ᠲᠡᠷᠢᠭᠦᠨ ᠨᠢᠭᠤᠷ>ᠴᠠᠭ ᠲᠦᠷᠦ>ᠳᠡᠪᠰᠢᠭᠦᠯᠦᠭᠰᠡᠨ ᠮᠡᠳᠡᠭᠡ

2026-11-29 00:13:33

ᠵᠣᠬᠢᠶᠠᠭ᠍ᠴᠢ᠄ ᠯᠢ ᠭᠦᠸᠧ ᠫᠢᠩ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠰᠢᠨ᠎ᠡ ᠲᠡᠢᠰᠢ ᠤᠷᠤᠭᠰᠢᠯᠠᠵᠤ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ


《 〈ᠲᠠᠪᠤ᠎ᠶᠢ ᠨᠢᠭᠡᠳᠬᠡᠬᠦ᠂ ᠨᠢᠭᠡ᠎ᠶᠢ ᠴᠢᠯᠦᠭᠡᠲᠡᠢ ᠪᠣᠯᠭᠠᠬᠤ〉 ᠦᠨᠳᠦᠰᠦᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠵᠤ ᠠᠪᠴᠢᠷᠠᠬᠤ᠂ ᠠᠵᠤ ᠠᠬᠤᠢᠯᠠᠯ᠎ᠤᠨ ᠥᠷᠢᠰᠦᠯᠳᠦᠭᠡᠨ᠎ᠦ ᠠᠵᠢᠯᠯᠠᠭ᠎ᠠ᠎ᠶᠢᠨ ᠵᠥᠪ ᠲᠠᠯ᠎ᠠ ᠪᠠ ᠨᠠᠵᠠᠭᠠᠢ ᠲᠠᠯ᠎ᠠ᠎ᠶᠢᠨ ᠨᠠᠷᠢᠨ ᠲᠠᠩᠰᠠ᠎ᠶᠢᠨ ᠵᠢᠯᠣᠭᠣᠳᠤᠮᠵᠢ᠎ᠶᠢ ᠴᠢᠩᠭᠠᠳᠬᠠᠵᠤ᠂ ᠠᠵᠤ ᠦᠢᠯᠡᠰ᠎ᠦᠨ ᠬᠡᠯᠬᠢᠶ᠎ᠡ᠂ ᠰᠢᠨ᠎ᠡ᠎ᠶᠢ ᠡᠭᠦᠳᠬᠦ ᠬᠡᠯᠬᠢᠶ᠎ᠡ᠂ ᠬᠠᠩᠭᠠᠯᠭ᠎ᠠ᠎ᠶᠢᠨ ᠬᠡᠯᠬᠢᠶ᠎ᠡ᠎ᠶᠢ ᠤᠯᠤᠰ᠎ᠤᠨ ᠳᠣᠲᠣᠭᠠᠳᠤ᠎ᠶᠢᠨ ᠲᠣᠮᠣ᠌ ᠵᠠᠬ᠎ᠠ ᠳᠡᠯᠭᠡᠭᠦᠷ᠎ᠲᠠᠢ ᠪᠦᠬᠦ ᠲᠠᠯ᠎ᠠ᠎ᠪᠠᠷ ᠵᠣᠯᠭᠠᠭᠤᠯᠬᠤ᠎ᠶᠢ ᠠᠬᠢᠭᠤᠯᠵᠤ᠂ ᠬᠠᠷᠰᠢ ᠰᠠᠭᠠᠳ᠎ᠢ ᠡᠷᠡᠰ ᠠᠷᠢᠯᠭᠠᠵᠤ᠂ ᠲᠦᠭᠵᠢᠷᠡᠯ᠎ᠢ ᠨᠡᠪᠲᠡᠷᠡᠭᠦᠯᠬᠦ ᠬᠡᠷᠡᠭᠳᠠᠢ》᠃ 11 ᠰᠠᠷ᠎ᠠ᠎ᠶᠢᠨ 27 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠲᠥᠯᠥᠭᠡᠯᠡᠭᠴᠢᠳ᠎ᠦᠨ ᠶᠡᠬᠡ ᠬᠤᠷᠠᠯ ᠦᠪᠡᠳᠡᠭᠰᠢ ᠶᠡᠬᠡ᠎ᠪᠡᠷ ᠡᠬᠢᠯᠡᠵᠦ᠂ ᠬᠤᠷᠠᠯ ᠡᠴᠡ ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ ᠲᠠᠢ ᠭᠦᠨᠵᠡᠭᠡᠢ ᠵᠣᠯᠭᠠᠭᠤᠯᠬᠤ ᠪᠠ ᠪᠦᠲᠦᠮᠵᠢᠲᠡᠶ ᠠᠭᠤᠰᠤᠯᠴᠠᠬᠤ ᠲᠠᠯ᠎ᠠ᠎ᠪᠠᠷ ᠤᠯᠠᠮ ᠴᠢᠨᠠᠭᠰᠢᠳᠠ ᠪᠠᠢᠷᠢᠯᠠᠭᠤᠯᠤᠯᠲᠠ ᠬᠢᠪᠡ᠃

ᠬᠦᠢᠲᠡᠨ ᠬᠡᠯᠬᠢᠶᠡᠲᠦ ᠴᠢᠩᠭᠡᠯᠢᠭ ᠠᠴᠢᠭᠰᠠᠨ ᠭᠠᠯᠳᠤ ᠲᠡᠷᠭᠡ ᠪᠠᠶᠠᠨᠨᠠᠭᠤᠷ᠎ᠡᠴᠡ ᠮᠤᠷᠳᠠᠵᠤ᠂ ᠲᠠᠯ᠎ᠠ ᠨᠤᠲᠤᠭ᠎ᠤᠨ ᠰᠢᠨ᠎ᠡ ᠰᠦ᠎ᠶᠢ ᠱᠠᠩᠬᠠᠢ᠂ ᠴᠧᠩᠳᠦ᠋᠎ᠶᠢᠨ ᠬᠠᠮ ᠳᠡᠯᠭᠡᠭᠦᠷ᠎ᠲᠤ ᠬᠦᠷᠭᠡᠨ᠎ᠡ᠃ 11 ᠰᠠᠷ᠎ᠠ᠎ᠶᠢᠨ 23 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠪᠦᠯᠦᠭᠯᠡᠯ ᠤ᠋ᠨ ᠬᠥᠬᠡᠬᠣᠲᠠ᠎ᠶᠢᠨ ᠲᠣᠪᠴᠢᠶ᠎ᠠ ᠡᠨᠡ ᠵᠢᠯ 《ᠦᠨᠢᠶᠡᠨ ᠰᠦ᠎ᠶᠢᠨ ᠲᠤᠰᠬᠠᠢ ᠭᠠᠯᠲᠤ ᠲᠡᠷᠭᠡ》 ᠪᠡᠷ 45.38 ᠲᠦᠮᠡᠨ ᠲᠣᠨ ᠰᠦ ᠬᠦᠷᠭᠡᠪᠡ᠃

ᠡᠨᠡ ᠬᠦ᠌ ᠪᠦᠬᠦ ᠤᠯᠤᠰ᠎ᠤᠨ ᠡᠯ᠎ᠡ ᠭᠠᠵᠠᠷ᠎ᠲᠤ ᠬᠦᠷᠬᠦ ᠲᠤᠰᠬᠠᠢ ᠭᠠᠯᠲᠤ ᠲᠡᠷᠭᠡ ᠪᠣᠯ ᠥᠪᠥᠷ ᠮᠣᠩᠭᠣᠯ᠎ᠤᠨ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠠᠢ ᠭᠦᠨᠵᠡᠭᠡᠢ ᠵᠣᠯᠭᠠᠭᠤᠯᠵᠤ᠂ ᠭᠦᠢᠯᠭᠡᠭᠡᠨ᠎ᠦ ᠦᠷ᠎ᠡ ᠪᠦᠲᠦᠮᠵᠢ᠎ᠪᠡᠷ ᠳᠣᠲᠣᠭᠠᠳᠤ ᠬᠡᠷᠡᠭᠴᠡᠭᠡ᠎ᠶᠢᠨ ᠲᠠᠯᠳᠠ ᠬᠦᠴᠦᠨ᠎ᠢ ᠳᠠᠢᠴᠢᠯᠠᠬᠤ ᠠᠮᠢᠳᠤᠯᠢᠭ᠋ ᠦᠢᠯᠡᠳᠦᠯᠭᠡ ᠪᠣᠯᠣᠨ᠎ᠠ᠃

ᠨᠡᠪᠳᠡᠷᠡᠬᠦ ᠵᠠᠮ ᠢ᠋ ᠰᠢᠯᠤᠭᠤᠳᠬᠠᠵᠤ ᠲᠠᠯ᠎ᠠ ᠨᠤᠲᠤᠭ᠎ᠤᠨ ᠰᠤᠳᠤᠨ ᠪᠠᠷᠠᠭ᠎ᠠ ᠵᠢ ᠥᠨᠳᠥᠷ ᠪᠦᠲᠦᠮᠵᠢᠲᠡᠶ᠎ᠪᠡᠷ ᠣᠷᠣᠨ᠎ᠡᠴᠡ ᠭᠠᠷᠭᠠᠨ᠎ᠠ

ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠲᠠᠢ ᠵᠣᠯᠭᠠᠭᠤᠯᠬᠤ᠎ᠳᠤ᠂ ᠡᠩ ᠲᠡᠷᠢᠭᠦᠨ᠎ᠳᠦ ᠨᠡᠪᠲᠡᠷᠡᠬᠦ᠌ ᠵᠠᠮ᠎ᠢ ᠰᠢᠯᠤᠭᠤᠳᠬᠠᠵᠤ᠂ ᠪᠠᠷᠠᠭᠠᠨ᠎ᠤ ᠭᠦᠢᠯᠭᠡᠭᠡᠨ᠎ᠦ ᠥᠪᠡᠷ᠎ᠦᠨ ᠦᠷᠳᠡᠭ᠎ᠢ ᠪᠠᠭᠤᠷᠠᠭᠤᠯᠬᠤ ᠬᠡᠷᠡᠭᠲᠡᠢ᠃ ᠨᠡᠪᠳᠡᠷᠡᠬᠦ ᠵᠠᠮ᠎ᠤᠨ ᠬᠤᠪᠢᠷᠠᠯᠲᠠ ᠨᠢ ᠡᠩ ᠲᠡᠷᠢᠭᠦᠨ᠎ᠳᠦ ᠲᠡᠭᠡᠭᠡᠪᠦᠷᠢ᠎ᠶᠢᠨ ᠠᠷᠭ᠎ᠠ ᠮᠠᠶᠢᠭ ᠳᠡᠭᠡᠷ᠎ᠡ ᠬᠤᠪᠢᠷᠠᠨ᠎ᠠ᠃ ᠥᠪᠥᠷ ᠮᠣᠩᠭᠣᠯ ᠪᠣᠯ ᠪᠥᠬᠥ᠌ ᠤᠯᠤᠰ᠎ᠤᠨ ᠰᠦ᠋᠎ᠶᠢᠨ ᠢᠷᠡᠯᠲᠡ᠎ᠶᠢᠨ ᠴᠢᠬᠤᠯᠠ ᠰᠠᠭᠤᠷᠢᠨ ᠪᠣᠯᠤᠨ᠎ᠠ᠂ ᠭᠠᠵᠠᠷ ᠵᠦᠶ᠎ᠶᠢᠨ ᠰᠢᠯᠲᠠᠭᠠᠨ᠎ᠡᠴᠡ ᠪᠣᠯᠵᠣ᠂ ᠵᠠᠰᠠᠮᠠᠯ ᠵᠠᠮ᠎ᠤᠨ ᠲᠡᠭᠡᠭᠡᠪᠦᠷᠢ ᠨᠢ ᠡᠪᠦᠯ᠎ᠦᠨ ᠤᠯᠠᠷᠢᠯ᠎ᠤᠨ ᠴᠠᠰᠤ᠎ᠲᠠᠶ ᠴᠠᠭ ᠠᠭᠤᠷ᠎ᠤᠨ ᠨᠥᠯᠥᠭᠡ᠎ᠶᠢ ᠠᠮᠠᠷᠬᠠᠨ ᠭᠥᠷᠳᠡᠨ᠎ᠡ᠃ ᠡᠳᠤᠭᠡ᠂ ᠲᠡᠮᠦᠷ ᠵᠠᠮ᠎ᠤᠨ 《ᠰᠢᠨ᠎ᠡ ᠰᠦ᠋᠎ᠶᠢᠨ ᠲᠤᠰᠬᠠᠶ ᠭᠠᠯᠲᠤ᠌ ᠲᠡᠷᠭᠡ》 ᠳ᠋ᠤ ᠤᠷᠢᠳ᠎ᠢᠶᠠᠷ ᠬᠣᠭᠣᠰᠣᠨ᠎ᠲᠡᠷᠭᠡ ᠲᠣᠬᠢᠷᠠᠭᠤᠯᠬᠤ᠂ ᠤᠷᠢᠳ᠎ᠢᠶᠠᠷ ᠲᠡᠭᠡᠭᠡᠪᠦᠷᠢᠯᠡᠬᠦ᠌᠂ ᠤᠷᠢᠳ᠎ᠢᠶᠠᠷ ᠳᠤᠭᠤᠶ᠋ᠢᠯᠠᠩ ᠪᠠᠶ᠋ᠢᠭᠤᠯᠬᠤ᠂ ᠤᠷᠢᠳ᠎ᠢᠶᠠᠷ ᠲᠡᠭᠡᠭᠡᠪᠦᠷᠢᠯᠡᠨ ᠭᠠᠷᠭᠠᠬᠤ ᠵᠢ ᠬᠡᠷᠡᠭᠵᠢᠭᠦᠯᠵᠦ᠍᠂ ᠲᠡᠭᠡᠭᠡᠪᠦᠷᠢ᠎ᠶᠢᠨ ᠪᠥᠬᠥ᠌ ᠴᠠᠭ᠎ᠨᠢ ᠥᠩᠭᠡᠷᠡᠭᠰᠡᠨ᠎ᠦ᠎ᠬᠢ᠎ᠡᠴᠡ 30% ᠰᠢᠬᠠᠮ ᠪᠠᠭᠠᠰᠪᠠ᠃

ᠪᠠᠶᠠᠨᠨᠠᠭᠤᠷ ᠬᠣᠲᠠ᠎ᠶᠢᠨ ᠮᠧᠩ ᠨᠢᠦ ᠪᠦᠯᠦᠭᠯᠡᠯ ᠤ᠋ᠨ ᠦᠢᠯᠡᠳᠪᠦᠷᠢᠯᠡᠯ᠎ᠦᠨ ᠰᠠᠭᠤᠷᠢᠨ ᠳ᠋ᠤ᠂ ᠴᠢᠳᠬᠤᠨ ᠠᠭᠤᠯᠬᠤ ᠱᠤᠭᠤᠮ᠎ᠢ ᠳᠡᠭᠡᠳᠦ ᠬᠤᠷᠳᠤᠴᠠ᠎ᠪᠠᠷ ᠠᠵᠢᠯᠯᠠᠭᠤᠯᠵᠤ᠂ ᠨᠢᠭᠡ ᠬᠠᠶ᠋ᠢᠷᠴᠠᠭ ᠰᠦ᠋᠎ᠶᠢ ᠦᠢᠯᠡᠳᠪᠤᠷᠢᠯᠡᠯ᠎ᠤᠨ ᠱᠤᠭᠤᠮ ᠡᠴᠡ ᠭᠠᠷᠭᠠᠵᠤ ᠬᠠᠶ᠋ᠢᠷᠴᠠᠭ᠎ᠲᠤ᠌ ᠰᠠᠪᠠᠯᠠᠨ᠎ᠠ᠃ ᠠᠵᠢᠯᠲᠠᠨ᠎ᠤ ᠲᠠᠨᠢᠯᠴᠠᠭᠤᠯᠤᠭᠰᠠᠨ᠎ᠢᠶᠠᠷ᠄《ᠨᠡᠨ ᠡᠳᠤᠷ ᠦᠢᠯᠡᠳᠪᠦᠷᠢᠯᠡᠭᠰᠡᠨ ᠦᠨᠢᠶᠡᠨ ᠰᠦ᠋ 3 ᠡᠳᠦᠷ᠎ᠦᠨ ᠳᠠᠷᠠᠭ᠎ᠠ ᠵᠡᠬᠥᠨ ᠣᠷᠣᠨ᠂ ᠪᠠᠷᠠᠭᠤᠨ ᠡᠮᠦᠨᠡᠲᠦ᠍ ᠣᠷᠣᠨ᠎ᠤ ᠬᠣᠲᠠ᠎ᠶᠢᠨ ᠬᠠᠮ ᠳᠡᠯᠭᠡᠭᠦᠷ᠎ᠦᠨ ᠪᠠᠷᠠᠭᠠᠨ᠎ᠤ ᠲᠠᠯᠪᠢᠭᠤᠷ᠎ᠲᠤ᠌ ᠭᠠᠷᠴᠤ᠌᠂ ᠮᠠᠨ᠎ᠤ ᠡᠨᠳᠡ ᠡᠳᠦᠷ ᠪᠦᠷᠢ 1300 ᠭᠠᠷᠤᠶ ᠲᠣᠨ ᠦᠨᠢᠶᠡᠨ ᠰᠦ᠋᠎ᠶᠢ ᠵᠠᠬ᠎ᠠ ᠲᠡᠯᠭᠡᠬᠦᠷ ᠲᠤ᠌ ᠭᠠᠷᠭᠠᠳᠠᠭ》 ᠭᠡᠪᠡ᠃

