ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-10-11 11:57:20

ᠵᠣᠬᠢᠶᠠᠭ᠍ᠴᠢ᠄ ᠸᠧᠢ ᠢᠦᠢ ᠺᠦᠨ ᠣᠩᠱᠢᠭ᠍ᠰᠠᠨ ᠣᠳᠠᠭ᠎ᠠ᠄ 3

ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠬᠥᠭᠵᠢᠭᠦᠯᠬᠦ᠌᠎ᠲᠤᠬᠠᠢ ᠨᠠᠮ᠎ᠤᠨ ᠲᠥᠪ ᠬᠣᠷᠢᠢ᠎ᠠ ᠡᠴᠡ ᠴᠢᠬᠤᠯᠠ ᠪᠠᠶ᠋ᠢᠷᠢᠯᠠᠭᠤᠯᠤᠯᠲᠠ ᠬᠢᠪᠡ᠃

10 ᠰᠠᠷ᠎ᠠ᠎ᠶᠢᠨ 9 ᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠳᠠᠷᠤᠮᠠᠯᠯᠠᠨ ᠲᠠᠷᠬᠠᠭᠠᠭᠰᠠᠨ《ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌ ᠲᠤᠬᠠᠶ ᠰᠠᠨᠠᠯ》ᠢ᠋ ᠨᠡᠶ᠋ᠢᠲᠡᠯᠡᠵᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ᠎ᠶᠢ ᠶᠡᠬᠡ᠎ᠪᠡᠷ ᠠᠬᠢᠭᠤᠯᠬᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠭᠦ ᠪᠠ ᠠᠵᠤ ᠦᠢᠯᠡᠰ᠎ᠦᠨ ᠰᠢᠨ᠎ᠡ ᠵᠢ ᠡᠭᠦᠳᠬᠦ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ᠂ ᠬᠥᠭᠵᠢᠯᠲᠡ᠎ᠶᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠬᠦ᠎ᠶᠢ ᠬᠦᠴᠦᠯᠡᠨ ᠠᠬᠢᠭᠤᠯᠬᠤ᠂ ᠪᠠᠶ᠋ᠢᠭᠤᠯᠤᠯ ᠲᠣᠭᠲᠠᠴᠠ᠎ᠶᠢᠨ ᠰᠢᠨ᠎ᠡ ᠵᠢ ᠡᠭᠦᠳᠬᠦ᠎ᠶᠢ ᠯᠠᠪᠳᠠᠭᠤᠨ ᠪᠠᠲᠤᠲᠠᠶ ᠠᠬᠢᠭᠤᠯᠬᠤ᠂ ᠴᠢᠳᠠᠪᠤᠷᠢᠲᠠᠨ᠎ᠤ ᠠᠵᠢᠯ᠎ᠤᠨ ᠲᠣᠭᠲᠠᠴᠠ᠎ᠶᠢᠨ ᠰᠢᠨ᠎ᠡ ᠵᠢ ᠡᠭᠦᠳᠬᠦ᠎ᠶᠢ ᠭᠦᠨᠵᠡᠭᠡᠶ᠋ᠢᠷᠡᠭᠦᠯᠬᠦ᠌ ᠵᠡᠷᠭᠡ 5 ᠲᠠᠯ᠎ᠠ᠎ᠡᠴᠡ 19 ᠵᠦᠢᠯ᠎ᠦᠨ ᠭᠤᠤᠯᠳᠠᠯᠭ᠎ᠠ᠎ᠲᠠᠶ ᠠᠷᠭ᠎ᠠ ᠬᠡᠮᠵᠢᠶ᠎ᠡ᠎ᠶᠢ ᠪᠠᠶ᠋ᠢᠷᠢᠯᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠬᠥᠭᠵᠢᠭᠦᠯᠬᠦ᠌᠎ᠳᠦ ᠵᠠᠮ ᠱᠤᠭᠤᠮ᠎ᠤᠨ ᠵᠢᠷᠤᠭ᠎ᠢ ᠲᠤᠭᠲᠠᠭᠠᠵᠤ ᠥᠭᠪᠡ᠃

《ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠠ ᠠᠵᠤ ᠦᠢᠯᠡᠰ᠎ᠦᠨ ᠬᠤᠪᠢᠰᠤᠯᠲᠠ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌᠎ᠳᠦ ᠭᠡᠭᠡᠨ ᠰᠠᠷᠠᠭᠤᠯ ᠢᠷᠡᠭᠡᠳᠦᠢ᠎ᠶᠢ ᠨᠡᠭᠡᠭᠡᠵᠦ᠍ ᠥᠭᠴᠡᠢ᠂ ᠭᠠᠭᠴᠠ ᠬᠦ᠌ ᠲᠡᠦᠬᠡ᠎ᠶᠢᠨ ᠠᠵᠠ ᠲᠣᠬᠢᠶᠠᠯ᠎ᠢ ᠠᠮᠵᠢᠵᠤ᠂ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠌ ᠴᠢᠳᠠᠪᠤᠷᠢ᠎ᠶᠢ ᠪᠦᠬᠦ᠌ ᠲᠠᠯ᠎ᠠ᠎ᠪᠠᠷ ᠴᠢᠩᠭᠠᠳᠬᠠᠪᠠᠯ ᠰᠠᠶᠢ ᠢᠮᠠᠭᠲᠠ ᠪᠠᠶ᠋ᠢᠯᠳᠤᠬᠤ ᠪᠤᠳᠤᠯᠭ᠎ᠠ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠳᠡᠵᠦ᠍ ᠴᠢᠳᠠᠨ᠎ᠠ》 ᠭᠡᠵᠦ᠍ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠤᠳᠤᠯᠭᠠᠨ᠎ᠤ ᠲᠥᠪ᠎ᠦᠨ ᠰᠤᠳᠤᠯᠤᠭᠴᠢ ᠸᠠᠩ ᠱᠧᠩ ᠰᠢᠶᠤᠤ ᠬᠡᠯᠡᠪᠡ᠃

ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠌ ᠪᠣᠯ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌ ᠦᠨᠳᠦᠰᠦᠨ ᠠᠷᠭ᠎ᠠ ᠵᠠᠮ ᠮᠥᠨ᠃ ᠰᠠᠨᠠᠯ᠎ᠳᠤ ᠠᠯᠤᠰ ᠬᠡᠳᠦ᠎ᠡᠴᠡ ᠪᠣᠳᠣᠯᠬᠢᠯᠠᠵᠤ᠂ ᠣᠳᠣᠬᠠᠨ᠎ᠤ ᠪᠠᠶ᠋ᠢᠳᠠᠯ᠎ᠳᠤ ᠰᠠᠭᠤᠷᠢᠯᠠᠨ᠂ 5 ᠲᠠᠯ᠎ᠠ᠎ᠶᠢᠨ ᠰᠢᠨ᠎ᠡ᠎ᠶᠢ ᠡᠭᠦᠳᠬᠦ᠌᠎ᠵᠢᠨ ᠲᠤᠭᠤᠷᠢᠨ᠎ᠳᠤ ᠭᠣᠣᠯᠳᠠᠯᠭ᠎ᠠ᠎ᠲᠠᠶ ᠠᠷᠭ᠎ᠠ ᠬᠡᠮᠵᠢᠶ᠎ᠡ᠎ᠶᠢ ᠪᠠᠶ᠋ᠢᠷᠢᠯᠠᠭᠤᠯᠵᠤ᠂ ᠰᠢᠨ᠎ᠡ᠎ᠶᠢ ᠡᠭᠦᠳᠬᠦ᠌ ᠡᠨᠡ ᠬᠦ᠌ ᠶᠡᠬᠡ ᠶᠠᠪᠤᠳᠠᠯ᠎ᠢ ᠰᠠᠶ᠋ᠢᠲᠤᠷ ᠬᠢᠵᠦ᠍᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠲᠦᠷᠭᠡᠨ ᠬᠥᠭᠵᠢᠯᠲᠡ᠎ᠶᠢ ᠠᠬᠢᠭᠤᠯᠪᠠ᠃

