ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-28 12:55:54

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠠᠷᠪᠠᠨ ᠬᠣᠶᠠᠳᠤᠭᠠᠷ ᠤᠳᠠᠭ᠎ᠠ ᠢ᠋ᠢᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠢᠯᠡᠳᠬᠡᠯ᠎ᠤᠨ ᠲᠤᠪᠴᠢᠯᠠᠯ


ᠥᠪᠡᠷᠲᠡᠭᠡᠨ ᠵᠠᠰᠠᠬᠤ ᠣᠷᠣᠨ  ᠤ᠋ ᠠᠷᠪᠠᠨ ᠬᠣᠶᠠᠳᠤᠭᠠᠷ ᠤᠳᠠᠭ᠎ᠠ  ᠢ᠋ᠢᠨ ᠨᠠᠮ ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠣᠯ ᠮᠠᠨ ᠤ᠋ ᠤᠯᠤᠰ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠢ᠋ᠢ ᠦᠨᠳᠦᠰᠦᠨ ᠳ᠋ᠡᠭᠡᠨ ᠪᠡᠶᠡᠯᠡᠭᠦᠯᠬᠦ᠌ ᠰᠠᠭᠤᠷᠢ ᠢ᠋ᠢ ᠪᠡᠬᠢᠵᠢᠭᠦᠯᠵᠤ᠂ ᠪᠦᠬᠦ᠌ ᠲᠠᠯ᠎ᠠ ᠪᠡᠷ ᠬᠦᠴᠦᠯᠡᠬᠦ᠌ ᠵᠠᠩᠭᠢᠯᠠᠭ᠎ᠠ ᠢ᠋ᠢᠨ ᠴᠠᠭ ᠦᠶ᠎ᠡ ᠳ᠋ᠤ ᠬᠤᠷᠠᠯᠳᠤᠭᠤᠯᠤᠭᠰᠠᠨ ᠨᠢᠭᠡ ᠤᠳᠠᠭ᠎ᠠ ᠢ᠋ᠢᠨ ᠲᠤᠶ᠋ᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃

ᠶᠡᠬᠡ ᠬᠤᠷᠠᠯ᠎ᠤᠨ ᠭᠣᠣᠯ ᠰᠡᠳᠦᠪ ᠪᠣᠯ᠄ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ ᠢ᠋ ᠥᠨᠳᠥᠷ ᠮᠠᠨᠳᠤᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠢ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠢ᠋ᠢᠨ ᠵᠣᠷᠢᠭ ᠰᠠᠨᠠᠭ᠎ᠠ  ᠢ᠋ᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭᠴᠠ ᠢ᠋ᠢᠨ ᠤᠬᠠᠮᠰᠠᠷ ᠢ᠋ ᠪᠠᠲᠤ᠌ ᠴᠣᠭᠴᠠᠯᠠᠬᠤ ᠪᠡᠷ ᠭᠣᠣᠯ ᠰᠢᠵᠢᠮ ᠪᠣᠯᠭᠠᠵᠤ᠂ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠂ 《ᠨᠢᠭᠡ ᠪᠡᠬᠢᠯᠡᠯᠲᠡ》 ᠢ᠋ᠢ ᠪᠦᠲᠦᠭᠡᠨ ᠪᠠᠢᠭᠤᠯᠬᠤ ᠲᠠᠪᠤᠨ ᠶᠡᠬᠡ ᠪᠠᠶ᠋ᠢᠯᠳᠤᠬᠤ ᠪᠤᠳᠤᠯᠭ᠎ᠠ  ᠢ᠋ᠢᠨ ᠪᠠᠶ᠋ᠢᠷᠢ ᠲᠣᠭᠲᠠᠭᠠᠯᠲᠠ ᠪᠤᠯᠤᠨ ᠡᠭᠦᠷᠭᠡ ᠬᠠᠷᠢᠭᠤᠴᠠᠯᠭ᠎ᠠ ᠢ᠋ᠢ ᠭᠦᠨᠵᠡᠭᠡᠢ ᠨᠠᠶ᠋ᠢᠳᠠᠪᠤᠷᠢᠵᠢᠭᠤᠯᠵᠤ᠂ ᠨᠠᠮ ᠢ᠋ ᠪᠦᠬᠦ ᠲᠠᠯ᠎ᠠ ᠪᠡᠷ ᠴᠢᠩᠭ᠎ᠠ ᠵᠠᠰᠠᠬᠤ ᠢ᠋ᠢ ᠦᠨᠢ ᠡᠭᠦᠷᠢᠳᠠ ᠪᠠᠷᠢᠮᠲᠠᠯᠠᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠢ᠋ᠢᠨ ᠪᠦᠳᠦᠭᠡᠨ ᠪᠠᠶ᠋ᠢᠭᠤᠯᠤᠯᠲᠠ ᠲᠤᠮᠳᠠ ᠰᠢᠨ᠎ᠡ ᠵᠠᠮ ᠨᠡᠭᠡᠭᠡᠵᠦ᠍᠂ ᠰᠢᠨ᠎ᠡ ᠬᠠᠭᠤᠳᠠᠰᠤ ᠢ᠋ᠢ ᠪᠢᠴᠢᠭᠯᠡᠶ᠎ᠠ᠃

ᠥᠩᠭᠡᠷᠡᠭᠰᠡᠨ ᠲᠠᠪᠤᠨ ᠵᠢᠯ᠎ᠤᠨ ᠠᠵᠢᠯ

《ᠬᠣᠶᠠᠷ ᠢ᠋ ᠲᠤᠭᠲᠠᠭᠠᠭᠰᠠᠨ》 ᠢ᠋ ᠡᠷᠡᠰ ᠬᠦᠷᠢᠶᠡᠯᠡᠵᠦ᠍᠂《ᠬᠣᠶᠠᠷ ᠢ᠋ ᠬᠠᠮᠠᠭᠠᠯᠠᠬᠤ》 ᠢ᠋ᠢ ᠡᠷᠡᠰ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠢᠯᠡ ᠠᠵᠢᠯᠯᠠᠭ᠎ᠠ ᠢ᠋ᠢᠨ ᠲᠠᠯ᠎ᠠ ᠪᠡᠷ ᠢᠮᠠᠭᠲᠠ ᠰᠢ ᠵᠢᠨ ᠫᠢᠩ ᠨᠥᠬᠥᠷ ᠢ᠋ᠢᠡᠷ ᠭᠤᠤᠯ ᠪᠣᠯᠭᠠᠭᠰᠠᠨ ᠨᠠᠮ᠎ᠤᠨ ᠲᠥᠪ ᠬᠣᠷᠢᠶ᠎ᠠ ᠲᠠᠢ ᠳᠡᠭᠡᠳᠦ ᠬᠡᠮᠵᠢᠶ᠎ᠡ ᠪᠡᠷ ᠨᠢᠭᠡᠳᠦᠯᠲᠡᠶ ᠪᠠᠶ᠋ᠢᠬᠤ ᠢ᠋ᠢ ᠪᠠᠲᠤᠯᠠᠪᠠ

ᠥᠪᠡᠷᠲᠡᠭᠡᠨ ᠵᠠᠰᠠᠬᠤ ᠣᠷᠣᠨ ᠤ᠋ ᠨᠠᠮ᠎ᠤᠨ ᠬᠣᠷᠢᠶ᠎ᠠ ᠢ᠋ᠢᠨ 《ᠰᠢ ᠵᠢᠨ ᠫᠢᠩ ᠨᠥᠬᠥᠷ ᠢ᠋ᠢᠡᠷ ᠭᠤᠤᠯ ᠪᠣᠯᠭᠠᠭᠰᠠᠨ ᠨᠠᠮ᠎ᠤᠨ ᠲᠥᠪ ᠬᠣᠷᠢᠶ᠎ᠠ  ᠢ᠋ᠢᠨ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠢ᠋ᠢ ᠡᠷᠡᠰ ᠬᠠᠮᠠᠭᠠᠯᠠᠬᠤ ᠲᠣᠭᠲᠠᠭᠠᠯ》 ᠳ᠋ᠤ ᠵᠠᠰᠠᠪᠤᠷᠢ ᠣᠷᠣᠭᠤᠯᠪᠠ

ᠨᠠᠮ᠎ᠤᠨ ᠰᠢᠨ᠎ᠡ ᠢ᠋ᠢ ᠡᠭᠦᠳᠬᠦ᠌ ᠣᠨᠣᠯ ᠢ᠋ᠢᠡᠷ ᠲᠠᠷᠢᠬᠢ ᠲᠣᠯᠣᠭᠠᠶ ᠪᠡᠨ ᠵᠡᠪᠰᠡᠭᠯᠡᠬᠦ᠌ ᠢ᠋ᠢ ᠴᠥᠬᠥᠷᠡᠰᠢ ᠥᠬᠡᠶ ᠪᠠᠷᠢᠮᠲᠠᠯᠠᠪᠠ

ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠢ᠋ᠢᠨ ᠵᠣᠷᠢᠭ ᠰᠠᠨᠠᠭ᠎ᠠ ᠢ᠋ᠢ ᠭᠦᠨᠵᠡᠭᠡᠢ ᠰᠤᠷᠤᠯᠴᠠᠨ ᠨᠠᠷᠢᠯᠢᠭ ᠤᠬᠠᠪᠤᠷᠢᠯᠡᠵᠤ ᠪᠠᠲᠤᠲᠠᠢ ᠦᠢᠯᠡᠳᠦᠯᠭᠡᠵᠢᠭᠦᠯᠵᠦ᠍᠂ ᠥᠪᠡᠷᠲᠡᠭᠡᠨ ᠵᠠᠰᠠᠬᠤ ᠣᠷᠣᠨ ᠤ᠋ 《1571》 ᠶᠡᠷᠦᠩᠬᠡᠢ ᠠᠵᠢᠯ ᠎ᠤᠨ ᠪᠠᠶ᠋ᠢᠷᠢᠯᠠᠭᠤᠯᠤᠯᠲᠠ ᠢ᠋ᠢ ᠭᠠᠷᠭᠠᠪᠠ

ᠭᠣᠣᠯ ᠰᠢᠵᠢᠮ᠎ᠤᠨ ᠱᠠᠭᠠᠷᠳᠠᠯᠭ᠎ᠠ ᠢ᠋ᠢ ᠪᠦᠬᠦ᠌ ᠲᠠᠯ᠎ᠠ ᠪᠡᠷ ᠲᠤᠭᠤᠰᠢᠯᠠᠭᠤᠯᠵᠤ᠂ ᠠᠮᠤᠷ ᠲᠣᠭᠲᠠᠭᠤᠨ ᠢ᠋ ᠬᠦᠴᠦᠯᠡᠨ ᠬᠠᠮᠠᠭᠠᠯᠠᠵᠤ᠂ ᠦᠨᠳᠦᠰᠦᠲᠡᠨ ᠤ᠋ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭᠲᠠᠭᠤᠨ ᠰᠠᠶ᠋ᠢᠨ ᠰᠠᠶ᠋ᠢᠬᠠᠨ ᠪᠠᠶ᠋ᠢᠳᠠᠯ  ᠢ᠋ ᠲᠠᠰᠤᠷᠠᠯᠲᠠ ᠦᠭᠡᠢ ᠪᠡᠬᠢᠵᠢᠭᠦᠯᠦᠨ ᠬᠥᠭᠵᠢᠭᠦᠯᠪᠡ

ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭᠴᠠ ᠢ᠋ᠢᠨ ᠤᠬᠠᠮᠰᠠᠷ ᠢ᠋ ᠪᠠᠲᠤ᠌ ᠴᠤᠭᠴᠠᠯᠠᠵᠤ᠂ ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭᠴᠠ ᠢ᠋ᠢᠨ ᠪᠠᠶ᠋ᠢᠭᠤᠯᠤᠯᠲᠠ ᠢ᠋ᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠤᠭᠦᠳ ᠢ᠋ ᠨᠡᠶ᠋ᠢᠲᠡᠯᠡᠪᠡ

ᠪᠥᠬᠥ᠌ ᠤᠯᠤᠰ᠎ᠤᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠢ᠋ᠢᠨ 65 ᠵᠢᠱ᠌ᠢᠶ᠎ᠡ ᠦᠵᠡᠭᠦᠯᠬᠦ᠌ ᠨᠡᠶ᠋ᠢᠲᠡᠯᠢᠭ ᠵᠢᠱ᠌ᠢᠶ᠎ᠡ ᠢ᠋ᠢ ᠡᠭᠦᠳᠦᠨ ᠪᠠᠶ᠋ᠢᠭᠤᠯᠪᠠ

ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ ᠢ᠋ ᠪᠦᠬᠦ᠌ ᠲᠠᠯ᠎ᠠ ᠪᠡᠷ ᠳᠡᠯᠭᠡᠷᠡᠭᠦᠯᠦᠨ ᠲᠦᠭᠡᠮᠡᠯᠵᠢᠭᠦᠯᠪᠠ

ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭᠴᠠ ᠢ᠋ᠢᠨ ᠤᠬᠠᠮᠰᠠᠷ ᠢ᠋ ᠪᠠᠲᠤ᠌ ᠴᠣᠭᠴᠠᠯᠠᠬᠤ ᠤᠬᠠᠭᠤᠯᠭ᠎ᠠ ᠬᠥᠮᠦᠵᠢᠯ᠎ᠤᠨ ᠲᠣᠭᠲᠠᠴᠠ ᠢ᠋ᠢ ᠪᠦᠷᠢᠨᠰᠢᠭᠦᠯᠪᠠ

《ᠳᠤᠮᠳᠠᠳᠤ ᠢ᠋ᠢᠨ ᠦᠨᠳᠦᠰᠦᠲᠡᠨ ᠤ᠋ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠤᠨ ᠡᠮᠬᠢᠳᠬᠡᠯ·ᠦᠪᠤᠷ ᠮᠤᠩᠭᠤᠯ᠎ᠤᠨ ᠪᠤᠳᠢ》 ᠵᠢ ᠨᠠᠶ᠋ᠢᠷᠠᠭᠤᠯᠤᠨ ᠪᠢᠴᠢᠵᠦ᠍ ᠳᠠᠭᠤᠰᠬᠠᠪᠠ

ᠥᠷᠢ ᠥᠭᠴᠡᠭᠡᠨ ᠤ᠋ ᠲᠦᠭᠰᠢᠭᠦᠷᠢ ᠢ᠋ᠢ ᠰᠡᠷᠭᠡᠶ᠋ᠢᠯᠡᠨ ᠠᠷᠢᠯᠭᠠᠬᠤ ᠠᠵᠢᠯ ᠳ᠋ᠤ ᠴᠢᠬᠤᠯᠠ ᠶᠡᠬᠡ ᠦᠷ᠎ᠡ ᠪᠦᠲᠦᠭᠡᠯ ᠤᠯᠪᠠ

ᠠᠶᠤᠯᠭᠦᠢ ᠦᠢᠯᠡᠳᠪᠦᠷᠢᠯᠡᠯ᠎ᠤᠨ ᠡᠬᠢ ᠦᠨᠳᠦᠰᠦ ᠡᠴᠡ ᠨᠢ ᠵᠠᠰᠠᠬᠤ ᠪᠣᠭᠣᠮᠲᠠ ᠰᠢᠪᠲᠤᠯᠬᠤ ᠠᠵᠢᠯ᠎ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠢ᠋ᠢ ᠠᠬᠢᠭᠤᠯᠪᠠ

ᠬᠠᠷ᠎ᠠ ᠪᠦᠯᠦᠭᠲᠡᠨ ᠬᠠᠷᠭᠢᠰ ᠬᠦᠴᠦᠨ ᠢ᠋ ᠠᠷᠢᠯᠭᠠᠬᠤ ᠲᠤᠰᠬᠠᠶ ᠲᠡᠮᠡᠴᠡᠯ ᠢ᠋ ᠭᠦᠨᠵᠡᠭᠡᠶ᠋ᠢᠷᠡᠭᠦᠯᠪᠠ

ᠨᠢᠭᠡ ᠬᠣᠲᠠ ᠲᠠᠪᠤᠨ ᠰᠢᠶᠠᠨ ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠢ᠋ᠢᠨ ᠵᠢᠱ᠌ᠢᠶ᠎ᠡ ᠦᠵᠡᠭᠦᠯᠬᠦ᠌ ᠬᠣᠲᠠ ᠰᠢᠶᠠᠨ ᠢ᠋ᠢᠡᠷ ᠦᠨᠡᠯᠡᠭᠳᠡᠪᠡ

ᠰᠢᠨ᠎ᠡ ᠴᠠᠭ ᠦᠶ᠎ᠡ ᠢ᠋ᠢᠨ ᠬᠢᠯᠢ ᠬᠢᠵᠠᠭᠠᠷ ᠣᠷᠣᠨ ᠢ᠋ ᠬᠥᠭᠵᠢᠭᠦᠯᠦᠨ ᠠᠷᠠᠳ ᠢ᠋ ᠪᠠᠶᠠᠵᠢᠭᠤᠯᠬᠤ ᠠᠵᠢᠯᠯᠠᠭ᠎ᠠ ᠪᠤᠯᠤᠨ ᠬᠢᠯᠢ ᠬᠢᠵᠠᠭᠠᠷ ᠣᠷᠣᠨ ᠤ᠋ 《ᠤᠰᠤ ᠴᠠᠬᠢᠯᠭᠠᠨ ᠵᠠᠮ ᠬᠠᠷᠢᠯᠴᠠᠭ᠎ᠠ ᠴᠢᠮᠡᠭᠡ ᠬᠤᠯᠪᠤᠭ᠎ᠠ》 ᠢ᠋ᠢᠨ ᠨᠢᠭᠡ ᠴᠣᠭᠴᠠᠵᠢᠭᠰᠠᠨ ᠪᠥᠲᠥᠭᠡᠨ ᠪᠠᠶ᠋ᠢᠭᠤᠯᠤᠯᠲᠠ ᠢ᠋ᠢ ᠯᠠᠪᠳᠠᠭᠤᠨ ᠪᠠᠲᠤᠲᠠᠶ ᠠᠬᠢᠭᠤᠯᠪᠠ

ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ ᠤᠯᠠᠮ ᠪᠡᠬᠢᠵᠢᠪᠡ

ᠠᠵᠤ ᠦᠢᠯᠡᠰ᠎ᠤᠨ ᠬᠡᠯᠪᠡᠷᠢ ᠢ᠋ᠢ ᠬᠤᠪᠢᠷᠠᠭᠤᠯᠤᠨ ᠲᠡᠰ ᠳᠡᠪᠰᠢᠭᠦᠯᠬᠦ᠌ ᠢ᠋ᠢ ᠲᠦᠷᠭᠡᠳᠬᠡᠵᠦ᠍᠂ ᠣᠳᠣᠬᠢᠴᠢᠯᠠᠭᠰᠠᠨ ᠠᠵᠤ ᠦᠢᠯᠡᠰ᠎ᠤᠨ ᠰᠢᠰᠲ᠋ᠧᠮ ᠢ᠋ ᠢᠳᠡᠪᠬᠢᠲᠡᠢ ᠪᠠᠶ᠋ᠢᠭᠤᠯᠵᠤ᠂ ᠠᠵᠤ ᠠᠬᠤᠢ ᠎ᠶᠢ  ᠦᠷᠭᠦᠯᠵᠢᠯᠡᠨ ᠰᠢᠨ᠎ᠡ ᠰᠢᠯᠢᠳᠡᠭ ᠰᠠᠢᠨ ᠲᠡᠶ᠋ᠢᠰᠢ ᠬᠦᠭᠵᠢᠬᠥᠯᠪᠠ

ᠨᠡᠭᠦᠷᠡᠰᠦᠨ ᠤ᠋ ᠬᠠᠩᠭᠠᠯᠭ᠎ᠠ ᠢ᠋ᠢᠨ ᠪᠠᠲᠤᠯᠠᠭ᠎ᠠ ᠵᠢᠨ ᠬᠡᠮᠵᠢᠶ᠎ᠡ ᠪᠡᠷ ᠪᠥᠬᠥ᠌ ᠤᠯᠤᠰ ᠲᠤ᠌ ᠲᠦᠷᠦᠭᠦᠯᠡᠵᠤ᠂ ᠴᠠᠬᠢᠯᠭᠠᠨ ᠭᠠᠷᠭᠠᠯᠳᠠ ᠵᠢᠨ ᠬᠡᠮᠵᠢᠶ᠎ᠡ 7 ᠵᠢᠯ ᠳᠠᠷᠠᠭᠠᠯᠠᠨ᠂ ᠭᠠᠳᠠᠭᠰᠢ ᠬᠦᠷᠭᠡᠭᠰᠡᠨ ᠴᠠᠬᠢᠯᠭᠠᠨ ᠤ᠋ ᠬᠡᠮᠵᠢᠶ᠎ᠡ 21 ᠵᠢᠯ ᠳᠠᠷᠠᠭᠠᠯᠠᠨ ᠪᠥᠬᠥ᠌ ᠤᠯᠤᠰ ᠲᠤ᠌ ᠲᠦᠷᠦᠭᠦᠯᠡᠵᠦ᠂ ᠴᠠᠬᠢᠯᠭᠠᠨ ᠬᠦᠴᠦᠨ ᠤ᠋ ᠶᠡᠷᠦᠩᠬᠡᠶ ᠮᠠᠰᠢᠨ ᠴᠣᠭᠴᠠᠯᠠᠪᠤᠷᠢ ᠵᠢᠨ ᠬᠡᠪᠴᠢᠶ᠎ᠠ 3.3 ᠳ᠋ᠦᠩᠰᠢᠭᠤᠷ ᠺᠢᠯᠦᠸᠠᠲ ᠲᠤ᠌ ᠬᠦᠷᠴᠦ᠍᠂ ᠬᠡᠪᠴᠢᠶ᠎ᠡ ᠪᠡᠷ ᠪᠥᠬᠥ᠌ ᠤᠯᠤᠰ᠎ᠤᠨ ᠨᠢᠭᠡᠳᠦᠭᠡᠷ ᠲᠤ᠌ ᠤᠷᠤᠪᠠ

ᠰᠢᠨ᠎ᠡ ᠡᠨᠧᠷᠭᠢ ᠢ᠋ᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠠ 1.87 ᠳ᠋ᠦᠩᠰᠢᠭᠤᠷ ᠺᠢᠯᠦᠸᠠᠲ ᠲᠤ᠌ ᠬᠦᠷᠴᠦ᠍᠂ ᠲᠡᠦᠬᠡᠲᠦ᠍ ᠴᠢᠨᠠᠷᠲᠠᠶ ᠪᠡᠷ ᠢᠯᠴᠢ ᠢ᠋ᠢᠨ ᠴᠠᠬᠢᠯᠭᠠᠨ ᠤ᠋ ᠮᠠᠰᠢᠨ ᠴᠣᠭᠴᠠᠯᠠᠪᠤᠷᠢ ᠢ᠋ᠢᠨ ᠬᠡᠪᠴᠢᠶ᠎ᠡ ᠡᠴᠡ ᠳᠠᠪᠠᠪᠠ