ᠡᠨᠡ ᠵᠢᠯ᠎ᠦᠨ 4 ᠰᠠᠷ᠎ᠠ᠎ᠶᠢᠨ 11 ᠤ᠋ ᠡᠳᠦᠷ᠂ ᠥᠪᠥᠷ ᠮᠣᠩᠭᠣᠯ᠎ᠤᠨ ᠠᠩᠬᠠᠳᠠᠭᠴᠢ ᠴᠠᠭᠠᠨ ᠢᠳᠡᠭᠡᠨ᠎ᠦ ᠬᠤᠳᠠ᠎ᠶᠢᠨ ᠬᠣᠭᠣᠷᠣᠨᠳᠣᠬᠢ ᠵᠢᠰᠢᠶᠠᠨ᠎ᠤ ᠭᠠᠯᠲᠤ᠌ ᠲᠡᠷᠭᠡ ᠬᠥᠬᠡᠬᠣᠲᠠ᠎ᠡᠴᠡ ᠰᠸᠴᠤᠸᠠᠨ ᠮᠤᠵᠢ᠎ᠶᠢᠨ ᠴᠧᠩᠳᠦ᠋ ᠬᠤᠳᠠ ᠲᠡᠶ᠋ᠢᠰᠢ ᠶᠠᠪᠤᠵᠤ᠂ ᠴᠠᠭᠠᠨ ᠢᠳᠡᠭᠡᠨ᠎ᠦ ᠭᠠᠳᠠᠭᠰᠢ ᠲᠡᠭᠡᠭᠡᠪᠦᠷᠢᠯᠡᠬᠦ᠌ ᠵᠠᠮ᠎ᠢ 《ᠬᠡᠪᠴᠢᠶᠡᠵᠢᠭᠦᠯᠬᠦ᠌᠂ ᠵᠢᠰᠢᠶᠠᠨ᠎ᠤ ᠭᠠᠯᠲᠤ᠌ ᠲᠡᠷᠭᠡ ᠪᠡᠷ ᠲᠡᠭᠡᠭᠡᠪᠤᠷᠢᠯᠡᠬᠦ᠂ ᠲᠣᠭᠲᠠᠭᠰᠠᠨ ᠴᠠᠭ᠎ᠲᠠᠶ ᠪᠣᠯᠭᠠᠬᠤ》 ᠲᠡᠶ᠋ᠢᠰᠢ ᠬᠤᠪᠢᠷᠠᠭᠤᠯᠪᠠ᠃

ᠨᠡᠪᠳᠡᠷᠡᠬᠦ ᠵᠠᠮ᠎ᠤᠨ ᠬᠤᠪᠢᠷᠠᠯᠲᠠ ᠨᠢ ᠪᠠᠰᠠ ᠲᠦᠷᠭᠡᠨ ᠬᠦᠷᠭᠡᠯᠲᠡ᠎ᠶᠢᠨ ᠲᠣᠣᠷ᠎ᠢ ᠠᠵᠤ ᠦᠢᠯᠡᠰ᠎ᠦᠨ ᠬᠡᠯᠬᠢᠶ᠎ᠡ ᠲᠡᠶ᠋ᠢᠰᠢ ᠥᠷᠭᠡᠳᠬᠡᠵᠦ᠍᠂ ᠨᠡᠩ ᠤᠯᠠᠨ 《ᠥᠪᠥᠷ ᠮᠣᠩᠭᠣᠯ᠎ᠤᠨ ᠦᠢᠯᠡᠳᠬᠡᠯ》 ᠢ᠋ ᠤᠷᠤᠭᠰᠢᠲᠠᠢ᠎ᠪᠠᠷ ᠪᠦᠬᠦ᠌ ᠤᠯᠤᠰ᠎ᠤᠨ ᠵᠠᠬ᠎ᠠ ᠳᠡᠯᠭᠡᠭᠦᠷ᠎ᠲᠦ᠍ ᠣᠷᠣᠭᠤᠯᠪᠠ᠃ ᠡᠨᠡ ᠵᠢᠯ᠎ᠦᠨ ᠲᠦᠷᠦᠭᠦᠦ 10 ᠰᠠᠷ᠎ᠠ᠎ᠳᠤ᠂ ᠥᠪᠥᠷ ᠮᠣᠩᠭᠣᠯ᠎ᠤᠨ ᠰᠢᠤᠳᠠᠨ᠎ᠤ ᠮᠠᠯ ᠠᠵᠤ ᠠᠬᠤᠶ ᠲᠠᠷᠢᠶᠠᠯᠠᠩ ᠳ᠋ᠤ ᠦᠢᠯᠡᠴᠢᠯᠡᠵᠦ᠍᠂ ᠦᠢᠯᠡᠳᠬᠦ᠌ ᠦᠢᠯᠡᠰ᠎ᠦᠨ ᠢᠯᠡᠭᠡᠵᠦ᠍ ᠶᠠᠪᠤᠭᠤᠯᠤᠭᠰᠠᠨ ᠬᠡᠮᠵᠢᠶ᠎ᠡ 4 ᠳ᠋ᠦᠩᠰᠢᠭᠤᠷ ᠬᠤᠪᠢ᠎ᠶᠢ ᠳᠠᠪᠠᠵᠤ᠂ ᠪᠣᠳᠠᠲᠤ᠌ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ᠎ᠳᠤ ᠦᠢᠯᠡᠴᠢᠯᠡᠭᠰᠡᠨ ᠬᠡᠮᠵᠢᠶ᠎ᠡ 300 ᠳ᠋ᠦᠩᠰᠢᠭᠤᠷ ᠲᠥᠭᠥᠷᠢᠭ᠎ᠢ ᠳᠠᠪᠠᠪᠠ᠃

ᠴᠠᠭᠠᠨ ᠢᠳᠡᠭᠡᠨ᠂ ᠦᠬᠡᠷ᠎ᠦᠨ ᠪᠣᠷᠴᠠ᠂ ᠡᠯᠳᠡᠪ ᠠᠮᠤ ᠪᠣᠯ ᠣᠷᠣᠨ᠎ᠡᠴᠡ ᠭᠠᠳᠠᠬᠰᠢ ᠢᠯᠡᠭᠡᠬᠦ᠌ 《ᠭᠣᠣᠯ ᠬᠦᠴᠦᠨ》 ᠮᠥᠨ᠂ ᠮᠤᠤᠷ᠎ᠤᠨ ᠬᠤᠮᠠᠭ᠂ ᠠᠷᠢᠬᠢ᠂ ᠠᠮᠲᠠ ᠣᠷᠣᠭᠤᠯᠬᠤ ᠡᠳ᠋ ᠵᠡᠷᠭᠡ ᠦᠢᠯᠡᠳᠬᠦᠨ᠎ᠦ ᠲᠦᠷᠦᠯ᠎ᠦᠨ ᠢᠯᠡᠭᠡᠬᠦ᠌ ᠬᠡᠮᠵᠢᠶ᠎ᠡ ᠴᠦ᠍ ᠲᠦᠷᠭᠡᠨ ᠳᠡᠭᠡᠭᠰᠢᠯᠡᠵᠦ᠍ ᠪᠤᠢ᠃ ᠤᠯᠠᠭᠠᠨᠬᠠᠳᠠ ᠬᠣᠲᠠ᠎ᠶᠢᠨ ᠨᠢᠩᠴᠧᠩ ᠰᠢᠶᠠᠨ᠎ᠤ ᠨᠢᠭᠡᠨ ᠮᠤᠤᠷ᠎ᠤᠨ ᠬᠤᠮᠠᠭ ᠤ᠋ᠨ ᠠᠵᠤ ᠠᠬᠤᠶ᠋ᠢᠯᠠᠯ᠎ᠤᠨ ᠬᠠᠷᠢᠭᠤᠴᠠᠯᠭᠠᠲᠠᠨ ᠭᠤᠤ ᠢᠦᠶ᠄ 《ᠥᠩᠭᠡᠷᠡᠭᠰᠡᠨ᠎ᠳᠦ ᠮᠤᠤᠷ᠎ᠤᠨ ᠬᠤᠮᠠᠭ ᠨᠢ ᠲᠠᠷᠠᠬᠠᠶ ᠪᠤᠲᠠᠷᠬᠠᠶ ᠪᠠᠷᠠᠭᠠᠨ᠎ᠤ ᠭᠦᠢᠯᠭᠡᠭᠡ᠎ᠪᠡᠷ ᠳᠡᠮᠵᠢᠨ ᠭᠠᠳᠠᠭᠰᠢ ᠲᠠᠷᠬᠠᠵᠤ᠂ ᠦᠢᠯᠡᠳᠦᠯ ᠨᠢ ᠲᠣᠭᠲᠠᠭᠤᠨ ᠪᠤᠰᠤ᠂ ᠥᠪᠡᠷ᠎ᠦᠨ ᠥᠷᠲᠡᠭ ᠨᠢ ᠥᠨᠳᠥᠷ ᠰᠢᠭ ᠪᠠᠶ᠋ᠢᠪᠠ; ᠣᠳᠣᠬᠠᠨ᠎ᠳᠤ ᠲᠦᠷᠭᠡᠨ ᠬᠦᠷᠭᠡᠬᠦ᠌ ᠠᠵᠤ ᠠᠬᠤᠶ᠋ᠢᠯᠠᠯ ᠦᠢᠯᠡᠳᠪᠦᠷᠢ᠎ᠳᠦ ᠣᠷᠣᠵᠤ ᠬᠣᠷᠢᠶᠠᠨ ᠠᠪᠴᠤ᠌᠂ ᠲᠥᠪᠯᠡᠷᠡᠭᠦᠯᠦᠨ ᠲᠡᠭᠡᠭᠡᠪᠦᠷᠢᠯᠡᠵᠦ᠍᠂ ᠦᠢᠯᠡᠳᠬᠦᠨ᠎ᠨᠢ ᠣᠷᠣᠨ᠎ᠡᠴᠡ ᠭᠠᠷᠬᠤ᠎ᠨᠢ ᠨᠠᠩ ᠲᠦᠷᠭᠡᠨ᠂ ᠵᠠᠷᠤᠳᠠᠯ᠎ᠨᠢ ᠨᠠᠩ ᠳᠤᠤᠷ᠎ᠠ ᠪᠠᠶ᠋ᠢᠵᠤ᠂ ᠠᠵᠤ ᠠᠬᠤᠶ᠋ᠢᠯᠠᠯ᠎ᠤᠨ ᠵᠠᠬᠢᠶᠠᠯᠠᠭ᠎ᠠ ᠭᠥᠯᠢᠶᠡᠨ ᠠᠪᠬᠤ ᠰᠠᠭᠤᠷᠢ ᠬᠦᠴᠦ᠎ᠨᠢ ᠴᠦ᠍ ᠭᠦᠢᠴᠡᠳ ᠪᠠᠶ᠋ᠢᠨ᠎ᠠ》 ᠭᠡᠪᠡ᠃

