2026-10-10 09:57:41
ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ 《ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠲᠤᠬᠠᠢ ᠰᠠᠨᠠᠯ》 (ᠳᠣᠷᠣᠭ᠍ᠰᠢ 《ᠰᠠᠨᠠᠯ》 ᠭᠡᠵᠦ ᠲᠤᠪᠴᠢᠯᠠᠨ᠎ᠠ) ᠢ᠋ ᠳᠠᠷᠤᠮᠠᠯᠯᠠᠨ ᠲᠠᠷᠬᠠᠭᠠᠪᠠ᠃
《ᠰᠠᠨᠠᠯ》 ᠨᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ᠎ᠶᠢ ᠡᠭᠦᠳᠬᠦ᠎ᠪᠡᠷ ᠤᠳᠤᠷᠢᠳᠤᠮᠵᠢ ᠪᠣᠯᠭᠠᠬᠤ᠂ ᠥᠭᠡᠷᠡᠴᠢᠯᠡᠯᠲᠡ᠎ᠪᠡᠷ ᠭᠣᠣᠯᠳᠠᠯᠭ᠎ᠠ ᠪᠣᠯᠭᠠᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠂ ᠤᠷᠢᠳ᠎ᠢᠶᠡᠷ ᠪᠠᠢᠭᠤᠯᠵᠤ ᠳᠠᠷᠠᠭ᠎ᠠ ᠨᠢ ᠡᠪᠳᠡᠬᠦ᠎ᠶᠢ ᠪᠠᠷᠢᠮᠲᠠᠯᠠᠵᠤ᠂ ᠳᠡᠭᠡᠳᠦ ᠮᠡᠷᠭᠡᠵᠢᠯ᠂ ᠥᠨᠳᠥᠷ ᠦᠷ᠎ᠡ ᠪᠦᠲᠦᠮᠵᠢ᠂ ᠴᠢᠨᠠᠷ ᠰᠠᠢᠲᠠᠢ ᠪᠠᠢᠬᠤ ᠵᠢ ᠪᠠᠷᠢᠮᠲᠠᠯᠠᠵᠤ᠂ ᠵᠠᠰᠠᠭ᠎ᠤᠨ ᠣᠷᠳᠣᠨ ᠪᠤᠯᠤᠨ ᠵᠠᠬ᠎ᠠ ᠳᠡᠯᠭᠡᠭᠦᠷ᠂ ᠶᠠᠰᠤ ᠴᠢᠨᠠᠷ᠎ᠤᠨ ᠪᠠᠢᠳᠠᠯ ᠪᠤᠯᠤᠨ ᠡᠵᠡᠩᠨᠡᠯᠲᠡ᠎ᠶᠢᠨ ᠬᠡᠯᠪᠡᠷᠢ᠂ ᠥᠭᠡᠷᠡᠴᠢᠯᠡᠯᠲᠡ ᠪᠤᠯᠤᠨ ᠬᠥᠭᠵᠢᠯᠲᠡ᠂ ᠪᠡᠶ᠎ᠡ᠎ᠪᠡᠨ ᠳᠠᠭᠠᠭᠠᠬᠤ ᠪᠤᠯᠤᠨ ᠨᠡᠭᠡᠭᠡᠯᠲᠡ ᠬᠢᠬᠦ᠎ᠶᠢᠨ ᠬᠠᠷᠢᠴᠠᠭ᠎ᠠ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠰᠢᠢᠳᠪᠦᠷᠢᠯᠡᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ ᠪᠡᠷ ᠵᠢᠯᠣᠭᠣᠳᠤᠮᠵᠢ ᠪᠣᠯᠭᠠᠵᠤ᠂ ᠪᠦᠬᠦ ᠡᠯᠸᠮᠸᠨ᠋ᠲ᠎ᠤᠨ ᠦᠢᠯᠡᠳᠪᠦᠷᠢᠯᠡᠯ᠎ᠦᠨ ᠨᠣᠷᠮ᠎ᠠ᠎ᠶᠢ ᠶᠡᠬᠡ ᠬᠡᠮᠵᠢᠶ᠎ᠡ᠎ᠪᠡᠷ ᠳᠡᠭᠡᠭᠰᠢᠯᠡᠭᠦᠯᠬᠦ᠎ᠪᠡᠷ ᠭᠣᠣᠯ ᠪᠡᠯᠭᠡ ᠲᠡᠮᠳᠡᠭ ᠪᠣᠯᠭᠠᠵᠤ᠂ ᠮᠡᠷᠭᠡᠵᠢᠯ᠎ᠦᠨ ᠬᠤᠪᠢᠰᠬᠠᠯ᠎ᠤᠨ ᠴᠢᠨᠠᠷᠲᠠᠢ ᠲᠠᠪᠠᠯᠳᠠ ᠭᠠᠷᠭᠠᠬᠤ᠂ ᠦᠢᠯᠡᠳᠪᠦᠷᠢᠯᠡᠯ᠎ᠦᠨ ᠬᠦᠴᠦᠨ ᠵᠦᠢᠯ᠎ᠤᠨ ᠰᠢᠨ᠎ᠡ᠎ᠶᠢ ᠡᠭᠦᠳᠬᠦ ᠴᠢᠨᠠᠷᠲᠠᠢ ᠲᠣᠬᠢᠷᠠᠭᠤᠯᠤᠯᠲᠠ᠂ ᠠᠵᠤ ᠦᠢᠯᠡᠰ᠎ᠦᠨ ᠭᠦᠨᠵᠡᠭᠡᠢ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦᠯᠬᠦ᠎ᠶᠢ ᠠᠬᠢᠭᠤᠯᠵᠤ᠂ ᠬᠥᠳᠡᠯᠮᠦᠷᠢᠴᠢᠨ᠂ ᠬᠥᠳᠡᠯᠮᠦᠷᠢ᠎ᠶᠢᠨ ᠬᠡᠷᠡᠭᠰᠡᠯ᠂ ᠬᠥᠳᠡᠯᠮᠦᠷᠢ᠎ᠶᠢᠨ ᠡᠲᠡᠭᠡᠳ᠎ᠢ ᠰᠢᠯᠢᠳᠡᠭᠵᠢᠭᠦᠯᠦᠨ ᠵᠣᠬᠢᠶᠠᠨ ᠪᠠᠶ᠋ᠢᠭᠤᠯᠬᠤ ᠪᠠ ᠰᠢᠨᠡᠳᠬᠡᠨ ᠳᠡᠭᠡᠭᠰᠢᠯᠡᠭᠦᠯᠬᠦ᠎ᠶᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠰᠢᠨ᠎ᠡ᠎ᠶᠢ ᠡᠭᠦᠳᠬᠦ᠂ ᠬᠥᠭᠵᠢᠯᠲᠡ᠎ᠶᠢᠨ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠬᠦ᠂ ᠪᠠᠢᠭᠤᠯᠤᠯ ᠲᠣᠭᠲᠡᠴᠡ᠎ᠶᠢᠨ ᠰᠢᠨ᠎ᠡ᠎ᠶᠢ ᠡᠭᠦᠳᠬᠦ᠂ ᠴᠢᠳᠠᠪᠤᠷᠢᠲᠠᠨ᠎ᠤ ᠠᠵᠢᠯ᠎ᠤᠨ ᠲᠣᠭᠲᠡᠴᠡ᠎ᠶᠢᠨ ᠰᠢᠨ᠎ᠡ᠎ᠶᠢ ᠡᠭᠦᠳᠬᠦ᠎ᠶᠢ ᠪᠦᠬᠦ ᠲᠠᠯ᠎ᠠ᠎ᠪᠠᠷ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠲᠠᠢ ᠨᠡᠩ ᠵᠣᠬᠢᠴᠠᠭᠰᠠᠨ ᠦᠢᠯᠡᠳᠪᠦᠷᠢᠯᠡᠯ᠎ᠦᠨ ᠬᠠᠷᠢᠴᠠᠭ᠎ᠠ᠎ᠶᠢ ᠲᠦᠷᠭᠡᠳᠬᠡᠨ ᠪᠦᠷᠢᠯᠳᠦᠭᠦᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠳᠤ ᠠᠰᠢᠭ᠍ᠲᠠᠢ ᠰᠠᠢᠨ ᠰᠠᠢᠬᠠᠨ ᠬᠥᠭᠵᠢᠯᠲᠡ᠎ᠶᠢᠨ ᠠᠮᠢ ᠠᠬᠤᠢ᠎ᠶᠢ ᠪᠤᠢ ᠪᠣᠯᠭᠠᠵᠤ᠂ ᠴᠢᠨᠠᠷ ᠰᠠᠢᠲᠠᠢ ᠬᠥᠭᠵᠢᠯᠲᠡ᠎ᠶᠢ ᠨᠡᠩ ᠰᠠᠢᠳᠤᠷ ᠲᠤᠯᠭᠠᠭᠤᠷᠢᠯᠠᠨ᠎ᠠ᠃