ᠴᠠᠭᠠᠨ ᠢᠳᠡᠭᠡᠨ ᠤ᠋ ᠦᠢᠯᠡᠰ᠂ ᠬᠣᠪᠣᠷ ᠰᠢᠷᠣᠶ ᠢ᠋ᠢᠨ ᠰᠢᠨ᠎ᠡ ᠮᠠᠲ᠋ᠧᠷᠢᠶᠠᠯ᠂ ᠣᠲᠣ ᠦᠶ᠎ᠡ ᠢ᠋ᠢᠨ ᠨᠡᠭᠦᠷᠡᠰᠦ ᠬᠢᠮᠢ ᠢ᠋ᠢᠨ ᠠᠵᠤ ᠦᠢᠯᠡᠳᠪᠦᠷᠢ ᠤᠯᠤᠰ᠎ᠤᠨ ᠲᠡᠷᠢᠭᠦᠨ ᠤ᠋ ᠦᠢᠯᠡᠳᠬᠦ ᠦᠢᠯᠡᠰ᠎ᠤᠨ ᠪᠦᠯᠦᠭᠵᠢᠯ ᠢ᠋ᠢᠡᠷ ᠰᠣᠩᠭᠣᠭᠳᠠᠪᠠ

1 ᠠᠵᠤ ᠠᠬᠤᠶ᠋ᠢᠯᠠᠯ ᠤᠯᠤᠰ᠎ᠤᠨ ᠵᠠᠮᠴᠢᠯᠠᠬᠤ ᠲᠠᠰ᠎ᠤᠨ ᠤᠶᠤᠨᠲᠤ᠌ ᠦᠢᠯᠡᠳᠪᠦᠷᠢ ᠢ᠋ᠢ ᠪᠣᠶ᠋ᠢᠵᠢᠭᠤᠯᠬᠤ ᠨᠡᠷᠡᠰ ᠲᠤ᠌ ᠰᠣᠩᠭᠣᠭᠳᠠᠪᠠ

ᠰᠢᠨ᠎ᠡ ᠬᠡᠯᠪᠡᠷᠢ ᠢ᠋ᠢᠨ ᠡᠨᠧᠷᠭᠢ ᠬᠠᠳᠠᠭᠠᠯᠠᠬᠤ ᠮᠠᠰᠢᠨ ᠴᠤᠭᠴᠠᠯᠠᠪᠤᠷᠢ ᠵᠢᠨ ᠬᠡᠪᠴᠢᠶ᠎ᠠ᠂ ᠪᠣᠬᠢᠷᠲᠤᠯ ᠥᠬᠡᠶ ᠤᠰᠤᠲᠥᠶ᠋ᠷᠥᠭᠴᠢ ᠠᠮᠢᠨᠤ᠋ ᠠᠯᠺᠣᠣᠯ ᠦᠢᠯᠡᠳᠪᠦᠷᠢᠯᠡᠬᠦ ᠴᠢᠳᠠᠪᠤᠷᠢ᠂ ᠤᠶᠤᠨᠲᠤ᠌ ᠪᠣᠳᠣᠯᠲᠠ ᠢ᠋ᠢᠨ ᠬᠡᠪᠴᠢᠶ᠎ᠡ ᠪᠥᠬᠥ᠌ ᠤᠯᠤᠰ ᠲᠤ᠌ ᠲᠦᠷᠦᠭᠦᠯᠡᠪᠠ

9 ᠮᠢᠩᠭᠠᠨ ᠳ᠋ᠦᠩᠰᠢᠭᠤᠷ ᠲᠠᠰ᠂ 16 ᠵᠠᠭᠤᠨ ᠳ᠋ᠦᠩᠰᠢᠭᠤᠷ ᠲᠠᠰ᠎ᠤᠨ ᠠᠵᠤ ᠦᠢᠯᠡᠰ᠎ᠤᠨ ᠪᠦᠯᠦᠭᠵᠢᠯ ᠪᠤᠶᠤ ᠭᠣᠣᠯᠳᠠᠯᠭ᠎ᠠ ᠲᠠᠢ ᠠᠵᠤ ᠦᠢᠯᠡᠰ᠎ᠤᠨ ᠬᠡᠯᠬᠢᠶ᠎ᠡ ᠢ᠋ᠢ ᠪᠣᠶ᠋ᠢᠵᠢᠭᠤᠯᠤᠨ ᠪᠦᠷᠢᠯᠳᠦᠬᠦᠯᠪᠡ

ᠣᠨᠴᠠᠯᠢᠭᠲᠤ᠌ ᠮᠠᠯ ᠠᠵᠤ ᠠᠬᠤᠶ ᠲᠠᠷᠢᠶᠠᠯᠠᠩ ᠯᠠᠪᠳᠠᠭᠤᠨ ᠲᠤᠭᠳᠠᠭᠤᠨ ᠵᠢᠡᠷ ᠪᠥᠬᠥ᠌ ᠤᠯᠤᠰ᠎ᠤᠨ ᠲᠦᠷᠦᠭᠦᠨ ᠳ᠋ᠤ ᠵᠢᠭᠰᠠᠵᠤ᠂ ᠠᠮᠤ ᠪᠤᠳᠠᠭᠠᠨ ᠤ᠋ ᠤᠨᠠᠯᠲᠠ 840 ᠳ᠋ᠦᠩᠰᠢᠭᠤᠷ ᠵᠢᠩ ᠢ᠋ ᠳᠠᠪᠠᠵᠤ᠂ ᠪᠥᠬᠥ᠌ ᠤᠯᠤᠰ᠎ᠤᠨ ᠲᠠᠪᠤᠳᠤᠭᠠᠷ ᠲᠤ᠌ ᠤᠷᠤᠪᠠ

ᠦᠨᠢᠶᠡᠨ ᠰᠦ᠋᠂ ᠬᠣᠨᠢᠨ ᠮᠢᠬ᠎ᠠ᠂ ᠦᠬᠡᠷ᠎ᠤᠨ ᠮᠢᠬᠠᠨ ᠤ᠋ ᠭᠠᠷᠤᠯᠲᠠ ᠲᠣᠰᠪᠤᠷᠢ ᠪᠥᠬᠥ᠌ ᠤᠯᠤᠰ᠎ᠤᠨ 1/6᠂ 1/5 ᠪᠠ 1/8 ᠢ᠋ᠢ ᠡᠵᠡᠯᠡᠵᠦ᠍᠂ ᠯᠠᠪᠳᠠᠭᠤᠨ ᠲᠤᠭᠳᠠᠭᠤᠨ ᠵᠢᠡᠷ ᠪᠥᠬᠥ᠌ ᠤᠯᠤᠰ᠎ᠤᠨ ᠲᠦᠷᠦᠭᠦᠨ ᠳ᠋ᠤ ᠵᠢᠭᠰᠠᠪᠠ

ᠭᠣᠣᠯ ᠪᠣᠯᠬᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠢ᠋ ᠡᠳ᠋ᠰᠢᠭᠦᠯᠦᠨ ᠪᠤᠯᠪᠠᠰᠤᠷᠠᠭᠤᠯᠵᠤ ᠣᠨᠳᠣᠣᠰᠢᠭᠤᠯᠬᠤ ᠨᠣᠷᠮ᠎ᠠ 78% ᠳ᠋ᠤ ᠬᠦᠷᠪᠠ

ᠡᠳ᠋᠎ᠤᠨ ᠵᠠᠰᠠᠭ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠵᠠᠷᠤᠯᠭ᠎ᠠ ᠵᠢᠯ ᠳᠤᠮᠳᠠᠴᠢ ᠪᠡᠷ 26.8% ᠪᠡᠷ ᠨᠡᠮᠡᠭᠳᠡᠵᠦ᠍᠂ ᠰᠤᠳᠤᠯᠤᠨ ᠨᠡᠭᠡᠭᠡᠬᠦ᠌ ᠣᠷᠣᠭᠤᠯᠤᠯᠲᠠ ᠢ᠋ᠢᠨ ᠨᠡᠮᠡᠭᠳᠡᠯ᠎ᠤᠨ ᠬᠤᠷᠳᠤᠴᠠ ᠪᠥᠬᠥ᠌ ᠤᠯᠤᠰ᠎ᠤᠨ ᠡᠮᠦᠨ᠎ᠡ ᠡᠩᠨᠡᠭᠡᠨ ᠳ᠋ᠤ ᠣᠷᠣᠪᠠ

ᠣᠷᠣᠨ ᠪᠦᠰᠡ ᠢ᠋ᠢᠨ ᠰᠢᠨ᠎ᠡ ᠢ᠋ᠢ ᠡᠭᠦᠳᠬᠦ᠌ ᠳᠠᠯᠳᠠ ᠴᠢᠳᠠᠪᠤᠷᠢ ᠲᠠᠬᠡᠭᠰᠢᠯᠡᠨ ᠪᠥᠬᠥ᠌ ᠤᠯᠤᠰ᠎ᠤᠨ 19 ᠳ᠋ᠤᠭᠡᠷ ᠲᠤ᠌ ᠣᠷᠣᠵᠤ᠂ ᠰᠢᠨ᠎ᠡ ᠢ᠋ᠢ ᠡᠭᠦᠳᠬᠦ᠌ ᠳᠠᠯᠳᠠ ᠬᠦᠴᠦᠨ ᠪᠥᠬᠥ᠌ ᠤᠯᠤᠰ᠎ᠤᠨ ᠲᠦᠷᠦᠭᠦᠨ ᠳ᠋ᠤ ᠲᠡᠪᠰᠢᠨ ᠣᠷᠣᠪᠠ

ᠬᠣᠲᠠ ᠪᠠᠯᠭᠠᠰᠤᠵᠢᠯᠲᠠ ᠢ᠋ᠢᠨ ᠨᠣᠷᠮ᠎ᠠ 71.5% ᠳ᠋ᠤ ᠭᠦᠷᠪᠠ

ᠠᠮᠢ ᠠᠬᠤᠶ ᠢ᠋ᠢᠨ ᠪᠣᠯᠪᠠᠰᠤᠨ ᠤ᠋ ᠪᠠᠶ᠋ᠢᠭᠤᠯᠤᠯᠲᠠ ᠢ᠋ᠢᠨ ᠪᠠᠶ᠋ᠢᠯᠳᠤᠬᠤ ᠪᠣᠳᠣᠯᠭ᠎ᠠ ᠢ᠋ᠢᠨ ᠲᠣᠭᠲᠠᠯ ᠬᠦᠴᠦᠨ ᠢ᠋ ᠪᠠᠲᠤᠯᠠᠵᠤ᠂ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠪᠠ ᠵᠠᠰᠠᠯᠲᠠ ᠢ᠋ᠢ ᠴᠢᠩᠭᠠᠳᠬᠠᠵᠤ᠂ ᠦᠵᠡᠰᠬᠦᠯᠡᠩᠲᠦ᠍ ᠰᠠᠶ᠋ᠢᠬᠠᠨ ᠥᠪᠥᠷ ᠮᠣᠩᠭᠣᠯ᠎ᠤᠨ ᠪᠥᠲᠥᠭᠡᠨ ᠪᠠᠶ᠋ᠢᠭᠤᠯᠤᠯᠲᠠ ᠲᠡᠦᠬᠡᠲᠦ᠍ ᠴᠢᠨᠠᠷᠲᠠᠶ ᠠᠮᠵᠢᠯᠲᠠ ᠤᠯᠪᠠ

《ᠤᠮᠠᠷᠠᠲᠤ᠌ ᠢ᠋ᠢᠨ ᠭᠤᠷᠪᠠᠨ ᠤᠷᠤᠨ》 ᠤ᠋ ᠢᠨᠵᠧᠨᠧᠷᠢᠩ ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ ᠢ᠋ ᠰᠠᠶ᠋ᠢᠲᠤᠷ ᠬᠢᠵᠦ᠍᠂ 1.48 ᠳ᠋ᠦᠩᠰᠢᠭᠤᠷ ᠮᠤ᠌ ᠢ᠋ᠢᠨ ᠠᠮᠢ ᠠᠬᠤᠢ ᠢ᠋ᠢᠨ ᠪᠦᠲᠦᠭᠡᠨ ᠪᠠᠶ᠋ᠢᠭᠤᠯᠤᠯᠲᠠ ᠢ᠋ᠢ ᠪᠡᠶᠡᠯᠡᠭᠦᠯᠵᠤ᠂ ᠡᠭᠦᠨ ᠳ᠋ᠤ ᠡᠯᠡᠰᠦᠷᠬᠡᠭᠵᠢᠯ ᠢ᠋ ᠰᠡᠷᠭᠡᠶ᠋ᠢᠯᠡᠨ ᠡᠯᠡᠰᠦ ᠢ᠋ᠢ ᠵᠠᠰᠠᠭᠰᠠᠨ ᠲᠠᠯᠠᠪᠠᠢ 7348 ᠲᠦᠮᠡᠨ ᠮᠦ᠍ ᠪᠠᠶ᠋ᠢᠵᠤ᠂ ᠴᠥᠮ ᠪᠦᠬᠦ᠌ ᠤᠯᠤᠰ᠎ᠤᠨ ᠲᠦᠷᠦᠭᠦᠨ ᠳ᠋ᠤ ᠣᠷᠣᠪᠠ

ᠬᠠᠲᠤᠨ ᠭᠤᠤᠯ᠎ᠤᠨ 《ᠶᠡᠬᠡ ᠲᠣᠬᠣᠶ》 ᠢ᠋ᠢᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠂ ᠬᠣᠷᠴᠢᠨ ᠪᠠ ᠬᠤᠯᠠᠨ ᠰᠢᠷᠭ᠎ᠠ ᠲᠠᠭ᠎ᠠ ᠬᠤᠶᠠᠷ ᠶᠡᠬᠡ ᠡᠯᠡᠰᠦᠷᠬᠡᠭ ᠭᠠᠵᠠᠷ᠎ᠤᠨ ᠰᠥᠨᠥᠭᠡᠯᠲᠠ ᠢ᠋ᠢᠨ ᠳᠠᠶ᠋ᠢᠯᠠᠯᠳᠤᠭᠠᠨ᠂ ᠡᠾᠸᠰᠢ ᠢ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠬᠦᠪᠡᠭᠡ ᠵᠠᠬ᠎ᠠ ᠢ᠋ᠢᠨ ᠬᠤᠷᠢᠭᠯᠠᠯᠲᠠ ᠢ᠋ᠢᠨ ᠳᠠᠢᠯᠠᠯᠳᠤᠭᠠᠨ ᠤ᠋ ᠠᠬᠢᠴᠠ ᠲᠣᠰᠪᠤᠷᠢ 55.93%᠂ 54.14% ᠪᠠ 64.12% ᠲᠦ᠍ ᠬᠥᠷᠪᠡ

ᠳ᠋ᠸᠩᠺᠸᠤ ᠢ᠋ᠢᠨ ᠵᠠᠭᠪᠤᠷ᠂ ᠬᠥᠪᠴᠢ ᠢ᠋ᠢᠨ ᠵᠠᠭᠪᠤᠷ ᠪᠥᠬᠥ᠌ ᠤᠯᠤᠰ᠎ᠤᠨ ᠡᠯᠡᠰᠦᠷᠬᠡᠭᠵᠢᠯ ᠢ᠋ ᠰᠡᠷᠭᠡᠶ᠋ᠢᠯᠡᠵᠦ᠍ ᠡᠯᠡᠰᠦ ᠢ᠋ᠢ ᠵᠠᠰᠠᠬᠤ ᠥᠯᠢᠭᠡᠷ ᠵᠠᠭᠪᠤᠷ ᠪᠣᠯᠪᠠ

ᠬᠦᠯᠦᠨ ᠨᠠᠭᠤᠷ᠂ ᠳᠠᠭ᠎ᠠ ᠢ᠋ᠢᠨ ᠨᠠᠭᠤᠷ᠂ ᠤᠯᠠᠭᠠᠨᠰᠤᠬᠠᠢ᠂ ᠴᠠᠭᠠᠨᠨᠠᠭᠤᠷ᠂ ᠬᠢᠬᠢᠷᠢ ᠢ᠋ᠢᠨ ᠨᠠᠭᠤᠷ ᠵᠡᠷᠭᠡ ᠨᠠᠭᠤᠷ ᠪᠦᠷᠢᠳᠦ ᠨᠤᠭᠤ ᠭᠠᠵᠠᠷ᠎ᠤᠨ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠶ᠋ᠢᠵᠢᠷᠠᠪᠠ

ᠬᠠᠲᠤᠨ ᠭᠣᠣᠯ᠎ᠤᠨ ᠭᠣᠣᠯ ᠤᠷᠤᠰᠬᠠᠯ᠎ᠤᠨ ᠥᠪᠥᠷ ᠮᠣᠩᠭᠣᠯ ᠳ᠋ᠡᠬᠢ ᠬᠡᠰᠡᠭ᠎ᠤᠨ ᠤᠰᠤᠨ ᠤ᠋ ᠴᠢᠨᠠᠷⅡᠲᠥᠷᠥᠯ ᠳ᠋ᠤ ᠲᠣᠭᠲᠠᠪᠤᠷᠢᠵᠢᠪᠠ

27 ᠵᠢᠯ ᠤᠷᠤᠰᠬᠠᠯ ᠲᠠᠰᠤᠷᠠᠭᠰᠠᠨ ᠪᠠᠷᠠᠭᠤᠨ ᠯᠢᠶᠣᠤᠾᠧ ᠭᠣᠣᠯ ᠪᠦᠬᠦ ᠱᠤᠭᠤᠮ ᠢ᠋ᠶ᠋ᠠᠷ ᠢ᠋ᠶ᠋ᠡᠨ ᠤᠰᠤ ᠲᠠᠢ ᠪᠤᠯᠪᠠ

3 ᠵᠢᠯ ᠳᠠᠷᠠᠭᠠᠯᠠᠨ ᠤᠯᠤᠰ᠎ᠤᠨ ᠪᠣᠬᠢᠷᠲᠤᠯ ᠢ᠋ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ ᠳᠠᠢᠯᠠᠯᠳᠤᠭᠠᠨ ᠤ᠋ ᠦᠷ᠎ᠡ ᠪᠦᠲᠦᠮᠵᠢ ᠵᠢᠨ ᠬᠢᠨᠠᠨ ᠰᠢᠯᠭᠠᠯᠲᠠ ᠳ᠋ᠦ ᠰᠢᠯᠢᠳᠡᠭ ᠲᠠᠰ ᠢ᠋ᠶ᠋ᠠᠷ ᠦᠨᠡᠯᠡᠭᠳᠡᠪᠡ

ᠡᠷᠡᠰ ᠭᠤᠢᠪᠢᠰᠢ ᠦᠭᠡᠢ ᠪᠡᠷ ᠥᠭᠡᠷᠡᠴᠢᠯᠡᠯᠲᠡ ᠵᠢ ᠭᠦᠨᠵᠡᠭᠡᠢᠷᠡᠭᠦᠯᠤᠨ᠂ ᠨᠡᠭᠡᠭᠡᠯᠲᠡ ᠵᠢ ᠥᠷᠭᠡᠳᠬᠡᠵᠤ᠂ ᠠᠵᠤ ᠠᠬᠤᠢ ᠨᠡᠢᠭᠡᠮ᠎ᠤᠨ ᠬᠥᠭᠵᠢᠯᠲᠡ ᠵᠢᠨ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ᠎ᠢ  ᠢᠯᠡᠳᠲᠡ ᠴᠢᠩᠭᠠᠷᠠᠭᠤᠯᠪᠠ

ᠨᠠᠮ᠎ᠤᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠭᠤᠷᠪᠠᠳᠤᠭᠠᠷ ᠪᠥᠬᠥᠳᠡ ᠬᠤᠷᠠᠯ ᠡᠴᠡ ᠪᠠᠢᠷᠢᠯᠠᠭᠤᠯᠵᠤ ᠲᠤᠭᠳᠠᠭᠠᠭᠰᠠᠨ ᠥᠭᠡᠷᠡᠴᠢᠯᠡᠯᠲᠡ ᠵᠢᠨ ᠡᠭᠦᠷᠭᠡ ᠵᠢᠨ 70% ᠵᠢ ᠪᠡᠶᠡᠯᠡᠭᠦᠯᠪᠡ

ᠥᠪᠥᠷ ᠮᠣᠩᠭᠣᠯ᠎ᠤᠨ ᠠᠷᠠᠯᠵᠢᠶᠠᠴᠢᠳ·ᠱᠦᠵᠢ ᠲᠡᠷᠢᠭᠦᠯᠡᠭᠴᠢ ᠨᠢᠭᠤᠷᠳᠠᠨ ᠶᠠᠷᠢᠯᠴᠠᠬᠤ ᠬᠤᠷᠠᠯ᠎ᠤᠨ ᠲᠣᠭᠲᠠᠴᠠ ᠵᠢ ᠰᠢᠨᠡᠴᠢᠯᠡᠨ ᠪᠠᠢᠭᠤᠯᠪᠠ

ᠲᠣᠭᠠᠴᠢᠯᠠᠭᠰᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ ᠭᠦᠨᠵᠡᠭᠡᠢᠷᠡᠨ ᠠᠬᠢᠵᠤ᠂ ᠳ᠋ᠠᠢᠲ᠋ᠠ ᠵᠢᠨ ᠠᠷᠠᠯᠵᠢᠶᠠᠨ ᠤ᠋ ᠬᠡᠮᠵᠢᠶ᠎ᠡ ᠪᠠ ᠵᠣᠭᠣᠰ᠎ᠤᠨ ᠲᠣᠭ᠎ᠠ ᠶᠡᠬᠡ ᠪᠡᠷ ᠨᠡᠮᠡᠭᠳᠡᠪᠡ

《ᠰᠣᠳᠣᠨ ᠴᠢᠳᠠᠪᠤᠷᠢᠲᠠᠨ ᠢ᠋ᠶ᠋ᠠᠷ ᠥᠪᠥᠷ ᠮᠣᠩᠭᠣᠯ ᠢ᠋ᠶ᠋ᠠᠨ ᠮᠠᠨᠳᠤᠭᠤᠯᠬᠤ》 ᠢᠨᠵᠧᠨᠧᠷᠢᠩ ᠢ᠋ ᠬᠡᠷᠡᠭᠵᠢᠭᠦᠯᠵᠦ᠂ ᠳᠡᠭᠡᠳᠦ ᠲᠠᠰ᠎ᠤᠨ ᠴᠢᠳᠠᠪᠤᠷᠢᠲᠠᠨ ᠢ᠋ 9073 ᠨᠡᠷᠡᠰ ᠮᠠᠭᠠᠳᠯᠠᠨ ᠲᠣᠭᠲᠠᠭᠠᠵᠤ᠂ 2 ᠬᠥᠮᠥᠨ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠪᠡᠷ ᠰᠣᠩᠭᠣᠭᠳᠠᠵᠤ᠂ ᠮᠠᠨ ᠤ᠋ ᠣᠷᠣᠨ 30 ᠵᠢᠯ ᠳ᠋ᠤ ᠦᠪᠡᠷ ᠵᠢᠡᠨ ᠠᠺᠠᠳᠧᠮᠢᠴᠢ ᠬᠦᠮᠦᠵᠢᠬᠦᠯᠵᠤ ᠲᠡᠢᠯᠦᠭᠰᠡᠨ ᠦᠬᠡᠢ ᠰᠢᠪᠳᠤᠯᠤᠯᠳᠠ ᠵᠢ ᠪᠡᠶᠡᠯᠡᠭᠦᠯᠪᠡ

ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ ᠤ᠋ ᠲᠤᠷᠰᠢᠯᠲᠠ ᠵᠢᠨ ᠣᠷᠣᠨ ᠤ᠋ ᠵᠦᠪᠰᠢᠶᠡᠷᠡᠯ ᠢ᠋ ᠤᠯᠵᠤ ᠪᠦᠲᠦᠭᠡᠨ ᠪᠠᠶ᠋ᠢᠭᠤᠯᠪᠠ

ᠳᠤᠮᠳᠠᠳᠤ ᠡᠸᠦ᠋ᠷᠦᠫᠡ (ᠠᠽᠢᠶ᠎ᠠ) ᠵᠢᠨ ᠵᠢᠰᠢᠶᠠᠨ ᠤ᠋ ᠭᠠᠯᠲᠤ ᠲᠡᠷᠭᠡ ᠵᠢᠨ ᠨᠡᠪᠳᠡᠷᠡᠬᠦ ᠲᠣᠭ᠎ᠠ 8 ᠬᠤᠪᠢ ᠰᠢᠬᠠᠮ ᠨᠡᠮᠡᠭᠳᠡᠪᠡ

ᠬᠠᠭᠤᠷᠠᠢ ᠵᠠᠮ᠎ᠤᠨ ᠬᠢᠯᠢ ᠵᠢᠨ ᠪᠣᠭᠣᠮᠲᠠ ᠵᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠪᠦᠬᠦ ᠤᠯᠤᠰ᠎ᠤᠨ ᠬᠠᠭᠠᠰ ᠡᠴᠡ ᠳᠡᠭᠡᠭᠰᠢᠬᠢ ᠵᠢ ᠡᠵᠡᠯᠡᠪᠡ

ᠬᠢᠯᠢ ᠪᠡᠷ ᠣᠷᠣᠵᠤ ᠢᠷᠡᠭᠰᠡᠨ ᠪᠦᠬᠡᠮ ᠡᠬᠢ ᠪᠠᠶᠠᠯᠢᠭ᠋ ᠢ᠋ ᠨᠤᠲᠤᠭᠰᠢᠭᠤᠯᠤᠨ ᠡᠳ᠋ᠰᠢᠭᠦᠯᠬᠦ ᠬᠡᠪᠴᠢᠶ᠎ᠡ 2 ᠳᠠᠬᠢᠨ ᠢ᠋ᠶ᠋ᠠᠷ ᠨᠡᠮᠡᠭᠳᠡᠵᠦ᠂ ᠭᠠᠳᠠᠭᠠᠳᠤ ᠤᠷᠤᠭᠤᠯᠳᠠ ᠭᠠᠷᠭᠠᠯᠳᠠ ᠵᠢᠨ ᠶᠡᠷᠦᠩᠬᠡᠢ ᠬᠡᠮᠵᠢᠶ᠎ᠠ 2 ᠳᠠᠬᠢᠨ ᠨᠡᠮᠡᠭᠳᠡᠪᠠ

ᠠᠷᠠᠯᠵᠢᠶᠡᠴᠢᠨ ᠤᠷᠢᠵᠤ ᠪᠤᠳᠠᠳᠠᠢ ᠪᠡᠯᠡ ᠮᠦᠩᠬᠦ ᠣᠷᠣᠭᠤᠯᠤᠨ ᠠᠪᠴᠢᠷᠠᠭᠰᠠᠨ ᠬᠡᠮᠵᠢᠶ᠎ᠠ ᠨᠡᠶ᠋ᠢᠲᠡ 2.5 ᠲᠦᠮᠡᠨ ᠳ᠋ᠦᠩᠰᠢᠭᠤᠷ ᠲᠥᠭᠥᠷᠢᠭ  ᠢ᠋ ᠳᠠᠪᠠᠵᠤ᠂ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 196 ᠳ᠋ᠦᠩᠰᠢᠭᠤᠷ ᠲᠥᠭᠥᠷᠢᠭ ᠲᠦ᠍ ᠬᠦᠷᠪᠠ

ᠪᠡᠭᠡᠵᠢᠩ ᠥᠪᠥᠷ ᠮᠣᠩᠭᠣᠯ᠎ᠤᠨ ᠵᠡᠭᠦᠨ ᠪᠠᠷᠠᠭᠤᠨ ᠬᠡᠰᠡᠭ᠎ᠤᠨ ᠬᠠᠮᠵᠢᠯᠴᠠᠭ᠎ᠠ 8 ᠵᠢᠯ ᠳᠠᠷᠠᠭᠠᠯᠠᠨ ᠤᠯᠤᠰ᠎ᠤᠨ ᠬᠢᠨᠠᠨ ᠰᠢᠯᠭᠠᠯᠲᠠ ᠦᠨᠡᠯᠡᠯᠲᠡ ᠳ᠋ᠦ 《ᠰᠠᠢᠨ》  ᠳᠡᠰ ᠲᠦ᠍ ᠤᠷᠤᠬᠤ ᠵᠢ ᠪᠠᠲᠤᠯᠠᠪᠠ

ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ ᠢ᠋ ᠶᠡᠬᠡ ᠪᠡᠷ ᠬᠥᠭᠵᠢᠭᠦᠯᠵᠦ᠂ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ ᠪᠡᠷ ᠵᠠᠰᠠᠬᠤ ᠪᠠᠢᠭᠤᠯᠤᠯᠲᠠ ᠵᠢ ᠠᠬᠢᠭᠤᠯᠵᠤ᠂ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠬᠤ ᠬᠠᠮᠲᠤᠷᠠᠯ ᠬᠦᠴᠦᠨ ᠢ᠋ ᠥᠷᠭᠡᠨ ᠲᠠᠯᠬᠡᠷ ᠢ᠋ᠶ᠋ᠡᠷ ᠨᠢᠭ᠍ᠲᠠᠷᠠᠭᠤᠯᠪᠠ

ᠥᠪᠡᠷᠲᠡᠭᠡᠨ ᠵᠠᠰᠠᠬᠤ ᠣᠷᠣᠨ ᠤ᠋ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠨᠢ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠦᠳᠦᠬᠡᠨ ᠪᠠᠶ᠋ᠢᠭᠤᠯᠬᠤ᠂ ᠲᠠᠪᠤᠨ ᠶᠡᠬᠡ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠨᠠᠢᠳᠠᠪᠤᠷᠢᠵᠢᠭᠤᠯᠬᠤ ᠲᠣᠭᠣᠷᠢᠨ ᠳ᠋ᠦ 6 ᠠᠬᠢᠭᠤᠯᠬᠤ ᠳᠦᠷᠢᠮ ᠢ᠋ ᠨᠡᠢᠲᠡᠯᠡᠵᠦ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ  ᠢ᠋ 164 ᠬᠤᠪᠢ (ᠤᠳᠠᠭ᠎ᠠ) ᠵᠢ ᠲᠣᠭᠲᠠᠭᠠᠵᠦ᠂ ᠵᠠᠰᠠᠪᠤᠷᠢ ᠣᠷᠣᠭᠤᠯᠤᠭᠰᠠᠨ ᠪᠤᠶᠤ ᠬᠦᠴᠦᠨ ᠦᠭᠡᠢ ᠪᠣᠯᠭᠠᠪᠠ

ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠤ ᠵᠢᠨ ᠵᠥᠪᠯᠡᠯᠭᠡᠨ ᠨᠢ ᠵᠥᠪᠯᠡᠬᠦ ᠠᠵᠢᠯᠯᠠᠭ᠎ᠠ ᠵᠢ 69 ᠵᠦᠢᠯ ᠥᠷᠨᠢᠭᠦᠯᠵᠦ᠂ ᠪᠡᠭᠡᠵᠢᠩ ᠥᠪᠥᠷ ᠮᠣᠩᠭᠣᠯ᠎ᠤᠨ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ ᠤ᠋ ᠬᠠᠮᠵᠢᠯᠴᠠᠭ᠎ᠠ ᠵᠢ ᠳᠡᠮᠵᠢᠬᠦ᠂ 《ᠤᠯᠤᠰ ᠲᠥᠷᠤ ᠵᠢᠨ ᠵᠥᠪᠯᠡᠯᠭᠡᠨ + ᠰᠢᠭᠦᠬᠦ ᠬᠣᠷᠢᠶ᠎ᠠ》 ᠶ᠋ᠢᠨ ᠵᠠᠭᠤᠷᠠᠯᠳᠤᠭᠠᠨ ᠢ᠋ ᠰᠢᠢᠳᠪᠦᠷᠢᠯᠡᠬᠦ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ

ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠰᠢᠯ ᠢ᠋ ᠲᠡᠭᠦᠯᠳᠡᠷᠵᠢᠭᠦᠯᠪᠡ

ᠠᠵᠢᠯᠴᠢᠨ ᠤ᠋ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢᠴᠦᠳ᠎ᠤᠨ ᠬᠣᠯᠪᠣᠭ᠎ᠠ ᠵᠡᠷᠭᠡ ᠣᠯᠠᠨ ᠲᠦᠮᠡᠨᠴᠢ ᠪᠦᠯᠬᠦᠮ᠎ᠤᠨ ᠵᠣᠬᠢᠶᠠᠨ ᠪᠠᠢᠭᠤᠯᠤᠯᠲᠠ ᠵᠢᠨ ᠬᠥᠭᠥᠷᠭᠡ ᠬᠣᠯᠪᠣᠭᠠᠰᠤ ᠵᠢᠨ ᠦᠢᠯᠡᠳᠦᠯ ᠢ᠋ ᠪᠦᠲᠦᠮᠵᠢᠲᠡᠢ ᠪᠠᠳᠠᠷᠠᠭᠤᠯᠪᠠ

ᠨᠡᠢᠭᠡᠮ ᠵᠢᠷᠤᠮ᠎ᠤᠨ ᠰᠣᠶᠣᠯ ᠢ᠋ ᠴᠡᠴᠡᠭᠯᠡᠬᠦᠯᠦᠨ ᠬᠦᠭᠵᠢᠬᠦᠯᠵᠤ᠂ ᠬᠠᠮᠲᠤ ᠵᠢᠨ ᠣᠶᠤᠨ ᠰᠠᠨᠠᠭᠠᠨ ᠤ᠋ ᠭᠡᠷ ᠣᠷᠣᠨ ᠢ᠋ ᠴᠣᠭᠴᠠᠯᠠᠨ ᠪᠠᠢᠭᠤᠯᠵᠤ᠂ ᠪᠦᠯᠬᠦᠮᠳᠡᠨ ᠲᠡᠮᠡᠴᠡᠬᠦ ᠬᠠᠮᠲᠤ ᠵᠢᠨ ᠦᠵᠡᠯ ᠰᠠᠨᠠᠭᠠᠨ ᠤ᠋ ᠰᠠᠭᠤᠷᠢ ᠵᠢ ᠦᠷᠭᠦᠯᠵᠢᠯᠡᠨ ᠪᠡᠬᠢᠵᠢᠭᠦᠯᠪᠡ

ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠭᠣᠣᠯ ᠰᠡᠳᠦᠪᠲᠦ ᠤᠬᠠᠭᠤᠯᠭ᠎ᠠ ᠵᠢ ᠭᠦᠨᠵᠡᠭᠡᠢ ᠥᠷᠨᠢᠭᠦᠯᠪᠡ

ᠦᠵᠡᠯ ᠤᠬᠠᠮᠰᠠᠷ᠎ᠤᠨ ᠬᠡᠯᠪᠡᠷᠢ ᠵᠢᠨ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ ᠪᠠ ᠬᠠᠮᠢᠶᠠᠷᠤᠯᠲᠠ ᠵᠢ ᠪᠦᠬᠦ ᠲᠠᠯ᠎ᠠ ᠪᠠᠷ ᠴᠢᠩᠭᠠᠳᠬᠠᠪᠠ

ᠪᠥᠬᠥ ᠤᠯᠤᠰ ᠲᠦ᠍ ᠡᠩ ᠲᠡᠷᠢᠭᠦᠨ ᠳ᠋ᠦ ᠲᠤᠰᠬᠠᠢ ᠤᠷᠤᠨ ᠤ᠋ ᠳᠡᠰ᠎ᠤᠨ ᠬᠣᠲᠠ ᠵᠢᠨ ᠱᠠᠲᠤᠨ ᠤ᠋ ᠬᠠᠮ ᠵᠠᠭᠤᠴᠢᠯᠠᠭᠤᠷ᠎ᠤᠨ ᠲᠥᠪ᠎ᠤᠨ ᠪᠦᠲᠦᠭᠡᠨ ᠪᠠᠢᠭᠤᠯᠤᠯᠲᠠ ᠵᠢ ᠨᠠᠢᠲᠠᠮ  ᠪᠦᠷᠬᠦᠭᠦᠯᠬᠦ ᠵᠢ ᠪᠡᠶᠡᠯᠡᠭᠦᠯᠪᠡ

ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ᠎ᠤᠨ ᠦᠵᠡᠯᠲᠡ ᠵᠢ ᠪᠠᠳᠠᠷᠠᠭᠤᠯᠵᠤ᠂ ᠬᠣᠲᠠ ᠬᠥᠳᠡᠭᠡ ᠵᠢᠨ ᠣᠶᠤᠨ ᠤ᠋ ᠪᠣᠯᠪᠠᠰᠤᠨ ᠤ᠋ ᠪᠠᠢᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠪᠠ

ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠭᠰᠠᠨ ᠦᠯᠢᠭᠡᠷ ᠢ᠋ ᠰᠠᠢᠲᠤᠷ ᠶᠠᠷᠢᠵᠤ᠂ 《ᠤᠮᠠᠷᠠᠲᠤ ᠵᠢᠨ ᠭᠤᠷᠪᠠᠨ ᠣᠷᠣᠨ ᠤ᠋ ᠵᠣᠷᠢᠭ᠋ ᠰᠠᠨᠠᠭ᠎ᠠ》 ᠪᠡᠷ ᠠᠵᠢᠯ ᠬᠢᠵᠦ ᠦᠢᠯᠡᠰ ᠪᠣᠰᠬᠠᠬᠤ ᠵᠢ ᠵᠣᠷᠢᠭ᠍ᠵᠢᠭᠤᠯᠪᠠ

200 ᠭᠠᠷᠤᠢ ᠤᠳᠬ᠎ᠠ ᠤᠷᠠᠯᠢᠭ᠋᠎ᠤᠨ ᠪᠦᠲᠦᠭᠡᠯ 《ᠲᠠᠪᠤᠨ ᠨᠢᠭᠡ ᠢᠨᠵᠧᠨᠧᠷᠢᠩ》᠎ᠤᠨ ᠱᠠᠩᠨᠠᠯ᠂ ᠸᠸᠨ ᠬᠤᠸᠠ ᠱᠠᠩᠨᠠᠯ᠂ ᠯᠦ᠍ ᠰᠢᠶᠦ᠋ᠨ ᠤᠳᠬ᠎ᠠ ᠵᠣᠬᠢᠶᠠᠯ᠎ᠤᠨ ᠱᠠᠩᠨᠠᠯ᠂ ᠯᠢᠩᠬᠤ᠎ᠠ ᠱᠠᠩᠨᠠᠯ ᠵᠡᠷᠭᠡ ᠤᠯᠤᠰ᠎ᠤᠨ ᠲᠠᠰ᠎ᠤᠨ ᠴᠢᠬᠤᠯᠠ ᠱᠠᠩᠨᠠᠯ ᠢ᠋ ᠭᠥᠷᠳᠡᠪᠡ

4A ᠳᠡᠰ ᠡᠴᠡ ᠳᠡᠭᠡᠭᠰᠢᠬᠢ ᠦᠵᠡᠮᠵᠢ ᠵᠢᠨ ᠣᠷᠣᠨ ᠤ᠋ ᠲᠣᠭ᠎ᠠ 42.6% ᠪᠡᠷ ᠨᠡᠮᠡᠭᠳᠡᠵᠦ᠂ 193 ᠪᠣᠯᠪᠠ

ᠤᠯᠤᠰ᠎ᠤᠨ ᠳᠣᠲᠣᠭᠠᠳᠤ ᠭᠠᠳᠠᠭᠠᠳᠤ ᠵᠢᠨ ᠵᠢᠭᠤᠯᠴᠢᠯᠠᠭ᠍ᠰᠡᠳ ᠢ᠋ ᠨᠡᠶ᠋ᠢᠲᠡ 10 ᠳ᠋ᠦᠩᠰᠢᠭᠤᠷ ᠭᠠᠷᠤᠢ ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ᠎ᠤᠨ  ᠶᠡᠷᠤᠩᠬᠡᠢ ᠵᠠᠷᠤᠳᠠᠯ ᠨᠢ 1.5 ᠲᠦᠮᠡᠨ ᠳ᠋ᠦᠩᠰᠢᠭᠤᠷ ᠲᠥᠭᠥᠷᠢᠭ ᠲᠦ᠍ ᠬᠦᠷᠪᠡ

ᠮᠠᠨ ᠤ᠋ ᠣᠷᠣᠨ ᠤ᠋ ᠲᠠᠮᠢᠷᠴᠢᠳ ᠫᠠᠷᠢᠰ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭᠠᠨ᠂ ᠵᠡᠮᠳᠡᠭᠴᠦᠳ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭᠠᠨ ᠳ᠋ᠦ ᠲᠡᠦᠬᠡ ᠵᠢᠨ ᠬᠠᠮᠤᠭ᠎ᠤᠨ ᠰᠠᠢᠨ ᠬᠢᠷᠢ ᠪᠦᠲᠦᠮᠵᠢ ᠵᠢ ᠤᠯᠪᠠ

ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠢ᠋ ᠦᠷᠭᠦᠯᠵᠢᠯᠡᠨ ᠨᠡᠮᠡᠭᠳᠡᠭᠦᠯᠵᠦ᠂ ᠬᠠᠮᠲᠤ ᠪᠠᠷ ᠪᠠᠶᠠᠵᠢᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠨᠤᠭᠦᠳ᠎ᠤᠨ ᠣᠯᠠᠨ ᠲᠦᠮᠡᠨ ᠤ᠋ ᠬᠦᠷᠲᠡᠮᠵᠢ ᠵᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ᠋ ᠲᠥᠷᠥᠭᠳᠡᠯ ᠢ᠋ ᠨᠠᠩ ᠭᠦᠢᠴᠡᠳ ᠪᠣᠯᠭᠠᠪᠠ

《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠵᠣᠬᠢᠶᠠᠨ ᠪᠠᠢᠭᠤᠯᠤᠨ ᠬᠡᠷᠡᠭᠵᠢᠭᠦᠯᠵᠦ᠂ ᠬᠣᠲᠠ ᠪᠠᠯᠭᠠᠰᠤᠨ ᠳ᠋ᠦ ᠨᠡᠶ᠋ᠢᠲᠡ 124.5 ᠲᠦᠮᠡᠨ ᠬᠥᠮᠥᠨ ᠳ᠋ᠦ ᠰᠢᠨ᠎ᠡ ᠪᠡᠷ ᠠᠵᠢᠯ ᠣᠯᠭᠣᠪᠠ

ᠰᠠᠭᠤᠭᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 4.19 ᠲᠦᠮᠡᠨ ᠲᠥᠭᠥᠷᠢᠭ ᠲᠦ᠍ ᠬᠦᠷᠴᠦ᠂ ᠪᠦᠬᠦ ᠤᠯᠤᠰ᠎ᠤᠨ ᠶᠢᠰᠦᠳᠦᠭᠡᠷ ᠲᠦ᠍ ᠣᠷᠣᠪᠠ

ᠰᠠᠭᠤᠷᠢ ᠰᠤᠷᠭᠠᠨ ᠬᠥᠮᠦᠵᠢᠯ ᠢ᠋ 《ᠦᠨᠳᠦᠰᠦᠨ ᠳ᠋ᠡᠭᠡᠨ ᠲᠡᠩᠴᠡᠭᠦᠷᠢᠲᠡᠢ》 ᠪᠠᠢᠭᠰᠠᠨ ᠡᠴᠡ 《ᠴᠢᠨᠠᠷ ᠰᠠᠢᠲᠠᠢ ᠲᠡᠩᠴᠡᠭᠦᠷᠢᠲᠡᠢ》 ᠪᠣᠯᠭᠠᠨ ᠬᠤᠪᠢᠷᠠᠭᠤᠯᠬᠤ ᠵᠢ ᠲᠦᠷᠭᠡᠳᠬᠡᠪᠡ

ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ᠎ᠤᠨ ᠴᠡᠴᠡᠷᠯᠢᠭ ᠲᠦ᠍ ᠣᠷᠣᠭᠰᠠᠨ ᠪᠦᠬᠦ ᠨᠤᠷᠮ᠎ᠠ᠂ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ ᠢ᠋ ᠪᠡᠬᠢᠵᠢᠭᠦᠯᠦᠭᠰᠡᠨ ᠨᠤᠷᠮ᠎ᠠ᠂ ᠥᠨᠳᠥᠷ ᠵᠡᠷᠭᠡ ᠵᠢᠨ ᠳᠤᠮᠳᠠᠳᠤ ᠰᠤᠷᠭᠠᠭᠤᠯᠢ ᠵᠢᠨ ᠱᠠᠲᠤᠨ ᠤ᠋ ᠰᠤᠷᠭᠠᠭᠤᠯᠢ ᠳ᠋ᠦ ᠣᠷᠣᠭᠰᠠᠨ ᠪᠦᠬᠦ ᠨᠤᠷᠮ᠎ᠠ ᠨᠢ ᠴᠥᠮ ᠪᠦᠬᠦ ᠤᠯᠤᠰ᠎ᠤᠨ ᠳᠤᠮᠳᠠᠴᠢ ᠲᠦᠪᠰᠢᠨ ᠡᠴᠡ ᠲᠠᠪᠠᠪᠠ

