ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-10-29 11:54:11

ᠵᠣᠬᠢᠶᠠᠭ᠍ᠴᠢ᠄ ​ ᠨᠠᠮᠤᠭ ᠣᠩᠱᠢᠭ᠍ᠰᠠᠨ ᠣᠳᠠᠭ᠎ᠠ᠄ 3

 ᠣᠢᠷ᠎ᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠪᠠᠢᠴᠠᠭᠠᠬᠤ ᠬᠣᠷᠢᠶ᠎ᠠ ᠬᠠᠮᠲᠤᠷᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ᠋ ᠤ᠋ᠨ ᠬᠦᠷᠢᠶᠡᠨ᠎ᠳᠡᠬᠢ ᠡᠷᠡᠭᠦᠦ ᠪᠠ ᠰᠢᠢᠳᠭᠡᠯ ᠬᠡᠷᠡᠭᠵᠢᠭᠦᠯᠬᠦ ᠶ᠋ᠢ ᠡᠰᠡᠷᠭᠦ ᠴᠢᠭᠯᠡᠯ ᠵᠢᠡᠷ ᠵᠣᠯᠭᠠᠭᠤᠯᠬᠤ ᠠᠵᠢᠯ ᠤ᠋ᠨ ᠵᠢᠯᠣᠭᠣᠳᠤᠮᠵᠢ》 (ᠳᠤᠤᠷ᠎ᠠ  《ᠵᠢᠯᠤᠭᠤᠳᠤᠮᠵᠢ》 ᠭᠡᠵᠤ ᠲᠤᠪᠴᠢᠯᠠᠨ᠎ᠠ) ᠶ᠋ᠢ ᠳᠠᠷᠤᠮᠠᠯᠯᠠᠨ ᠲᠠᠷᠬᠠᠭᠠᠵᠤ᠂ 5 ᠲᠠᠯ᠎ᠠ ᠶ᠋ᠢᠨ 15 ᠵᠤᠷᠪᠤᠰ ᠪᠣᠳᠠᠲᠠᠢ ᠬᠡᠷᠡᠭᠵᠢᠭᠦᠯᠬᠦ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠣᠶ ᠰᠢᠭᠤᠢ ᠪᠠ ᠨᠤᠲᠤᠭ ᠪᠡᠯᠴᠢᠭᠡᠷ ᠲᠤ᠌ ᠬᠣᠯᠪᠣᠭᠳᠠᠭᠰᠠᠨ ᠬᠡᠷᠡᠭ᠎ᠢ ᠥᠯᠥ ᠵᠠᠭᠠᠯᠳᠤᠭᠰᠠᠨ ᠤ᠋ ᠳᠠᠷᠠᠭᠠᠬᠢ ᠵᠠᠰᠠᠭ ᠵᠠᠬᠢᠷᠭᠠᠨ ᠤ᠋ ᠰᠢᠢᠳᠭᠡᠯ ᠲᠣᠷᠭᠠᠭᠤᠯᠢ ᠶ᠋ᠢᠨ ᠭᠣᠭᠴᠣᠭᠠᠨ ᠤ᠋ ᠵᠠᠰᠠᠯᠲᠠ ᠶ᠋ᠢᠨ ᠬᠣᠭᠣᠰᠤᠨ᠎ᠢ ᠨᠥᠬᠥᠪᠦᠷᠢᠯᠡᠵᠦ᠂ ᠪᠥᠬᠥ ᠣᠷᠣᠨ ᠤ᠋ ᠰᠢᠢᠳᠪᠦᠷᠢᠯᠡᠵᠦ ᠭᠦᠢᠴᠡᠳᠬᠡᠬᠦ ᠶ᠋ᠢ ᠵᠢᠷᠤᠮᠵᠢᠭᠤᠯᠬᠤ ᠬᠠᠮᠢᠶ᠎ᠠ ᠪᠦᠬᠦᠢ ᠵᠣᠯᠭᠠᠭᠤᠯᠬᠤ ᠠᠵᠢᠯ ᠳ᠋ᠤ ᠨᠢᠭᠡᠳᠦᠯᠲᠡᠢ ᠠᠵᠢᠯᠯᠠᠭᠠᠨ ᠤ᠋ ᠪᠠᠷᠢᠮᠵᠢᠶ᠎ᠠ ᠬᠠᠩᠭᠠᠪᠠ᠃

