ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2025-11-10 15:26:14

ᠵᠣᠬᠢᠶᠠᠭ᠍ᠴᠢ᠄ ᠨᠠᠮᠤᠭ ᠣᠩᠱᠢᠭ᠍ᠰᠠᠨ ᠣᠳᠠᠭ᠎ᠠ᠄

ᠣᠢᠷ᠎ᠠ ᠵᠢᠨ ᠵᠢᠯ ᠤ᠋ᠨ ᠲᠤᠷᠰᠢ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠷ᠎ᠡ ᠴᠢᠬᠢ ᠵᠢᠨ ᠬᠦᠷᠢᠶᠡᠨ᠎ᠳᠡᠬᠢ ᠣᠷᠣᠨ ᠨᠤᠲᠤᠭ ᠤ᠋ᠨ ᠪᠠᠷᠢᠮᠵᠢᠶ᠎ᠠ ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ ᠡᠷᠴᠢᠮ ᠵᠢᠡᠨ ᠲᠠᠰᠤᠷᠠᠯᠲᠠ ᠥᠬᠡᠶ ᠴᠢᠩᠭᠠᠷᠠᠭᠤᠯᠵᠤ᠂ ᠴᠢᠨᠠᠷ ᠰᠠᠢᠲᠠᠶ ᠪᠠᠷᠢᠮᠵᠢᠶ᠎ᠠ ᠪᠡᠷ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠷ᠎ᠡ ᠴᠢᠬᠢ ᠵᠢᠨ ᠴᠢᠨᠠᠷ ᠰᠠᠢᠲᠠᠶ ᠬᠥᠭ᠌ᠵᠢᠯᠲᠡ ᠶ᠋ᠢ ᠬᠠᠮᠠᠭᠠᠯᠠᠪᠠ᠃

《ᠣᠶ ᠮᠣᠳᠣᠨ ᠤ᠋ ᠦᠷ᠎ᠡ ᠡᠳ᠋ ᠤ᠋ᠨ ᠡᠬᠢ ᠪᠠᠶᠠᠯᠢᠭ ᠢ᠋ ᠨᠡᠢᠳᠡᠮ ᠪᠠᠢᠴᠠᠭᠠᠬᠤ ᠮᠡᠷᠭᠡᠵᠢᠯ ᠤ᠋ᠨ ᠳᠦᠷᠢᠮ》᠂ 《ᠡᠪᠡᠰᠦᠨ᠎ᠦ ᠦᠷ᠎ᠡ ᠡᠳ᠋ ᠤ᠋ᠨ ᠡᠬᠢ ᠪᠠᠶᠠᠯᠢᠭ ᠢ᠋ ᠨᠡᠢᠳᠡᠮ ᠪᠠᠢᠴᠠᠭᠠᠬᠤ ᠮᠡᠷᠭᠡᠵᠢᠯ ᠤ᠋ᠨ ᠳᠦᠷᠢᠮ》᠂ 《ᠡᠪᠡᠰᠦᠨ᠎ᠦ ᠦᠷ᠎ᠡ ᠡᠳ᠋ ᠤ᠋ᠨ ᠡᠬᠢ ᠪᠠᠶᠠᠯᠢᠭ ᠢ᠋ ᠴᠤᠭ᠍ᠯᠠᠭᠤᠯᠬᠤ ᠮᠡᠷᠭᠡᠵᠢᠯ ᠤ᠋ᠨ ᠳᠦᠷᠢᠮ》 3 ᠵᠦᠢᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠶ᠋ᠢ ᠲᠣᠭ᠍ᠲᠠᠭᠠᠬᠤ ᠵᠢᠨ ᠬᠠᠮᠲᠤ ᠨᠡᠢᠲᠡᠯᠡᠵᠦ᠍᠂ ᠣᠶ ᠮᠣᠳᠣᠨ ᠤ᠋ ᠦᠷ᠎ᠡ ᠡᠳ᠋ ᠤ᠋ᠨ ᠡᠬᠢ ᠪᠠᠶᠠᠯᠢᠭ ᠢ᠋ ᠨᠡᠢᠳᠡᠮ ᠪᠠᠢᠴᠠᠭᠠᠵᠤ ᠴᠤᠭ᠍ᠯᠠᠭᠤᠯᠬᠤ ᠠᠵᠢᠯ ᠢ᠋ ᠱᠢᠨᠵᠢᠯᠡᠬᠦ᠌ ᠤᠬᠠᠭᠠᠨᠴᠢ ᠪᠡᠷ ᠥᠷᠨᠢᠭᠦᠯᠬᠦ ᠳ᠋ᠤ ᠮᠡᠷᠭᠡᠵᠢᠯ ᠤ᠋ᠨ ᠲᠤᠯᠭᠠᠭᠤᠷᠢᠯᠠᠯ᠎ᠬᠠᠩᠭᠠᠪᠠ; 《ᠭᠤᠤᠯ ᠪᠣᠯᠬᠤ ᠣᠶ ᠮᠣᠳᠣᠨ ᠤ᠋ ᠡᠭᠦᠯᠳᠡᠷ ᠢ᠋ ᠬᠢᠨᠠᠨ ᠲᠣᠭ᠍ᠲᠠᠭᠠᠬᠤ ᠵᠢᠷᠤᠮᠵᠢᠯ》᠂ 《ᠣᠶ ᠮᠣᠳᠣᠨ ᠤ᠋ ᠴᠢᠬᠢ ᠪᠣᠢᠵᠢᠭᠤᠯᠬᠤ ᠮᠡᠷᠭᠡᠵᠢᠯ ᠤ᠋ᠨ ᠲᠦᠷᠢᠮ》 2 ᠵᠦᠶ᠋ᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠶ᠋ᠢ ᠲᠣᠭ᠍ᠲᠠᠭᠠᠨ ᠨᠡᠢᠲᠡᠯᠡᠵᠦ᠍᠂ 《ᠡᠪᠡᠰᠦᠨ ᠦᠷ᠎ᠡ ᠵᠢᠨ ᠦᠶ᠋ᠯᠡᠳᠪᠦᠷᠢᠯᠡᠯ ᠤ᠋ᠨ ᠰᠠᠭᠤᠷᠢᠨ ᠤ᠋ ᠲᠣᠭᠠᠴᠢᠯᠠᠭ᠍ᠰᠠᠨ ᠬᠠᠮᠢᠶᠠᠷᠤᠯᠲᠠ ᠵᠢᠨ ᠮᠡᠷᠭᠡᠵᠢᠯ ᠤ᠋ᠨ ᠲᠦᠷᠢᠮ》᠂ 《ᠨᠠᠢᠯᠵᠠᠭᠤᠷ ᠬᠠᠷᠭᠠᠨ᠎ᠠ ᠵᠢᠨ ᠦᠷ᠎ᠡ ᠵᠢᠨ ᠦᠶ᠋ᠯᠡᠳᠪᠦᠷᠢᠯᠡᠯ ᠪᠠ ᠬᠠᠮᠢᠶᠠᠷᠤᠯᠲᠠ ᠵᠢᠨ ᠮᠡᠷᠭᠡᠵᠢᠯ ᠤ᠋ᠨ ᠲᠦᠷᠢᠮ》 2 ᠵᠦᠶ᠋ᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠶ᠋ᠢ 2025 ᠣᠨ ᠤ᠋ ᠲᠣᠭ᠍ᠲᠠᠭᠠᠨ ᠵᠠᠰᠠᠪᠤᠷᠢ ᠣᠷᠣᠭᠤᠯᠬᠤ ᠲᠥᠯᠥᠪᠯᠡᠭᠡ᠎ᠳᠦ ᠵᠢᠭ᠍ᠰᠠᠭᠠᠨ ᠣᠷᠣᠭᠤᠯᠵᠤ᠂ ᠡᠭᠦᠯᠳᠡᠷ ᠢ᠋ ᠰᠣᠩᠭᠣᠨ ᠪᠣᠢᠵᠢᠭᠤᠯᠵᠤ ᠬᠢᠨᠠᠨ ᠲᠣᠭ᠍ᠲᠠᠭᠠᠬᠤ᠂ ᠦᠷ᠎ᠡ ᠴᠢᠬᠢ ᠵᠢᠨ ᠦᠶ᠋ᠯᠡᠳᠪᠦᠷᠢᠯᠡᠯ ᠬᠠᠮᠢᠶᠠᠷᠤᠯᠲᠠ ᠵᠡᠷᠭᠡ ᠠᠵᠢᠯ᠎ᠳᠤ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠪᠠ; 《ᠭᠤᠤᠯ ᠪᠣᠯᠬᠤ ᠣᠢᠵᠢᠭᠤᠯᠤᠯᠲᠠ ᠵᠢᠨ ᠮᠣᠳᠣᠨ ᠤ᠋ ᠦᠷ᠎ᠡ ᠵᠢᠨ ᠶᠠᠰᠤ ᠴᠢᠨᠠᠷ ᠤ᠋ᠨ ᠲᠠᠰ》᠂ 《ᠭᠤᠤᠯ ᠪᠣᠯᠬᠤ ᠣᠢᠵᠢᠭᠤᠯᠤᠯᠲᠠ ᠵᠢᠨ ᠮᠣᠳᠣᠨ ᠤ᠋ ᠴᠢᠬᠢ ᠮᠣᠳᠣᠨ ᠤ᠋ ᠶᠠᠰᠤ ᠴᠢᠨᠠᠷ ᠤ᠋ᠨ ᠲᠠᠰ》᠂ 《ᠢᠨᠵᠧᠨᠧᠷᠢᠩ ᠤ᠋ᠨ ᠣᠢᠵᠢᠭᠤᠯᠤᠯᠲᠠ ᠵᠢᠨ ᠴᠢᠬᠢ ᠮᠣᠳᠣᠨ ᠤ᠋ ᠶᠠᠰᠤ ᠴᠢᠨᠠᠷ ᠢ᠋ ᠰᠤᠭᠤᠴᠢᠨ ᠪᠠᠢᠴᠠᠭᠠᠬᠤ ᠮᠡᠷᠭᠡᠵᠢᠯ ᠤ᠋ᠨ ᠵᠢᠷᠤᠮᠵᠢᠯ》 ᠵᠡᠷᠭᠡ 3 ᠵᠦᠶ᠋ᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠶ᠋ᠢ ᠲᠣᠭ᠍ᠲᠠᠭᠠᠨ ᠨᠡᠢᠲᠡᠯᠡᠵᠦ᠍᠂ 《ᠡᠪᠡᠰᠦᠨ᠎ᠦ ᠡᠭᠦᠯᠳᠡᠷ ᠤ᠋ᠨ ᠶᠠᠰᠤ ᠴᠢᠨᠠᠷ ᠢ᠋ ᠮᠥᠷᠳᠡᠨ ᠭᠡᠷᠡᠴᠢᠯᠡᠬᠦ᠌ ᠬᠠᠮᠢᠶᠠᠷᠤᠯᠲᠠ ᠵᠢᠨ ᠮᠡᠷᠭᠡᠵᠢᠯ ᠤ᠋ᠨ ᠵᠢᠷᠤᠮᠵᠢᠯ》 ᠢ᠋ 2025 ᠣᠨ ᠤ᠋ ᠲᠣᠭ᠍ᠲᠠᠭᠠᠨ ᠵᠠᠰᠠᠪᠤᠷᠢ ᠣᠷᠣᠭᠤᠯᠬᠤ ᠲᠥᠯᠥᠪᠯᠡᠭᠡ᠎ᠳᠦ ᠵᠢᠭ᠍ᠰᠠᠭᠠᠨ ᠣᠷᠣᠭᠤᠯᠵᠤ᠂ ᠣᠶ ᠮᠣᠳᠣᠨ ᠤ᠋ ᠦᠷ᠎ᠡ ᠴᠢᠬᠢ ᠵᠢᠨ ᠶᠠᠰᠤ ᠴᠢᠨᠠᠷ ᠢ᠋ ᠰᠤᠭᠤᠴᠢᠨ ᠪᠠᠢᠴᠠᠭᠠᠬᠤ᠂ ᠦᠷ᠎ᠡ ᠴᠢᠬᠢ ᠵᠢᠨ ᠶᠠᠰᠤ ᠴᠢᠨᠠᠷ ᠢ᠋ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠪᠠ ᠦᠷ᠎ᠡ ᠴᠢᠬᠢ ᠵᠢᠨ ᠶᠠᠰᠤ ᠴᠢᠨᠠᠷ ᠢ᠋ ᠮᠥᠷᠳᠡᠨ ᠪᠠᠢᠴᠠᠭᠠᠬᠤ ᠵᠡᠷᠭᠡ ᠠᠵᠢᠯ ᠢ᠋ ᠵᠢᠷᠤᠮᠵᠢᠭᠤᠯᠤᠨ ᠥᠷᠨᠢᠭᠦᠯᠬᠦ ᠳ᠋ᠤ ᠦᠨᠳᠦᠰᠦᠨ ᠵᠢᠷᠤᠮᠯᠠᠯ ᠬᠠᠩᠭᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ ᠭᠤᠸᠠᠩ

ᠣᠷᠴᠢᠭᠤᠯᠤᠭ᠍ᠴᠢ᠄

ᠢᠷᠡᠯᠲᠡ᠄
兼容浏览器的HTML页面