ᠥᠪᠥᠷ ᠮᠣᠩᠭᠣᠯ ᠣᠲᠣ ᠦᠶ᠎ᠡ᠎ᠶᠢᠨ ᠭᠦᠢᠯᠭᠡᠭᠡᠨ᠎ᠦ ᠰᠢᠰᠲ᠋ᠧᠮ ᠢ᠋ ᠪᠥᠬᠥ᠌ ᠬᠦᠴᠦᠨ᠎ᠢᠶᠡᠷ᠎ᠢᠶᠡᠨ ᠲᠦᠷᠭᠡᠳᠬᠡᠨ ᠪᠠᠶ᠋ᠢᠭᠤᠯᠵᠤ᠂ ᠪᠠᠷᠠᠭᠠᠨ᠎ᠤ ᠭᠦᠢᠯᠭᠡᠭᠡᠨ᠎ᠦ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠤᠨ᠂ ᠪᠠᠷᠠᠭᠠᠨ᠎ᠤ ᠭᠦᠢᠯᠭᠡᠭᠡᠨ᠎ᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠍᠂ ᠪᠠᠷᠠᠭᠠᠨ᠎ᠤ ᠭᠦᠢᠯᠭᠡᠭᠡᠨ᠎ᠢ ᠰᠢᠯᠤᠭᠤᠳᠬᠠᠨ᠂ ᠡᠯ᠎ᠠ ᠭᠠᠵᠠᠷ ᠲᠤ᠌ ᠬᠦᠷᠭᠡᠬᠦ ᠵᠢ ᠠᠬᠢᠭᠤᠯᠵᠤ ᠪᠣᠶ᠃

 ᠵᠠᠬ᠎ᠠ ᠳᠡᠯᠭᠡᠭᠦᠷ᠎ᠢ ᠬᠦᠴᠦᠷᠬᠡᠭᠵᠢᠭᠦᠯᠵᠦ ᠳᠣᠲᠣᠭᠠᠳᠤ ᠬᠡᠷᠡᠭᠴᠡᠭᠡ ᠭᠠᠳᠠᠭᠠᠳᠤ ᠠᠷᠠᠯᠵᠢᠶ᠎ᠠ᠎ᠶᠢ ᠬᠣᠣᠰ ᠴᠢᠭᠯᠡᠯ᠎ᠢᠶᠡᠷ ᠬᠥᠭᠵᠢᠭᠦᠯᠦᠨ᠎ᠡ

ᠡᠨᠡ ᠵᠢᠯ᠎ᠦᠨ ᠲᠦᠷᠦᠭᠦᠦ 10 ᠰᠠᠷ᠎ᠠ᠎ᠳᠤ᠂ ᠥᠪᠥᠷ ᠮᠣᠩᠭᠣᠯ᠎ᠤᠨ ᠨᠡᠢᠭᠡᠮ᠎ᠦᠨ ᠬᠡᠷᠡᠭᠯᠡᠭᠡᠨ᠎ᠦ ᠵᠦᠢᠯ᠎ᠦᠨ ᠵᠢᠵᠢᠭᠯᠡᠨ ᠬᠤᠳᠠᠯᠳᠤᠭᠰᠠᠨ ᠪᠥᠬᠥ ᠲᠣᠭ᠎ᠠ 4438 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 1.1% ᠪᠠᠷ ᠨᠡᠮᠡᠭᠳᠡᠪᠡ; ᠭᠠᠳᠠᠭᠠᠳᠤ ᠠᠷᠠᠯᠵᠢᠶᠠᠨ᠎ᠤ ᠣᠷᠣᠭᠤᠯᠤᠯᠲᠠ ᠭᠠᠷᠭᠠᠯᠲᠠ᠎ᠶᠢᠨ ᠶᠡᠷᠦᠩᠬᠡᠢ ᠥᠷᠲᠡᠭ ᠠᠳᠠᠯᠢ ᠬᠤᠭᠤᠴᠠᠭᠠᠨ᠎ᠤ ᠬᠢ᠎ᠡᠴᠡ 29.5% ᠪᠠᠷ ᠨᠡᠮᠡᠭᠳᠡᠵᠦ᠂ ᠪᠥᠬᠥ ᠤᠯᠤᠰ᠎ᠤᠨ ᠳᠤᠮᠳᠠᠴᠢ ᠨᠡᠮᠡᠭᠳᠡᠯ᠎ᠦᠨ ᠬᠤᠷᠳᠤᠴᠠ᠎ᠡᠴᠡ ᠵᠠᠭᠤᠨ᠎ᠤ ᠬᠠᠷᠢᠴᠡᠯ᠎ᠢᠶᠡᠷ 9.5 ᠬᠤᠪᠢ ᠥᠨᠳᠥᠷ ᠪᠣᠯᠪᠠ᠃ ᠳᠣᠲᠣᠭᠠᠳᠤ ᠬᠡᠷᠡᠭᠴᠡᠭᠡ ᠲᠣᠭᠲᠠᠭᠤᠨ᠂ ᠭᠠᠳᠠᠭᠠᠳᠤ ᠠᠷᠠᠯᠵᠢᠶ᠎ᠠ ᠠᠮᠢᠳᠤᠯᠢᠬᠵᠢᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠶᠠᠷ ᠵᠠᠬ᠎ᠠ ᠳᠡᠯᠭᠡᠭᠦᠷ᠎ᠢ ᠨᠡᠩ ᠨᠢᠭ᠍ᠲᠠ ᠵᠣᠯᠭᠠᠭᠤᠯᠵᠤ᠂ ᠪᠦᠬᠦ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠢ ᠵᠣᠯᠭᠠᠭᠤᠯᠬᠤ᠎ᠳᠤ ᠪᠠᠲᠤ ᠪᠡᠬᠢ ᠰᠠᠭᠤᠷᠢ᠎ᠶᠢ ᠲᠠᠯᠪᠢᠵᠤ ᠦᠭᠬᠦᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠬᠣᠶᠠᠳᠤᠭᠠᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠣᠷᠣᠯᠴᠠᠬᠤ᠎ᠪᠠᠷ ᠢᠷᠡᠭᠰᠡᠨ ᠵᠧᠦ ᠬᠠᠢ ᠶᠠᠨ ᠲᠥᠯᠥᠭᠡᠯᠡᠭᠴᠢ ᠪᠣᠯ ᠬᠢᠩᠭᠠᠨ ᠠᠢᠮᠠᠭ᠎ᠤᠨ ᠤᠯᠠᠭᠠᠨᠬᠣᠲᠠ᠎ᠶᠢᠨ ᠢᠯᠠᠯᠲᠠ ᠪᠠᠯᠭᠠᠰᠤᠨ᠎ᠤ ᠮᠧᠩ ᠴᠢᠤᠸᠠᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ᠎ᠶᠢᠨ ᠬᠡᠷᠡᠭ ᠡᠷᠬᠢᠯᠡᠭᠴᠢᠳ᠎ᠦᠨ ᠳᠠᠷᠤᠭ᠎ᠠ ᠪᠣᠯᠣᠨ᠎ᠠ᠃ ᠲᠡᠷᠡ ᠲᠣᠭᠣᠰ᠎ᠤᠨ ᠠᠶᠠᠨᠳᠠᠭᠠᠨ ᠤᠨᠠᠭᠰᠠᠨ ᠥᠳᠥ᠎ᠶᠢ ᠥᠳᠥᠨ ᠵᠢᠷᠤᠭ᠂ ᠡᠩᠭᠡᠷ᠎ᠦᠨ ᠬᠠᠳᠬᠤᠭᠤᠷ᠂ ᠴᠢᠬᠢᠨ᠎ᠤ  ᠵᠠᠰᠠᠯ ᠵᠢᠮᠰᠨᠭ ᠵᠡᠷᠭᠡ ᠰᠣᠶᠣᠯ᠎ᠤᠨ ᠪᠦᠳᠦᠬᠡᠯᠴᠢ ᠦᠢᠯᠡᠳᠬᠦᠨ ᠪᠣᠯᠭᠠᠨ ᠦᠢᠯᠡᠳᠪᠤᠷᠢᠯᠡᠵᠦ᠂ ᠥᠩᠭᠡᠷᠡᠭᠰᠡᠨ᠎ᠳᠦ ᠭᠣᠣᠯᠳᠠᠭᠤ ᠲᠤᠰ ᠭᠠᠵᠠᠷ᠎ᠤᠨ ᠵᠢᠵᠢᠭ ᠰᠠᠵᠢᠭ᠋ ᠪᠣᠷᠤᠯᠠᠭᠤᠯᠭ᠎ᠠ᠎ᠳᠤ ᠲᠦᠰᠢᠭᠯᠡᠵᠦ ᠪᠠᠢᠬᠰᠠᠨ ᠡᠴᠡ ᠣᠲᠣ᠌ ᠲᠦᠷᠭᠡᠨ ᠬᠦᠷᠭᠡᠯᠲᠡ᠎ᠶᠢᠨ ᠥᠷᠲᠡᠭᠡ᠎ᠶᠢ ᠭᠡᠷ᠎ᠦᠨ ᠡᠭᠦᠳᠡᠨ᠎ᠳᠦ ᠪᠠᠢᠭᠤᠯᠤᠬᠰᠠᠨ ᠡᠴᠡ ᠰᠦᠯᠵᠢᠶᠡᠨ ᠳᠡᠭᠡᠷᠡᠬᠢ ᠵᠠᠬᠢᠶᠠᠯᠠᠭ᠎ᠠ ᠪᠠ ᠣᠷᠣᠨ᠎ᠤ ᠭᠠᠳᠠᠨᠠᠬᠢ ᠵᠠᠬᠢᠶᠠᠯᠠᠭ᠎ᠠ ᠶᠠᠪᠤᠬᠤ ᠲᠤᠲᠤᠮ ᠣᠯᠠᠰᠢᠷᠠᠵᠤ ᠪᠠᠢᠨ᠎ᠠ᠃