《ᠰᠠᠨᠠᠯ》 ᠳ᠋ᠦ 5 ᠲᠠᠯ᠎ᠠ᠎ᠶᠢᠨ ᠰᠢᠨ᠎ᠡ᠎ᠶᠢ ᠡᠭᠦᠳᠬᠦ ᠵᠢᠨ ᠲᠤᠭᠤᠷᠢᠨ᠎ᠳᠦ᠂ 19 ᠵᠦᠢᠯ᠎ᠦᠨ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ᠎ᠶᠢ ᠳᠤᠷᠠᠳᠪᠠ᠃ ᠨᠢᠭᠡ᠎ᠳᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠶᠡᠬᠡ ᠪᠡᠷ ᠠᠬᠢᠭᠤᠯᠤᠨ᠎ᠠ᠃ ᠠᠩᠬᠠᠨ᠎ᠤ ᠡᠭᠦᠳᠦᠯᠲᠡ᠎ᠶᠢᠨ ᠴᠢᠨᠠᠷᠲᠠᠢ ᠨᠤᠷᠠᠭᠠᠯᠲᠠ᠎ᠶᠢᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠰᠢᠪᠲᠤᠯᠤᠯᠲᠠ ᠬᠢᠬᠦ᠎ᠶᠢ ᠲᠦᠷᠭᠡᠳᠬᠡᠨ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠦᠨ᠎ᠦ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠬᠦᠯᠵᠤ᠂ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠭᠤᠤᠯ ᠴᠣᠭᠴᠠ᠎ᠶᠢᠨ ᠪᠠᠢᠷᠢ ᠰᠠᠭᠤᠷᠢ᠎ᠶᠢ ᠪᠠᠳᠤᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠤᠨ ᠬᠦᠴᠦᠨ ᠪᠤᠯᠭᠠᠨ ᠤᠯᠠᠷᠢᠭᠤᠯᠬᠤ ᠶᠢ ᠲᠦᠷᠬᠡᠳᠬᠡᠨ᠎ᠡ᠃ ᠬᠣᠶᠠᠷ᠎ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠢᠷᠡᠭᠡᠳᠦᠢ᠎ᠶᠢᠨ ᠠᠵᠤ ᠦᠢᠯᠡᠰ᠎ᠢ ᠪᠠᠷᠠᠯᠠᠯᠳᠤ ᠴᠢᠨᠠᠷᠳᠠᠢ ᠪᠠᠢᠷᠢᠰᠢᠭᠤᠯᠵᠤ᠂ ᠪᠣᠳᠠᠲᠤ ᠴᠣᠭᠴᠠ᠎ᠶᠢᠨ ᠠᠵᠤ ᠠᠬᠤᠢ ᠪᠠ ᠲᠣᠭᠠᠴᠢᠯᠠᠭᠰᠠᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠂ 