ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-10-19 11:10:29

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3.5

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ᠎ᠪᠠᠷ ᠳᠠᠮᠵᠢᠨ᠂ ᠳᠡᠪᠰᠢᠭᠦᠯᠤᠨ ᠬᠡᠷᠡᠭᠯᠡᠬᠦ ᠪᠡᠷ ᠪᠠᠢᠭ᠎ᠠ ᠪᠠ ᠤᠯᠠᠮ ᠨᠢᠭᠡ ᠠᠯᠬᠤᠮ ᠬᠡᠷᠡᠭᠯᠡᠬᠦ᠎ᠪᠡᠷ ᠪᠠᠢᠭ᠎ᠠ ᠳᠣᠣᠷᠠᠬᠢ 8 ᠺᠠᠳ᠋ᠷ᠎ᠢ ᠢᠯᠡ ᠨᠡᠢᠲᠡᠯᠡᠬᠦ᠎ᠪᠡᠷ ᠲᠣᠭᠲᠠᠪᠠ᠃

ᠨᠢᠭᠡ᠂ ᠵᠠᠷᠯᠠᠨ ᠨᠡᠢᠲᠡᠯᠡᠬᠦ ᠨᠡᠷᠡᠰ

ᠯᠢ ᠬᠣᠩ ᠼᠠᠢ᠂ ᠡᠷᠡᠭᠲᠡᠢ᠂ ᠬᠢᠲᠠᠳ ᠦᠨᠳᠦᠰᠦᠲᠡᠨ᠂ 1974 ᠣᠨ᠎ᠤ 8 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠡᠷ ᠲᠠᠢ᠂ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠮᠠᠰᠲᠧᠷ᠂ ᠳᠡᠭᠡᠳᠦ ᠵᠡᠷᠭᠡ᠎ᠶᠢᠨ ᠨᠠᠢᠷᠠᠭᠤᠯᠤᠭ᠍ᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠦᠢᠯᠡᠳᠦᠯᠭᠡ ᠰᠡᠳᠬᠦᠯ᠎ᠦᠨ ᠬᠣᠷᠢᠶ᠎ᠠ᠎ᠶᠢᠨ ᠨᠠᠮ᠎ᠤᠨ ᠬᠣᠷᠢᠶ᠎ᠠ᠎ᠶᠢᠨ ᠱᠦᠵᠢ᠂ ᠬᠣᠷᠢᠶᠠᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠦᠨ ᠵᠢᠩᠬᠢᠨᠢ ᠲᠤᠰᠢᠶᠠᠯ᠎ᠳᠤ ᠲᠣᠮᠢᠯᠠᠬᠤ᠎ᠪᠠᠷ ᠪᠣᠶ;

ᠶᠦᠨ ᠫᠸᠩ ᠭᠠᠩ᠂ ᠡᠷᠡᠭᠲᠡᠢ᠂ ᠮᠣᠩᠭᠣᠯ ᠦᠨᠳᠦᠰᠦᠲᠡᠨ᠂ 1976 ᠣᠨ᠎ᠤ 2 ᠰᠠᠷ᠎ᠠ᠎ᠳᠤ ᠲᠦᠷᠦᠵᠠᠢ᠂ ᠠᠰᠫᠢᠷᠠᠨᠲ᠂ ᠢᠨᠵᠧᠨᠧᠷᠢᠩ᠎ᠦᠨ ᠤᠬᠠᠭᠠᠨ᠎ᠤ ᠮᠠᠰᠲᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ ᠬᠢᠵᠠᠭᠠᠷᠲᠤ ᠺᠣᠮᠫᠠᠨᠢ᠎ᠶᠢᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠪᠤᠢ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠦᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ;

ᠵᠣᠣ ᠪᠦᠦ ᠫᠢᠩ᠂ ᠡᠷᠡᠭᠲᠡᠢ᠂ ᠬᠢᠲᠠᠳ ᠦᠨᠳᠦᠰᠦᠲᠡᠨ᠂ 1974 ᠣᠨ᠎ᠤ 10 ᠰᠠᠷ᠎ᠠ᠎ᠳᠤ ᠳᠦᠷᠦᠵᠡᠶ᠂ ᠲᠥᠪ᠎ᠦᠨ ᠨᠠᠮ᠎ᠤᠨ ᠰᠤᠷᠭᠠᠭᠤᠯᠢ᠎ᠶᠢᠨ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠡᠷ ᠲᠠᠢ᠂ ᠳᠡᠭᠡᠳᠦ ᠵᠡᠷᠭᠡ᠎ᠶᠢᠨ ᠬᠢᠨᠠᠨ ᠪᠤᠳᠤᠭ᠍ᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠢᠩᠬᠢᠮ᠎ᠦᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠦᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠣᠶ;

