᠯᠢ ᠬᠤᠤ ᠲᠥᠯᠥᠭᠡᠯᠡᠭᠴᠢ᠂ ᠢᠯᠡᠳᠬᠡᠯ᠎ᠦᠨ ᠳ᠋ᠦᠩᠨᠡᠭᠰᠡᠨ ᠠᠮᠵᠢᠯᠲᠠ ᠪᠦᠲᠦᠮᠵᠢ ᠨᠢ ᠪᠤᠰᠤᠳᠴᠢ ᠪᠦᠬᠦ ᠲᠠᠯ᠎ᠠ᠎ᠶᠢᠨ᠂ ᠲᠤᠭᠲᠠᠭᠠᠭᠰᠠᠨ ᠬᠠᠷᠠᠯᠲᠠ ᠨᠢ ᠰᠢᠨᠵᠢᠯᠡᠬᠦ ᠤᠬᠠᠭᠠᠨᠴᠢ᠎ᠵᠦᠪ ᠣᠨᠣᠪᠴᠢᠲᠠᠢ᠂ ᠪᠠᠢᠷᠢᠯᠠᠭᠤᠯᠤᠭᠰᠠᠨ ᠡᠭᠦᠷᠭᠡ ᠨᠢ ᠪᠣᠳᠠᠲᠠᠢ᠎ᠶᠢ ᠡᠷᠬᠢᠮᠯᠡᠭᠰᠡᠨ ᠠᠮᠢᠳᠤᠯᠢᠭ ᠪᠤᠲᠠᠲᠠᠢ ᠪᠠᠢᠵᠤ᠂ ᠲᠤᠭ᠎ᠢ ᠦᠨᠳᠦᠷ ᠮᠠᠨᠳᠤᠭᠤᠯᠤᠭᠰᠠᠨ᠂ ᠰᠡᠳᠬᠢᠯ᠎ᠢ ᠨᠢᠭᠡᠳᠬᠡᠨ ᠬᠦᠴᠦᠨ᠎ᠢ ᠬᠠᠮᠳᠤᠳᠬᠠᠭᠰᠠᠨ ᠨᠢᠭᠡ ᠬᠤᠪᠢ ᠰᠠᠢᠨ ᠢᠯᠡᠳᠬᠡᠯ ᠪᠣᠯᠣᠨ᠎ᠠ᠃ ᠢᠯᠡᠳᠬᠡᠯ᠎ᠳᠦ 《ᠠᠵᠢᠯ ᠣᠯᠭᠣᠯᠲᠠ᠂ ᠣᠷᠣᠯᠭ᠎ᠠ᠎ᠶᠢᠨ ᠨᠡᠮᠡᠭᠳᠡᠯ᠂ ᠰᠤᠷᠭᠠᠨ ᠬᠥᠮᠦᠵᠢᠯ᠂ ᠡᠮ ᠡᠮᠨᠡᠯᠬᠡ᠂ ᠨᠠᠰᠤᠵᠢᠯ᠎ᠤᠨ ᠠᠰᠠᠷᠠᠮᠵᠢ᠂ ᠨᠡᠢᠭᠡᠮ᠎ᠦᠨ ᠪᠠᠲᠤᠯᠠᠭ᠎ᠠ᠂ ᠬᠡᠦᠬᠡᠳ ᠰᠠᠭᠠᠲᠠᠭᠤᠯᠬᠤ᠂ ᠣᠷᠣᠨ ᠰᠠᠭᠤᠴᠠ ᠵᠡᠷᠭᠡ ᠠᠷᠠᠳ᠎ᠤᠨ ᠠᠮᠢᠳᠤᠷᠠᠯ᠎ᠤᠨ ᠠᠵᠢᠯ᠎ᠢ ᠰᠡᠳᠬᠢᠯ ᠲᠠᠯᠪᠢᠨ ᠬᠠᠢᠷ᠎ᠠ ᠰᠡᠳᠬᠢᠯᠬᠡ ᠲᠠᠢ ᠰᠠᠢᠲᠤᠷ ᠬᠢᠬᠦ ᠬᠡᠷᠡᠭᠲᠡᠢ》 ᠭᠡᠵᠦ ᠲᠣᠳᠣᠷᠬᠠᠢ ᠱᠠᠭᠠᠷᠳᠠᠪᠠ᠂ ᠳᠠᠷᠠᠭᠠᠴᠢ᠎ᠶᠢᠨ ᠠᠯᠬᠤᠮ᠎ᠳᠤ᠂ ᠵᠠᠯᠠᠢᠳ ᠬᠣᠰᠢᠭᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠲᠡᠷᠡ ᠬᠡᠪ᠎ᠢᠶᠡᠷ ᠨᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠢᠭᠡ ᠲᠠᠯ᠎ᠠ᠎ᠪᠠᠷ ᠪᠠᠲᠤᠯᠠᠭ᠎ᠠ᠎ᠶᠢᠨ ᠰᠠᠭᠤᠷᠢ᠎ᠶᠢ ᠪᠠᠲᠤᠳᠬᠠᠨ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠰᠤᠷᠭᠠᠨ ᠬᠥᠮᠦᠵᠢᠯ᠂ ᠡᠮ ᠡᠮᠨᠡᠯᠬᠡ᠂ ᠣᠷᠣᠨ ᠰᠠᠭᠤᠴᠠ ᠵᠡᠷᠭᠡ ᠬᠦᠷᠢᠶᠡᠨ ᠳ᠋ᠡᠬᠢ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠤᠨ᠎ᠠ; ᠨᠥᠭᠥᠭᠡ ᠲᠠᠯ᠎ᠠ᠎ᠪᠠᠷ ᠣᠨᠴᠠᠯᠢᠭ᠍ᠲᠤ ᠠᠵᠤ ᠦᠢᠯᠡᠰ᠎ᠢ ᠬᠥᠭᠵᠢᠭᠦᠯᠵᠦ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ᠂ ᠲᠦᠬᠦᠭᠡᠷᠦᠮᠵᠢᠲᠦ ᠲᠠᠷᠢᠶᠠᠯᠠᠩ᠂ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷ ᠠᠯᠺᠣᠣᠯ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ ᠵᠡᠷᠭᠡ ᠣᠨᠴᠠᠯᠢᠭ᠍ᠲᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠣᠯᠠᠨ ᠲᠦᠮᠡᠨ᠎ᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠥᠬᠥ ᠬᠣᠰᠢᠭᠤᠨ᠎ᠳᠤ ᠪᠤᠲᠠᠲᠠᠢᠵᠢᠭᠤᠯᠤᠨ ᠨᠠᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ᠎ᠶᠢ ᠠᠬᠢᠭᠤᠯᠤᠨ᠎ᠠ ᠭᠡᠵᠦ ᠢᠯᠡᠳᠬᠡᠪᠡ᠃

《ᠢᠯᠡᠳᠬᠡᠯ᠎ᠳᠦ ᠦᠨᠡᠨ᠎ᠢ ᠪᠠᠷᠢᠮᠲᠠᠯᠠᠵᠦ ᠪᠣᠳᠠᠲᠠᠢ᠎ᠶᠢ ᠡᠷᠬᠢᠮᠯᠡᠨ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠢ ᠨᠡᠢᠴᠡᠵᠦ᠂ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠶᠢᠨ ᠬᠠᠷᠠᠯᠲᠠ᠂ ᠰᠡᠳᠬᠢᠮᠵᠢ ᠪᠣᠯᠣᠨ ᠠᠷᠭ᠎ᠠ ᠬᠡᠮᠵᠢᠶ᠎ᠡ᠎ᠶᠢ ᠳᠤᠷᠠᠳᠴᠤ᠂ ᠥᠪᠥᠷ ᠮᠣᠩᠭᠣᠯ᠎ᠤᠨ ᠬᠥᠭᠵᠢᠯᠲᠡ᠎ᠶᠢᠨ ᠠᠤᠭ᠎ᠠ ᠵᠢᠷᠤᠭ ᠲᠥᠰᠥᠪ᠎ᠢ ᠵᠢᠷᠤᠭᠯᠠᠵᠠᠢ》᠃ ᠲᠦᠩᠯᠢᠶᠣᠣ ᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠰᠢᠦᠢ ᠬᠤᠤ ᠲᠤᠤ ᠲᠥᠯᠥᠭᠡᠯᠡᠭᠴᠢ᠂ ᠨᠠᠢ᠍ᠮᠠᠨ ᠬᠣᠰᠢᠭᠤᠨ᠎ᠤ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠪᠣᠬᠢᠷᠲᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠣᠲᠣ᠌ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠎ᠤᠨ ᠪᠦᠲᠦᠭᠡᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠠᠵᠢᠯ᠎ᠳᠤ ᠪᠣᠳᠠᠲᠦ ᠠᠷᠭ᠎ᠠ ᠬᠡᠮᠵᠢᠶ᠎ᠡ ᠠᠪᠴᠤ ᠂ ᠦᠨᠡᠨ ᠬᠦ᠌ ᠬᠦᠴᠦ ᠭᠠᠷᠭᠠᠵᠤ᠂ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠰᠢᠶᠠᠨ᠎ᠤ ᠬᠡᠪᠴᠢᠶᠡᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ ᠭᠡᠵᠦ ᠢᠯᠡᠳᠬᠡᠪᠡ᠃

《ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠢᠯᠡᠳᠬᠡᠯ᠎ᠦᠨ ᠤᠯᠤᠰ ᠲᠦᠷᠦ᠎ᠶᠢᠨ ᠵᠣᠭᠰᠣᠯᠲᠠ  ᠨᠢ ᠥᠨᠳᠥᠷ᠂ ᠠᠵᠢᠯ᠎ᠤᠨ ᠪᠠᠢᠷᠢ ᠲᠣᠭᠲᠠᠭᠠᠯᠲᠠ ᠨᠢ ᠣᠨᠣᠪᠴᠢᠲᠠᠢ᠂ ᠲᠣᠬᠢᠷᠠᠭᠤᠯᠤᠯᠲᠠ ᠪᠠᠢᠷᠢᠯᠠᠭᠤᠯᠤᠯᠲᠠ ᠪᠣᠳᠠᠲᠠᠢ ᠪᠠᠢᠵᠤ᠂ ᠰᠣᠨᠣᠰᠤᠭᠠᠳ ᠲᠤᠢᠯ᠎ᠢᠶᠠᠷ ᠤᠷᠮᠠᠰᠢᠨ ᠵᠣᠷᠢᠭ᠍ᠵᠢᠵᠠᠢ》᠃ ᠤᠯᠠᠭᠠᠨᠬᠠᠳᠠ ᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠴᠧᠨ ᠬ᠍ᠤ ᠨᠠᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠪᠠᠭᠠᠷᠢᠨ ᠵᠡᠭᠦᠨ ᠬᠣᠰᠢᠭᠤᠨ᠎ᠤ ᠡᠬᠢ ᠪᠠᠶᠠᠯᠢᠭ᠋᠎ᠤᠨ ᠳᠠᠪᠠᠭᠤᠯᠢᠭ᠋᠎ᠲᠤ ᠰᠠᠭᠤᠷᠢᠯᠠᠵᠤ᠂ ᠥᠪᠥᠷ ᠮᠣᠩᠭᠣᠯ᠎ᠤᠨ ᠣᠨᠴᠠᠯᠢᠬ ᠳᠠᠪᠠᠭᠤᠯᠢᠭ᠋᠎ᠢ ᠢᠯᠡᠷᠡᠭᠦᠯᠦᠭᠰᠡᠨ ᠣᠳᠣᠬᠢᠴᠢᠯᠠᠯᠲᠠ ᠵᠢᠨ ᠠᠵᠤ ᠦᠢᠯᠡᠰ᠎ᠦᠨ ᠰᠢᠰᠲᠧᠮ᠎ᠢ ᠲᠦᠷᠭᠡᠳᠬᠡᠨ ᠪᠠᠢᠭᠤᠯᠵᠤ᠂ ᠥᠩᠭᠡᠲᠦ ᠲᠡᠮᠦᠷᠯᠢᠭ᠎ᠦᠨ ᠪᠥᠬᠥ ᠠᠵᠤ ᠦᠢᠯᠡᠰ᠎ᠦᠨ ᠬᠡᠯᠬᠢᠶ᠎ᠡ᠎ᠶᠢ ᠲᠡᠭᠦᠯᠳᠡᠷᠵᠢᠭᠦᠯᠵᠤ᠂ ᠠᠮᠤ ᠪᠤᠳᠠᠭ᠎ᠠ ᠵᠢᠨ ᠦᠢᠯᠡᠳᠪᠦᠷᠢᠯᠡᠯ᠎ᠤᠨ ᠴᠢᠳᠠᠪᠤᠷᠢ᠎ᠶᠢ ᠳᠡᠭᠡᠭᠰᠢᠯᠡᠭᠦᠯᠬᠦ᠂ ᠮᠢᠬᠠᠨ᠎ᠤ ᠦᠬᠡᠷ ᠮᠢᠬᠠᠨ᠎ᠤ ᠬᠣᠨᠢᠨ᠎ᠤ ᠭᠠᠷᠤᠯᠲᠠ᠎ᠶᠢ ᠨᠡᠮᠡᠭᠳᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠂ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ ᠵᠡᠷᠭᠡ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠪᠣᠳᠠᠲᠠᠢ ᠠᠵᠢᠯᠯᠠᠵᠤ ᠪᠣᠳᠠᠲᠦ ᠠᠮᠵᠢᠯᠲᠠ ᠪᠦᠲᠦᠮᠵᠢ᠎ᠪᠡᠷ᠎ᠢᠶᠡᠨ ᠴᠢᠨᠠᠷ ᠰᠠᠢᠲᠠᠢ ᠬᠥᠭᠵᠢᠯᠲᠡ᠎ᠶᠢᠨ ᠰᠢᠯᠢᠳᠡᠭ ᠰᠢᠯᠭᠠᠯᠲᠠ᠎ᠶᠢᠨ ᠬᠢᠷᠢ ᠪᠦᠲᠦᠮᠵᠢ ᠵᠢ ᠲᠤᠰᠢᠶᠠᠨ᠎ᠠ ᠭᠡᠵᠦ ᠢᠯᠡᠳᠭᠡᠪᠡ᠃

ᠲᠥᠯᠥᠭᠡᠯᠡᠭᠴᠢᠳ᠂ ᠪᠦᠬᠦ ᠲᠠᠯ᠎ᠠ᠎ᠪᠠᠷ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠪᠡᠷ ᠪᠠᠷᠢᠮᠵᠢᠶᠠᠯᠠᠵᠤ᠂ ᠰᠡᠳᠬᠢᠮᠵᠢ ᠪᠠᠨ ᠴᠢᠨᠠᠭᠰᠢᠳᠠ ᠲᠤᠳᠤᠷᠬᠠᠢ ᠪᠤᠯᠭᠠᠵᠤ᠂ ᠭᠠᠷᠳᠠᠴᠠ᠎ᠪᠠᠨ ᠣᠨᠣᠪᠴᠢᠲᠠᠢ ᠣᠯᠵᠤ᠂ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠵᠦ᠂ 《ᠲᠥᠯᠦᠪᠵᠢᠭᠦᠯᠭᠡ᠎ᠶᠢᠨ ᠵᠢᠷᠤᠭ》᠎ᠢ᠋ 《ᠪᠠᠷᠢᠯᠭ᠎ᠠ᠎ᠶᠢᠨ ᠵᠢᠷᠤᠭ》 ᠪᠣᠯᠭᠠᠨ ᠬᠤᠪᠢᠷᠠᠭᠤᠯᠵᠤ᠂ ᠡᠯ᠎ᠡ ᠵᠦᠢᠯ᠎ᠦᠨ  ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠪᠠᠢᠳᠠᠯ᠎ᠢ ᠲᠠᠰᠤᠷᠠᠯᠳᠡ ᠦᠭᠡᠢ ᠡᠭᠦᠳᠤᠨ᠎ᠡ ᠭᠡᠵᠤ ᠢᠯᠡᠳᠬᠡᠵᠡᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面