ᠬᠣᠷᠰᠢᠶ᠎ᠠ ᠨᠢ ᠨᠢᠭᠡᠳᠦᠯᠲᠡᠢ ᠮᠡᠷᠭᠡᠵᠢᠯ᠎ᠦᠨ ᠵᠢᠯᠣᠭᠣᠳᠤᠯᠭ᠎ᠠ ᠬᠢᠵᠦ᠂ ᠨᠢᠭᠡᠳᠦᠯᠲᠡᠢ᠎ᠪᠡᠷ ᠦᠨᠳᠦᠰᠦᠨ ᠵᠦᠢᠯ᠎ᠢ ᠪᠠᠲᠤᠯᠠᠨ ᠬᠣᠷᠢᠶᠠᠨ ᠠᠪᠴᠤ᠂ ᠬᠣᠷᠢᠶᠠᠨ ᠠᠪᠤᠭᠰᠠᠨ ᠦᠨ᠎ᠡ ᠨᠢ ᠵᠠᠬ᠎ᠠ ᠳᠡᠯᠭᠡᠭᠦᠷ᠎ᠦᠨ ᠳᠤᠮᠳᠠᠴᠢ ᠦᠨ᠎ᠡ᠎ᠡᠴᠡ 15% ᠥᠨᠳᠥᠷ ᠪᠠᠢᠵᠤ᠂ ᠣᠲᠣ᠌ ᠨᠢᠭᠡᠨᠲᠡ ᠬᠢᠩᠭᠠᠨ ᠠᠢᠮᠠᠭ᠎ᠤᠨ 27 ᠭᠠᠴᠠᠭ᠎ᠠ ᠲᠣᠰᠬᠣᠨ᠎ᠤ 4000 ᠭᠠᠷᠤᠢ ᠬᠥᠮᠥᠨ ᠤᠳᠠᠭ᠎ᠠ᠎ᠳᠦ ᠪᠤᠯᠪᠠᠰᠤᠷᠠᠯ ᠬᠦᠷᠳᠡᠬᠡᠵᠦ᠂ ᠣᠯᠠᠨ ᠲᠦᠮᠡᠨ ᠭᠡᠷ ᠲᠡᠭᠡᠨ ᠠᠵᠢᠯᠯᠠᠬᠤ ᠦᠷᠦᠬᠡ ᠪᠠᠢᠭᠤᠯᠵᠦ ᠬᠡᠷ ᠲᠡᠭᠡᠨ ᠵᠠᠬᠢᠶᠠᠯᠠᠭ᠎ᠠ ᠲᠤᠰᠴᠤ ᠠᠵᠢᠯᠯᠠᠵᠦ ᠪᠠᠢᠨ᠎ᠠ᠃ ᠬᠣᠷᠰᠢᠶ᠎ᠠ ᠨᠢ ᠵᠢᠯ ᠲᠤᠷᠰᠢ 86 ᠲᠣᠭᠲᠠᠮᠠᠯ ᠠᠵᠢᠯ᠎ᠤᠨ ᠪᠠᠢᠷᠢ᠂ 220 ᠭᠠᠷᠤᠢ ᠲᠦᠷ ᠴᠠᠭ᠎ᠤᠨ ᠠᠵᠢᠯ᠎ᠤᠨ ᠪᠠᠢᠷᠢ ᠲᠣᠬᠢᠷᠠᠭᠤᠯᠵᠤ᠂ ᠣᠯᠠᠨ ᠵᠢᠯ᠎ᠦᠨ ᠲᠤᠷᠰᠢ ᠡᠷᠬᠢᠨ ᠲᠣᠭᠣᠷᠢᠨ᠎ᠤ ᠣᠯᠠᠨ ᠲᠦᠮᠡᠨ᠎ᠢ ᠳᠠᠶ᠋ᠢᠴᠢᠯᠠᠨ ᠨᠡᠶ᠋ᠢᠲᠡ 2800 ᠲᠦᠮᠡᠨ ᠲᠥᠭᠥᠷᠢᠭ᠎ᠦᠨ ᠣᠷᠣᠯᠭ᠎ᠠ᠎ᠶᠢ ᠡᠬᠦᠳᠪᠡ᠃

《ᠵᠠᠬ᠎ᠠ ᠳᠡᠯᠭᠡᠭᠦᠷ ᠨᠡᠪᠲᠡᠷᠡᠵᠦ᠂ ᠵᠠᠬᠢᠶᠠᠯᠠᠭ᠎ᠠ᠎ᠶᠢᠨ ᠬᠠᠭᠤᠳᠠᠰᠤ ᠲᠣᠭᠲᠠᠪᠤᠷᠢᠵᠢᠪᠠᠯ᠂ ᠮᠠᠨ᠎ᠤ ᠦᠳᠦᠨ᠎ᠤ ᠲᠦᠷᠦᠯ᠎ᠤᠨ ᠰᠣᠶᠣᠯ᠎ᠤᠨ ᠪᠦᠳᠦᠬᠡᠯᠴᠢ ᠦᠢᠯᠡᠳᠬᠦᠨ ᠰᠠᠶᠢ ᠪᠤᠷᠤᠯᠠᠭᠤᠯᠭ᠎ᠠ ᠰᠠᠢᠳᠠᠢ ᠪᠤᠯᠤᠨ᠎ᠠ》᠃ ᠵᠧᠦ ᠬᠠᠢ ᠶᠠᠨ᠂ ᠬᠠᠷᠢᠭ᠍ᠰᠠᠨ᠎ᠤ ᠳᠠᠷᠠᠭ᠎ᠠ ᠰᠦᠯᠵᠢᠶᠡᠨ ᠳᠡᠭᠡᠷ᠎ᠡ ᠪᠠ ᠲᠤᠬᠠᠢ᠎ᠶᠢᠨ ᠲᠠᠯᠠᠪᠤᠷ ᠲᠤ᠌ ᠵᠡᠷᠭᠡ᠎ᠪᠡᠷ ᠬᠦᠴᠦᠯᠡᠵᠦ ᠵᠠᠬ᠎ᠠ ᠳᠡᠯᠭᠡᠭᠦᠷ᠎ᠢ ᠥᠷᠭᠡᠳᠬᠡᠨ᠂ ᠦᠢᠯᠡᠳᠪᠤᠷᠢᠯᠡᠯ ᠪᠠ ᠵᠠᠬᠢᠶᠠᠯᠠᠭ᠎ᠠ᠎ᠶᠢᠨ ᠬᠠᠭᠤᠳᠠᠰᠤ᠎ᠶᠢ ᠲᠣᠭᠲᠠᠪᠤᠷᠢᠵᠢᠭᠤᠯᠵᠤ᠂ ᠵᠢᠵᠢᠭ ᠵᠢᠵᠢᠭ ᠥᠲᠥᠨ ᠠᠵᠤ ᠦᠢᠯᠡᠰ᠎ᠢ ᠠᠷᠠᠳ ᠲᠦᠮᠡᠨ᠎ᠳᠦ ᠠᠰᠢᠭ᠋ ᠬᠦᠷᠲᠡᠭᠡᠬᠦ ᠠᠷᠠᠳ᠎ᠢ ᠪᠠᠶᠠᠵᠢᠭᠤᠯᠬᠤ ᠠᠵᠤ ᠦᠢᠯᠡᠰ ᠪᠣᠯᠭᠠᠨ᠎ᠠ ᠭᠡᠵᠡᠢ᠃