ᠤᠯᠤᠰ᠎ᠤᠨ ᠣᠷᠣᠨ ᠪᠦᠰᠡ ᠵᠢᠨ ᠡᠮᠴᠢᠯᠡᠭᠡᠨ ᠤ᠋ ᠲᠥᠪ ᠢ᠋ 4 ᠪᠠᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠲᠤᠰᠬᠠᠢ ᠮᠡᠷᠭᠡᠵᠢᠯ᠎ᠤᠨ ᠣᠷᠣᠨ ᠪᠦᠰᠡ ᠵᠢᠨ ᠡᠮᠴᠢᠯᠡᠭᠡᠨ ᠤ᠋ ᠲᠥᠪ ᠢ᠋ 39 ᠪᠠᠢᠷᠢᠯᠠᠭᠤᠯᠪᠠ

ᠶᠠᠳᠠᠭᠤ ᠡᠴᠡ ᠠᠩᠭᠢᠵᠢᠷᠠᠭᠰᠠᠨ 57 ᠬᠣᠰᠢᠭᠤ ᠰᠢᠶᠠᠨ ᠤ᠋ 77.1 ᠲᠦᠮᠡᠨ ᠪᠠᠭ᠎ᠠ ᠰᠤᠷᠭᠠᠭᠤᠯᠢ ᠵᠢᠨ ᠰᠤᠷᠤᠭ᠍ᠴᠢ ᠪᠣᠯᠣᠨ ᠴᠡᠴᠡᠷᠯᠢᠭ᠎ᠤᠨ ᠬᠡᠦᠬᠡᠳ ᠲᠦ᠍ ᠡᠳᠦᠷ ᠪᠦᠷᠢ 《ᠨᠢᠭᠡ ᠴᠣᠮᠣ᠌ ᠰᠦ》 ᠬᠠᠩᠭᠠᠪᠠ

ᠬᠡᠦᠬᠡᠳ ᠬᠦᠮᠦᠵᠢᠬᠦᠯᠬᠦ ᠨᠥᠬᠥᠪᠦᠷᠢ ᠨᠢ 3 ᠨᠠᠰᠤᠨ ᠡᠴᠡ ᠳᠣᠷᠣᠭ᠍ᠰᠢᠬᠢ 90.18 ᠲᠦᠮᠡᠨ ᠨᠢᠯᠬ᠎ᠠ ᠬᠡᠦᠬᠡᠳ (ᠤᠳᠠᠭ᠎ᠠ) ᠲᠦ᠍ ᠠᠰᠢᠭ᠋ ᠬᠦᠷᠲᠡᠭᠡᠪᠡ

ᠬᠦᠴᠢᠷᠳᠡᠯᠲᠡᠢ ᠵᠡᠮᠳᠡᠭᠴᠦᠳ᠎ᠤᠨ ᠠᠮᠢᠳᠤᠷᠠᠯ᠎ᠤᠨ ᠨᠥᠬᠥᠪᠦᠷᠢ ᠪᠠ ᠬᠦᠨᠳᠦ ᠵᠡᠮᠳᠡᠭᠴᠦᠳ᠎ᠤᠨ ᠰᠤᠪᠢᠯᠠᠯᠲᠠ ᠵᠢᠨ ᠨᠥᠬᠥᠪᠦᠷᠢ ᠨᠢ 202.6 ᠲᠦᠮᠡᠨ ᠬᠥᠮᠥᠨ ᠤᠳᠠᠭ᠎ᠠ ᠳ᠋ᠤ ᠠᠰᠢᠭ᠋ ᠭᠥᠷᠳᠡᠬᠡᠪᠡ

ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭᠠᠳᠬᠠᠯ ᠳ᠋ᠦ ᠣᠷᠣᠯᠴᠠᠭᠰᠠᠨ ᠨᠣᠷᠮ᠎ᠠ 84.5% ᠪᠠᠢᠭᠰᠠᠨ ᠡᠴᠡ ᠪᠠᠨ 95.3% ᠪᠣᠯᠵᠤ ᠳᠡᠭᠡᠭᠰᠢᠯᠡᠪᠡ

ᠶᠠᠳᠠᠭᠤ ᠡᠴᠡ ᠠᠩᠭᠢᠵᠢᠷᠠᠭᠤᠯᠵᠦ ᠪᠤᠭᠤᠮᠳᠠ ᠰᠢᠪᠲᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠰᠢᠯᠵᠢᠯᠲᠡ ᠵᠢᠨ ᠬᠤᠭᠤᠴᠠᠭᠠᠨ ᠤ᠋ ᠡᠭᠦᠷᠭᠡ ᠵᠢ ᠪᠡᠶᠡᠯᠡᠭᠦᠯᠪᠡ

ᠡᠳ᠋᠎ᠤᠨ ᠵᠠᠰᠠᠭ᠎ᠤᠨ ᠠᠷᠠᠳ᠎ᠤᠨ ᠠᠮᠢᠳᠤᠷᠠᠯ ᠳ᠋ᠦ ᠬᠡᠷᠡᠭᠯᠡᠬᠦ ᠬᠠᠷᠢᠴᠠᠯ ᠢ᠋ 70% ᠡᠴᠡ ᠳᠡᠭᠡᠭᠰᠢ ᠪᠠᠢᠯᠭᠠᠵᠤ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢᠨ ᠪᠠᠷᠢᠮᠵᠢᠶ᠎ᠠ ᠴᠥᠮ ᠤᠯᠤᠰ᠎ᠤᠨ ᠲᠣᠭᠲᠠᠭᠠᠭᠰᠠᠨ ᠪᠠᠷᠢᠮᠵᠢᠶ᠎ᠠ ᠳ᠋ᠦ ᠬᠦᠷᠦᠭᠰᠡᠨ ᠪᠤᠶᠤ ᠳᠠᠪᠠᠪᠠ

ᠲᠠᠪᠤᠨ ᠵᠢᠯ᠎ᠤᠨ ᠲᠤᠷᠰᠢᠬᠢ ᠲᠡᠮᠡᠴᠡᠯ ᠪᠢᠳᠡᠨ ᠳ᠋ᠦ ᠭᠦᠨᠵᠡᠭᠡᠢ ᠰᠡᠩᠬᠡᠷᠡᠭᠦᠯᠤᠯ ᠪᠤᠯᠵᠤ ᠪᠠᠢᠨ᠎ᠠ —

ᠡᠷᠬᠡᠪᠰᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠵᠢ ᠪᠠᠷᠢᠮᠲᠠᠯᠠᠵᠤ᠂《ᠬᠣᠶᠠᠷ ᠢ᠋ ᠲᠣᠭᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ ᠢ᠋ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ ᠬᠡᠷᠡᠭᠲᠡᠢ

ᠡᠷᠬᠡᠪᠰᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠣᠭᠴᠠᠯᠠᠬᠤ ᠪᠠᠷ ᠭᠣᠣᠯ ᠰᠢᠵᠢᠮ ᠪᠣᠯᠭᠠᠬᠤ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ

ᠡᠷᠬᠡᠪᠰᠢ ᠠᠮᠢ ᠠᠬᠤᠢ ᠵᠢ ᠤᠷᠢᠳ ᠢ᠋ᠶ᠋ᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠵᠠᠮ ᠢ᠋ᠶ᠋ᠠᠷ ᠵᠠᠮᠨᠠᠬᠤ ᠵᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠳᠠ ᠵᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ

ᠡᠷᠬᠡᠪᠰᠢ ᠰᠢᠨ᠎ᠡ ᠵᠢ ᠡᠭᠦᠳᠬᠦ᠎ᠪᠡᠷ ᠬᠥᠳᠡᠯᠭᠡᠭᠦᠷ ᠪᠣᠯᠭᠠᠨ ᠴᠢᠨᠠᠷ ᠰᠠᠢᠲᠠᠢ ᠬᠥᠭᠵᠢᠯᠲᠡ ᠵᠢ ᠬᠥᠲᠥᠯᠥᠨ ᠳᠠᠭᠠᠭᠤᠯᠬᠤ ᠵᠢ ᠪᠠᠷᠢᠮᠲᠠᠯᠠᠵᠤ᠂ ᠠᠵᠤ ᠦᠢᠯᠡᠰ᠎ᠤᠨ ᠬᠡᠯᠬᠢᠶ᠎ᠡ ᠪᠤᠯᠤᠨ ᠰᠢᠨ᠎ᠡ ᠵᠢ ᠡᠭᠦᠳᠬᠦ ᠬᠡᠯᠬᠢᠶ᠎ᠡ ᠵᠢ ᠭᠦᠨᠵᠡᠭᠡᠢ ᠠᠭᠤᠰᠤᠯᠴᠠᠭᠤᠯᠵᠤ᠂ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠵᠢ ᠠᠬᠢᠭᠤᠯᠬᠤ ᠬᠡᠷᠡᠭᠲᠡᠢ

ᠡᠷᠬᠡᠪᠰᠢ ᠥᠭᠡᠷᠡᠴᠢᠯᠡᠯᠲᠡ ᠶ᠋ᠢ ᠪᠦᠬᠦ ᠲᠠᠯ᠎ᠠ ᠪᠡᠷ ᠭᠦᠨᠵᠡᠭᠡᠢᠷᠡᠭᠦᠯᠬᠦ ᠶ᠋ᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠶ᠋ᠢ ᠥᠷᠭᠡᠳᠬᠡᠵᠦ᠂ ᠨᠡᠢᠭᠡᠮ᠎ᠤᠨ ᠪᠦᠲᠦᠭᠡᠯᠴᠢ ᠬᠦᠴᠦᠨ ᠪᠠ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠢ᠋ ᠬᠠᠮᠤᠭ᠎ᠤᠨ ᠶᠡᠬᠡ ᠬᠡᠮᠵᠢᠶ᠎ᠡ ᠪᠡᠷ ᠬᠦᠭᠵᠢᠭᠡᠬᠦ ᠬᠡᠷᠡᠭᠳᠠᠢ

ᠡᠷᠬᠡᠪᠰᠢ ᠬᠥᠭᠵᠢᠯᠲᠡ ᠪᠠ ᠠᠮᠤᠷ ᠲᠦᠪᠰᠢᠨ ᠢ᠋ ᠨᠢᠭᠡᠳᠦᠯᠲᠡᠢ ᠲᠥᠯᠥᠪᠯᠡᠬᠦ ᠶ᠋ᠢ ᠪᠠᠷᠢᠮᠲᠠᠯᠠᠵᠤ᠂ ᠬᠥᠭᠵᠢᠯᠲᠡ ᠶ᠋ᠢᠨ ᠳᠤᠮᠳᠠ ᠠᠮᠤᠷ ᠲᠦᠪᠰᠢᠨ ᠢ᠋ ᠪᠡᠬᠢᠵᠢᠭᠦᠯᠦᠨ᠂ ᠠᠮᠤᠷ ᠲᠦᠪᠰᠢᠨ ᠤ᠋ ᠳᠤᠮᠳᠠ ᠬᠥᠭᠵᠢᠭᠦᠯᠬᠦ ᠬᠡᠷᠡᠭᠳᠠᠢ

ᠡᠷᠬᠡᠪᠰᠢ ᠠᠷᠠᠳ ᠲᠦᠮᠡᠨ ᠵᠢᠡᠷ ᠭᠣᠣᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠪᠠᠷᠢᠮᠲᠠᠯᠠᠵᠤ᠂ ᠬᠥᠭᠵᠢᠯᠲᠡ ᠶ᠋ᠢᠨ ᠦᠷ᠎ᠡ ᠪᠦᠲᠦᠭᠡᠯ ᠢ᠋ ᠪᠦᠬᠦ ᠣᠷᠣᠨ ᠤ᠋ ᠦᠨᠳᠦᠰᠦᠲᠡᠨ ᠨᠤᠭᠦᠳ᠎ᠤᠨ ᠠᠷᠠᠳ ᠲᠦᠮᠡᠨ ᠳ᠋ᠤ ᠨᠡᠩ ᠤᠯᠠᠨ ᠨᠡᠩ ᠡᠷᠬᠡ ᠲᠡᠭᠰᠢ ᠪᠡᠷ ᠬᠦᠷᠲᠡᠭᠡᠬᠦ ᠬᠡᠷᠡᠭᠳᠠᠢ

ᠡᠷᠬᠡᠪᠰᠢ ᠨᠠᠮ ᠎ᠢ ᠪᠦᠬᠦ ᠲᠠᠯ᠎ᠠ ᠪᠡᠷ   ᠴᠢᠩᠭ᠎ᠠ ᠵᠠᠰᠠᠬᠤ ᠶ᠋ᠢ ᠥᠨᠢ ᠡᠬᠥᠷᠢᠲᠡ ᠪᠠᠷᠢᠮᠲᠠᠯᠠᠨ  ᠠᠬᠢᠭᠤᠯᠵᠤ᠂ ᠴᠢᠩᠭ᠎ᠠ  ᠬᠦᠭ ᠠᠶᠠᠰ᠂ ᠴᠢᠩᠭ᠎ᠠ   ᠠᠷᠭ᠎ᠠ ᠬᠡᠮᠵᠢᠶ᠎ᠡ᠂ ᠴᠢᠩᠭ᠎ᠠ   ᠪᠠᠢᠳᠠᠯ ᠵᠢᠡᠷ ᠰᠢᠨ᠎ᠡ ᠴᠠᠭ ᠦᠶ᠎ᠡ ᠶ᠋ᠢᠨ ᠨᠠᠮ᠎ᠤᠨ ᠪᠠᠢᠭᠤᠯᠤᠯᠲᠠ ᠶ᠋ᠢᠨ ᠰᠢᠨ᠎ᠡ ᠠᠭᠤᠤ ᠶᠡᠬᠡ ᠢᠨᠵᠧᠨᠧᠷᠢᠩ ᠢ᠋ ᠰᠠᠢᠲᠤᠷ ᠠᠳᠬᠤᠬᠤ ᠬᠡᠷᠡᠭᠳᠠᠢ



ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠳᠤᠮᠳᠠ ᠰᠢᠨ᠎ᠡ ᠵᠠᠮ ᠨᠡᠭᠡᠭᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠶ᠋ᠢ ᠴᠢᠷᠮᠠᠢᠨ ᠪᠢᠴᠢᠭᠯᠡᠶ᠎ᠠ

ᠨᠢᠭᠡ ᠳ᠋ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠦᠭ ᠰᠦᠨᠡᠰᠦ ᠶ᠋ᠢ ᠱᠤᠭᠤᠵᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠪᠠᠢᠭᠤᠯᠤᠯᠲᠠ ᠶ᠋ᠢ ᠠᠬᠢᠭᠤᠯᠬᠤ ᠲᠠᠯ᠎ᠠ ᠪᠡᠷ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ ᠶ᠋ᠢ ᠪᠢᠴᠢᠭᠯᠡᠶ᠎ᠠ

ᠬᠣᠶᠠᠷ ᠲᠦ᠍ ᠠᠮᠢ ᠠᠬᠤᠢ ᠶ᠋ᠢ ᠤᠷᠢᠳ ᠵᠢᠡᠷ ᠪᠣᠳᠣᠯᠬᠢᠯᠠᠬᠤ ᠤᠳᠤᠷᠢᠳᠤᠮᠵᠢ ᠶ᠋ᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶ᠋ᠢ ᠠᠬᠢᠭᠤᠯᠬᠤ ᠲᠠᠯ᠎ᠠ ᠪᠡᠷ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ ᠶ᠋ᠢ ᠪᠢᠴᠢᠭᠯᠡᠶ᠎ᠠ

ᠭᠤᠷᠪᠠ ᠳ᠋ᠤ ᠭᠠᠵᠠᠷ ᠠᠭᠤᠳᠠᠮ ᠬᠥᠮᠥᠨ ᠴᠥᠭᠡᠨ᠂ ᠦᠢᠯᠡᠳᠪᠦᠷᠢᠯᠡᠯ᠎ᠤᠨ ᠴᠢᠬᠤᠯᠠ ᠡᠯᠧᠮᠧᠨ᠋ᠲ ᠲᠠᠷᠠᠬᠠᠢ ᠪᠤᠲᠠᠷᠬᠠᠢ ᠬᠢᠵᠠᠭᠠᠷᠯᠠᠯ ᠢ᠋ ᠬᠦᠴᠦᠯᠡᠨ ᠰᠢᠢᠳᠪᠦᠷᠢᠯᠡᠵᠦ᠂ ᠬᠢᠯᠢ ᠬᠢᠵᠠᠭᠠᠷ ᠢ᠋ ᠲᠣᠭᠲᠠᠪᠤᠷᠢᠵᠢᠭᠤᠯᠤᠨ ᠪᠡᠬᠢᠵᠢᠭᠦᠯᠬᠦ᠂ ᠬᠢᠯᠢ ᠬᠢᠵᠠᠭᠠᠷ ᠢ᠋ ᠬᠥᠭᠵᠢᠭᠦᠯᠦᠨ ᠬᠦᠴᠦᠷᠬᠡᠭᠵᠢᠭᠦᠯᠬᠦ ᠲᠠᠯ᠎ᠠ ᠪᠡᠷ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ ᠶ᠋ᠢ ᠪᠢᠴᠢᠭᠯᠡᠶ᠎ᠠ

ᠳᠥᠷᠪᠡ ᠳ᠋ᠤ ᠠᠵᠤ ᠦᠢᠯᠡᠰ᠎ᠤᠨ ᠪᠦᠲᠦᠴᠡ ᠶ᠋ᠢ ᠰᠢᠯᠢᠳᠡᠭᠵᠢᠭᠦᠯᠬᠦ ᠠᠯᠬᠤᠭ᠎ᠠ ᠶ᠋ᠢ ᠲᠦᠷᠭᠡᠳᠬᠡᠵᠦ᠂ ᠡᠬᠢ ᠪᠠᠶᠠᠯᠢᠭ᠋᠎ᠤᠨ ᠬᠡᠯᠪᠡᠷᠢ ᠶ᠋ᠢᠨ ᠭᠠᠵᠠᠷ ᠣᠷᠣᠨ ᠤ᠋ ᠬᠡᠯᠪᠡᠷᠢ ᠪᠡᠨ ᠬᠤᠪᠢᠷᠠᠭᠤᠯᠤᠨ ᠬᠥᠭᠵᠢᠬᠦᠯᠬᠦ ᠲᠠᠯ᠎ᠠ ᠪᠡᠷ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ ᠶ᠋ᠢ ᠪᠢᠴᠢᠭᠯᠡᠶ᠎ᠠ

ᠲᠠᠪᠤ ᠳ᠋ᠤ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ᠋ ᠢ᠋ ᠨᠡᠮᠡᠭᠳᠡᠭᠦᠯᠵᠦ᠂ ᠬᠦᠢᠲᠡᠨ ᠰᠡᠷᠢᠭᠦᠨ ᠭᠠᠩ ᠬᠠᠭᠤᠷᠠᠢ ᠭᠠᠵᠠᠷ ᠣᠷᠣᠨ ᠤ᠋ ᠣᠲᠣ᠌ ᠦᠶ᠎ᠡ ᠶ᠋ᠢᠨ ᠮᠠᠯ ᠠᠵᠤ ᠠᠬᠤᠢ ᠲᠠᠷᠢᠶᠠᠯᠠᠩ ᠢ᠋ ᠬᠥᠭᠵᠢᠭᠦᠯᠬᠦ ᠲᠠᠯ᠎ᠠ ᠪᠡᠷ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ ᠶ᠋ᠢ ᠪᠢᠴᠢᠭᠯᠡᠶ᠎ᠠ

ᠵᠢᠷᠭᠤᠭ᠎ᠠ ᠳ᠋ᠤ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠬᠦ ᠶ᠋ᠢ ᠭᠦᠨᠵᠡᠭᠡᠢᠷᠡᠭᠦᠯᠵᠦ᠂ ᠨᠡᠭᠡᠭᠡᠯᠲᠡ ᠬᠢᠬᠦ ᠵᠢ ᠦᠷᠬᠡᠳᠬᠡᠵᠤ ᠤᠯᠤᠰ᠎ᠤᠨ ᠪᠠᠢᠯᠳᠤᠬᠤ ᠪᠤᠳᠤᠯᠭ᠎ᠠ ᠳ᠋ᠤ ᠦᠢᠯᠡᠴᠢᠯᠡᠬᠦ ᠲᠠᠯ᠎ᠠ ᠪᠡᠷ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ ᠶ᠋ᠢ ᠪᠢᠴᠢᠭᠯᠡᠶ᠎ᠠ

ᠲᠤᠯᠤᠭ᠎ᠠ ᠳ᠋ᠤ ᠬᠥᠭᠵᠢᠯᠲᠡ ᠶ᠋ᠢᠨ ᠳᠤᠮᠳᠠ ᠠᠷᠠᠳ᠎ᠤᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠶ᠋ᠢ ᠪᠠᠷᠢᠮᠲᠠᠯᠠᠵᠤ᠂ ᠬᠢᠯᠢ ᠬᠢᠵᠠᠭᠠᠷ᠎ᠤᠨ ᠦᠨᠳᠦᠰᠦᠲᠡᠨ ᠤ᠋ ᠭᠠᠵᠠᠷ ᠣᠷᠣᠨ ᠤ᠋ ᠬᠠᠮᠲᠤ ᠪᠡᠷ ᠪᠠᠶᠠᠵᠢᠬᠤ ᠲᠠᠯ᠎ᠠ ᠪᠡᠷ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ ᠶ᠋ᠢ ᠪᠢᠴᠢᠭᠯᠡᠶ᠎ᠠ

ᠨᠠᠢ᠍ᠮᠠ ᠳ᠋ᠤ ᠨᠠᠮ᠎ᠤᠨ ᠪᠦᠬᠦ ᠲᠠᠯ᠎ᠠ ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ ᠶ᠋ᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶ᠋ᠢᠨ ᠠᠮᠢ ᠠᠬᠤᠢ ᠪᠣᠯᠣᠨ ᠬᠥᠭᠵᠢᠯᠲᠡ ᠶ᠋ᠢᠨ ᠰᠠᠢᠨ ᠰᠠᠢᠬᠠᠨ ᠣᠷᠴᠢᠨ ᠨᠦᠬᠦᠴᠡᠯ ᠢ᠋ ᠪᠤᠢ ᠪᠣᠯᠭᠠᠬᠤ ᠲᠠᠯ᠎ᠠ ᠪᠡᠷ ᠰᠢᠨ᠎ᠡ ᠵᠠᠮ ᠨᠡᠭᠡᠭᠡᠵᠦ᠂ ᠰᠢᠨ᠎ᠡ ᠬᠠᠭᠤᠳᠠᠰᠤ ᠶ᠋ᠢ ᠪᠢᠴᠢᠭᠯᠡᠶ᠎ᠠ

