ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-05-18 09:56:40

ᠵᠣᠬᠢᠶᠠᠭ᠍ᠴᠢ᠄ ᠰᠦᠨ ᠫᠸᠩ ᠴᠧᠩ ᠣᠩᠱᠢᠭ᠍ᠰᠠᠨ ᠣᠳᠠᠭ᠎ᠠ᠄

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 2022 ᠣᠨ᠎ᠤ ᠬᠠᠤᠯᠢ ᠲᠣᠭ᠍ᠲᠠᠭᠠᠬᠤ ᠠᠵᠢᠯ᠎ᠤᠨ ᠲᠥᠯᠥᠪᠯᠡᠭᠡ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ 2026 ᠣᠨ᠎ᠤ ᠬᠠᠤᠯᠢ ᠲᠣᠭ᠍ᠲᠠᠭᠠᠬᠤ ᠠᠵᠢᠯ᠎ᠤᠨ ᠲᠥᠯᠥᠪᠯᠡᠭᠡ᠎ᠶ᠋ᠢ ᠤᠢᠷ᠎ᠠ ᠵᠢᠨ ᠡᠳᠦᠷ ᠨᠡᠢᠭᠡᠮ᠎ᠳᠦ ᠨᠡᠢᠲᠡᠯᠡᠪᠡ᠃ ᠡᠭᠦᠨ᠎ᠳᠦ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠳᠤ ᠳᠡᠪᠱᠢᠭᠦᠯᠵᠦ᠍ ᠬᠢᠨᠠᠨ ᠵᠦᠪᠯᠡᠭᠦᠯᠬᠦ ᠪᠡᠷ ᠪᠤᠢ᠃

ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠬᠠᠤᠯᠢ᠎ᠶ᠋ᠢ 2003 ᠣᠨ᠎ᠳᠤ ᠲᠣᠭ᠍ᠲᠠᠭᠠᠭ᠍ᠰᠠᠨ ᠪᠥᠭᠡᠳ 2007 ᠣᠨ᠂ 2011 ᠣᠨ᠂ 2021 ᠣᠨ᠎ᠳᠤ ᠭᠤᠷᠪᠠ ᠤᠳᠠᠭ᠎ᠠ ᠵᠠᠰᠠᠪᠤᠷᠢ ᠣᠷᠣᠭᠤᠯᠪᠠ᠃ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 2026 ᠣᠨ᠎ᠤ ᠬᠠᠤᠯᠢ ᠲᠣᠭ᠍ᠲᠠᠭᠠᠬᠤ ᠠᠵᠢᠯ᠎ᠤᠨ ᠲᠥᠯᠥᠪᠯᠡᠭᠡ᠎ᠳᠦ ᠬᠠᠷᠠᠭᠤᠯᠤᠭᠰᠠᠨ᠎ᠢᠶᠡᠷ᠂ ᠡᠨᠡ ᠵᠢᠯ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠦᠷᠢᠮ᠎ᠦᠨ ᠪᠠᠢᠭᠤᠯᠤᠯᠲᠠ᠎ᠶ᠋ᠢ ᠴᠢᠩᠭᠠᠳᠭᠠᠬᠤ ᠵᠢᠨ ᠲᠤᠭᠤᠷᠢᠨ ᠳ᠋ᠤ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠬᠠᠤᠯᠢ᠂ ᠪᠠᠭ᠍ᠰᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠵᠤ᠂ ᠨᠡᠢᠭᠡᠮ᠎ᠦᠨ ᠠᠪᠤᠷᠠᠨ ᠲᠤᠰᠠᠯᠠᠬᠤ ᠬᠠᠤᠯᠢ᠂ ᠡᠮ ᠡᠮᠨᠡᠯᠭᠡ ᠵᠢᠨ ᠪᠠᠲᠤᠯᠠᠭ᠎ᠠ᠎ᠶ᠋ᠢᠨ ᠬᠠᠤᠯᠢ᠂ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠬᠠᠤᠯᠢ ᠵᠡᠷᠭᠡ᠎ᠶ᠋ᠢ ᠲᠣᠭ᠍ᠲᠠᠭᠠᠨ᠎ᠠ᠃ ᠡᠭᠦᠨ᠎ᠦ ᠬᠠᠮᠲᠤ᠂ ᠥᠨᠳᠥᠷ ᠲᠦᠪᠱᠢᠨ ᠪᠥᠬᠥᠶ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠪᠠᠢᠭᠤᠯᠤᠯ᠎ᠢ ᠲᠦᠷᠭᠡᠳᠭᠡᠨ ᠪᠠᠢᠭᠤᠯᠬᠤ᠂ ᠠᠮᠢ ᠠᠬᠤᠶ ᠣᠷᠴᠢᠨ ᠲᠤᠭᠤᠷᠢᠨ ᠤ᠋ ᠬᠠᠮᠠᠭᠠᠯᠠᠯᠲᠠ᠎ᠶ᠋ᠢᠨ ᠬᠠᠤᠯᠢ ᠴᠠᠭᠠᠵᠠ᠎ᠶ᠋ᠢᠨ ᠲᠦᠷᠢᠮ᠎ᠢ ᠲᠡᠭᠦᠯᠳᠡᠷᠵᠢᠭᠦᠯᠬᠦ᠌᠂ ᠭᠠᠳᠠᠭᠠᠳᠤ᠎ᠳᠤ ᠬᠣᠯᠪᠣᠭ᠍ᠳᠠᠬᠤ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ ᠲᠠᠯ᠎ᠠ ᠵᠢᠨ ᠲᠤᠭᠤᠷᠢᠨ ᠳ᠋ᠤ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠬᠠᠤᠯᠢ᠂ ᠮᠥᠩᠭᠥᠨ ᠭᠦᠶ᠋ᠯᠭᠡᠭᠡᠨ᠎ᠦ ᠬᠠᠤᠯᠢ᠂ ᠪᠠᠢᠴᠠᠭᠠᠬᠤ ᠠᠵᠢᠯ ᠤ᠋ᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠠᠤᠯᠢ᠂ ᠬᠢᠯᠢ ᠠᠯᠤᠰᠯᠠᠭ᠍ᠰᠠᠨ ᠢᠯᠵᠢᠷᠠᠯ᠎ᠢ ᠡᠰᠡᠷᠭᠦᠴᠡᠬᠦ᠌ ᠬᠠᠤᠯᠢ ᠵᠡᠷᠭᠡ᠎ᠶ᠋ᠢ ᠲᠣᠭ᠍ᠲᠠᠭᠠᠨ᠎ᠠ᠃

ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ 2026 ᠣᠨ᠎ᠤ ᠬᠠᠤᠯᠢ ᠲᠣᠭ᠍ᠲᠠᠭᠠᠬᠤ ᠠᠵᠢᠯ᠎ᠤᠨ ᠲᠥᠯᠥᠪᠯᠡᠭᠡ᠎ᠶ᠋ᠢ ᠦᠨᠳᠦᠰᠦᠯᠡᠪᠡᠯ᠂ ᠡᠨᠡ ᠵᠢᠯ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ᠎ᠶ᠋ᠢᠨ ᠲᠣᠭᠣᠷᠢᠨ᠎ᠳᠤ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠳᠤ ᠳᠡᠪᠱᠢᠭᠦᠯᠵᠦ᠍ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠥᠪᠯᠡᠭᠦᠯᠦᠨ᠎ᠡ᠃ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ ᠢ᠋ ᠪᠠᠢᠭᠤᠯᠬᠤ᠂ ᠬᠠᠤᠯᠢ ᠪᠡᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠬᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ ᠢ᠋ ᠪᠠᠨ ᠬᠦᠴᠦᠷᠬᠡᠭᠵᠢᠭᠦᠯᠬᠦ ᠵᠢ ᠲᠦᠷᠭᠡᠳᠭᠡᠬᠦ᠌᠂ ᠤᠯᠤᠰ᠎ᠤᠨ ᠠᠮᠤᠷ ᠲᠦᠪᠱᠢᠨ᠎ᠦ ᠱᠢᠰᠲᠸᠮ ᠪᠣᠯᠤᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠵᠡᠷᠭᠡ ᠲᠠᠯ᠎ᠠ᠎ᠪᠠᠷ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠪᠠᠰᠠ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢᠨ ᠲᠦᠷᠢᠮ᠂ ᠬᠠᠤᠯᠢ ᠴᠠᠭᠠᠵᠠ᠎ᠶ᠋ᠢᠨ ᠭᠠᠵᠠᠷ᠎ᠤᠨ ᠲᠦᠷᠢᠮ᠂ ᠦᠢᠯᠡᠳᠪᠦᠷᠢᠯᠡᠯ᠎ᠦᠨ ᠠᠮᠤᠷ ᠲᠦᠪᠱᠢᠨ᠎ᠦ ᠡᠨᠳᠡᠯ᠎ᠦᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠲᠦᠷᠢᠮ ᠵᠡᠷᠭᠡ᠎ᠶ᠋ᠢ ᠲᠣᠭ᠍ᠲᠠᠭᠠᠨ᠎ᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄
兼容浏览器的HTML页面