2026-10-13 16:16:29
ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠬᠥᠬᠡᠬᠣᠲᠠ᠎ᠳᠤ ᠪᠥᠬᠥ ᠣᠷᠣᠨ᠎ᠤ ᠠᠩᠬᠠᠳᠤᠭᠠᠷ ᠬᠤᠭᠤᠴᠠᠭᠠᠨ᠎ᠤ ᠬᠥᠳᠡᠯᠮᠦᠷᠢ᠎ᠶᠢᠨ ᠬᠠᠤᠯᠢ ᠴᠠᠭᠠᠵᠠ᠎ᠶᠢᠨ ᠬᠢᠨᠠᠯᠲᠠ ᠲᠠᠯᠪᠢᠭ᠍ᠴᠢ᠎ᠶᠢᠨ ᠮᠡᠳᠡᠯᠭᠡ ᠪᠠ ᠤᠷ᠎ᠠ ᠮᠡᠷᠭᠡᠵᠢᠯ᠎ᠤᠨ ᠤᠷᠤᠯᠳᠤᠭᠠᠨ ᠢ᠋ ᠡᠷᠬᠢᠯᠡᠨ ᠶᠠᠪᠤᠬᠲᠠᠭᠤᠯᠪᠠ᠃ ᠡᠯ᠎ᠡ ᠠᠢᠮᠠᠭ ᠬᠣᠲᠠ᠎ᠶᠢᠨ ᠠᠵᠢᠯᠴᠢᠨ᠎ᠤ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠠᠵᠢᠯᠴᠢᠨ᠎ᠤ ᠡᠪᠯᠡᠯ᠎ᠡᠴᠡ ᠰᠣᠩᠭᠣᠨ ᠭᠠᠷᠭᠠᠭᠰᠠᠨ 17 ᠡᠩᠨᠡᠭᠡ ᠶᠢᠨ 50 ᠭᠠᠷᠤᠢ ᠬᠦᠮᠦᠨ ᠤᠷᠤᠯᠳᠤᠭᠠᠨ᠎ᠳᠤ ᠣᠷᠣᠯᠴᠠᠵᠠᠢ᠃
ᠤᠷᠤᠯᠳᠤᠭᠠᠨ᠎ᠢ ᠪᠡᠯᠡᠳᠬᠡᠯ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠭᠡᠬᠦ ᠬᠣᠶᠠᠷ ᠱᠠᠲᠤ ᠬᠤᠪᠢᠶᠠᠨ᠂ ᠬᠥᠳᠡᠯᠮᠦᠷᠢ᠎ᠶᠢᠨ ᠬᠠᠷᠢᠴᠠᠭ᠎ᠠ᠎ᠶᠢᠨ ᠠᠵᠢᠯ ᠤᠨ ᠪᠣᠳᠠᠲᠤ ᠪᠠᠢᠳᠠᠯ ᠲᠠᠢ ᠨᠢᠭ᠍ᠲᠠ ᠤᠶᠠᠯᠳᠤᠭᠤᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠲᠤᠭᠤᠰᠢᠯᠠᠭᠤᠯᠬᠤ ᠢ᠋ᠢᠨ ᠲᠣᠭᠣᠷᠢᠨ᠎ᠳᠤ ᠤᠷᠤᠯᠴᠠᠬᠰᠠᠳ᠎ᠤᠨ ᠣᠨᠣᠯ᠎ᠤᠨ ᠰᠠᠭᠤᠷᠢ᠂ ᠲᠤᠬᠠᠢ᠎ᠶᠢᠨ ᠲᠠᠯᠠᠪᠤᠷ᠎ᠲᠤ ᠠᠷᠭᠠᠴᠠᠭᠠᠬᠤ ᠪᠠ ᠵᠥᠷᠢᠴᠡᠯ ᠵᠠᠭᠤᠷᠠᠯᠳᠤᠭᠠᠨ ᠢ ᠠᠷᠢᠯᠭᠠᠬᠤ ᠶᠡᠷᠦᠩᠬᠡᠢᠯᠡᠭᠰᠡᠨ ᠴᠢᠳᠠᠪᠤᠷᠢ᠎ᠶᠢ ᠪᠥᠬᠥ ᠲᠠᠯ᠎ᠠ᠎ᠪᠠᠷ ᠰᠢᠯᠭᠠᠨ ᠪᠠᠢᠴᠠᠭᠠᠪᠠ᠃ ᠤᠷᠤᠯᠴᠠᠬᠰᠠᠳ ᠪᠢᠷ᠎ᠤᠨ ᠰᠢᠯᠭᠠᠯᠲᠠ ᠢ᠋ᠢᠨ ᠭᠤᠬᠴᠤᠭ᠎ᠠ᠂ ᠪᠤᠲᠠᠲᠤ ᠬᠡᠷᠡᠭ᠎ᠤᠨ ᠵᠢᠱ᠌ᠢᠶ᠎ᠡ ᠢ᠋ᠢᠨ ᠭᠤᠬᠴᠤᠭ᠎ᠠ ᠪᠠ ᠮᠡᠳᠡᠯᠭᠡ᠎ᠶᠢᠨ ᠥᠷᠢᠰᠦᠯᠳᠦᠭᠡᠨ᠎ᠦ ᠭᠣᠭᠴᠣᠭ᠎ᠠ ᠳᠦ᠂ ᠯᠠᠪᠳᠠᠭᠤᠨ ᠲᠣᠭᠲᠠᠭᠤᠨ ᠢᠶᠠᠷ ᠮᠥᠷᠥᠢᠴᠡᠵᠦ᠂ ᠬᠠᠷᠢᠯᠴᠠᠨ ᠰᠤᠷᠤᠯᠴᠠᠵᠥ ᠬᠠᠷᠢᠯᠴᠠᠨ ᠲᠣᠯᠢ ᠪᠣᠯᠭᠠᠵᠤ᠂ ᠤᠷᠤᠯᠳᠤᠭᠠᠨ ᠵᠢᠡᠷ ᠰᠤᠷᠤᠯᠴᠠᠯᠭ᠎ᠠ ᠶᠢ ᠠᠬᠢᠭᠤᠯᠵᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠰᠢᠨ᠎ᠡ ᠴᠠᠭ ᠦᠶ᠎ᠡ᠎ᠶᠢᠨ ᠠᠵᠢᠯᠴᠢᠨ᠎ᠤ ᠡᠪᠯᠡᠯ᠎ᠦᠨ ᠬᠥᠳᠡᠯᠮᠦᠷᠢ᠎ᠶᠢᠨ ᠬᠠᠤᠯᠢ ᠴᠠᠭᠠᠵᠠ᠎ᠶᠢᠨ ᠬᠢᠨᠠᠯᠲᠠ ᠲᠠᠯᠪᠢᠭ᠍ᠴᠢ᠎ᠶᠢᠨ ᠦᠨᠡᠨᠴᠢ ᠰᠢᠳᠤᠷᠭᠤ᠎ᠪᠠᠷ ᠬᠠᠷᠢᠭᠤᠴᠠᠯᠭ᠎ᠠ ᠡᠭᠦᠷᠭᠡᠯᠡᠬᠦ ᠤᠶᠤᠨ ᠰᠠᠨᠠᠭᠠᠨ᠎ᠤ ᠳᠦᠷᠰᠦ ᠪᠠᠢᠳᠠᠯ ᠢ ᠢᠯᠡᠷᠡᠭᠦᠯᠪᠡ᠃
ᠬᠤᠷᠴᠠ ᠰᠢᠷᠦᠭᠦᠨ ᠥᠷᠢᠰᠦᠯᠳᠦᠭᠡᠨ᠎ᠢᠶᠡᠷ ᠲᠠᠮᠵᠢᠨ ᠣᠷᠳᠣᠰ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ ᠨᠢᠭᠡᠳᠦᠭᠡᠷ ᠳᠡᠰ᠎ᠤᠨ ᠱᠠᠩᠨᠠᠯ ᠬᠦᠷᠲᠡᠵᠦ᠂ ᠤᠯᠠᠭᠠᠨᠬᠠᠳᠠ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠬᠢᠮᠢ ᠭᠠᠵᠠᠷ ᠰᠢᠨᠵᠢᠯᠡᠭᠡᠨ᠎ᠦ ᠠᠵᠢᠯᠴᠢᠨ᠎ᠤ ᠡᠪᠯᠡᠯ ᠬᠣᠶᠠᠳᠤᠭᠠᠷ ᠳᠡᠰ᠎ᠤᠨ ᠱᠠᠩᠨᠠᠯ ᠬᠦᠷᠲᠡᠵᠦ᠂ ᠪᠤᠭᠤᠲᠤ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ᠂ ᠰᠢᠯᠢ᠎ᠶᠢᠨ ᠭᠣᠣᠯ ᠠᠢᠮᠠᠭ᠎ᠤᠨ ᠠᠵᠢᠯᠴᠢᠨ᠎ᠤ ᠡᠪᠯᠡᠯ᠂ ᠪᠠᠶᠠᠨᠨᠠᠭᠤᠷ ᠬᠤᠳᠠ᠎ᠶᠢᠨ ᠠᠵᠢᠯᠴᠢᠨ᠎ᠤ ᠶᠡᠷᠦᠩᠬᠡᠢ ᠡᠪᠯᠡᠯ ᠭᠤᠷᠪᠠᠳᠤᠭᠠᠷ ᠳᠡᠰ᠎ᠤᠨ ᠱᠠᠩᠨᠠᠯ ᠬᠦᠷᠲᠡᠵᠡᠢ᠃