ᠯᠢᠦ ᠢᠦᠢ ᠪᠢᠶᠣᠣ᠂ ᠡᠷᠡᠭᠲᠡᠢ᠂ ᠮᠣᠩᠭᠣᠯ ᠦᠨᠳᠦᠰᠦᠲᠡᠨ᠂ 1973 ᠣᠨ᠎ᠤ 10 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠡᠷ ᠲᠠᠢ᠂ ᠬᠠᠤᠯᠢ᠎ᠶᠢᠨ ᠤᠬᠠᠭᠠᠨ᠎ᠤ ᠮᠠᠰᠲᠧᠷ᠂ ᠣᠷᠴᠢᠭᠤᠯᠤᠭ᠍ᠴᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠳᠠᠭᠠᠳᠤ ᠶᠠᠪᠤᠳᠠᠯ᠎ᠤᠨ ᠠᠯᠪᠠᠨ ᠭᠡᠷ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠦᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠣᠶ;

ᠭᠤᠸᠠᠨ ᠶᠠ ᠬᠣᠩ᠂ ᠡᠮᠡᠭᠲᠡᠢ᠂ ᠮᠣᠩᠭᠣᠯ ᠦᠨᠳᠦᠰᠦᠲᠡᠨ᠂ 1975 ᠣᠨ᠎ᠤ 3 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠡᠷ ᠲᠠᠢ᠂ ᠬᠠᠤᠯᠢ ᠴᠠᠭᠠᠵᠠ᠎ᠶᠢᠨ ᠮᠠᠰᠲᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠣᠭᠣᠷᠢᠨ ᠪᠠᠢᠴᠠᠭᠠᠬᠤ ᠵᠢᠷᠭᠤᠳᠤᠭᠠᠷ ᠳᠤᠭᠤᠢᠯᠠᠩ᠎ᠤᠨ ᠲᠢᠩᠬᠢᠮ᠎ᠦᠨ ᠲᠠᠰ᠎ᠤᠨ ᠲᠣᠭᠣᠷᠢᠨ ᠪᠠᠢᠴᠠᠭᠠᠬᠤ ᠲᠤᠰᠬᠠᠢ ᠲᠤᠰᠢᠶᠠᠯᠲᠠᠨ᠂ ᠨᠢᠭᠡᠳᠦᠭᠡᠷ ᠳᠡᠰ᠎ᠤᠨ ᠳᠡᠭᠡᠳᠦ ᠵᠡᠷᠭᠡ᠎ᠶᠢᠨ ᠬᠢᠨᠠᠨ ᠪᠠᠢᠴᠠᠭᠠᠬᠤ ᠲᠤᠰᠢᠶᠠᠯᠲᠠᠨ᠎ᠤ ᠲᠤᠰᠢᠶᠠᠯ ᠢ᠋ ᠡᠭᠦᠷᠭᠡᠯᠡᠵᠤ ᠪᠤᠢ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠦᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠣᠶ;

ᠰᠦᠨ ᠯᠢ ᠵᠢᠶᠠᠨ᠂ ᠡᠷᠡᠭᠲᠡᠢ᠂ ᠬᠢᠲᠠᠳ ᠦᠨᠳᠦᠰᠦᠲᠡᠨ᠂ 1968 ᠣᠨ᠎ᠤ 10 ᠰᠠᠷ᠎ᠠ᠎ᠳᠤ ᠲᠦᠷᠦᠵᠠᠢ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠠᠰᠫᠢᠷᠠᠨᠲ᠂ ᠤᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠮᠠᠰᠲᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠨᠠᠷᠢᠨ ᠪᠢᠴᠢᠭ᠎ᠦᠨ ᠳᠠᠷᠤᠭ᠎ᠠ (ᠬᠠᠪᠰᠤᠷᠭᠠᠨ ᠬᠠᠷᠢᠭᠤᠴᠠᠵᠤ ᠪᠤᠢ)᠂ ᠥᠪᠡᠷᠲᠡᠭᠡᠨ ᠵᠠᠰᠠᠬᠤ ᠣᠷᠣᠨ᠎ᠤ ᠬᠠᠮᠲᠤᠷᠠᠯᠴᠠᠭ᠎ᠠ ᠰᠣᠯᠢᠯᠴᠠᠭᠠᠨ᠎ᠤ ᠲᠥᠪ᠎ᠦᠨ ᠡᠷᠬᠢᠯᠡᠭᠴᠢ᠎ᠶᠢᠨ ᠲᠤᠰᠢᠶᠠᠯ᠎ᠢ ᠡᠭᠦᠷᠭᠡᠯᠡᠵᠤ ᠪᠤᠢ ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠨᠠᠷᠢᠨ ᠪᠢᠴᠢᠭ᠎ᠦᠨ ᠳᠠᠷᠤᠭ᠎ᠠ᠎ᠶᠢᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ;