ᠵᠠᠬ᠎ᠠ ᠳᠡᠯᠭᠡᠭᠦᠷ᠎ᠢ ᠬᠥᠭᠵᠢᠭᠡᠬᠦ ᠨᠢ ᠪᠠᠰᠠ ᠬᠡᠷᠡᠭᠯᠡᠭᠡᠨ᠎ᠦ ᠠᠬᠤᠢ ᠪᠠᠢᠳᠠᠯ᠎ᠤᠨ ᠰᠢᠨ᠎ᠡ᠎ᠶᠢ ᠡᠭᠦᠳᠬᠦ ᠪᠠ ᠳᠡᠭᠡᠳᠦ ᠮᠡᠷᠭᠡᠵᠢᠯ᠂ ᠤᠳᠤ ᠦᠶ᠎ᠡ᠎ᠶᠢᠨ ᠦᠢᠯᠡᠴᠢᠯᠡᠭᠡᠨ᠎ᠦ ᠦᠢᠯᠡᠰ ᠵᠡᠷᠭᠡ ᠰᠢᠨ᠎ᠡ ᠤᠷᠤᠯᠳᠤᠭᠠᠨ᠎ᠤ ᠵᠠᠮ᠎ᠢ ᠥᠷᠭᠡᠳᠬᠡᠬᠦ ᠳᠡᠭᠡᠷ᠎ᠡ ᠢᠯᠡᠷᠡᠵᠦ ᠪᠤᠢ᠃ ᠬᠡᠷᠡᠭᠯᠡᠭᠡᠨ᠎ᠦ ᠵᠠᠬ᠎ᠠ ᠳᠡᠯᠭᠡᠭᠦᠷ᠎ᠡᠴᠡ ᠦᠵᠡᠪᠡᠯ᠂ 2026 ᠣᠨ ᠪᠣᠯᠬᠤ᠎ᠳᠤ ᠥᠪᠥᠷ ᠮᠣᠩᠭᠣᠯ ᠰᠢᠭᠤᠳ ᠬᠡᠷᠡᠭᠯᠡᠭᠴᠢᠳ᠎ᠲᠦ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠬᠦ ᠡᠷᠴᠢᠮ᠎ᠢᠶᠡᠨ ᠴᠢᠩᠭᠠᠷᠠᠭᠤᠯᠤᠭᠰᠠᠨ ᠪᠥᠭᠡᠳ ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠪᠠ ᠪᠠᠶᠠᠷ ᠳᠤᠷᠠᠰᠬᠠᠯ᠎ᠤᠨ ᠬᠡᠷᠡᠭᠯᠡᠭᠡ᠂ ᠵᠢᠭᠤᠯᠴᠢᠯᠠᠯ᠎ᠤᠨ ᠬᠡᠷᠡᠭᠯᠡᠭᠡ᠎ᠶᠢ ᠳᠡᠮᠵᠢᠬᠦ ᠵᠡᠷᠭᠡ᠎ᠪᠡᠷ ᠳᠠᠮᠵᠢᠨ ᠬᠡᠷᠡᠭᠯᠡᠭᠡᠨ᠎ᠦ ᠵᠠᠬ᠎ᠠ ᠳᠡᠯᠭᠡᠭᠦᠷ᠎ᠦᠨ ᠰᠢᠨ᠎ᠡ ᠨᠡᠮᠡᠭᠳᠡᠯ᠎ᠦᠨ ᠴᠡᠭ᠎ᠢ ᠪᠣᠢᠵᠢᠭᠤᠯᠵᠤ᠂ ᠣᠯᠠᠨ ᠵᠦᠢᠯ᠎ᠦᠨ ᠬᠡᠷᠡᠭᠯᠡᠭᠡᠨ᠎ᠦ ᠡᠵᠡᠩᠨᠡᠯᠲᠡ᠎ᠶᠢᠨ ᠬᠡᠯᠪᠡᠷᠢ ᠵᠢᠨ ᠬᠥᠭᠵᠢᠯᠲᠡ᠎ᠶᠢ ᠳᠠᠢᠴᠢᠯᠠᠪᠡ᠃ ᠪᠡᠯᠡ ᠣᠷᠣᠭᠤᠯᠤᠯᠲᠠ᠎ᠶᠢᠨ ᠪᠦᠲᠦᠴᠡ᠎ᠶᠢᠨ ᠰᠠᠢᠵᠢᠷᠠᠯᠲᠠ᠎ᠡᠴᠡ ᠦᠵᠡᠪᠡᠯ᠂ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠦᠢᠯᠡᠳᠬᠡᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ ᠪᠠ ᠦᠢᠯᠡᠳᠬᠦ ᠦᠢᠯᠡᠰ᠎ᠦᠨ ᠳᠡᠰ ᠳᠡᠪᠰᠢᠭᠦᠯᠬᠦ ᠵᠡᠷᠭᠡ᠎ᠪᠡᠷ ᠭᠣᠣᠯᠳᠠᠭᠤᠯᠵᠤ᠂ ᠪᠦᠬᠦ ᠣᠷᠣᠨ᠎ᠤ ᠪᠡᠯᠡ ᠣᠷᠣᠭᠤᠯᠤᠯᠲᠠ᠎ᠶᠢᠨ ᠪᠦᠲᠦᠴᠡ᠎ᠶᠢ ᠰᠢᠯᠢᠳᠡᠭᠵᠢᠭᠦᠯᠬᠦ ᠵᠢᠴᠢ ᠳᠡᠭᠡᠳᠦ ᠮᠡᠷᠭᠡᠵᠢᠯ᠎ᠦᠨ ᠠᠵᠤ ᠦᠢᠯᠡᠰ᠎ᠦᠨ ᠪᠡᠯᠡ ᠣᠷᠣᠭᠤᠯᠤᠯᠲᠠ᠎ᠶᠢᠨ ᠲᠦᠷᠭᠡᠨ ᠨᠡᠮᠡᠭᠳᠡᠯ᠎ᠳᠦ ᠰᠢᠨ᠎ᠡ ᠵᠠᠮ ᠨᠡᠭᠡᠭᠡᠵᠦ ᠥᠭᠴᠡᠢ᠃

ᠳᠦᠷᠢᠮ᠎ᠢ ᠲᠣᠳᠣᠷᠬᠠᠢ ᠪᠤᠯᠭᠠᠵᠦ ᠠᠷᠠᠯᠵᠢᠶᠠᠯᠠᠬᠤ᠎ᠶᠢ ᠬᠢᠨᠠᠨ ᠪᠠᠢᠴᠠᠭᠠᠬᠤ ᠬᠣᠣᠰ ᠱᠤᠭᠤᠮ ᠢᠯᠡ ᠲᠣᠳᠣ᠌ ᠪᠤᠯᠪᠠ

ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠵᠣᠯᠭᠠᠭᠤᠯᠬᠤ᠎ᠳᠤ᠂ ᠳᠦᠷᠢᠮ ᠨᠢ ᠬᠡᠳᠦᠢ ᠢᠯᠡ ᠲᠣᠳᠣ᠌ ᠪᠣᠯᠬᠤ ᠲᠤᠳᠤᠮ ᠡᠵᠡᠩᠨᠡᠯᠲᠡ᠎ᠶᠢᠨ ᠭᠣᠣᠯ ᠴᠣᠭᠴᠠ ᠲᠡᠳᠦᠢ ᠵᠣᠷᠢᠭ᠍ᠲᠠᠢ ᠥᠷᠢᠰᠦᠯᠳᠦᠨ᠎ᠡ᠃ ᠥᠪᠥᠷ ᠮᠣᠩᠭᠣᠯ᠎ᠤᠨ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠠᠷᠠᠯᠵᠢᠶ᠎ᠠ᠎ᠶᠢᠨ ᠬᠦᠷᠢᠶ᠎ᠡ ᠴᠠᠷᠠᠭ᠎ᠠ ᠨᠢ ᠣᠶᠤᠨᠴᠢ ᠬᠢᠨᠠᠨ ᠬᠠᠷᠭᠤᠭᠤᠯᠬᠤ ᠲᠣᠭᠲᠡᠴᠡ᠎ᠳᠤ ᠲᠦᠰᠢᠭᠯᠡᠵᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲᠧᠷᠢᠶᠠᠯ᠎ᠢ ᠪᠥᠭᠡᠮ᠎ᠢᠶᠡᠷ ᠰᠢᠭ᠌ᠰᠢᠨ ᠪᠠᠢᠴᠠᠭᠠᠵᠤ᠂ AI ᠪᠡᠷ ᠬᠠᠤᠯᠢ ᠴᠠᠭᠠᠵᠠ ᠬᠠᠤᠯᠢ ᠲᠣᠭᠲᠠᠭᠠᠯ᠎ᠢ ᠵᠤᠷᠪᠤᠰ ᠳᠠᠷᠠᠭᠠᠯᠠᠨ ᠬᠠᠷᠢᠴᠠᠭᠤᠯᠵᠤ᠂ ᠪᠤᠰᠤᠳ᠎ᠢ ᠭᠠᠳᠠᠭᠤᠷᠴᠢᠯᠠᠬᠤ ᠴᠢᠨᠠᠷᠲᠠᠢ᠂ ᠬᠡᠯᠪᠡᠷᠢᠯ᠎ᠦᠨ ᠴᠢᠨᠠᠷᠲᠠᠢ ᠵᠦᠢᠯ ᠵᠤᠷᠪᠤᠰ᠎ᠢ ᠣᠨᠣᠪᠴᠢᠲᠠᠶ ᠢᠯᠭᠠᠨ ᠲᠠᠨᠢᠵᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲᠧᠷᠢᠶᠠᠯ᠎ᠢ ᠨᠠᠢᠷᠠᠭᠤᠯᠤᠨ ᠵᠣᠬᠢᠶᠠᠬᠤ᠎ᠡᠴᠡ ᠨᠡᠢᠲᠡᠯᠡᠬᠦ ᠬᠦᠷᠲᠡᠯᠡᠬᠢ ᠪᠥᠬᠥ ᠦᠶᠡᠯᠡᠯ᠎ᠦᠨ ᠬᠤᠭᠤᠴᠠᠭ᠎ᠠ᠎ᠶᠢ ᠪᠣᠭᠣᠨᠢᠰᠬᠠᠬᠤ᠎ᠶᠢ ᠠᠬᠢᠭᠤᠯᠪᠡ᠃ ᠥᠪᠡᠷᠲᠡᠭᠡᠨ ᠵᠠᠰᠠᠬᠤ ᠣᠷᠣᠨ᠎ᠤ ᠤᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠰᠣᠯᠢᠯᠴᠠᠭᠠᠨ᠎ᠤ ᠲᠥᠪ᠎ᠦᠨ ᠦᠢᠯᠡᠴᠢᠯᠡᠭᠡᠨ᠎ᠦ ᠲᠢᠩᠬᠢᠮ᠎ᠳᠦ᠂ ᠨᠢᠭᠡᠨ ᠪᠠᠷᠢᠯᠭ᠎ᠠ᠎ᠶᠢᠨ ᠠᠵᠤ ᠠᠬᠤᠢᠯᠠᠯ᠎ᠤᠨ ᠳᠠᠭᠠᠭᠠᠴᠢᠯᠠᠯᠲᠠ ᠬᠦᠯᠢᠶᠡᠬᠦ ᠬᠠᠷᠢᠭᠤᠴᠠᠯᠭᠠᠲᠠᠨ ᠳ᠋ᠢᠩ ᠮᠸᠩ ᠶᠢᠩ᠂ ᠤᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠰᠣᠯᠢᠯᠴᠠᠭᠠᠨ᠎ᠤ ᠣᠷᠴᠢᠨ ᠨᠦᠭᠦᠴᠡᠯ᠎ᠤᠨ ᠴᠡᠪᠡᠷᠰᠢᠯ ᠨᠢ ᠳᠦᠷᠢᠮ᠎ᠦᠨ ᠴᠢᠨᠠᠷᠲᠠᠢ ᠰᠣᠯᠢᠯᠴᠠᠭᠠᠨ᠎ᠤ ᠥᠪᠡᠷ᠎ᠦᠨ ᠦᠷᠳᠡᠭ᠎ᠢ ᠪᠠᠭᠤᠷᠠᠭᠤᠯᠵᠤ᠂ ᠡᠯ᠎ᠡ ᠲᠦᠷᠦᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢ ᠨᠡᠩ ᠰᠠᠨᠠᠭ᠎ᠠ ᠠᠮᠤᠷ ᠵᠢᠡᠷ ᠨᠢᠭᠡᠳᠦᠯᠲᠡᠢ ᠳᠦᠷᠢᠮ᠎ᠦᠨ ᠳᠣᠣᠷ᠎ᠠ ᠡᠷᠬᠡ ᠲᠡᠭᠰᠢ᠎ᠪᠡᠷ ᠥᠷᠢᠰᠦᠯᠳᠦᠭᠦᠯᠬᠦ᠎ᠪᠤᠯᠭᠠᠵᠠᠢ ᠭᠡᠪᠡ᠃

