ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-10-11 11:28:35

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌ ᠪᠣᠯ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ᠌ ᠴᠡᠭ ᠮᠥᠨ᠃ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠬᠡᠨ ᠬᠥᠭᠵᠢᠭᠦᠯᠬᠦ᠌᠎ᠶᠢᠨ ᠲᠦᠯᠦᠭᠡ᠂ ᠡᠳᠤᠭᠡ ᠳᠣᠣᠷᠠᠬᠢ ᠮᠡᠲᠦ᠍ ᠰᠠᠨᠠᠯ᠎ᠢ ᠳᠤᠷᠠᠳᠪᠠ᠃

ᠨᠢᠭᠡ᠂ ᠶᠡᠷᠦᠩᠬᠡᠢ ᠱᠠᠭᠠᠷᠳᠠᠯᠭ᠎ᠠ

ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ᠎ᠶᠢ ᠡᠭᠦᠳᠬᠦ᠌᠎ᠪᠡᠷ ᠤᠳᠤᠷᠢᠳᠤᠮᠵᠢ ᠪᠣᠯᠭᠠᠬᠤ᠂ ᠥᠭᠡᠷᠡᠴᠢᠯᠡᠯᠲᠡ᠎ᠪᠡᠷ ᠭᠣᠣᠯᠳᠠᠯᠭ᠎ᠠ ᠪᠣᠯᠭᠠᠬᠤ᠂ ᠭᠠᠵᠠᠷ ᠣᠷᠣᠨ᠎ᠤ ᠪᠠᠶ᠋ᠢᠳᠠᠯ᠎ᠳ᠋ᠤᠨᠢ ᠲᠣᠬᠢᠷᠠᠭᠤᠯᠬᠤ᠂ ᠤᠷᠢᠳ᠎ᠢᠶᠠᠷ ᠪᠠᠶ᠋ᠢᠭᠤᠯᠵᠤ ᠲᠠᠷᠠᠭ᠎ᠠ ᠨᠢ ᠡᠪᠳᠡᠬᠦ ᠵᠢ ᠪᠠᠷᠢᠮᠳᠠᠯᠠᠵᠤ᠂ ᠳᠡᠭᠡᠳᠦ ᠮᠡᠷᠭᠡᠵᠢᠯ᠂ ᠦᠨᠳᠤᠷ ᠪᠦᠳᠤᠮᠵᠢᠳᠠᠢ᠂ ᠴᠢᠨᠠᠷ ᠰᠠᠶ᠋ᠢᠲᠠᠶ ᠪᠠᠢᠬᠤ ᠵᠢ ᠪᠠᠷᠢᠮᠳᠠᠯᠠᠵᠤ᠂ ᠵᠠᠰᠠᠭ᠎ᠤᠨ ᠣᠷᠳᠣᠨ ᠪᠤᠯᠤᠨ ᠵᠠᠬ᠎ᠠ ᠳᠡᠯᠭᠡᠭᠦᠷ᠂ ᠶᠠᠰᠤ ᠴᠢᠨᠠᠷ ᠤ᠋ᠨ ᠪᠠᠢᠳᠠᠯ ᠪᠤᠯᠤᠨ ᠡᠵᠡᠩᠨᠡᠯᠲᠡ᠎ᠶᠢᠨ ᠬᠡᠯᠪᠡᠷᠢ᠂ ᠥᠭᠡᠷᠡᠴᠢᠯᠡᠯᠲᠡ ᠪᠤᠯᠤᠨ ᠬᠥᠭᠵᠢᠯᠲᠡ᠂ ᠪᠠᠶ᠎ᠠ ᠪᠠᠨ ᠲᠠᠭᠠᠭᠠᠬᠤ ᠪᠤᠯᠤᠨ ᠨᠡᠭᠡᠭᠡᠯᠳᠠ ᠬᠢᠬᠦ ᠵᠢᠨ ᠬᠠᠷᠢᠴᠠᠭ᠎ᠠ ᠵᠢ ᠨᠢᠭᠡᠳᠤᠯᠳᠠᠢ ᠲᠦᠯᠦᠪᠵᠢᠬᠦᠯᠤᠨ ᠰᠠᠢᠳᠤᠷ ᠰᠢᠢᠳᠪᠤᠷᠢᠯᠡᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠦᠯᠦᠪᠵᠢᠬᠦᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠪᠡᠷ ᠤᠳᠤᠷᠢᠳᠤᠮᠵᠢ ᠪᠣᠯᠭᠠᠵᠤ᠂ ᠪᠦᠬᠦ᠌ ᠡᠯᠧᠮᠧᠨ᠋ᠲ᠎ᠦᠨ ᠦᠢᠯᠡᠳᠪᠦᠷᠢᠯᠡᠯ᠎ᠦᠨ ᠨᠣᠷᠮ᠎ᠠ᠎ᠵᠢ ᠶᠡᠬᠡ ᠬᠡᠮᠵᠢᠶ᠎ᠡ᠎ᠪᠡᠷ ᠳᠡᠭᠡᠭᠰᠢᠯᠡᠭᠦᠯᠬᠦ᠌᠎ᠪᠡᠷ ᠭᠤᠤᠯ ᠪᠡᠯᠭᠡ ᠲᠡᠮᠳᠡᠭ ᠪᠣᠯᠭᠠᠵᠤ᠂ ᠮᠡᠷᠭᠡᠵᠢᠯ᠎ᠦᠨ ᠬᠤᠪᠢᠰᠬᠠᠯᠲᠤ᠌ ᠴᠢᠨᠠᠷᠲᠠᠢ ᠰᠢᠪᠲᠤᠯᠤᠯᠲᠠ᠂ ᠦᠢᠯᠡᠳᠪᠦᠷᠢᠯᠡᠯ᠎ᠦᠨ ᠡᠯᠧᠮᠧᠨ᠋ᠲ᠎ᠦᠨ ᠰᠢᠨ᠎ᠡ᠎ᠶᠢ ᠡᠭᠦᠳᠬᠦ᠌ ᠴᠢᠨᠠᠷᠲᠠᠶ ᠲᠣᠬᠢᠷᠠᠭᠤᠯᠤᠯᠲᠠ᠂ ᠠᠵᠤ ᠦᠢᠯᠡᠰ ᠤ᠋ᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦᠯᠬᠦ ᠵᠢ ᠠᠬᠢᠭᠤᠯᠵᠤ᠂ ᠬᠥᠳᠡᠯᠮᠦᠷᠢᠴᠢᠳ᠂ ᠬᠥᠳᠡᠯᠮᠦᠷᠢ᠎ᠶᠢᠨ ᠬᠡᠷᠡᠭᠰᠡᠯ᠂ ᠬᠥᠳᠡᠯᠮᠦᠷᠢ᠎ᠶᠢᠨ ᠡᠳᠡᠭᠡᠳ ᠢ᠋ ᠰᠢᠯᠢᠳᠡᠭᠵᠢᠭᠦᠯᠦᠨ ᠵᠣᠬᠢᠶᠠᠨ ᠪᠠᠶ᠋ᠢᠭᠤᠯᠬᠤ ᠪᠠ ᠰᠢᠨᠡᠳᠬᠡᠨ ᠲᠡᠰ ᠳᠡᠪᠰᠢᠭᠦᠯᠬᠦ ᠵᠢ ᠠᠬᠢᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠂ ᠠᠵᠤ ᠦᠢᠯᠡᠰ᠎ᠦᠨ ᠰᠢᠨ᠎ᠡ ᠵᠢ ᠡᠭᠦᠳᠬᠦ᠂ ᠬᠥᠭᠵᠢᠯᠲᠡ᠎ᠶᠢᠨ ᠠᠷᠭ᠎ᠠ ᠮᠠᠶᠢᠭ᠎ᠤᠨ ᠰᠢᠨ᠎ᠡ ᠵᠢ ᠡᠬᠦᠳᠬᠦ᠂ ᠪᠠᠶ᠋ᠢᠭᠤᠯᠤᠯ ᠲᠣᠭᠲᠠᠴᠠ᠎ᠶᠢᠨ ᠰᠢᠨ᠎ᠡ᠎ᠶᠢ ᠡᠭᠦᠳᠬᠦ᠂ ᠴᠢᠳᠠᠪᠤᠷᠢᠲᠠᠨ᠎ᠤ ᠠᠵᠢᠯ᠎ᠤᠨ ᠲᠣᠭᠲᠠᠴᠠ᠎ᠶᠢᠨ ᠰᠢᠨ᠎ᠡ ᠵᠢ ᠡᠬᠦᠳᠬᠦ ᠵᠢ ᠪᠦᠬᠦ ᠲᠠᠯ᠎ᠠ ᠪᠡᠷ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠯᠦᠭᠡ ᠨᠡᠩ ᠵᠣᠬᠢᠴᠠᠭᠰᠠᠨ ᠦᠢᠯᠡᠳᠪᠦᠷᠢᠯᠡᠯ᠎ᠦᠨ ᠬᠠᠷᠢᠴᠠᠭ᠎ᠠ᠎ᠶᠢ ᠲᠦᠷᠭᠡᠳᠭᠡᠨ ᠪᠦᠷᠢᠯᠳᠦᠭᠦᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠌᠎ᠶᠢᠨ ᠭᠦᠨᠵᠡᠭᠡᠶ ᠠᠭᠤᠰᠤᠯᠴᠠᠯ᠎ᠳᠤ ᠠᠰᠢᠭᠲᠠᠶ ᠰᠠᠶ᠋ᠢᠨ ᠰᠠᠶ᠋ᠢᠬᠠᠨ ᠬᠥᠭᠵᠢᠯᠲᠡ᠎ᠶᠢᠨ ᠠᠮᠢ ᠠᠬᠤᠶ᠎ᠶᠢ ᠪᠤᠢ ᠪᠣᠯᠭᠠᠵᠤ᠂ ᠴᠢᠨᠠᠷ ᠰᠠᠶ᠋ᠢᠲᠠᠶ ᠬᠥᠭᠵᠢᠯᠲᠡ᠎ᠶᠢ ᠨᠠᠩ ᠰᠠᠶ᠋ᠢᠲᠤᠷ ᠲᠤᠯᠭᠠᠭᠤᠷᠢᠯᠠᠬᠤ ᠬᠡᠷᠡᠭᠲᠡᠶ᠃

ᠬᠣᠶᠠᠷ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠶᠢ ᠶᠡᠬᠡ ᠪᠡᠷ ᠠᠬᠢᠭᠤᠯᠤᠨ᠎ᠠ

(ᠨᠢᠭᠡ)ᠠᠩᠬᠠᠨ᠎ᠤ ᠡᠭᠦᠳᠦᠯᠲᠡ᠎ᠶᠢᠨ ᠴᠢᠨᠠᠷᠲᠠᠶ ᠨᠤᠷᠠᠭᠠᠯᠲᠠ᠎ᠶᠢᠨ ᠴᠢᠨᠠᠷᠲᠠᠶ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠶᠢ ᠴᠢᠩᠭᠠᠳᠬᠠᠨ᠎ᠠ᠃ ᠳᠡᠯᠡᠬᠡᠶ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠣᠰᠢᠭᠤᠷᠠᠯ᠎ᠳᠤ ᠬᠠᠨᠳᠤᠭᠤᠯᠬᠤ᠂ ᠠᠵᠤ ᠠᠬᠤᠶ᠎ᠶᠢᠨ ᠭᠤᠤᠯ ᠲᠡᠶ᠋ᠢᠨ᠎ᠦ ᠲᠠᠯᠠᠪᠤᠷ᠎ᠲᠤ᠌ ᠬᠠᠨᠳᠤᠭᠤᠯᠬᠤ᠂ ᠤᠯᠤᠰ᠎ᠤᠨ ᠴᠢᠬᠤᠯᠠ ᠶᠡᠬᠡ ᠬᠡᠷᠡᠭᠴᠡᠭᠡ᠎ᠳᠤ ᠬᠠᠨᠳᠤᠭᠤᠯᠬᠤ᠂ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠎ᠳᠦ ᠬᠠᠨᠳᠤᠭᠤᠯᠬᠤ᠎ᠶᠢ ᠪᠠᠷᠢᠮᠲᠠᠯᠠᠵᠤ᠂ ᠪᠠᠶ᠋ᠢᠯᠳᠤᠬᠤ ᠪᠣᠳᠣᠯᠭ᠎ᠠ᠎ᠶᠢᠨ ᠴᠢᠨᠠᠷᠲᠠᠶ᠂ ᠪᠡᠯᠭᠡ ᠲᠡᠮᠳᠡᠭ᠎ᠦᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠦᠢᠯᠡᠳᠬᠦᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠴᠢᠬᠤᠯᠠ ᠶᠡᠬᠡ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠥᠷᠥᠯ ᠵᠦᠢᠯ᠎ᠢ ᠵᠣᠬᠢᠶᠠᠨ ᠪᠠᠶ᠋ᠢᠭᠤᠯᠤᠨ᠎ᠠ᠃ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠴᠢᠯᠥᠭᠡᠲᠡᠶ ᠰᠦᠪᠡᠭᠴᠢᠯᠡᠬᠦ᠌᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠵᠣᠬᠢᠶᠠᠨ ᠪᠠᠶ᠋ᠢᠭᠤᠯᠤᠯᠲᠠ᠎ᠲᠠᠶ ᠰᠠᠭᠤᠷᠢ ᠰᠤᠳᠤᠯᠭᠠᠨ᠂ ᠬᠡᠷᠡᠭᠯᠡᠭᠡᠨ᠎ᠦ ᠰᠠᠭᠤᠷᠢ ᠰᠤᠳᠤᠯᠭᠠᠨ᠎ᠢᠶᠠᠷ ᠳᠠᠮᠵᠢᠨ ᠮᠡᠷᠭᠡᠵᠢᠯ᠎ᠦᠨ ᠰᠢᠨᠵᠢᠯᠡᠬᠦ᠌ ᠤᠬᠠᠭᠠᠨ ᠪᠠ ᠢᠨᠵᠧᠨᠧᠷᠢᠩ᠎ᠦᠨ ᠰᠢᠨᠵᠢᠯᠡᠬᠦ᠌ ᠤᠬᠠᠭᠠᠨ᠎ᠤ ᠪᠠᠭᠤᠷᠠᠶ ᠭᠤᠬᠴᠤᠭᠠᠨ ᠤ᠋ ᠠᠰᠠᠭᠤᠳᠠᠯ᠎ᠢ ᠰᠢᠢᠳᠪᠦᠷᠢᠯᠡᠵᠦ᠍᠂ ᠴᠢᠯᠥᠭᠡᠲᠡᠶ ᠰᠦᠪᠡᠭᠴᠢᠯᠡᠬᠦ᠌ ᠲᠥᠷᠥᠯ᠎ᠦᠨ ᠰᠠᠭᠤᠷᠢ ᠰᠤᠳᠤᠯᠭᠠᠨ᠎ᠤ ᠵᠠᠮ ᠨᠡᠭᠡᠭᠡᠨ ᠰᠢᠨ᠎ᠡ᠎ᠶᠢ ᠡᠭᠦᠳᠬᠦ᠌᠎ᠶᠢ ᠳᠡᠮᠵᠢᠨ᠎ᠡ᠃ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠠᠪᠴᠠᠩ᠎ᠤᠨ ᠰᠠᠭᠤᠷᠢᠨ᠎ᠤ ᠪᠥᠲᠥᠭᠡᠨ ᠪᠠᠶ᠋ᠢᠭᠤᠯᠤᠯᠲᠠ᠎ᠶᠢ ᠨᠢᠭᠡᠳᠦᠯᠲᠡᠶ ᠲᠥᠯᠥᠪᠵᠢᠭᠦᠯᠵᠦ᠍᠂ ᠴᠢᠬᠤᠯᠠ ᠶᠡᠬᠡ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠠᠭᠤᠷᠢ ᠲᠥᠬᠥᠭᠡᠷᠦᠮᠵᠢ᠎ᠶᠢ ᠪᠦᠳᠦᠭᠡᠨ ᠪᠠᠢᠭᠤᠯᠬᠤ ᠵᠢ ᠰᠢᠰᠲ᠋ᠧᠮᠵᠢᠭᠦᠯᠦᠨ ᠪᠠᠶ᠋ᠢᠷᠢᠰᠢᠭᠤᠯᠵᠤ᠂ ᠨᠡᠭᠡᠭᠡᠯᠲᠡ ᠬᠢᠵᠦ᠍ ᠬᠠᠮᠲᠤ᠎ᠪᠠᠷ ᠡᠳ᠋ᠯᠡᠬᠦ ᠵᠢ ᠴᠢᠩᠭᠠᠳᠬᠠᠵᠤ᠂ ᠳᠠᠪᠬᠤᠷᠳᠠᠵᠤ ᠲᠠᠷᠠᠬᠠᠢ ᠪᠤᠳᠠᠷᠬᠠᠢ ᠪᠤᠯᠬᠤ᠎ᠡᠴᠡ ᠵᠠᠶ᠋ᠢᠯᠠᠰᠬᠢᠨ᠎ᠡ᠃ ᠰᠠᠭᠤᠷᠢ ᠰᠢᠨᠵᠢᠯᠡᠭᠡᠨ ᠪᠣᠯᠤᠨ ᠰᠣᠯᠪᠢᠴᠠᠯ ᠰᠢᠨᠵᠢᠯᠡᠭᠡᠨ ᠤ᠋ ᠰᠢᠪᠲᠤᠯᠤᠯᠲᠠ ᠵᠢᠨ ᠲᠥᠯᠥᠪᠯᠡᠭᠡ ᠶ᠋ᠢ ᠬᠡᠷᠡᠭᠵᠢᠭᠦᠯᠦᠨ᠎ᠡ᠃ ᠠᠩᠬᠠᠨ᠎ᠤ ᠡᠭᠦᠳᠦᠯᠲᠡ᠎ᠶᠢᠨ ᠤᠨᠤᠯ᠎ᠤᠨ ᠰᠤᠳᠤᠯᠭᠠᠨ ᠪᠠ ᠵᠠᠩᠭᠢᠯᠠᠭ᠎ᠠ᠎ᠶᠢᠨ ᠨᠡᠶ᠋ᠢᠲᠡᠴᠢ ᠴᠢᠨᠠᠷᠲᠠᠢ ᠮᠡᠷᠭᠡᠵᠢᠯ᠂ ᠬᠣᠰᠢᠭᠤᠷᠠᠯ ᠬᠦᠳᠦᠯᠦᠨ ᠳᠠᠭᠠᠭᠤᠯᠬᠤ ᠮᠡᠷᠭᠡᠵᠢᠯ᠂ ᠤᠳᠤ ᠦᠶ᠎ᠡ᠎ᠶᠢᠨ ᠢᠨᠵᠧᠨᠧᠷᠢᠩ᠎ᠦᠨ ᠮᠡᠷᠭᠡᠵᠢᠯ᠂ ᠨᠤᠷᠠᠭᠠᠯᠲᠠ᠎ᠶᠢᠨ ᠴᠢᠨᠠᠷᠲᠠᠢ ᠮᠡᠷᠭᠡᠵᠢᠯ᠎ᠦᠨ ᠰᠢᠨ᠎ᠡ ᠎ᠶᠢ ᠡᠭᠦᠳᠬᠦ᠎ᠶᠢ ᠴᠢᠩᠭᠠᠳᠬᠠᠨ᠎ᠠ᠃