— ᠠᠩᠬᠠᠨ᠎ᠤ ᠰᠢᠨ᠎ᠡ ᠡᠭᠦᠳᠦᠯᠲᠡ ᠪᠠ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠤᠭᠤᠮᠲᠠ ᠰᠢᠪᠲᠤᠯᠬᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠰᠢᠭᠲᠠᠢ ᠪᠠᠶ᠋ᠢᠷᠢ᠎ᠶᠢ ᠵᠠᠪᠳᠤᠨ ᠡᠵᠡᠯᠡᠬᠦ᠌ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭᠠᠨ᠎ᠠ᠃

ᠰᠠᠨᠠᠯ᠎ᠳᠤ《ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠶᠢ ᠶᠡᠬᠡ᠎ᠪᠡᠷ ᠠᠬᠢᠭᠤᠯᠬᠤ》ᠵᠢ 5 ᠲᠠᠯ᠎ᠠ᠎ᠶᠢᠨ ᠭᠤᠤᠯᠳᠠᠯᠭ᠎ᠠ᠎ᠲᠠᠶ ᠠᠷᠭ᠎ᠠ ᠬᠡᠮᠵᠢᠶ᠎ᠡ᠎ᠶᠢᠨ ᠲᠡᠷᠢᠭᠦᠨ᠎ᠳᠤ ᠲᠠᠯᠪᠢᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠶᠢᠨ ᠴᠢᠬᠤᠯᠠ ᠴᠢᠨᠠᠷ᠎ᠢ ᠳᠣᠪᠣᠶ᠋ᠢᠯᠭᠠᠪᠠ᠃

— ᠰᠢᠨ᠎ᠡ᠎ᠶᠢ ᠡᠭᠦᠳᠬᠦ᠌ ᠬᠡᠯᠬᠢᠶ᠎ᠡ ᠠᠵᠤ ᠦᠢᠯᠡᠰ᠎ᠤᠨ ᠬᠡᠯᠬᠢᠶ᠎ᠡ ᠪᠠᠯᠠ ᠮᠥᠩᠭᠥᠨ᠎ᠦ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠶ᠎ᠪᠡᠷ ᠤᠯᠠᠷᠢᠭᠤᠯᠤᠨ ᠬᠡᠷᠡᠭᠯᠡᠬᠦ᠌᠎ᠶᠢ ᠠᠬᠢᠭᠤᠯᠬᠤ ᠲᠠᠯ᠎ᠠ᠎ᠪᠠᠷ ᠰᠢᠨ᠎ᠡ ᠠᠷᠭ᠎ᠠ ᠵᠠᠮ᠎ᠢ ᠰᠦᠪᠡᠭᠴᠢᠯᠡᠨ᠎ᠡ᠃

ᠬᠡᠷᠪᠡ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ᠎ᠶᠢ ᠨᠢᠭᠡᠨ ᠮᠥᠬᠥᠯᠢᠭ 《ᠦᠷ᠎ᠡ》 ᠪᠡᠷ ᠵᠦᠢᠷᠯᠡᠪᠡᠯ᠂ ᠠᠵᠤ ᠦᠢᠯᠡᠰ᠎ᠦᠨ ᠲᠠᠰ ᠳᠠᠪᠰᠢᠯᠲᠠ ᠪᠣᠯ ᠲᠠᠷᠤᠢ ᠨᠢᠭᠡᠨ ᠰᠠᠭᠤᠷᠢ 《ᠲᠣᠮᠣ ᠮᠣᠳᠣ》 ᠪᠣᠯᠤᠨ᠎ᠠ᠃ ᠦᠷ᠎ᠡ ᠨᠠᠬᠢᠶᠠᠯᠠᠵᠤ᠂ ᠮᠣᠳᠣ ᠰᠠᠬᠤᠯᠢᠭ ᠪᠤᠯᠬᠤ᠎ᠳᠤ ᠰᠢᠨ᠎ᠡ᠎ᠶᠢ ᠡᠭᠦᠳᠬᠦ᠌ ᠬᠡᠯᠬᠢᠶ᠎ᠡ ᠠᠵᠤ ᠦᠢᠯᠡᠰ᠎ᠦᠨ ᠬᠡᠯᠬᠢᠶ᠎ᠡ ᠪᠡᠯᠡ ᠮᠥᠩᠭᠥᠨ᠎ᠦ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ ᠵᠢᠨ ᠭᠦᠨᠵᠡᠭᠡᠢ ᠠᠭᠤᠰᠤᠯᠴᠠᠯ᠎ᠤᠨ ᠰᠢᠮᠡᠳᠦ ᠬᠥᠷᠥᠰᠥᠨ᠎ᠡᠴᠡ ᠰᠠᠯᠵᠤ ᠴᠢᠳᠠᠬᠤ ᠦᠭᠡᠢ ᠶᠤᠮ᠃

