2026-06-10 09:50:50
ᠰᠤᠷᠪᠤᠯᠵᠢᠯᠠᠭ᠍ᠴᠢ 6 ᠰᠠᠷ᠎ᠠ᠎ᠶ᠋ᠢᠨ 8 ᠤ᠋ ᠡᠳᠦᠷ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠡᠴᠡ ᠣᠢᠯᠠᠭᠠᠭ᠍ᠰᠠᠨ᠎ᠢᠶᠠᠷ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠵᠡᠷᠭᠡ 14 ᠰᠠᠯᠠᠭ᠎ᠠ ᠮᠥᠴᠢᠷ ᠣᠢᠷ᠎ᠠ᠎ᠳᠤ ᠮᠡᠳᠡᠭ᠌ᠳᠡᠯ ᠳᠠᠷᠤᠮᠠᠯᠯᠠᠨ ᠲᠠᠷᠬᠠᠭᠠᠵᠤ᠂ 2026 ᠣᠨ᠎ᠤ ᠡᠮ ᠡᠮᠨᠡᠯᠭᠡ᠎ᠶ᠋ᠢᠨ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶ᠎ᠡ ᠬᠢᠬᠡᠳ ᠡᠮᠴᠢᠯᠡᠭᠡᠨ᠎ᠦ ᠦᠶ᠋ᠯᠡᠴᠢᠯᠡᠭᠡ᠎ᠳᠡᠬᠢ ᠲᠥᠪ ᠪᠤᠰᠤ ᠰᠤᠷᠲᠠᠯ᠎ᠢ ᠵᠠᠯᠠᠷᠠᠭᠤᠯᠬᠤ ᠠᠵᠢᠯ᠎ᠤᠨ ᠭᠤᠤᠯᠳᠠᠯᠭ᠎ᠠ᠎ᠶ᠋ᠢ ᠪᠠᠢᠷᠢᠯᠠᠭᠤᠯᠵᠤ᠂ ᠣᠯᠠᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠌᠎ᠪᠡᠷ ᠳᠠᠮᠵᠢᠭᠤᠯᠤᠨ᠂ ᠡᠮ ᠡᠮᠨᠡᠯᠭᠡ᠎ᠶ᠋ᠢᠨ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠠᠷᠢᠯᠭᠠᠵᠤ᠂ ᠰᠤᠷᠲᠠᠯ ᠴᠢᠬᠡᠴᠢ ᠣᠪᠣᠷ ᠲᠥᠪ ᠠᠵᠢᠯ ᠲᠥᠷᠥᠯ᠎ᠦᠨ ᠣᠷᠴᠢᠨ ᠨᠥᠬᠥᠴᠡᠯ᠎ᠢ ᠢᠳᠡᠪᠬᠢᠲᠡᠶ ᠪᠣᠶ ᠪᠣᠯᠭᠠᠬᠤ᠎ᠶ᠋ᠢ ᠵᠣᠷᠢᠪᠠ᠃
