ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-10-14 16:52:18

ᠵᠣᠬᠢᠶᠠᠭ᠍ᠴᠢ᠄ ᠳᠡᠯᠭᠡᠷᠬᠦᠦ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠣᠶ᠋ᠢᠷ᠎ᠠ᠎ᠳᠤ᠂ 《ᠭᠤᠤᠯᠳᠠᠯᠭ᠎ᠠ᠎ᠲᠠᠶ ᠲᠥᠷᠥᠯ ᠵᠦᠢᠯ᠎ᠦᠨ ᠪᠠᠲᠤᠯᠠᠭ᠎ᠠ᠎ᠶᠢᠨ ᠨᠠᠷᠢᠨ ᠳᠠᠩᠰᠠ᠎ᠶᠢᠨ ᠬᠠᠮᠢᠶᠠᠷᠤᠯᠲᠠ᠎ᠶᠢᠨ ᠲᠦᠷᠢᠮ᠎ᠢ ᠲᠡᠭᠦᠯᠳᠡᠷᠵᠢᠭᠦᠯᠵᠦ᠍ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶᠢᠨ ᠲᠥᠷᠥᠯ ᠵᠦᠢᠯ᠎ᠦᠨ ᠬᠠᠮᠢᠶᠠᠷᠤᠯᠲᠠ᠎ᠶᠢ ᠴᠢᠩᠭᠠᠳᠬᠠᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠵᠤ᠂ ᠭᠤᠤᠯᠳᠠᠯᠭ᠎ᠠ᠎ᠲᠠᠶ ᠪᠥᠲᠥᠭᠡᠨ ᠪᠠᠶ᠋ᠢᠭᠤᠯᠤᠯᠲᠠ᠎ᠶᠢᠨ ᠲᠥᠷᠥᠯ ᠵᠦᠢᠯ᠎ᠦᠨ ᠪᠠᠲᠤᠯᠠᠭ᠎ᠠ᠎ᠶᠢᠨ ᠨᠠᠷᠢᠨ ᠲᠠᠩᠰᠠ᠎ᠶᠢᠨ ᠲᠣᠭᠲᠠᠴᠠ᠎ᠶᠢ ᠪᠠᠶ᠋ᠢᠭᠤᠯᠤᠨ᠎ᠠ ᠭᠡᠵᠦ᠍ ᠲᠣᠳᠣᠷᠬᠠᠶ᠋ᠢᠯᠠᠵᠠᠢ᠃ ᠡᠨᠡ ᠨᠢ ᠥᠪᠥᠷ ᠮᠣᠩᠭᠣᠯ᠎ᠤᠨ ᠲᠡᠭ᠎ᠰᠠᠭᠤᠷᠢᠨ ᠲᠥᠰᠦᠪ᠎ᠦᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ᠌ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶᠢᠨ ᠲᠥᠷᠥᠯ ᠵᠦᠢᠯ᠎ᠦᠨ ᠬᠠᠮᠢᠶᠠᠷᠤᠯᠲᠠ᠎ᠶᠢ ᠴᠢᠩᠭᠠᠳᠬᠠᠵᠤ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠠᠬᠢᠭᠤᠯᠤᠬᠰᠡᠨ ᠰᠢᠨ᠎ᠡ᠎ᠶᠢ ᠡᠭᠦᠳᠥᠭᠰᠡᠨ ᠦᠢᠯᠡᠳᠦᠯᠭᠡ ᠪᠣᠯᠤᠨ᠎ᠠ᠃

