2026-10-16 10:31:05
ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 《ᠡᠮ ᠤ᠋ᠨ ᠵᠦᠢᠯᠡᠰ ᠤ᠋ᠨ ᠡᠵᠡᠩᠨᠡᠯᠳᠡ ᠪᠠ ᠬᠡᠷᠡᠭᠯᠡᠭᠡ ᠶ᠋ᠢᠨ ᠭᠤᠭᠴᠤᠭ᠎ᠠ ᠶ᠋ᠢᠨ ᠮᠡᠳᠡᠭᠡ ᠵᠠᠩᠬᠢᠴᠢᠯᠠᠭᠰᠠᠨ ᠮᠦᠷᠳᠡᠯᠳᠡ ᠵᠢᠨ ᠬᠠᠮᠢᠶᠠᠷᠤᠯᠳᠠ ᠶ᠋ᠢᠨ ᠠᠵᠢᠯ ᠤ᠋ᠨ ᠵᠢᠯᠤᠭᠤᠳᠤᠮᠵᠢ》 ᠶ᠋ᠢ ᠨᠡᠢᠳᠡᠯᠡᠵᠦ᠂ ᠠᠵᠢᠯ ᠤ᠋ᠨ ᠪᠠᠷᠢᠮᠵᠢᠶ᠎ᠠ᠂ ᠠᠵᠢᠯᠯᠠᠬᠤ ᠳᠦᠷᠢᠮ᠂ ᠴᠠᠭ ᠤ᠋ᠨ ᠬᠢᠵᠠᠭᠠᠷ ᠲᠠᠢ ᠡᠭᠦᠷᠭᠡ ᠬᠢᠭᠡᠳ ᠬᠢᠨᠠᠯᠳᠠ ᠬᠠᠮᠢᠶᠠᠷᠤᠯᠳᠠ ᠶ᠋ᠢᠨ ᠱᠠᠭᠠᠷᠳᠠᠯᠭ᠎ᠠ ᠶ᠋ᠢ ᠲᠤᠳᠤᠷᠬᠠᠢᠯᠠᠪᠠ᠃
ᠵᠢᠯᠤᠭᠤᠳᠤᠮᠵᠢ ᠳ᠋ᠤ᠂ ᠡᠮ ᠤ᠋ᠨ ᠵᠦᠢᠯᠡᠰ ᠡᠵᠡᠩᠨᠡᠬᠦ ᠠᠵᠤ ᠠᠬᠤᠢᠯᠠᠯ᠂ ᠡᠮᠴᠢᠯᠡᠭᠡᠨ ᠤ᠋ ᠪᠠᠢᠭᠤᠯᠤᠮᠵᠢ ᠡᠴᠡ ᠡᠮ ᠤ᠋ᠨ ᠵᠦᠢᠯᠡᠰ ᠤ᠋ᠨ ᠮᠡᠳᠡᠭᠡ ᠵᠠᠩᠬᠢᠴᠢᠯᠠᠭᠰᠠᠨ ᠮᠦᠷᠳᠡᠯᠳᠡ ᠶ᠋ᠢ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠰᠢᠰᠲᠧᠮ ᠳ᠋ᠤ ᠤᠷᠤᠭᠤᠯᠵᠤ᠂ ᠨᠢᠭᠡ ᠪᠤᠳᠠᠰ ᠲᠤ᠌ ᠨᠢᠭᠡ ᠺᠤᠳ᠋᠂ ᠪᠤᠳᠠᠰ ᠺᠤᠳ᠋ ᠢ᠋ ᠵᠡᠷᠭᠡ ᠪᠡᠷ ᠮᠦᠷᠳᠡᠬᠦ᠂ ᠰᠢᠷᠪᠢᠬᠦ ᠶᠤᠰᠤᠳᠠᠢ ᠶ᠋ᠢ ᠨᠢ ᠴᠦᠮ ᠰᠢᠷᠪᠢᠬᠦ᠂ ᠪᠦᠬᠦ ᠶᠠᠪᠤᠴᠠ ᠪᠡᠷ ᠮᠦᠷᠳᠡᠵᠦ ᠪᠤᠯᠬᠤ ᠶ᠋ᠢ ᠨᠠᠢᠳᠠᠪᠤᠷᠢᠵᠢᠭᠤᠯᠤᠨ᠂ ᠡᠮ ᠤ᠋ᠨ ᠵᠦᠢᠯᠡᠰ ᠢ᠋ ᠬᠦᠮᠦᠷᠭᠡᠯᠡᠬᠦ ᠳ᠋ᠤ ᠬᠢᠨᠠᠨ ᠰᠢᠯᠭᠠᠬᠤ᠂ ᠬᠦᠮᠦᠷᠭᠡ ᠡᠴᠡ ᠭᠠᠷᠭᠠᠬᠤ ᠳ᠋ᠠᠭᠠᠨ ᠪᠠᠷᠢᠮᠳᠠ ᠶ᠋ᠢ ᠨᠢ ᠰᠢᠰᠲᠧᠮ ᠳ᠋ᠤ ᠳᠡᠪᠰᠢᠭᠦᠯᠬᠦ᠂ ᠬᠡᠪ ᠤ᠋ᠨ ᠪᠤᠰᠤ ᠪᠠᠢᠳᠠᠯ ᠢ᠋ ᠰᠢᠢᠳᠪᠤᠷᠢᠯᠡᠬᠦ ᠵᠡᠷᠭᠡ ᠪᠦᠬᠦ ᠶᠠᠪᠤᠴᠠ ᠶ᠋ᠢᠨ ᠠᠵᠢᠯᠯᠠᠭ᠎ᠠ ᠶ᠋ᠢ ᠳᠦᠷᠢᠮᠵᠢᠭᠦᠯᠵᠦ᠂ ᠮᠦᠷᠳᠡᠯᠳᠡ ᠶ᠋ᠢᠨ ᠲᠤᠭ᠎ᠠ ᠪᠠᠷᠢᠮᠳᠠ ᠶ᠋ᠢ ᠦᠭᠡᠷᠡᠴᠢᠯᠡᠨ ᠵᠠᠰᠠᠬᠤ᠂ ᠬᠠᠭᠤᠷᠮᠠᠭᠯᠠᠨ ᠵᠤᠬᠢᠶᠠᠬᠤ ᠪᠠ ᠨᠦᠬᠦᠵᠦ ᠲᠡᠮᠳᠡᠭᠯᠡᠬᠦ ᠶ᠋ᠢ ᠡᠷᠡᠰ ᠴᠠᠭᠠᠵᠠᠯᠠᠬᠤ ᠬᠡᠷᠡᠭᠳᠠᠢ ᠭᠡᠵᠦ ᠱᠠᠭᠠᠷᠳᠠᠪᠠ᠃ ᠬᠦᠮᠦᠷᠭᠡᠯᠡᠬᠦ᠂ ᠬᠦᠮᠦᠷᠭᠡ ᠡᠴᠡ ᠭᠠᠷᠭᠠᠬᠤ ᠵᠢᠴᠢ ᠬᠡᠪ ᠤ᠋ᠨ ᠪᠤᠰᠤ ᠪᠠᠢᠳᠠᠯ ᠢ᠋ ᠰᠢᠢᠳᠪᠤᠷᠢᠯᠡᠬᠦ ᠵᠡᠷᠭᠡ ᠵᠠᠩᠭᠢᠯᠠᠭ᠎ᠠ ᠶ᠋ᠢᠨ ᠭᠤᠭᠴᠤᠭ᠎ᠠ ᠳ᠋ᠤ ᠬᠠᠨᠳᠤᠭᠤᠯᠤᠨ ᠪᠤᠳᠠᠳᠠᠢ ᠠᠵᠢᠯᠯᠠᠬᠤ ᠨᠠᠷᠢᠨ ᠳᠠᠩᠰᠠ ᠭᠠᠷᠭᠠᠵᠤ᠂ ᠠᠵᠤ ᠠᠬᠤᠢᠯᠠᠯ ᠤ᠋ᠨ ᠬᠢᠨ ᠺᠤᠳ᠋ ᠰᠢᠷᠪᠢᠵᠦ ᠬᠢᠨᠠᠨ ᠰᠢᠯᠭᠠᠬᠤ᠂ ᠺᠤᠳ᠋ ᠦᠭᠡᠢ᠂ ᠺᠤᠳ᠋ ᠨᠢ ᠪᠤᠷᠤᠭᠤ᠂ ᠢᠷᠡᠯᠳᠡ ᠨᠢ ᠰᠡᠵᠢᠭᠯᠡᠯᠳᠠᠢ ᠡᠮ ᠤ᠋ᠨ ᠵᠦᠢᠯᠡᠰ ᠢ᠋ ᠬᠦᠮᠦᠷᠬᠡᠯᠡᠵᠦ ᠬᠡᠷᠡᠭᠯᠡᠬᠦ ᠶ᠋ᠢ ᠲᠡᠷᠡ ᠳᠠᠷᠤᠢ ᠳ᠋ᠤᠨᠢ ᠵᠤᠭᠰᠤᠭᠠᠨ᠂ ᠮᠦᠷᠳᠡᠯᠳᠡ ᠶ᠋ᠢᠨ ᠰᠢᠵᠢᠮ ᠨᠢ ᠲᠠᠰᠤᠷᠠᠬᠤ᠂ ᠮᠡᠳᠡᠭᠡ ᠵᠠᠩᠬᠢ ᠨᠢ ᠳᠤᠳᠠᠭᠤ ᠵᠡᠷᠭᠡ ᠠᠰᠠᠭᠤᠳᠠᠯ ᠢ᠋ ᠪᠢᠳᠡᠭᠦᠦ ᠬᠡᠯᠬᠢᠶ᠎ᠠ ᠪᠡᠷ ᠰᠢᠢᠳᠪᠤᠷᠢᠯᠡᠬᠦ ᠬᠡᠷᠡᠭᠳᠠᠢ ᠭᠡᠵᠦ ᠱᠠᠭᠠᠷᠳᠠᠵᠠᠢ᠃
ᠵᠢᠯᠤᠭᠤᠳᠤᠮᠵᠢ ᠳ᠋ᠤ ᠪᠠᠰᠠ ᠡᠨᠡ ᠵᠢᠯ ᠤ᠋ᠨ 10 ᠰᠠᠷ᠎ᠠ ᠶ᠋ᠢᠨ ᠰᠡᠭᠦᠯᠴᠢ ᠪᠡᠷ ᠬᠠᠷᠢᠶ᠎ᠠ ᠤᠷᠤᠨ ᠤ᠋ ᠡᠮ ᠤ᠋ᠨ ᠵᠦᠢᠯᠡᠰ ᠡᠵᠡᠩᠨᠡᠬᠦ ᠪᠦᠬᠦᠢᠯᠡ ᠠᠵᠤ ᠠᠬᠤᠢᠯᠠᠯ ᠪᠤᠯᠤᠨ ᠡᠮᠴᠢᠯᠡᠭᠡᠨ ᠤ᠋ ᠪᠠᠢᠭᠤᠯᠤᠮᠵᠢ ᠳ᠋ᠤ ᠴᠦᠮ ᠮᠦᠷᠳᠡᠯᠳᠡ ᠶ᠋ᠢᠨ ᠰᠢᠰᠲᠧᠮ ᠬᠢᠭᠡᠳ ᠳᠠᠪᠴᠠᠩ ᠤ᠋ᠨ ᠡᠷᠬᠡ ᠤᠯᠭᠤᠯᠳᠠ ᠶ᠋ᠢ ᠪᠠᠢᠭᠤᠯᠤᠨ᠂ ᠡᠬᠢᠨ ᠤ᠋ ᠦᠢᠯᠡᠳᠭᠦᠨ ᠪᠠ ᠡᠴᠤᠰ ᠤ᠋ᠨ ᠬᠡᠷᠡᠭᠯᠡᠭᠡ ᠶ᠋ᠢᠨ ᠭᠤᠭᠴᠤᠭ᠎ᠠ ᠶ᠋ᠢᠨ ᠮᠡᠳᠡᠭᠡ ᠵᠠᠩᠬᠢ ᠶ᠋ᠢᠨ ᠬᠤᠤᠰ ᠴᠢᠭᠯᠡᠯ ᠶ᠋ᠢᠡᠷ ᠰᠢᠯᠭᠠᠨ ᠪᠠᠳᠤᠯᠠᠬᠤ ᠨᠤᠷᠮ᠎ᠠ ᠶ᠋ᠢ 95% ᠡᠴᠡ ᠳᠡᠭᠡᠭᠰᠢ ᠳ᠋ᠤ ᠳᠤᠭᠳᠠᠪᠤᠷᠢᠵᠢᠭᠤᠯᠤᠨ᠎ᠠ᠃ ᠡᠭᠦᠨ ᠤ᠋ ᠵᠡᠷᠭᠡ ᠪᠡᠷ ᠡᠩ ᠤ᠋ᠨ ᠳᠤᠭᠳᠠᠭᠠᠯ ᠡᠴᠡ ᠵᠦᠷᠢᠴᠡᠭᠰᠡᠨ ᠬᠢᠭᠡᠳ ᠬᠦᠨᠳᠤ ᠨᠤᠴᠢᠳᠠᠢ ᠪᠡᠷ ᠬᠠᠤᠯᠢ ᠡᠴᠡ ᠵᠦᠷᠢᠴᠡᠭᠰᠡᠨ 2 ᠵᠦᠢᠯ ᠤ᠋ᠨ ᠪᠠᠢᠳᠠᠯ ᠢ᠋ ᠨᠠᠷᠢᠨ ᠢᠯᠭᠠᠵᠤ᠂ ᠳᠤᠬᠢᠷᠠᠬᠤ ᠬᠠᠤᠯᠢ ᠬᠢᠭᠡᠳ ᠰᠢᠢᠳᠭᠡᠯ ᠲᠤᠷᠭᠠᠭᠤᠯᠢ ᠦᠭᠬᠦ ᠪᠠᠷᠢᠮᠵᠢᠶ᠎ᠠ ᠶ᠋ᠢ ᠳᠤᠳᠤᠷᠬᠠᠢᠯᠠᠨ᠂ ᠡᠮᠴᠢᠯᠡᠭᠡᠨ ᠤ᠋ ᠪᠠᠢᠭᠤᠯᠤᠮᠵᠢ ᠶ᠋ᠢᠨ ᠳᠤᠭᠳᠠᠭᠠᠯ ᠡᠴᠡ ᠵᠦᠷᠢᠴᠡᠭᠰᠡᠨ ᠠᠵᠢᠯᠯᠠᠭ᠎ᠠ ᠶ᠋ᠢ ᠡᠷᠡᠭᠦᠯ ᠬᠠᠮᠠᠭᠠᠯᠠᠯ ᠤ᠋ᠨ ᠰᠠᠯᠠᠭ᠎ᠠ ᠮᠦᠴᠢᠷ ᠲᠤ᠌ ᠮᠡᠳᠡᠭᠳᠡᠵᠦ᠂ ᠬᠠᠮᠳᠤᠷᠠᠭᠰᠠᠨ ᠬᠢᠨᠠᠯᠳᠠ ᠬᠠᠮᠢᠶᠠᠷᠤᠯᠳᠠ ᠶ᠋ᠢ ᠬᠡᠷᠡᠭᠵᠢᠭᠦᠯᠦᠨ᠎ᠠ ᠭᠡᠵᠦ ᠲᠤᠳᠤᠷᠬᠠᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