ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-09-28 16:17:48

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠤᠯᠠᠨ ᠲᠦᠮᠡᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠠᠮᠦᠷ ᠲᠦᠪᠰᠢᠨ ᠶ᠋ᠢᠡᠷ ᠬᠡᠷᠡᠭᠯᠡᠬᠦ ᠶ᠋ᠢ ᠪᠠᠳᠤᠯᠠᠬᠤ ᠶ᠋ᠢᠨ ᠲᠦᠯᠦᠭᠡ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠦᠪᠡᠷᠳᠡᠭᠡᠨ ᠵᠠᠰᠠᠬᠤ ᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠶ᠋ᠢᠨ ᠵᠦᠪᠯᠡᠯ᠂ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠳᠤᠯᠠᠭ᠎ᠠ ᠶ᠋ᠢᠨ ᠲᠤᠪᠴᠢᠶ᠎ᠠ ᠲᠠᠢ ᠬᠠᠮᠳᠤᠷᠠᠨ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠴᠤᠷᠢ ᠵᠢᠨ ᠭᠠᠭᠴᠠ ᠱᠤᠰᠢᠭ᠎ᠠ ᠲᠡᠮᠳᠡᠭ ᠢ᠋ ᠬᠡᠷᠡᠭᠵᠢᠭᠦᠯᠬᠦ ᠠᠵᠢᠯ ᠢ᠋ ᠪᠦᠬᠦ ᠲᠠᠯ᠎ᠠ ᠪᠡᠷ ᠠᠬᠢᠭᠤᠯᠬᠤ ᠲᠦᠰᠦᠯ》 ᠢ᠋ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠴᠤᠷᠢ ᠵᠢᠨ ᠭᠠᠭᠴᠠ ᠱᠤᠰᠢᠭ᠎ᠠ ᠲᠡᠮᠳᠡᠭ ᠢ᠋ ᠬᠡᠷᠡᠭᠵᠢᠭᠦᠯᠬᠦ ᠠᠵᠢᠯ ᠢ᠋ ᠪᠦᠬᠦ ᠲᠠᠯ᠎ᠠ ᠪᠡᠷ ᠠᠬᠢᠭᠤᠯᠬᠤ ᠲᠦᠰᠦᠯ ᠳ᠋ᠤ᠂ ᠦᠢᠯᠡᠳᠪᠤᠷᠢᠯᠡᠯ᠂ ᠡᠵᠡᠩᠨᠡᠯᠳᠡ᠂ ᠬᠡᠷᠡᠭᠯᠡᠭᠡ ᠶ᠋ᠢᠨ ᠪᠦᠬᠦ ᠭᠤᠭᠴᠤᠭ᠎ᠠ ᠳ᠋ᠤ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠴᠤᠷᠢ ᠵᠢᠨ ᠭᠠᠭᠴᠠ ᠱᠤᠰᠢᠭ᠎ᠠ ᠲᠡᠮᠳᠡᠭ (UDI) ᠢ᠋ ᠨᠠᠢᠳᠠᠪᠤᠷᠢᠵᠢᠭᠤᠯᠤᠨ ᠬᠡᠷᠡᠭᠵᠢᠬᠦᠯᠬᠦ ᠶ᠋ᠢ ᠲᠤᠳᠤᠷᠬᠠᠢᠯᠠᠵᠤ᠂ ᠤᠯᠤᠰ ᠡᠴᠡ ᠤᠨᠴᠠᠭᠠᠢ ᠳᠤᠭᠳᠠᠭᠠᠯ ᠲᠠᠢ ᠦᠢᠯᠡᠳᠭᠦᠨ ᠡᠴᠡ ᠭᠠᠳᠠᠨ᠎ᠠ᠂ 2027 ᠤᠨ ᠤ᠋ 6 ᠰᠠᠷ᠎ᠠ ᠶ᠋ᠢᠨ 1 ᠡᠴᠡ ᠡᠬᠢᠯᠡᠨ ᠦᠢᠯᠡᠳᠪᠤᠷᠢᠯᠡᠭᠰᠡᠨ ᠪᠦᠬᠦ ᠬᠤᠶᠠᠳᠤᠭᠠᠷ ᠲᠦᠷᠦᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ (ᠪᠡᠶ᠎ᠠ ᠶ᠋ᠢᠨ ᠭᠠᠳᠠᠨ᠎ᠠ ᠡᠴᠡ ᠤᠨᠤᠰᠢᠯᠠᠬᠤ ᠲᠤᠷᠰᠢᠭᠴᠢ ᠡᠮ ᠢ᠋ ᠪᠠᠭᠳᠠᠭᠠᠨ᠎ᠠ) ᠪᠤᠯᠤᠨ ᠪᠦᠬᠦ ᠨᠢᠭᠡᠳᠦᠭᠡᠷ ᠲᠦᠷᠦᠯ ᠤ᠋ᠨ ᠪᠡᠶ᠎ᠠ ᠶ᠋ᠢᠨ ᠭᠠᠳᠠᠨ᠎ᠠ ᠡᠴᠡ ᠤᠨᠤᠰᠢᠯᠠᠬᠤ ᠲᠤᠷᠰᠢᠭᠴᠢ ᠡᠮ ᠳ᠋ᠤ ᠴᠦᠮ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠴᠤᠷᠢ ᠵᠢᠨ ᠭᠠᠭᠴᠠ ᠱᠤᠰᠢᠭ᠎ᠠ ᠲᠡᠮᠳᠡᠭ (UDI) ᠪᠠᠢᠬᠤ ᠬᠡᠷᠡᠭᠳᠠᠢ᠃ 2027 ᠤᠨ ᠤ᠋ 6 ᠰᠠᠷ᠎ᠠ ᠶ᠋ᠢᠨ 1 ᠡᠴᠡ ᠡᠮᠦᠨ᠎ᠠ ᠦᠢᠯᠡᠳᠪᠤᠷᠢᠯᠡᠭᠰᠡᠨ ᠳᠡᠭᠡᠷ᠎ᠠ ᠳᠤᠷᠠᠳᠤᠭᠰᠠᠨ ᠵᠦᠢᠯ ᠳ᠋ᠤ ᠴᠤᠷᠢ ᠵᠢᠨ ᠭᠠᠭᠴᠠ ᠱᠤᠰᠢᠭ᠎ᠠ ᠲᠡᠮᠳᠡᠭ ᠦᠭᠡᠢ ᠪᠠᠢᠵᠤ ᠪᠤᠯᠤᠨ᠎ᠠ; 2029 ᠤᠨ ᠤ᠋ 6 ᠰᠠᠷ᠎ᠠ ᠶ᠋ᠢᠨ 1 ᠡᠴᠡ ᠡᠬᠢᠯᠡᠵᠦ ᠦᠢᠯᠡᠳᠪᠤᠷᠢᠯᠡᠭᠰᠡᠨ ᠪᠦᠬᠦ ᠨᠢᠭᠡᠳᠦᠭᠡᠷ ᠲᠦᠷᠦᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠳ᠋ᠤ ᠴᠦᠮ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠴᠤᠷᠢ ᠵᠢᠨ ᠭᠠᠭᠴᠠ ᠱᠤᠰᠢᠭ᠎ᠠ ᠲᠡᠮᠳᠡᠭ ᠪᠠᠢᠬᠤ ᠬᠡᠷᠡᠭᠳᠠᠢ᠃ 2029 ᠤᠨ ᠤ᠋ 6 ᠰᠠᠷ᠎ᠠ ᠶ᠋ᠢᠨ 1 ᠡᠴᠡ ᠡᠮᠦᠨ᠎ᠠ ᠦᠢᠯᠡᠳᠪᠤᠷᠢᠯᠡᠭᠰᠡᠨ ᠨᠢᠭᠡᠳᠦᠭᠡᠷ ᠲᠦᠷᠦᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠳ᠋ᠤ ᠴᠤᠷᠢ ᠵᠢᠨ ᠭᠠᠭᠴᠠ ᠱᠤᠰᠢᠭ᠎ᠠ ᠲᠡᠮᠳᠡᠭ ᠦᠭᠡᠢ ᠪᠠᠢᠵᠤ ᠪᠤᠯᠤᠨ᠎ᠠ; 2027 ᠤᠨ ᠤ᠋ 6 ᠰᠠᠷ᠎ᠠ ᠶ᠋ᠢᠨ 1 ᠡᠴᠡ ᠡᠬᠢᠯᠡᠵᠦ ᠦᠢᠯᠡᠳᠪᠤᠷᠢᠯᠡᠭᠰᠡᠨ ᠪᠦᠬᠦ ᠬᠤᠶᠠᠳᠤᠭᠠᠷ ᠲᠦᠷᠦᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ (ᠪᠡᠶ᠎ᠠ ᠶ᠋ᠢᠨ ᠭᠠᠳᠠᠨ᠎ᠠ ᠡᠴᠡ ᠤᠨᠤᠰᠢᠯᠠᠬᠤ ᠲᠤᠷᠰᠢᠭᠴᠢ ᠡᠮ ᠢ᠋ ᠪᠠᠭᠳᠠᠭᠠᠨ᠎ᠠ) ᠪᠤᠯᠤᠨ ᠪᠦᠬᠦ ᠨᠢᠭᠡᠳᠦᠭᠡᠷ ᠲᠦᠷᠦᠯ ᠤ᠋ᠨ ᠪᠡᠶ᠎ᠠ ᠶ᠋ᠢᠨ ᠭᠠᠳᠠᠨ᠎ᠠ ᠡᠴᠡ ᠤᠨᠤᠰᠢᠯᠠᠬᠤ ᠲᠤᠷᠰᠢᠭᠴᠢ ᠡᠮ᠂ 2029 ᠤᠨ ᠤ᠋ 6 ᠰᠠᠷ᠎ᠠ ᠶ᠋ᠢᠨ 1 ᠡᠴᠡ ᠡᠬᠢᠯᠡᠵᠦ ᠦᠢᠯᠡᠳᠪᠤᠷᠢᠯᠡᠭᠰᠡᠨ ᠪᠦᠬᠦ ᠨᠢᠭᠡᠳᠦᠭᠡᠷ ᠲᠦᠷᠦᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠵᠠᠬ᠎ᠠ ᠳᠡᠯᠭᠡᠭᠦᠷ ᠲᠤ᠌ ᠭᠠᠷᠭᠠᠨ ᠪᠤᠷᠤᠯᠠᠭᠤᠯᠬᠤ ᠡᠴᠡ ᠡᠮᠦᠨ᠎ᠠ᠂ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠳᠠᠩᠰᠠᠯᠠᠭᠤᠯᠤᠭᠰᠠᠨ ᠬᠦᠮᠦᠨ ᠪᠠ ᠳᠠᠩᠰᠠᠨ ᠳ᠋ᠤ ᠲᠡᠮᠳᠡᠭᠯᠡᠭᠰᠡᠨ ᠬᠦᠮᠦᠨ ᠬᠤᠯᠪᠤᠭᠳᠠᠯ ᠪᠦᠬᠦᠢ ᠪᠠᠷᠢᠮᠵᠢᠶ᠎ᠠ ᠪᠤᠶᠤ ᠳᠦᠷᠢᠮ ᠶᠤᠰᠤᠭᠠᠷ ᠬᠠᠮᠤᠭ ᠤ᠋ᠨ ᠵᠢᠵᠢᠭ ᠪᠤᠷᠤᠯᠠᠭᠤᠯᠬᠤ ᠨᠢᠭᠡᠴᠢ᠂ ᠨᠡᠩ ᠳᠡᠭᠡᠳᠦ ᠳᠡᠰ ᠤ᠋ᠨ ᠪᠤᠭᠤᠳᠠᠯ ᠪᠠᠭᠯᠠᠭ᠎ᠠ ᠪᠦᠬᠦᠢ ᠦᠢᠯᠡᠳᠭᠦᠨ ᠤ᠋ ᠱᠤᠰᠢᠭ᠎ᠠ ᠲᠡᠮᠳᠡᠭ ᠪᠠ ᠬᠤᠯᠪᠤᠭᠳᠠᠯ ᠪᠦᠬᠦᠢ ᠲᠤᠭ᠎ᠠ ᠪᠠᠷᠢᠮᠳᠠ ᠶ᠋ᠢ ᠤᠯᠤᠰ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠴᠤᠷᠢ ᠵᠢᠨ ᠭᠠᠭᠴᠠ ᠱᠤᠰᠢᠭ᠎ᠠ ᠲᠡᠮᠳᠡᠭ ᠤ᠋ᠨ ᠳ᠋ᠠᠢᠲ᠋ᠠ ᠬᠦᠮᠦᠷᠭᠡ ᠳ᠋ᠤ ᠤᠷᠤᠭᠤᠯᠵᠤ᠂ ᠲᠤᠭ᠎ᠠ ᠪᠠᠷᠢᠮᠳᠠ ᠨᠢ ᠦᠨᠡᠨ ᠪᠤᠳᠠᠳᠠᠢ᠂ ᠤᠨᠤᠪᠴᠢᠳᠠᠢ᠂ ᠪᠦᠷᠢᠨ ᠪᠦᠲᠦᠨ᠂ ᠮᠦᠷᠳᠡᠵᠦ ᠪᠤᠯᠬᠤ ᠶ᠋ᠢ ᠪᠠᠳᠤᠯᠠᠬᠤ ᠬᠡᠷᠡᠭᠳᠠᠢ ᠭᠡᠵᠦ ᠳᠤᠷᠠᠳᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面