(ᠬᠣᠶᠠᠷ)ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠰᠢᠪᠲᠤᠯᠤᠯᠲᠠ ᠬᠢᠬᠦ᠎ᠶᠢ ᠲᠦᠷᠭᠡᠳᠬᠡᠨ᠎ᠡ᠃ ᠰᠢᠨ᠎ᠡ ᠮᠠᠶᠢᠭ ᠤ᠋ᠨ ᠤᠯᠤᠰ ᠳᠠᠶᠠᠭᠠᠷ᠎ᠤᠨ ᠪᠠᠶ᠋ᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠳᠦ ᠦᠢᠯᠡᠳᠬᠦ᠌ ᠦᠢᠯᠡᠰ᠎ᠦᠨ ᠭᠣᠣᠯᠳᠠᠯᠭ᠎ᠠ᠎ᠲᠠᠶ ᠠᠵᠤ ᠦᠢᠯᠡᠰ᠎ᠦᠨ ᠬᠡᠯᠬᠢᠶ᠎ᠡ᠎ᠶᠢᠨ ᠴᠢᠨᠠᠷ ᠰᠠᠶ᠋ᠢᠲᠠᠢ ᠬᠥᠭᠵᠢᠯᠲᠡ᠎ᠶᠢᠨ ᠠᠵᠢᠯᠯᠠᠭ᠎ᠠ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠌ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠍᠂ ᠪᠦᠬᠦ᠌ ᠬᠡᠯᠬᠢᠶᠡᠨ᠎ᠦ ᠪᠣᠭᠣᠮᠲᠠ ᠰᠢᠪᠲᠤᠯᠬᠤ᠂ ᠪᠦᠬᠦ᠌ ᠡᠯᠧᠮᠧᠨ᠋ᠲ᠎ᠦᠨ ᠳᠡᠮᠵᠢᠯᠭᠡ ᠦᠵᠡᠬᠦᠯᠬᠦ᠂ ᠪᠦᠬᠦ᠌ ᠠᠮᠢ ᠠᠬᠤᠢ᠎ᠶᠢᠨ ᠪᠠᠶ᠋ᠢᠭᠤᠯᠤᠯᠲᠠ᠎ᠶᠢ ᠴᠢᠩᠭᠠᠳᠬᠠᠨ᠎ᠠ᠃ ᠠᠩᠬᠠᠳᠠᠭᠴᠢ ᠰᠠᠭᠤᠷᠢ(ᠢᠵᠢ)᠂ ᠲᠦᠷᠦᠬᠦᠤ ᠪᠦᠯᠦᠭ ᠤᠳᠠᠭ᠎ᠠ᠎ᠶᠢᠨ ᠬᠡᠷᠡᠭᠯᠡᠭᠡᠨ᠎ᠦ ᠲᠥᠷᠥ᠎ᠶᠢᠨ ᠪᠣᠳᠣᠯᠭ᠎ᠠ᠎ᠶᠢ ᠰᠠᠶ᠋ᠢᠲᠤᠷ ᠨᠠᠢᠳᠠᠪᠤᠷᠢᠵᠢᠭᠤᠯᠵᠤ᠂ ᠮᠡᠷᠭᠡᠵᠢᠯ᠎ᠦᠨ ᠰᠢᠨᠡᠳᠤᠨ ᠲᠡᠰ ᠲᠡᠪᠰᠢᠬᠦ ᠵᠢ ᠠᠬᠢᠭᠤᠯᠤᠨ᠎ᠠ᠃

(ᠭᠤᠷᠪᠠ)ᠤᠯᠤᠰ᠎ᠤᠨ ᠪᠠᠶ᠋ᠢᠯᠳᠤᠬᠤ ᠪᠤᠳᠤᠯᠭ᠎ᠠ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ᠎ᠦ ᠪᠠᠶ᠋ᠢᠭᠤᠯᠤᠯᠲᠠ᠎ᠶᠢ ᠨᠢᠭᠡᠳᠦᠯᠲᠡᠢ ᠲᠥᠯᠥᠪᠵᠢᠬᠦᠯᠤᠨ᠎ᠠ᠃ ᠤᠯᠤᠰ᠎ᠤᠨ ᠲᠤᠷᠰᠢᠯᠲᠠ᠎ᠶᠢᠨ ᠲᠠᠰᠤᠭ᠎ᠤᠨ ᠤᠯᠤᠰ᠎ᠤᠨ ᠴᠢᠬᠤᠯᠠ ᠶᠡᠬᠡ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠵᠦᠢᠯ ᠢ᠋ ᠵᠣᠬᠢᠶᠠᠨ ᠪᠠᠶ᠋ᠢᠭᠤᠯᠬᠤ᠂ ᠤᠯᠤᠰ᠎ᠤᠨ ᠴᠢᠬᠤᠯᠠ ᠶᠡᠬᠡ ᠰᠢᠨ᠎ᠡ᠎ᠶᠢ ᠡᠭᠦᠳᠬᠦ᠌ ᠲᠠᠪᠴᠠᠩ᠎ᠢ ᠪᠠᠶ᠋ᠢᠭᠤᠯᠬᠤ ᠵᠡᠷᠭᠡ ᠲᠠᠯ᠎ᠠ᠎ᠶᠢᠨ ᠦᠢᠯᠡᠳᠦᠯ᠎ᠢ ᠪᠠᠳᠠᠷᠠᠭᠤᠯᠵᠤ᠂ ᠪᠠᠶ᠋ᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢᠨ ᠲᠠᠯ᠎ᠠ᠎ᠪᠠᠷ ᠤᠷᠢᠳ᠎ᠢᠶᠠᠷ ᠬᠢᠵᠦ᠍ ᠤᠷᠢᠳ᠎ᠢᠶᠠᠷ ᠲᠤᠷᠰᠢᠨ᠎ᠠ᠃ ᠤᠯᠤᠰ᠎ᠤᠨ ᠪᠠᠶ᠋ᠢᠯᠳᠤᠬᠤ ᠪᠤᠳᠤᠯᠭ᠎ᠠ᠎ᠶᠢᠨ ᠬᠡᠷᠡᠭᠴᠡᠭᠡ᠎ᠪᠡᠷ ᠤᠳᠤᠷᠢᠳᠤᠮᠵᠢ ᠪᠣᠯᠭᠠᠵᠤ᠂ ᠤᠯᠤᠰ᠎ᠤᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠶ᠋ᠢᠭᠤᠯᠤᠮᠵᠢ᠂ ᠥᠨᠳᠥᠷ ᠲᠦᠪᠰᠢᠨ ᠪᠦᠬᠦᠢ ᠰᠤᠳᠤᠯᠭᠠᠨ᠎ᠤ ᠬᠡᠯᠪᠡᠷᠢ᠎ᠶᠢᠨ ᠶᠡᠬᠡ ᠰᠤᠷᠭᠠᠭᠤᠯᠢ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠭᠠᠭᠤᠯᠤᠬᠴᠢ ᠠᠵᠤ ᠠᠬᠤᠶ᠋ᠢᠯᠠᠯ᠎ᠤᠨ ᠪᠠᠶ᠋ᠢᠷᠢ ᠲᠣᠭᠲᠠᠭᠠᠯᠲᠠ ᠪᠠ ᠪᠠᠶ᠋ᠢᠷᠢᠰᠢᠭᠤᠯᠤᠯᠳᠠ ᠵᠢ ᠰᠢᠯᠢᠳᠡᠭᠵᠢᠭᠦᠯᠦᠨ᠎ᠡ᠃ ᠰᠢᠨ᠎ᠡ᠎ᠶᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭᠵᠢᠭᠡᠬᠦ᠌᠂ ᠮᠡᠳᠡᠯᠭᠡ᠎ᠶᠢᠨ ᠦᠷᠳᠡᠭ᠎ᠦᠨ ᠤᠳᠤᠷᠢᠳᠤᠮᠵᠢ᠎ᠲᠠᠶ᠂ ᠬᠠᠮᠢᠶᠠᠷᠤᠯᠲᠠ ᠨᠢ ᠵᠢᠷᠤᠮᠵᠢᠭᠤᠨ ᠪᠥᠭᠡᠳ ᠪᠦᠲᠦᠮᠵᠢᠲᠡᠢ᠂ ᠪᠠᠲᠤᠯᠠᠬᠤ ᠪᠠ ᠤᠷᠮᠠᠰᠢᠭᠤᠯᠬᠤ ᠵᠢ ᠬᠠᠮᠲᠤ᠎ᠳᠤᠨᠢ ᠬᠠᠷᠠᠭᠠᠯᠵᠠᠭᠰᠠᠨ ᠳᠡᠭᠡᠳᠦ ᠵᠡᠷᠭᠡ᠎ᠶᠢᠨ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠴᠠᠯᠢᠩ ᠬᠥᠯᠥᠰᠥ᠎ᠶᠢᠨ ᠲᠦᠷᠢᠮ᠎ᠢ ᠠᠯᠬᠤᠮ ᠠᠯᠬᠤᠮ᠎ᠢᠶᠠᠷ ᠪᠠᠶ᠋ᠢᠭᠤᠯᠵᠤ᠂ ᠤᠯᠤᠰ᠎ᠤᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠶ᠋ᠢᠭᠤᠯᠤᠮᠵᠢ᠂ ᠥᠨᠳᠥᠷ ᠬᠢᠷᠢ ᠲᠦᠪᠰᠢᠨ ᠪᠦᠬᠦᠢ ᠰᠤᠳᠤᠯᠭᠠᠨ᠎ᠤ ᠬᠡᠯᠪᠡᠷᠢ᠎ᠶᠢᠨ ᠶᠡᠬᠡ ᠰᠤᠷᠭᠠᠭᠤᠯᠢ᠎ᠶᠢᠨ ᠥᠭᠡᠷᠡᠴᠢᠯᠡᠯᠲᠡ᠎ᠶᠢ ᠵᠡᠷᠭᠡ᠎ᠪᠡᠷ ᠠᠬᠢᠭᠤᠯᠵᠤ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠶ᠋ᠢᠭᠤᠯᠤᠮᠵᠢ ᠪᠠ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠢᠳᠡᠪᠬᠢᠵᠢᠯ᠎ᠢ ᠲᠠᠢ᠌ᠴᠢᠯᠠᠨ᠎ᠠ᠃ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠦᠷᠦᠯ᠎ᠦᠨ ᠠᠵᠢᠯ ᠦᠢᠯᠡᠰ᠎ᠦᠨ ᠨᠢᠭᠡᠴᠢ᠎ᠶᠢᠨ ᠨᠡᠩ ᠠᠮᠢᠳᠤᠯᠢᠭ ᠬᠠᠮᠢᠶᠠᠷᠤᠯᠲᠠ᠎ᠶᠢᠨ ᠲᠦᠷᠢᠮ᠎ᠢ ᠬᠡᠷᠡᠭᠵᠢᠭᠦᠯᠬᠦ᠌᠎ᠶᠢ ᠵᠥᠪᠰᠢᠶᠡᠷᠡᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠲᠠᠭᠠᠭᠤᠯᠤᠬᠴᠢ ᠠᠵᠤ ᠠᠬᠤᠢᠯᠠᠯ ᠤ᠋ᠨ ᠬᠢᠨ᠎ᠤ ᠰᠢᠨ᠎ᠡ᠎ᠶᠢ ᠡᠭᠦᠳᠬᠦ᠌ ᠬᠡᠯᠬᠢᠶ᠎ᠡ ᠠᠵᠤ ᠦᠢᠯᠡᠰ᠎ᠦᠨ ᠬᠡᠯᠬᠢᠶ᠎ᠡ᠎ᠪᠠᠯᠠ ᠮᠥᠩᠭᠥ᠎ᠶᠢᠨ ᠬᠡᠯᠬᠢᠶ᠎ᠡ᠎ᠴᠢᠳᠠᠪᠤᠷᠢᠲᠠᠨ᠎ᠤ ᠬᠡᠯᠬᠢᠶ᠎ᠡ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠳᠤᠮᠳᠠᠬᠢ ᠵᠠᠩᠭᠢᠯᠠᠭ᠎ᠠ᠎ᠶᠢᠨ ᠦᠢᠯᠡᠳᠤᠯ᠎ᠢ ᠭᠦᠢᠴᠡᠳ ᠪᠠᠳᠠᠷᠠᠭᠤᠯᠤᠨ᠎ᠠ᠃

(ᠳᠥᠷᠪᠡ) ᠠᠵᠤ ᠠᠬᠤᠶ᠋ᠢᠯᠠᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠭᠤᠤᠯ ᠴᠣᠭᠴᠠ᠎ᠶᠢᠨ ᠪᠠᠶ᠋ᠢᠷᠢ ᠰᠠᠭᠤᠷᠢ᠎ᠶᠢ ᠴᠢᠨᠭᠭᠠᠳᠬᠠᠨ᠎ᠠ᠃ ᠲᠦᠭᠡᠮᠡᠯ ᠬᠠᠷᠠᠭᠠᠯᠵᠠᠯᠲᠤ᠌ ᠤᠷᠮᠠᠰᠢᠭᠤᠯᠬᠤ ᠲᠥᠷᠥ᠎ᠶᠢᠨ ᠪᠣᠳᠣᠯᠭ᠎ᠠ᠎ᠶᠢᠨ ᠬᠠᠩᠭᠠᠯᠭ᠎ᠠ᠎ᠶᠢ ᠴᠢᠩᠭᠠᠳᠬᠠᠵᠤ᠂ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ᠌ ᠪᠡᠯᠡᠳᠬᠡᠯ ᠮᠥᠩᠭᠥ᠎ᠶᠢᠨ ᠲᠦᠷᠢᠮ᠎ᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠶᠢᠨ ᠭᠤᠤᠯᠯᠠᠬᠤ ᠦᠢᠯᠡᠳᠦᠯ᠎ᠢ ᠴᠢᠩᠭᠠᠳᠬᠠᠨ᠎ᠠ᠃ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ ᠪᠦᠬᠦᠢ ᠳᠤᠮᠳᠠ ᠪᠠᠭ᠎ᠠ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭᠳᠡᠭᠦᠯᠬᠦ᠌᠎ᠶᠢ ᠵᠣᠷᠢᠭᠵᠢᠭᠤᠯᠵᠤ᠂ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ᠎ᠢ ᠨᠡᠮᠡᠨ ᠪᠣᠳᠣᠵᠤ ᠰᠠᠭᠤᠯᠭᠠᠨ ᠠᠪᠬᠤ ᠬᠠᠷᠢᠴᠠᠯ᠎ᠢ ᠳᠡᠭᠡᠭᠰᠢᠯᠡᠭᠦᠯᠦᠨ᠎ᠡ᠃ ᠤᠯᠤᠰ᠎ᠤᠨ ᠪᠠᠶ᠋ᠢᠯᠳᠤᠬᠤ ᠪᠤᠳᠤᠯᠭ᠎ᠠ᠎ᠶᠢᠨ ᠬᠡᠷᠡᠭᠴᠡᠭᠡ᠎ᠳᠦ ᠨᠡᠶ᠋ᠢᠴᠡᠭᠰᠡᠨ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ᠌ ᠲᠦᠷᠦᠯ ᠵᠦᠢᠯ ᠢ᠋ ᠲᠡᠰ ᠲᠠᠷᠠᠭᠠᠯᠠᠯ ᠶᠣᠰᠣᠭᠠᠷ ᠤᠯᠤᠰ᠎ᠤᠨ ᠲᠦᠷᠦᠯ ᠵᠦᠢᠯ ᠪᠣᠯᠭᠠᠨ ᠳᠡᠭᠡᠭᠰᠢᠯᠡᠭᠦᠯᠵᠦ᠍᠂ ᠠᠵᠤ ᠠᠬᠤᠶ᠋ᠢᠯᠠᠯ᠎ᠤᠨ ᠤᠯᠤᠰ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠭᠦᠷᠭᠡ᠎ᠶᠢ ᠲᠦᠷᠦᠭᠦᠯᠡᠨ ᠡᠭᠦᠷᠭᠡᠯᠡᠬᠦ᠌᠎ᠶᠢ ᠵᠣᠷᠢᠭᠵᠢᠭᠤᠯᠵᠤ᠂ ᠴᠢᠳᠠᠪᠤᠷᠢ᠎ᠲᠠᠶ ᠠᠷᠠᠳ᠎ᠤ᠋ᠨ ᠡᠵᠡᠨᠭᠨᠡᠯᠳᠠ ᠵᠢᠨ ᠠᠵᠤ ᠠᠬᠤᠶ᠋ᠢᠯᠠᠯ᠎ᠤᠨ ᠤᠯᠤᠰ᠎ᠤᠨ ᠴᠢᠬᠤᠯᠠ ᠶᠡᠬᠡ ᠮᠡᠷᠭᠡᠵᠢᠯ᠎ᠦᠨ ᠬᠦᠴᠢᠷ ᠠᠰᠠᠭᠤᠳᠠᠯ ᠢ᠋ ᠰᠢ᠌ᠳᠪᠦᠷᠢᠯᠡᠬᠦ᠌ ᠡᠭᠦᠷᠭᠡ᠎ᠶᠢ ᠲᠦᠷᠦᠭᠦᠯᠡᠨ ᠡᠭᠦᠷᠭᠡᠯᠡᠵᠤ ᠬᠢᠬᠦ᠎ᠶᠢ ᠲᠡᠮᠵᠢᠨ᠎ᠠ᠃ ᠬᠡᠷᠡᠭᠯᠡᠭᠴᠢᠳ ᠤ᠋ᠨ ᠦᠷ᠎ᠡ ᠪᠦᠲᠦᠭᠡᠯ᠎ᠢ ᠬᠢᠨᠡᠨ ᠰᠢᠯᠭᠠᠵᠤ ᠦᠨᠡᠯᠡᠬᠦ᠌ ᠲᠣᠭᠲᠠᠴᠠ᠎ᠶᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠭᠤᠤᠯ ᠴᠣᠭᠴᠠ᠎ᠶᠢᠨ ᠪᠠᠶ᠋ᠢᠷᠢ ᠰᠠᠭᠤᠷᠢ᠎ᠶᠢ ᠴᠢᠨᠭᠭᠠᠳᠬᠠᠨ᠎ᠠ᠃ ᠤᠯᠤᠰ᠎ᠤᠨ ᠥᠮᠴᠢᠯᠡᠯ ᠤ᠋ᠨ ᠠᠵᠤ ᠠᠬᠤᠶ᠋ᠢᠯᠠᠯ᠎ᠤᠨ ᠠᠩᠬᠠᠨ᠎ᠤ ᠰᠢᠨ᠎ᠡ᠎ᠶᠢ ᠡᠭᠦᠳᠬᠦ᠌᠎ᠶᠢ ᠠᠬᠢᠭᠤᠯᠬᠤ ᠲᠦᠷᠢᠮ᠎ᠦᠨ ᠲᠣᠬᠢᠷᠠᠭᠤᠯᠤᠯᠲᠠ᠎ᠶᠢ ᠪᠦᠷᠢᠨᠰᠢᠭᠦᠯᠦᠨ᠎ᠡ᠃ ᠲᠤᠰᠬᠠᠢᠵᠢᠬᠰᠡᠨ ᠨᠠᠷᠢᠯᠢᠭᠵᠢᠬᠰᠡᠨ ᠣᠨᠴᠠᠯᠢᠬᠵᠢᠬᠰᠡᠨ ᠰᠢᠨ᠎ᠡ ᠳᠤᠮᠳᠠ ᠪᠠᠭ᠎ᠠ ᠠᠵᠤ ᠠᠬᠤᠶ᠋ᠢᠯᠠᠯ᠎ᠤᠨ ᠬᠥᠭᠵᠢᠯᠲᠡ᠎ᠶᠢ ᠳᠡᠮᠵᠢᠨ᠎ᠡ᠃

