ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-09-28 11:19:40

ᠵᠣᠬᠢᠶᠠᠭ᠍ᠴᠢ᠄ ᠪᠠᠢ ᠰᠡᠴᠡᠨ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠰᠤᠷᠭᠠᠨ ᠬᠥᠮᠦᠵᠢᠯ᠎ᠦᠨ ᠲᠣᠪᠴᠢᠶ᠎ᠠ ᠵᠡᠷᠭᠡ 13 ᠰᠠᠯᠠᠭ᠎ᠠ ᠮᠥᠴᠢᠷ ᠬᠠᠮᠲᠤᠷᠠᠨ《ᠬᠥᠬᠡᠬᠣᠲᠠ ᠵᠢᠨ ᠲᠠᠰ ᠲᠦᠷᠦᠯ ᠬᠤᠪᠢᠶᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ᠎ᠶ᠋ᠢᠨ ᠨᠠᠷᠢᠨ ᠲᠠᠨᠭᠰᠠ (2026 ᠣᠨ᠎ᠤ ᠬᠡᠪᠯᠡᠯ)》 (ᠳᠣᠷᠣᠭᠰᠢ 《ᠨᠠᠷᠢᠨ ᠲᠠᠨᠭᠰᠠ》 ᠭᠡᠵᠦ᠍ ᠲᠣᠪᠴᠢᠯᠠᠨ᠎ᠠ) ᠶ᠋ᠢ ᠳᠠᠷᠤᠮᠠᠯᠯᠠᠨ ᠲᠠᠷᠬᠠᠭᠠᠵᠤ᠂ ᠦᠨᠳᠦᠰᠦᠨ ᠠᠮᠢᠳᠤᠷᠠᠯ᠎ᠤᠨ ᠠᠪᠤᠷᠠᠨ ᠲᠤᠰᠠᠯᠠᠯᠲᠠ᠂ ᠲᠤᠰᠬᠠᠶ ᠵᠦᠶ᠋ᠯ᠎ᠦᠨ ᠨᠡᠢᠭᠡᠮ᠎ᠦᠨ ᠠᠪᠤᠷᠠᠨ ᠲᠤᠰᠠᠯᠠᠯᠲᠠ᠂ ᠪᠠᠴᠢᠮ ᠬᠦᠴᠢᠷᠳᠡᠯᠳᠠᠢ ᠪᠠᠢᠳᠠᠯ᠎ᠢ ᠠᠷᠭᠠᠴᠠᠭᠠᠬᠤ ᠨᠡᠢᠭᠡᠮ᠎ᠦᠨ ᠠᠪᠤᠷᠠᠨ ᠲᠤᠰᠠᠯᠠᠯᠲᠠ᠂ ᠪᠤᠰᠤᠳ ᠠᠪᠤᠷᠠᠨ ᠲᠤᠰᠠᠯᠠᠯᠲᠠ ᠵᠡᠷᠭᠡ ᠳᠥᠷᠪᠡᠨ ᠶᠡᠬᠡ ᠬᠡᠰᠡᠭ᠎ᠤᠨ ᠨᠡᠢᠲᠡ 45 ᠵᠦᠢᠯ᠎ᠦᠨ ᠠᠪᠤᠷᠠᠨ ᠲᠤᠰᠠᠯᠠᠬᠤ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠡᠯ᠎ᠡ ᠵᠦᠢᠯ᠎ᠦᠨ ᠠᠷᠠᠳ᠎ᠲᠤ᠌ ᠠᠰᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠨᠠᠢᠳᠠᠪᠤᠷᠢᠵᠢᠭᠤᠯᠪᠠ᠃