ᠠᠷᠠᠯᠵᠢᠶᠠᠨ᠎ᠤ ᠭᠣᠭᠴᠣᠭ᠎ᠠ ᠤᠯᠠᠮ ᠡᠴᠡ ᠤᠯᠠᠮ ᠢᠯᠡ ᠲᠣᠳᠣ᠌ ᠪᠣᠯᠵᠤ᠂ ᠡᠷᠬᠡ ᠲᠡᠭᠰᠢ᠎ᠪᠡᠷ ᠥᠷᠢᠰᠦᠯᠳᠦᠬᠦ᠎ᠶᠢ ᠬᠢᠨᠠᠨ ᠪᠠᠢᠴᠠᠭᠠᠬᠤ ᠳᠦᠷᠢᠮ ᠴᠦ᠍ ᠪᠦᠭᠦ ᠬᠦᠴᠦᠨ᠎ᠢᠶᠡᠷ᠎ᠢᠶᠡᠨ ᠰᠢᠯᠢᠳᠡᠭᠵᠢᠵᠦ ᠪᠠᠢᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠭᠠᠭᠴᠠᠭᠠᠷ ᠡᠵᠡᠮᠰᠢᠯ᠎ᠢ ᠡᠰᠡᠷᠭᠦᠴᠡᠬᠦ ᠪᠠ ᠲᠥᠪ ᠪᠤᠰᠤ ᠥᠷᠢᠰᠦᠯᠳᠦᠭᠡᠨ᠎ᠢ ᠡᠰᠡᠷᠭᠦᠴᠡᠬᠦ ᠲᠣᠪᠴᠢᠶ᠎ᠠ᠎ᠶᠢᠨ ᠳᠠᠷᠤᠭ᠎ᠠ ᠵᠠᠩ ᠶᠠᠨ᠂ ᠥᠪᠥᠷ ᠮᠣᠩᠭᠣᠯ᠎ᠤᠨ ᠭᠢᠨ ᠡᠷᠬᠡ ᠲᠡᠭᠰᠢ ᠥᠷᠢᠰᠦᠯᠳᠦᠭᠡᠨ᠎ᠦ ᠬᠢᠨᠠᠨ ᠪᠠᠢᠴᠠᠭᠠᠯᠲᠠ᠎ᠶᠢ ᠣᠷᠣᠨ ᠨᠤᠲᠤᠭ᠎ᠤᠨ ᠬᠠᠮᠠᠭᠠᠯᠠᠯᠳᠠ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠎ᠢ ᠰᠢᠯᠢᠳᠡᠭᠵᠢᠭᠦᠯᠬᠦ ᠴᠢᠬᠤᠯᠠ ᠭᠠᠷᠳᠠᠴᠠ ᠪᠤᠯᠭᠠᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠬᠠᠮᠲᠤᠷᠠᠨ ᠬᠥᠳᠡᠯᠦᠯᠴᠡᠬᠦ ᠠᠵᠢᠯ᠎ᠤᠨ ᠰᠢᠰᠲᠧᠮ ᠢ᠋ ᠨᠢᠭᠡᠨᠲᠡ ᠪᠠᠢᠭᠤᠯᠵᠤ᠂ ᠲᠢᠩᠬᠢᠮ᠎ᠦᠨ ᠬᠣᠭᠣᠷᠣᠨᠳᠣᠭᠢ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠢᠭᠤᠯᠤᠨ᠂ ᠲᠥᠪ ᠭᠣᠥᠯᠴᠢ᠎ᠪᠠᠷ ᠥᠷᠢᠰᠦᠯᠳᠦᠭᠦᠯᠦᠨ ᠬᠢᠨᠠᠨ ᠪᠠᠢᠴᠠᠭᠠᠬᠤ᠎ᠶᠢ ᠲᠥᠷᠥ᠎ᠶᠢᠨ ᠪᠣᠳᠣᠯᠭ᠎ᠠ ᠨᠡᠢᠲᠡᠯᠡᠬᠦ᠎ᠳᠦ ᠵᠠᠪᠠᠯ ᠥᠩᠭᠡᠷᠡᠭᠡᠬᠦ ᠲᠠᠰ ᠳᠠᠷᠠᠭᠠᠯᠠᠯ ᠪᠤᠯᠭᠠᠵᠤ᠂ ᠰᠤᠭᠤᠴᠢᠨ ᠪᠠᠢᠴᠠᠭᠠᠵᠤ ᠢᠯᠭᠠᠷᠠᠭᠤᠯᠬᠤ᠂ ᠭᠤᠮᠤᠳᠠᠯ ᠲᠤᠭᠠᠴᠢᠨ ᠢᠯᠡᠴᠢᠯᠡᠨ ᠮᠡᠳᠡᠭᠦᠯᠬᠦ᠂ ᠬᠠᠮᠲᠤᠷᠠᠨ ᠬᠢᠨᠠᠨ ᠪᠠᠢᠴᠠᠭᠠᠬᠤ᠂ ᠬᠡᠷᠡᠭ᠎ᠦᠨ ᠵᠢᠱ᠌ᠢᠶ᠎ᠡ᠎ᠶᠢ ᠢᠯᠡ ᠨᠡᠢᠲᠡᠯᠡᠬᠦ᠂ 《ᠭᠤᠷᠪᠠᠨ ᠪᠢᠴᠢᠭ ᠨᠢᠭᠡ ᠵᠠᠬᠢᠳᠠᠯ》 ᠵᠡᠷᠭᠡ ᠳᠦᠷᠢᠮ᠎ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠬᠡᠷᠡᠭ᠎ᠦᠨ ᠡᠮᠦᠨ᠎ᠡ ᠠᠩᠬ᠎ᠠ ᠬᠢᠨᠠᠬᠤ᠂ ᠬᠡᠷᠡᠭ᠎ᠦᠨ ᠳᠤᠮᠳᠠ ᠬᠢᠨᠠᠯᠲᠠ ᠲᠠᠯᠪᠢᠬᠤ᠂ ᠬᠡᠷᠡᠭ᠎ᠦᠨ ᠳᠠᠷᠠᠭ᠎ᠠ ᠦᠨᠡᠯᠡᠨ ᠵᠢᠱ᠌ᠢᠵᠦ ᠵᠠᠯᠠᠷᠠᠭᠤᠯᠬᠤ ᠪᠦᠭᠦ ᠶᠠᠪᠤᠴᠠ ᠪᠡᠷ ᠨᠢ ᠪᠢᠳᠡᠬᠦᠮᠵᠢᠯᠡᠬᠦ ᠲᠣᠭᠲᠠᠴᠠ᠎ᠶᠢ ᠪᠠᠢᠭᠤᠯᠤᠨ᠎ᠠ᠃ ᠠᠵᠢᠯ ᠲᠥᠷᠥᠯ᠎ᠦᠨ ᠲᠥᠷᠥ᠎ᠶᠢᠨ ᠪᠣᠳᠣᠯᠭ᠎ᠠ᠎ᠶᠢᠨ ᠤᠷᠢᠳᠠᠴᠢ ᠵᠢᠯᠣᠭᠣᠳᠤᠯᠭ᠎ᠠ᠎ᠶᠢ ᠬᠡᠷᠡᠭᠵᠢᠭᠦᠯᠵᠦ᠂ ᠬᠢᠨᠠᠨ ᠪᠠᠢᠴᠠᠭᠠᠭᠰᠠᠨ ᠦᠷ᠎ᠡ ᠪᠦᠲᠦᠮᠵᠢ᠎ᠶᠢ ᠠᠢᠮᠠᠭ ᠬᠣᠲᠠ᠂ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠠᠵᠢᠯ᠎ᠤᠨ ᠠᠮᠵᠢᠯᠲᠠ ᠪᠦᠲᠦᠮᠵᠢ᠎ᠶᠢ ᠰᠢᠯᠭᠠᠨ ᠬᠢᠨᠠᠬᠤ᠎ᠳᠤ ᠣᠷᠣᠭᠤᠯᠤᠨ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠵᠤ ᠠᠪᠴᠢᠷᠠᠬᠤ᠂ ᠠᠵᠤ ᠦᠢᠯᠡᠰ᠎ᠦᠨ ᠨᠥᠬᠥᠪᠦᠷᠢ ᠥᠭᠬᠦ᠂ ᠵᠠᠬ᠎ᠠ ᠳᠡᠯᠭᠡᠭᠦᠷ᠎ᠦᠨ ᠪᠡᠬᠢᠯᠡᠯᠲᠡ ᠵᠡᠷᠭᠡ ᠲᠦᠭᠰᠢᠭᠦᠷᠢ᠎ᠶᠢᠨ ᠴᠡᠭ᠎ᠤᠨ ᠲᠣᠭᠣᠷᠢᠨ᠎ᠳᠤ ᠰᠠᠨᠠᠭᠤᠯᠤᠮᠵᠢ ᠳᠠᠷᠤᠮᠠᠯᠯᠠᠨ ᠲᠠᠷᠬᠠᠭᠠᠨ᠎ᠠ᠃