(ᠲᠠᠪᠤ) ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠤ᠌ ᠦᠢᠯᠡᠳᠪᠦᠷᠢᠯᠡᠯ᠎ᠦᠨ ᠬᠦᠴᠦᠨ ᠪᠣᠯᠭᠠᠨ ᠤᠯᠠᠷᠢᠭᠤᠯᠬᠤ ᠵᠢ ᠲᠦᠷᠭᠡᠳᠬᠡᠨ᠎ᠡ᠃ ᠬᠡᠲᠦ᠍ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠎ᠢ ᠰᠠᠶ᠋ᠢᠲᠤᠷ ᠬᠡᠷᠡᠭᠯᠡᠵᠦ᠍᠂ ᠮᠡᠷᠭᠡᠵᠢᠯ ᠬᠢᠭᠡᠳ ᠵᠠᠬ᠎ᠠ ᠳᠡᠯᠭᠡᠭᠦᠷ᠎ᠢ ᠥᠨᠳᠥᠷ ᠪᠦᠲᠦᠮᠵᠢᠲᠡᠶ ᠵᠣᠯᠭᠠᠭᠤᠯᠬᠤ᠎ᠶᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠡᠪᠴᠢᠶᠡᠵᠢᠨ ᠬᠥᠭᠵᠢᠬᠦ᠌᠎ᠶᠢ ᠠᠬᠢᠭᠤᠯᠤᠨ᠎ᠠ᠃ ᠰᠢᠨ᠎ᠡ ᠮᠡᠷᠭᠡᠵᠢᠯ ᠰᠢᠨ᠎ᠠ᠎ᠡᠦᠢᠯᠡᠳᠬᠦᠨ ᠰᠢᠨ᠎ᠡ ᠦᠵᠡᠭᠳᠡᠯ ᠪᠠᠶ᠋ᠢᠳᠠᠯ᠎ᠢ ᠶᠡᠬᠡ ᠬᠡᠪᠴᠢᠶ᠎ᠡ᠎ᠪᠡᠷ ᠬᠡᠷᠡᠭᠯᠡᠵᠦ᠍ ᠵᠢᠱ᠌ᠢᠶ᠎ᠡ ᠦᠵᠡᠭᠦᠯᠬᠦ᠌ ᠠᠵᠢᠯᠯᠠᠭ᠎ᠠ᠎ᠶᠢ ᠬᠡᠷᠡᠭᠵᠢᠭᠦᠯᠦᠨ᠎ᠡ᠃ ᠤᠨᠤᠯ᠎ᠢ ᠲᠤᠷᠰᠢᠯᠳᠠ ᠪᠡᠷ ᠰᠢᠯᠭᠠᠨ ᠪᠠᠲᠤᠯᠠᠬᠤ᠂ ᠶᠡᠬᠡ ᠬᠡᠪᠴᠢᠶ᠎ᠡ ᠪᠡᠷ ᠦᠢᠯᠡᠳᠪᠦᠷᠢᠯᠡᠬᠦ ᠡᠴᠡ ᠡᠮᠦᠨ᠎ᠡ ᠲᠤᠷᠰᠢᠨ ᠰᠢᠯᠭᠠᠨ ᠪᠠᠲᠤᠯᠠᠬᠤ ᠲᠠᠪᠴᠠᠩ᠎ᠢ ᠪᠠᠶ᠋ᠢᠷᠢᠰᠢᠭᠤᠯᠤᠨ ᠪᠠᠶ᠋ᠢᠭᠤᠯᠵᠤ᠂ ᠬᠡᠷᠡᠭᠯᠡᠭᠡᠨ᠎ᠦ ᠦᠵᠡᠭᠳᠡᠯ ᠪᠠᠢᠳᠠᠯ ᠤ᠋ᠨ ᠪᠠᠶ᠋ᠢᠭᠤᠯᠤᠯᠲᠠ ᠪᠠ ᠨᠡᠭᠡᠭᠡᠯᠲᠡ ᠬᠢᠬᠦ᠌ ᠡᠷᠴᠢᠮ᠎ᠢ ᠴᠢᠩᠭᠠᠷᠠᠭᠤᠯᠤᠨ᠎ᠠ᠃ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠢᠯ᠎ᠦᠨ ᠪᠥᠬᠥ᠌ ᠶᠠᠪᠤᠴᠠ᠎ᠶᠢ ᠦᠨᠡᠯᠡᠬᠦ᠌ ᠲᠣᠭᠲᠠᠴᠠ᠎ᠶᠢ ᠰᠦᠪᠡᠭᠴᠢᠯᠡᠨ ᠪᠠᠶ᠋ᠢᠭᠤᠯᠵᠤ᠂ ᠲᠥᠷᠥᠯ ᠵᠦᠢᠯ ᠢ᠋ ᠲᠣᠭᠲᠠᠭᠠᠬᠤ ᠦᠶ᠎ᠡ᠎ᠳᠦ ᠰᠤᠳᠤᠯᠤᠨ ᠨᠡᠭᠡᠭᠡᠬᠦ᠌ ᠪᠠ ᠤᠯᠠᠷᠢᠭᠤᠯᠬᠤ ᠡᠭᠦᠷᠭᠡ᠎ᠶᠢ ᠨᠢᠭᠡ ᠴᠣᠭᠴᠠᠵᠢᠭᠤᠯᠤᠨ ᠪᠠᠶ᠋ᠢᠷᠢᠯᠠᠭᠤᠯᠵᠤ᠂ ᠰᠢᠯᠭᠠᠨ ᠠᠪᠬᠤ ᠦᠶ᠎ᠡ᠎ᠳᠦ ᠬᠡᠷᠡᠭᠯᠡᠭᠡᠨ᠎ᠦ ᠪᠣᠳᠠᠲᠤ᠌ ᠠᠮᠵᠢᠯᠲᠠ᠎ᠶᠢ ᠬᠢᠨᠡᠨ ᠰᠢᠯᠭᠠᠵᠤ᠂ ᠮᠡᠷᠭᠡᠵᠢᠯ᠎ᠢ ᠨᠡᠭᠡᠭᠡᠨ ᠬᠥᠭᠵᠢᠭᠦᠯᠬᠦ᠌ ᠪᠠ ᠦᠷ᠎ᠡ ᠪᠦᠲᠦᠭᠡᠯ᠎ᠢ ᠤᠯᠠᠷᠢᠭᠤᠯᠬᠤ ᠡᠴᠡ ᠰᠠᠯᠤᠩᠭᠢᠷᠠᠭᠰᠠᠨ ᠠᠰᠠᠭᠤᠳᠠᠯ᠎ᠢ ᠰᠢᠢᠳᠪᠦᠷᠢᠯᠡᠨ᠎ᠡ᠃ ᠶᠡᠭᠡ ᠲᠡᠭᠡᠳᠤ ᠰᠤᠷᠭᠠᠭᠤᠯᠢ᠂ ᠡᠷᠳᠡᠮ ᠰᠢᠨᠵᠢᠯᠡᠭᠡᠨ᠎ᠦ ᠬᠦᠷᠢᠶᠡᠯᠡᠩ ᠭᠠᠵᠠᠷ᠎ᠤ᠋ᠨ ᠤᠷᠢᠳ ᠵᠢᠡᠷ ᠬᠡᠷᠡᠭᠯᠡᠵᠦ᠍ ᠳᠠᠷᠠᠭ᠎ᠠ᠎ᠨᠢ ᠰᠦᠢᠳᠭᠡᠯ ᠲᠤᠰᠢᠶᠠᠬᠤ ᠠᠷᠭ᠎ᠠ ᠮᠠᠶᠢᠭ᠎ᠢᠶᠠᠷ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠳᠤᠮᠳᠠ ᠪᠠᠭ᠎ᠠ ᠵᠢᠵᠢᠭ ᠠᠵᠤ ᠠᠬᠤᠶ᠋ᠢᠯᠠᠯ᠎ᠳᠤ ᠵᠥᠪᠰᠢᠶᠡᠷᠡᠨ ᠬᠡᠷᠡᠭᠯᠡᠭᠦᠯᠬᠦ ᠵᠢ ᠬᠦᠳᠤᠯᠤᠨ ᠵᠢᠯᠤᠭᠤᠳᠤᠨ᠎ᠠ᠃ ᠲᠣᠮᠣ ᠠᠵᠤ ᠠᠬᠤᠶ᠋ᠢᠯᠠᠯ᠎ᠤᠨ ᠳᠤᠮᠳᠠ ᠪᠠᠭ᠎ᠠ ᠵᠢᠵᠢᠭ ᠠᠵᠤ ᠠᠬᠤᠶ᠋ᠢᠯᠠᠯ᠎ᠳᠤ ᠬᠠᠩᠭᠠᠯᠭ᠎ᠠ᠎ᠶᠢᠨ ᠬᠡᠯᠬᠢᠶ᠎ᠡ᠎ᠪᠡᠨ ᠨᠡᠭᠡᠭᠡᠬᠦ᠌᠎ᠶᠢ ᠠᠬᠢᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶ᠋ᠢᠯᠠᠯ᠎ᠤᠨ ᠦᠷ᠎ᠡ ᠪᠦᠲᠦᠭᠡᠯ᠎ᠢᠶᠡᠨ ᠠᠵᠤ ᠦᠢᠯᠡᠰᠵᠢᠭᠦᠯᠬᠦ᠌᠎ᠶᠢ ᠳᠡᠮᠵᠢᠬᠦ᠌ ᠴᠢᠬᠤᠯᠠ ᠬᠦᠴᠦᠨ ᠪᠤᠯᠭᠠᠨ᠎ᠠ᠃ ᠵᠣᠬᠢᠶᠠᠮᠠᠯ ᠣᠶᠤᠨ ᠴᠢᠳᠠᠪᠤᠷᠢ᠎ᠪᠠᠷ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠡᠪ ᠵᠠᠭᠪᠤᠷ᠎ᠤᠨ ᠬᠤᠪᠢᠰᠤᠯᠲᠠ᠎ᠶᠢ ᠬᠥᠲᠥᠯᠥᠨ ᠳᠠᠭᠠᠭᠤᠯᠵᠤ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠌᠎ᠳᠦ ᠬᠦᠴᠦᠨ ᠨᠡᠮᠡᠷᠢᠯᠡᠨ᠎ᠡ᠃

ᠭᠤᠷᠪᠠ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠌᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ

(ᠵᠢᠷᠭᠤᠭ᠎ᠠ)ᠤᠯᠠᠮᠵᠢᠯᠠᠯᠲᠤ᠌ ᠠᠵᠤ ᠦᠢᠯᠡᠰ᠎ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠪᠣᠳᠠᠲᠤ᠌ ᠴᠣᠭᠴᠠ᠎ᠶᠢᠨ ᠠᠵᠤ ᠠᠬᠤᠢ᠎ᠶᠢᠨ ᠰᠠᠭᠤᠷᠢ᠎ᠶᠢ ᠪᠠᠲᠤ᠌ ᠰᠠᠬᠢᠵᠤ᠂ ᠳᠤᠮᠳᠠᠳᠤ ᠤᠯᠤᠰ᠎ᠤᠨ ᠦᠢᠯᠡᠳᠬᠦ᠌ ᠦᠢᠯᠡᠰ᠎ᠦᠨ ᠬᠠᠲᠠᠭᠤ ᠪᠣᠳᠠᠲᠤ᠌ ᠬᠦᠴᠦᠨ᠎ᠢ ᠪᠡᠬᠢᠵᠢᠭᠦᠯᠦᠨ ᠥᠷᠭᠡᠳᠬᠡᠨ᠎ᠡ᠃ ᠤᠯᠤᠰ᠎ᠤᠨ ᠪᠠᠷᠢᠮᠵᠢᠶ᠎ᠠ᠎ᠶᠢᠨ ᠳᠡᠭᠡᠭᠰᠢᠯᠡᠯᠲᠡ᠎ᠪᠡᠷ ᠤᠯᠠᠮᠵᠢᠯᠠᠯᠲᠤ᠌ ᠠᠵᠤ ᠦᠢᠯᠡᠰ᠎ᠢ ᠰᠢᠯᠢᠳᠡᠭᠵᠢᠭᠦᠯᠦᠨ ᠲᠠᠰ ᠳᠡᠪᠰᠢᠭᠦᠯᠬᠦ᠌᠎ᠶᠢ ᠬᠥᠲᠥᠯᠥᠨ ᠳᠠᠭᠠᠭᠤᠯᠵᠤ᠂ ᠠᠵᠤ ᠠᠬᠤᠶ᠋ᠢᠯᠠᠯ᠎ᠤᠨ ᠲᠣᠭᠠᠴᠢᠯᠠᠯᠲᠠ ᠤᠶᠤᠨᠴᠢᠯᠠᠯᠲᠠ ᠵᠢᠨ ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ᠎ᠢᠶᠡᠷ ᠤᠯᠠᠮᠵᠢᠯᠠᠯᠲᠤ᠌ ᠠᠵᠤ ᠦᠢᠯᠡᠰ᠎ᠢ ᠥᠭᠡᠷᠡᠴᠢᠯᠡᠨ ᠲᠠᠰ ᠳᠡᠪᠰᠢᠭᠦᠯᠬᠦ᠌᠎ᠶᠢ ᠳᠡᠮᠵᠢᠨ᠎ᠡ᠃ ᠭᠤᠤᠯᠳᠠᠯᠭ᠎ᠠ᠎ᠲᠠᠶ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠌ ᠠᠵᠢᠯᠯᠠᠭ᠎ᠠ᠎ᠶᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠍᠂ ᠪᠥᠬᠥ᠌ ᠪᠥᠮᠪᠥᠷᠴᠡᠭ᠎ᠦᠨ ᠠᠵᠤ ᠦᠢᠯᠡᠰ᠎ᠦᠨ ᠠᠵᠢᠯ᠎ᠤᠨ ᠬᠤᠪᠢᠶᠠᠷᠢᠯᠠᠯ᠎ᠳᠠᠬᠢ ᠠᠭᠤᠷᠬᠠᠶ᠎ᠶᠢᠨ ᠦᠢᠯᠡᠰ᠂ ᠲᠡᠮᠦᠷᠯᠢᠭ ᠬᠠᠶ᠋ᠢᠯᠤᠭᠤᠯᠬᠤ᠂ ᠬᠢᠮᠢ᠎ᠶᠢᠨ ᠠᠵᠤ ᠦᠢᠯᠡᠳᠪᠦᠷᠢ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠮᠠᠰᠢᠨ ᠮᠧᠬᠠᠨᠢᠭ᠂ ᠣᠩᠭᠣᠴᠠ ᠰᠠᠯ᠂ ᠪᠠᠷᠢᠯᠭ᠎ᠠ ᠵᠡᠷᠭᠡ ᠠᠵᠤ ᠦᠢᠯᠡᠰ᠎ᠦᠨ ᠪᠠᠶ᠋ᠢᠷᠢ ᠰᠠᠭᠤᠷᠢ ᠪᠠ ᠥᠷᠢᠰᠦᠯᠳᠦᠬᠦ᠌ ᠬᠦᠴᠦᠨ᠎ᠢ ᠪᠡᠬᠢᠵᠢᠭᠦᠯᠦᠨ ᠳᠡᠭᠡᠭᠰᠢᠯᠡᠭᠦᠯᠦᠨ᠎ᠡ᠃ ᠠᠵᠤ ᠦᠢᠯᠡᠰ᠎ᠦᠨ ᠰᠠᠭᠤᠷᠢ᠎ᠶᠢ ᠲᠠᠬᠢᠨ ᠦᠢᠯᠡᠳᠬᠦ᠌ ᠢᠨᠵᠧᠨᠧᠷᠢᠩ᠂ ᠴᠢᠬᠤᠯᠠ ᠶᠡᠬᠡ ᠮᠡᠷᠭᠡᠵᠢᠯ᠎ᠦᠨ ᠲᠣᠨᠣᠭᠯᠠᠯ᠎ᠤᠨ ᠬᠦᠴᠢᠷ ᠠᠰᠠᠭᠤᠳᠠᠯ ᠢ᠋ ᠰᠢ᠌ᠳᠪᠦᠷᠢᠯᠡᠬᠦ᠌ ᠢᠨᠵᠧᠨᠧᠷᠢᠩ᠂ ᠦᠢᠯᠡᠳᠬᠦ᠌ ᠦᠢᠯᠡᠰ᠎ᠦᠨ ᠴᠢᠬᠤᠯᠠ ᠶᠡᠬᠡ ᠮᠡᠷᠭᠡᠵᠢᠯ᠎ᠦᠨ ᠥᠭᠡᠷᠡᠴᠢᠯᠡᠯᠲᠡ᠎ᠶᠢ ᠲᠡᠰ ᠳᠡᠪᠰᠢᠭᠦᠯᠬᠦ᠌ ᠢᠨᠵᠧᠨᠧᠷᠢᠩ ᠪᠠ ᠶᠡᠬᠡ ᠬᠡᠪᠴᠢᠶᠡᠨ᠎ᠦ ᠲᠤᠨᠤᠭ ᠲᠥᠬᠥᠭᠡᠷᠦᠮᠵᠢ᠎ᠶᠢ ᠰᠢᠨᠡᠳᠬᠡᠬᠦ᠌ ᠢᠨᠵᠧᠨᠧᠷᠢᠩ᠎ᠢ ᠥᠷᠨᠢᠭᠦᠯᠦᠨ᠎ᠡ᠃ ᠦᠢᠯᠡᠳᠬᠦ᠌ ᠦᠢᠯᠡᠰ᠎ᠦᠨ ᠠᠵᠤ ᠠᠬᠤᠶ᠋ᠢᠯᠠᠯ᠎ᠤᠨ ᠮᠡᠷᠭᠡᠵᠢᠯ᠎ᠦᠨ ᠥᠭᠡᠷᠡᠴᠢᠯᠡᠯᠲᠡ᠎ᠶᠢᠨ ᠪᠠᠯᠠ ᠮᠥᠩᠭᠥ᠎ᠶᠢᠨ ᠳᠡᠮᠵᠢᠯᠭᠡ᠎ᠶᠢ ᠴᠢᠩᠭᠠᠷᠠᠭᠤᠯᠵᠤ᠂ ᠮᠡᠷᠭᠡᠵᠢᠯ᠎ᠦᠨ ᠥᠭᠡᠷᠡᠴᠢᠯᠡᠯᠲᠡ᠎ᠶᠢᠨ ᠪᠠᠯᠠ ᠣᠷᠣᠭᠤᠯᠤᠯᠲᠠ᠎ᠶᠢᠨ ᠬᠤᠯᠪᠤᠬᠳᠠᠯ ᠪᠥᠬᠥᠶ ᠭᠠᠶ᠋ᠢᠯᠢ᠎ᠶᠢᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠠᠶ᠋ᠢᠳᠠᠪᠤᠷᠢᠵᠢᠭᠤᠯᠤᠨ᠂ ᠦᠢᠯᠡᠳᠬᠦ ᠦᠢᠯᠡᠰ᠎ᠦᠨ ᠲᠤᠭᠠᠴᠢᠯᠠᠯᠳᠠ ᠤᠶᠤᠨᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ᠂ ᠣᠶᠤᠨᠳᠤ ᠦᠢᠯᠡᠳᠬᠦ ᠦᠢᠯᠡᠰ᠂ ᠪᠣᠬᠢᠷᠲᠤᠯ ᠥᠬᠡᠶ ᠦᠢᠯᠡᠳᠬᠦ ᠦᠢᠯᠡᠰ᠂ ᠦᠢᠯᠡᠴᠢᠯᠡᠬᠦ᠌ ᠬᠡᠯᠪᠡᠷᠢ᠎ᠶᠢᠨ ᠦᠢᠯᠡᠳᠬᠦ ᠦᠢᠯᠡᠰ᠎ᠢ ᠬᠥᠭᠵᠢᠭᠦᠯᠦᠨ᠎ᠡ᠃ ᠶᠠᠰᠤ ᠴᠢᠨᠠᠷ ᠮᠡᠷᠭᠡᠵᠢᠯ᠎ᠦᠨ ᠰᠠᠭᠤᠷᠢ ᠴᠢᠳᠠᠪᠤᠷᠢ᠎ᠶᠢ ᠴᠢᠩᠭᠠᠷᠠᠭᠤᠯᠵᠤ᠂ ᠲᠥᠷᠥᠯ ᠲᠡᠮᠳᠡᠭ᠎ᠤᠨ ᠪᠠᠶ᠋ᠢᠭᠤᠯᠤᠯᠲᠠ᠎ᠶᠢ ᠴᠢᠩᠭᠠᠳᠬᠠᠨ᠎ᠠ᠃ ᠰᠢᠨ᠎ᠡ ᠨᠢᠭᠡ ᠡᠭᠡᠯᠵᠢ᠎ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶᠢ ᠳᠡᠭᠡᠭᠰᠢᠯᠡᠭᠦᠯᠬᠦ᠌ ᠠᠵᠢᠯᠯᠠᠭ᠎ᠠ᠂ ᠦᠷ᠎ᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ᠂ ᠤᠶᠤᠨᠴᠢ ᠲᠠᠷᠢᠶᠠᠯᠠᠩ᠎ᠤᠨ ᠠᠵᠢᠯᠯᠠᠭ᠎ᠠ᠂ ᠲᠠᠷᠢᠶᠠᠯᠠᠩ᠎ᠤᠨ ᠮᠠᠰᠢᠨ ᠲᠣᠨᠣᠭᠯᠠᠯ᠎ᠤᠨ ᠴᠢᠨᠠᠷ ᠰᠠᠶ᠋ᠢᠲᠠᠢ ᠬᠥᠭᠵᠢᠯᠲᠡ᠎ᠶᠢᠨ ᠠᠵᠢᠯᠯᠠᠭ᠎ᠠ᠂ ᠲᠦᠬᠦᠭᠡᠷᠤᠮᠵᠢᠳᠤ ᠲᠠᠷᠢᠶᠠᠯᠠᠩ᠎ᠤᠨ ᠣᠳᠣᠬᠢᠴᠢᠯᠠᠯᠲᠠ᠎ᠶᠢ ᠳᠡᠭᠡᠭᠰᠢᠯᠡᠭᠦᠯᠬᠦ᠌ ᠠᠵᠢᠯᠯᠠᠭ᠎ᠠ ᠪᠠ ᠲᠠᠷᠢᠶᠠᠯᠠᠩ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠨᠥᠬᠥᠴᠡᠯ᠎ᠦᠨ ᠪᠠᠶ᠋ᠢᠭᠤᠯᠤᠯᠲᠠ᠎ᠶᠢᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ᠎ᠤᠨ ᠦᠢᠯᠡᠳᠪᠦᠷᠢ᠎ᠶᠢ ᠬᠥᠭᠵᠢᠭᠦᠯᠬᠦ᠌ ᠵᠡᠷᠭᠡ ᠰᠢᠨ᠎ᠡ ᠬᠡᠯᠪᠡᠷᠢ᠎ᠶᠢ ᠭᠦᠨᠵᠡᠭᠡᠢ ᠬᠡᠷᠡᠭᠵᠢᠭᠦᠯᠦᠨ᠎ᠡ᠃ ᠦᠢᠯᠡᠴᠢᠯᠡᠭᠡᠨ᠎ᠦ ᠦᠢᠯᠡᠰ᠎ᠦᠨ ᠬᠠᠩᠭᠠᠯᠭ᠎ᠠ ᠵᠢᠨ ᠴᠢᠳᠠᠪᠦᠷᠢ᠎ᠪᠠᠨ ᠥᠷᠭᠡᠳᠬᠡᠨ ᠶᠠᠰᠤ ᠴᠢᠨᠠᠷ᠎ᠢᠶᠠᠨ ᠳᠡᠭᠡᠭᠰᠢᠯᠡᠭᠦᠯᠬᠦ᠌ ᠠᠵᠢᠯᠯᠠᠭ᠎ᠠ᠎ᠶᠢ ᠬᠡᠷᠡᠭᠵᠢᠭᠦᠯᠵᠦ᠍᠂ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠲᠤᠰᠬᠠᠶ᠋ᠢᠵᠢᠬᠤ ᠪᠠ ᠥᠷᠲᠡᠭ᠎ᠦᠨ ᠬᠡᠯᠬᠢᠶ᠎ᠡ᠎ᠶᠢ ᠳᠡᠭᠡᠳᠦ ᠲᠡᠰ ᠳᠡᠢᠰᠢ ᠤᠷᠲᠤᠳᠬᠠᠬᠤ᠎ᠶᠢ ᠬᠦᠷᠢᠶ᠎ᠡ ᠴᠠᠷᠠᠭ᠎ᠠ ᠬᠤᠪᠢᠶᠠᠨ ᠠᠬᠢᠭᠤᠯᠵᠤ᠂ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠶ᠋ᠢᠲᠠᠢ᠂ ᠣᠯᠠᠨ ᠶᠠᠩᠵᠤᠵᠢᠭᠰᠠᠨ᠂ ᠳᠥᠭᠥᠮ ᠲᠦᠷᠬᠡᠨ ᠪᠤᠯᠭᠠᠬᠰᠠᠨ ᠬᠥᠭᠵᠢᠯᠲᠡ᠎ᠶᠢ ᠠᠬᠢᠭᠤᠯᠤᠨ᠎ᠠ᠃