ᠦᠨᠳᠦᠰᠦᠨ ᠠᠮᠢᠳᠤᠷᠠᠯ᠎ᠢ ᠠᠪᠤᠷᠠᠨ ᠲᠤᠰᠠᠯᠠᠬᠤ ᠲᠠᠯ᠎ᠠ᠎ᠪᠠᠷ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠌᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠳᠤ ᠬᠠᠪᠢᠳᠠᠵᠤ ᠪᠠᠢᠭ᠎ᠠ ᠬᠡᠷ ᠪᠦᠯᠢ᠂ ᠵᠠᠪᠠᠯ ᠵᠠᠷᠤᠬᠤ ᠵᠠᠷᠤᠯᠭ᠎ᠠ᠎ᠳ᠋ᠠᠭᠠᠨ ᠬᠦᠴᠢᠷᠳᠡᠵᠦ ᠪᠠᠢᠭ᠎ᠠ ᠬᠡᠷ ᠪᠦᠯᠢ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ ᠵᠡᠷᠭᠡ ᠵᠢ ᠠᠪᠤᠷᠠᠨ ᠲᠤᠰᠠᠯᠠᠬᠤ 7 ᠵᠦᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠪᠠᠭᠲᠠᠭᠠᠵᠤ᠂ ᠬᠣᠲᠠ ᠬᠥᠳᠡᠭᠡ ᠬᠤᠪᠢᠶᠠᠨ ᠪᠠᠲᠤᠯᠠᠭ᠎ᠠ᠎ᠶ᠋ᠢᠨ ᠨᠥᠬᠥᠪᠥᠷᠢ᠎ᠶ᠋ᠢᠨ ᠪᠠᠷᠢᠮᠵᠢᠶ᠎ᠠ᠎ᠶ᠋ᠢ ᠲᠣᠭᠲᠠᠭᠠᠵᠤ᠂ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠬᠤᠷᠢᠭ᠎ᠠ ᠱᠤᠭᠤᠮ᠎ᠢ ᠪᠠᠳᠤ ᠰᠠᠬᠢᠪᠠ᠃ ᠨᠡᠢᠭᠡᠮ᠎ᠦᠨ ᠠᠪᠤᠷᠠᠨ ᠲᠤᠰᠠᠯᠠᠯᠳᠠ ᠵᠢᠨ ᠲᠠᠯ᠎ᠠ᠎ᠪᠠᠷ᠂ ᠡᠮ ᠡᠮᠴᠢᠯᠡᠭᠡ᠂ ᠰᠤᠷᠭᠠᠨ ᠬᠥᠮᠦᠵᠢᠯ᠂ ᠠᠵᠢᠯ ᠣᠯᠭᠣᠯᠲᠠ᠂ ᠣᠷᠣᠨ ᠰᠠᠭᠤᠴᠠ᠂ ᠭᠠᠮᠰᠢᠭᠳᠠᠭᠰᠠᠨ ᠬᠥᠮᠦᠰ᠎ᠢ ᠠᠪᠤᠷᠠᠨ ᠲᠤᠰᠠᠯᠠᠬᠤ ᠲᠠᠪᠤᠨ ᠶᠡᠬᠡ ᠬᠦᠷᠢᠶᠡᠨ᠎ᠦ 18 ᠵᠦᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠢᠭᠡᠳᠦᠯᠲᠡᠶ ᠲᠥᠯᠥᠪᠵᠢᠬᠦᠯᠪᠠ᠃ ᠪᠤᠰᠤᠳ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠲᠠᠯ᠎ᠠ᠎ᠪᠠᠷ᠂ ᠵᠡᠮᠳᠡᠭᠴᠦᠳ᠎ᠦᠨ ᠬᠣᠶᠠᠷ ᠵᠦᠢᠯ᠎ᠦᠨ ᠨᠥᠬᠥᠪᠥᠷᠢ᠂ ᠠᠵᠤ ᠠᠬᠤᠶ᠎ᠨᠢ ᠬᠦᠴᠢᠷᠳᠡᠯᠲᠡᠶ ᠨᠠᠰᠤᠲᠠᠢᠴᠤᠳ᠎ᠤᠨ ᠨᠥᠬᠥᠪᠥᠷᠢ᠂ ᠦᠨ᠎ᠡ ᠬᠠᠩᠰᠢ᠎ᠶ᠋ᠢᠨ ᠲᠦᠷ ᠴᠠᠭ᠎ᠤᠨ ᠨᠥᠬᠥᠪᠥᠷᠢ᠂ ᠡᠮᠡᠭᠲᠡᠢᠴᠦᠳ᠎ᠦᠨ 《ᠬᠣᠶᠠᠷ ᠥᠮᠡᠨ》᠎ᠢ᠋ ᠠᠪᠤᠷᠠᠨ ᠲᠤᠰᠠᠯᠠᠬᠤ᠂ ᠬᠦᠴᠢᠷᠳᠡᠯᠲᠡᠶ ᠠᠵᠢᠯᠲᠠᠨ ᠠᠵᠢᠯᠴᠢᠨ᠎ᠢ ᠬᠠᠪᠰᠤᠷᠤᠨ ᠲᠡᠳᠬᠦᠬᠦ᠌᠂ ᠵᠡᠮᠳᠡᠭ ᠰᠣᠷᠣᠭᠴᠢ᠎ᠶ᠋ᠢ ᠵᠣᠭᠣᠰ᠎ᠢᠶᠠᠷ ᠲᠤᠰᠠᠯᠠᠬᠤ᠂ ᠨᠢᠭᠦᠯᠡᠰᠦᠩᠭᠦᠶ᠎ᠶ᠋ᠢᠨ ᠬᠠᠪᠰᠤᠷᠤᠨ ᠲᠡᠳᠬᠦᠬᠦ᠌ ᠵᠡᠷᠭᠡ 17 ᠵᠦᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠡᠮᠬᠢᠯᠡᠨ ᠭᠠᠷᠭᠠᠵᠤ᠂ ᠣᠯᠠᠨ ᠲᠠᠰ ᠳᠠᠪᠬᠤᠷᠭ᠎ᠠ᠎ᠬᠤᠪᠢᠶᠠᠭᠰᠠᠨ ᠠᠪᠤᠷᠠᠨ ᠲᠤᠰᠠᠯᠠᠬᠤ ᠪᠠᠢᠷᠢᠰᠢᠯ᠎ᠢ ᠪᠦᠷᠢᠯᠳᠦᠬᠦᠯᠪᠡ᠃

ᠲᠣᠰ ᠤᠳᠠᠭ᠎ᠠ ᠨᠡᠢᠲᠡᠯᠡᠭᠰᠡᠨ 《ᠨᠠᠷᠢᠨ ᠲᠠᠨᠭᠰᠠ》᠎ᠳᠤ ᠠᠪᠤᠷᠠᠨ ᠲᠤᠰᠠᠯᠠᠬᠤ ᠡᠲᠡᠭᠡᠳ᠎ᠦᠨ ᠬᠡᠪᠴᠢᠶ᠎ᠡ᠂ ᠠᠪᠤᠷᠠᠨ ᠲᠤᠰᠠᠯᠠᠬᠤ ᠠᠷᠭ᠎ᠠ ᠬᠡᠮᠵᠢᠶ᠎ᠡ᠂ ᠨᠥᠬᠥᠪᠥᠷᠢ ᠥᠭᠬᠦ᠌ ᠪᠠᠷᠢᠮᠵᠢᠶ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠤᠨ ᠦᠨᠳᠦᠰᠦᠯᠡᠯ ᠵᠢᠴᠢ ᠲᠦᠷᠦᠭᠦᠯᠡᠨ ᠬᠠᠷᠢᠭᠤᠴᠠᠬᠤ ᠨᠢᠭᠡᠴᠢ᠎ᠶ᠋ᠢ ᠵᠦᠢᠯ ᠳᠠᠷᠠᠭᠠᠯᠠᠨ ᠲᠣᠳᠣᠷᠬᠠᠢᠯᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠵᠦᠢᠯ ᠵᠤᠷᠪᠤᠰ᠎ᠨᠢ ᠲᠣᠳᠣᠷᠬᠠᠶ᠂ ᠬᠦᠴᠦᠨ ᠵᠦᠢᠯ᠎ᠨᠢ ᠪᠦᠷᠢᠨ ᠪᠦᠲᠦᠨ ᠪᠠᠢᠬᠤ᠎ᠶ᠋ᠢ ᠪᠡᠶᠡᠯᠡᠭᠦᠯᠪᠡ᠃ ᠣᠯᠠᠨ ᠲᠦᠮᠡᠨ 《ᠬᠥᠬᠡᠬᠣᠲᠠ᠎ᠶ᠋ᠢᠨ ᠠᠪᠤᠷᠠᠨ ᠲᠤᠰᠠᠯᠠᠬᠤ ᠲᠠᠪᠴᠠᠩ》 ᠵᠢᠵᠢᠭ ᠫᠷᠤᠭ᠌ᠷᠠᠮ᠎ᠲᠡᠭᠡᠷ᠎ᠡ ᠡᠴᠡ ᠯᠠᠪᠯᠠᠨ ᠦᠵᠡᠵᠦ᠍ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面