︱ᠤᠯᠠᠮᠵᠢᠯᠠᠯᠲᠤ ᠠᠵᠤ ᠦᠢᠯᠡᠰ᠎ᠢ ᠰᠢᠯᠢᠳᠡᠭᠵᠢᠭᠦᠯᠦᠨ ᠳᠡᠭᠡᠭᠰᠢᠯᠡᠭᠦᠯᠭᠦ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠢᠷᠡᠭᠡᠳᠦᠢ᠎ᠶᠢᠨ ᠠᠵᠤ ᠦᠢᠯᠡᠰ᠎ᠢ ᠪᠠᠷᠠᠯᠠᠯᠳᠤ ᠴᠢᠨᠠᠷᠳᠠᠢ ᠪᠡᠷ ᠪᠠᠢᠷᠢᠯᠠᠭᠤᠯᠬᠤ ᠲᠠᠯ᠎ᠠ᠎ᠪᠠᠷ ᠰᠢᠨ᠎ᠡ ᠪᠠᠢᠳᠠᠯ᠎ᠢ ᠡᠭᠦᠳᠦᠨ᠎ᠡ᠃

ᠮᠠᠨ᠎ᠤ ᠤᠯᠤᠰ᠎ᠤᠨ ᠠᠵᠤ ᠦᠢᠯᠡᠰ᠎ᠦᠨ ᠰᠢᠰᠲᠧᠮ᠎ᠳᠦ ᠤᠯᠠᠮᠵᠢᠯᠠᠯᠲᠤ ᠠᠵᠤ ᠦᠢᠯᠡᠰ ᠪᠣᠯ ᠰᠠᠭᠤᠷᠢ ᠬᠥᠷᠥᠩᠭᠡ ᠮᠥᠨ᠂ ᠳᠠᠪᠠᠭᠤᠯᠢᠭ᠋ ᠮᠥᠨ᠃ ᠭᠣᠣᠯᠳᠠᠯᠭ᠎ᠠ᠎ᠲᠠᠢ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠵᠦ ᠲᠠᠰ ᠳᠡᠪᠰᠢᠭᠦᠯᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠨ ᠬᠡᠷᠡᠭᠵᠢᠬᠦᠯᠦᠨ᠎ᠡ; ᠦᠢᠯᠡᠳᠬᠦ ᠦᠢᠯᠡᠰ᠎ᠦᠨ ᠠᠵᠤ ᠠᠬᠤᠢᠯᠠᠯ᠎ᠤᠨ ᠮᠡᠷᠭᠡᠵᠢᠯ᠎ᠦᠨ ᠥᠭᠡᠷᠡᠴᠢᠯᠡᠯᠲᠡ᠎ᠶᠢᠨ ᠪᠡᠯᠡ ᠮᠥᠩᠭᠥ᠎ᠶᠢᠨ ᠳᠡᠮᠵᠢᠯᠭᠡ᠎ᠶᠢ ᠴᠢᠩᠭᠠᠳᠬᠠᠵᠤ᠂ ᠮᠡᠷᠭᠡᠵᠢᠯ᠎ᠦᠨ ᠥᠭᠡᠷᠡᠴᠢᠯᠡᠯᠲᠡ᠎ᠶᠢᠨ ᠪᠡᠯᠡ ᠣᠷᠣᠭᠤᠯᠤᠯᠲᠠ᠎ᠶᠢᠨ ᠬᠠᠮᠢᠶ᠎ᠠ ᠪᠦᠬᠦᠢ ᠭᠠᠢᠯᠢ ᠬᠠᠷᠠᠭᠠᠯᠵᠠᠯ ᠦᠵᠡᠬᠦᠯᠬᠦ ᠲᠦᠷᠦ ᠵᠢᠨ ᠪᠤᠳᠤᠯᠭ᠎ᠠ᠎ᠶᠢ ᠨᠠᠢᠳᠠᠪᠤᠷᠢᠵᠢᠭᠤᠯᠤᠨ᠎ᠠ; ᠦᠢᠯᠡᠴᠢᠯᠡᠭᠡᠨ᠎ᠦ ᠦᠢᠯᠡᠰ᠎ᠦᠨ ᠬᠠᠩᠭᠠᠯᠭ᠎ᠠ ᠵᠢᠨ ᠴᠢᠳᠠᠪᠤᠷᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠭᠦ ᠠᠵᠢᠯᠯᠠᠭ᠎ᠠ ᠵᠢ ᠬᠡᠷᠡᠭᠵᠢᠭᠦᠯᠦᠨ᠎ᠡ ᠁

ᠰᠠᠨᠠᠯ᠎ᠳᠤ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠎ᠪᠠᠷ ᠲᠣᠳᠣᠷᠬᠠᠢ ᠳᠤᠷᠠᠳᠴᠤ᠂ 《ᠰᠢᠨ᠎ᠡ᠎ᠪᠡᠷ ᠮᠠᠨᠳᠤᠭᠰᠠᠨ ᠲᠤᠯᠭᠠᠭᠤᠷᠢ ᠠᠵᠤ ᠦᠢᠯᠡᠰ᠎ᠢ ᠬᠦᠴᠦᠯᠡᠨ ᠴᠣᠭᠴᠠᠯᠠᠨ᠎ᠠ》᠂《ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠲᠤᠰ ᠲᠤᠰ᠎ᠤᠨ ᠣᠨᠴᠠᠯᠢᠭ᠋᠎ᠲᠠᠢ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠭᠰᠡᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠦᠯᠦᠭᠵᠢᠯ᠎ᠢ ᠪᠠᠢᠭᠤᠯᠤᠨ᠎ᠠ》 ᠭᠡᠵᠦ ᠴᠢᠬᠤᠯᠠᠴᠢᠯᠠᠵᠠᠢ᠃

ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠴᠢᠬᠤᠯᠠ ᠠᠴᠢᠶᠠᠯᠠᠪᠤᠷᠢ ᠪᠣᠯᠤᠭᠰᠠᠨ᠎ᠤ ᠬᠤᠪᠢ᠎ᠳᠤ᠂ ᠢᠷᠡᠭᠡᠳᠦᠢ᠎ᠶᠢᠨ ᠠᠵᠤ ᠦᠢᠯᠡᠰ᠎ᠢ ᠬᠥᠭᠵᠢᠭᠦᠯᠬᠦ ᠪᠣᠯ ᠪᠦᠭᠦ ᠪᠥᠮᠪᠥᠷᠴᠡᠭ᠎ᠦᠨ ᠠᠵᠤ ᠦᠢᠯᠡᠰ᠎ᠦᠨ ᠥᠷᠢᠰᠦᠯᠳᠦᠭᠡᠨ᠎ᠢ ᠠᠷᠭᠠᠴᠠᠭᠠᠬᠤ ᠰᠠᠨᠠᠭᠠᠴᠢᠯᠠᠭᠠᠲᠤ ᠰᠣᠩᠭᠣᠯᠲᠠ᠂ ᠠᠯᠤᠰ ᠭᠡᠳᠤ᠎ᠶᠢᠨ ᠬᠥᠭᠵᠢᠯᠲᠡ᠎ᠶᠢᠨ ᠰᠢᠨ᠎ᠡ ᠳᠠᠪᠠᠭᠤᠯᠢᠭ᠋᠎ᠢ ᠪᠤᠢ ᠪᠤᠯᠭᠠᠬᠤ ᠵᠠᠩᠭᠢᠯᠠᠭ᠎ᠠ᠎ᠶᠢᠨ ᠲᠤᠯᠬᠤ ᠴᠡᠭ ᠪᠣᠯᠣᠨ᠎ᠠ᠃

— ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢᠷᠡᠭᠦᠯᠬᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠬᠦᠯᠢᠶᠡᠰᠦᠯᠡᠵᠤ ᠪᠠᠢᠭ᠎ᠠ ᠪᠠᠢᠭᠤᠯᠤᠯ ᠲᠣᠭᠲᠠᠴᠠ᠎ᠶᠢᠨ ᠬᠠᠷᠰᠢ ᠰᠠᠭᠠᠳ᠎ᠢ ᠠᠷᠢᠯᠭᠠᠬᠤ ᠲᠠᠯ᠎ᠠ᠎ᠪᠠᠷ ᠰᠢᠨ᠎ᠡ ᠦᠷ᠎ᠡ ᠪᠦᠲᠦᠭᠡᠯ ᠣᠯᠣᠨ᠎ᠠ᠃

《ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠨᠢ ᠭᠣᠣᠯᠳᠠᠭᠤ ᠮᠡᠷᠭᠡᠵᠢᠯ᠎ᠦᠨ ᠨᠤᠷᠠᠭᠠᠯᠲᠠ᠎ᠶᠢᠨ ᠴᠢᠨᠠᠷᠲᠠᠢ ᠰᠢᠪᠲᠤᠯᠤᠯᠲᠠ᠎ᠠᠴᠠ ᠪᠤᠶ ᠪᠣᠯᠤᠭᠰᠠᠨ ᠪᠥᠭᠡᠳ ᠰᠢᠨ᠎ᠡ᠎ᠶᠢ ᠡᠭᠦᠳᠬᠦ ᠵᠣᠬᠢᠶᠠᠨ ᠪᠠᠢᠭᠤᠯᠤᠯᠲᠠ᠎ᠶᠢᠨ ᠵᠠᠭᠪᠤᠷ᠂ ᠠᠵᠤ ᠦᠢᠯᠡᠰ᠎ᠦᠨ ᠰᠤᠯᠢᠬᠳᠠᠯ ᠵᠠᠮ᠂ ᠡᠯᠧᠮᠧᠨ᠋ᠲ᠎ᠦᠨ ᠲᠣᠬᠢᠷᠠᠭᠤᠯᠤᠯᠲᠠ᠎ᠶᠢᠨ ᠬᠡᠪ ᠵᠠᠭᠪᠤᠷ᠎ᠤᠨ ᠭᠦᠨᠵᠡᠭᠡᠢ ᠬᠤᠪᠢᠰᠤᠯᠲᠠ᠎ᠶᠢ ᠡᠭᠦᠰᠬᠡᠵᠦ᠂ ᠥᠭᠡᠷᠡᠴᠢᠯᠡᠯᠲᠡ᠎ᠶᠢ ᠪᠦᠭᠦ ᠲᠠᠯ᠎ᠠ᠎ᠪᠠᠷ ᠭᠦᠨᠵᠡᠭᠡᠢᠷᠡᠭᠦᠯᠬᠦ᠎ᠪᠡᠷ ᠳᠠᠮᠵᠢᠨ ᠳᠦᠷᠢᠮ᠎ᠦᠨ ᠪᠣᠷᠣ᠌ ᠲᠥᠯᠥᠪ᠎ᠢ ᠳᠠᠭᠢᠨ ᠪᠤᠶ ᠪᠤᠯᠭᠠᠵᠤ᠂ ᠬᠥᠭᠵᠢᠯᠲᠡ᠎ᠶᠢᠨ ᠲᠦᠭᠵᠢᠷᠡᠯ᠎ᠢ ᠨᠡᠪᠲᠡᠷᠡᠭᠦᠯᠬᠦ ᠴᠢᠬᠤᠯᠠᠲᠠᠢ ᠶᠤᠮ》ᠭᠡᠵᠦ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠠᠵᠤ ᠦᠢᠯᠡᠰ᠎ᠦᠨ ᠠᠵᠤ ᠠᠬᠤᠢ ᠪᠣᠯᠣᠨ ᠮᠡᠷᠭᠡᠵᠢᠯ᠎ᠦᠨ ᠠᠵᠤ ᠠᠬᠤᠢ᠎ᠶᠢᠨ ᠰᠤᠳᠤᠯᠭᠠᠨ᠎ᠤ ᠭᠠᠵᠠᠷ᠎ᠤᠨ ᠰᠢᠨ᠎ᠡ᠎ᠶᠢ ᠡᠭᠦᠳᠬᠦ ᠪᠠᠢᠯᠳᠤᠬᠤ ᠪᠣᠳᠣᠯᠭ᠎ᠠ᠎ᠶᠢᠨ ᠰᠤᠳᠤᠯᠭᠠᠨ᠎ᠤ ᠲᠠᠰᠤᠭ(ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠰᠤᠳᠤᠯᠭᠠᠨ᠎ᠤ ᠲᠠᠰᠤᠭ) ᠤ᠋ᠨ ᠡᠷᠭᠢᠯᠡᠭᠴᠢ ᠯᠢᠦ ᠵᠧᠨ ᠵᠦᠩ ᠬᠡᠯᠡᠯ᠎ᠡ᠃