(ᠳᠣᠯᠣᠭ᠎ᠠ)ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠶ᠋ᠢᠵᠢᠭᠤᠯᠤᠨ ᠪᠤᠵᠠᠭᠠᠶ᠋ᠢᠷᠠᠭᠤᠯᠤᠨ᠎ᠠ᠃ ᠰᠢᠨ᠎ᠡ᠎ᠪᠡᠷ ᠮᠠᠨᠳᠤᠭᠰᠠᠨ ᠲᠤᠯᠭᠠᠭᠤᠷᠢ ᠠᠵᠤ ᠦᠢᠯᠡᠰ᠎ᠢ ᠬᠦᠴᠦᠯᠡᠨ ᠪᠠᠢᠭᠤᠯᠤᠨ᠎ᠠ᠃ ᠰᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠶᠤᠨᠳᠤ ᠰᠦᠯᠵᠢᠶᠡᠨ ᠳ᠋ᠤ ᠬᠤᠯᠪᠤᠬᠰᠠᠨ ᠰᠢᠨ᠎ᠡ ᠡᠨᠧᠷᠭᠢ᠎ᠶᠢᠨ ᠮᠠᠰᠢᠨ ᠲᠡᠷᠭᠡ᠂ ᠮᠠᠰᠢᠨ ᠬᠥᠮᠦᠨ᠂ ᠠᠮᠢᠳᠤ ᠪᠣᠳᠠᠰ᠎ᠤᠨ ᠡᠮ ᠡᠮᠨᠡᠯᠭᠡ᠂ ᠳᠡᠭᠡᠳᠦ ᠲᠡᠰ᠎ᠤᠨ ᠲᠣᠨᠣᠭᠯᠠᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠪᠠᠶ᠋ᠢᠯᠳᠤᠬᠤ ᠪᠤᠳᠤᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠬᠥᠭᠵᠢᠯᠲᠡ᠎ᠶᠢ ᠲᠦᠷᠭᠡᠳᠬᠡᠵᠦ᠍᠂ ᠭᠠᠵᠠᠷ ᠣᠷᠣᠨ᠎ᠤ ᠪᠠᠶ᠋ᠢᠳᠠᠯ᠎ᠳ᠋ᠤᠨᠢ ᠲᠤᠬᠢᠷᠠᠭᠤᠯᠤᠨ ᠲᠤᠰ ᠲᠤᠰ᠎ᠤᠨ ᠣᠨᠴᠠᠯᠢᠭ᠎ᠲᠠᠶ᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌ ᠪᠠᠶ᠋ᠢᠯᠳᠤᠬᠤ ᠪᠤᠳᠤᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠦᠯᠦᠭᠵᠢᠯ᠎ᠢ ᠪᠠᠶ᠋ᠢᠭᠤᠯᠵᠤ᠂ ᠡᠬᠢ ᠪᠠᠶᠠᠯᠢᠭ ᠲᠥᠪᠯᠡᠷᠡᠭᠰᠡᠨ᠂ ᠭᠣᠣᠯ ᠴᠣᠭᠴᠠ ᠲᠥᠪᠯᠡᠷᠡᠭᠰᠡᠨ᠂ ᠦᠷ᠎ᠡ ᠪᠦᠲᠦᠭᠡᠯ ᠲᠥᠪᠯᠡᠷᠡᠭᠰᠡᠨ᠂ ᠠᠵᠢᠯ ᠬᠤᠪᠢᠶᠠᠷᠢᠯᠠᠨ ᠬᠠᠮᠲᠤᠷᠠᠯᠴᠠᠬᠤ᠎ᠶᠢ ᠠᠬᠢᠭᠤᠯᠤᠨ᠎ᠠ᠃ ᠠᠵᠤ ᠦᠢᠯᠡᠰ᠎ᠦᠨ ᠳᠣᠲᠣᠭᠠᠳᠤ ᠵᠢᠨ᠂ ᠦᠢᠯᠡᠳᠬᠦᠨ᠎ᠦ ᠳᠣᠲᠣᠭᠠᠳᠤ᠎ᠳᠠᠬᠢ ᠲᠤᠰᠬᠠᠶ ᠠᠵᠢᠯ᠎ᠤᠨ ᠬᠤᠪᠢᠶᠠᠷᠢᠯᠠᠯ᠎ᠢ ᠭᠦᠨᠵᠡᠭᠡᠶ᠋ᠢᠷᠡᠭᠦᠯᠵᠦ᠍᠂ ᠠᠵᠢᠯ ᠲᠥᠷᠥᠯ ᠪᠠ ᠣᠷᠣᠨ ᠪᠦᠰᠡ ᠠᠯᠤᠰᠯᠠᠭᠰᠠᠨ ᠠᠭᠤᠰᠤᠯᠴᠠᠯ᠎ᠢ ᠠᠬᠢᠭᠤᠯᠤᠨ᠂《ᠳᠣᠲᠣᠭᠠᠳᠤ ᠵᠢᠨ ᠨᠠᠵᠠᠭᠠᠢ ᠦᠷᠢᠰᠦᠯᠳᠦᠭᠡᠨ》ᠡᠴᠡ ᠵᠠᠶ᠋ᠢᠯᠠᠰᠬᠢᠨ᠎ᠡ᠃ ᠠᠵᠤ ᠦᠢᠯᠡᠰ᠎ᠦᠨ ᠬᠡᠯᠬᠢᠶ᠎ᠡ᠎ᠪᠡᠷ ᠤᠳᠤᠷᠢᠳᠤᠮᠵᠢ ᠪᠣᠯᠭᠠᠨ᠂ ᠠᠵᠤ ᠠᠬᠤᠶ᠋ᠢᠯᠠᠯ᠎ᠢᠶᠠᠷ ᠭᠣᠣᠯ ᠴᠣᠭᠴᠠ ᠪᠣᠯᠭᠠᠨ ᠣᠷᠣᠨ ᠪᠦᠰᠡ ᠠᠯᠤᠰᠯᠠᠭᠰᠠᠨ ᠠᠵᠤ ᠦᠢᠯᠡᠰ᠎ᠦᠨ ᠬᠠᠮᠵᠢᠯᠴᠠᠬᠤ ᠲᠣᠭᠲᠠᠴᠠ᠎ᠶᠢ ᠪᠠᠶ᠋ᠢᠭᠤᠯᠵᠤ᠂ ᠵᠡᠭᠦᠨ ᠬᠡᠰᠡᠭ᠎ᠦᠨ ᠭᠠᠵᠠᠷ ᠣᠷᠣᠨ᠎ᠤ ᠳᠤᠮᠳᠠ ᠪᠠᠷᠠᠭᠤᠨ ᠬᠡᠰᠡᠭ ᠪᠣᠯᠤᠨ ᠵᠡᠭᠦᠨ ᠬᠣᠶ᠋ᠢᠲᠤ᠌ ᠣᠷᠣᠨ᠎ᠢ ᠳᠠᠶ᠋ᠢᠴᠢᠯᠠᠨ ᠲᠤᠬᠠᠶ᠎ᠶᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ᠎ᠪᠡᠷ ᠪᠤᠶ ᠪᠣᠯᠤᠭᠰᠠᠨ ᠠᠵᠤ ᠦᠢᠯᠡᠰ᠎ᠢ ᠬᠥᠭᠵᠢᠭᠦᠯᠬᠦ᠌᠎ᠶᠢ ᠳᠡᠮᠵᠢᠨ᠎ᠡ᠃ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠣᠷ᠎ᠠ᠂ ᠤᠢᠷ᠎ᠠ ᠤᠭᠳᠠᠷᠭᠤᠢ᠎ᠵᠢᠨ ᠠᠵᠤ ᠠᠬᠤᠢ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠦᠢᠯᠡᠰ᠎ᠦᠨ ᠡᠷᠡᠭᠦᠯ ᠪᠥᠭᠡᠳ ᠡᠮᠬᠢ ᠵᠢᠷᠤᠮ᠎ᠲᠠᠶ᠎ᠪᠠᠷ ᠬᠥᠭᠵᠢᠬᠦ᠌᠎ᠶᠢ ᠠᠬᠢᠭᠤᠯᠤᠨ᠎ᠠ᠃

(ᠨᠠᠢ᠍ᠮᠠ) ᠢᠷᠡᠭᠡᠳᠦᠢ᠎ᠶᠢᠨ ᠠᠵᠤ ᠦᠢᠯᠡᠰ᠎ᠢ ᠪᠠᠷᠠᠯᠠᠯᠳᠤ ᠴᠢᠨᠠᠷᠳᠠᠢ ᠪᠡᠷ ᠪᠠᠶ᠋ᠢᠷᠢᠰᠢᠭᠤᠯᠤᠨ᠎ᠠ᠃ ᠣᠯᠠᠨ ᠡᠰᠢᠲᠦ᠍ ᠮᠡᠷᠭᠡᠵᠢᠯ᠎ᠦᠨ ᠵᠠᠮ ᠱᠤᠭᠤᠮ᠂ ᠨᠡᠶ᠋ᠢᠲᠡᠯᠢᠭ ᠬᠡᠷᠡᠭᠯᠡᠬᠡᠨ᠎ᠤ ᠲᠠᠯᠠᠪᠤᠷ᠂ ᠬᠡᠷᠡᠭᠵᠢᠭᠦᠯᠵᠦ᠍ ᠪᠣᠯᠬᠤᠶ᠋ᠢᠴᠠ ᠬᠤᠳᠠᠯᠳᠤᠭᠠᠨ᠎ᠤ ᠵᠠᠭᠪᠤᠷ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠦᠷᠢᠮ᠎ᠢ ᠰᠦᠪᠡᠭᠴᠢᠯᠡᠵᠦ᠍᠂ ᠺᠸᠠᠨ᠋ᠲ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠠᠮᠢᠳᠤ ᠪᠣᠳᠠᠰ᠎ᠤᠨ ᠦᠢᠯᠡᠳᠬᠦ ᠦᠢᠯᠡᠰ᠂ ᠤᠰᠤᠲᠥᠢ᠍ᠷᠥᠭᠴᠢ ᠡᠨᠧᠷᠭᠢ ᠪᠠ ᠴᠥᠮ᠎ᠡ᠎ᠶᠢᠨ ᠨᠡᠶ᠋ᠢᠯᠡᠯᠲᠡ᠎ᠶᠢᠨ ᠡᠨᠧᠷᠭᠢ᠂ ᠲᠠᠷᠢᠬᠢ ᠪᠤᠯᠤᠨ ᠮᠠᠰᠢᠨ᠎ᠤ ᠵᠠᠯᠭᠠᠭᠠᠰᠤ᠂ ᠪᠡᠶᠡᠳᠤ ᠣᠶᠤᠨ ᠴᠢᠳᠠᠪᠤᠷᠢ᠂ ᠵᠢᠷᠭᠤᠳᠤᠭᠠᠷ ᠦᠶ᠎ᠡ᠎ᠶᠢᠨ ᠰᠢᠯᠵᠢᠬᠡ ᠴᠢᠮᠡᠭᠡ ᠬᠣᠯᠪᠣᠭ᠎ᠠ ᠵᠡᠷᠭᠡ ᠢᠷᠡᠭᠡᠳᠦᠶ᠎ᠶᠢᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠵᠤ᠂ ᠨᠡᠯᠢᠶᠡᠳ ᠪᠦᠷᠢᠨ ᠲᠡᠭᠦᠯᠳᠡᠷ ᠠᠵᠤ ᠦᠢᠯᠡᠰ᠎ᠦᠨ ᠠᠮᠢ ᠠᠬᠤᠶ᠎ᠶᠢ ᠲᠦᠷᠭᠡᠪᠴᠢᠯᠡᠨ ᠪᠣᠶ ᠪᠣᠯᠭᠠᠨ᠎ᠠ᠃ ᠢᠷᠡᠭᠡᠳᠦᠢ᠎ᠶᠢᠨ ᠠᠵᠤ ᠦᠢᠯᠡᠰ᠎ᠦᠨ ᠣᠷᠣᠭᠤᠯᠤᠯᠲᠠ᠎ᠶᠢ ᠨᠡᠮᠡᠭᠳᠡᠭᠦᠯᠬᠦ᠌ ᠪᠠ ᠲᠦᠭᠰᠢᠭᠦᠷᠢ᠎ᠶᠢ ᠬᠤᠪᠢᠶᠠᠨ ᠡᠭᠦᠷᠭᠡᠯᠡᠬᠦ᠌ ᠲᠣᠭᠲᠠᠴᠠ᠎ᠶᠢ ᠪᠠᠶ᠋ᠢᠭᠤᠯᠵᠤ᠂ ᠣᠳᠣ᠎ᠶᠢᠨ ᠪᠠᠢᠭ᠎ᠠ ᠡᠳ᠋᠎ᠦᠨ ᠵᠠᠰᠠᠭ᠎ᠤᠨ ᠲᠥᠷᠥ᠎ᠶᠢᠨ ᠪᠣᠳᠣᠯᠭ᠎ᠠ᠎ᠶᠢ ᠭᠦᠢᠴᠡᠳ ᠰᠠᠶ᠋ᠢᠲᠤᠷ ᠬᠡᠷᠡᠭᠯᠡᠨ ᠢᠷᠡᠭᠡᠳᠦᠢ᠎ᠶᠢᠨ ᠠᠵᠤ ᠦᠢᠯᠡᠰ᠎ᠦᠨ ᠬᠥᠭᠵᠢᠯᠲᠡ᠎ᠶᠢ ᠳᠠᠮᠵᠢᠵᠤ᠂ ᠨᠡᠶ᠋ᠢᠭᠡᠮ᠎ᠦᠨ ᠬᠥᠷᠥᠩᠭᠡ᠎ᠶᠢᠨ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠬᠦ᠌᠎ᠶᠢ ᠬᠥᠲᠥᠯᠥᠨ ᠵᠢᠯᠣᠭᠣᠳᠤᠨ᠎ᠠ᠃