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠲᠤᠰ ᠤᠳᠠᠭ᠎ᠠ᠎ᠶᠢᠨ ᠤᠷᠤᠯᠳᠤᠭᠠᠨ᠎ᠢᠶᠠᠷ ᠠᠵᠠ ᠲᠣᠬᠢᠶᠠᠯ ᠪᠣᠯᠭᠠᠵᠤ᠂ ᠬᠥᠳᠡᠯᠮᠦᠷᠢ᠎ᠶᠢᠨ ᠬᠠᠤᠯᠢ ᠴᠠᠭᠠᠵᠠ᠎ᠶᠢᠨ ᠬᠢᠨᠠᠯᠲᠠ ᠲᠠᠯᠪᠢᠭ᠍ᠴᠢ᠎ᠶᠢᠨ ᠡᠩᠨᠡᠭᠡ᠎ᠶᠢᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠪᠠᠢᠩᠭᠤᠵᠢᠭ᠍ᠰᠠᠨ ᠪᠣᠯᠪᠠᠰᠤᠷᠠᠯ᠂ ᠠᠵᠢᠯ᠎ᠤᠨ ᠪᠠᠢᠷᠢ᠎ᠶᠢᠨ ᠪᠣᠯᠪᠠᠰᠤᠷᠠᠯ᠂ ᠮᠡᠷᠭᠡᠵᠢᠯ ᠴᠢᠳᠠᠪᠤᠷᠢ᠎ᠶᠢᠨ ᠮᠥᠷᠥᠢᠴᠡᠭᠡᠨ᠎ᠦ ᠲᠣᠭᠲᠠᠴᠠ᠎ᠶᠢ ᠪᠦᠷᠢᠨᠰᠢᠭᠦᠯᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠡᠷᠴᠢᠮ᠎ᠢ ᠦᠷᠭᠦᠯᠵᠢᠯᠡᠨ ᠴᠢᠩᠭᠠᠷᠠᠭᠤᠯᠵᠤ᠂ ᠠᠵᠢᠯᠲᠠᠨ ᠠᠵᠢᠯᠴᠢᠨ᠎ᠢ ᠬᠥᠲᠥᠯᠥᠨ ᠵᠢᠯᠤᠭᠣᠳᠴᠤ ᠪᠠᠢᠭᠠᠳ ᠣᠶᠤᠨᠴᠢ᠎ᠪᠠᠷ ᠡᠷᠬᠡ᠎ᠪᠡᠨ ᠬᠠᠮᠠᠭᠠᠯᠠᠬᠤ᠂ ᠠᠵᠤ ᠠᠬᠤᠢᠯᠠᠯ᠎ᠤᠨ ᠲᠣᠭᠲᠠᠭᠠᠯ᠎ᠳᠤ ᠨᠡᠢᠴᠡᠭᠦᠯᠦᠨ ᠡᠵᠡᠩᠨᠡᠭᠦᠯᠵᠦ᠂ᠡᠶ᠎ᠡ ᠵᠣᠬᠢᠴᠠᠯ᠎ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶ᠋ᠢᠭᠤᠯᠬᠤ ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠠᠵᠢᠯᠴᠢᠨ᠎ᠤ ᠡᠪᠯᠡᠯ᠎ᠦᠨ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