ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-10-27 11:09:17

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠮᠠᠨ ᠤ᠋ ᠤᠷᠤᠨ ᠤᠢᠷ᠎ᠠ ᠳ᠋ᠤ 《ᠵᠠᠮ ᠬᠠᠷᠢᠯᠴᠠᠭ᠎ᠠ ᠪᠠᠷᠠᠭᠠᠨ ᠤ᠋ ᠭᠦᠢᠯᠭᠡᠭᠡ ᠢ᠋ᠢᠨ ᠳᠠᠭᠠᠭᠤᠯᠤᠭᠴᠢ ᠠᠵᠤ ᠠᠬᠤᠶ᠋ᠢᠯᠠᠯ ᠢ᠋ ᠲᠦᠷᠭᠡᠳᠬᠡᠨ ᠪᠣᠶ᠋ᠢᠵᠢᠭᠤᠯᠵᠤ ᠠᠵᠤ ᠦᠢᠯᠡᠰ ᠤ᠋ᠨ ᠬᠡᠯᠬᠢᠶ᠎ᠡ ᠬᠠᠩᠭᠠᠯᠭ᠎ᠠ ᠵᠢᠨ ᠬᠡᠯᠬᠢᠶ᠎ᠡ ᠢ᠋ᠢᠨ ᠦᠢᠯᠡᠴᠢᠯᠡᠭᠡᠨ ᠤ᠋ ᠪᠠᠲᠤᠯᠠᠭ᠎ᠠ ᠢ᠋ᠢᠨ ᠴᠢᠳᠠᠪᠤᠷᠢ ᠢ᠋ᠢ ᠳᠡᠭᠡᠭᠰᠢᠯᠡᠭᠦᠯᠬᠦ᠌᠎ᠲᠤᠬᠠᠢ ᠬᠡᠷᠡᠭᠵᠢᠭᠦᠯᠬᠦ᠌ ᠲᠥᠰᠦᠯ》 (ᠳᠣᠷᠣᠭᠰᠢ 《ᠲᠥᠰᠦᠯ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠵᠤ᠂ 2030 ᠣᠨ ᠪᠤᠯᠲᠠᠯ᠎ᠠ ᠣᠷᠣᠨ ᠪᠦᠰᠡ ᠢ᠋ᠢᠨ ᠨᠥᠯᠥᠭᠡᠯᠡᠬᠦ᠌ ᠬᠦᠴᠦᠨ ᠪᠠ ᠨᠥᠯᠥᠭᠡᠯᠡᠨ ᠳᠠᠶ᠋ᠢᠴᠢᠯᠠᠬᠤ ᠬᠦᠴᠦᠨ ᠲᠠᠢ ᠶᠡᠷᠦᠩᠬᠡᠶ᠋ᠢᠯᠡᠭᠰᠡᠨ ᠪᠠᠷᠠᠭᠠᠨ ᠤ᠋ ᠭᠦᠢᠯᠭᠡᠭᠡ ᠵᠢᠨ ᠬᠤᠷᠠᠮᠠᠯ ᠬᠤᠳᠠᠯᠳᠤᠭᠠᠴᠢᠨ ᠢ᠋ 10 ᠡᠴᠡ ᠳᠡᠭᠡᠭᠰᠢ ᠬᠦᠷᠬᠡᠨ᠂ 3A ᠲᠠᠰ ᠵᠢᠴᠢ 3A ᠲᠠᠰ ᠡᠴᠡ ᠳᠡᠭᠡᠭᠰᠢᠬᠢ ᠪᠠᠷᠠᠭᠠᠨ ᠤ᠋ ᠭᠦᠢᠯᠭᠡᠭᠡ ᠢ᠋ᠢᠨ ᠠᠵᠤ ᠠᠬᠤᠶ᠋ᠢᠯᠠᠯ ᠪᠠ ᠣᠳᠣᠨ ᠲᠠᠰ ᠤ᠋ᠨ ᠣᠯᠠᠨ ᠬᠡᠯᠪᠡᠷᠢ ᠢ᠋ᠢᠨ ᠬᠠᠮᠲᠤᠷᠠᠭᠰᠠᠨ ᠲᠡᠭᠡᠭᠡᠪᠦᠷᠢ ᠢ᠋ᠢᠨ ᠡᠵᠡᠡᠭᠨᠡᠭᠴᠢ ᠢ᠋ᠢ 3 — 5 ᠪᠣᠶ᠋ᠢᠵᠢᠭᠤᠯᠤᠨ᠎ᠠ ᠭᠡᠵᠤ ᠳᠤᠷᠠᠳᠴᠠᠢ᠃

《ᠲᠥᠰᠦᠯ》 ᠳ᠋ᠤ᠂ ᠬᠢᠯᠢ ᠢ᠋ᠢᠨ ᠳᠣᠲᠣᠨ᠎ᠠ ᠭᠠᠳᠠᠨᠠᠬᠢ ᠵᠠᠮ ᠬᠠᠷᠢᠯᠴᠠᠭ᠎ᠠ ᠪᠠᠷᠠᠭᠠᠨ ᠤ᠋ ᠭᠦᠢᠯᠭᠡᠭᠡ ᠢ᠋ᠢᠨ ᠦᠢᠯᠡᠴᠢᠯᠡᠭᠡᠨ ᠤ᠋ ᠲᠣᠣᠷ ᠢ᠋ ᠲᠡᠭᠦᠯᠳᠡᠷᠵᠢᠭᠦᠯᠵᠤ᠂ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠨᠢᠭᠡᠳᠦᠯᠲᠡᠶ ᠵᠠᠬ᠎ᠠ ᠳᠡᠯᠭᠡᠭᠦᠷ ᠤ᠋ᠨ ᠪᠠᠶ᠋ᠢᠭᠤᠯᠤᠯᠲᠠ ᠢ᠋ᠢ ᠲᠦᠷᠭᠡᠳᠬᠡᠨ᠂ ᠭᠤᠤᠯᠳᠠᠯᠭ᠎ᠠ ᠲᠠᠢ ᠨᠡᠪᠲᠡᠷᠡᠯ ᠵᠠᠮ ᠤ᠋ᠨ ᠬᠦᠢᠰᠤ ᠢ᠋ᠢᠨ ᠪᠠᠶ᠋ᠢᠷᠢᠰᠢᠭᠤᠯᠤᠯᠲᠠ ᠢ᠋ᠢ ᠰᠢᠯᠢᠳᠡᠭᠵᠢᠭᠦᠯᠵᠦ᠍᠂ ᠬᠢᠯᠢ ᠠᠯᠤᠰᠯᠠᠭᠰᠠᠨ ᠪᠠ ᠬᠢᠯᠢ ᠢ᠋ᠢᠨ ᠭᠠᠳᠠᠨᠠᠬᠢ ᠦᠢᠯᠡᠴᠢᠯᠡᠭᠡᠨ ᠤ᠋ ᠲᠤᠤᠷ ᠢ᠋ ᠥᠷᠭᠡᠳᠬᠡᠨ᠂ ᠵᠠᠮ ᠬᠠᠷᠢᠯᠴᠠᠭ᠎ᠠ ᠪᠠᠷᠠᠭᠠᠨ ᠤ᠋ ᠭᠦᠢᠯᠭᠡᠭᠡ ᠢ᠋ᠢᠨ ᠠᠵᠤ ᠠᠬᠤᠶ᠋ᠢᠯᠠᠯ ᠤ᠋ᠨ ᠬᠡᠪᠴᠢᠶᠡᠵᠢᠭᠰᠡᠨ ᠲᠤᠤᠷᠵᠢᠬᠰᠠᠨ ᠬᠦᠭᠵᠢᠯᠲᠡ ᠢ᠋ᠢ ᠠᠬᠢᠭᠤᠯᠤᠨ᠎ᠠ; ᠵᠠᠮ ᠬᠠᠷᠢᠯᠴᠠᠭ᠎ᠠ ᠪᠠᠷᠠᠭᠠᠨ ᠤ᠋ ᠭᠦᠢᠯᠭᠡᠭᠡ ᠢ᠋ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ᠋ ᠲᠦᠪᠰᠢᠨ ᠢ᠋ ᠳᠡᠭᠡᠭᠰᠢᠯᠡᠭᠦᠯᠵᠤ᠂ ᠣᠯᠠᠨ ᠬᠡᠯᠪᠡᠷᠢ ᠢ᠋ᠢᠨ ᠬᠠᠮᠲᠤᠷᠠᠬᠰᠠᠨ ᠲᠡᠭᠡᠭᠡᠪᠦᠷᠢ ᠢ᠋ᠢᠨ ᠬᠦᠭᠵᠢᠯᠲᠡ ᠢ᠋ᠢ ᠭᠦᠨᠵᠡᠭᠡᠶ᠋ᠢᠷᠡᠭᠦᠯᠤᠨ᠂ 《ᠨᠢᠭᠡ ᠬᠠᠭᠤᠳᠠᠰᠤ ᠢ᠋ᠢᠨ ᠳᠦᠷᠢᠮ᠂ ᠨᠢᠭᠡ ᠬᠠᠶ᠋ᠢᠷᠴᠠᠭ ᠤ᠋ᠨ ᠳᠦᠷᠢᠮ》 ᠤ᠋ᠨ ᠦᠢᠯᠡᠴᠢᠯᠡᠭᠡᠨ ᠤ᠋ ᠵᠠᠭᠪᠤᠷ ᠢ᠋ ᠪᠥᠬᠥ᠌ ᠲᠠᠯ᠎ᠠ ᠪᠡᠷ ᠳᠡᠯᠭᠡᠷᠡᠭᠦᠯᠵᠤ᠂ ᠪᠥᠬᠥ᠌ ᠬᠡᠯᠬᠢᠶ᠎ᠠ ᠢ᠋ᠢᠨ ᠡᠬᠢ ᠪᠠᠶᠠᠯᠢᠭ ᠢ᠋ ᠨᠡᠢᠳᠭᠡᠬᠦ ᠢ᠋ᠢ ᠴᠢᠩᠭᠠᠷᠠᠭᠤᠯᠤᠨ᠎ᠠ; ᠵᠠᠮ ᠬᠠᠷᠢᠯᠴᠠᠭ᠎ᠠ ᠪᠠᠷᠠᠭᠠᠨ ᠤ᠋ ᠭᠦᠢᠯᠭᠡᠭᠡ ᠪᠣᠯᠤᠨ ᠠᠵᠤ ᠦᠢᠯᠡᠰ ᠤ᠋ᠨ ᠠᠭᠤᠰᠤᠯᠴᠠᠨ ᠬᠥᠭᠵᠢᠬᠦ᠌ ᠢ᠋ᠢ ᠭᠦᠨᠵᠡᠭᠡᠶ᠋ᠢᠷᠡᠭᠦᠯᠵᠤ᠂ ᠵᠠᠮ ᠬᠠᠷᠢᠯᠴᠠᠭ᠎ᠠ ᠪᠠᠷᠠᠭᠠᠨ ᠤ᠋ ᠭᠦᠢᠯᠭᠡᠭᠡ ᠢ᠋ᠢᠨ ᠦᠢᠯᠡᠰ ᠬᠢᠭᠡᠳ ᠦᠢᠯᠡᠳᠬᠦ ᠦᠢᠯᠡᠰ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠤᠨ᠂ ᠰᠠᠭᠤᠷᠢ ᠲᠦᠬᠦᠭᠡᠷᠦᠮᠵᠢ ᠬᠢᠭᠡᠳ ᠪᠠᠷᠢᠮᠵᠢᠶ᠎ᠠ ᠲᠦᠷᠢᠮ ᠢ᠋ ᠬᠠᠮᠲᠤ ᠪᠠᠷ ᠪᠠᠶ᠋ᠢᠭᠤᠯᠵᠤ ᠬᠠᠮᠲᠤ ᠪᠠᠷ ᠡᠳ᠋ᠯᠡᠬᠦ ᠢ᠋ᠢ ᠠᠬᠢᠭᠤᠯᠤᠨ᠎ᠠ; ᠵᠠᠮ ᠬᠠᠷᠢᠯᠴᠠᠭ᠎ᠠ ᠪᠠᠷᠠᠭᠠᠨ ᠤ᠋ ᠭᠦᠢᠯᠭᠡᠭᠡ ᠢ᠋ᠢᠨ ᠲᠤᠭᠠᠴᠢᠯᠠᠯᠲᠠ ᠤᠶᠤᠨᠴᠢᠯᠠᠯᠲᠠ᠂ ᠪᠣᠬᠢᠷᠲᠤᠯ ᠦᠭᠡᠢ ᠲᠠᠢᠰᠢ ᠬᠡᠯᠪᠡᠷᠢ ᠪᠡᠨ ᠬᠤᠪᠢᠷᠠᠭᠤᠯᠬᠤ ᠢ᠋ᠢ ᠲᠦᠷᠭᠡᠳᠬᠡᠨ᠂ 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ ᠢ᠋ᠢ ᠬᠡᠷᠡᠭᠵᠢᠭᠦᠯᠵᠦ᠍᠂ᠰᠢᠨ᠎ᠡ ᠡᠨᠧᠷᠭᠢ ᠢ᠋ᠢᠨ ᠬᠦᠨᠳᠦ ᠬᠡᠯᠪᠡᠷᠢ ᠢ᠋ᠢᠨ ᠠᠴᠢᠶᠠᠨ ᠤ᠋ ᠮᠠᠰᠢᠨ᠂ AGV ᠬᠢᠯᠢ ᠠᠯᠤᠰᠯᠠᠭᠰᠠᠨ ᠲᠡᠭᠡᠭᠡᠪᠦᠷᠢ ᠵᠡᠷᠭᠡ ᠢ᠋ᠢᠨ ᠬᠡᠷᠡᠭᠯᠡᠯᠲᠡ ᠢ᠋ᠢ ᠠᠬᠢᠭᠤᠯᠤᠨ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠳᠤ ᠥᠨᠳᠥᠷ ᠪᠦᠲᠦᠮᠵᠢᠲᠡᠶ ᠪᠠᠷᠠᠭᠠᠨ ᠤ᠋ ᠭᠦᠢᠯᠭᠡᠭᠡ ᠢ᠋ᠢᠨ ᠦᠢᠯᠡᠴᠢᠯᠡᠭᠡᠨ ᠤ᠋ ᠰᠢᠰᠲ᠋ᠧᠮ ᠢ᠋ ᠪᠠᠶ᠋ᠢᠭᠤᠯᠤᠨ᠎ᠠ; ᠵᠠᠮ ᠬᠠᠷᠢᠯᠴᠠᠭ᠎ᠠ ᠪᠠᠷᠠᠭᠠᠨ ᠤ᠋ ᠭᠦᠢᠯᠭᠡᠭᠡ ᠢ᠋ᠢᠨ ᠠᠮᠤᠷ ᠲᠦᠪᠰᠢᠨ ᠤ᠋ ᠤᠶᠠᠨ ᠬᠠᠳᠠᠨ ᠴᠢᠨᠠᠷ ᠪᠣᠯᠤᠨ ᠪᠠᠴᠢᠮ ᠪᠠᠶ᠋ᠢᠳᠠᠯ ᠢ᠋ ᠠᠷᠭᠠᠴᠠᠭᠠᠬᠤ ᠪᠠᠲᠤᠯᠠᠭ᠎ᠠ ᠢ᠋ᠢᠨ ᠴᠢᠳᠠᠪᠤᠷᠢ ᠢ᠋ᠢ ᠴᠢᠩᠭᠠᠳᠬᠠᠵᠤ᠂ ᠲᠦᠭᠰᠢᠭᠦᠷᠢ ᠢ᠋ᠢ ᠬᠠᠮᠢᠶᠠᠷᠤᠨ ᠡᠵᠡᠮᠳᠡᠬᠦ᠌ ᠰᠢᠰᠲ᠋ᠧᠮ ᠢ᠋ ᠪᠠᠶ᠋ᠢᠭᠤᠯᠤᠨ᠂ ᠪᠠᠴᠢᠮ ᠪᠠᠶ᠋ᠢᠳᠠᠯ ᠢ᠋ ᠠᠷᠭᠠᠴᠠᠭᠠᠬᠤ ᠪᠡᠯᠡᠳᠬᠡᠯ ᠲᠥᠰᠦᠯ ᠬᠢᠭᠡᠳ ᠰᠣᠷᠢᠯᠲᠠ ᠢ᠋ᠢ ᠲᠡᠭᠦᠯᠳᠡᠷᠵᠢᠭᠦᠯᠦᠨ᠎ᠠ; ᠭᠤᠤᠯᠳᠠᠯᠭ᠎ᠠ ᠲᠠᠢ ᠬᠦᠷᠢᠶᠡᠨ ᠳ᠋ᠤ ᠤᠷᠢᠳ ᠢ᠋ᠢᠡᠷ ᠬᠡᠷᠡᠭᠵᠢᠭᠦᠯᠵᠦ᠍ ᠤᠷᠢᠳ ᠢ᠋ᠢᠡᠷ ᠲᠤᠷᠰᠢᠬᠤ ᠢ᠋ᠢ ᠳᠡᠮᠵᠢᠵᠤ᠂ ᠨᠥᠬᠥᠴᠡᠯ ᠳ᠋ᠤ ᠨᠡᠶ᠋ᠢᠴᠡᠬᠦ᠌ ᠳᠠᠭᠠᠭᠤᠯᠤᠭᠴᠢ ᠠᠵᠤ ᠠᠬᠤᠶ᠋ᠢᠯᠠᠯ ᠢ᠋ ᠵᠠᠮ ᠬᠠᠷᠢᠯᠴᠠᠭᠠᠨ ᠤ᠋ ᠬᠦᠴᠦᠷᠬᠡᠭ ᠤᠯᠤᠰ ᠤ᠋ᠨ ᠲᠤᠰᠬᠠᠶ ᠵᠦᠢᠯ ᠤ᠋ᠨ ᠲᠤᠷᠰᠢᠯᠲᠠ ᠳ᠋ᠤ ᠣᠷᠣᠭᠤᠯᠬᠤ ᠪᠡᠷ ᠴᠢᠷᠮᠠᠶ᠋ᠢᠵᠤ᠂ ᠪᠠᠷᠠᠭᠠᠨ ᠤ᠋ ᠭᠦᠢᠯᠭᠡᠭᠡ ᠢ᠋ᠢᠨ ᠳ᠋ᠠᠢᠲ᠋ᠠ ᠢ᠋ᠢᠨ ᠡᠬᠢ ᠪᠠᠶᠠᠯᠢᠭ ᠢ᠋ ᠨᠡᠭᠡᠭᠡᠯᠲᠡ ᠲᠠᠢ ᠪᠠᠶ᠋ᠢᠯᠭᠠᠨ᠂ ᠬᠠᠮᠲᠤ ᠪᠡᠷ ᠡᠳ᠋ᠯᠡᠬᠦ ᠢ᠋ᠢ ᠡᠮᠬᠢ ᠵᠢᠷᠤᠮ ᠲᠠᠢ ᠠᠬᠢᠭᠤᠯᠤᠨ᠎ᠠ; ᠡᠯᠧᠮᠧᠨ᠋ᠲ ᠤ᠋ᠨ ᠡᠬᠢ ᠪᠠᠶᠠᠯᠢᠭ ᠤ᠋ᠨ ᠪᠠᠲᠤᠯᠠᠭ᠎ᠠ ᠢ᠋ᠢ ᠴᠢᠩᠭᠠᠳᠬᠠᠵᠤ᠂ ᠪᠠᠷᠠᠭᠠᠨ ᠤ᠋ ᠭᠦᠢᠯᠭᠡᠭᠡ ᠢ᠋ᠢᠨ ᠬᠥᠮᠥᠷᠭᠡᠯᠡᠨ ᠬᠠᠳᠠᠭᠠᠯᠠᠬᠤ ᠳ᠋ᠤ ᠬᠡᠷᠡᠭᠯᠡᠬᠦ᠌ ᠭᠠᠵᠠᠷ ᠢ᠋ ᠭᠣᠣᠯᠳᠠᠯᠭ᠎ᠠ ᠲᠠᠢ ᠪᠠᠲᠤᠯᠠᠨ᠂ ᠲᠥᠪ ᠤ᠋ᠨ ᠲᠥᠰᠦᠪ ᠤ᠋ᠨ ᠳᠣᠲᠣᠷᠠᠬᠢ ᠪᠡᠯᠡ ᠣᠷᠣᠭᠤᠯᠤᠯᠲᠠ ᠪᠠ ᠲᠤᠰᠬᠠᠢ ᠵᠦᠢᠯ ᠤ᠋ᠨ ᠵᠢᠭᠡᠯᠡᠯᠭᠡ ᠢ᠋ᠢᠨ ᠲᠡᠮᠳᠡᠭᠲᠦ᠍ ᠵᠡᠷᠭᠡ ᠪᠡᠯᠡ ᠮᠥᠩᠭᠥ ᠢ᠋ᠢ ᠰᠠᠶ᠋ᠢᠲᠤᠷ ᠬᠡᠷᠡᠭᠯᠡᠨ᠎ᠡ ᠭᠡᠵᠤ ᠳᠤᠷᠠᠳᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面