(ᠶᠢᠰᠦ)ᠪᠣᠳᠠᠲᠤ᠌ ᠴᠣᠭᠴᠠ᠎ᠶᠢᠨ ᠠᠵᠤ ᠠᠬᠤᠶ ᠪᠠ ᠲᠣᠭᠠᠴᠢᠯᠠᠭᠰᠠᠨ ᠠᠵᠤ ᠠᠬᠤᠶ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠎ᠠ᠃ ᠳ᠋ᠠᠢᠲ᠋ᠠ᠎ᠶᠢᠨ ᠥᠮᠴᠢᠯᠡᠯ᠎ᠤᠨ ᠡᠷᠬᠡ᠎ᠶᠢᠨ ᠬᠠᠷᠢᠶᠠᠯᠠᠯ᠎ᠢ ᠬᠢᠨᠡᠨ ᠲᠣᠭᠲᠠᠭᠠᠬᠤ᠂ ᠵᠠᠬ᠎ᠠ ᠳᠡᠯᠭᠡᠭᠦᠷ᠎ᠦᠨ ᠠᠷᠠᠯᠵᠢᠶ᠎ᠠ᠂ ᠡᠷᠬᠡ ᠠᠰᠢᠭ᠎ᠤᠨ ᠬᠤᠪᠢᠶᠠᠷᠢᠯᠠᠯᠲᠠ᠂ ᠠᠰᠢᠭ ᠲᠤᠰᠠ᠎ᠶᠢᠨ ᠬᠠᠮᠠᠭᠠᠯᠠᠯᠲᠠ᠎ᠶᠢᠨ ᠳᠦᠷᠢᠮ᠎ᠢ ᠪᠦᠷᠢᠨᠰᠢᠭᠦᠯᠵᠦ᠍᠂ ᠳ᠋ᠠᠢᠲ᠋ᠠ᠎ᠶᠢᠨ ᠡᠯᠧᠮᠧᠨ᠋ᠲ᠎ᠦᠨ ᠬᠣᠯᠪᠣᠭᠳᠠᠯ ᠪᠦᠬᠦᠢ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠬᠡᠷᠡᠭᠵᠢᠭᠦᠯᠵᠦ᠍᠂ ᠳ᠋ᠠᠢᠲ᠋ᠠ᠎ᠶᠢᠨ ᠡᠯᠧᠮᠧᠨ᠋ᠲ᠎ᠦᠨ ᠳᠠᠯᠳᠠ ᠬᠦᠴᠦᠨ᠎ᠢ ᠭᠦᠢᠴᠡᠳ ᠪᠠᠳᠠᠷᠠᠭᠤᠯᠤᠨ᠎ᠠ᠃ ᠤᠯᠤᠰ᠎ᠤᠨ ᠳ᠋ᠠᠢᠲ᠋ᠠ᠎ᠶᠢᠨ ᠰᠠᠭᠤᠷᠢ ᠲᠥᠬᠥᠭᠡᠷᠦᠮᠵᠢ᠎ᠶᠢᠨ ᠪᠠᠶ᠋ᠢᠷᠢᠰᠢᠭᠤᠯᠤᠯᠲᠠ᠎ᠶᠢᠨ ᠪᠠᠶ᠋ᠢᠭᠤᠯᠤᠯᠲᠠ ᠪᠠ ᠡᠵᠡᠩᠨᠡᠯᠲᠡ᠎ᠶᠢ ᠰᠢᠯᠢᠳᠡᠭᠵᠢᠭᠦᠯᠵᠦ᠍᠂ ᠦᠢᠯᠡᠳᠬᠦ᠌ ᠦᠢᠯᠡᠰ᠎ᠦᠨ ᠲᠣᠭᠠᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠍᠂《ᠵᠡᠭᠦᠨᠳᠡᠬᠢ ᠳ᠋ᠠᠢᠲ᠋ᠠ ᠵᠢ ᠪᠠᠷᠠᠭᠤᠨᠳᠠᠬᠢ ᠪᠤᠳᠤᠯᠲᠠ ᠵᠢᠨ ᠬᠦᠴᠦᠨ ᠵᠢᠡᠷ ᠲᠤᠯᠭᠠᠭᠤᠷᠢᠯᠠᠬᠤ》᠂ ᠣᠶᠤᠨᠴᠢ ᠦᠢᠯᠡᠳᠬᠦ ᠦᠢᠯᠡᠰ᠂ ᠠᠵᠤ ᠦᠢᠯᠡᠳᠪᠦᠷᠢ᠎ᠶᠢᠨ ᠢᠨᠲ᠋ᠸᠷ ᠰᠦᠯᠵᠢᠶᠡᠨ᠎ᠦ ᠰᠢᠨ᠎ᠡ᠎ᠶᠢ ᠡᠭᠦᠳᠬᠦ᠌ ᠬᠥᠭᠵᠢᠯᠲᠡ ᠵᠡᠷᠭᠡ ᠢᠨᠵᠧᠨᠧᠷᠢᠩ᠎ᠢ ᠬᠡᠷᠡᠭᠵᠢᠭᠦᠯᠵᠦ᠍᠂ ᠪᠦᠬᠦ᠌ ᠤᠯᠤᠰ᠎ᠤᠨ ᠨᠢᠭᠡ ᠴᠤᠭᠴᠠᠵᠢᠭᠤᠯᠤᠭᠰᠠᠨ ᠪᠤᠳᠤᠯᠲᠠ ᠵᠢᠨ ᠬᠦᠴᠦᠨ᠎ᠤ ᠲᠣᠣᠷ᠂ ᠤᠯᠤᠰ᠎ᠤᠨ ᠴᠦᠷᠬᠡᠯᠡᠭᠡ ᠳ᠋ᠠᠢᠲ᠋ᠠ᠎ᠶᠢᠨ ᠲᠣᠣᠷ᠎ᠢ ᠪᠠᠶ᠋ᠢᠭᠤᠯᠤᠨ᠎ᠠ᠃ ᠲᠣᠭᠠᠴᠢᠯᠠᠭᠰᠠᠨ ᠠᠵᠤ ᠦᠢᠯᠡᠰᠵᠢᠯᠲᠡ ᠪᠠ ᠠᠵᠤ ᠦᠢᠯᠡᠰ᠎ᠦᠨ ᠲᠣᠭᠠᠴᠢᠯᠠᠯᠲᠠ᠎ᠶᠢ ᠠᠬᠢᠭᠤᠯᠬᠤ ᠲᠦᠷᠦ᠎ᠶᠢᠨ ᠪᠤᠳᠤᠯᠭ᠎ᠠ᠎ᠶᠢᠨ ᠰᠢᠰᠲ᠋ᠧᠮ᠎ᠢ ᠲᠡᠭᠦᠯᠳᠡᠷᠵᠢᠭᠦᠯᠵᠦ᠍᠂ ᠤᠯᠠᠨ ᠤᠯᠤᠰ᠎ᠤᠨ ᠦᠷᠢᠰᠦᠯᠳᠦᠬᠦ᠌ ᠬᠦᠴᠦᠨ᠎ᠪᠦᠬᠦᠢ ᠲᠣᠭᠠᠴᠢᠯᠠᠭᠰᠠᠨ ᠠᠵᠤ ᠦᠢᠯᠡᠰ᠎ᠦᠨ ᠪᠦᠯᠦᠭᠵᠢᠯ᠎ᠢ ᠴᠣᠭᠴᠠᠯᠠᠨ᠎ᠠ᠃

(ᠠᠷᠪᠠ) 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠶᠢ ᠪᠥᠬᠥ᠌ ᠲᠠᠯ᠎ᠠ᠎ᠪᠠᠷ ᠬᠡᠷᠡᠭᠵᠢᠭᠦᠯᠦᠨ᠎ᠡ᠃ ᠵᠣᠬᠢᠶᠠᠮᠠᠯ ᠤᠶᠤᠨ ᠴᠢᠳᠠᠪᠤᠷᠢ᠎ᠪᠡᠷ ᠤᠯᠠᠮᠵᠢᠯᠠᠯᠲᠤ᠌ ᠠᠵᠤ ᠦᠢᠯᠡᠰ᠎ᠦᠨ ᠥᠭᠡᠷᠡᠴᠢᠯᠡᠯᠲᠡ᠎ᠶᠢ ᠠᠬᠢᠭᠤᠯᠵᠤ᠂ ᠣᠶᠤᠨᠳᠤ ᠰᠦᠯᠵᠢᠶᠡᠨ ᠳ᠋ᠤ ᠬᠤᠯᠪᠤᠬᠰᠠᠨ ᠰᠢᠨ᠎ᠡ ᠡᠨᠧᠷᠭᠢ᠎ᠶᠢᠨ ᠮᠠᠰᠢᠨ ᠲᠡᠷᠭᠡ᠂ ᠵᠣᠬᠢᠶᠠᠮᠠᠯ ᠤᠶᠤᠨ ᠴᠢᠳᠠᠪᠤᠷᠢ᠎ᠶᠢᠨ ᠭᠠᠷ ᠤᠲᠠᠰᠤ ᠪᠣᠯᠤᠨ ᠺᠣᠮᠫᠢᠦ᠋ᠲ᠋ᠧᠷ᠂ ᠬᠦᠮᠦᠨ ᠲᠦᠷᠰᠦᠲᠦ ᠮᠠᠰᠢᠨ ᠬᠥᠮᠦᠨ ᠵᠡᠷᠭᠡ ᠰᠢᠨ᠎ᠡ ᠨᠢᠭᠡ ᠦᠶ᠎ᠡ᠎ᠶᠢᠨ ᠤᠶᠤᠨᠲᠤ᠌ ᠦᠵᠦᠭᠦᠷᠯᠢᠭ᠎ᠦᠨ ᠬᠡᠷᠡᠭᠯᠡᠯᠲᠡ᠎ᠶᠢ ᠲᠦᠷᠭᠡᠳᠬᠡᠨ ᠠᠬᠢᠭᠤᠯᠤᠨ᠎ᠠ᠃ ᠵᠣᠬᠢᠶᠠᠮᠠᠯ ᠣᠶᠤᠨ ᠴᠢᠳᠠᠪᠤᠷᠢ ᠵᠡᠷᠭᠡ ᠲᠤᠭᠠᠴᠢᠯᠠᠯᠲᠠ ᠤᠶᠤᠨᠴᠢᠯᠠᠯᠲᠠ ᠵᠢᠨ ᠮᠡᠷᠭᠡᠵᠢᠯ᠎ᠦᠨ ᠰᠢᠨ᠎ᠡ ᠵᠢ ᠡᠭᠦᠳᠬᠦ᠎ᠶᠢ ᠲᠦᠷᠭᠡᠳᠬᠡᠵᠦ᠍᠂ ᠰᠠᠭᠤᠷᠢ ᠣᠨᠣᠯ ᠪᠠ ᠭᠤᠤᠯᠯᠠᠬᠤ ᠮᠡᠷᠭᠡᠵᠢᠯ᠎ᠳᠦ ᠰᠢᠪᠲᠤᠯᠤᠯᠲᠠ ᠬᠢᠵᠦ᠍᠂ ᠪᠤᠳᠤᠯᠲᠠ ᠵᠢᠨ ᠬᠦᠴᠦᠨ᠂ ᠪᠤᠳᠤᠯᠲᠠ ᠵᠢᠨ ᠠᠷᠭ᠎ᠠ᠂ ᠳ᠋ᠠᠢᠲ᠋ᠠ ᠵᠡᠷᠭᠡ ᠵᠢᠨ ᠥᠨᠳᠥᠷ ᠪᠦᠲᠦᠮᠵᠢᠲᠡᠶ ᠬᠠᠩᠭᠠᠯᠭ᠎ᠠ᠎ᠶᠢ ᠴᠢᠩᠭᠠᠳᠬᠠᠨ᠎ᠠ᠃ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠠᠵᠢᠯ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠍ ᠤᠯᠤᠰ᠎ᠤᠨ ᠵᠣᠬᠢᠶᠠᠮᠠᠯ ᠣᠶᠤᠨ ᠴᠢᠳᠠᠪᠤᠷᠢ᠎ᠶᠢᠨ ᠠᠵᠢᠯ ᠲᠥᠷᠥᠯ᠎ᠦᠨ ᠬᠡᠷᠡᠭᠯᠡᠭᠡᠨ᠎ᠦ ᠲᠤᠷᠰᠢᠯᠲᠠ᠎ᠶᠢᠨ ᠰᠠᠭᠤᠷᠢᠨ ᠪᠠ ᠥᠨᠳᠥᠷ ᠥᠷᠲᠡᠭᠲᠦ᠍ ᠬᠡᠷᠡᠭᠯᠡᠬᠡ ᠵᠢᠨ ᠦᠵᠡᠭᠳᠡᠯ ᠪᠠᠶ᠋ᠢᠳᠠᠯ᠎ᠢ ᠪᠠᠶ᠋ᠢᠷᠢᠰᠢᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶᠢ ᠡᠯ᠎ᠡ ᠠᠵᠢᠯ ᠲᠥᠷᠥᠯ᠎ᠳᠦ ᠬᠡᠷᠡᠭᠯᠡᠬᠦ᠌᠎ᠶᠢ ᠶᠡᠬᠡ᠎ᠪᠡᠷ ᠠᠬᠢᠭᠤᠯᠤᠨ᠎ᠠ᠃ ᠮᠡᠷᠭᠡᠵᠢᠯ᠎ᠦᠨ ᠬᠢᠨᠠᠨ ᠬᠡᠮᠵᠢᠯᠲᠡ᠂ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ᠌᠂ ᠪᠠᠴᠢᠮ ᠪᠠᠶ᠋ᠢᠳᠠᠯ᠎ᠢ ᠠᠷᠭᠠᠴᠠᠭᠠᠬᠤ ᠰᠢᠰᠲ᠋ᠧᠮ᠎ᠢ ᠪᠠᠶ᠋ᠢᠭᠤᠯᠵᠤ᠂ ᠵᠣᠬᠢᠶᠠᠮᠠᠯ ᠣᠶᠤᠨ ᠴᠢᠳᠠᠪᠤᠷᠢ᠎ᠶᠢᠨ ᠠᠮᠤᠷ ᠲᠦᠪᠰᠢᠨ᠂ ᠨᠠᠶ᠋ᠢᠳᠠᠪᠤᠷᠢᠲᠠᠶ᠂ ᠡᠵᠡᠮᠳᠡᠵᠦ᠍ ᠳᠡᠶ᠋ᠢᠯᠬᠦ᠌᠎ᠶᠢ ᠦᠨᠡᠨ ᠬᠦ᠌ ᠪᠠᠲᠤᠯᠠᠨ᠎ᠠ᠃

ᠳᠥᠷᠪᠡ᠂ ᠬᠥᠭᠵᠢᠯᠲᠡ᠎ᠶᠢᠨ ᠠᠷᠭ᠎ᠠ ᠮᠠᠶᠢᠭ᠎ᠤᠨ ᠰᠢᠨ᠎ᠡ᠎ᠶᠢ ᠡᠭᠦᠳᠬᠦ᠌᠎ᠶᠢ ᠬᠦᠴᠦᠯᠡᠨ ᠠᠬᠢᠭᠤᠯᠤᠨ᠎ᠠ

(ᠠᠷᠪᠠᠨ ᠨᠢᠭᠡ) ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ᠎ᠶᠢᠨ ᠠᠵᠤ ᠠᠬᠤᠢ᠎ᠶᠢᠨ ᠰᠢᠰᠲᠧᠮ᠎ᠢ ᠪᠠᠢᠭᠤᠯᠤᠨ᠎ᠠ᠃ ᠪᠣᠬᠢᠷᠲᠤᠯ ᠦᠭᠡᠢ ᠦᠢᠯᠡᠳᠬᠦ ᠦᠢᠯᠡᠰ᠎ᠢ ᠬᠦᠴᠦᠷᠬᠡᠭᠵᠢᠭᠦᠯᠦᠨ᠂ ᠪᠣᠬᠢᠷᠲᠤᠯ ᠦᠭᠡᠢ ᠦᠢᠯᠡᠴᠢᠯᠡᠭᠡᠨ᠎ᠦ ᠦᠢᠯᠡᠰ᠎ᠢ ᠬᠥᠭᠵᠢᠭᠦᠯᠵᠦ᠂ ᠪᠣᠬᠢᠷᠲᠤᠯ ᠦᠭᠡᠢ ᠡᠨᠧᠷᠭᠢ᠎ᠶᠢᠨ ᠠᠵᠤ ᠦᠢᠯᠡᠰ᠎ᠢ ᠪᠤᠵᠠᠭᠠᠢᠷᠠᠭᠤᠯᠤᠨ᠎ᠠ᠃ ᠡᠬᠢ ᠡᠭᠦᠰᠦᠯ᠎ᠡᠴᠡ ᠨᠢ ᠬᠡᠮᠵᠢᠶ᠎ᠡ᠎ᠶᠢ ᠪᠠᠭᠠᠰᠬᠠᠬᠤ᠂ ᠶᠠᠪᠤᠴᠠ᠎ᠶᠢ ᠡᠵᠡᠮᠳᠡᠬᠦ᠂ ᠲᠡᠭᠦᠰᠬᠡᠯ᠎ᠦᠨ ᠬᠡᠰᠡᠭ᠎ᠤᠨ ᠥᠨᠳᠥᠷ ᠪᠦᠲᠦᠮᠵᠢᠲᠡᠶ ᠵᠠᠰᠠᠯᠲᠠ᠎ᠶᠢ ᠬᠠᠷᠢᠯᠴᠠᠨ ᠤᠶᠠᠯᠳᠤᠭᠤᠯᠬᠤ᠎ᠶᠢ ᠪᠠᠷᠢᠮᠲᠠᠯᠠᠵᠤ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠪᠣᠬᠢᠷᠲᠤᠯ ᠦᠭᠡᠢ ᠪᠣᠯᠭᠠᠬᠤ ᠥᠭᠡᠷᠡᠴᠢᠯᠡᠯᠲᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠲᠡᠷᠢᠭᠦᠨ᠎ᠦ ᠪᠣᠬᠢᠷᠲᠤᠯ ᠦᠭᠡᠢ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ᠎ᠶᠢ ᠲᠦᠷᠭᠡᠳᠬᠡᠨ᠎ᠡ᠃ ᠪᠣᠬᠢᠷᠲᠤᠯ ᠦᠭᠡᠢ ᠬᠡᠷᠡᠭᠯᠡᠭᠡ᠎ᠶᠢᠨ ᠤᠷᠮᠠᠰᠢᠭᠤᠯᠬᠤ ᠲᠣᠭᠲᠠᠴᠠ᠎ᠶᠢ ᠪᠦᠷᠢᠨᠰᠢᠭᠦᠯᠵᠦ᠂ ᠪᠣᠬᠢᠷᠲᠤᠯ ᠦᠭᠡᠢ ᠦᠢᠯᠡᠳᠭᠦᠨ᠎ᠦ ᠭᠡᠷᠡᠴᠢᠯᠡᠬᠡ ᠬᠢᠭᠡᠳ ᠢᠯᠭᠠᠬᠤ ᠲᠡᠮᠳᠡᠭ᠎ᠦᠨ ᠰᠢᠰᠲᠧᠮ᠎ᠤᠨ ᠪᠠᠢᠭᠤᠯᠤᠯᠲᠠ᠎ᠶᠢ ᠴᠢᠩᠭᠠᠳᠬᠠᠨ᠂ ᠪᠣᠬᠢᠷᠲᠤᠯ ᠦᠭᠡᠢ ᠬᠡᠷᠡᠭᠯᠡᠭᠡ᠎ᠶᠢᠨ ᠲᠦᠪᠰᠢᠨ᠎ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠡᠷᠡᠭᠯᠡᠭᠡ᠎ᠪᠡᠷ ᠪᠣᠬᠢᠷᠲᠤᠯ ᠦᠭᠡᠢ ᠦᠢᠯᠡᠳᠭᠦᠨ᠎ᠦ ᠬᠠᠩᠭᠠᠯᠭ᠎ᠠ᠎ᠶᠢ ᠳᠠᠶ᠋ᠢᠴᠢᠯᠠᠨ᠎ᠠ᠃ ᠨᠢᠭᠡ ᠪᠦᠯᠦᠭ ᠨᠡᠭᠦᠷᠡᠰᠦᠲᠥ᠋ᠷᠥᠭᠴᠢ ᠦᠭᠡᠢ ᠦᠢᠯᠡᠳᠪᠦᠷᠢ ᠪᠠ ᠬᠦᠷᠢᠶᠡᠯᠡᠩ ᠲᠣᠭᠣᠷᠢᠭ᠋᠎ᠢ ᠪᠦᠲᠦᠭᠡᠨ ᠪᠠᠢᠭᠤᠯᠤᠨ᠎ᠠ᠃ ᠡᠬᠢ ᠪᠠᠶᠠᠯᠢᠭ᠋᠎ᠤᠨ ᠶᠡᠷᠦᠩᠬᠡᠢ ᠬᠡᠮᠵᠢᠶ᠎ᠡ᠎ᠶᠢ ᠬᠠᠮᠢᠶᠠᠷᠬᠤ ᠪᠠ ᠪᠦᠬᠦ ᠲᠠᠯ᠎ᠠ᠎ᠪᠠᠷ ᠠᠷᠪᠢᠯᠠᠬᠤ ᠳᠦᠷᠢᠮ᠎ᠢ ᠲᠡᠭᠦᠯᠳᠡᠷᠵᠢᠭᠦᠯᠵᠦ᠂ ᠬᠠᠶᠠᠭᠳᠠᠮᠠᠯ ᠪᠣᠳᠠᠰ᠎ᠢ ᠡᠷᠬᠢᠯᠳᠦᠬᠦᠯᠦᠨ ᠠᠰᠢᠭ᠍ᠯᠠᠬᠤ ᠰᠢᠰᠲᠧᠮ᠎ᠢ ᠪᠦᠷᠢᠨᠰᠢᠭᠦᠯᠦᠨ᠎ᠡ᠃