ᠲᠤᠰᠢᠶᠠᠯ ᠬᠦᠢᠴᠡᠳᠬᠡᠵᠤ ᠤᠯᠤᠬᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠡᠷᠬᠡ ᠣᠯᠭᠣᠬᠤ ᠪᠠ ᠡᠳ᠋ ᠬᠥᠷᠥᠩᠭᠡ᠎ᠶᠢ ᠠᠰ ᠲᠤᠨᠢ ᠵᠢᠭ᠍ᠰᠠᠭᠠᠬᠤ ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠨᠥᠬᠥᠴᠡᠯ᠎ᠳᠦ ᠨᠡᠢᠴᠡᠬᠦ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠯᠠᠨ ᠵᠦᠢᠯ᠎ᠦᠨ ᠭᠡᠯᠪᠡᠷᠢ᠎ᠪᠡᠷ ᠤᠷᠮᠠᠰᠢᠭᠤᠯᠬᠤ᠎ᠶᠢ ᠵᠥᠪᠰᠢᠶᠡᠷᠡᠵᠦ᠂ ᠵᠠᠬ᠎ᠠ ᠳᠡᠯᠭᠡᠭᠦᠷ᠎ᠲᠦ ᠣᠷᠣᠬᠤ᠎ᠶᠢ ᠵᠥᠪᠰᠢᠶᠡᠷᠡᠬᠦ ᠳᠦᠷᠢᠮ᠎ᠢ ᠲᠡᠭᠦᠯᠳᠡᠷᠵᠢᠭᠦᠯᠵᠦ᠂ ᠰᠢᠨ᠎ᠡ ᠡᠵᠡᠩᠨᠡᠯᠲᠡ᠎ᠶᠢᠨ ᠭᠡᠯᠪᠡᠷᠢ᠎ᠲᠠᠢ ᠵᠣᠬᠢᠴᠠᠭᠰᠠᠨ ᠭᠠᠢᠯᠢ᠎ᠶᠢᠨ ᠳᠦᠷᠢᠮ᠎ᠢ ᠰᠤᠳᠤᠯᠤᠨ ᠰᠦᠪᠡᠭᠴᠢᠯᠡᠨ᠎ᠡ ᠁

