ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-10-13 15:38:43

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3.5

ᠰᠤᠷᠪᠤᠯᠵᠢᠯᠠᠭᠴᠢ ᠲᠥᠷᠥᠬᠥᠬᠡᠨ ᠶᠠᠪᠤᠬᠲᠠᠬᠰᠠᠨ ᠰᠢᠨ᠎ᠡ ᠎ᠪᠡᠷ ᠵᠠᠰᠠᠪᠤᠷᠢ ᠣᠷᠣᠭᠤᠯᠤᠭᠰᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠪᠰᠢᠯᠳᠠ᠎ᠶᠢᠨ ᠳᠦᠷᠢᠮ》 ᠤ᠋ᠨ ᠰᠣᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ ᠵᠢᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠪᠰᠢᠯᠲᠠ᠎ᠶᠢᠨ ᠳᠦᠷᠢᠮ》᠎ᠳ᠋ᠤ᠌ ᠵᠠᠰᠠᠪᠤᠷᠢ ᠣᠷᠣᠭᠤᠯᠤᠭᠰᠠᠨ ᠪᠠᠢᠳᠠᠯ᠎ᠢ ᠲᠠᠨᠢᠯᠴᠠᠭᠤᠯᠬᠤ᠎ᠶᠢᠨ ᠬᠠᠮᠲᠤ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠪᠡ ᠃

ᠲᠠᠨᠢᠯᠴᠠᠭᠤᠯᠤᠭᠰᠠᠨ᠎ᠢᠶᠠᠷ᠂ ᠣᠲᠣ᠌᠎ᠶᠢᠨ ᠬᠡᠷᠡᠭᠵᠢᠭᠦᠯᠵᠦ ᠪᠠᠢᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠪᠰᠢᠯᠲᠠ᠎ᠶᠢᠨ ᠳᠦᠷᠢᠮ》  ᠢ᠋ 1996 ᠣᠨ᠎ᠡᠴᠡ ᠬᠡᠷᠡᠭᠵᠢᠭᠦᠯᠵᠦ᠂ 2014 ᠣᠨ᠎ᠳᠤ ᠠᠩᠬ᠎ᠠ ᠤᠳᠠᠭ᠎ᠠ ᠵᠠᠰᠠᠪᠤᠷᠢ ᠣᠷᠣᠭᠤᠯᠪᠠ᠃ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠮᠵᠢ᠎ᠶᠢᠨ ᠥᠭᠡᠷᠡᠴᠢᠯᠡᠯᠲᠡ᠎ᠶᠢᠨ ᠦᠷᠭᠦᠯᠵᠢᠯᠡᠨ ᠭᠦᠨᠵᠡᠭᠡᠢᠷᠡᠬᠦ ᠵᠢᠴᠢ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠪᠰᠢᠯᠲᠠ᠎ᠶᠢᠨ ᠬᠠᠤᠯᠢ》 ᠶ᠋ᠢ ᠬᠡᠷᠡᠭᠵᠢᠭᠦᠯᠬᠦ ᠵᠢ ᠲᠠᠭᠠᠯᠳᠤᠨ ᠤᠤᠯ᠎ᠤᠨ ᠵᠦᠢᠯ ᠵᠤᠷᠪᠤᠰ ᠨᠢ ᠴᠢᠨᠠᠷ ᠰᠠᠢᠲᠠᠢ ᠬᠥᠭᠵᠢᠯᠲᠡ᠎ᠶᠢᠨ ᠬᠡᠷᠡᠭᠴᠡᠭᠡ᠎ᠳᠦ ᠵᠣᠬᠢᠴᠠᠬᠤ᠎ᠳᠤ ᠪᠡᠷᠬᠡ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ ᠬᠠᠤᠯᠢ ᠲᠣᠭᠲᠠᠭᠠᠬᠤ ᠪᠠᠢᠴᠠᠭᠠᠨ ᠰᠤᠳᠤᠯᠤᠯᠲᠠ ᠬᠢᠬᠦ᠂ ᠥᠷᠭᠡᠨ᠎ᠢᠶᠡᠷ ᠰᠠᠨᠠᠯ ᠬᠤᠷᠢᠶᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠯᠠᠨ ᠡᠭᠡᠯᠵᠢ᠎ᠶᠢᠨ ᠲᠤᠰᠬᠠᠢ ᠮᠡᠷᠭᠡᠵᠢᠯᠲᠡᠨ᠎ᠦ ᠨᠤᠲᠠᠯᠠᠯᠲᠠ ᠬᠢᠬᠦ᠎ᠪᠠᠷ ᠳᠡᠮᠵᠢᠨ ᠳᠦᠷᠢᠮ᠎ᠳᠦ ᠵᠠᠰᠠᠪᠤᠷᠢ ᠣᠷᠣᠭᠤᠯᠬᠤ ᠲᠥᠰᠥᠯ᠎ᠢ ᠲᠤᠭᠳᠠᠭᠠᠭᠰᠠᠨ ᠪᠦᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠪᠠᠷ ᠬᠢᠨᠠᠨ ᠵᠦᠪᠯᠡᠬᠦᠯᠵᠤ ᠪᠠᠲᠤᠯᠠᠭᠤᠯᠤᠭᠠᠳ 2026 ᠣᠨ᠎ᠤ 11 ᠰᠠᠷ᠎ᠠ᠎ᠶᠢᠨ 1᠎ᠤ᠋ ᠡᠳᠦᠷ᠎ᠡᠴᠡ ᠡᠬᠢᠯᠡᠵᠦ ᠬᠡᠷᠡᠭᠵᠢᠭᠦᠯᠬᠦ ᠪᠡᠷ ᠪᠤᠯᠵᠠᠢ᠃

ᠰᠢᠨ᠎ᠡ᠎ᠪᠡᠷ ᠵᠠᠰᠠᠪᠤᠷᠢ ᠣᠷᠣᠭᠤᠯᠤᠭᠰᠠᠨ ᠳᠦᠷᠢᠮ ᠨᠢ ᠨᠡᠶ᠋ᠢᠲᠡ ᠠᠷᠪᠠᠨ ᠨᠢᠭᠡᠨ ᠪᠦᠯᠦᠭ 78 ᠵᠤᠢᠯ  ᠪᠠᠢᠵᠤ᠂ ᠥᠪᠥᠷ ᠮᠣᠩᠭᠣᠯ᠎ᠤᠨ ᠪᠣᠳᠠᠲᠠᠢ᠎ᠳᠤ ᠰᠠᠭᠤᠷᠢᠯᠠᠨ ᠣᠯᠠᠨ ᠵᠦᠢᠯ᠎ᠦᠨ ᠳᠦᠷᠢᠮ᠎ᠦᠨ ᠰᠢᠨ᠎ᠡ ᠡᠭᠦᠳᠦᠯᠲᠡ᠎ᠶᠢ ᠭᠠᠷᠭᠠᠭᠰᠠᠨ ᠪᠠᠢᠨ᠎ᠠ᠃ ᠳᠦᠷᠢᠮ᠎ᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ᠎ᠶᠢ ᠲᠦᠷᠭᠡᠳᠬᠡᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠬᠠᠤᠯᠢ ᠲᠣᠭᠲᠠᠭᠠᠬᠤ ᠬᠠᠷᠠᠯᠲᠠ᠎ᠶᠢ ᠲᠣᠭᠲᠠᠭᠠᠵᠤ᠂ ᠬᠣᠰᠢᠭᠤ ᠰᠢᠶᠠᠨ᠎ᠤ ᠱᠠᠲᠤᠨ᠎ᠤ ᠦᠨᠳᠦᠰᠦᠨ ᠱᠠᠲᠤᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠮᠢᠶᠠᠷᠤᠯᠲᠠ᠎ᠶᠢᠨ ᠬᠦᠴᠦᠨ ᠎ᠢ  ᠪᠠᠲᠤᠳᠬᠠᠨ᠎ᠠ; ᠰᠠᠭᠤᠷᠢ ᠰᠤᠳᠤᠯᠭᠠᠨ᠎ᠤ ᠲᠣᠭᠲᠠᠭᠤᠨ ᠣᠷᠣᠭᠤᠯᠤᠯᠲᠠ᠎ᠶᠢᠨ ᠲᠣᠭᠲᠠᠴᠠ ᠎ᠶᠢ ᠪᠦᠷᠢᠨᠰᠢᠭᠦᠯᠵᠦ ᠂ ᠰᠠᠭᠤᠷᠢ ᠰᠤᠳᠤᠯᠭᠠᠨ᠎ᠤ ᠴᠢᠳᠠᠪᠤᠷᠢᠲᠠᠨ᠎ᠢ ᠦᠨᠡᠯᠡᠬᠦ ᠦᠶᠡᠯᠡᠯ᠎ᠦᠨ ᠬᠤᠭᠤᠴᠠᠭ᠎ᠠ᠎ᠶᠢ ᠤᠷᠲᠤᠳᠬᠠᠵᠤ ᠂ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠲᠣᠭᠣᠷᠢᠨ ᠎ᠳᠤ ᠵᠠᠩᠭᠢᠯᠠᠭ᠎ᠠ ᠎ᠶᠢᠨ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠪᠠᠢᠷᠢᠯᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠵᠢ ᠴᠢᠬᠤᠯᠠᠴᠢᠯᠠᠨ᠎ᠠ ᠬᠡᠵᠡᠢ ᠃

ᠰᠢᠨ᠎ᠡ᠎ᠪᠡᠷ ᠵᠠᠰᠠᠪᠤᠷᠢ ᠣᠷᠣᠭᠤᠯᠤᠭᠰᠠᠨ ᠳᠦᠷᠢᠮ᠎ᠳᠦ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠳᠬᠠᠵᠤ᠂ ᠡᠯ᠎ᠡ ᠲᠦᠷᠦᠯ᠎ᠦᠨ ᠠᠵᠤ ᠠᠬᠤᠢᠯᠠᠯ᠎ᠤᠨ ᠡᠷᠬᠡ ᠲᠡᠭᠰᠢ᠎ᠪᠡᠷ ᠰᠢᠨ᠎ᠡ᠎ᠶᠢ ᠡᠭᠦᠳᠬᠦ ᠡᠬᠢ ᠪᠠᠶᠠᠯᠢᠭ᠋ ᠣᠯᠬᠤ᠎ᠶᠢ ᠪᠠᠲᠤᠯᠠᠵᠤ᠂ ᠰᠢᠨ᠎ᠡ᠎ᠶᠢ ᠡᠭᠦᠳᠬᠦ ᠣᠷᠣᠭᠤᠯᠤᠯᠲᠠ᠂ ᠰᠢᠨ᠎ᠡ ᠵᠢ ᠡᠬᠦᠳᠦᠭᠰᠡᠨ ᠦᠷ᠎ᠡ ᠪᠦᠳᠦᠭᠡᠯ ᠎ᠢ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠠᠷᠢᠭᠤᠴᠠᠯᠭᠠᠳᠠᠨ᠎ᠢ ᠬᠢᠨᠠᠨ ᠰᠢᠯᠭᠠᠬᠤ ᠎ᠳᠦ ᠤᠷᠤᠭᠤᠯᠪᠠ᠃ ᠲᠡᠷᠡᠴᠢᠯᠡᠨ᠂ ᠡᠳ᠋᠎ᠦᠨ ᠵᠠᠰᠠᠭ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠠᠷᠤᠳᠠᠯ᠎ᠤᠨ ᠨᠡᠮᠡᠭᠳᠡᠯ᠎ᠦᠨ ᠬᠡᠮᠵᠢᠶ᠎ᠡ᠎ᠶᠢ ᠲᠤᠰ ᠱᠠᠲᠤᠨ᠎ᠤ ᠡᠳ᠋᠎ᠦᠨ ᠵᠠᠰᠠᠭ᠎ᠤᠨ ᠪᠠᠢᠩᠭᠤ᠎ᠶᠢᠨ ᠴᠢᠨᠠᠷᠲᠠᠢ ᠣᠷᠣᠯᠭ᠎ᠠ᠎ᠶᠢᠨ ᠨᠡᠮᠡᠭᠳᠡᠯ᠎ᠦᠨ ᠬᠡᠮᠵᠢᠶ᠎ᠡ᠎ᠡᠴᠡ ᠥᠨᠳᠥᠷ ᠪᠠᠢᠯᠭᠠᠬᠤ ᠵᠢᠨ ᠬᠠᠮᠳᠤ ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠳᠠᠷᠤᠭᠠᠰᠤ᠎ᠶᠢ ᠬᠥᠩᠭᠡᠷᠡᠭᠦᠯᠬᠦ᠎ᠶᠢ ᠨᠠᠢᠳᠠᠪᠤᠷᠢᠵᠢᠭᠤᠯᠵᠤ ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠨᠡᠨᠴᠢ ᠢᠲᠡᠭᠡᠮᠵᠢ᠎ᠲᠠᠢ ᠪᠠᠢᠬᠤ ᠪᠠ ᠠᠯᠳᠠᠭ᠎ᠠ ᠪᠤᠷᠤᠭᠤ᠎ᠶᠢ ᠠᠭᠤᠴᠢᠯᠠᠨ ᠪᠠᠭᠲᠠᠭᠠᠬᠤ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠲᠣᠭᠲᠠᠴᠠ᠎ᠶᠢ ᠪᠦᠷᠢᠨᠰᠢᠭᠦᠯᠬᠦ ᠵᠢ ᠲᠤᠳᠤᠷᠬᠠᠢᠯᠠᠵᠤ᠂ ᠰᠢᠨᠵᠢᠯᠡᠬᠦ ᠤᠬᠠᠭᠠᠨ᠎ᠤ ᠰᠤᠳᠤᠯᠭᠠᠨ ᠎ᠤ ᠠᠵᠢᠯᠲᠠᠳ᠎ᠤᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠪᠠᠳᠠᠷᠠᠭᠤᠯᠵᠤ᠂ ᠪᠦᠬᠦ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠪᠠᠲᠤ ᠪᠡᠬᠢ ᠰᠠᠭᠤᠷᠢ᠎ᠵᠢ ᠲᠠᠯᠪᠢᠵᠤ ᠦᠭᠴᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面