(ᠠᠷᠪᠠᠨ ᠬᠣᠶᠠᠷ)ᠪᠣᠬᠢᠷᠲᠤᠯ ᠦᠭᠡᠢ ᠬᠥᠭᠵᠢᠯᠲᠡ᠎ᠶᠢᠨ ᠲᠥᠷᠥ᠎ᠶᠢᠨ ᠪᠣᠳᠣᠯᠭ᠎ᠠ᠎ᠶᠢᠨ ᠪᠠᠭᠠᠵᠢ᠎ᠶᠢᠨ ᠬᠠᠢᠷᠴᠠᠭ᠎ᠢ ᠰᠢᠯᠢᠳᠡᠭᠵᠢᠭᠦᠯᠦᠨ᠎ᠡ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢ ᠠᠬᠢᠭᠤᠯᠬᠤ ᠡᠳ᠋᠎ᠦᠨ ᠵᠠᠰᠠᠭ ᠭᠠᠢᠯᠢ᠂ ᠮᠥᠩᠭᠥᠨ ᠭᠦᠢᠯᠭᠡᠭᠡ᠂ ᠪᠡᠯᠡ ᠣᠷᠣᠭᠤᠯᠤᠯᠲᠠ᠂ ᠦᠨ᠎ᠡ ᠬᠠᠩᠰᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠦᠨ᠎ᠡ᠃ ᠠᠮᠢ ᠠᠬᠤᠢ᠎ᠶᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ ᠲᠣᠭᠲᠠᠴᠠ᠎ᠶᠢ ᠪᠦᠷᠢᠨᠰᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ᠎ᠶᠢᠨ ᠬᠣᠣᠰ ᠡᠵᠡᠮᠳᠡᠯ᠎ᠦᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭ᠎ᠠ ᠪᠦᠷᠢᠳᠬᠡᠯ᠎ᠦᠨ ᠲᠣᠭᠠᠴᠠᠭ᠎ᠠ ᠬᠢᠬᠦ ᠰᠢᠰᠲᠧᠮ᠂ ᠪᠠᠷᠢᠮᠵᠢᠶᠠᠲᠤ ᠬᠡᠮᠵᠢᠯᠲᠡ᠎ᠶᠢᠨ ᠰᠢᠰᠲᠧᠮ᠂ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠢᠯᠭᠠᠬᠤ ᠲᠡᠮᠳᠡᠭ᠎ᠢ ᠭᠡᠷᠡᠴᠢᠯᠡᠬᠦ ᠳᠦᠷᠢᠮ᠂ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠤᠯᠠ ᠮᠦᠷ᠎ᠦᠨ ᠬᠠᠮᠢᠶᠠᠷᠤᠯᠲᠠ᠎ᠶᠢᠨ ᠰᠢᠰᠲᠧᠮ᠎ᠢ ᠪᠦᠷᠢᠨᠰᠢᠭᠦᠯᠦᠨ᠎ᠡ᠃ ᠪᠦᠬᠦ ᠤᠯᠤᠰ᠎ᠤᠨ ᠨᠡᠭᠦᠷᠡᠰᠦᠲᠥ᠋ᠷᠥᠭᠴᠢ᠎ᠶᠢᠨ ᠵᠠᠬ᠎ᠠ ᠳᠡᠯᠭᠡᠭᠦᠷ᠎ᠢᠶᠡᠷ ᠭᠣᠣᠯ ᠴᠣᠭᠴᠠ ᠪᠣᠯᠭᠠᠨ ᠨᠡᠭᠦᠷᠡᠰᠦᠲᠥ᠋ᠷᠥᠭᠴᠢ᠎ᠵᠢᠨ ᠦᠨ᠎ᠡ ᠲᠣᠭᠲᠠᠭᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠪᠦᠬᠦ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠬᠠᠮᠤᠷᠬᠤ ᠬᠡᠪᠴᠢᠶ᠎ᠡ᠎ᠶᠢ ᠥᠷᠭᠡᠳᠬᠡᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠢᠵᠠᠭᠠᠷᠲᠦ ᠲᠣᠭᠠᠨ᠎ᠤ ᠬᠤᠪᠢᠶᠠᠷᠢᠯᠠᠯᠲᠠ᠎ᠶᠢᠨ ᠲᠥᠰᠥᠯ᠎ᠢ ᠰᠢᠯᠢᠳᠡᠭᠵᠢᠭᠦᠯᠵᠦ᠂ ᠬᠦᠯᠡᠮᠵᠢ᠎ᠶᠢᠨ ᠬᠡᠢ ᠪᠡᠶᠡᠲᠦ᠎ᠶᠢᠨ ᠰᠠᠢᠨ ᠳᠤᠷ᠎ᠠ᠎ᠡᠴᠡ᠎ᠪᠠᠨ ᠭᠠᠳᠠᠭᠰᠢᠯᠠᠭᠤᠯᠤᠯᠲᠠ᠎ᠶᠢ ᠪᠠᠭᠠᠰᠬᠠᠬᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢ ᠲᠦᠷᠭᠡᠳᠬᠡᠵᠦ᠂ ᠪᠦᠬᠦ ᠤᠯᠤᠰ᠎ᠤᠨ ᠨᠢᠭᠡᠳᠦᠯᠲᠡᠢ ᠪᠤᠬᠢᠷᠳᠤᠯ ᠦᠬᠡᠢ ᠴᠠᠬᠢᠯᠭᠠᠨ᠎ᠤ ᠦᠨᠡᠮᠯᠡᠯ᠎ᠢ ᠠᠷᠠᠯᠵᠢᠶᠠᠯᠠᠬᠤ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠦᠨ᠎ᠡ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠣᠯᠠᠨ ᠶᠠᠩᠵᠤ᠎ᠶᠢᠨ ᠪᠣᠬᠢᠷᠲᠤᠯ ᠦᠭᠡᠢ ᠮᠥᠩᠭᠥᠨ ᠭᠦᠢᠯᠭᠡᠭᠡᠨ᠎ᠦ ᠦᠢᠯᠡᠳᠭᠦᠨ ᠬᠠᠩᠭᠠᠬᠤ᠎ᠶᠢ ᠠᠬᠢᠭᠤᠯᠤᠨ᠎ᠠ᠃ ᠵᠠᠰᠠᠭ᠎ᠤᠨ ᠣᠷᠳᠣᠨ᠎ᠤ ᠪᠣᠬᠢᠷᠲᠤᠯ ᠦᠭᠡᠢ ᠬᠤᠳᠠᠯᠳᠤᠨ ᠠᠪᠬᠤ ᠲᠦᠷᠦ᠎ᠶᠢᠨ ᠪᠣᠳᠣᠯᠭ᠎ᠠ᠎ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ ᠭᠠᠢᠯᠢ᠎ᠶᠢᠨ ᠳᠦᠷᠢᠮ᠎ᠢ ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ ᠠᠮᠢ ᠠᠬᠤᠢ᠎ᠪᠠᠷ ᠤᠳᠤᠷᠢᠳᠤᠮᠵᠢ ᠪᠣᠯᠭᠠᠭᠰᠠᠨ ᠲᠠᠷᠢᠶᠠᠯᠠᠩ᠎ᠤᠨ ᠨᠥᠬᠥᠪᠦᠷᠢ ᠦᠭᠬᠦ ᠳᠦᠷᠢᠮ᠎ᠢ ᠬᠡᠷᠡᠭᠵᠢᠭᠦᠯᠦᠨ᠎ᠡ᠃

(ᠠᠷᠪᠠᠨ ᠭᠤᠷᠪᠠ)ᠡᠨᠧᠷᠭᠢ᠎ᠶᠢᠨ ᠬᠤᠪᠢᠰᠬᠠᠯ᠎ᠢ ᠢᠳᠡᠪᠬᠢᠲᠡᠢ ᠠᠬᠢᠭᠤᠯᠤᠨ᠎ᠠ᠃ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠡᠷᠢᠭᠦᠨ᠎ᠦ ᠴᠥᠮ᠎ᠡ᠎ᠶᠢᠨ ᠬᠠᠭᠠᠷᠠᠯᠲᠠ᠎ᠡᠴᠡ ᠡᠭᠦᠰᠦᠭᠰᠡᠨ ᠡᠨᠧᠷᠭᠢ᠎ᠶᠢ ᠡᠮᠬᠢ ᠵᠢᠷᠤᠮ᠎ᠲᠠᠢ᠎ᠪᠠᠷ ᠬᠥᠭᠵᠢᠭᠦᠯᠵᠦ᠂ ᠥᠨᠳᠥᠷ ᠬᠠᠷᠢᠴᠠᠯ ᠪᠦᠬᠦᠢ ᠳᠠᠬᠢᠨ ᠡᠭᠦᠰᠴᠦ ᠪᠣᠯᠬᠤ ᠡᠨᠧᠷᠭᠢ᠎ᠶᠢᠨ ᠴᠠᠬᠢᠯᠭᠠᠨ ᠬᠦᠴᠦᠨ᠎ᠦ ᠰᠢᠰᠲᠧᠮ᠎ᠢ ᠪᠠᠢᠭᠤᠯᠵᠤ᠂ ᠰᠢᠨ᠎ᠡ ᠡᠨᠧᠷᠭᠢ᠎ᠶᠢ ᠰᠢᠩᠭᠡᠬᠡᠬᠦ ᠪᠠ ᠲᠣᠬᠢᠷᠠᠭᠤᠯᠤᠨ ᠡᠵᠡᠮᠳᠡᠬᠦ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠵᠦ᠂ ᠴᠢᠬᠤᠯᠠ ᠶᠡᠬᠡ ᠬᠡᠷᠡᠭᠯᠡᠭᠡᠨ᠎ᠦ ᠦᠵᠡᠭᠳᠡᠯ ᠪᠠᠢᠳᠠᠯ᠎ᠤᠨ ᠵᠢᠱ᠌ᠢᠶ᠎ᠡ ᠦᠵᠡᠭᠦᠯᠬᠦ ᠪᠠ ᠳᠡᠯᠭᠡᠷᠡᠭᠦᠯᠬᠦ ᠠᠵᠢᠯ᠎ᠢ ᠵᠣᠬᠢᠶᠠᠨ ᠪᠠᠢᠭᠤᠯᠵᠤ᠂ ᠪᠦᠬᠦ ᠨᠡᠢᠭᠡᠮ᠎ᠦᠨ ᠦᠢᠯᠡᠳᠪᠦᠷᠢᠯᠡᠯ ᠠᠮᠢᠳᠤᠷᠠᠯ᠎ᠤᠨ ᠡᠨᠧᠷᠭᠢ᠎ᠶᠢᠨ ᠬᠡᠷᠡᠭᠯᠡᠯᠲᠡ᠎ᠶᠢ ᠪᠣᠬᠢᠷᠲᠤᠯ ᠦᠭᠡᠢ ᠪᠣᠯᠭᠠᠬᠤ ᠠᠬᠢᠴᠠ᠎ᠶᠢ ᠲᠦᠷᠭᠡᠳᠬᠡᠵᠦ᠂ ᠡᠨᠧᠷᠭᠢ᠎ᠶᠢᠨ ᠬᠡᠷᠡᠭᠯᠡᠭᠡ᠂ ᠬᠠᠩᠭᠠᠯᠭ᠎ᠠ᠂ ᠮᠡᠷᠭᠡᠵᠢᠯ᠂ ᠪᠠᠢᠭᠤᠯᠤᠯ᠎ᠤᠨ ᠬᠤᠪᠢᠰᠬᠠᠯ᠎ᠢ ᠠᠬᠢᠭᠤᠯᠵᠤ᠂ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠪᠦᠬᠦ ᠲᠠᠯ᠎ᠠ᠎ᠪᠠᠷ ᠴᠢᠩᠭᠠᠳᠬᠠᠨ᠎ᠠ᠃

ᠲᠠᠪᠤ᠂ ᠪᠠᠢᠭᠤᠯᠤᠯ ᠲᠣᠭᠲᠠᠴᠠ᠎ᠶᠢᠨ ᠰᠢᠨ᠎ᠡ᠎ᠶᠢ ᠡᠭᠦᠳᠬᠦ᠎ᠶᠢ ᠯᠠᠪᠳᠠᠭᠤᠨ ᠪᠠᠲᠤᠲᠠᠢ ᠠᠬᠢᠭᠤᠯᠤᠨ᠎ᠠ

(ᠠᠷᠪᠠᠨ ᠳᠥᠷᠪᠡ)ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠠᠵᠤ ᠠᠬᠤᠢ᠎ᠶᠢᠨ ᠨᠢᠭ᠍ᠲᠠ ᠤᠶᠠᠯᠳᠤᠯ᠎ᠳᠤ ᠠᠨᠬᠬᠠᠷᠤᠯ᠎ᠢᠶᠡᠨ ᠲᠥᠪᠯᠡᠷᠡᠭᠦᠯᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ᠃ ᠤᠯᠤᠰ᠎ᠤᠨ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ᠎ᠳᠤ ᠬᠡᠷᠡᠭᠴᠡᠭᠡ ᠶᠣᠰᠣᠭᠠᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠭᠦᠷᠭᠡ᠎ᠶᠢ ᠪᠠᠢᠷᠢᠯᠠᠭᠤᠯᠵᠤ᠂ ᠬᠡᠷᠡᠭᠴᠡᠭᠡ᠎ᠪᠡᠷ ᠤᠳᠤᠷᠢᠳᠤᠮᠵᠢ ᠪᠤᠯᠭᠠᠭᠰᠠᠨ ᠰᠡᠳᠦᠪ ᠰᠣᠩᠭᠣᠬᠤ ᠳᠦᠷᠢᠮ᠂ ᠬᠠᠷᠢᠭᠤᠴᠠᠯᠭ᠎ᠠ ᠡᠷᠬᠡ ᠠᠰᠢᠭ᠋ ᠨᠢᠭᠡᠳᠦᠯᠲᠡᠢ ᠪᠠᠢᠬᠤ ᠬᠠᠮᠢᠶᠠᠷᠤᠯᠲᠠ᠎ᠶᠢᠨ ᠳᠦᠷᠢᠮ᠂ ᠬᠡᠷᠡᠭᠯᠡᠭᠡ᠎ᠪᠡᠷ ᠤᠳᠤᠷᠢᠳᠤᠮᠵᠢ ᠪᠤᠯᠭᠠᠭᠰᠠᠨ ᠦᠨᠡᠯᠡᠯᠲᠡ᠎ᠶᠢᠨ ᠳᠦᠷᠢᠮ᠎ᠢ ᠪᠦᠷᠢᠨᠰᠢᠭᠦᠯᠦᠨ᠎ᠡ᠃ ᠲᠤᠰᠢᠶᠠᠯ ᠬᠦᠢᠴᠡᠳᠬᠡᠵᠤ ᠤᠯᠤᠬᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠡᠷᠬᠡ ᠣᠯᠭᠣᠬᠤ ᠪᠠ ᠡᠳ᠋ ᠬᠥᠷᠥᠩᠭᠡ᠎ᠶᠢ ᠠᠰ ᠲᠤᠨᠢ ᠵᠢᠭ᠍ᠰᠠᠭᠠᠬᠤ ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ᠃ ᠨᠥᠬᠥᠴᠡᠯ᠎ᠳᠦ ᠨᠡᠢᠴᠡᠬᠦ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠤᠯᠠᠨ ᠵᠦᠢᠯ᠎ᠦᠨ ᠬᠡᠯᠪᠡᠷᠢ᠎ᠪᠡᠷ ᠤᠷᠮᠠᠰᠢᠭᠤᠯᠬᠤ᠎ᠶᠢ ᠵᠥᠪᠰᠢᠶᠡᠷᠡᠨ᠎ᠡ᠃ ᠨᠡᠭᠡᠭᠡᠯᠲᠡ᠎ᠲᠠᠢ ᠪᠥᠭᠡᠳ ᠬᠠᠮᠲᠤ᠎ᠪᠠᠷ ᠡᠳ᠋ᠯᠡᠬᠦ ᠠᠮᠤᠷ ᠲᠦᠪᠰᠢᠨ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠳ᠋ᠠᠢᠲ᠋ᠠ᠎ᠶᠢᠨ ᠵᠠᠬ᠎ᠠ ᠳᠡᠯᠭᠡᠭᠦᠷ᠎ᠢ ᠪᠠᠢᠭᠤᠯᠵᠤ᠂ ᠤᠯᠠᠷᠢᠭᠤᠯᠤᠯᠲᠠ ᠨᠢ ᠥᠨᠳᠥᠷ ᠪᠦᠲᠦᠮᠵᠢᠲᠡᠢ ᠮᠡᠷᠭᠡᠵᠢᠯ᠎ᠦᠨ ᠵᠠᠬ᠎ᠠ ᠳᠡᠯᠭᠡᠭᠦᠷ᠎ᠢ ᠪᠦᠷᠢᠨᠰᠢᠭᠦᠯᠦᠨ᠂ ᠡᠯ᠎ᠡ ᠲᠦᠷᠦᠯ᠎ᠦᠨ ᠲᠡᠷᠢᠭᠦᠨ᠎ᠦ ᠴᠢᠨᠠᠷ ᠰᠠᠢᠲᠠᠢ ᠦᠢᠯᠡᠳᠪᠦᠷᠢᠯᠡᠯ᠎ᠦᠨ ᠡᠯᠧᠮᠧᠨ᠋ᠲ᠎ᠦᠨ ᠥᠨᠳᠥᠷ ᠪᠦᠲᠦᠮᠵᠢᠲᠡᠢ᠎ᠪᠡᠷ ᠲᠥᠪᠯᠡᠷᠡᠬᠦ᠂ ᠤᠷᠤᠭᠰᠢᠲᠠᠢ᠎ᠪᠠᠷ ᠰᠢᠯᠵᠢᠬᠦ᠎ᠶᠢ ᠠᠬᠢᠭᠤᠯᠤᠨ᠎ᠠ᠃

