2026-10-14 16:19:54
ᠣᠶ᠋ᠢᠷ᠎ᠠ ᠢ᠋ᠢᠨ ᠵᠢᠯ ᠳ᠋ᠤ ᠦᠬᠠᠶ ᠬᠣᠲᠠ 《ᠤᠰᠤ ᠠᠷᠪᠢᠯᠠᠬᠤ ᠢ᠋ᠢ ᠤᠷᠢᠳ ᠢ᠋ᠢᠡᠷ ᠪᠣᠳᠣᠯᠬᠢᠯᠠᠬᠤ᠂ ᠣᠷᠣᠨ ᠵᠠᠶ ᠢ᠋ᠢ ᠲᠡᠩᠴᠡᠭᠦᠷᠢᠲᠡᠶ ᠪᠠᠶ᠋ᠢᠯᠭᠠᠬᠤ᠂ ᠰᠢᠰᠲ᠋ᠧᠮ ᠲᠡᠶ ᠵᠠᠰᠠᠬᠤ᠂ ᠬᠣᠶᠠᠷ ᠲᠠᠯ᠎ᠠ ᠪᠡᠷ ᠬᠦᠴᠦᠯᠡᠬᠦ᠌》 ᠤᠰᠤ ᠵᠠᠰᠠᠬᠤ ᠰᠡᠳᠬᠢᠴᠡ ᠢ᠋ᠢ ᠭᠦᠨᠵᠡᠭᠡᠶ ᠲᠤᠭᠤᠰᠢᠯᠠᠭᠤᠯᠵᠤ᠂ ᠤᠰᠤᠨ ᠤ᠋ ᠲᠥᠰᠦᠪ ᠤ᠋ᠨ ᠬᠠᠮᠢᠶᠠᠷᠤᠯᠲᠠ ᠢ᠋ᠢ ᠬᠡᠷᠡᠭᠵᠢᠭᠦᠯᠤᠨ᠂ ᠤᠰᠤ ᠠᠷᠪᠢᠯᠠᠬᠤ ᠬᠡᠯᠪᠡᠷᠢ ᠢ᠋ᠢᠨ ᠨᠡᠶ᠋ᠢᠭᠡᠮ ᠤ᠋ᠨ ᠪᠠᠶ᠋ᠢᠭᠤᠯᠤᠯᠲᠠ ᠢ᠋ᠢ ᠬᠦᠴᠦᠲᠠᠢ ᠠᠬᠢᠭᠤᠯᠵᠤ ᠪᠠᠢᠨ᠎ᠠ᠃
ᠦᠬᠠᠶ ᠬᠣᠲᠠ ᠤᠰᠤᠨ ᠤ᠋ ᠡᠬᠢ ᠪᠠᠶᠠᠯᠢᠭ ᠤ᠋ᠨ 《ᠲᠥᠰᠦᠪ + ᠵᠥᠪᠰᠢᠶᠡᠷᠡᠯ + ᠲᠣᠭᠲᠠᠭᠰᠠᠨ ᠨᠣᠷᠮ᠎ᠠ》 ᠢ᠋ᠢᠨ 《3 +》 ᠬᠠᠮᠢᠶᠠᠷᠤᠯᠲᠠ ᠢ᠋ᠢᠨ ᠵᠠᠭᠪᠤᠷ ᠤ᠋ᠨ ᠰᠢᠨ᠎ᠡ ᠢ᠋ᠢ ᠡᠭᠦᠳᠴᠦ᠍᠂ 《ᠤᠰᠤᠨ ᠤ᠋ ᠲᠥᠰᠦᠪ ᠤ᠋ᠨ ᠬᠠᠮᠢᠶᠠᠷᠤᠯᠲᠠ ᠢ᠋ᠢᠨ ᠲᠤᠷᠰᠢᠯᠲᠠ ᠢ᠋ᠢᠨ ᠬᠡᠷᠡᠭᠵᠢᠭᠦᠯᠬᠦ᠌ ᠲᠥᠰᠦᠯ》᠂ 《ᠤᠰᠤᠨ ᠤ᠋ ᠲᠥᠰᠦᠪ ᠤ᠋ᠨ ᠬᠠᠮᠢᠶᠠᠷᠤᠯᠲᠠ ᠢ᠋ᠢᠨ ᠠᠷᠭ᠎ᠠ》 ᠵᠡᠷᠭᠡ 8 ᠲᠦᠷᠢᠮ ᠤ᠋ᠨ ᠵᠢᠷᠤᠮᠵᠢᠯ ᠢ᠋ ᠳᠠᠷᠤᠮᠠᠯᠯᠠᠨ ᠲᠠᠷᠬᠠᠭᠠᠵᠤ᠂ ᠤᠰᠤᠨ ᠤ᠋ ᠲᠥᠰᠦᠪ ᠢ᠋ ᠬᠢᠨᠠᠨ ᠵᠥᠪᠰᠢᠶᠡᠷᠡᠬᠦ᠌᠂ ᠤᠰᠤᠨ ᠤ᠋ ᠡᠷᠬᠡ ᠢ᠋ᠢ ᠠᠷᠠᠯᠵᠢᠶᠠᠯᠠᠬᠤ᠂ ᠲᠣᠭ᠎ᠠ ᠬᠡᠮᠵᠢᠶ᠎ᠡ ᠢ᠋ᠢ ᠬᠠᠷᠭᠤᠭᠤᠯᠤᠨ ᠪᠤᠳᠤᠬᠤ᠂ ᠦᠨᠡᠯᠡᠨ ᠵᠢᠱ᠌ᠢᠬᠦ᠌ ᠪᠠ ᠬᠢᠨᠠᠨ ᠬᠠᠮᠢᠶᠠᠷᠬᠤ ᠵᠡᠷᠭᠡ ᠲᠠᠯ᠎ᠠ ᠡᠴᠡ ᠭᠠᠷᠳᠠᠨ ᠤᠰᠤᠨ ᠤ᠋ ᠬᠡᠷᠡᠭᠯᠡᠯᠲᠡ ᠢ᠋ᠢ ᠨᠠᠷᠢᠯᠢᠭ ᠪᠤᠳᠤᠬᠤ ᠨᠢᠭᠡᠨ ᠢᠵᠢ 《ᠬᠠᠲᠠᠭᠤ ᠠᠷᠭ᠎ᠠ》 ᠢ᠋ᠢ ᠪᠤᠢ ᠪᠤᠯᠭᠠᠪᠠ; ᠤᠰᠤᠨ ᠤ᠋ ᠲᠥᠰᠦᠪ ᠤ᠋ᠨ ᠬᠠᠮᠢᠶᠠᠷᠤᠯᠲᠠ ᠢ᠋ᠢ ᠴᠢᠡᠭᠭᠠᠳᠬᠠᠵᠤ᠂ ᠪᠦᠳᠦᠬᠡᠨ ᠪᠠᠶ᠋ᠢᠭᠤᠯᠬᠤ ᠪᠡᠷ ᠪᠠᠶ᠋ᠢᠭ᠎ᠠ ᠲᠥᠷᠥᠯ ᠵᠦᠢᠯ ᠳ᠋ᠤ ᠤᠰᠤ ᠶᠡᠬᠡ ᠬᠣᠷᠣᠭᠳᠠᠭᠤᠯᠬᠤ ᠤᠷ᠎ᠠ ᠮᠡᠷᠭᠡᠰᠢᠯ ᠪᠠ ᠲᠥᠬᠥᠭᠡᠷᠦᠮᠵᠢ ᠬᠡᠷᠡᠭᠯᠡᠬᠦ᠌ ᠢ᠋ᠢ ᠴᠠᠭᠠᠵᠠᠯᠠᠨ᠂ ᠨᠢᠭᠡᠨᠲᠡ ᠪᠦᠳᠦᠬᠡᠨ ᠪᠠᠶ᠋ᠢᠭᠤᠯᠤᠭᠰᠠᠨ ᠲᠥᠷᠥᠯ ᠵᠦᠢᠯ ᠤ᠋ᠨ ᠭᠠᠵᠠᠷ ᠳᠤᠤᠷᠠᠬᠢ ᠤᠰᠤ ᠢ᠋ᠢ ᠬᠡᠲᠦᠷᠡᠲᠡᠯ᠎ᠡ ᠲᠠᠲᠠᠬᠤ ᠢ᠋ᠢ ᠴᠢᠩᠭ᠎ᠠ ᠴᠠᠭᠠᠵᠠᠯᠠᠪᠠ᠃ ᠡᠭᠦᠨᠦ ᠬᠠᠮᠲᠤ᠌ 《ᠤᠰᠤ ᠠᠷᠪᠢᠯᠠᠵᠤ ᠥᠪᠡᠷ ᠤ᠋ᠨ ᠥᠷᠲᠡᠭ ᠢ᠋ ᠪᠠᠭᠤᠷᠠᠭᠤᠯᠬᠤ + ᠠᠷᠠᠯᠵᠢᠶ᠎ᠠ ᠢ᠋ᠢᠨ ᠣᠷᠣᠯᠭ᠎ᠠ ᠢ᠋ᠢ ᠨᠡᠮᠡᠭᠳᠡᠭᠦᠯᠬᠦ᠌》 ᠤᠷᠮᠠᠰᠢᠭᠤᠯᠤᠯ ᠢ᠋ ᠪᠣᠶ ᠪᠣᠯᠭᠠᠵᠤ᠂ ᠣᠲᠣ ᠨᠢᠭᠡᠨᠲᠡ ᠤᠰᠤᠨ ᠤ᠋ ᠡᠷᠬᠡ ᠢ᠋ᠢᠨ ᠠᠷᠠᠯᠵᠢᠶ᠎ᠠ ᠢ᠋ᠢ 110 ᠤᠳᠠᠭ᠎ᠠ ᠶᠠᠪᠤᠭᠳᠠᠭᠤᠯᠵᠤ᠂ 6192 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤᠨ ᠤ᠋ ᠭᠦᠢᠴᠡᠳᠬᠡᠯ ᠲᠣᠭ᠎ᠠ ᠢ᠋ᠢ ᠠᠮᠢᠯᠠᠭᠤᠯᠪᠠ᠃ ᠤᠳᠤᠬᠠᠨ ᠪᠤᠯᠳᠠᠯ᠎ᠠ ᠦᠬᠠᠶ ᠬᠣᠲᠠ 《ᠤᠰᠤᠨ ᠤ᠋ ᠲᠥᠰᠦᠪ ᠤ᠋ᠨ ᠣᠶᠤᠨᠴᠢ ᠵᠠᠳᠠᠯᠤᠯᠲᠠ》 ᠵᠡᠷᠭᠡ 7 ᠬᠡᠷᠡᠭᠯᠡᠭᠡᠨᠦ ᠰᠢᠰᠲ᠋ᠧᠮ ᠢ᠋ ᠪᠠᠶ᠋ᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