ᠬᠣᠢᠰᠢᠳᠠ ᠶ᠋ᠢᠨ ᠲᠠᠪᠤᠨ ᠵᠢᠯ ᠳ᠋ᠤ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ ᠢ᠋ ᠥᠨᠳᠥᠷ ᠮᠠᠨᠳᠤᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠤᠯᠤᠨ ᠨᠠᠮ᠎ᠤᠨ ᠬᠣᠷᠢᠳᠤᠭᠠᠷ ᠬᠤᠭᠤᠴᠠᠭᠠᠨ ᠤ᠋ ᠲᠦᠪ ᠬᠤᠷᠢᠶ᠎ᠠ ᠵᠢᠨ ᠤᠳᠠᠭ᠎ᠠ ᠪᠦᠷᠢ ᠶ᠋ᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ ᠤ᠋ ᠲᠦᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠂ ᠲᠠᠪᠤᠳᠤᠭᠠᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢ ᠵᠢᠨ ᠫᠢᠩ᠎ᠤᠨ ᠨᠠᠮ᠎ᠤᠨ ᠪᠠᠢᠭᠤᠯᠤᠯᠲᠠ ᠶ᠋ᠢᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ᠋ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ ᠢ᠋ ᠲᠤᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ ᠢ᠋ ᠭᠦᠨᠵᠡᠭᠡᠢ ᠤᠬᠠᠪᠤᠷᠢᠯᠡᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠨ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ ᠢ᠋ ᠬᠠᠮᠠᠭᠠᠯᠠᠬᠤ》 ᠶ᠋ᠢ ᠡᠷᠡᠰ ᠪᠡᠶᠡᠯᠡᠭᠦᠯᠵᠤ᠂ ᠰᠢᠨ᠎ᠡ ᠬᠥᠭᠵᠢᠯᠲᠡ ᠶ᠋ᠢᠨ ᠣᠢᠯᠠᠭᠠᠭᠳᠠᠬᠤᠨ ᠢ᠋ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠡᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶ᠋ᠢᠨ ᠪᠠᠢᠷᠢᠰᠢᠯ ᠢ᠋ ᠪᠠᠶ᠋ᠢᠭᠤᠯᠬᠤ ᠳ᠋ᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠤ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠪᠡᠷ ᠭᠣᠣᠯ ᠰᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠲᠠᠪᠤᠨ ᠶᠡᠬᠡ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠲᠣᠭᠲᠠᠭᠤᠨ ᠤ᠋ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ ᠢ᠋ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ᠋ ᠨᠢᠭᠡᠳᠦᠯᠲᠡᠢ ᠲᠥᠯᠥᠪᠯᠡᠬᠦ ᠶ᠋ᠢ ᠪᠠᠷᠢᠮᠲᠠᠯᠠᠵᠤ᠂ ᠠᠵᠤ ᠠᠬᠤᠢ ᠶ᠋ᠢᠨ ᠪᠦᠲᠦᠭᠡᠨ ᠪᠠᠢᠭᠤᠯᠤᠯᠲᠠ ᠪᠡᠷ ᠭᠣᠣᠯᠳᠠᠯᠭ᠎ᠠ ᠪᠣᠯᠭᠠᠬᠤ ᠶ᠋ᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠪᠡᠷ ᠭᠣᠣᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠬᠦ ᠪᠡᠷ ᠦᠨᠳᠦᠰᠦᠨ ᠬᠥᠳᠡᠯᠭᠡᠬᠦ ᠬᠦᠴᠦᠨ ᠪᠤᠯᠭᠠᠵᠤ᠂ ᠦᠨᠳᠦᠰᠦᠲᠡᠨ ᠨᠤᠭᠦᠳ᠎ᠤᠨ ᠠᠷᠠᠳ ᠲᠦᠮᠡᠨ ᠤ᠋ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ ᠶ᠋ᠢ ᠬᠠᠩᠭᠠᠬᠤ ᠪᠡᠷ ᠦᠨᠳᠦᠰᠦᠨ ᠬᠠᠷᠠᠯᠳᠠ ᠪᠣᠯᠭᠠᠵᠤ᠂ ᠪᠦᠬᠦ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠶ᠋ᠢ ᠴᠥᠬᠥᠷᠡᠰᠢ ᠦᠭᠡᠢ ᠠᠬᠢᠭᠤᠯᠬᠤ ᠪᠡᠷ ᠦᠨᠳᠦᠰᠦᠨ ᠪᠠᠲᠤᠯᠠᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ᠋ 《1571》 ᠶᠡᠷᠦᠩᠬᠡᠢ ᠠᠵᠢᠯ᠎ᠤᠨ ᠶᠡᠷᠦᠩᠬᠡᠢ ᠪᠠᠢᠷᠢᠯᠠᠭᠤᠯᠤᠯᠲᠠ ᠶᠣᠰᠣᠭᠠᠷ ᠨᠠᠢᠳᠠᠪᠤᠷᠢᠵᠢᠭᠤᠯᠤᠯᠲᠠ ᠶ᠋ᠢ ᠴᠢᠩᠭ᠎ᠠ ᠠᠳᠬᠤᠨ᠂ ᠤᠷᠲᠤ ᠬᠤᠭᠤᠴᠠᠭ᠎ᠠ ᠪᠡᠷ ᠵᠢᠳᠬᠦᠨ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠋᠎ᠤᠨ ᠤᠳᠤᠬᠢᠴᠢᠯᠠᠯᠲᠠ ᠵᠢᠨ ᠪᠦᠲᠦᠭᠡᠨ ᠪᠠᠢᠭᠤᠯᠤᠯᠲᠠ ᠳᠤᠮᠳᠠ ᠰᠢᠨ᠎ᠡ ᠵᠠᠮ ᠨᠡᠭᠡᠭᠡᠨ᠂ ᠰᠢᠨ᠎ᠡ ᠬᠠᠭᠤᠳᠠᠰᠤ ᠶ᠋ᠢ ᠪᠢᠴᠢᠭᠯᠡᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ ᠶ᠋ᠢ ᠪᠦᠬᠦ ᠲᠠᠯ᠎ᠠ ᠪᠡᠷ ᠠᠬᠢᠭᠤᠯᠬᠤ᠂ ᠦᠨᠳᠦᠰᠦᠲᠡᠨ ᠤ᠋ ᠰᠡᠷᠭᠦᠨ ᠮᠠᠨᠳᠤᠯᠲᠠ ᠶ᠋ᠢᠨ ᠠᠤᠭ᠎ᠠ ᠦᠢᠯᠡᠰ᠎ᠤᠨ ᠲᠥᠯᠥᠭᠡ ᠬᠦᠴᠦᠨ ᠴᠢᠳᠠᠯ ᠵᠢᠡᠨ ᠡᠷᠭᠦᠨ᠎ᠡ᠃ 

ᠳᠤᠮᠳᠠᠳᠤ ᠶ᠋ᠢᠨ ᠦᠨᠳᠦᠰᠦᠲᠡᠨ᠎ᠤ ᠬᠠᠮᠲᠤ ᠶ᠋ᠢᠨ ᠴᠣᠭᠴᠠ ᠶ᠋ᠢᠨ ᠤᠬᠠᠮᠰᠠᠷ᠎ᠢ ᠪᠠᠲᠤ ᠴᠣᠭᠴᠠᠯᠠᠨ᠂ ᠳᠤᠮᠳᠠᠳᠤ ᠶ᠋ᠢᠨ ᠦᠨᠳᠦᠰᠦᠲᠡᠨ᠎ᠤ ᠬᠠᠮᠲᠤ ᠶ᠋ᠢᠨ ᠴᠣᠭᠴᠠ ᠶ᠋ᠢᠨ ᠪᠠᠢᠭᠤᠯᠤᠯᠲᠠ ᠶ᠋ᠢ ᠠᠬᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠨ᠎ᠠ

(ᠨᠢᠭᠡ) ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠳᠦᠷᠢᠮ ᠲᠣᠭᠲᠠᠴᠠ ᠶ᠋ᠢ ᠲᠡᠭᠦᠯᠳᠡᠷᠵᠢᠭᠦᠯᠦᠨ᠎ᠡ

ᠨᠠᠮ᠎ᠤᠨ ᠤᠳᠤᠷᠢᠳᠤᠯᠭ᠎ᠠ ᠶ᠋ᠢ ᠦᠨᠳᠦᠰᠦᠲᠡᠨ ᠤ᠋ ᠠᠵᠢᠯ᠎ᠤᠨ ᠪᠦᠬᠦ ᠶᠠᠪᠤᠴᠠ ᠳ᠋ᠤ ᠲᠤᠭᠤᠰᠢᠯᠠᠭᠤᠯᠬᠤ ᠶ᠋ᠢ ᠪᠠᠷᠢᠮᠲᠠᠯᠠᠨ᠎ᠠ

ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠣᠭᠴᠠᠯᠠᠬᠤ ᠪᠠᠢᠩᠭᠤᠵᠢᠭ᠍ᠰᠠᠨ ᠣᠷᠳᠣ᠌ ᠬᠤᠭᠤᠴᠠᠭᠠᠨ᠎ᠠ ᠪᠦᠳᠦᠮᠵᠢᠳᠠᠢ ᠤᠬᠠᠭᠤᠯᠭ᠎ᠠ ᠬᠥᠮᠦᠵᠢᠯ᠎ᠤᠨ ᠲᠣᠭᠲᠠᠴᠠ ᠶ᠋ᠢ ᠲᠡᠭᠦᠯᠳᠡᠷᠵᠢᠭᠦᠯᠦᠨ᠎ᠡ

ᠭᠣᠣᠯ ᠰᠢᠵᠢᠮ᠎ᠤᠨ ᠱᠠᠭᠠᠷᠳᠠᠯᠭ᠎ᠠ ᠵᠢ ᠲᠤᠭᠤᠰᠢᠯᠠᠭᠤᠯᠬᠤ ᠵᠢ ᠰᠢᠨᠵᠢᠯᠡᠬᠦ ᠤᠬᠠᠭᠠᠨᠴᠢ ᠪᠡᠷ ᠦᠨᠡᠯᠡᠨ ᠵᠢᠱ᠌ᠢᠬᠦ ᠪᠠ ᠬᠢᠨᠠᠨ ᠰᠢᠯᠭᠠᠵᠤ ᠬᠢᠨᠠᠯᠲᠠ ᠲᠠᠯᠪᠢᠬᠤ ᠰᠢᠰᠲᠧᠮ ᠢ᠋ ᠪᠦᠷᠢᠨᠰᠢᠭᠦᠯᠦᠨ᠎ᠠ

(ᠬᠣᠶᠠᠷ)ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠦᠢᠯᠡᠰ᠎ᠤᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠤᠨ᠎ᠠ

ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢ ᠠᠬᠢᠭᠤᠯᠬᠤ ᠬᠠᠤᠯᠢ ᠶ᠋ᠢ ᠪᠦᠬᠦ ᠲᠠᠯ᠎ᠠ ᠪᠡᠷ ᠲᠤᠭᠤᠰᠢᠯᠠᠭᠤᠯᠤᠨ ᠬᠡᠷᠡᠭᠵᠢᠬᠦᠯᠦᠨ᠎ᠡ

ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 80 ᠵᠢᠯ᠎ᠤᠨ ᠣᠶ ᠶ᠋ᠢ ᠪᠡᠯᠭᠡᠯᠡᠬᠦ ᠠᠵᠢᠯᠯᠠᠭ᠎ᠠ ᠶ᠋ᠢ ᠵᠣᠬᠢᠶᠠᠨ ᠪᠠᠢᠭᠤᠯᠵᠤ ᠥᠷᠨᠢᠭᠦᠯᠦᠨ᠎ᠡ

ᠪᠦᠬᠦ ᠣᠷᠣᠨ ᠪᠦᠰᠡ ᠶ᠋ᠢᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢ ᠡᠭᠦᠳᠦᠨ ᠪᠠᠶ᠋ᠢᠭᠤᠯᠬᠤ ᠠᠵᠢᠯ ᠢ᠋ ᠦᠷᠭᠦᠯᠵᠢᠯᠡᠨ ᠠᠬᠢᠭᠤᠯᠤᠨ᠎ᠠ

ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠲᠦᠭᠡᠮᠡᠯᠵᠢᠭᠦᠯᠬᠦ ᠪᠣᠭᠣᠮᠲᠠ ᠰᠢᠪᠲᠤᠯᠬᠤ ᠪᠠ ᠶᠠᠰᠤ ᠴᠢᠨᠠᠷ ᠢ᠋ ᠳᠡᠭᠡᠭᠰᠢᠯᠡᠭᠦᠯᠬᠦ ᠠᠵᠢᠯᠯᠠᠭ᠎ᠠ ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ

ᠦᠨᠳᠦᠰᠦᠲᠡᠨ ᠨᠤᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ 《ᠭᠤᠷᠪᠠᠨ ᠲᠥᠯᠥᠪᠯᠡᠭᠡ》 ᠶ᠋ᠢ ᠭᠦᠨᠵᠡᠭᠡᠢ ᠬᠡᠷᠡᠭᠵᠢᠭᠦᠯᠦᠨ᠎ᠡ

(ᠭᠤᠷᠪᠠ) ᠥᠨᠳᠥᠷ ᠲᠦᠪᠰᠢᠨ ᠪᠦᠬᠦᠢ ᠠᠷᠠᠳᠴᠢᠯᠠᠯ ᠪᠠ ᠬᠠᠤᠯᠢ ᠪᠡᠷ ᠵᠠᠰᠠᠬᠤ ᠪᠠᠢᠭᠤᠯᠤᠯᠲᠠ ᠪᠡᠷ ᠦᠨᠳᠦᠰᠦᠲᠡᠨ ᠨᠤᠭᠦᠳ᠎ᠤᠨ ᠶᠡᠬᠡ ᠪᠦᠯᠬᠦᠮᠳᠡᠯ ᠢ᠋ ᠪᠠᠲᠤᠯᠠᠨ᠎ᠠ

ᠰᠢᠨ᠎ᠡ ᠴᠠᠭ ᠦᠶ᠎ᠡ ᠶ᠋ᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ ᠢ᠋ ᠴᠢᠩᠭᠠᠳᠬᠠᠨ ᠰᠠᠢᠵᠢᠷᠠᠭᠤᠯᠤᠨ᠎ᠠ

ᠠᠷᠠᠳ᠎ᠤᠨ ᠤᠯᠤᠰ ᠲᠦᠷᠦ ᠶ᠋ᠢᠨ ᠵᠥᠪᠯᠡᠯᠭᠡᠨ ᠤ᠋ ᠲᠤᠰᠬᠠᠢ ᠵᠥᠪᠯᠡᠬᠦ ᠪᠠᠢᠭᠤᠯᠤᠮᠵᠢ ᠶ᠋ᠢᠨ ᠪᠠᠢᠭᠤᠯᠤᠯᠲᠠ ᠶ᠋ᠢ ᠴᠢᠩᠭᠠᠳᠬᠠᠨ᠎ᠠ

ᠦᠨᠳᠦᠰᠦᠨ ᠱᠠᠲᠤᠨ ᠤ᠋ ᠠᠷᠠᠳᠴᠢᠯᠠᠯ᠎ᠤᠨ ᠳᠦᠷᠢᠮ ᠢ᠋ ᠲᠡᠭᠦᠯᠳᠡᠷᠵᠢᠭᠦᠯᠦᠨ᠎ᠡ

ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠰᠢᠯ ᠢ᠋ ᠲᠡᠭᠦᠯᠳᠡᠷᠵᠢᠭᠦᠯᠦᠨ᠎ᠡ

ᠬᠠᠤᠯᠢ ᠪᠡᠷ ᠣᠷᠣᠨ ᠵᠢᠡᠨ ᠵᠠᠰᠠᠬᠤ ᠶ᠋ᠢ ᠪᠦᠬᠦ ᠲᠠᠯ᠎ᠠ ᠪᠡᠷ ᠠᠬᠢᠭᠤᠯᠤᠨ᠎ᠠ

ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠣᠯᠭᠣᠭᠰᠠᠨ ᠲᠠᠪᠤᠨ ᠶᠡᠬᠡ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠪᠥᠬᠥ᠌ ᠤᠯᠤᠰ᠎ᠤᠨ ᠶᠡᠬᠡ ᠲᠠᠯ᠎ᠠ ᠳ᠋ᠤ ᠨᠠᠩ ᠰᠠᠶ᠋ᠢᠲᠤᠷ ᠦᠢᠯᠡᠴᠢᠯᠡᠨ ᠪᠠᠲᠤᠯᠠᠭ᠎ᠠ ᠬᠠᠩᠭᠠᠨ᠎ᠠ

(ᠨᠢᠭᠡ) ᠮᠠᠨ ᠤ᠋ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ ᠤ᠋ ᠬᠠᠯᠬᠠᠪᠴᠢ ᠵᠢᠨ ᠶᠡᠷᠦᠩᠬᠡᠶ᠋ᠢᠯᠡᠭᠰᠡᠨ ᠦᠢᠯᠡᠳᠤᠯ ᠴᠢᠳᠠᠮᠵᠢ ᠵᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ᠌ ᠵᠢ ᠠᠬᠢᠭᠤᠯᠤᠨ᠎ᠠ

ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭᠠᠨ ᠢ᠋ᠢᠡᠷ ᠭᠤᠤᠯᠳᠠᠯᠭ᠎ᠠ ᠪᠤᠯᠭᠠᠵᠤ 《ᠤᠮᠠᠷᠠᠲᠤ᠌ ᠵᠢᠨ ᠭᠤᠷᠪᠠᠨ ᠤᠷᠤᠨ》 ᠤ᠋ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ ᠤ᠋ ᠢᠯᠠᠯᠲᠠ ᠵᠢ ᠲᠣᠭᠲᠠᠭᠰᠠᠨ ᠬᠤᠭᠤᠴᠠᠭᠠᠨ ᠳ᠋ᠤ ᠤᠯᠤᠨ᠎ᠠ

ᠮᠠᠯ ᠪᠡᠯᠴᠢᠭᠡᠷ ᠢ᠋ ᠲᠡᠩᠴᠡᠭᠦᠷᠢᠳᠠᠢ ᠪᠠᠢᠯᠭᠠᠬᠤ ᠪᠠ ᠪᠡᠯᠴᠢᠭᠡᠷᠯᠡᠭᠦᠯᠬᠦ᠌ ᠵᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ ᠢ᠋ ᠴᠢᠩᠭ᠎ᠠ ᠨᠠᠶ᠋ᠢᠳᠠᠪᠤᠷᠢᠵᠢᠭᠤᠯᠤᠨ᠎ᠠ

ᠬᠠᠳᠤᠨ ᠭᠣᠣᠯ᠎ᠤᠨ ᠥᠨᠢ ᠤᠳᠠᠭᠠᠨ ᠠᠮᠤᠷ ᠲᠦᠪᠰᠢᠨ ᠪᠠᠶ᠋ᠢᠬᠤ ᠵᠢ ᠪᠠᠲᠤᠯᠠᠨ᠎ᠠ

ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ ᠵᠢᠨ ᠨᠠᠭᠤᠷ᠂ ᠴᠠᠭᠠᠨᠨᠠᠭᠤᠷ᠎ᠤᠨ ᠠᠮᠢ ᠠᠬᠤᠶ ᠵᠢᠨ ᠵᠠᠰᠠᠯᠲᠠ ᠵᠢᠨ ᠦᠷ᠎ᠡ ᠪᠦᠲᠦᠭᠡᠯ ᠢ᠋ ᠪᠡᠬᠢᠵᠢᠭᠦᠯᠦᠨ᠎ᠡ

ᠬᠢᠬᠢᠷᠢ ᠵᠢᠨ ᠨᠠᠭᠤᠷ ᠵᠡᠷᠭᠡ ᠭᠣᠣᠯᠳᠠᠯᠭ᠎ᠠ ᠲᠠᠶ ᠨᠠᠭᠤᠷ ᠪᠦᠷᠢᠳᠦ ᠨᠤᠭᠤ ᠭᠠᠵᠠᠷ᠎ᠤᠨ ᠠᠮᠢ ᠠᠬᠤᠢ ᠵᠢᠨ ᠬᠠᠮᠠᠭᠠᠯᠠᠯᠲᠠ ᠵᠢᠨ ᠶᠠᠰᠤ ᠴᠢᠨᠠᠷ ᠦᠷ᠎ᠡ ᠠᠰᠢᠭ ᠢ᠋ ᠳᠡᠭᠡᠭᠰᠢᠯᠡᠭᠦᠯᠦᠨ᠎ᠠ

ᠪᠠᠶ᠋ᠢᠭᠠᠯᠢ ᠵᠢᠨ ᠬᠠᠮᠠᠭᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠬᠡᠨ᠎ᠡ

ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ

ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠵᠢ ᠬᠠᠮᠠᠭᠠᠯᠠᠬᠤ ᠳᠠᠶ᠋ᠢᠯᠠᠯᠳᠤᠭᠠᠨ ᠢ᠋ ᠭᠦᠨᠵᠡᠭᠡᠶ ᠰᠠᠶ᠋ᠢᠲᠤᠷ ᠬᠢᠨ᠎ᠡ

ᠨᠡᠭᠦᠷᠡᠰᠦᠲᠦ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠵᠢᠨ ᠬᠣᠣᠰ ᠬᠢᠵᠠᠭᠠᠷᠯᠠᠯ᠎ᠤᠨ ᠳᠦᠷᠢᠮ ᠢ᠋ ᠪᠦᠬᠦ᠌ ᠲᠠᠯ᠎ᠠ ᠪᠠᠷ ᠬᠡᠷᠡᠭᠵᠢᠭᠦᠯᠦᠨ᠎ᠡ

ᠡᠬᠢ ᠪᠠᠶᠠᠯᠢᠭ ᠢ᠋ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠢ᠋ ᠶᠡᠬᠡ ᠪᠡᠷ ᠬᠥᠭᠵᠢᠭᠦᠯᠦᠨ᠎ᠡ

ᠪᠣᠬᠢᠷᠲᠤᠯ ᠥᠬᠡᠶ ᠪᠠᠭ᠎ᠠ ᠨᠡᠭᠦᠷᠡᠰᠦᠲᠦ᠋ᠷᠥᠭᠴᠢᠳᠤ ᠪᠥᠬᠥ᠌ ᠠᠷᠠᠳ᠎ᠤᠨ ᠠᠵᠢᠯᠯᠠᠭ᠎ᠠ ᠵᠢ ᠥᠷᠨᠢᠭᠦᠯᠦᠨ᠎ᠠ

(ᠬᠣᠶᠠᠷ) ᠡᠬᠡ ᠤᠯᠤᠰ᠎ᠤᠨ ᠤᠮᠠᠷᠠᠲᠤ᠌ ᠬᠢᠯᠢ ᠵᠢᠨ ᠠᠮᠤᠷ ᠲᠦᠪᠰᠢᠨ ᠲᠣᠭᠲᠠᠭᠤᠨ ᠤ᠋ ᠬᠠᠯᠬᠠᠪᠴᠢ ᠶ᠋ᠢ ᠨᠠᠩ ᠪᠠᠲᠤ᠌ ᠪᠡᠬᠢ ᠪᠣᠯᠭᠠᠨ ᠴᠣᠭᠴᠠᠯᠠᠨ᠎ᠠ