(ᠠᠷᠪᠠᠨ ᠲᠠᠪᠤ)ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠳᠦᠷᠢᠮ᠎ᠢ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ᠎ᠲᠦ ᠣᠷᠣᠬᠤ᠎ᠶᠢ ᠵᠥᠪᠰᠢᠶᠡᠷᠡᠬᠦ ᠳᠦᠷᠢᠮ᠎ᠢ ᠲᠡᠭᠦᠯᠳᠡᠷᠵᠢᠭᠦᠯᠵᠦ᠂ ᠭᠠᠭᠴᠠᠭᠠᠷ ᠡᠵᠡᠮᠰᠢᠬᠦ᠎ᠵᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ᠎ᠢ ᠡᠰᠡᠷᠭᠦᠴᠡᠬᠦ᠎ᠶᠢ ᠴᠢᠩᠭᠠᠳᠬᠠᠨ᠎ᠠ᠃ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ ᠵᠡᠷᠭᠡ ᠬᠦᠷᠢᠶᠡᠨ᠎ᠦ ᠵᠠᠰᠠᠯᠲᠠ᠎ᠶᠢ ᠴᠢᠩᠭᠠᠳᠬᠠᠨ᠎ᠠ᠃ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ᠎ᠶᠢ ᠴᠢᠩᠭᠠᠳᠬᠠᠨ᠂ ᠬᠢᠨᠠᠨ ᠬᠠᠮᠢᠶᠠᠷᠬᠤ ᠠᠷᠭ᠎ᠠ ᠮᠠᠶᠢᠭ᠎ᠤᠨ ᠰᠢᠨ᠎ᠡ᠎ᠶᠢ ᠡᠭᠦᠳᠴᠦ᠂ ᠲᠤᠬᠠᠢ᠎ᠶᠢᠨ ᠲᠠᠯᠠᠪᠠᠶ᠎ᠶᠢᠨ ᠬᠢᠨᠠᠨ ᠬᠠᠮᠢᠶᠠᠷᠬᠤ ᠲᠠᠪᠳᠠᠮᠵᠢ᠎ᠶᠢ ᠪᠠᠭᠠᠰᠬᠠᠨ᠂ 《ᠲᠣᠭ᠎ᠠ ᠪᠠᠷᠢᠮᠲᠠ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠲᠣᠭ᠎ᠠ ᠪᠠᠷᠢᠮᠲᠠ᠎ᠪᠠᠷ ᠬᠠᠮᠢᠶᠠᠷᠬᠤ》 ᠬᠢᠨᠠᠯᠲᠠ ᠬᠠᠮᠢᠶᠠᠷᠤᠯᠲᠠ᠎ᠶᠢᠨ ᠵᠠᠭᠪᠤᠷ᠎ᠢ ᠰᠦᠪᠡᠭᠴᠢᠯᠡᠵᠦ᠂ ᠰᠠᠯᠠᠭ᠎ᠠ ᠮᠥᠴᠢᠷ ᠠᠯᠤᠰᠯᠠᠨ ᠶᠡᠷᠦᠩᠬᠡᠢᠯᠡᠨ ᠬᠢᠨᠠᠨ ᠬᠠᠮᠢᠶᠠᠷᠬᠤ ᠣᠶᠤᠨᠴᠢᠯᠠᠬᠰᠠᠨ ᠲᠦᠪᠰᠢᠨ᠎ᠢ ᠳᠡᠭᠡᠭᠰᠢᠯᠡᠭᠦᠯᠦᠨ᠎ᠡ᠃ ᠥᠨᠳᠥᠷ ᠪᠦᠲᠦᠮᠵᠢᠲᠡᠢ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠶᠡᠷᠦᠩᠬᠡᠢᠯᠡᠭᠰᠡᠨ ᠬᠠᠮᠢᠶᠠᠷᠤᠯᠲᠠ᠎ᠶᠢᠨ ᠳᠦᠷᠢᠮ᠎ᠢ ᠪᠠᠢᠭᠤᠯᠵᠤ᠂ ᠶᠠᠯᠠᠯᠠᠨ ᠰᠢᠢᠳᠬᠡᠬᠦ ᠴᠢᠨᠠᠷᠲᠠᠢ ᠲᠥᠯᠥᠪᠦᠷᠢ ᠠᠪᠬᠤ ᠳᠦᠷᠢᠮ᠎ᠢ ᠲᠡᠭᠦᠯᠳᠡᠷᠵᠢᠭᠦᠯᠦᠨ᠎ᠡ᠃ ᠰᠢᠨ᠎ᠡ ᠡᠵᠡᠩᠨᠡᠯᠲᠡ᠎ᠶᠢᠨ ᠬᠡᠯᠪᠡᠷᠢ᠎ᠲᠠᠢ ᠬᠠᠷᠠᠭᠠᠯᠵᠠᠬᠰᠠᠨ ᠭᠠᠢᠯᠢ᠎ᠶᠢᠨ ᠳᠦᠷᠢᠮ᠎ᠢ ᠰᠤᠳᠤᠯᠤᠨ᠎ᠠ᠃

(ᠠᠷᠪᠠᠨ ᠵᠢᠷᠭᠤᠭ᠎ᠠ)ᠮᠥᠩᠭᠥᠨ ᠭᠦᠢᠯᠭᠡᠭᠡᠨ᠎ᠦ ᠰᠢᠨ᠎ᠡ᠎ᠶᠢ ᠡᠭᠦᠳᠦᠭᠰᠡᠨ ᠦᠢᠯᠡᠳᠬᠦᠨ᠎ᠦ ᠬᠠᠩᠭᠠᠯᠭ᠎ᠠ᠎ᠶᠢ ᠨᠡᠮᠡᠭᠳᠡᠭᠦᠯᠦᠨ᠎ᠡ᠃ ᠠᠨᠴᠢᠯ ᠪᠡᠯᠡ ᠣᠷᠣᠭᠤᠯᠤᠯᠲᠠ᠂ ᠲᠦᠭᠰᠢᠭᠦᠷᠢ ᠵᠢᠨ ᠪᠡᠯᠡ ᠣᠷᠣᠭᠤᠯᠤᠯᠲᠠ᠂ ᠬᠤᠪᠢ᠎ᠪᠠᠷ᠎ᠢᠶᠠᠨ ᠪᠡᠯᠡ ᠴᠤᠭᠯᠠᠭᠤᠯᠵᠤ ᠰᠲ᠋ᠤᠺ᠎ᠤᠨ ᠡᠷᠬᠡ ᠳ᠋ᠤ ᠪᠡᠯᠡ ᠣᠷᠣᠭᠤᠯᠬᠤ᠎ᠶᠢ ᠵᠣᠷᠢᠭ᠍ᠵᠢᠭᠤᠯᠤᠨ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠰᠠᠭᠤᠷᠢ ᠮᠥᠩᠭᠥ᠎ᠶᠢᠨ ᠬᠥᠲᠥᠯᠥᠨ ᠵᠢᠯᠤᠭᠣᠳᠴᠤ ᠳᠠᠢᠴᠢᠯᠠᠬᠤ ᠦᠢᠯᠡᠳᠦᠯ᠎ᠢ ᠨᠠᠩ ᠰᠠᠢᠳᠤᠷ ᠪᠠᠳᠠᠷᠠᠭᠤᠯᠵᠤ᠂ ᠤᠷᠲᠤ ᠬᠤᠭᠤᠴᠠᠭ᠎ᠠ᠎ᠪᠠᠷ ᠬᠥᠷᠥᠩᠭᠡ᠎ᠶᠢᠨ ᠪᠡᠯᠡ ᠣᠷᠣᠭᠤᠯᠤᠯᠲᠠ ᠨᠢ ᠡᠷᠲᠡ᠂ ᠪᠠᠭ᠎ᠠ ᠪᠡᠯᠡ ᠣᠷᠣᠭᠤᠯᠬᠤ᠂ ᠤᠷᠲᠤ ᠬᠤᠭᠤᠴᠠᠭ᠎ᠠ᠎ᠪᠠᠷ ᠪᠡᠯᠡ ᠣᠷᠣᠭᠤᠯᠬᠤ᠂ ᠬᠠᠲᠠᠭᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠳᠤ᠎ᠪᠡᠯᠡ ᠣᠷᠣᠭᠤᠯᠬᠤ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠬᠦᠯᠢᠴᠡᠩᠭᠦᠢ ᠬᠥᠷᠥᠩᠭᠡ᠎ᠶᠢ ᠪᠤᠵᠠᠭᠠᠢᠷᠠᠭᠤᠯᠤᠨ᠎ᠠ᠃ ᠪᠠᠩᠬᠢ᠎ᠶᠢᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠣᠨᠴᠠᠯᠢᠭ᠋᠎ᠲᠤ ᠨᠡᠢᠴᠡᠭᠰᠡᠨ ᠵᠢᠭᠡᠯᠡᠯᠭᠡ᠎ᠶᠢᠨ ᠦᠢᠯᠡᠳᠬᠦᠨ᠎ᠢ ᠨᠡᠭᠡᠭᠡᠨ ᠬᠥᠭᠵᠢᠭᠦᠯᠬᠦ᠎ᠶᠢ ᠵᠣᠷᠢᠭ᠍ᠵᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠢᠭᠡᠯᠡᠯᠭᠡ᠎ᠶᠢᠨ ᠲᠡᠮᠳᠡᠭᠲᠦ᠎ᠶᠢᠨ ᠦᠢᠯᠡᠳᠭᠦᠨ᠎ᠦ ᠰᠢᠰᠲᠧᠮ᠎ᠢ ᠪᠠᠶᠠᠯᠢᠭ᠍ᠵᠢᠭᠤᠯᠵᠤ᠂ ᠴᠢᠨᠠᠷ ᠰᠠᠢᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠦ ᠭᠠᠷᠴᠤ ᠪᠡᠯᠡ ᠬᠤᠷᠠᠮᠳᠤᠭᠤᠯᠬᠤ᠎ᠶᠢ ᠳᠡᠮᠵᠢᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯ᠎ᠤᠨ ᠨᠡᠢᠯᠡᠭᠦᠯᠦᠨ ᠠᠪᠴᠤ ᠳᠠᠬᠢᠨ ᠪᠠᠶ᠋ᠢᠭᠤᠯᠬᠤ᠂ ᠰᠲ᠋ᠣᠺ᠎ᠤᠨ ᠡᠷᠬᠡ᠎ᠪᠡᠷ ᠤᠷᠮᠠᠰᠢᠭᠤᠯᠬᠤ ᠵᠡᠷᠭᠡ ᠳᠦᠷᠢᠮ᠎ᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠦᠬᠦ ᠬᠡᠯᠬᠢᠶ᠎ᠡ᠎ᠶᠢ ᠬᠠᠮᠤᠷᠤᠭᠰᠠᠨ ᠳᠠᠭᠠᠳᠬᠠᠯ᠎ᠤᠨ ᠦᠢᠯᠡᠳᠬᠦᠨ᠎ᠢ ᠬᠥᠭᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠦᠷᠢᠶᠡᠰᠦᠯᠡᠬᠦ ᠪᠠ ᠲᠦᠷᠢᠶᠡᠰᠦᠯᠡᠬᠦᠯᠬᠦ ᠵᠡᠷᠭᠡ ᠲᠤᠬᠠᠢᠯᠠᠭᠰᠠᠨ ᠠᠵᠢᠯ᠎ᠢ ᠰᠦᠪᠡᠭᠴᠢᠯᠡᠨ᠎ᠡ᠃

(ᠠᠷᠪᠠᠨ ᠳᠣᠯᠣᠭ᠎ᠠ) ᠪᠦᠬᠦ ᠪᠥᠮᠪᠥᠷᠴᠡᠭ᠎ᠲᠦ ᠲᠡᠷᠢᠭᠦᠨ᠎ᠦ ᠦᠢᠯᠡᠳᠪᠦᠷᠢᠯᠡᠯ᠎ᠦᠨ ᠡᠯᠧᠮᠧᠨ᠋ᠲ᠎ᠢ ᠲᠣᠬᠢᠷᠠᠭᠤᠯᠤᠨ᠎ᠠ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠵᠦ᠂ ᠪᠦᠬᠦ ᠪᠥᠮᠪᠥᠷᠴᠡᠭ᠎ᠦᠨ ᠵᠠᠬ᠎ᠠ ᠳᠡᠯᠭᠡᠭᠦᠷ᠎ᠢ ᠨᠡᠭᠡᠭᠡᠨ ᠰᠠᠢᠲᠤᠷ ᠬᠡᠷᠡᠭᠯᠡᠨ᠎ᠡ᠃ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠣᠷᠣᠨ ᠪᠠᠢᠷᠢ᠎ᠶᠢᠨ ᠣᠨᠴᠠᠯᠢᠭ᠋᠂ ᠡᠬᠢ ᠪᠠᠶᠠᠯᠢᠭ᠋᠎ᠤᠨ ᠳᠠᠪᠠᠭᠤᠯᠢᠭ᠋᠂ ᠠᠵᠤ ᠦᠢᠯᠡᠰ᠎ᠦᠨ ᠳᠠᠪᠠᠭᠤᠯᠢᠭ᠋᠎ᠲᠠᠢ᠎ᠪᠠᠨ ᠤᠶᠠᠯᠳᠤᠭᠤᠯᠤᠨ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠲᠡᠷᠢᠭᠦᠨ᠎ᠦ ᠦᠢᠯᠡᠳᠪᠦᠷᠢᠯᠡᠯ᠎ᠦᠨ ᠡᠯᠧᠮᠧᠨ᠋ᠲ᠎ᠢ ᠲᠥᠪᠯᠡᠷᠡᠭᠦᠯᠬᠦ᠎ᠶᠢ ᠵᠣᠷᠢᠭ᠍ᠵᠢᠭᠤᠯᠤᠨ᠎ᠠ᠃ ᠡᠯ᠎ᠡ ᠲᠦᠷᠦᠯ᠎ᠦᠨ ᠤᠯᠠᠨ ᠲᠠᠯᠠᠲᠤ ᠬᠣᠶᠠᠷ ᠲᠠᠯᠠᠲᠤ ᠬᠠᠮᠲᠤᠷᠠᠯᠴᠠᠭᠠᠨ᠎ᠤ ᠲᠣᠭᠲᠡᠴᠡ᠎ᠶᠢᠨ ᠦᠢᠯᠡᠳᠦᠯ᠎ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠷᠢᠶᠡᠯᠡᠩ ᠲᠣᠭᠣᠷᠢᠭ᠋᠂《ᠨᠢᠭᠡ ᠪᠦᠰᠡ ᠨᠢᠭᠡ ᠵᠠᠮ》 ᠎ᠤ᠋ᠨ ᠬᠠᠮᠲᠤᠷᠠᠭᠰᠠᠨ ᠲᠤᠷᠰᠢᠯᠲᠠ᠎ᠶᠢᠨ ᠲᠠᠰᠤᠭ᠂ ᠤᠯᠠᠨ ᠤᠯᠤᠰ᠎ᠤᠨ ᠲᠡᠷᠢᠭᠦᠨ᠎ᠦ ᠮᠡᠷᠭᠡᠵᠢᠯ᠎ᠦᠨ ᠬᠡᠷᠡᠭᠯᠡᠯᠲᠡ᠎ᠶᠢ ᠠᠬᠢᠭᠤᠯᠬᠤ ᠲᠥᠪ ᠵᠡᠷᠭᠡ ᠲᠠᠪᠴᠠᠩ᠎ᠢ ᠬᠠᠮᠲᠤ᠎ᠪᠠᠷ ᠪᠠᠶ᠋ᠢᠭᠤᠯᠬᠤ᠎ᠶᠢ ᠠᠬᠢᠭᠤᠯᠵᠤ᠂ ᠪᠦᠬᠦ ᠪᠥᠮᠪᠥᠷᠴᠡᠭ᠎ᠦᠨ ᠰᠢᠨ᠎ᠡ᠎ᠶᠢ ᠡᠭᠦᠳᠬᠦ ᠬᠠᠮᠲᠤᠷᠠᠯᠴᠠᠭᠠᠨ᠎ᠤ ᠲᠣᠣᠷ᠎ᠢ ᠰᠠᠨᠠᠭᠠᠴᠢᠯᠠᠭ᠎ᠠ᠎ᠡᠴᠡ᠎ᠪᠠᠨ ᠪᠠᠢᠭᠤᠯᠤᠨ᠎ᠠ᠃ ᠣᠯᠠᠨ ᠤᠯᠤᠰ᠎ᠤᠨ ᠬᠠᠮ ᠰᠢᠨᠵᠢᠯᠡᠬᠦ ᠤᠬᠠᠭᠠᠨ᠎ᠤ ᠲᠥᠯᠥᠪᠯᠡᠭᠡ ᠪᠣᠯᠣᠨ ᠬᠠᠮ ᠰᠢᠨᠵᠢᠯᠡᠬᠦ ᠤᠬᠠᠭᠠᠨ᠎ᠤ ᠢᠨᠵᠧᠨᠧᠷᠢᠩ᠎ᠢ ᠲᠦᠷᠦᠭᠦᠯᠡᠨ ᠬᠡᠷᠡᠭᠵᠢᠭᠦᠯᠬᠦ᠎ᠶᠢᠨ ᠬᠠᠮᠲᠤ ᠢᠳᠡᠪᠬᠢᠲᠡᠢ᠎ᠪᠡᠷ ᠣᠷᠣᠯᠴᠠᠨ᠎ᠠ᠃ ᠭᠠᠳᠠᠭᠠᠳᠤ ᠪᠡᠯᠡ᠎ᠶᠢᠨ ᠦᠢᠯᠡᠰ ᠪᠤᠰᠬᠠᠬᠤ ᠪᠡᠯᠡ ᠣᠷᠣᠭᠤᠯᠬᠤ ᠪᠠᠢᠭᠤᠯᠤᠮᠵᠢ᠂ ᠤᠯᠠᠨ ᠤᠯᠤᠰ᠎ᠤᠨ ᠪᠠᠷᠢᠮᠵᠢᠶ᠎ᠠ᠎ᠵᠢᠨ ᠵᠣᠬᠢᠶᠠᠨ ᠪᠠᠢᠭᠤᠯᠤᠯᠲᠠ ᠵᠡᠷᠭᠡ᠎ᠶᠢᠨ ᠳᠤᠮᠳᠠᠳᠤ ᠤᠯᠤᠰ᠎ᠲᠤ ᠢᠷᠡᠵᠦ ᠬᠥᠭᠵᠢᠬᠦ᠎ᠶᠢ ᠵᠣᠷᠢᠭ᠍ᠵᠢᠭᠤᠯᠤᠨ᠎ᠠ᠃ ᠥᠨᠳᠥᠷ ᠪᠦᠲᠦᠮᠵᠢᠲᠡᠶ ᠪᠥᠭᠡᠳ ᠳᠥᠭᠥᠮ ᠲᠦᠷᠬᠡᠨ ᠠᠮᠤᠷ ᠲᠦᠪᠰᠢᠨ ᠳ᠋ᠠᠢᠲ᠋ᠠ᠎ᠶᠢᠨ ᠬᠢᠯᠢ ᠠᠯᠤᠰᠯᠠᠨ ᠰᠢᠯᠵᠢᠬᠦ ᠲᠣᠭᠲᠡᠴᠡ᠎ᠶᠢ ᠪᠠᠢᠭᠤᠯᠤᠨ᠎ᠠ᠃