ᠰᠢ᠎ᠶᠢᠨ ᠫᠢᠩ ᠤ᠋ᠨ ᠠᠵᠤ ᠠᠬᠤᠢ ᠵᠢᠨ ᠦᠵᠡᠯ ᠰᠠᠨᠠᠭᠠᠨ᠎ᠤ ᠰᠤᠳᠤᠯᠭᠠᠨ᠎ᠤ ᠲᠥᠪ᠎ᠦᠨ ᠳᠡᠳ᠋ ᠰᠤᠳᠤᠯᠤᠭ᠍ᠴᠢ ᠢᠦᠢ ᠴᠠᠩ᠄ 《ᠡᠯ᠎ᠡ ᠭᠠᠵᠠᠷ ᠣᠷᠣᠨ᠎ᠤ ᠭᠢᠨ ᠲᠤᠰ ᠭᠠᠵᠠᠷ ᠣᠷᠣᠨ᠎ᠤ᠎ᠪᠠᠨ ᠪᠣᠳᠠᠲᠤ ᠪᠠᠢᠳᠠᠯ᠎ᠢ ᠭᠦᠢᠴᠡᠳ ᠪᠣᠳᠣᠯᠬᠢᠯᠠᠵᠤ᠂ ᠬᠥᠭᠵᠢᠯᠲᠡ᠎ᠶᠢᠨ ᠳᠠᠪᠠᠭᠤᠯᠢᠭ᠋ ᠪᠠ ᠳᠤᠲᠠᠭᠤᠳᠠᠯ᠎ᠢ ᠰᠢᠨᠵᠢᠯᠡᠬᠦ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ ᠲᠤᠰ ᠭᠠᠵᠠᠷ ᠣᠷᠣᠨ᠎ᠤ ᠨᠥᠬᠥᠴᠡᠯ᠎ᠲᠠᠢ ᠵᠣᠬᠢᠴᠠᠭᠰᠠᠨ ᠬᠥᠭᠵᠢᠯᠲᠡ᠎ᠶᠢᠨ ᠴᠢᠭᠯᠡᠯ᠂ ᠭᠣᠣᠯᠳᠠᠯᠭ᠎ᠠ᠎ᠲᠠᠢ ᠬᠦᠷᠢᠶ᠎ᠡ᠎ᠴᠠᠷᠠᠭ᠎ᠠ ᠵᠢ ᠲᠣᠭᠲᠠᠭᠠᠵᠤ᠂ ᠵᠦᠷᠢᠶᠡᠴᠢᠯᠡᠭᠰᠡᠨ ᠪᠠᠢᠷᠢᠰᠢᠭᠤᠯᠤᠯᠲᠠ᠎ᠶᠢᠨ ᠳᠤᠮᠳᠠ ᠳᠠᠪᠠᠭᠤᠯᠢᠬ ᠵᠢᠨᠨ ᠳᠠᠪᠲᠠᠨ ᠪᠤᠯᠪᠠᠰᠤᠷᠠᠭᠤᠯᠵᠤ᠂ ᠣᠨᠴᠠᠯᠢᠬ᠍ᠵᠢᠬ᠍ᠰᠠᠨ ᠬᠥᠭᠵᠢᠯᠲᠡ᠎ᠶᠢᠨ ᠳᠤᠮᠳᠠ ᠭᠣᠣᠯᠯᠠᠭ᠍ᠴᠢ ᠥᠷᠢᠰᠦᠯᠳᠦᠬᠦ ᠬᠦᠴᠦᠨ᠎ᠢ ᠪᠠᠢᠭᠤᠯᠵᠤ᠂ ᠲᠤᠰ ᠭᠠᠵᠠᠷ ᠣᠷᠣᠨ᠎ᠤ ᠣᠨᠴᠠᠯᠢᠭ᠋᠎ᠢ ᠢᠯᠡᠷᠡᠭᠦᠯᠦᠭᠰᠡᠨ᠂ ᠬᠠᠷᠢᠴᠠᠭᠤᠯᠤᠭᠰᠠᠨ ᠳᠠᠪᠠᠭᠤᠯᠢᠭ᠋᠎ᠢ ᠪᠠᠳᠠᠷᠠᠭᠤᠯᠬᠤ ᠬᠥᠭᠵᠢᠯᠲᠡ᠎ᠶᠢᠨ ᠵᠠᠮ᠎ᠢ ᠨᠡᠭᠡᠭᠡᠬᠦ ᠬᠡᠷᠡᠭᠲᠡᠢ》 ᠭᠡᠪᠡ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 9 ᠤ᠋ ᠴᠠᠬᠢᠯᠭᠠᠨ ᠮᠡᠳᠡᠭᠡ ᠡᠴᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面