2026-09-28 16:07:24
ᠤᠢ᠌ᠷ᠎ᠠ᠎ᠶᠢᠨ ᠡᠳᠦᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠡᠴᠡ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠡᠷᠬᠢᠯᠳᠡᠳᠤ ᠠᠵᠤ ᠠᠬᠤᠢ᠎ᠶᠢᠨ ᠬᠥᠭᠵᠢᠯᠲᠡ᠎ᠶᠢᠨ ᠲᠥᠯᠥᠪᠵᠢᠭᠦᠯᠭᠡ》 (ᠳᠣᠷᠣᠭᠰᠢ 《ᠲᠥᠯᠥᠪᠵᠢᠭᠦᠯᠭᠡ》 ᠭᠡᠵᠦ᠍ ᠳᠥᠭᠥᠮᠴᠢᠯᠡᠨ᠎ᠡ) ᠵᠢ ᠳᠠᠷᠤᠮᠠᠯᠯᠠᠨ ᠲᠠᠷᠬᠠᠭᠠᠵᠠᠢ᠃
《ᠲᠥᠯᠥᠪᠵᠢᠭᠦᠯᠭᠡ》 ᠨᠢ ᠤᠯᠤᠰ᠎ᠤᠨ 《ᠬᠤᠤᠰ ᠨᠡᠭᠦᠷᠡᠰᠦᠲᠦ᠋ᠷᠥᠭᠴᠢ》 ᠶ᠋ᠢᠨ ᠬᠠᠷᠠᠯᠲᠠ᠎ᠳᠤ ᠦᠢᠯᠡᠴᠢᠯᠡᠵᠦ᠍᠂ ᠡᠷᠬᠢᠯᠳᠡᠳᠦ ᠠᠵᠤ ᠠᠬᠤᠶ᠎ᠶᠢᠨ ᠣᠶ᠋ᠢᠯᠠᠭᠠᠭᠳᠠᠬᠤᠨ᠎ᠤ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠪᠥᠬᠥ᠌ ᠶᠠᠪᠤᠴᠠ ᠪᠠ ᠡᠯ᠎ᠡ ᠠᠵᠢᠯ ᠲᠥᠷᠥᠯ᠎ᠦᠨ ᠬᠦᠷᠢᠶᠡᠨ᠎ᠳᠦ ᠠᠭᠤᠰᠬᠤ᠎ᠶᠢ ᠭᠦᠨᠵᠡᠭᠡᠶ ᠠᠬᠢᠭᠤᠯᠵᠤ᠂ ᠡᠬᠢ ᠪᠠᠶᠠᠯᠢᠭ᠎ᠤᠨ ᠬᠣᠷᠣᠭᠳᠠᠯ ᠪᠠ ᠨᠡᠭᠦᠷᠡᠰᠦᠲᠦ᠋ᠷᠥᠭᠴᠢᠶᠢᠨ ᠭᠠᠳᠠᠭᠰᠢᠯᠠᠭᠤᠯᠤᠯᠲᠠ᠎ᠶᠢ ᠪᠠᠭᠤᠷᠠᠭᠤᠯᠵᠤ᠂ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠬᠤ ᠪᠡᠷ ᠵᠤᠷᠢᠯᠳᠡ ᠪᠠᠨ ᠪᠤᠯᠭᠠᠵᠠᠢ᠃
《ᠲᠥᠯᠥᠪᠵᠢᠭᠦᠯᠭᠡ》 ᠳ᠋ᠤ᠌ ᠶᠡᠷᠦᠩᠬᠡᠶ ᠱᠠᠭᠠᠷᠳᠠᠯᠭ᠎ᠠ᠂ ᠬᠡᠮᠵᠢᠶ᠎ᠡ᠎ᠶᠢ ᠪᠠᠭᠠᠰᠬᠠᠬᠤ ᠰᠠᠭᠤᠷᠢ᠎ᠶᠢ ᠪᠦᠬᠦ᠌ ᠲᠠᠯ᠎ᠠ᠎ᠪᠠᠷ ᠪᠡᠬᠢᠵᠢᠭᠦᠯᠬᠦ᠂ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ᠎ᠢ ᠲᠦᠷᠭᠡᠪᠴᠢᠯᠡᠨ ᠳᠡᠭᠡᠭᠰᠢᠯᠡᠭᠦᠯᠬᠦ᠂ ᠳᠠᠬᠢᠨ ᠠᠰᠢᠭᠯᠠᠬᠤ ᠬᠡᠪᠴᠢᠶ᠎ᠡ᠎ᠶᠢ ᠲᠣᠭᠲᠠᠭᠤᠨ᠎ᠢᠶᠠᠷ ᠥᠷᠭᠡᠳᠬᠡᠬᠦ᠂ ᠬᠠᠶᠠᠭᠳᠠᠮᠠᠯ ᠪᠣᠳᠠᠰ᠎ᠢ ᠬᠤᠷᠢᠶᠠᠨ ᠠᠪᠬᠤ ᠲᠤᠤᠷ ᠰᠦᠯᠵᠢᠶ᠎ᠡ᠎ᠶᠢ ᠲᠡᠭᠦᠯᠳᠡᠷᠵᠢᠭᠦᠯᠬᠦ᠂ ᠡᠷᠬᠢᠯᠳᠡᠳᠤ ᠠᠵᠤ ᠠᠬᠤᠶ᠎ᠶᠢᠨ ᠠᠵᠤ ᠦᠢᠯᠡᠰ᠎ᠢ ᠰᠢᠯᠢᠳᠡᠭᠵᠢᠭᠦᠯᠦᠨ ᠳᠡᠰ ᠳᠡᠪᠰᠢᠭᠦᠯᠬᠦ᠌ ᠠᠵᠢᠯ᠎ᠢ ᠠᠬᠢᠭᠤᠯᠬᠤ᠂ ᠳᠦᠷᠢᠮ᠎ᠦᠨ ᠪᠠᠲᠤᠯᠠᠭ᠎ᠠ ᠪᠠ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠴᠢᠩᠭᠠᠳᠬᠠᠬᠤ᠂ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ᠌ ᠬᠡᠬᠦ ᠨᠠᠢ᠍ᠮᠠᠨ ᠲᠠᠯ᠎ᠠ᠎ᠶᠢᠨ 24 ᠪᠣᠳᠠᠲᠠᠶ ᠠᠭᠤᠯᠭ᠎ᠠ᠎ᠶᠢ ᠳᠤᠷᠠᠳᠴᠠᠶ᠃
《ᠲᠥᠯᠥᠪᠵᠢᠭᠦᠯᠭᠡ》 ᠳ᠋ᠦ᠍ 2030 ᠣᠨ ᠵᠢᠴᠢ 2035 ᠣᠨ ᠪᠣᠯᠲᠠᠯᠠᠬᠢ ᠡᠷᠬᠢᠯᠳᠡᠳᠤ ᠠᠵᠤ ᠠᠬᠤᠶ᠎ᠶᠢᠨ ᠰᠢᠰᠲ᠋ᠧᠮ᠂ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠬᠤ ᠭᠤᠤᠯ ᠬᠠᠷᠠᠯᠲᠠ᠎ᠶᠢ ᠲᠣᠳᠣᠷᠬᠠᠶ ᠲᠣᠭᠲᠠᠭᠠᠵᠠᠢ᠄ 2030 ᠣᠨ ᠪᠣᠯᠬᠤ᠎ᠳᠤ᠂ ᠦᠢᠯᠡᠳᠪᠦᠷᠢᠯᠡᠯ᠂ ᠬᠡᠷᠡᠭᠯᠡᠭᠡ᠂ ᠡᠭᠡᠭᠦᠯᠦᠨ ᠬᠤᠷᠢᠶᠠᠬᠤ᠂ ᠠᠰᠢᠭᠯᠠᠬᠤ ᠪᠥᠬᠥ᠌ ᠬᠡᠯᠬᠢᠶ᠎ᠡ᠎ᠶᠢ ᠬᠠᠮᠤᠷᠤᠭᠰᠠᠨ᠂ ᠣᠨᠴᠠᠯᠢᠭ᠎ᠢᠶᠠᠷ ᠢᠯᠡ ᠲᠣᠳᠣ᠂ ᠰᠢᠰᠲ᠋ᠧᠮ ᠨᠢ ᠥᠨᠳᠥᠷ ᠪᠦᠲᠦᠮᠵᠢᠲᠡᠶ ᠠᠵᠢᠯᠯᠠᠬᠤ ᠡᠷᠬᠢᠯᠳᠡᠳᠤ ᠠᠵᠤ ᠠᠬᠤᠶ᠎ᠶᠢᠨ ᠰᠢᠰᠲ᠋ᠧᠮ᠎ᠢ ᠪᠠᠢᠭᠤᠯᠵᠦ᠂ ᠶᠡᠬᠡ ᠬᠡᠮᠵᠢᠶᠠᠨ᠎ᠤ ᠬᠠᠲᠠᠭᠤ ᠪᠡᠶᠡᠲᠦ᠍ ᠬᠠᠶᠠᠭᠳᠠᠮᠠᠯ ᠪᠣᠳᠠᠰ᠎ᠤᠨ ᠵᠢᠯ᠎ᠦᠨ ᠶᠡᠷᠦᠩᠬᠡᠶ᠋ᠢᠯᠡᠨ ᠠᠰᠢᠭᠯᠠᠬᠤ ᠨᠣᠷᠮ᠎ᠠ᠎ᠶᠢ 62% ᠡᠴᠡ ᠳᠡᠭᠡᠭᠰᠢ᠎ᠳᠦ ᠬᠦᠷᠭᠡᠵᠦ᠍᠂ ᠨᠢᠭᠡᠴᠢ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠶ ᠥᠷᠲᠡᠭ (GDP) ᠤ᠋ᠨ ᠤᠰᠤ ᠬᠡᠷᠡᠭᠯᠡᠬᠦ᠌ ᠬᠡᠮᠵᠢᠶ᠎ᠡ᠎ᠶᠢ 2025 ᠣᠨ᠎ᠤ᠎ᠬᠢ᠎ᠡᠴᠡ 10% ᠡᠴᠡ ᠳᠡᠭᠡᠭᠰᠢ ᠪᠠᠭᠤᠷᠠᠭᠤᠯᠵᠤ᠂ ᠨᠢᠭᠡᠴᠢ GDP᠎ᠶ᠋ᠢᠨ ᠡᠨᠧᠷᠭᠢ᠎ᠶᠢᠨ ᠬᠣᠷᠣᠭᠳᠠᠯ᠎ᠤᠨ ᠡᠷᠴᠢᠮ᠎ᠢ ᠪᠠᠭᠤᠷᠠᠭᠤᠯᠬᠤ ᠬᠦᠢᠴᠡᠳᠬᠡᠯ ᠲᠣᠭ᠎ᠠ᠎ᠶᠢ ᠤᠯᠤᠰ᠎ᠠᠴᠠ ᠵᠣᠯᠭᠠᠭᠤᠯᠤᠨ ᠲᠣᠭᠲᠠᠭᠠᠭᠰᠠᠨ ᠬᠠᠷᠠᠯᠲᠠ᠎ᠶᠢ ᠪᠡᠶᠡᠯᠡᠭᠦᠯᠵᠦ᠍᠂ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠬᠤ ᠬᠢᠷᠢ ᠬᠡᠮᠵᠢᠶ᠎ᠠ᠎ᠵᠢ ᠤᠯᠠᠮ ᠨᠢᠬᠡ ᠠᠯᠬᠤᠮ ᠳᠡᠭᠡᠭᠰᠢᠯᠡᠬᠦᠯᠦᠨ᠎ᠠ᠃ 2035 ᠣᠨ ᠪᠣᠯᠬᠤ᠎ᠳᠤ᠂ ᠲᠦᠷᠢᠮ ᠪᠦᠷᠢᠨ ᠲᠡᠭᠦᠯᠳᠡᠷ᠂ ᠪᠠᠶ᠋ᠢᠷᠢᠰᠢᠯ ᠵᠦᠶ ᠵᠣᠬᠢᠰᠲᠠᠶ᠂ ᠲᠡᠷᠢᠭᠦᠨ᠎ᠦ ᠮᠡᠷᠭᠡᠵᠢᠯ ᠪᠦᠬᠦᠢ ᠣᠯᠠᠨ ᠲᠠᠯ᠎ᠠ᠎ᠪᠠᠷ ᠬᠣᠯᠪᠣᠭᠠᠯᠠᠨ ᠬᠥᠳᠡᠯᠦᠯᠴᠡᠭᠰᠡᠨ ᠡᠷᠬᠢᠯᠳᠡᠳᠤ ᠠᠵᠤ ᠠᠬᠤᠶ᠎ᠶᠢᠨ ᠴᠢᠨᠠᠷ ᠰᠠᠶ᠋ᠢᠲᠠᠶ ᠬᠥᠭᠵᠢᠯᠲᠡ᠎ᠶᠢᠨ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠵᠤ᠂ ᠡᠬᠢ ᠪᠠᠶᠠᠯᠢᠭ᠎ᠢ ᠪᠥᠬᠥ᠌ ᠲᠠᠯ᠎ᠠ᠎ᠪᠠᠷ ᠠᠷᠪᠢᠯᠠᠨ ᠡᠷᠴᠢᠮᠵᠢᠭᠦᠯᠵᠦ᠍ ᠡᠷᠭᠢᠯᠳᠦᠭᠦᠯᠦᠨ ᠠᠰᠢᠭᠯᠠᠬᠤ ᠠᠵᠢᠯ᠎ᠤᠨ ᠦᠷ᠎ᠡ ᠪᠦᠲᠦᠮᠵᠢ᠎ᠶᠢ ᠢᠯᠡᠳᠲᠡ ᠪᠣᠯᠭᠠᠵᠤ᠂ ᠭᠤᠤᠯ ᠪᠣᠯᠬᠤ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ᠎ᠶᠢ ᠤᠯᠤᠰ᠎ᠤᠨ ᠳᠣᠲᠣᠭᠠᠳᠤ᠎ᠶᠢᠨ ᠲᠡᠷᠢᠭᠦᠨ᠎ᠦ ᠲᠦᠪᠰᠢᠨ᠎ᠳᠦ ᠬᠦᠷᠭᠡᠨ᠎ᠡ ᠬᠡᠵᠦ ᠳᠤᠲᠤᠷᠬᠠᠢᠯᠠᠵᠠᠢ᠃
《ᠪᠢᠳᠡ ᠨᠢᠭᠡᠨᠲᠡ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶᠢᠨ ᠡᠷᠬᠢᠯᠳᠡᠳᠤ ᠠᠵᠤ ᠠᠬᠤᠶ᠎ᠶᠢᠨ ᠬᠦᠷᠢᠶᠡᠨ᠎ᠦ ᠲᠥᠷᠥᠯ ᠵᠦᠢᠯ᠎ᠢ ᠲᠥᠯᠦᠪᠵᠢᠬᠦᠯᠦᠨ ᠨᠥᠭᠡᠴᠡᠯᠡᠬᠦ᠌ ᠠᠵᠢᠯ᠎ᠤᠨ ᠵᠢᠯᠣᠭᠣᠳᠤᠮᠵᠢ ᠶ᠋ᠢ ᠳᠠᠷᠤᠮᠠᠯᠯᠠᠨ ᠲᠠᠷᠬᠠᠭᠠᠵᠤ᠂ ᠲᠥᠷᠥᠯ ᠵᠦᠢᠯ᠎ᠢ ᠲᠦᠯᠦᠪᠵᠢᠬᠦᠯᠦᠨ ᠨᠥᠭᠡᠴᠡᠯᠡᠬᠦ᠌ ᠠᠵᠢᠯ᠎ᠢ ᠡᠬᠢᠯᠡᠭᠦᠯᠬᠦ᠌᠎ᠶᠢᠨ ᠬᠠᠮᠲᠤ᠌ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ᠪᠣᠯᠤᠨ ᠡᠯ᠎ᠡ ᠠᠶ᠋ᠢᠮᠠᠭ ᠬᠣᠲᠠ᠎ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠲᠡᠶ ᠬᠠᠮᠲᠤᠷᠠᠨ ᠴᠢᠬᠤᠯᠠ ᠶᠡᠬᠡ ᠲᠦᠷᠦᠯ ᠵᠦᠢᠯ᠎ᠢ ᠶᠡᠬᠡ ᠪᠡᠷ ᠠᠬᠢᠭᠤᠯᠤᠨ᠂ 〈ᠲᠥᠯᠥᠪᠵᠢᠭᠦᠯᠭᠡ〉 ᠶ᠋ᠢ ᠨᠠᠶ᠋ᠢᠳᠠᠪᠤᠷᠢᠵᠢᠭᠤᠯᠬᠤ᠎ᠳᠤ ᠲᠥᠷᠥᠯ ᠵᠦᠢᠯ᠎ᠦᠨ ᠨᠥᠭᠡᠴᠡ᠎ᠶᠢᠨ ᠲᠤᠯᠭᠠᠭᠤᠷᠢᠯᠠᠯ ᠬᠠᠩᠭᠠᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