ᠵᠢᠷᠭᠤᠭ᠎ᠠ᠂ ᠴᠢᠳᠠᠪᠤᠷᠢᠲᠠᠨ᠎ᠤ ᠠᠵᠢᠯ᠎ᠤᠨ ᠲᠣᠭᠲᠡᠴᠡ᠎ᠶᠢᠨ ᠰᠢᠨ᠎ᠡ᠎ᠶᠢ ᠡᠭᠦᠳᠬᠦ᠎ᠶᠢ ᠭᠦᠨᠵᠡᠭᠡᠢᠷᠡᠭᠦᠯᠦᠨ᠎ᠡ

(ᠠᠷᠪᠠᠨ ᠨᠠᠢ᠍ᠮᠠ) ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ ᠵᠢᠨ ᠪᠠᠴᠢᠮ ᠱᠠᠭᠠᠷᠳᠠᠬᠤ ᠴᠢᠳᠠᠪᠤᠷᠢᠲᠠᠨ᠎ᠢ ᠬᠥᠮᠥᠵᠢᠭᠦᠯᠦᠨ᠎ᠡ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠴᠢᠳᠠᠪᠤᠷᠢᠲᠠᠨ᠎ᠤ ᠪᠠᠢᠭᠤᠯᠤᠯ ᠲᠣᠭᠲᠡᠴᠡ᠎ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭᠠᠮᠵᠢ᠎ᠶᠢ ᠥᠷᠭᠡᠳᠬᠡᠬᠦ᠎ᠶᠢ ᠠᠬᠢᠭᠤᠯᠵᠤ᠂ ᠰᠢᠨ᠎ᠡ ᠬᠡᠯᠪᠡᠷᠢ᠎ᠶᠢᠨ ᠰᠤᠳᠤᠯᠭᠠᠨ᠎ᠤ ᠬᠡᠯᠪᠡᠷᠢ᠎ᠶᠢᠨ ᠶᠡᠬᠡ ᠰᠤᠷᠭᠠᠭᠤᠯᠢ᠎ᠶᠢ ᠬᠥᠭᠵᠢᠭᠦᠯᠵᠦ᠂ ᠠᠵᠤ ᠦᠢᠯᠡᠰ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠥᠭᠵᠢᠯᠲᠡ᠎ᠶᠢᠨ ᠬᠠᠨᠳᠤᠰᠢ᠎ᠶᠢ ᠦᠨᠳᠦᠰᠦᠯᠡᠨ᠂ ᠳᠡᠭᠡᠳᠦ ᠵᠡᠷᠭᠡ᠎ᠶᠢᠨ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ ᠲᠤᠰᠬᠠᠢ ᠮᠡᠷᠭᠡᠵᠢᠯ᠎ᠦᠨ ᠪᠠᠢᠷᠢᠯᠠᠭᠤᠯᠤᠯᠲᠠ ᠲᠣᠬᠢᠷᠠᠭᠤᠯᠤᠯᠲᠠ᠎ᠶᠢᠨ ᠲᠣᠭᠲᠡᠴᠡ᠎ᠶᠢ ᠰᠢᠯᠢᠳᠡᠭᠵᠢᠭᠦᠯᠦᠨ᠎ᠡ᠃ ᠤᠳᠤ ᠦᠶ᠎ᠡ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠠᠵᠢᠯᠯᠠᠵᠤ ᠰᠤᠷᠤᠯᠴᠠᠬᠤ᠎ᠶᠢ ᠨᠢᠭᠡ ᠴᠣᠭᠴᠠᠵᠢᠭᠤᠯᠤᠭᠰᠠᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠪᠦᠬᠦ ᠲᠠᠯ᠎ᠠ᠎ᠪᠠᠷ ᠠᠬᠢᠭᠤᠯᠤᠨ᠎ᠠ᠃ ᠦᠢᠯᠡᠳᠦᠯᠭᠡ᠎ᠶᠢᠨ ᠳᠤᠮᠳᠠ ᠴᠢᠳᠠᠪᠤᠷᠢᠲᠠᠨ᠎ᠢ ᠬᠥᠮᠥᠵᠢᠭᠦᠯᠬᠦ᠎ᠶᠢ ᠪᠠᠷᠢᠮᠲᠠᠯᠠᠨ᠎ᠠ᠃ ᠠᠵᠤ ᠠᠬᠤᠢᠯᠠᠯ ᠪᠣᠯᠣᠨ ᠳᠡᠭᠡᠳᠦ ᠵᠡᠷᠭᠡ᠎ᠶᠢᠨ ᠰᠤᠷᠭᠠᠭᠤᠯᠢ᠎ᠨᠤᠭᠤᠳ᠎ᠤᠨ ᠬᠠᠮᠲᠤᠷᠠᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠵᠣᠷᠢᠭ᠍ᠵᠢᠭᠤᠯᠵᠤ᠂ ᠲᠣᠮᠣ᠌ ᠤᠯᠤᠰ᠎ᠤᠨ ᠤᠷᠠᠨ ᠳᠠᠷᠬᠠᠨ᠂ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠳᠠᠳᠤᠯᠭ᠎ᠠ ᠪᠣᠯᠪᠠᠰᠤᠷᠠᠯ᠎ᠤᠨ ᠪᠠᠭ᠍ᠰᠢ᠎ᠶᠢᠨ ᠲᠤᠰᠢᠶᠠᠯ᠎ᠢ ᠬᠠᠪᠰᠤᠷᠭᠠᠬᠤ᠎ᠶᠢ ᠳᠡᠮᠵᠢᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠬᠦᠯᠬᠦ ᠨᠢ ᠬᠥᠳᠡᠯᠮᠦᠷᠢᠴᠢᠳ᠎ᠦᠨ ᠬᠡᠪ ᠪᠤᠯᠪᠠᠰᠤᠷᠠᠯ᠎ᠢ ᠳᠡᠭᠡᠭᠰᠢᠯᠡᠭᠦᠯᠬᠦ᠎ᠳᠦ ᠦᠵᠡᠭᠦᠯᠬᠦ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃

(ᠠᠷᠪᠠ ᠶᠢᠰᠦ) ᠴᠢᠳᠠᠪᠤᠷᠢᠲᠠᠨ᠎ᠢ ᠬᠡᠷᠡᠭᠯᠡᠬᠦ ᠪᠠ ᠰᠢᠯᠵᠢᠭᠦᠯᠬᠦ ᠲᠥᠷᠥ᠎ᠶᠢᠨ ᠪᠣᠳᠣᠯᠭ᠎ᠠ᠎ᠶᠢ ᠪᠦᠷᠢᠨᠰᠢᠭᠦᠯᠦᠨ᠎ᠡ᠃ ᠭᠠᠢᠯᠢ᠎ᠶᠢᠨ ᠬᠠᠷᠠᠭᠠᠯᠵᠠᠯ ᠦᠵᠡᠬᠦᠯᠬᠦ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠨᠠᠰᠤᠨ ᠲᠤᠷᠰᠢᠲᠠ᠎ᠶᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠤᠨ ᠳᠦᠷᠢᠮ᠎ᠢ ᠲᠡᠭᠦᠯᠳᠡᠷᠵᠢᠭᠦᠯᠦᠨ᠂ ᠦᠢᠯᠡᠳᠬᠦ ᠦᠢᠯᠡᠰ᠎ᠦᠨ ᠴᠢᠳᠠᠪᠤᠷᠢᠲᠠᠨ᠎ᠢ ᠳᠡᠮᠵᠢᠬᠦ ᠲᠥᠯᠥᠪᠯᠡᠭᠡ ᠪᠠ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠮᠡᠳᠡᠯᠭᠡ᠎ᠶᠢ ᠰᠢᠨᠡᠳᠬᠡᠬᠦ ᠢᠨᠵᠧᠨᠧᠷᠢᠩ᠎ᠢ ᠬᠡᠷᠡᠭᠵᠢᠭᠦᠯᠵᠦ᠂ ᠬᠥᠮᠥᠨ ᠬᠡᠷᠡᠭᠯᠡᠬᠦ ᠨᠢᠭᠡᠴᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠲᠡᠮᠵᠢᠨ᠎ᠠ᠃ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ᠎ᠢ ᠰᠢᠯᠭᠠᠨ ᠦᠨᠡᠯᠡᠵᠦ ᠤᠷᠮᠠᠰᠢᠭᠤᠯᠬᠤ ᠬᠢᠭᠡᠳ ᠲᠥᠷᠥᠯ ᠵᠦᠢᠯ ᠮᠡᠳᠡᠭᠦᠯᠬᠦ᠂ ᠥᠭᠦᠯᠡᠯ ᠨᠡᠢᠳᠡᠯᠡᠬᠦ᠂ ᠱᠠᠩᠨᠠᠯ ᠰᠢᠯᠭᠠᠷᠠᠭᠤᠯᠬᠤ ᠵᠡᠷᠭᠡ᠎ᠶᠢ ᠵᠣᠬᠢᠬᠤ ᠬᠡᠮᠵᠢᠶ᠎ᠡ᠎ᠪᠡᠷ ᠰᠠᠯᠭᠠᠬᠤ᠎ᠶᠢ ᠲᠦᠷᠭᠡᠳᠬᠡᠨ ᠠᠬᠢᠭᠤᠯᠵᠤ᠂ ᠳᠥᠭᠥᠮᠬᠡᠨ᠎ᠢᠶᠡᠷ ᠴᠢᠳᠠᠪᠤᠷᠢᠲᠠᠨ᠎ᠤ 《ᠮᠠᠯᠠᠭᠠᠢ》ᠪᠠᠷ ᠴᠠᠯᠢᠩ ᠬᠥᠯᠥᠰᠦ ᠵᠢ ᠲᠤᠬᠳᠠᠭᠠᠬᠤ᠂ ᠮᠡᠷᠭᠡᠵᠢᠯ᠎ᠦᠨ ᠴᠣᠯᠠ ᠵᠢ ᠲᠤᠬᠳᠠᠭᠠᠬᠤ᠂ ᠣᠯᠭᠣᠮᠵᠢ᠎ᠶᠢ ᠲᠣᠭᠲᠠᠭᠠᠬᠤ᠎ᠶᠢ ᠰᠡᠷᠭᠡᠢᠯᠡᠨ᠎ᠡ᠃ ᠡᠯ᠎ᠡ ᠵᠦᠢᠯ᠎ᠦᠨ ᠲᠠᠯᠳᠠ ᠬᠠᠷᠰᠢ ᠰᠠᠭᠠᠳ᠎ᠢ ᠲᠦᠷᠭᠡᠪᠴᠢᠯᠡᠨ ᠠᠷᠢᠯᠭᠠᠵᠤ᠂ ᠳᠡᠭᠡᠳᠦ ᠵᠡᠷᠭᠡ᠎ᠵᠢᠨ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ᠎ᠤᠨ ᠴᠢᠳᠠᠪᠤᠷᠢᠲᠠᠨ᠎ᠤ ᠰᠣᠯᠢᠯᠴᠠᠭᠠᠨ᠎ᠤ ᠵᠠᠮ᠎ᠢ ᠰᠢᠯᠤᠭᠤᠳᠬᠠᠨ᠎ᠠ᠃ 《ᠰᠢᠨ᠎ᠡ ᠨᠠᠢ᠍ᠮᠠᠨ ᠳᠡᠰ᠎ᠤᠨ ᠠᠵᠢᠯᠴᠢᠨ》 ᠤ᠋ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠳᠡᠰ᠎ᠤᠨ ᠳᠦᠷᠢᠮ᠎ᠢ ᠪᠦᠷᠢᠨᠰᠢᠭᠦᠯᠵᠦ᠂ ᠠᠵᠤ ᠦᠢᠯᠡᠰ᠎ᠦᠨ ᠠᠵᠢᠯᠴᠢᠨ᠎ᠤ ᠳᠡᠭᠡᠭᠰᠢ ᠪᠠᠨ ᠬᠥᠭᠵᠢᠬᠦ ᠵᠠᠮ᠎ᠢ ᠰᠢᠯᠤᠭᠤᠳᠬᠠᠨ᠎ᠠ᠃

ᠳᠣᠯᠣᠭ᠎ᠠ᠂ ᠵᠣᠬᠢᠶᠠᠨ ᠪᠠᠢᠭᠤᠯᠵᠤ ᠬᠡᠷᠡᠭᠵᠢᠭᠦᠯᠬᠦ᠎ᠶᠢ ᠴᠢᠩᠭᠠᠳᠬᠠᠨ᠎ᠠ

ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠪᠦᠬᠦ ᠤᠯᠤᠰ᠎ᠢᠶᠠᠷ᠎ᠢᠶᠠᠨ ᠨᠢᠭᠡ ᠬᠥᠯᠭᠡ ᠰᠢᠲᠠᠷ᠎ᠠ ᠪᠠᠢᠬᠤ ᠦᠵᠡᠯ ᠰᠠᠨᠠᠭ᠎ᠠ᠎ᠶᠢ ᠴᠢᠩᠭᠠᠳᠬᠠᠵᠤ᠂ ᠭᠠᠵᠠᠷ ᠣᠷᠣᠨ᠎ᠤ ᠪᠠᠢᠳᠠᠯ᠎ᠳ᠋ᠤᠨᠢ ᠲᠣᠬᠢᠷᠠᠭᠤᠯᠬᠤ᠎ᠶᠢ ᠪᠠᠷᠢᠮᠲᠠᠯᠠᠵᠤ᠂ ᠲᠦᠷᠦᠯ ᠬᠤᠪᠢᠶᠠᠨ ᠵᠢᠯᠤᠭᠣᠳᠬᠤ ᠪᠠ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢ ᠨᠢᠭᠡᠳᠦᠯᠲᠡᠢ ᠲᠥᠯᠥᠪᠵᠢᠭᠦᠯᠬᠦ᠎ᠪᠡᠨ ᠴᠢᠩᠭᠠᠳᠬᠠᠵᠤ᠂ ᠴᠢᠬᠤᠯᠠ ᠶᠡᠬᠡ ᠦᠢᠯᠡᠳᠪᠦᠷᠢᠯᠡᠯ᠎ᠦᠨ ᠬᠦᠴᠦᠨ᠎ᠦ ᠪᠠᠢᠷᠢᠰᠢᠭᠤᠯᠤᠯᠲᠠ᠎ᠶᠢ ᠰᠢᠯᠢᠳᠡᠭᠵᠢᠭᠦᠯᠬᠦ ᠬᠡᠷᠡᠭᠲᠡᠢ᠃ ᠤᠷᠢᠳ ᠵᠢᠡᠷ ᠰᠢᠨ᠎ᠡ᠎ᠵᠢ ᠪᠠᠢᠭᠤᠯᠵᠤ ᠳᠠᠷᠠᠭ᠎ᠠ ᠨᠢ ᠬᠠᠭᠤᠴᠢᠨ᠎ᠢ ᠡᠪᠳᠡᠬᠦ᠂ ᠲᠣᠭᠲᠠᠭᠤᠨ᠎ᠤ ᠳᠤᠮᠳᠠ ᠠᠬᠢᠯᠳᠠ ᠲᠠᠢ ᠪᠠᠢᠬᠤ᠎ᠶᠢ ᠪᠠᠷᠢᠮᠲᠠᠯᠠᠵᠤ᠂ ᠪᠣᠳᠠᠲᠤ ᠪᠠᠢᠳᠠᠯ᠎ᠡᠴᠡ ᠰᠠᠯᠵᠤ ᠬᠡᠢᠰᠪᠦᠷᠢ᠎ᠶᠢ ᠬᠥᠭᠡᠭᠡᠴᠡᠯᠳᠦᠬᠦ᠂ ᠶᠡᠬᠡ᠎ᠳᠦ ᠳᠤᠷᠠᠯᠠᠵᠤ ᠪᠦᠷᠢᠨ᠎ᠢ ᠬᠥᠭᠡᠭᠡᠴᠡᠯᠳᠦᠵᠤ᠂ ᠬᠦᠬᠡᠰᠦᠷᠡᠯ᠎ᠢ ᠪᠤᠢ ᠪᠤᠯᠭᠠᠵᠤ ᠪᠣᠯᠬᠤ ᠦᠭᠡᠢ᠂ ᠠᠵᠤ ᠦᠢᠯᠡᠰ ᠬᠦᠨᠳᠡᠢᠷᠡᠬᠦ ᠪᠤᠶᠤ ᠠᠵᠤ ᠦᠢᠯᠡᠰ ᠲᠠᠰᠤᠯᠳᠠᠬᠤ ᠦᠵᠡᠭᠳᠡᠯ ᠎ᠢ ᠭᠠᠷᠭᠠᠬᠤ ᠪᠣᠯᠬᠤ ᠦᠭᠡᠢ᠂ ᠰᠣᠬᠣᠷ ᠪᠠᠯᠠᠢ᠎ᠪᠠᠷ ᠰᠢᠨ᠎ᠡ᠎ᠶᠢ ᠡᠷᠢᠯᠬᠢᠯᠡᠵᠦ ᠠᠯᠢ ᠠᠯᠢᠨ ᠳ᠋ᠠᠭᠠᠨ ᠵᠠᠪᠳᠤᠬᠤ ᠦᠬᠡᠢ ᠪᠠᠢᠳᠠᠯ᠎ᠢ ᠭᠠᠷᠭᠠᠵᠤ ᠪᠣᠯᠬᠤ ᠦᠭᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠬᠥᠭᠵᠢᠯᠲᠡ᠎ᠶᠢᠨ ᠠᠷᠭ᠎ᠠ ᠵᠠᠮ᠎ᠢ ᠰᠦᠪᠡᠭᠴᠢᠯᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠨᠡᠷ᠎ᠡ᠎ᠪᠡᠷ ᠲᠣᠭᠲᠠᠭᠠᠯ᠎ᠢ ᠵᠥᠷᠢᠴᠡᠨ ᠲᠦᠷᠦ᠎ᠶᠢᠨ ᠪᠣᠳᠣᠯᠭ᠎ᠠ᠎ᠶᠢ ᠳᠤᠷ᠎ᠠ᠎ᠪᠠᠷ᠎ᠢᠶᠠᠨ ᠬᠡᠷᠡᠭᠯᠡᠬᠦ᠎ᠵᠢ ᠴᠢᠩᠭ᠎ᠠ ᠴᠠᠭᠠᠵᠠᠯᠠᠵᠤ᠂ ᠨᠢᠭᠡ ᠯᠡ ᠳᠣᠣᠷ᠎ᠠ ᠳᠡᠷᠪᠡᠵᠤ ᠲᠦᠷᠬᠢᠯᠳᠦᠨ ᠬᠢᠬᠦ᠂ ᠰᠣᠬᠣᠷ ᠪᠠᠯᠠᠢ᠎ᠪᠠᠷ ᠪᠡᠯᠡ ᠣᠷᠣᠭᠤᠯᠤᠬᠰᠠᠨ ᠵᠡᠷᠭᠡ᠎ᠡᠴᠡ ᠪᠤᠯᠵᠤ ᠬᠦᠨᠳᠦ ᠶᠡᠬᠡ ᠬᠣᠬᠢᠷᠠᠯ ᠤᠴᠠᠷᠠᠭᠤᠯᠤᠭᠰᠠᠨ ᠪᠠᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠰᠠᠯᠠᠭ᠎ᠠ ᠮᠥᠴᠢᠷ᠎ᠦᠨ ᠵᠣᠬᠢᠴᠠᠭᠤᠯᠭ᠎ᠠ ᠬᠠᠮᠵᠢᠯᠴᠠᠭ᠎ᠠ᠎ᠶᠢ ᠴᠢᠩᠭᠠᠳᠬᠠᠵᠤ᠂ ᠠᠵᠢᠯ᠎ᠤᠨ ᠬᠠᠮᠲᠤᠷᠠᠯ ᠬᠦᠴᠦᠨ᠎ᠢ ᠪᠣᠶ ᠪᠣᠯᠭᠠᠬᠤ ᠬᠡᠷᠡᠭᠲᠡᠢ᠃ ᠲᠥᠪ᠎ᠦᠨ ᠡᠳ᠋᠎ᠦᠨ ᠵᠠᠰᠠᠭ᠎ᠤᠨ ᠠᠯᠪᠠᠨ ᠭᠡᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠤᠨᠤᠯ᠎ᠤᠨ ᠰᠤᠳᠤᠯᠭᠠᠨ᠂ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ᠂ ᠣᠷᠣᠨ ᠪᠦᠰᠡ ᠰᠠᠯᠠᠭ᠎ᠠ ᠮᠥᠴᠢᠷ ᠠᠯᠤᠰᠯᠠᠨ ᠵᠣᠬᠢᠴᠠᠭᠤᠯᠬᠤ᠂ ᠮᠥᠷᠳᠡᠨ ᠬᠢᠨᠠᠨ ᠬᠡᠮᠵᠢᠵᠦ ᠦᠨᠡᠯᠡᠬᠦ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ ᠬᠡᠷᠡᠭᠲᠡᠢ᠃ ᠲᠤᠷᠰᠢᠯᠭ᠎ᠠ᠎ᠪᠠᠨ ᠴᠠᠭ ᠲᠤᠬᠠᠢ ᠳ᠋ᠤᠨᠢ ᠳ᠋ᠦᠩᠨᠡᠵᠦ᠂ ᠤᠬᠠᠭᠤᠯᠤᠨ ᠳᠡᠯᠭᠡᠷᠡᠭᠦᠯᠬᠦ᠎ᠪᠡᠨ ᠴᠢᠩᠭᠠᠳᠬᠠᠨ᠂ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠣᠯᠭᠠᠬᠤ ᠬᠡᠷᠡᠭᠲᠡᠢ᠃ ᠴᠢᠬᠤᠯᠠ ᠶᠡᠬᠡ ᠤᠴᠢᠷ ᠶᠠᠪᠤᠳᠠᠯ᠎ᠢ ᠴᠠᠭ ᠲᠤᠬᠠᠢ ᠳ᠋ᠤᠨᠢ ᠲᠡᠰ ᠳᠠᠷᠠᠭᠠᠯᠠᠯ ᠶᠣᠰᠣᠭᠠᠷ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠡᠴᠡ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃

(ᠰᠢᠨᠬᠤᠸᠠ ᠬᠣᠷᠢᠶ᠎ᠠ᠎ᠵᠢᠨ ᠪᠡᠭᠡᠵᠢᠩ᠎ᠦᠨ 10 ᠰᠠᠷ᠎ᠠ᠎ᠶᠢᠨ 9 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面