ᠥᠪᠥᠷ ᠮᠣᠩᠭᠣᠯ ᠲᠡᠭ᠎ᠰᠠᠭᠤᠷᠢᠨ ᠲᠥᠰᠦᠪ᠎ᠦᠨ ᠥᠭᠡᠷᠡᠴᠢᠯᠡᠯᠲᠡ᠎ᠶᠢ ᠢᠳᠡᠪᠬᠢᠲᠡᠶ ᠠᠬᠢᠭᠤᠯᠵᠤ᠂ 2027 ᠣᠨ᠎ᠳᠤ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠡᠳ᠋᠎ᠦᠨ ᠵᠠᠰᠠᠭ᠎ᠢ ᠪᠦᠷᠢᠨ ᠪᠥᠷᠬᠥᠭᠦᠯᠬᠦ᠌᠎ᠶᠢ ᠪᠡᠶᠡᠯᠡᠭᠦᠯᠦᠨ᠎ᠡ ᠭᠡᠵᠦ᠍ ᠲᠣᠳᠣᠷᠬᠠᠶ ᠳᠤᠷᠠᠳᠴᠠᠶ᠃ ᠡᠨᠡ ᠤᠳᠠᠭ᠎ᠠ 《ᠮᠡᠳᠡᠭᠳᠡᠯ》 ᠪᠠᠭᠤᠯᠭᠠᠬᠰᠠᠨ ᠨᠢ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶᠢ 《ᠲᠥᠷᠥᠯ ᠵᠦᠢᠯ ᠨᠢ ᠪᠠᠯᠠ ᠮᠥᠩᠭᠥ᠌᠎ᠵᠢ ᠬᠦᠯᠢᠶᠡᠬᠦ》 ᠪᠠᠶ᠋ᠢᠭᠰᠠᠨ᠎ᠠᠴᠠ 《ᠡᠳ᠋᠎ᠦᠨ ᠬᠦᠴᠦᠨ᠎ᠢᠶᠡᠷ ᠲᠥᠷᠥᠯ ᠵᠦᠢᠯ᠎ᠢ ᠲᠣᠭᠲᠠᠭᠠᠬᠤ》 ᠳᠠᠢᠰᠢ ᠬᠤᠪᠢᠷᠠᠭᠤᠯᠬᠤ᠎ᠶᠢ ᠠᠬᠢᠭᠤᠯᠬᠤ᠎ᠶᠢᠨ ᠲᠥᠯᠥᠭᠡ ᠶᠤᠮ᠃

《ᠮᠡᠳᠡᠭᠳᠡᠯ》 ᠨᠢ ᠲᠥᠷᠥᠯ ᠵᠦᠢᠯ᠎ᠢ ᠲᠥᠯᠥᠪᠵᠢᠬᠦᠯᠬᠦ᠂ ᠲᠥᠷᠥᠯ ᠵᠦᠢᠯ᠎ᠢ ᠲᠣᠭᠲᠠᠭᠠᠨ ᠬᠡᠷᠡᠭᠵᠢᠭᠦᠯᠬᠦ᠌᠂ ᠪᠠᠯᠠ ᠮᠥᠩᠭᠥ᠌ ᠪᠠᠭᠤᠯᠭᠠᠨ ᠥᠭᠬᠦ᠌᠂ ᠪᠠᠷᠢᠯᠭ᠎ᠠ ᠳᠠᠭᠤᠰᠤᠭᠰᠠᠨ ᠲᠥᠰᠦᠪ᠎ᠦᠨ ᠬᠦᠢᠴᠡᠳᠬᠡᠯ᠎ᠦᠨ ᠪᠥᠬᠥ᠌ ᠶᠠᠪᠤᠴᠠ᠎ᠶᠢᠨ ᠡᠯ᠎ᠡ ᠭᠣᠭᠴᠣᠭ᠎ᠠ᠎ᠶᠢ ᠬᠣᠯᠪᠣᠵᠤ᠂ ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠦᠨ ᠡᠳ᠋᠎ᠦᠨ ᠵᠠᠰᠠᠭ᠎ᠤᠨ ᠪᠠᠲᠤᠯᠠᠭ᠎ᠠ᠎ᠶᠢᠨ ᠤᠷᠢᠳᠠᠴᠢ ᠨᠤᠲᠠᠯᠠᠯᠲᠠ᠎ᠶᠢᠨ ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠤᠨ᠂ ᠬᠥᠳᠡᠯᠦᠩᠭᠦᠶ ᠲᠣᠬᠢᠷᠠᠭᠤᠯᠤᠯᠲᠠ ᠬᠢᠬᠦ ᠪᠠ ᠪᠠᠷᠢᠯᠭ᠎ᠠ ᠳᠠᠭᠤᠰᠪᠠᠯ ᠬᠦᠴᠦᠨ ᠦᠬᠡᠢ ᠪᠤᠯᠭᠠᠬᠤ ᠬᠠᠮᠢᠶᠠᠷᠤᠯᠲᠠ᠎ᠶᠢᠨ ᠲᠣᠭᠲᠠᠴᠠ᠎ᠶᠢ ᠪᠠᠶ᠋ᠢᠭᠤᠯᠵᠤ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠭᠰᠠᠨ ᠲᠥᠷᠥᠯ ᠵᠦᠢᠯ᠎ᠦᠨ ᠲᠦᠷᠢᠮᠵᠢᠭᠰᠡᠨ ᠬᠠᠮᠢᠶᠠᠷᠤᠯᠲᠠ᠎ᠶᠢ ᠪᠡᠶᠡᠯᠡᠭᠦᠯᠤᠨ᠎ᠠ᠃ ᠡᠭᠦᠨ᠎ᠦ ᠬᠠᠮᠲᠤ᠌᠂ 《ᠮᠡᠳᠡᠭᠳᠡᠯ》 ᠤ᠋ᠨ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ᠎ᠤ ᠡᠳ᠋᠎ᠦᠨ ᠵᠠᠰᠠᠭ᠎ᠠᠴᠠ ᠪᠠᠯᠠ ᠭᠠᠷᠭᠠᠬᠤ ᠬᠠᠷᠢᠭᠤᠴᠠᠯᠭ᠎ᠠ ᠡᠭᠦᠷᠭᠡᠯᠡᠵᠦ᠍ ᠪᠠᠶ᠋ᠢᠭ᠎ᠠ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶᠢᠨ ᠲᠥᠷᠥᠯ ᠵᠦᠢᠯ᠎ᠢ ᠴᠤᠭᠯᠠᠭᠤᠯᠤᠨ ᠨᠡᠶ᠋ᠢᠯᠡᠭᠦᠯᠵᠦ᠍᠂  ᠤᠨ᠎ᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶᠢᠨ ᠵᠠᠷᠤᠯᠭ᠎ᠠ᠎ᠶᠢᠨ ᠳᠡᠭᠡᠳᠦ ᠬᠢᠵᠠᠭᠠᠷ᠎ᠢ ᠲᠣᠳᠣᠷᠬᠠᠶ᠋ᠢᠯᠠᠨ᠂ ᠡᠳ᠋᠎ᠦᠨ ᠬᠦᠴᠦᠨ᠎ᠦ ᠬᠢᠵᠠᠭᠠᠷᠯᠠᠯ᠎ᠢ ᠲᠥᠷᠥᠯ ᠵᠦᠢᠯ᠎ᠦᠨ ᠰᠢᠢᠳᠪᠦᠷᠢᠲᠦ᠍ ᠪᠣᠳᠣᠯᠭ᠎ᠠ ᠲᠣᠭᠲᠠᠭᠠᠬᠤ ᠭᠣᠭᠴᠣᠭ᠎ᠠ᠎ᠶᠢᠨ ᠡᠮᠦᠨ᠎ᠠ ᠲᠠᠯᠪᠢᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠬᠥᠲᠥᠯᠦᠨ ᠵᠢᠯᠣᠭᠣᠳᠴᠤ ᠡᠳ᠋᠎ᠦᠨ ᠵᠠᠰᠠᠭ᠎ᠤᠨ ᠳᠠᠭᠠᠭᠠᠴᠠ᠎ᠶᠢ ᠦᠨᠳᠦᠰᠦᠯᠡᠨ ᠲᠥᠷᠥᠯ ᠵᠦᠢᠯ᠎ᠦᠨ ᠲᠥᠯᠥᠪᠵᠢᠭᠦᠯᠭᠡ ᠬᠢᠬᠦ᠌᠎ᠶᠢ ᠥᠷᠨᠢᠭᠦᠯᠵᠦ᠍᠂ ᠰᠣᠬᠣᠷ ᠪᠠᠯᠠᠶ᠎ᠪᠠᠷ ᠪᠠᠯᠠ ᠣᠷᠣᠭᠤᠯᠤᠯᠲᠠ ᠬᠢᠬᠦ᠌᠎ᠡᠴᠡ ᠪᠣᠯᠤᠭᠰᠠᠨ ᠡᠳ᠋᠎ᠦᠨ ᠵᠠᠰᠠᠭ᠎ᠤᠨ ᠵᠠᠷᠤᠯᠭ᠎ᠠ᠎ᠶᠢᠨ ᠲᠦᠭᠰᠢᠭᠦᠷᠢ᠎ᠶᠢ ᠡᠬᠢ ᠡᠭᠦᠰᠦᠯ᠎ᠡᠴᠡ᠎ᠨᠢ ᠰᠡᠷᠭᠡᠶ᠋ᠢᠯᠡᠨ᠎ᠡ᠃