ᠤᠯᠤᠰ᠎ᠤᠨ ᠶᠡᠷᠦᠩᠬᠡᠶ ᠠᠮᠤᠷ ᠲᠦᠪᠰᠢᠨ ᠤ᠋ ᠦᠵᠡᠯᠲᠡ ᠶ᠋ᠢ ᠪᠥᠬᠥ᠌ ᠲᠠᠯ᠎ᠠ ᠪᠠᠷ ᠲᠤᠭᠤᠰᠢᠯᠠᠭᠤᠯᠤᠨ᠎ᠠ

ᠤᠯᠤᠰ᠎ᠤᠨ ᠤᠯᠤᠰ ᠲᠥᠷᠥ ᠵᠢᠨ ᠠᠮᠤᠷ ᠲᠦᠪᠰᠢᠨ ᠢ᠋ ᠡᠷᠡᠰ ᠬᠠᠮᠠᠭᠠᠯᠠᠨ᠎ᠠ

ᠠᠵᠤ ᠠᠬᠤᠶ ᠵᠢᠨ ᠬᠦᠷᠢᠶᠡᠨ ᠳ᠋ᠡᠬᠢ ᠠᠶᠤᠯ ᠲᠦᠭᠰᠢᠭᠦᠷᠢ ᠶ᠋ᠢ ᠰᠡᠷᠭᠡᠶ᠋ᠢᠯᠡᠨ ᠡᠵᠡᠮᠳᠡᠬᠦ᠌ ᠶ᠋ᠢ ᠴᠢᠩᠭᠠᠳᠬᠠᠨ᠎ᠠ

ᠠᠷᠠᠳ ᠣᠯᠠᠨ ᠤ᠋ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠢ᠋ ᠪᠥᠬᠥ᠌ ᠬᠦᠴᠦᠨ ᠵᠢᠡᠷ ᠵᠢᠡᠨ ᠰᠠᠬᠢᠨ ᠬᠠᠮᠠᠭᠠᠯᠠᠨ᠎ᠠ

ᠪᠠᠴᠢᠮ ᠪᠠᠶ᠋ᠢᠳᠠᠯ ᠢ᠋ ᠠᠷᠭᠠᠴᠠᠭᠠᠬᠤ ᠣᠳᠣᠬᠢᠴᠢᠯᠠᠭᠰᠠᠨ ᠰᠢᠰᠲ᠋ᠧᠮ᠎ᠤᠨ ᠪᠠᠶ᠋ᠢᠭᠤᠯᠤᠯᠲᠠ ᠶ᠋ᠢ ᠲᠦᠷᠭᠡᠳᠬᠡᠨ᠎ᠡ

ᠨᠡᠶ᠋ᠢᠭᠡᠮ᠎ᠤᠨ ᠠᠮᠤᠷ ᠲᠦᠪᠰᠢᠨ ᠢ᠋ ᠤᠷᠢᠳᠴᠢᠯᠠᠨ ᠰᠡᠷᠭᠡᠶ᠋ᠢᠯᠡᠬᠦ᠌ ᠲᠠᠢᠰᠢ ᠬᠡᠯᠪᠡᠷᠢ ᠪᠠᠨ ᠬᠤᠪᠢᠷᠠᠭᠤᠯᠬᠤ ᠶ᠋ᠢ ᠠᠬᠢᠭᠤᠯᠤᠨ᠎ᠠ

ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠶ᠋ᠢ ᠪᠠᠷᠢᠮᠲᠠᠯᠠᠨ ᠬᠥᠭᠵᠢᠭᠦᠯᠦᠨ᠎ᠡ

ᠬᠢᠯᠢ ᠬᠢᠵᠠᠭᠠᠷ ᠢ᠋ ᠬᠥᠭᠵᠢᠭᠦᠯᠦᠨ ᠠᠷᠠᠳ ᠢ᠋ ᠪᠠᠶᠠᠵᠢᠭᠤᠯᠵᠤ ᠬᠢᠯᠢ ᠬᠢᠵᠠᠭᠠᠷ ᠢ᠋ ᠪᠡᠬᠢᠵᠢᠭᠦᠯᠬᠦ᠌ ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ

(ᠭᠤᠷᠪᠠ) ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠤ᠋ ᠬᠥᠭᠵᠢᠯᠲᠡ ᠵᠢᠨ ᠳᠠᠪᠠᠭᠤᠯᠢᠭ ᠢ᠋ ᠪᠡᠬᠢᠵᠢᠭᠦᠯᠦᠨ ᠥᠷᠭᠡᠳᠬᠡᠨ᠎ᠡ

ᠨᠡᠭᠦᠷᠡᠰᠦ ᠴᠠᠬᠢᠯᠭᠠᠨ ᠴᠢᠯᠠᠭᠤᠨ ᠲᠣᠰᠣ ᠰᠢᠳᠠᠮᠠᠬᠠᠢ ᠬᠡᠢ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠵᠡᠷᠭᠡ ᠪᠡᠷ ᠴᠢᠬᠤᠯᠠᠴᠢᠯᠠᠬᠤ ᠶ᠋ᠢ ᠪᠠᠷᠢᠮᠲᠠᠯᠠᠨ᠎ᠠ

ᠤᠯᠤᠰ᠎ᠤᠨ ᠨᠡᠭᠦᠷᠡᠰᠦᠨ ᠤ᠋ ᠬᠠᠩᠭᠠᠯᠭ᠎ᠠ ᠶ᠋ᠢ ᠪᠠᠲᠤᠯᠠᠬᠤ ᠡᠭᠦᠷᠭᠡ ᠶ᠋ᠢ ᠪᠦᠬᠦ᠌ ᠬᠦᠴᠦᠨ ᠵᠢᠡᠷ ᠵᠢᠡᠨ ᠪᠡᠶᠡᠯᠡᠭᠦᠯᠦᠨ᠎ᠡ

《ᠡᠯᠡᠰᠦᠨ ᠴᠦᠯ ᠭᠤᠪᠢ ᠨᠤᠳᠤᠭ ᠴᠦᠯᠯᠡᠷᠭᠡᠭ ᠭᠠᠵᠠᠷ》᠎ᠤᠨ ᠰᠠᠭᠤᠷᠢᠨ ᠤ᠋ ᠪᠦᠲᠦᠭᠡᠨ ᠪᠠᠶ᠋ᠢᠭᠤᠯᠤᠯᠲᠠ ᠶ᠋ᠢ ᠲᠦᠷᠭᠡᠳᠬᠡᠨ ᠠᠬᠢᠭᠤᠯᠤᠨ᠎ᠠ

ᠭᠤᠤᠯ ᠴᠠᠬᠢᠯᠭᠠᠨ ᠲᠤᠤᠷ ᠬᠤᠪᠢᠶᠠᠷᠢ ᠴᠠᠬᠢᠯᠭᠠᠨ ᠲᠤᠤᠷ ᠪᠢᠴᠢᠯ ᠴᠠᠬᠢᠯᠭᠠᠨ ᠲᠤᠤᠷ ᠬᠠᠮᠵᠢᠯᠴᠠᠬᠰᠠᠨ ᠰᠢᠨ᠎ᠡ ᠬᠡᠯᠪᠡᠷᠢ ᠵᠢᠨ ᠴᠠᠬᠢᠯᠭᠠᠨ ᠲᠤᠤᠷ ᠢ᠋ ᠪᠠᠢᠭᠤᠯᠤᠨ᠎ᠠ

ᠤᠯᠠᠮᠵᠢᠯᠠᠯᠲᠤ᠌ ᠠᠵᠢᠯ ᠲᠥᠷᠥᠯ᠎ᠤᠨ ᠬᠡᠷᠡᠭᠯᠡᠬᠦ ᠴᠠᠬᠢᠯᠭᠠᠨ ᠢ᠋ ᠪᠤᠬᠢᠷᠳᠤᠯ ᠦᠬᠡᠢ ᠴᠠᠬᠢᠯᠭᠠᠨ ᠵᠢᠡᠷ ᠤᠷᠤᠯᠠᠭᠤᠯᠬᠤ ᠶ᠋ᠢ ᠠᠬᠢᠭᠤᠯᠤᠨ᠎ᠠ

ᠰᠢᠨ᠎ᠡ ᠡᠨᠧᠷᠭᠢ ᠵᠢᠨ ᠲᠣᠨᠣᠬᠯᠠᠯ ᠦᠢᠯᠡᠳᠬᠦ᠌ ᠵᠢᠴᠢ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡ ᠵᠢ ᠨᠢᠭᠡ ᠴᠣᠭᠴᠠᠵᠢᠭᠤᠯᠤᠨ ᠬᠥᠭᠵᠢᠭᠦᠯᠬᠦ᠌ ᠶ᠋ᠢ ᠠᠬᠢᠭᠤᠯᠤᠨ᠎ᠠ

ᠬᠣᠪᠣᠷ ᠰᠢᠷᠣᠢ ᠵᠢᠨ ᠡᠬᠢ ᠪᠠᠶᠠᠯᠢᠭ ᠢ᠋ ᠬᠠᠶ᠋ᠢᠨ ᠰᠢᠨᠵᠢᠵᠦ᠍ ᠨᠡᠭᠡᠭᠡᠨ ᠠᠰᠢᠭᠯᠠᠬᠤ ᠶ᠋ᠢ ᠴᠢᠩᠭᠠᠳᠬᠠᠨ᠎ᠠ

ᠴᠥᠮ᠎ᠡ ᠵᠢᠨ ᠡᠨᠧᠷᠭᠢ ᠵᠢᠨ ᠡᠬᠢ ᠪᠠᠶᠠᠯᠢᠭ ᠢ᠋ ᠨᠡᠭᠡᠭᠡᠨ ᠠᠰᠢᠭᠯᠠᠬᠤ ᠶ᠋ᠢ ᠬᠠᠶ᠋ᠢᠨ ᠰᠦᠪᠡᠭᠴᠢᠯᠡᠨ᠎ᠡ

(ᠳᠥᠷᠪᠡ) ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠤ᠋ ᠦᠢᠯᠡᠳᠪᠦᠷᠢᠯᠡᠯ᠎ᠤᠨ ᠰᠠᠭᠤᠷᠢᠨ ᠤ᠋ ᠬᠠᠩᠭᠠᠯᠭ᠎ᠠ ᠶ᠋ᠢ ᠪᠠᠲᠤᠯᠠᠬᠤ ᠴᠢᠳᠠᠪᠤᠷᠢ ᠶ᠋ᠢ ᠪᠦᠬᠦ᠌ ᠲᠠᠯ᠎ᠠ ᠪᠠᠷ ᠳᠡᠭᠡᠭᠰᠢᠯᠡᠭᠦᠯᠦᠨ᠎ᠡ

ᠮᠠᠯ ᠠᠵᠤ ᠠᠬᠤᠶ ᠲᠠᠷᠢᠶᠠᠯᠠᠩ᠎ᠤᠨ ᠶᠡᠬᠡ ᠲᠠᠯ᠎ᠠ ᠶ᠋ᠢ ᠪᠠᠲᠤᠯᠠᠬᠤ᠂ ᠬᠦᠴᠦᠷᠬᠡᠭ ᠣᠷᠣᠨ ᠤ᠋ ᠪᠦᠳᠦᠬᠡᠨ ᠪᠠᠢᠭᠤᠯᠤᠯᠳᠠ ᠵᠢ ᠠᠬᠢᠭᠤᠯᠬᠤ᠂ ᠪᠠᠶᠠᠵᠢᠬᠤ ᠶ᠋ᠢ ᠳᠠᠶ᠋ᠢᠴᠢᠯᠠᠬᠤ ᠣᠯᠠᠨ ᠳᠠᠪᠬᠤᠷ ᠴᠢᠳᠠᠮᠵᠢ ᠶ᠋ᠢ ᠭᠦᠢᠴᠡᠳ ᠪᠠᠳᠠᠷᠠᠭᠤᠯᠤᠨ᠎ᠠ

ᠮᠠᠯ ᠠᠵᠤ ᠠᠬᠤᠢ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠢᠯᠡᠳᠪᠦᠷᠢᠯᠡᠯ᠎ᠤᠨ ᠴᠢᠳᠠᠪᠤᠷᠢ ᠪᠠ ᠶᠠᠰᠤ ᠴᠢᠨᠠᠷ ᠦᠷ᠎ᠡ ᠠᠰᠢᠭ ᠢ᠋ ᠲᠣᠭᠲᠠᠭᠤᠨ ᠵᠢᠡᠷ ᠳᠡᠭᠡᠭᠰᠢᠯᠡᠭᠦᠯᠦᠨ᠎ᠡ

ᠰᠢᠯᠢᠳᠡᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ ᠢ᠋ ᠳᠥᠷᠪᠡᠨ ᠵᠦᠭ ᠨᠠᠢ᠍ᠮᠠᠨ ᠵᠣᠪᠬᠢᠰ ᠲᠤ᠌ ᠪᠣᠷᠣᠯᠠᠭᠤᠯᠤᠨ᠎ᠠ

《ᠮᠢᠩᠭ᠎ᠠ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠶ᠋ᠢ ᠰᠤᠷᠤᠯᠴᠠᠨ ᠬᠡᠷᠡᠭᠯᠡᠨ᠎ᠡ

ᠣᠳᠣ ᠦᠶ᠎ᠡ ᠵᠢᠨ ᠮᠠᠯ ᠠᠵᠤ ᠠᠬᠤᠢ ᠲᠠᠷᠢᠶᠠᠯᠠᠩ᠎ᠤᠨ ᠡᠵᠡᠩᠨᠡᠯᠲᠡ ᠵᠢᠨ ᠦᠢᠯᠡᠴᠢᠯᠡᠭᠡᠨ ᠤ᠋ ᠰᠢᠰᠲ᠋ᠧᠮ ᠢ᠋ ᠪᠦᠷᠢᠨᠰᠢᠬᠦᠯᠦᠨ᠎ᠠ

ᠳᠠᠬᠢᠨ ᠶᠠᠳᠠᠭᠤᠷᠠᠬᠤ ᠪᠠ ᠶᠠᠳᠠᠭᠤᠷᠠᠬᠤ ᠶ᠋ᠢ ᠰᠡᠷᠭᠡᠶ᠋ᠢᠯᠡᠬᠦ᠌ ᠨᠠᠩ ᠪᠠᠲᠤ᠌ ᠪᠡᠬᠢ ᠰᠡᠷᠭᠡᠶ᠋ᠢᠯᠡᠯᠲᠡ ᠵᠢᠨ ᠱᠤᠭᠤᠮ ᠢ᠋ ᠪᠠᠶ᠋ᠢᠭᠤᠯᠤᠨ᠎ᠠ

(ᠲᠠᠪᠤ) ᠮᠠᠨ ᠤ᠋ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠢ᠋ ᠳᠡᠭᠡᠭᠰᠢᠯᠡᠭᠦᠯᠵᠤ ᠲᠠᠰ ᠳᠡᠪᠰᠢᠭᠦᠯᠬᠦ᠌ ᠶ᠋ᠢ ᠠᠬᠢᠭᠤᠯᠤᠨ᠎ᠠ

ᠳᠤᠮᠳᠠᠳᠤ ᠤᠯᠤᠰ (ᠦᠪᠦᠷ ᠮᠤᠡᠭᠭᠤᠯ)᠎ᠤᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠵᠢᠨ ᠣᠷᠣᠨ ᠢ᠋ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠤᠨ᠎ᠠ

ᠡᠯ᠎ᠠ ᠬᠡᠰᠡᠭ᠎ᠤᠨ ᠬᠠᠮᠵᠢᠯᠴᠠᠨ ᠬᠥᠭᠵᠢᠬᠦ᠌ ᠰᠢᠰᠲ᠋ᠧᠮ ᠢ᠋ ᠪᠠᠶ᠋ᠢᠭᠤᠯᠤᠨ᠎ᠠ

ᠣᠯᠠᠨ ᠨᠡᠶ᠋ᠢᠲᠡ ᠵᠢᠨ ᠭᠠᠳᠠᠭᠠᠳᠤ ᠳ᠋ᠠᠬᠢ ᠬᠥᠮᠥᠷᠭᠡ ᠶ᠋ᠢ ᠢᠳᠡᠪᠬᠢᠲᠡᠶ ᠪᠠᠢᠭᠤᠯᠵᠦ᠂ ᠭᠠᠳᠠᠭᠠᠳᠤ ᠳ᠋ᠤ ᠭᠠᠷᠭᠠᠬᠤ ᠪᠠᠷᠠᠭ᠎ᠠ ᠲᠠᠸᠠᠷ᠎ᠤᠨ ᠦᠢᠯᠡᠳᠪᠦᠷᠢᠯᠡᠯ᠎ᠤᠨ ᠬᠠᠩᠭᠠᠯᠭ᠎ᠠ ᠶ᠋ᠢ ᠰᠢᠯᠢᠳᠡᠭᠵᠢᠭᠦᠯᠦᠨ᠎ᠡ

ᠭᠤᠤᠯᠳᠠᠯᠭ᠎ᠠ ᠲᠠᠶ ᠬᠢᠯᠢ ᠵᠢᠨ ᠪᠣᠭᠣᠮᠲᠠ ᠪᠠ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ ᠢ᠋ ᠲᠡᠰ ᠲᠡᠪᠰᠢᠬᠦᠯᠬᠦ ᠢᠨᠵᠧᠨᠧᠷᠢᠩ ᠢ᠋ ᠬᠡᠷᠡᠭᠵᠢᠭᠦᠯᠦᠨ᠎ᠡ

ᠴᠢᠭᠯᠡᠬᠦᠯᠦᠯᠳᠤ ᠴᠢᠨᠠᠷᠲᠠᠶ ᠪᠠᠷ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠨ᠎ᠠ

ᠲᠤᠯᠤᠭᠠᠨ ᠵᠦᠢᠯ᠎ᠤᠨ ᠭᠤᠤᠯᠳᠠᠯᠭ᠎ᠠ ᠲᠠᠶ ᠠᠵᠢᠯ᠎ᠢ ᠭᠦᠨᠵᠡᠭᠡᠶ ᠠᠬᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠲᠤᠯᠭᠠᠭᠤᠷᠢᠯᠠᠯ᠎ᠢ ᠨᠠᠩ ᠪᠣᠳᠠᠲᠠᠶ᠂ ᠬᠥᠳᠡᠯᠭᠡᠬᠦ᠌ ᠬᠦᠴᠦᠨ᠎ᠢ ᠨᠠᠩ ᠴᠢᠩᠭ᠎ᠠ᠂ ᠶᠠᠰᠤ ᠴᠢᠨᠠᠷ᠎ᠢ ᠨᠠᠩ ᠰᠠᠢᠨ ᠪᠣᠯᠭᠠᠨ᠎ᠠ

(ᠨᠢᠭᠡ) ᠥᠪᠥᠷ ᠮᠣᠩᠭᠣᠯ᠎ᠤᠨ ᠣᠨᠴᠠᠯᠢᠬ ᠳᠠᠪᠠᠭᠤᠯᠢᠭ ᠢ᠋ ᠬᠠᠷᠠᠭᠤᠯᠤᠭᠰᠠᠨ᠂ ᠭᠣᠣᠯᠯᠠᠬᠤ ᠥᠷᠢᠰᠥᠯᠳᠦᠬᠦ᠌ ᠬᠦᠴᠦᠨ ᠪᠦᠬᠦᠢ ᠣᠳᠣᠬᠢᠴᠢᠯᠠᠭᠰᠠᠨ ᠠᠵᠤ ᠦᠢᠯᠡᠰ᠎ᠤᠨ ᠰᠢᠰᠲᠧᠮ ᠢ᠋ ᠪᠠᠶ᠋ᠢᠭᠤᠯᠤᠨ᠎ᠠ

ᠨᠠᠩ ᠣᠯᠠᠨ ᠲᠤᠯᠭᠠᠭᠤᠷᠢ ᠬᠡᠯᠪᠡᠷᠢ ᠵᠢᠨ ᠳᠠᠭᠠᠭᠤᠯᠬᠤ ᠴᠢᠨᠠᠷᠲᠠᠢ ᠠᠵᠤ ᠦᠢᠯᠡᠰ ᠢ᠋ ᠬᠦᠭᠵᠢᠬᠦᠯᠦᠨ᠎ᠠ

ᠪᠥᠬᠥ᠌ ᠤᠯᠤᠰ᠎ᠤᠨ ᠨᠢᠭᠡ ᠴᠣᠭᠴᠠᠵᠢᠭᠤᠯᠤᠭᠰᠠᠨ ᠪᠤᠳᠤᠯᠳᠡ ᠵᠢᠨ ᠬᠦᠴᠦᠨ ᠤ᠋ ᠰᠦᠯᠵᠢᠶ᠎ᠡ ᠵᠢᠨ ᠥᠪᠥᠷ ᠮᠣᠩᠭᠣᠯ᠎ᠤᠨ ᠬᠦᠢᠰᠦ ᠵᠢᠨ ᠪᠥᠲᠥᠭᠡᠨ ᠪᠠᠶ᠋ᠢᠭᠤᠯᠤᠯᠲᠠ ᠶ᠋ᠢ ᠭᠦᠨᠵᠡᠭᠡᠶ ᠠᠬᠢᠭᠤᠯᠵᠤ᠂ ᠪᠤᠳᠤᠯᠳᠡ ᠵᠢᠨ ᠬᠦᠴᠦᠨ ᠪᠤᠯᠤᠨ ᠴᠠᠬᠢᠯᠭᠠᠨ ᠬᠦᠴᠦᠨ ᠤ᠋ ᠬᠠᠮᠵᠢᠯᠴᠠᠭ᠎ᠠ᠂ ᠪᠤᠳᠤᠯᠳᠡ ᠵᠢᠨ ᠬᠦᠴᠦᠨ ᠪᠤᠯᠤᠨ ᠤᠰᠤᠨ ᠤ᠋ ᠡᠬᠢ ᠪᠠᠶᠠᠯᠢᠭ᠎ᠤᠨ ᠬᠠᠮᠵᠢᠯᠴᠠᠭ᠎ᠠ᠂ ᠪᠤᠳᠤᠯᠳᠡ ᠵᠢᠨ ᠬᠦᠴᠦᠨ ᠪᠤᠯᠤᠨ ᠰᠦᠯᠵᠢᠶ᠎ᠡ ᠵᠢᠨ ᠠᠭᠤᠰᠤᠯᠴᠠᠯ ᠢ᠋ ᠴᠢᠩᠭᠠᠳᠬᠠᠨ᠎ᠠ

ᠪᠥᠬᠥ᠌ ᠤᠯᠤᠰ ᠴᠢᠨᠠᠭᠰᠢᠯᠠᠪᠠᠯ ᠪᠥᠬᠥ᠌ ᠪᠥᠮᠪᠥᠷᠴᠡᠭ᠎ᠤᠨ ᠪᠣᠬᠢᠷᠲᠤᠯ ᠥᠬᠡᠶ ᠪᠤᠳᠤᠯᠳᠡ ᠵᠢᠨ ᠬᠦᠴᠦᠨ ᠤ᠋ ᠠᠵᠤ ᠦᠢᠯᠡᠰ᠎ᠤᠨ ᠥᠨᠳᠥᠷᠯᠢᠭ ᠢ᠋ ᠪᠥᠬᠥ᠌ ᠬᠦᠴᠦᠨ ᠵᠢᠡᠷ ᠵᠢᠡᠨ ᠴᠣᠭᠴᠠᠯᠠᠨ᠎ᠠ