ᠵᠢᠶᠠ ᠯᠢ ᠰᠢᠶᠠ᠂ ᠡᠮᠡᠭᠲᠡᠢ᠂ ᠬᠢᠲᠠᠳ ᠦᠨᠳᠦᠰᠦᠲᠡᠨ᠂ 1975 ᠣᠨ᠎ᠤ 8 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠡᠷ ᠲᠠᠢ᠂ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠮᠠᠰᠲᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠳᠡᠳ᠋ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠥᠪᠡᠷᠲᠡᠭᠡᠨ ᠵᠠᠰᠠᠬᠤ ᠣᠷᠣᠨ᠎ᠤ ᠲᠢᠩᠬᠢᠮ᠎ᠦᠨ ᠲᠠᠰ᠎ᠤᠨ ᠠᠵᠢᠯ ᠦᠢᠯᠡᠰ᠎ᠦᠨ ᠨᠢᠭᠡᠴᠢ᠎ᠶᠢᠨ ᠵᠢᠩᠬᠢᠨᠢ ᠲᠤᠰᠢᠶᠠᠯ᠎ᠳᠤ ᠲᠣᠮᠢᠯᠠᠬᠤ᠎ᠪᠠᠷ ᠪᠣᠶ;

ᠯᠢᠦ ᠭᠦᠸᠧ ᠭᠠᠩ᠂ ᠡᠷᠡᠭᠲᠡᠢ᠂ ᠬᠢᠲᠠᠳ ᠦᠨᠳᠦᠰᠦᠲᠡᠨ᠂ 1973 ᠣᠨ᠎ᠤ 7 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠡᠷ ᠲᠠᠢ᠂ ᠳᠡᠭᠡᠳᠦ ᠵᠡᠷᠭᠡ᠎ᠶᠢᠨ ᠬᠠᠮᠢᠶᠠᠷᠤᠯᠲᠠ᠎ᠶᠢᠨ ᠠᠵᠢᠯᠲᠠᠨ᠎ᠤ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶᠢᠨ ᠮᠠᠰᠲᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠥᠪᠥᠷ ᠮᠣᠩᠭᠣᠯ᠎ᠤᠨ ᠰᠢᠨ ᠴᠧᠩ ᠪᠠᠭᠤᠳᠠᠯ᠎ᠤᠨ ᠵᠢᠭᠤᠯᠴᠢᠯᠠᠯ᠎ᠤᠨ ᠦᠢᠯᠡᠰ᠎ᠦᠨ ᠪᠦᠯᠦᠭᠯᠡᠯ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠥᠪᠡᠷᠲᠡᠭᠡᠨ ᠵᠠᠰᠠᠬᠤ ᠣᠷᠣᠨ᠎ᠤ ᠲᠢᠩᠬᠢᠮ᠎ᠦᠨ ᠲᠠᠰ᠎ᠤᠨ ᠠᠵᠢᠯ ᠦᠢᠯᠡᠰ᠎ᠦᠨ ᠨᠢᠭᠡᠴᠢ᠎ᠶᠢᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠣᠶ᠃

ᠬᠣᠶᠠᠷ᠂ ᠢᠯᠡ ᠨᠡᠢᠲᠡᠯᠡᠬᠦ ᠴᠠᠭ

2026 ᠣᠨ᠎ᠤ 10 ᠰᠠᠷ᠎ᠠ᠎ᠶᠢᠨ 19 ᠎ᠤ᠋ ᠡᠳᠦᠷ᠎ᠡᠴᠡ  2026   ᠤᠨ᠎ᠤ 10 ᠰᠠᠷ᠎ᠠ᠎ᠶᠢᠨ 23 ᠎ᠤ᠋ ᠡᠳᠦᠷ ᠪᠣᠯᠲᠠᠯ᠎ᠠ ᠢᠯᠡ ᠨᠡᠢᠳᠡᠯᠡᠨ᠎ᠠ᠃

ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠯᠪᠡᠷᠢ

ᠨᠢᠭᠡᠴᠢ ᠪᠤᠯᠤᠨ ᠬᠤᠪᠢ ᠬᠥᠮᠥᠨ ᠤᠲᠠᠰᠤ ᠢᠷᠡᠬᠦᠯᠬᠦ᠂ ᠵᠠᠬᠢᠳᠠᠯ ᠢᠷᠡᠬᠦᠯᠬᠦ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠠᠷᠭ᠎ᠠ ᠮᠠᠶᠢᠭ᠋᠎ᠢᠶᠠᠷ ᠳᠠᠮᠵᠢᠨ ᠲᠡᠭᠡᠷᠡᠬᠢ ᠢᠯᠡ ᠨᠡᠢᠲᠡᠯᠡᠭᠰᠡᠨ ᠬᠥᠮᠥᠰ᠎ᠦᠨ ᠬᠣᠯᠪᠣᠭᠳᠠᠯ ᠪᠦᠬᠦᠢ ᠪᠠᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠳᠦ ᠪᠠᠢᠴᠠᠭᠠᠯᠳᠡ ᠬᠢᠵᠦ ᠬᠢᠨᠠᠨ ᠲᠤᠳᠤᠯᠠᠬᠤ᠎ᠳᠦ ᠲᠥᠬᠥᠮ᠎ᠪᠤᠯᠭᠠᠬᠤ᠎ᠶᠢᠨ ᠲᠦᠯᠦᠬᠡ᠂ ᠠᠰᠠᠭᠤᠳᠠᠯ᠎ᠢ ᠲᠤᠰᠬᠠᠬᠤ ᠎ᠳ᠋ᠠᠭᠠᠨ ᠬᠣᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ᠎ᠦ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ᠋ ᠪᠤᠶᠤ ᠠᠵᠢᠯᠯᠠᠵᠦ ᠪᠠᠢᠭ᠎ᠠ ᠪᠠᠢᠭᠤᠯᠭ᠎ᠠ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ᠂  ᠬᠢᠨᠠᠨ ᠲᠤᠳᠤᠯᠠᠬᠰᠠᠨ ᠪᠠᠢᠳᠠᠯ᠎ᠢᠶᠠᠨ ᠴᠠᠭ ᠲᠤᠬᠠᠢ ᠳ᠋ᠤᠨᠢ ᠬᠠᠷᠢᠭᠤ ᠲᠤᠰᠬᠠᠨ᠎ᠠ᠃

ᠬᠦᠯᠢᠶᠡᠨ ᠠᠪᠴᠤ ᠰᠢᠢᠳᠪᠤᠷᠢᠯᠡᠬᠦ ᠴᠠᠭ᠄ ᠠᠵᠢᠯᠯᠠᠬᠤ ᠡᠳᠦᠷ᠎ᠦᠨ

ᠦᠳᠡ᠎ᠶᠢᠨ ᠡᠮᠦᠨ᠎ᠠ 9᠄ 00 —12᠄ 00

ᠦᠳᠡ᠎ᠶᠢᠨ ᠬᠤᠢᠨ᠎ᠠ 13᠄ 30 — 17᠄ 00

ᠬᠦᠯᠢᠶᠡᠨ ᠠᠪᠴᠤ ᠰᠢᠢᠳᠪᠤᠷᠢᠯᠡᠬᠦ ᠤᠲᠠᠰᠤ᠄ ( 0471) 12380

ᠵᠠᠬᠢᠳᠠᠯ ᠢᠷᠡᠭᠦᠯᠬᠦ ᠬᠠᠶᠢᠭ᠋᠄ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠴᠡᠯᠡᠭᠡᠷ ᠲᠠᠯ᠎ᠠ ᠶᠡᠬᠡ ᠵᠡᠭᠡᠯᠢ᠎ᠶᠢᠨ 1 ᠳ᠋ᠤᠭᠡᠷ ᠨᠣᠮᠧᠷᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ ᠲᠥᠪ (ᠰᠢᠤᠳᠠᠨ ᠨᠤᠮᠸᠷ᠄ 010098)

ᠢᠯᠡᠴᠢᠯᠡᠨ ᠮᠡᠳᠡᠭᠦᠯᠬᠦ ᠰᠦᠯᠵᠢᠶᠡᠨ᠎ᠦ ᠬᠠᠶᠢᠭ᠋᠄ 12380.nmgdj. gov.cn

ᠣᠨᠴᠠᠭᠠᠢᠯᠠᠨ ᠵᠠᠷᠯᠠᠪᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ

    2026 ᠣᠨ᠎ᠤ 10 ᠰᠠᠷ᠎ᠠ᠎ᠶᠢᠨ 18 ᠎ᠤ᠋ ᠡᠳᠦᠷ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面