《 ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠶᠢ ᠪᠦᠭᠦ ᠲᠠᠯ᠎ᠠ᠎ᠪᠠᠷ ᠬᠡᠷᠡᠭᠵᠢᠭᠦᠯᠦᠨ᠎ᠡ᠃ ᠭᠤᠷᠪᠠ᠎ᠳᠤ᠂ ᠬᠥᠭᠵᠢᠯᠲᠡ᠎ᠶᠢᠨ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠬᠦ᠎ᠶᠢ ᠬᠦᠴᠦᠯᠡᠨ ᠠᠬᠢᠭᠤᠯᠤᠨ᠎ᠠ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠡᠷᠭᠢᠯᠲᠡᠲᠦ ᠬᠥᠭᠵᠢᠯᠲᠡ᠎ᠶᠢᠨ ᠠᠵᠤ ᠠᠬᠤᠢ᠎ᠶᠢᠨ ᠰᠢᠰᠲᠧᠮ᠎ᠢ ᠪᠠᠢᠭᠤᠯᠵᠤ᠂ ᠪᠣᠬᠢᠷᠳᠤᠯ ᠦᠭᠡᠢ ᠬᠥᠭᠵᠢᠯᠲᠡ᠎ᠶᠢᠨ ᠲᠦᠷᠦ᠎ᠶᠢᠨ ᠪᠣᠳᠣᠯᠭ᠎ᠠ ᠶᠢᠨ ᠪᠠᠭᠠᠵᠢ᠎ᠶᠢᠨ ᠬᠠᠢᠷᠴᠠᠭ᠎ᠢ ᠰᠢᠯᠢᠳᠡᠭᠵᠢᠭᠦᠯᠵᠦ᠂ ᠡᠨᠧᠷᠭᠢ᠎ᠶᠢᠨ ᠬᠤᠪᠢᠰᠬᠠᠯ᠎ᠢ ᠢᠳᠡᠪᠬᠢᠲᠡᠢ ᠠᠬᠢᠭᠤᠯᠤᠨ᠎ᠠ᠃ ᠳᠥᠷᠪᠡ᠎ᠳᠦ᠂ ᠪᠠᠢᠭᠤᠯᠤᠯ ᠲᠣᠭᠲᠠᠴᠠ᠎ᠶᠢᠨ ᠲᠠᠯ᠎ᠠ᠎ᠪᠠᠷ ᠰᠢᠨ᠎ᠡ᠎ᠶᠢ ᠡᠭᠦᠳᠬᠦ᠎ᠶᠢ ᠯᠠᠪᠳᠠᠭᠤᠨ ᠪᠠᠳᠤᠳᠠᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠵᠤ ᠠᠬᠤᠢ᠎ᠶᠢ ᠨᠢᠭ᠍ᠲᠠ ᠤᠶᠠᠯᠳᠤᠭᠤᠯᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠮᠥᠩᠭᠥᠨ ᠭᠦᠢᠯᠭᠡᠭᠡᠨ ᠦ ᠰᠢᠨ᠎ᠡ᠎ᠶᠢ ᠡᠭᠦᠳᠦᠭᠰᠡᠨ ᠦᠢᠯᠡᠳᠬᠦᠨ᠎ᠦ ᠬᠠᠩᠭᠠᠯᠭ᠎ᠠ᠎ᠶᠢ ᠨᠡᠮᠡᠭᠳᠡᠭᠦᠯᠵᠦ᠂ ᠪᠦᠭᠦ ᠪᠥᠮᠪᠥᠷᠴᠡᠭ᠎ᠲᠦ ᠲᠡᠷᠢᠭᠦᠨ᠎ᠦ ᠦᠢᠯᠡᠳᠪᠦᠷᠢᠯᠡᠯ᠎ᠦᠨ ᠡᠯᠧᠮᠧᠨ᠋ᠲ᠎ᠢ ᠳᠤᠬᠢᠷᠠᠭᠤᠯᠤᠨ᠎ᠠ᠃ ᠲᠠᠪᠤ᠎ᠳᠤ᠂ ᠴᠢᠳᠠᠪᠤᠷᠢᠲᠠᠨ᠎ᠤ ᠠᠵᠢᠯ᠎ᠤᠨ ᠲᠣᠭᠲᠠᠴᠠ᠎ᠶᠢᠨ ᠰᠢᠨ᠎ᠡ᠎ᠶᠢ ᠡᠭᠦᠳᠬᠦ᠎ᠶᠢ ᠬᠦᠨᠵᠡᠭᠡᠢᠷᠡᠬᠦᠯᠦᠨᠡ᠃ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠳᠦ ᠪᠠᠴᠢᠮ ᠱᠠᠭᠠᠷᠳᠠᠭᠳᠠᠬᠤ ᠴᠢᠳᠠᠪᠤᠷᠢᠲᠠᠨ᠎ᠢ ᠬᠥᠮᠥᠵᠢᠭᠦᠯᠵᠦ ᠂ ᠴᠢᠳᠠᠪᠤᠷᠢᠲᠠᠨ᠎ᠢ ᠬᠡᠷᠡᠭᠯᠡᠬᠦ ᠪᠠ ᠰᠢᠯᠵᠢᠭᠦᠯᠬᠦ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠦᠨ᠎ᠡ᠃
《ᠰᠠᠨᠠᠯ》 ᠳ᠋ᠤ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠪᠦᠬᠦ᠌ ᠤᠯᠤᠰ᠎ᠢᠶᠠᠷ᠎ᠢᠶᠠᠨ ᠨᠢᠭᠡ ᠬᠥᠯᠭᠡ ᠰᠢᠳᠠᠷ᠎ᠠ ᠪᠠᠢᠬᠤ ᠦᠵᠡᠯ ᠰᠠᠨᠠᠭ᠎ᠠ᠎ᠪᠠᠨ ᠴᠢᠩᠭᠠᠳᠬᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠬᠤ᠎ᠶᠢ ᠪᠠᠷᠢᠮᠲᠠᠯᠠᠵᠤ᠂ ᠲᠦᠷᠦᠯ ᠬᠤᠪᠢᠶᠠᠨ ᠵᠢᠯᠣᠭᠣᠳᠬᠤ ᠪᠠ ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ᠎ᠶᠢ ᠨᠢᠭᠡᠳᠦᠯᠲᠡᠢ ᠲᠥᠯᠥᠪᠵᠢᠭᠦᠯᠬᠦ᠌᠎ᠪᠡᠨ ᠴᠢᠩᠭᠠᠳᠬᠠᠵᠤ᠂ ᠴᠢᠬᠤᠯᠠ ᠶᠡᠬᠡ ᠦᠢᠯᠡᠳᠪᠦᠷᠢᠯᠡᠯ᠎ᠦᠨ ᠬᠦᠴᠦᠨ᠎ᠦ ᠪᠠᠶ᠋ᠢᠷᠢᠰᠢᠭᠤᠯᠤᠯᠲᠠ᠎ᠶᠢ ᠰᠢᠯᠢᠳᠡᠭᠵᠢᠭᠦᠯᠬᠦ᠌ ᠬᠡᠷᠡᠭᠲᠡᠢ᠃ ᠤᠷᠢᠳ ᠵᠢᠡᠷ ᠪᠠᠶ᠋ᠢᠭᠤᠯᠵᠤ ᠳᠠᠷᠠᠭ᠎ᠠ ᠨᠢ ᠡᠪᠳᠡᠬᠦ᠌᠂ ᠲᠣᠭᠲᠠᠭᠤᠨ᠎ᠤ ᠳᠤᠮᠳᠠ ᠠᠬᠢᠯᠳᠠ ᠳᠠᠢ ᠪᠠᠢᠬᠤ᠎ᠶᠢ ᠪᠠᠷᠢᠮᠲᠠᠯᠠᠵᠤ᠂ ᠪᠣᠳᠠᠲᠤ᠌ ᠪᠠᠶ᠋ᠢᠳᠠᠯ᠎ᠠᠴᠠ ᠰᠠᠯᠵᠤ ᠬᠡᠢ ᠬᠤᠭᠤᠰᠤᠨ᠎ᠢ ᠬᠥᠭᠡᠭᠡᠴᠡᠯᠳᠦᠬᠦ᠌᠂ ᠶᠡᠬᠡ᠎ᠳᠦ ᠳᠤᠷᠠᠯᠠᠵᠤ ᠪᠦᠷᠢᠨ ᠲᠡᠬᠦᠯᠳᠡᠷᠢ ᠬᠥᠭᠡᠭᠡᠴᠡᠯᠳᠦᠬᠦ᠌ ᠪᠠ ᠬᠦᠬᠡᠰᠦᠷᠡᠯᠢ ᠪᠤᠢ ᠪᠤᠯᠭᠠᠵᠤ ᠪᠣᠯᠬᠤ ᠦᠭᠡᠢ᠂ ᠠᠵᠤ ᠦᠢᠯᠡᠰ ᠬᠣᠭᠣᠰᠣᠷᠠᠬᠤ ᠪᠤᠶᠤ ᠠᠵᠤ ᠦᠢᠯᠡᠰ ᠲᠠᠰᠤᠯᠳᠠᠬᠤ ᠦᠵᠡᠭᠳᠡᠯ᠎ᠢ ᠭᠠᠷᠭᠠᠵᠤ᠌ ᠪᠣᠯᠬᠤ ᠦᠭᠡᠢ᠂ ᠰᠣᠬᠣᠷ ᠪᠠᠯᠠᠢ᠎ᠪᠠᠷ ᠰᠢᠨ᠎ᠡ᠎ᠶᠢ ᠡᠷᠢᠯᠬᠢᠯᠡᠵᠦ᠍᠂ ᠠᠯᠢ ᠠᠯᠢᠨ ᠳ᠋ᠠᠭᠠᠨ ᠵᠠᠪᠳᠤᠬᠤ ᠥᠬᠡᠢ ᠪᠠᠢᠳᠠᠯ᠎ᠢ ᠭᠠᠷᠭᠠᠵᠤ ᠪᠣᠯᠬᠤ ᠦᠭᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠍᠂ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠬᠥᠭᠵᠢᠯᠲᠡ᠎ᠶᠢᠨ ᠠᠷᠭ᠎ᠠ ᠵᠠᠮ᠎ᠢ ᠰᠦᠪᠡᠭᠴᠢᠯᠡᠵᠦ᠍᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌ ᠨᠡᠷ᠎ᠡ᠎ᠪᠡᠷ ᠲᠣᠭᠲᠠᠭᠠᠯ᠎ᠢ ᠵᠥᠷᠢᠴᠡᠨ ᠲᠦᠷᠦ᠎ᠶᠢᠨ ᠪᠤᠳᠤᠯᠭ᠎ᠠ᠎ᠶᠢ ᠳᠤᠷ᠎ᠠ᠎ᠪᠠᠷ᠎ᠢᠶᠠᠨ ᠬᠡᠷᠡᠭᠯᠡᠬᠦ ᠵᠢ ᠴᠢᠩᠭ᠎ᠠ ᠴᠠᠭᠠᠵᠠᠯᠠᠵᠤ᠂ ᠨᠢᠭᠡ ᠯᠡ ᠳᠣᠣᠷ᠎ᠠ ᠲᠦᠷᠬᠢᠯᠳᠦᠨ ᠬᠢᠬᠦ᠂ ᠰᠣᠬᠣᠷ ᠪᠠᠯᠠᠢ᠎ᠪᠠᠷ ᠪᠡᠯᠡ ᠣᠷᠣᠭᠤᠯᠬᠤ ᠵᠡᠷᠭᠡ᠎ᠡᠴᠡ ᠪᠤᠯᠵᠦ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ ᠪᠠᠶ᠋ᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠌ ᠬᠡᠷᠡᠭᠲᠡᠢ᠃ ᠰᠠᠯᠠᠭ᠎ᠠ ᠮᠥᠴᠢᠷ᠎ᠦᠨ ᠬᠤᠭᠤᠷᠤᠨᠳᠤᠬᠢ ᠵᠣᠬᠢᠴᠠᠭᠤᠯᠭ᠎ᠠ ᠬᠠᠮᠵᠢᠯᠴᠠᠭ᠎ᠠ᠎ᠶᠢ ᠴᠢᠩᠭᠠᠳᠬᠠᠵᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠬᠦᠯᠬᠦ ᠬᠡᠷᠡᠭᠲᠡᠶ ᠬᠡᠵᠦ ᠱᠠᠭᠠᠷᠳᠠᠵᠠᠢ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 9 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