ᠦᠢᠯᠡᠴᠢᠯᠡᠭᠡᠨ ᠤ᠋ ᠦᠢᠯᠡᠰ᠎ᠤᠨ ᠴᠢᠳᠠᠮᠵᠢ ᠵᠢ ᠥᠷᠭᠡᠳᠬᠡᠵᠤ ᠶᠠᠰᠤ ᠴᠢᠨᠠᠷ ᠢ᠋ ᠳᠡᠭᠡᠭᠰᠢᠯᠡᠭᠦᠯᠬᠦ᠌ ᠠᠵᠢᠯᠯᠠᠭ᠎ᠠ ᠶ᠋ᠢ ᠬᠡᠷᠡᠭᠵᠢᠭᠦᠯᠦᠨ᠎ᠡ

ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠠᠶ᠎ᠠ ᠵᠢᠨ ᠲᠠᠮᠢᠷ ᠠᠷᠠᠯᠵᠢᠶ᠎ᠠ ᠬᠤᠳᠠᠯᠳᠤᠭ᠎ᠠ ᠶ᠋ᠢ ᠨᠢᠭᠡ ᠴᠣᠭᠴᠠᠵᠢᠭᠤᠯᠤᠨ ᠬᠥᠭᠵᠢᠭᠦᠯᠬᠦ᠌ ᠶ᠋ᠢ ᠠᠬᠢᠭᠤᠯᠤᠨ᠎ᠠ

《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ ᠶ᠋ᠢ ᠪᠥᠬᠥ᠌ ᠲᠠᠯ᠎ᠠ ᠪᠠᠷ ᠬᠡᠷᠡᠭᠵᠢᠭᠦᠯᠦᠨ᠎ᠡ

《ᠵᠢᠷᠭᠤᠭᠠᠨ ᠲᠤᠤᠷ》 ᠪᠤᠯᠤᠨ ᠶᠡᠷᠦᠩᠬᠡᠶ᠋ᠢᠯᠡᠭᠰᠡᠨ ᠪᠣᠰᠣᠭ᠎ᠠ ᠴᠣᠭᠴᠠᠲᠤ᠌ ᠵᠠᠮ ᠬᠠᠷᠢᠯᠴᠠᠭ᠎ᠠ᠂ ᠤᠢᠷ᠎ᠠ ᠤᠬᠳᠠᠷᠭᠤᠢ᠂ 《ᠵᠣᠬᠢᠶᠠᠮᠠᠯ ᠣᠶᠤᠨ ᠴᠢᠳᠠᠪᠤᠷᠢ +》 ᠵᠢᠨ ᠣᠯᠠᠨ ᠨᠡᠶ᠋ᠢᠲᠡ ᠵᠢᠨ ᠦᠢᠯᠡᠴᠢᠯᠡᠭᠡ᠂ ᠬᠡᠷᠡᠭᠯᠡᠭᠡ ᠵᠡᠷᠭᠡ ᠬᠦᠷᠢᠶ᠎ᠡ ᠴᠠᠷᠠᠭ᠎ᠠ ᠵᠢᠨ ᠰᠠᠭᠤᠷᠢ ᠲᠦᠬᠦᠬᠡᠷᠦᠮᠵᠢ ᠶ᠋ᠢ ᠲᠥᠯᠥᠪᠵᠢᠭᠦᠯᠦᠨ ᠪᠠᠶ᠋ᠢᠭᠤᠯᠬᠤ ᠶ᠋ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ

(ᠬᠣᠶᠠᠷ) ᠭᠠᠵᠠᠷ ᠣᠷᠣᠨ ᠤ᠋ ᠪᠠᠶ᠋ᠢᠳᠠᠯ ᠳ᠋ᠠᠭᠠᠨ ᠲᠤᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠪᠡᠶ᠎ᠡ ᠪᠡᠨ ᠳᠠᠭᠠᠭᠠᠵᠤ ᠬᠦᠴᠦᠷᠬᠡᠭᠵᠢᠬᠦ᠌ ᠶ᠋ᠢ ᠲᠦᠷᠬᠡᠳᠬᠡᠨ ᠬᠦᠨᠵᠡᠬᠡᠢᠷᠡᠬᠦᠯᠤᠨ᠎ᠠ

ᠳᠠᠪᠠᠭᠤᠯᠢᠭ ᠬᠦᠷᠢᠶᠡᠨ ᠳ᠋ᠤ ᠠᠩᠬᠠᠷᠤᠯ ᠵᠢᠡᠨ ᠲᠥᠪᠯᠡᠷᠡᠭᠦᠯᠦᠨ ᠰᠢᠰᠲ᠋ᠧᠮᠵᠢᠭᠰᠡᠨ ᠰᠢᠨ᠎ᠡ ᠶ᠋ᠢ ᠡᠭᠦᠳᠬᠦ᠌ ᠴᠢᠳᠠᠪᠤᠷᠢ ᠶ᠋ᠢ ᠳᠡᠭᠡᠭᠰᠢᠯᠡᠭᠦᠯᠦᠨ᠎ᠡ

ᠠᠵᠤ ᠠᠬᠤᠶ᠋ᠢᠯᠠᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ ᠶ᠋ᠢ ᠡᠭᠦᠳᠬᠦ᠌ ᠭᠣᠣᠯ ᠴᠣᠭᠴᠠ ᠵᠢᠨ ᠪᠠᠶ᠋ᠢᠷᠢ ᠰᠠᠭᠤᠷᠢ ᠶ᠋ᠢ ᠴᠢᠩᠭᠠᠳᠬᠠᠨ᠎ᠠ

ᠮᠡᠳᠡᠯᠭᠡ ᠵᠢᠨ ᠪᠦᠲᠦᠭᠡᠭᠳᠡᠬᠦᠨ ᠤ᠋ ᠥᠮᠴᠢᠯᠡᠯ᠎ᠤᠨ ᠡᠷᠬᠡ ᠵᠢᠨ ᠡᠭᠦᠳᠦᠯᠲᠡ᠂ ᠬᠡᠷᠡᠭᠯᠡᠯᠲᠡ ᠪᠠ ᠬᠠᠮᠠᠭᠠᠯᠠᠯᠲᠠ ᠶ᠋ᠢ ᠴᠢᠩᠭᠠᠳᠬᠠᠨ᠎ᠠ

ᠰᠤᠳᠤᠯᠤᠨ ᠨᠡᠭᠡᠭᠡᠵᠦ᠍ ᠵᠢᠷᠤᠵᠤ ᠲᠥᠯᠥᠪᠯᠡᠬᠦ᠌᠂ ᠪᠠᠶ᠋ᠢᠴᠠᠭᠠᠨ ᠰᠢᠯᠭᠠᠵᠤ ᠪᠠᠶ᠋ᠢᠴᠠᠭᠠᠨ ᠰᠢᠨᠵᠢᠬᠦ᠌᠂ ᠭᠡᠷᠡᠴᠢᠯᠡᠵᠦ᠍ ᠵᠥᠪᠰᠢᠶᠡᠷᠡᠬᠦ᠌ ᠵᠡᠷᠭᠡ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠢᠯᠡᠴᠢᠯᠡᠭᠡ ᠵᠢ ᠲᠦᠷᠭᠡᠳᠬᠡᠨ ᠬᠥᠭᠵᠢᠭᠦᠯᠦᠨ᠎ᠡ

ᠴᠢᠬᠤᠯᠠ ᠶᠡᠬᠡ ᠰᠢᠨ᠎ᠡ ᠶ᠋ᠢ ᠡᠭᠦᠳᠬᠦ᠌ ᠲᠠᠪᠴᠠᠩ ᠪᠠ ᠴᠢᠬᠤᠯᠠ ᠶᠡᠬᠡ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠠᠭᠤᠷᠢ ᠲᠦᠬᠦᠬᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠶ᠋ᠢ ᠠᠬᠢᠭᠤᠯᠤᠨ᠎ᠠ

ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠠᠬᠤᠶ ᠦᠵᠡᠭᠳᠡᠯ ᠢ᠋ ᠶᠡᠬᠡ ᠬᠡᠪᠴᠢᠶ᠎ᠡ ᠪᠡᠷ ᠵᠢᠱ᠌ᠢᠶ᠎ᠡ ᠦᠵᠡᠭᠦᠯᠵᠤ ᠬᠡᠷᠡᠭᠯᠡᠬᠦ᠌ ᠶ᠋ᠢ ᠠᠬᠢᠭᠤᠯᠤᠨ᠎ᠠ

ᠡᠳ᠋᠎ᠤᠨ ᠵᠠᠰᠠᠭ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠣᠷᠣᠭᠤᠯᠤᠯᠲᠠ ᠵᠢᠨ ᠪᠠᠲᠤᠯᠠᠭ᠎ᠠ ᠪᠤᠯᠤᠨ ᠤᠯᠤᠰ᠎ᠤᠨ ᠥᠮᠴᠢᠯᠡᠯᠳᠤ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ ᠵᠢᠨ ᠲᠣᠭᠲᠠᠴᠠ ᠶ᠋ᠢ ᠪᠦᠷᠢᠨᠰᠢᠭᠦᠯᠦᠨ᠎ᠡ

ᠰᠤᠷᠭᠠᠨ ᠬᠥᠮᠦᠵᠢᠯ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠴᠢᠳᠠᠪᠤᠷᠢᠲᠠᠨ ᠢ᠋ ᠨᠢᠭᠡ ᠴᠤᠬᠴᠠᠵᠢᠭᠤᠯᠤᠨ ᠠᠬᠢᠭᠤᠯᠬᠤ ᠪᠠᠶ᠋ᠢᠭᠤᠯᠤᠮᠵᠢ ᠲᠣᠭᠲᠠᠴᠠ ᠶ᠋ᠢ ᠲᠡᠭᠦᠯᠳᠡᠷᠵᠢᠭᠦᠯᠦᠨ᠎ᠡ

《ᠰᠤᠳᠤᠨ ᠴᠢᠳᠠᠪᠤᠷᠢᠲᠠᠨ ᠵᠢᠡᠷ ᠥᠪᠥᠷ ᠮᠣᠩᠭᠣᠯ ᠵᠢᠡᠨ ᠮᠠᠨᠳᠤᠭᠤᠯᠬᠤ》ᠢᠨᠵᠧᠨᠧᠷᠢᠩ ᠢ᠋ ᠭᠦᠨᠵᠡᠭᠡᠶ ᠬᠡᠷᠡᠭᠵᠢᠭᠦᠯᠦᠨ᠎ᠡ

ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠨᠡᠯᠡᠯᠲᠡ ᠵᠢᠨ ᠰᠢᠰᠲ᠋ᠧᠮ᠎ᠤᠨ ᠥᠭᠡᠷᠡᠴᠢᠯᠡᠯᠲᠡ ᠶ᠋ᠢ ᠭᠦᠨᠵᠡᠭᠡᠶ᠋ᠢᠷᠡᠭᠦᠯᠦᠨ᠎ᠡ

(ᠭᠤᠷᠪᠠ) ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠯᠤᠭᠡ ᠭᠦᠨᠵᠡᠭᠡᠢ ᠵᠠᠯᠭᠠᠯᠳᠤᠭᠤᠯᠤᠨ ᠪᠦᠲᠦᠮᠵᠢᠲᠡᠢ ᠠᠭᠤᠰᠤᠯᠴᠠᠭᠤᠯᠤᠨ᠎ᠠ

ᠬᠡᠷᠡᠭᠯᠡᠭᠡ ᠵᠢ ᠬᠥᠭᠵᠢᠭᠡᠬᠦ᠌ ᠲᠤᠰᠬᠠᠢ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠎ᠡ

ᠬᠣᠲᠠ ᠶ᠋ᠢᠨ ᠨᠡᠶ᠋ᠢᠭᠡᠮ ᠲᠣᠭᠣᠷᠢᠭ᠎ᠤᠨ ᠰᠢᠭᠢᠳᠬᠡᠬᠦ ᠮᠠᠶᠢᠭ᠎ᠤᠨ ᠦᠢᠯᠡᠴᠢᠯᠡᠭᠡᠨ ᠤ᠋ ᠲᠦᠬᠦᠭᠡᠷᠦᠮᠵᠢ᠂ ᠪᠦᠷᠢᠨ ᠪᠦᠲᠦᠨ ᠨᠡᠶ᠋ᠢᠭᠡᠮ ᠲᠣᠭᠣᠷᠢᠭ ᠪᠠ 《ᠨᠢᠭᠡ ᠮᠥᠴᠡ ᠳ᠋ᠤ ᠭᠦᠢᠴᠡᠳᠭᠡᠬᠦ》 ᠠᠷᠠᠳ ᠲᠦ᠍ ᠲᠥᠬᠥᠮ ᠦᠵᠡᠭᠦᠯᠬᠦ᠌ ᠠᠮᠢᠳᠤᠷᠠᠯ᠎ᠤᠨ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ

ᠪᠦᠲᠦᠮᠵᠢᠲᠠᠢ ᠪᠡᠯᠡ ᠣᠷᠣᠭᠤᠯᠤᠯᠲᠠ ᠵᠢ ᠢᠳᠡᠪᠬᠢᠲᠡᠢ ᠥᠷᠭᠡᠳᠬᠡᠨ᠎ᠡ

ᠣᠳᠣ ᠦᠶ᠎ᠡ ᠶ᠋ᠢᠨ ᠭᠦᠢᠯᠭᠡᠭᠡᠨ ᠤ᠋ ᠰᠢᠰᠲᠸᠮ ᠢ᠋ ᠲᠦᠷᠭᠡᠳᠬᠡᠨ ᠪᠠᠶ᠋ᠢᠭᠤᠯᠤᠨ᠎ᠠ

(ᠲᠦᠷᠪᠡ) ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠶ᠋ᠢᠨ ᠪᠠᠶ᠋ᠢᠭᠤᠯᠤᠯ᠎ᠯᠤᠭ᠎ᠠ ᠵᠣᠬᠢᠴᠠᠯᠳᠤᠭᠰᠠᠨ ᠠᠵᠤ ᠠᠬᠤᠢ ᠶ᠋ᠢᠨ ᠵᠠᠰᠠᠯᠲᠠ ᠶ᠋ᠢᠨ ᠰᠢᠰᠲᠸᠮ ᠢ᠋ ᠪᠦᠷᠢᠨᠰᠢᠬᠦᠯᠤᠨ᠎ᠡ

《ᠭᠤᠷᠪᠠᠨ ᠲᠦᠪᠯᠡᠷᠡᠯ》 ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍ ᠤᠯᠤᠰ᠎ᠤᠨ ᠥᠮᠴᠢᠯᠡᠯᠳᠤ ᠠᠵᠤ ᠠᠬᠤᠢ ᠶ᠋ᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ

ᠡᠵᠡᠩᠨᠡᠯᠲᠡ ᠶ᠋ᠢᠨ ᠭᠤᠤᠯ ᠴᠣᠭᠴᠠ ᠵᠢ ᠱᠠᠲᠤᠯᠠᠨ ᠪᠣᠶ᠋ᠢᠵᠢᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ

《ᠦᠨᠳᠦᠷ ᠪᠦᠲᠦᠮᠵᠢᠲᠡᠢ ᠪᠠᠷ ᠨᠢᠭᠡ ᠶᠠᠪᠤᠳᠠᠯ ᠢ᠋ ᠭᠦᠢᠴᠡᠳᠭᠡᠬᠦ᠌》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ

ᠴᠢᠬᠤᠯᠠ ᠡᠯᠧᠮᠧᠨ᠋ᠲ ᠢ᠋ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ

ᠡᠳ᠋᠎ᠤᠨ ᠵᠠᠰᠠᠭ᠎ᠤᠨ ᠰᠢᠨᠵᠢᠯᠡᠬᠦ᠌ ᠤᠬᠠᠭᠠᠨᠴᠢ ᠬᠠᠮᠢᠶᠠᠷᠤᠯᠲᠠ ᠵᠢ ᠴᠢᠩᠭᠠᠳᠬᠠᠨ᠎ᠠ

ᠮᠥᠩᠭᠥᠨ ᠭᠦᠢᠯᠭᠡᠭᠡᠨ ᠤ᠋ ᠪᠣᠳᠠᠲᠤ᠌ ᠴᠣᠭᠴᠠ ᠶ᠋ᠢᠨ ᠠᠵᠤ ᠠᠬᠤᠶ ᠨᠡᠶ᠋ᠢᠭᠡᠮ ᠪᠠ ᠠᠷᠠᠳ᠎ᠤᠨ ᠠᠮᠢᠳᠤᠷᠠᠯ ᠳ᠋ᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ

(ᠲᠠᠪᠤ) ᠣᠷᠣᠨ ᠪᠦᠰᠡ ᠶ᠋ᠢᠨ ᠠᠵᠤ ᠠᠬᠤᠢ ᠶ᠋ᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠍᠂ ᠬᠤᠳᠠ ᠬᠥᠳᠡᠭᠡ ᠣᠷᠣᠨ ᠪᠦᠰᠡ ᠶ᠋ᠢᠨ ᠵᠣᠬᠢᠴᠠᠩᠭᠤᠢ ᠬᠥᠭᠵᠢᠯᠲᠡ ᠵᠢ ᠠᠬᠢᠭᠤᠯᠤᠨ᠎ᠠ

ᠬᠥᠬᠡᠬᠣᠲᠠ ᠪᠤᠭᠤᠲᠤ᠌ ᠣᠷᠳᠣᠰ ᠤᠯᠠᠭᠠᠨᠴᠠᠪ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠲᠦᠷᠭᠡᠳᠬᠡᠨ᠎ᠡ

ᠦᠪᠡᠷᠮᠢᠴᠡ ᠣᠨᠴᠠᠯᠢᠭ ᠲᠠᠢ ᠳᠠᠪᠠᠭᠤᠯᠢᠬᠳᠤ ᠠᠵᠤ ᠦᠢᠯᠡᠰ᠎ᠤᠨ ᠲᠥᠪᠯᠡᠷᠡᠭᠰᠡᠨ ᠣᠷᠣᠨ ᠢ᠋ ᠬᠠᠮᠲᠤᠷᠠᠨ ᠪᠠᠶ᠋ᠢᠭᠤᠯᠤᠨ᠎ᠠ

ᠪᠠᠷᠠᠭᠤᠨ ᠬᠡᠰᠡᠭ᠎ᠤᠨ ᠠᠶ᠋ᠢᠮᠠᠭ ᠬᠣᠲᠠ ᠶ᠋ᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠶ᠋ᠢᠨ ᠬᠠᠮᠠᠭᠠᠯᠠᠯᠲᠠ ᠪᠠ ᠡᠯᠡᠰᠦᠷᠬᠡᠭᠵᠢᠯ ᠢ᠋ ᠵᠠᠰᠠᠬᠤ ᠵᠢ ᠠᠬᠢᠭᠤᠯᠤᠨ᠎ᠠ

ᠪᠤᠭᠤᠲᠤ ᠶ᠋ᠢᠨ ᠬᠠᠭᠤᠴᠢᠨ ᠠᠵᠤ ᠦᠢᠯᠡᠳᠪᠦᠷᠢ ᠶ᠋ᠢᠨ ᠰᠠᠭᠤᠷᠢᠨ᠂ ᠦᠬᠠᠶ ᠶ᠋ᠢᠨ ᠡᠬᠢ ᠪᠠᠶᠠᠯᠢᠭ ᠰᠢᠪᠬᠠᠷᠤᠭᠰᠠᠨ ᠬᠡᠯᠪᠡᠷᠢ ᠶ᠋ᠢᠨ ᠬᠣᠲᠠ ᠶ᠋ᠢᠨ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠵᠤ ᠰᠢᠨ᠎ᠡ ᠵᠢ ᠡᠭᠦᠳᠦᠨ ᠬᠥᠭᠵᠢᠬᠦ᠌ ᠵᠢ ᠳᠡᠮᠵᠢᠨ᠎ᠡ

ᠬᠣᠲᠠ ᠶ᠋ᠢᠨ ᠰᠢᠨᠡᠴᠢᠯᠡᠯᠲᠡ ᠶ᠋ᠢᠨ ᠠᠵᠢᠯᠯᠠᠭ᠎ᠠ ᠵᠢ ᠴᠢᠨᠠᠷ ᠰᠠᠶ᠋ᠢᠲᠠᠶ ᠬᠡᠷᠡᠭᠵᠢᠭᠦᠯᠦᠨ᠎ᠡ

ᠰᠢᠶᠠᠨ ᠤ᠋ ᠬᠣᠲᠠ ᠪᠡᠷ ᠴᠢᠬᠤᠯᠠ ᠠᠴᠢᠶᠠᠯᠠᠪᠤᠷᠢ ᠪᠣᠯᠭᠠᠭᠰᠠᠨ ᠬᠣᠲᠠ ᠪᠠᠯᠭᠠᠰᠤᠵᠢᠯᠲᠠ ᠶ᠋ᠢᠨ ᠪᠦᠲᠦᠭᠡᠨ ᠪᠠᠶ᠋ᠢᠭᠤᠯᠤᠯᠲᠠ ᠵᠢ ᠲᠥᠷᠥᠯ ᠬᠤᠪᠢᠶᠠᠨ ᠠᠬᠢᠭᠤᠯᠤᠨ᠎ᠠ

(ᠵᠢᠷᠭᠤᠭ᠎ᠠ) ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ᠌ ᠳᠤᠮᠳᠠ ᠨᠡᠶ᠋ᠢᠭᠡᠮ ᠵᠢᠷᠤᠮ᠎ᠤᠨ ᠰᠣᠶᠣᠯ ᠢ᠋ ᠴᠡᠴᠡᠭᠯᠡᠭᠦᠯᠦᠨ ᠬᠥᠭᠵᠢᠭᠦᠯᠦᠨ᠎ᠡ

ᠨᠠᠮ᠎ᠤᠨ ᠰᠢᠨ᠎ᠡ ᠵᠢ ᠡᠭᠦᠳᠬᠦ᠌ ᠤᠨᠤᠯ᠎ᠤᠨ ᠰᠤᠷᠤᠯᠴᠠᠯᠭ᠎ᠠ ᠤᠬᠠᠭᠤᠯᠭ᠎ᠠ ᠬᠥᠮᠦᠵᠢᠯ ᠢ᠋ ᠭᠦᠨᠵᠡᠭᠡᠶ᠋ᠢᠷᠡᠭᠦᠯᠦᠨ᠎ᠡ