《ᠬᠦᠴᠦᠷᠬᠡᠭ᠌ᠯᠡᠯ᠎ᠢᠶᠡᠷ ᠡᠮᠴᠢ᠎ᠶ᠋ᠢ ᠱᠢᠷᠬᠠᠲᠤᠭᠤᠯᠤᠭ᠍ᠰᠠᠨ》᠂ 《ᠰᠦᠯᠵᠢᠶ᠎ᠡ᠎ᠪᠡᠷ ᠡᠮᠴᠢ᠎ᠵᠢ ᠦᠶ᠋ᠮᠡᠭᠦᠯᠦᠭ᠌ᠰᠡᠨ》 ᠵᠡᠷᠭᠡ ᠬᠡᠷᠡᠭ᠎ᠢ ᠬᠠᠤᠯᠢ ᠶᠣᠰᠣᠭᠠᠷ ᠪᠠᠢᠴᠠᠭᠠᠨ ᠱᠢᠶ᠋ᠳᠪᠦᠷᠢᠯᠡᠵᠦ᠍᠂ ᠭᠤᠷᠪᠠᠳᠠᠬᠢ ᠡᠲᠡᠭᠡᠳ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠡᠷ᠎ᠡ᠎ᠪᠡᠷ ᠬᠡᠯᠪᠡᠷᠢ᠎ᠶ᠋ᠢ᠎ᠨᠢ ᠥᠭᠡᠷᠡᠲᠦᠭᠦᠯᠦᠨ 《ᠡᠮᠴᠢ᠎ᠳᠤ ᠬᠡᠭᠡᠯᠢ ᠲᠦᠯᠬᠢᠵᠦ ᠪᠣᠷᠣᠯᠠᠭᠤᠯᠤᠯᠲᠠ᠎ᠶᠢᠨ ᠬᠡᠮᠵᠢᠶ᠎ᠡ ᠰᠤᠯᠢᠬᠤ》 ᠵᠡᠷᠭᠡ ᠬᠠᠤᠯᠢ ᠪᠤᠰᠤ ᠦᠶ᠋ᠯᠡ ᠠᠵᠢᠯᠯᠠᠭ᠎ᠠ᠎ᠶ᠋ᠢ ᠭᠤᠤᠯᠳᠠᠯᠭ᠎ᠠ᠎ᠲᠠᠶ ᠵᠠᠰᠠᠵᠤ᠂ ᠬᠣᠯᠪᠣᠭ᠍ᠳᠠᠯ ᠪᠥᠬᠥᠶ ᠬᠢᠷᠢ ᠬᠡᠮ᠎ᠢ ᠪᠦᠷᠢᠯᠳᠦᠭᠦᠯᠦᠭ᠌ᠰᠡᠨ ᠥᠬᠡᠶ᠎ᠪᠡᠷ ᠦᠶ᠋ᠯᠡᠴᠢᠯᠡᠭᠡ ᠥᠷᠨᠢᠭᠦᠯᠦᠭ᠌ᠰᠡᠨ᠂ ᠲᠣᠭ᠍ᠲᠠᠭᠠᠯ᠎ᠢ ᠵᠥᠷᠢᠴᠡᠨ 《ᠡᠮᠴᠢᠯᠡᠭᠡᠨ᠎ᠤ ᠵᠢᠰᠦ ᠭᠤᠶᠤᠯᠠᠬᠤ ᠲᠦᠷᠭᠡᠨ ᠪᠣᠯᠪᠠᠰᠤᠷᠠᠬᠤ ᠠᠩᠭᠢ》᠂ ᠬᠤᠳᠠᠯ ᠬᠠᠭᠤᠷᠮᠠᠭ ᠬᠤᠳᠠᠯᠳᠤᠭᠠᠨ᠎ᠤ ᠡᠵᠡᠩᠨᠡᠯᠲᠡ ᠪᠣᠷᠣᠯᠠᠭᠤᠯᠤᠯᠲᠠ᠎ᠶ᠋ᠢ ᠥᠷᠨᠢᠭᠦᠯᠦᠭ᠌ᠰᠡᠨ ᠵᠡᠷᠭᠡ ᠡᠮᠴᠢᠯᠡᠭᠡᠨ᠎ᠤ ᠵᠢᠰᠦ ᠭᠤᠶᠤᠯᠠᠬᠤ ᠠᠵᠢᠯ ᠲᠥᠷᠥᠯ᠎ᠦᠨ ᠰᠠᠮᠠᠭᠤᠨ ᠦᠵᠡᠭ᠌ᠳᠡᠯ᠎ᠢ ᠵᠠᠰᠠᠵᠤ᠂ ᠣᠷᠣᠯᠠᠨ ᠵᠢᠷᠮᠦᠰᠦᠯᠡᠬᠦ᠌᠂ ᠬᠡᠪᠡᠯᠢ᠎ᠳᠡᠬᠢ ᠬᠡᠦᠬᠡᠳ᠎ᠦᠨ ᠬᠦᠶ᠋ᠰᠦ᠎ᠶ᠋ᠢᠨ ᠢᠯᠭᠠᠯ᠎ᠳᠤ ᠬᠢᠨᠠᠨ ᠲᠣᠭ᠍ᠲᠠᠭᠠᠯᠲᠠ ᠬᠢᠬᠦ᠌᠂ ᠬᠤᠳᠠᠯ ᠬᠠᠭᠤᠷᠮᠠᠭ ᠳᠦᠷᠦᠯᠲᠡ᠎ᠶ᠋ᠢᠨ ᠠᠨᠠᠭᠠᠬᠤ ᠤᠬᠠᠭᠠᠨ᠎ᠤ ᠭᠡᠷᠡᠴᠢ ᠭᠠᠷᠭᠠᠬᠤ ᠵᠡᠷᠭᠡ ᠰᠠᠮᠠᠭᠤᠨ ᠪᠠᠢᠳᠠᠯ᠎ᠢ ᠴᠡᠭᠴᠡᠯᠡᠨ ᠵᠠᠰᠠᠨ᠎ᠠ ᠁ ᠮᠡᠳᠡᠭ᠌ᠳᠡᠯ ᠨᠡᠢᠲᠡ 11 ᠵᠦᠶ᠋ᠯ᠎ᠦᠨ ᠠᠭᠤᠯᠭ᠎ᠠ ᠪᠠᠢᠵᠤ᠂ ᠡᠮ ᠡᠮᠨᠡᠯᠭᠡ᠎ᠶ᠋ᠢᠨ ᠬᠦᠷᠢᠶᠡᠨ᠎ᠳᠡᠬᠢ ᠢᠯᠵᠢᠷᠠᠯ᠎ᠤᠨ ᠠᠰᠠᠭᠤᠳᠠᠯ ᠪᠠ ᠲᠥᠪ ᠪᠤᠰᠤ ᠰᠤᠷᠲᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠵᠢᠯ ᠲᠥᠷᠥᠯ᠎ᠦᠨ ᠡᠮᠬᠢ ᠵᠢᠷᠤᠮ᠎ᠢ ᠵᠢᠷᠤᠮᠵᠢᠭᠤᠯᠬᠤ ᠬᠡᠷᠡᠭ᠌ᠲᠡᠶ ᠭᠡᠵᠦ ᠱᠠᠭᠠᠷᠳᠠᠪᠠ᠃
ᠮᠡᠳᠡᠭ᠌ᠳᠡᠯ᠎ᠳᠦ᠂ ᠡᠮ ᠡᠮᠨᠡᠯᠭᠡ᠎ᠶ᠋ᠢᠨ ᠭᠦᠶ᠋ᠯᠭᠡᠭᠡᠨ᠎ᠦ ᠬᠦᠷᠢᠶᠡᠨ᠎ᠳᠦ ᠲᠣᠭ᠍ᠲᠠᠭᠠᠯ ᠶᠣᠰᠣᠭᠠᠷ ᠦᠨ᠎ᠡ ᠬᠠᠩᠰᠢ᠎ᠶ᠋ᠢ ᠢᠯᠡ ᠬᠠᠳᠠᠬᠤ ᠥᠬᠡᠶ᠂ ᠦᠨ᠎ᠡ ᠬᠠᠩᠰᠢ᠎ᠪᠠᠷ ᠮᠡᠬᠡᠯᠡᠬᠦ᠌᠂ ᠬᠠᠷᠢᠯᠴᠠᠨ ᠰᠥᠯᠪᠡᠭᠡᠯᠳᠦᠨ ᠡᠮ᠎ᠦᠨ ᠵᠦᠶ᠋ᠯ᠎ᠦᠨ ᠦᠨ᠎ᠡ ᠬᠠᠩᠰᠢ᠎ᠶ᠋ᠢ ᠡᠵᠡᠮᠳᠡᠬᠦ᠌ ᠵᠡᠷᠭᠡ ᠦᠨ᠎ᠡ ᠬᠠᠩᠰᠢ᠎ᠶ᠋ᠢᠨ ᠬᠠᠤᠯᠢ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠪᠠᠢᠴᠠᠭᠠᠨ ᠱᠢᠶ᠋ᠳᠪᠦᠷᠢᠯᠡᠬᠦ᠌ ᠬᠡᠷᠡᠭ᠌ᠲᠡᠶ᠃ ᠥᠨᠳᠥᠷ ᠥᠷᠲᠡᠭ᠌ᠲᠦ ᠡᠮᠴᠢᠯᠡᠭᠡᠨ᠎ᠳᠦ ᠬᠡᠷᠡᠭ᠌ᠯᠡᠬᠦ᠌ ᠬᠣᠷᠣᠭ᠍ᠳᠠᠯ ᠮᠠᠲ᠋ᠧᠷᠢᠶᠠᠯ᠂ ᠡᠮᠴᠢᠯᠡᠭᠡᠨ᠎ᠳᠦ ᠬᠡᠷᠡᠭ᠌ᠯᠡᠬᠦ᠌ ᠲᠥᠬᠥᠭᠡᠷᠦᠮᠵᠢ ᠵᠡᠷᠭᠡ ᠬᠦᠷᠢᠶ᠎ᠡ ᠴᠠᠷᠠᠭ᠎ᠠ᠎ᠶ᠋ᠢ ᠭᠤᠤᠯᠳᠠᠯᠭ᠎ᠠ᠎ᠲᠠᠶ ᠬᠢᠨᠠᠨ ᠬᠠᠮᠢᠶᠠᠷᠴᠤ᠌᠂ ᠬᠤᠳᠠᠯᠳᠤᠨ ᠠᠪᠤᠭ᠍ᠴᠢ᠎ᠶ᠋ᠢᠨ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠲᠣᠭ᠍ᠲᠠᠭᠠᠯ᠎ᠡᠴᠡ ᠵᠥᠷᠢᠴᠡᠨ ᠭᠠᠷ ᠲᠦᠷᠦᠭᠦ᠌᠂ ᠲᠥᠷᠥᠯ ᠵᠦᠶ᠋ᠯ᠎ᠢ ᠰᠠᠯᠭᠠᠨ ᠢᠯᠡ᠎ᠪᠡᠷ ᠳᠠᠭᠠᠭᠠᠴᠢᠯᠠᠯᠲᠠ ᠵᠠᠷᠯᠠᠬᠤ᠎ᠡᠴᠡ ᠵᠠᠢᠯᠠᠬᠤ᠂ ᠪᠡᠶ᠎ᠡ᠎ᠳᠦᠨᠢ ᠲᠠᠭᠠᠷᠠᠭᠤᠯᠵᠤ ᠪᠠᠷᠢᠮᠵᠢᠶ᠎ᠠ ᠲᠣᠭ᠍ᠲᠠᠭᠠᠬᠤ᠂ 《ᠢᠯᠡ᠎ᠪᠡᠷ ᠡᠯᠰᠡᠨ ᠳᠠᠯᠳᠠᠭᠤᠷ ᠲᠣᠭ᠍ᠲᠠᠭᠠᠬᠤ》 ᠵᠡᠷᠭᠡ ᠲᠣᠭ᠍ᠲᠠᠭᠠᠯ᠎ᠡᠴᠡ ᠵᠥᠷᠢᠴᠡᠭ᠌ᠰᠡᠨ ᠠᠰᠠᠭᠤᠳᠠᠯ᠎ᠢ ᠭᠤᠤᠯᠳᠠᠯᠭ᠎ᠠ᠎ᠲᠠᠶ ᠴᠡᠭ᠌ᠴᠡᠯᠡᠨ ᠵᠠᠰᠠᠵᠤ᠂ ᠳᠠᠭᠠᠭᠠᠴᠢᠯᠠᠯᠲᠠ ᠬᠦᠯᠢᠶᠡᠬᠦ᠌ ᠡᠲᠡᠭᠡᠳ᠎ᠦᠨ ᠭᠡᠷᠡᠴᠢ ᠦᠨᠡᠮᠯᠡᠯ᠎ᠢᠶᠡᠨ ᠲᠦᠷᠢᠶᠡᠰᠦᠯᠡᠨ ᠵᠢᠭᠡᠯᠡᠭᠦᠯᠬᠦ᠌᠂ ᠬᠤᠳᠠᠯ ᠬᠠᠭᠤᠷᠮᠠᠭ᠎ᠢᠶᠠᠷ ᠠᠷᠠᠯᠵᠢᠶᠠᠯᠠᠬᠤ᠂ ᠬᠤᠳᠠᠯᠳᠤᠭᠠᠨ᠎ᠤ ᠬᠡᠭᠡᠯᠢ ᠬᠠᠬᠤᠤᠯᠢ ᠲᠦᠯᠬᠢᠬᠦ᠌ ᠵᠡᠷᠭᠡ ᠲᠣᠭ᠍ᠲᠠᠭᠠᠯ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠡᠮᠴᠢᠯᠡᠭᠡᠨ᠎ᠦ ᠲᠥᠬᠥᠭᠡᠷᠦᠮᠵᠢ ᠵᠡᠷᠭᠡ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠡᠪ᠎ᠦᠨ ᠪᠤᠰᠤ ᠳᠤᠤᠷ᠎ᠠ ᠦᠨ᠎ᠡ᠎ᠶ᠋ᠢᠨ ᠠᠰᠠᠭᠤᠳᠠᠯ᠎ᠢ ᠵᠠᠰᠠᠬᠤ᠎ᠶ᠋ᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
ᠮᠡᠳᠡᠭ᠌ᠳᠡᠯ᠎ᠳᠦ ᠪᠠᠰᠠ᠂ ᠡᠮ ᠡᠮᠨᠡᠯᠭᠡ᠎ᠶ᠋ᠢᠨ ᠠᠵᠢᠯᠲᠠᠨ᠎ᠤ ᠠᠵᠢᠯ ᠮᠡᠷᠭᠡᠵᠢᠯ᠎ᠦᠨ ᠶᠣᠰᠣ ᠮᠣᠷᠠᠯ᠎ᠤᠨ ᠪᠠᠷᠢᠮᠵᠢᠶ᠎ᠠ᠂ ᠡᠮᠴᠢᠯᠡᠭᠡᠨ᠎ᠦ ᠪᠠᠢᠭᠤᠯᠤᠮᠵᠢ᠎ᠶ᠋ᠢᠨ ᠠᠵᠢᠯᠲᠠᠨ᠎ᠤ ᠠᠷᠢᠭᠤᠨ ᠴᠢᠬᠡᠴᠢ᠎ᠪᠡᠷ ᠠᠵᠢᠯ ᠡᠷᠭᠢᠯᠡᠬᠦ᠌ ᠶᠢᠰᠦᠨ ᠵᠦᠶ᠋ᠯ᠎ᠦᠨ ᠪᠠᠷᠢᠮᠵᠢᠶ᠎ᠠ ᠵᠢᠴᠢ ᠲᠡᠭᠦᠨ᠎ᠦ ᠬᠡᠷᠡᠭ᠌ᠵᠢᠭᠦᠯᠬᠦ᠌ ᠨᠠᠷᠢᠨ ᠲᠦᠷᠢᠮ᠂ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ ᠱᠢᠭᠤᠳ ᠬᠠᠷᠢᠶ᠎ᠠ ᠡᠮᠨᠡᠯᠭᠡ᠎ᠶ᠋ᠢᠨ ᠬᠣᠷᠢᠶᠠᠨ᠎ᠤ ᠠᠵᠢᠯᠲᠠᠨ᠎ᠤ ᠠᠷᠢᠭᠤᠨ ᠴᠢᠬᠡᠴᠢ᠎ᠪᠡᠷ ᠠᠵᠢᠯ ᠡᠷᠭᠢᠯᠡᠬᠦ᠌᠎ᠵᠢ ᠴᠢᠨᠭᠭᠠᠳᠬᠠᠬᠤ ᠵᠡᠷᠭᠡ ᠵᠢᠷᠤᠮᠵᠢᠯ᠎ᠤᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠦᠶ᠋ᠯᠡᠴᠢᠯᠡᠬᠦ᠌ ᠣᠪᠣᠷ᠎ᠢᠶᠠᠨ ᠬᠦᠴᠦᠯᠡᠨ ᠰᠠᠢᠵᠢᠷᠠᠭᠤᠯᠵᠤ᠂ ᠠᠵᠢᠯ ᠡᠷᠭᠢᠯᠡᠬᠦ᠌ ᠠᠵᠢᠯᠯᠠᠭ᠎ᠠ ᠳᠤᠮᠳᠠ ᠠᠵᠢᠯ ᠮᠡᠷᠭᠡᠵᠢᠯ᠎ᠦᠨ ᠶᠣᠰᠣ ᠮᠣᠷᠠᠯ᠎ᠡᠴᠡ ᠵᠥᠷᠢᠴᠡᠭ᠌ᠰᠡᠨ᠂ ᠠᠵᠢᠯ ᠮᠡᠷᠭᠡᠵᠢᠯ᠎ᠦᠨ ᠶᠣᠰᠣ ᠰᠤᠷᠲᠠᠬᠤᠨ᠎ᠡᠴᠡ ᠵᠥᠷᠢᠴᠡᠭ᠌ᠰᠡᠨ᠂ ᠡᠮᠴᠢᠯᠡᠭᠡᠨ᠎ᠦ ᠶᠠᠰᠤ ᠴᠢᠨᠠᠷ᠎ᠤᠨ ᠠᠮᠤᠷ ᠲᠦᠪᠱᠢᠨ᠎ᠢ ᠣᠮᠲᠣᠭᠠᠢᠯᠠᠭ᠍ᠰᠠᠨ᠂ ᠲᠣᠭ᠍ᠲᠠᠭᠠᠯ᠎ᠡᠴᠡ ᠵᠥᠷᠢᠴᠡᠨ ᠣᠯᠠᠨ ᠭᠠᠵᠠᠷ᠎ᠲᠤ ᠠᠵᠢᠯ ᠡᠷᠭᠢᠯᠡᠭ᠌ᠰᠡᠨ ᠪᠤᠶᠤ ᠭᠠᠳᠠᠭ᠍ᠰᠢ ᠭᠠᠷᠴᠤ᠌ ᠬᠠᠮᠲᠤᠷᠠᠭ᠍ᠰᠠᠨ ᠡᠮᠴᠢᠯᠡᠭᠡ ᠬᠢᠭ᠌ᠰᠡᠨ ᠵᠢᠴᠢ ᠡᠷᠳᠡᠮ ᠱᠢᠨᠵᠢᠯᠡᠭᠡᠨ᠎ᠦ ᠠᠵᠢᠯᠯᠠᠭ᠎ᠠ᠎ᠳᠤ ᠣᠷᠣᠯᠴᠠᠬᠤ᠎ᠪᠠᠷ ᠳᠡᠮᠵᠢᠨ ᠬᠠᠤᠯᠢ ᠪᠤᠰᠤ ᠠᠱᠢᠭ ᠲᠤᠰᠠ ᠭᠥᠷᠳᠡᠭ᠌ᠰᠡᠨ ᠵᠡᠷᠭᠡ ᠠᠰᠠᠭᠤᠳᠠᠯ᠎ᠢ ᠭᠤᠤᠯᠳᠠᠯᠭ᠎ᠠ᠎ᠲᠠᠶ ᠴᠡᠭ᠌ᠴᠡᠯᠡᠨ ᠵᠠᠰᠠᠬᠤ ᠬᠡᠷᠡᠭ᠌ᠲᠡᠶ ᠭᠡᠵᠦ ᠱᠠᠭᠠᠷᠳᠠᠪᠠ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 6 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