ᠲᠡᠭ᠎ᠰᠠᠭᠤᠷᠢᠨ ᠲᠥᠰᠦᠪ᠎ᠦᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠲᠠᠯ᠎ᠠ᠎ᠪᠠᠷ᠂ ᠪᠠᠲᠤᠯᠠᠭ᠎ᠠ᠎ᠶᠢᠨ ᠨᠠᠷᠢᠨ ᠳᠠᠩᠰᠠ᠎ᠳᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ᠎ᠢ  ᠤᠨ᠎ᠤ ᠲᠥᠰᠦᠪ᠎ᠢ ᠨᠠᠶ᠋ᠢᠷᠠᠭᠤᠯᠤᠨ ᠵᠣᠬᠢᠶᠠᠬᠤ᠎ᠯᠤᠭ᠎ᠠ ᠵᠡᠷᠭᠡ ᠪᠡᠷ ᠡᠬᠢᠯᠡᠭᠦᠯᠵᠦ᠍᠂ ᠵᠡᠷᠭᠡ ᠪᠡᠷ ᠪᠡᠶᠡᠯᠡᠭᠦᠯᠦᠨ᠂ ᠪᠠᠯᠠ ᠮᠥᠩᠭᠥ᠎ᠶᠢᠨ ᠬᠤᠪᠢᠶᠠᠷᠢᠯᠠᠯᠲᠠ᠎ᠶᠢᠨ ᠬᠡᠪᠰᠢᠭᠰᠡᠨ ᠪᠡᠬᠢᠯᠡᠯᠲᠡ᠎ᠶᠢ ᠡᠪᠳᠡᠵᠦ᠍᠂ ᠡᠩ᠎ᠦᠨ ᠣᠯᠠᠨ ᠨᠡᠶ᠋ᠢᠲᠡ᠎ᠶᠢᠨ ᠲᠥᠰᠦᠪ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ᠎ᠶᠢᠨ ᠲᠡᠮᠳᠡᠭᠲᠦ᠍ ᠵᠡᠷᠭᠡ ᠡᠯ᠎ᠡ ᠲᠥᠷᠥᠯ᠎ᠦᠨ ᠡᠳ᠋᠎ᠦᠨ ᠵᠠᠰᠠᠭ᠎ᠤᠨ ᠪᠠᠯᠠ ᠮᠥᠩᠭᠥ᠎ᠶᠢ ᠨᠢᠭᠡᠳᠦᠯᠲᠡᠶ ᠲᠥᠯᠥᠪᠵᠢᠬᠥᠯᠤᠨ ᠨᠠᠢᠳᠭᠡᠵᠤ᠂ ᠪᠠᠲᠤᠯᠠᠭ᠎ᠠ᠎ᠶᠢᠨ ᠨᠠᠷᠢᠨ ᠲᠠᠩᠰᠠ᠂ ᠪᠡᠯᠡᠳᠬᠡᠯ ᠨᠠᠷᠢᠨ ᠳᠠᠩᠰᠠ᠎ᠪᠠᠷ ᠳᠠᠮᠵᠢᠭᠤᠯᠤᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶᠢᠨ ᠶᠠᠪᠤᠴᠡ᠎ᠵᠢ ᠰᠢᠯᠢᠳᠡᠭᠵᠢᠭᠦᠯᠦᠨ᠂ ᠪᠠᠶ᠋ᠢᠭᠤᠯᠵᠤ ᠪᠠᠢᠭ᠎ᠠ ᠪᠠ ᠦᠷᠭᠦᠯᠵᠢᠯᠡᠨ ᠪᠠᠶ᠋ᠢᠭᠤᠯᠬᠤ ᠲᠥᠷᠥᠯ ᠵᠦᠢᠯ᠂ ᠴᠢᠬᠤᠯᠠ ᠶᠡᠬᠡ ᠰᠠᠭᠤᠷᠢ ᠲᠦᠬᠦᠭᠡᠷᠦᠮᠵᠢ ᠬᠢᠭᠡᠳ ᠭᠤᠤᠯᠳᠠᠯᠭ᠎ᠠ᠎ᠲᠠᠶ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠤᠷᠢᠳ᠎ᠢᠶᠡᠷ ᠪᠠᠲᠤᠯᠠᠵᠤ᠂ ᠡᠳ᠋᠎ᠦᠨ ᠵᠠᠰᠠᠭ᠎ᠤᠨ ᠪᠠᠯᠠ ᠮᠥᠩᠭᠥ᠎ᠶᠢ ᠲᠤᠢᠯ᠎ᠦᠨ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ᠎ᠪᠡᠷ ᠣᠷᠣᠭᠤᠯᠬᠤ᠎ᠶᠢ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面