ᠭᠣᠣᠯ ᠵᠠᠭᠤᠴᠢᠯᠠᠭᠤᠷ᠎ᠤᠨ ᠰᠢᠰᠲ᠋ᠧᠮᠳᠤ ᠬᠤᠪᠢᠰᠤᠯᠲᠠ ᠵᠢ ᠠᠬᠢᠭᠤᠯᠤᠨ᠎ᠠ

ᠦᠵᠡᠯ ᠰᠠᠨᠠᠭ᠎ᠠ ᠤᠯᠤᠰ ᠲᠥᠷᠥ ᠶ᠋ᠢᠨ ᠠᠵᠢᠯ ᠢ᠋ ᠴᠢᠩᠭᠠᠳᠬᠠᠨ ᠰᠠᠶ᠋ᠢᠵᠢᠷᠠᠭᠤᠯᠤᠨ᠎ᠠ

ᠬᠣᠲᠠ ᠬᠥᠳᠡᠭᠡ ᠶ᠋ᠢᠨ ᠣᠶᠤᠨ ᠤ᠋ ᠪᠣᠯᠪᠠᠰᠤᠨ ᠤ᠋ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ

ᠤᠯᠠᠨ ᠨᠡᠶ᠋ᠢᠲᠡ ᠶ᠋ᠢᠨ ᠰᠣᠶᠣᠯ᠎ᠤᠨ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ᠌ ᠠᠵᠢᠯᠯᠠᠭ᠎ᠠ ᠵᠢ ᠬᠡᠷᠡᠭᠵᠢᠭᠦᠯᠦᠨ᠎ᠡ

ᠤᠯᠠᠭᠠᠨᠮᠥ᠋ᠴᠢᠷ᠎ᠤᠨ ᠦᠢᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ

ᠪᠢᠴᠢᠭ᠎ᠤᠨ ᠰᠤᠷᠪᠤᠯᠵᠢᠲᠤ᠌ ᠥᠪᠥᠷ ᠮᠣᠩᠭᠣᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭᠠᠳᠬᠠᠨ᠎ᠠ

ᠤᠷᠠᠯᠢᠭ᠎ᠤᠨ ᠵᠣᠬᠢᠶᠠᠨ ᠪᠦᠲᠦᠭᠡᠯᠭᠡ ᠰᠢᠨ᠎ᠡ ᠡᠭᠦᠳᠦᠯᠲᠡ ᠵᠢ ᠵᠣᠷᠢᠭᠵᠢᠭᠤᠯᠤᠨ ᠲᠡᠮᠵᠢᠨ᠎ᠠ

ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ᠌ ᠰᠣᠶᠣᠯ ᠢ᠋ ᠠᠭᠤᠳᠠᠯᠤᠨ ᠳᠡᠯᠭᠡᠷᠡᠭᠦᠯᠬᠦ᠌ ᠠᠵᠢᠯ ᠢ᠋ ᠴᠢᠩᠭᠠᠳᠬᠠᠨ᠎ᠠ

ᠰᠣᠶᠣᠯ᠎ᠤᠨ ᠪᠠᠶ᠋ᠢᠭᠤᠯᠤᠮᠵᠢ ᠲᠣᠭᠲᠠᠴᠠ ᠶ᠋ᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ

ᠤᠯᠠᠨ ᠤᠯᠤᠰ᠎ᠤᠨ ᠳᠠᠮᠵᠢᠭᠤᠯᠭ᠎ᠠ ᠶ᠋ᠢᠨ ᠴᠢᠳᠠᠪᠤᠷᠢ ᠶ᠋ᠢᠨ ᠪᠠᠶ᠋ᠢᠭᠤᠯᠤᠯᠲᠠ ᠵᠢ ᠴᠢᠩᠭᠠᠳᠬᠠᠨ᠎ᠠ

(ᠲᠤᠯᠤᠭ᠎ᠠ) ᠨᠡᠩ ᠣᠨᠣᠴᠠᠲᠠᠢ ᠪᠥᠭᠡᠳ ᠡᠷᠴᠢᠮᠲᠡᠢ ᠪᠡᠷ ᠠᠷᠠᠳ᠎ᠤᠨ ᠠᠮᠢᠳᠤᠷᠠᠯ ᠢ᠋ ᠪᠠᠲᠤᠯᠠᠨ ᠰᠠᠶ᠋ᠢᠵᠢᠷᠠᠭᠤᠯᠤᠨ᠎ᠠ

《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠦᠷᠭᠦᠯᠵᠢᠯᠡᠨ ᠬᠡᠷᠡᠭᠵᠢᠭᠦᠯᠦᠨ᠎ᠡ

ᠮᠡᠷᠭᠡᠵᠢᠯ᠎ᠤᠨ ᠠᠵᠢᠯᠴᠢᠨ ᠤ᠋ ᠰᠤᠷᠭᠠᠨ ᠬᠥᠮᠦᠵᠢᠯ ᠢ᠋ ᠶᠡᠬᠡ ᠪᠡᠷ ᠬᠥᠭᠵᠢᠭᠦᠯᠤᠨ᠎ᠠ

ᠰᠢᠨ᠎ᠡ ᠴᠠᠭ ᠦᠶ᠎ᠡ ᠶ᠋ᠢᠨ ᠶᠣᠰᠣ ᠰᠤᠷᠲᠠᠬᠤᠨ ᠢ᠋ᠶ᠋ᠡᠷ ᠬᠥᠮᠦᠨ ᠢ᠋ ᠬᠥᠮᠦᠵᠢᠭᠦᠯᠬᠦ᠌ ᠢᠨᠵᠧᠨᠧᠷᠢᠩ ᠢ᠋ ᠬᠡᠷᠡᠭᠵᠢᠭᠦᠯᠦᠨ᠎ᠡ

ᠡᠷᠡᠭᠦᠯ ᠡᠩᠬᠡ ᠥᠪᠥᠷ ᠮᠣᠩᠭᠣᠯ᠎ᠤᠨ ᠪᠦᠳᠦᠬᠡᠨ ᠪᠠᠶ᠋ᠢᠭᠤᠯᠤᠯᠲᠠ ᠵᠢ ᠠᠬᠢᠭᠤᠯᠤᠨ᠎ᠠ

ᠢᠳᠡᠭᠡᠨ ᠪᠠ ᠡᠮ᠎ᠤᠨ ᠵᠦᠢᠯᠡᠰ᠎ᠤᠨ ᠠᠮᠤᠷ ᠲᠦᠪᠰᠢᠨ ᠤ᠋ ᠬᠢᠨᠠᠯᠲᠠ ᠬᠠᠮᠢᠶᠠᠷᠤᠯᠲᠠ ᠵᠢ ᠴᠢᠩᠭᠠᠷᠠᠭᠤᠯᠤᠨ᠎ᠠ

ᠪᠦᠬᠦ᠌ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠦᠨ᠎ᠡ

ᠦᠷᠡᠵᠢᠯ᠎ᠤᠨ ᠳᠡᠮᠵᠢᠯᠭᠡ ᠵᠢᠨ ᠲᠥᠷᠥ ᠶ᠋ᠢᠨ ᠪᠣᠳᠣᠯᠭ᠎ᠠ ᠪᠠ ᠤᠷᠮᠠᠰᠢᠭᠤᠯᠬᠤ ᠠᠷᠭ᠎ᠠ ᠬᠡᠮᠵᠢᠶ᠎ᠡ ᠵᠢ ᠰᠢᠯᠢᠳᠡᠭᠵᠢᠭᠦᠯᠦᠨ᠎ᠡ

ᠤᠯᠠᠨ ᠳᠡᠰ ᠳᠠᠪᠬᠤᠷᠭ᠎ᠠ ᠶ᠋ᠢᠨ ᠨᠡᠶ᠋ᠢᠭᠡᠮ᠎ᠤᠨ ᠪᠠᠲᠤᠯᠠᠭ᠎ᠠ ᠶ᠋ᠢᠨ ᠰᠢᠰᠲ᠋ᠧᠮ ᠢ᠋ ᠲᠡᠭᠦᠯᠳᠡᠷᠵᠢᠭᠦᠯᠦᠨ᠎ᠠ

ᠬᠡᠷ ᠭᠠᠵᠠᠷ᠎ᠤᠨ ᠬᠥᠷᠥᠩᠭᠡ ᠶ᠋ᠢᠨ ᠬᠥᠭᠵᠢᠯᠲᠡ ᠶ᠋ᠢᠨ ᠰᠢᠨ᠎ᠡ ᠵᠠᠭᠪᠤᠷ ᠢ᠋ ᠪᠠᠶ᠋ᠢᠭᠤᠯᠤᠨ᠎ᠠ

ᠨᠠᠮ᠎ᠤᠨ ᠪᠦᠬᠦ᠌ ᠲᠠᠯ᠎ᠠ ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ ᠵᠢ ᠴᠢᠩᠭᠠᠳᠬᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠵᠢ ᠦᠨᠢ ᠡᠭᠦᠷᠢᠲᠡ ᠪᠠᠷᠢᠮᠲᠠᠯᠠᠨ ᠠᠬᠢᠭᠤᠯᠤᠨ᠎ᠠ

(ᠨᠢᠭᠡ) ᠨᠠᠮ᠎ᠤᠨ ᠭᠡᠰᠢᠭᠦᠨ ᠺᠠᠳ᠋ᠷᠴᠤᠳ᠎ᠤᠨ ᠨᠠᠮᠴᠢ ᠴᠢᠨᠠᠷ ᠢ᠋ ᠬᠦᠴᠦᠯᠡᠨ ᠴᠢᠩᠭᠠᠳᠬᠠᠬᠤ ᠵᠢ ᠠᠬᠢᠭᠤᠯᠤᠨ᠎ᠠ

ᠨᠠᠮ᠎ᠤᠨ ᠭᠡᠰᠢᠭᠦᠨ ᠺᠠᠳ᠋ᠷᠴᠤᠳ ᠢ᠋ ᠬᠦᠮᠤᠵᠢᠬᠦᠯᠤᠨ ᠵᠢᠯᠤᠭᠤᠳᠴᠤ ᠪᠠᠢᠭᠠᠳ ᠨᠠᠮᠴᠢ ᠴᠢᠨᠠᠷ᠎ᠤᠨ ᠪᠣᠯᠪᠠᠰᠤᠷᠠᠯ ᠢ᠋ ᠴᠢᠩᠭᠠᠳᠬᠠᠬᠤ ᠵᠢ ᠨᠠᠰᠤᠨ ᠲᠤᠷᠰᠢᠳᠠ ᠶ᠋ᠢᠨ ᠰᠡᠳᠦᠪ ᠪᠣᠯᠭᠠᠨ᠎ᠠ

ᠰᠢ ᠵᠢᠨ ᠫᠢᠩ᠎ᠤᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ ᠤ᠋ ᠬᠥᠮᠦᠵᠢᠯ ᠪᠣᠯᠪᠠᠰᠤᠷᠠᠯ᠎ᠤᠨ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠦᠨ᠎ᠡ

ᠨᠠᠮ᠎ᠤᠨ ᠳᠣᠲᠣᠭᠠᠳᠤ ᠶ᠋ᠢᠨ ᠤᠯᠤᠰ ᠲᠥᠷᠥ ᠶ᠋ᠢᠨ ᠠᠮᠢᠳᠤᠷᠠᠯ ᠢ᠋ ᠴᠢᠩᠳᠠᠯᠠᠨ᠎ᠠ

ᠤᠯᠤᠰ ᠲᠥᠷᠥ ᠶ᠋ᠢᠨ ᠰᠠᠬᠢᠯᠭ᠎ᠠ ᠪᠠᠲᠤ᠌ ᠪᠠ ᠤᠯᠤᠰ ᠲᠥᠷᠥ ᠶ᠋ᠢᠨ ᠶᠣᠰᠣ ᠲᠦᠷᠢᠮ ᠢ᠋ ᠴᠢᠩᠳᠠᠯᠠᠨ᠎ᠠ

(ᠬᠣᠶᠠᠷ) ᠠᠷᠠᠳᠴᠢᠯᠠᠯ ᠲᠥᠪᠯᠡᠷᠡᠯ᠎ᠤᠨ ᠶᠣᠰᠣ ᠵᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠦᠨ᠎ᠡ

ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠵᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ ᠪᠡᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ

ᠨᠠᠮ᠎ᠤᠨ ᠳᠣᠲᠣᠭᠠᠳᠤ ᠶ᠋ᠢᠨ ᠠᠷᠠᠳᠴᠢᠯᠠᠯ᠎ᠤᠨ ᠳᠦᠷᠢᠮ ᠢ᠋ ᠪᠠᠷᠢᠮᠲᠠᠯᠠᠨ ᠲᠡᠭᠦᠯᠳᠡᠷᠵᠢᠭᠦᠯᠦᠨ᠎ᠡ

ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠬᠡᠷᠡᠭ ᠵᠥᠪᠯᠡᠬᠦ᠌ ᠲᠦᠷᠢᠮ ᠪᠠ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠵᠢᠷᠤᠮ ᠢ᠋ ᠲᠡᠭᠦᠯᠳᠡᠷᠵᠢᠭᠦᠯᠦᠨ᠎ᠡ

《ᠭᠤᠷᠪᠠᠨ ᠴᠢᠬᠤᠯᠠ ᠨᠢᠬᠡ ᠶᠡᠬᠡ》 ᠤᠴᠢᠷ ᠶᠠᠪᠤᠳᠠᠯ ᠳ᠋ᠤ ᠬᠢᠨᠠᠯᠲᠠ ᠲᠠᠯᠪᠢᠬᠤ ᠲᠣᠭᠲᠠᠴᠠ ᠵᠢ ᠪᠦᠷᠢᠨᠰᠢᠭᠦᠯᠦᠨ᠎ᠡ

(ᠭᠤᠷᠪᠠ) ᠨᠠᠮ᠎ᠤᠨ ᠵᠣᠬᠢᠶᠠᠨ ᠪᠠᠶ᠋ᠢᠭᠤᠯᠤᠯᠲᠠ ᠶ᠋ᠢᠨ ᠳᠠᠪᠠᠭᠤᠯᠢᠭ ᠢ᠋ ᠭᠦᠢᠴᠡᠳ ᠪᠠᠳᠠᠷᠠᠭᠤᠯᠤᠨ᠎ᠠ

ᠰᠢᠨ᠎ᠡ ᠴᠠᠭ ᠦᠶ᠎ᠡ ᠶ᠋ᠢᠨ ᠨᠠᠮ᠎ᠤᠨ ᠵᠣᠬᠢᠶᠠᠨ ᠪᠠᠶ᠋ᠢᠭᠤᠯᠤᠯᠲᠠ ᠶ᠋ᠢᠨ ᠱᠤᠭᠤᠮ ᠢ᠋ ᠪᠦᠬᠦ᠌ ᠲᠠᠯ᠎ᠠ ᠪᠡᠷ ᠲᠤᠭᠤᠰᠢᠯᠠᠭᠤᠯᠤᠨ᠎ᠠ

ᠬᠥᠮᠦᠨ ᠬᠡᠷᠡᠭᠯᠡᠬᠦ᠌ ᠵᠥᠪ ᠤᠳᠤᠷᠢᠳᠤᠮᠵᠢ ᠵᠢ ᠪᠠᠷᠢᠮᠲᠠᠯᠠᠨ᠎ᠠ

ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠬᠤ ᠵᠢ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠵᠢ ᠪᠦᠷᠢᠨᠰᠢᠬᠦᠯᠤᠨ᠎ᠡ

ᠵᠠᠰᠠᠭ᠎ᠤᠨ ᠠᠵᠢᠯ᠎ᠤᠨ ᠪᠦᠲᠦᠮᠵᠢ ᠶ᠋ᠢᠨ ᠲᠤᠬᠠᠶ ᠵᠥᠪ ᠦᠵᠡᠯᠲᠡ ᠵᠢ ᠪᠣᠶ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠪᠡᠬᠢᠵᠢᠭᠦᠯᠦᠨ ᠥᠷᠭᠡᠳᠬᠡᠨ᠎ᠡ

ᠡᠯ᠎ᠡ ᠱᠠᠳᠤ ᠳᠠᠪᠬᠤᠷᠭ᠎ᠠ ᠡᠯ᠎ᠡ ᠬᠦᠷᠢᠶᠡᠨ ᠤ᠋ ᠨᠠᠮ᠎ᠤᠨ ᠵᠣᠬᠢᠶᠠᠨ ᠪᠠᠶ᠋ᠢᠭᠤᠯᠤᠯᠲᠠ ᠶ᠋ᠢᠨ ᠴᠣᠭᠴᠠᠯᠠᠯᠲᠠ ᠵᠢ ᠰᠢᠰᠲ᠋ᠧᠮᠵᠢᠭᠦᠯᠦᠨ ᠠᠬᠢᠭᠤᠯᠤᠨ᠎ᠠ

ᠡᠯ᠎ᠡ ᠬᠦᠷᠢᠶᠡᠨ ᠤ᠋ ᠦᠨᠳᠦᠰᠦᠨ ᠱᠠᠲᠤᠨ ᠤ᠋ ᠨᠠᠮ᠎ᠤᠨ ᠵᠣᠬᠢᠶᠠᠨ ᠪᠠᠶ᠋ᠢᠭᠤᠯᠤᠯᠲᠠ ᠶ᠋ᠢᠨ ᠴᠣᠭᠴᠠᠯᠠᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ

ᠰᠢᠨ᠎ᠡ ᠪᠡᠷ ᠮᠠᠨᠳᠤᠭᠰᠠᠨ ᠬᠦᠷᠢᠶᠡᠨ ᠤ᠋ ᠨᠠᠮ᠎ᠤᠨ ᠪᠠᠶ᠋ᠢᠭᠤᠯᠤᠯᠲᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠬᠦ᠌ ᠭᠤᠷᠪᠠᠨ ᠵᠢᠯ᠎ᠤᠨ ᠪᠣᠭᠣᠮᠲᠠ ᠰᠢᠪᠲᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠤᠨ᠎ᠠ

ᠨᠠᠮ᠎ᠤᠨ ᠭᠡᠰᠢᠭᠦᠨ ᠤ᠋ ᠡᠩᠨᠡᠭᠡ ᠵᠢᠨ ᠪᠠᠶ᠋ᠢᠭᠤᠯᠤᠯᠲᠠ ᠵᠢ ᠴᠢᠩᠭᠠᠳᠬᠠᠨ᠎ᠠ

(ᠲᠦᠷᠪᠡ) ᠴᠦᠬᠦᠷᠡᠰᠢ ᠦᠭᠡᠢ ᠪᠡᠷ ᠰᠤᠷᠲᠠᠯ ᠢ᠋ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠨ᠎ᠠ

《ᠳᠥᠷᠪᠡ ᠵᠢ ᠦᠨᠳᠦᠰᠦᠨ ᠱᠠᠲᠤᠨ ᠳ᠋ᠤ ᠪᠠᠭᠤᠯᠭᠠᠬᠤ》ᠲᠦᠷᠢᠮ ᠢ᠋ ᠭᠦᠨᠵᠡᠭᠡᠶ ᠨᠠᠶ᠋ᠢᠳᠠᠪᠤᠷᠢᠵᠢᠭᠤᠯᠤᠨ᠎ᠠ

ᠲᠥᠪ᠎ᠤᠨ ᠨᠠᠢ᠍ᠮᠠᠨ ᠲᠣᠭᠲᠠᠭᠠᠯ ᠵᠢᠴᠢ ᠲᠡᠭᠦᠨ ᠤ᠋ ᠬᠡᠷᠡᠭᠵᠢᠭᠦᠯᠬᠦ᠌ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠰᠢᠨᠳᠠᠷᠠᠰᠢ ᠦᠭᠡᠢ ᠴᠢᠷᠮᠠᠢᠨ ᠨᠠᠶ᠋ᠢᠳᠠᠪᠤᠷᠢᠵᠢᠭᠤᠯᠤᠨ᠎ᠠ

ᠰᠠᠬᠢᠯᠭ᠎ᠠ ᠪᠠᠲᠤ ᠶ᠋ᠢᠨ ᠬᠥᠮᠦᠵᠢᠯ᠎ᠤᠨ ᠬᠢᠵᠠᠭᠠᠷᠯᠠᠯ᠂ ᠪᠠᠲᠤᠯᠠᠭ᠎ᠠ ᠵᠢᠨ ᠤᠷᠮᠠᠰᠢᠭᠤᠯᠬᠤ ᠦᠢᠯᠡᠳᠦᠯ ᠢ᠋ ᠶᠡᠷᠦᠩᠬᠡᠶ᠋ᠢᠯᠡᠨ ᠪᠠᠳᠠᠷᠠᠭᠤᠯᠤᠨ᠎ᠠ

(ᠲᠠᠪᠤ) ᠢᠯᠵᠢᠷᠠᠬᠥ ᠡᠴᠡ ᠵᠢᠷᠦᠬᠡᠰᠢᠶᠡᠬᠦ ᠢᠯᠵᠢᠷᠠᠵᠤ ᠪᠤᠯᠬᠤ ᠦᠭᠡᠢ ᠢᠯᠵᠢᠷᠠᠬᠥ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠤᠭᠴᠠᠵᠢᠭᠤᠯᠤᠨ ᠠᠬᠢᠭᠤᠯᠤᠨ᠎ᠠ

ᠤᠯᠠᠨ ᠲᠦᠮᠡᠨ ᠤ᠋ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠤᠨ ᠠᠰᠠᠭᠤᠳᠠᠯ ᠢ᠋ ᠪᠠᠶ᠋ᠢᠩᠭᠤᠵᠢᠭᠤᠯᠤᠨ ᠴᠡᠭᠴᠡᠯᠡᠨ ᠵᠠᠰᠠᠨ᠎ᠠ

ᠤᠳᠤᠷᠢᠳᠬᠤ ᠺᠠᠳ᠋ᠷᠴᠤᠳ᠎ᠤᠨ ᠭᠡᠷ ᠪᠦᠯᠢ ᠶ᠋ᠢᠨ ᠬᠥᠮᠦᠵᠢᠯ ᠭᠡᠷ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭᠠᠳᠬᠠᠨ᠎ᠠ

ᠡᠷᠬᠡ ᠶ᠋ᠢᠨ ᠠᠵᠢᠯᠯᠠᠭᠠᠨ ᠢ᠋ ᠬᠢᠵᠠᠭᠠᠷᠯᠠᠬᠤ ᠪᠠ ᠲᠡᠭᠦᠨ ᠳ᠋ᠤ ᠬᠢᠨᠠᠯᠲᠠ ᠲᠠᠯᠪᠢᠬᠤ ᠵᠢ ᠴᠢᠩᠭᠠᠳᠬᠠᠨ᠎ᠠ

ᠰᠢᠨ᠎ᠡ ᠴᠠᠭ ᠦᠶ᠎ᠡ ᠶ᠋ᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢ ᠴᠢᠩᠭᠠᠳᠬᠠᠨ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面