《ᠡᠷᠬᠡ ᠲᠡᠭᠰᠢ᠎ᠪᠡᠷ ᠥᠷᠢᠰᠦᠯᠳᠦᠬᠦ᠎ᠶᠢ ᠬᠢᠨᠠᠨ ᠪᠠᠢᠴᠠᠭᠠᠬᠤ ᠳᠦᠷᠢᠮ》 ᠢ᠋ ᠬᠡᠷᠡᠭᠵᠢᠭᠦᠯᠦᠭᠰᠡᠨ ᠡᠴᠡ ᠨᠠᠭᠠᠰᠢ᠂ ᠥᠪᠥᠷ ᠮᠣᠩᠭᠣᠯ ᠴᠢᠬᠤᠯᠠ ᠲᠥᠷᠥ᠎ᠶᠢᠨ ᠪᠣᠳᠣᠯᠭ᠎ᠠ᠎ᠶᠢ ᠬᠠᠮᠲᠤᠷᠠᠨ ᠬᠢᠨᠠᠨ ᠪᠠᠢᠴᠠᠭᠠᠬᠤ᠎ᠶᠢ ᠨᠡᠶ᠋ᠢᠲᠡ 2400 ᠭᠠᠷᠤᠢ ᠪᠡᠶᠡᠯᠡᠭᠦᠯᠦᠭᠰᠡᠨ ᠪᠠᠢᠨ᠎ᠠ; ᠮᠠᠯ ᠠᠵᠤ ᠠᠬᠤᠢ ᠲᠠᠷᠢᠶᠠᠯᠠᠩ᠂ ᠰᠢᠨ᠎ᠡ ᠡᠨᠧᠷᠭᠢ᠎ᠶᠢᠨ ᠭᠣᠣᠯᠳᠠᠯᠭ᠎ᠠ᠎ᠲᠠᠢ ᠬᠦᠷᠢᠶᠡᠨ᠎ᠳᠦ ᠴᠢᠭᠯᠡᠭᠦᠯᠦᠨ 978 ᠬᠤᠪᠢ ᠲᠤᠰᠬᠠᠢ ᠵᠦᠢᠯ᠎ᠦᠨ ᠰᠤᠭᠤᠴᠢᠨ ᠪᠠᠢᠴᠠᠭᠠᠯᠲᠠ᠎ᠶᠢ ᠬᠢᠵᠦ᠂ ᠳᠣᠷᠣᠭ᠍ᠰᠢ ᠪᠠᠭᠤᠵᠤ ᠬᠢᠨᠠᠨ ᠵᠢᠯᠤᠭᠣᠳᠴᠤ ᠪᠠᠢᠭᠠᠳ ᠨᠦᠭᠡᠴᠡ ᠳᠠᠯᠳᠠ ᠬᠦᠴᠦᠨ᠎ᠢ ᠴᠡᠭᠴᠡᠯᠡᠨ ᠰᠠᠢᠵᠢᠷᠠᠭᠤᠯᠬᠤ᠎ᠶᠢ ᠲᠦᠯᠬᠢᠨ ᠠᠬᠢᠭᠤᠯᠪᠠ᠃ ᠲᠦᠷᠭᠡᠨ ᠬᠦᠷᠭᠡᠯᠳᠡ ᠵᠢᠨ ᠮᠠᠰᠢᠨ ᠮᠠᠯᠵᠢᠬᠤ ᠲᠠᠷᠢᠶᠠᠯᠠᠬᠤ ᠣᠷᠣᠨ ᠡᠴᠡ ᠬᠣᠲᠠ᠎ᠳᠤ ᠣᠷᠣᠵᠤ᠂ ᠰᠢᠨ᠎ᠡ ᠰᠤᠷᠭᠤᠭ ᠰᠦ ᠥᠪᠥᠷ ᠮᠣᠩᠭᠣᠯ᠎ᠤᠨ ᠲᠠᠯ᠎ᠠ ᠨᠤᠲᠤᠭ ᠡᠴᠡ ᠡᠮᠦᠨᠡᠲᠦ ᠣᠷᠣᠨ᠎ᠤ ᠣᠯᠠᠨ ᠲᠦᠮᠡᠨ᠎ᠦ ᠬᠣᠭᠣᠯᠠᠨ ᠰᠢᠷᠡᠭᠡᠨ᠎ᠳᠦ ᠰᠢᠭᠤᠳ ᠬᠦᠷᠴᠠᠢ᠃ ᠪᠦᠭᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠠᠢ ᠭᠦᠨᠵᠡᠭᠡᠢ ᠵᠣᠯᠭᠠᠭᠤᠯᠬᠤ ᠨᠢ ᠡᠴᠦᠰ᠎ᠦᠨ ᠡᠴᠦᠰ᠎ᠲᠡᠬᠡᠨ ᠡᠲᠡᠭᠡᠷ ᠡᠳᠦᠷ ᠲᠤᠲᠤᠮ᠎ᠤᠨ ᠠᠵᠢᠯ ᠠᠮᠢᠳᠤᠷᠠᠯ ᠢ᠋ ᠨᠠᠩ ᠤᠷᠤᠭᠰᠢᠲᠠᠢ᠂ ᠨᠠᠩ ᠭᠣᠥᠯᠴᠢ᠂ ᠨᠠᠩ ᠲᠥᠰᠥᠪᠯᠡᠵᠦ ᠪᠤᠯᠬᠤ ᠪᠤᠯᠭᠠᠬ᠍ᠰᠠᠨ ᠶᠠᠪᠤᠳᠠᠯ ᠪᠣᠯᠣᠨ᠎ᠠ᠃ ᠵᠠᠮ ᠨᠡᠪᠲᠡᠷᠡᠵᠦ᠂ ᠳᠦᠷᠢᠮ ᠲᠣᠭᠲᠠᠭᠠᠯ ᠢ᠋ ᠲᠣᠳᠣᠷᠬᠠᠢ ᠪᠣᠯᠭᠠᠴᠢᠬᠠᠪᠠᠯ ᠲᠠᠯ᠎ᠠ ᠨᠤᠲᠤᠭ᠎ᠤᠨ ᠰᠠᠢᠨ ᠪᠠᠷᠠᠭ᠎ᠠ ᠰᠠᠶᠢ ᠨᠠᠩ ᠬᠤᠯᠠ ᠶᠠᠪᠤᠵᠤ ᠴᠢᠳᠠᠨ᠎ᠠ᠃ ᠪᠠᠷᠠᠭᠠᠨ᠎ᠤ ᠭᠦᠢᠯᠭᠡᠭᠡ᠂ ᠵᠠᠬ᠎ᠠ ᠳᠡᠯᠭᠡᠭᠦᠷ᠂ ᠳᠦᠷᠢᠮ ᠲᠣᠭᠲᠠᠭᠠᠯ ᠵᠡᠷᠭᠡ ᠶᠠᠪᠤᠳᠠᠯ᠎ᠢ ᠨᠢᠭᠡᠳ ᠨᠢᠭᠡ᠎ᠪᠡᠷ ᠪᠣᠳᠠᠲᠠᠢ ᠬᠢᠵᠦ᠂ ᠥᠪᠥᠷ ᠮᠣᠩᠭᠣᠯ ᠪᠦᠭᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠦ ᠪᠦᠲᠦᠮᠵᠢᠲᠡᠢ ᠠᠭᠤᠰᠤᠯᠴᠠᠪᠠᠯ᠂ ᠰᠠᠶᠢ ᠨᠡᠩ ᠯᠠᠪᠳᠠᠭᠤᠨ᠂ ᠨᠡᠩ ᠪᠠᠲᠤᠲᠠᠢ ᠤᠷᠤᠭᠰᠢᠯᠠᠵᠤ ᠴᠢᠳᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面