ᠲᠣᠰ ᠤᠳᠠᠭ᠎ᠠ ᠨᠡᠢᠲᠡᠯᠡᠭᠰᠡᠨ ᠡᠷᠡᠭᠦᠦ ᠪᠠ ᠰᠢᠢᠳᠭᠡᠯ ᠬᠡᠷᠡᠭᠵᠢᠭᠦᠯᠬᠦ ᠶ᠋ᠢ ᠡᠰᠡᠷᠭᠦ ᠴᠢᠭᠯᠡᠯ ᠵᠢᠡᠷ ᠵᠣᠯᠭᠠᠭᠤᠯᠬᠤ ᠲᠣᠭᠲᠠᠴᠠ ᠨᠢ ᠭᠣᠣᠯᠳᠠᠭᠤ ᠪᠠᠢᠴᠠᠭᠠᠬᠤ ᠪᠠᠢᠭᠤᠯᠤᠯᠭ᠎ᠠ ᠳ᠋ᠤ ᠥᠯᠥ ᠵᠠᠭᠠᠯᠳᠤᠬᠤ ᠪᠡᠷ ᠲᠣᠭᠲᠠᠭᠰᠠᠨ ᠣᠶ ᠰᠢᠭᠤᠢ ᠪᠠ ᠨᠤᠲᠤᠭ ᠪᠡᠯᠴᠢᠭᠡᠷ ᠤ᠋ᠨ ᠬᠡᠷᠡᠭ᠎ᠢ ᠬᠢᠨᠠᠨ ᠪᠠᠢᠴᠠᠭᠠᠵᠤ ᠥᠯᠥ ᠵᠠᠭᠠᠯᠳᠤᠭᠳᠠᠭ᠍ᠴᠢ ᠣᠶ ᠰᠢᠭᠤᠢ ᠪᠠ ᠨᠤᠲᠤᠭ ᠪᠡᠯᠴᠢᠭᠡᠷ ᠤ᠋ᠨ ᠬᠠᠮᠢᠶᠠᠷᠤᠯᠲᠠ ᠶ᠋ᠢᠨ ᠲᠣᠭᠲᠠᠭᠠᠯ᠎ᠢ ᠵᠥᠷᠢᠴᠡᠭᠰᠡᠨ᠎ᠢ ᠮᠠᠭᠠᠳᠯᠠᠨ ᠲᠣᠭᠲᠠᠭᠠᠬᠤ ᠪᠡᠷ ᠳᠡᠮᠵᠢᠨ ᠵᠠᠰᠠᠭ ᠵᠠᠬᠢᠷᠭᠠᠨ ᠤ᠋ ᠰᠢᠢᠳᠭᠡᠯ ᠥᠭᠬᠦ ᠴᠢᠬᠤᠯᠠᠲᠠᠢ ᠪᠤᠯ᠂ ᠬᠠᠤᠯᠢ ᠶᠣᠰᠣᠭᠠᠷ ᠪᠠᠢᠴᠠᠭᠠᠬᠤ ᠰᠠᠨᠠᠯ ᠳᠤᠷᠠᠳᠬᠤ ᠶ᠋ᠢᠨ ᠬᠠᠮᠲᠤ ᠣᠶ ᠰᠢᠭᠤᠢ ᠪᠠ ᠨᠤᠲᠤᠭ ᠪᠡᠯᠴᠢᠭᠡᠷ ᠤ᠋ᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠲᠤ᠌ ᠰᠢᠯᠵᠢᠭᠦᠯᠦᠨ ᠰᠢᠢᠳᠪᠦᠷᠢᠯᠡᠭᠦᠯᠬᠦ ᠶ᠋ᠢᠨ ᠬᠠᠮᠲᠤ᠂ ᠲᠠᠷᠠᠭᠠᠴᠢ ᠶ᠋ᠢᠨ ᠬᠡᠷᠡᠭ᠎ᠢ ᠰᠢᠢᠳᠪᠦᠷᠢᠯᠡᠭᠰᠡᠨ ᠪᠠᠢᠳᠠᠯ᠎ᠢ ᠪᠥᠬᠥ ᠶᠠᠪᠤᠴᠠ ᠳ᠋ᠤ ᠮᠥᠷᠳᠡᠨ ᠱᠠᠯᠠᠪᠳᠠᠭᠤᠯᠵᠤ᠂ ᠥᠩᠭᠡᠷᠡᠭᠰᠡᠨ᠎ᠦ《ᠥᠯᠥ ᠵᠠᠭᠠᠯᠳᠤᠭᠰᠠᠨ ᠤ᠋ ᠳᠠᠷᠠᠭᠠᠬᠢ ᠰᠢᠢᠳᠭᠡᠯ ᠲᠣᠷᠭᠠᠭᠤᠯᠢ ᠳᠤᠲᠠᠭᠳᠠᠭᠰᠠᠨ》 ᠵᠠᠰᠠᠯᠲᠠ ᠶ᠋ᠢᠨ ᠬᠡᠮ ᠰᠣᠭᠣᠭ᠎ᠢ ᠠᠷᠢᠯᠭᠠᠨ᠎ᠠ᠃

《ᠵᠢᠯᠣᠭᠣᠳᠤᠮᠵᠢ》 ᠳ᠋ᠤ ᠣᠶ ᠰᠢᠭᠤᠢ ᠪᠠ ᠨᠤᠲᠤᠭ ᠪᠡᠯᠴᠢᠭᠡᠷ ᠲᠤ᠌ ᠬᠣᠯᠪᠣᠭᠳᠠᠭᠰᠠᠨ ᠬᠡᠷᠡᠭ ᠲᠤ᠌ ᠬᠠᠤᠯᠢ ᠴᠠᠭᠠᠵᠠ ᠶ᠋ᠢ ᠬᠡᠷᠡᠭᠯᠡᠬᠦ ᠲᠠᠯ᠎ᠠ ᠪᠡᠷ ᠵᠥᠷᠢᠶ᠎ᠡ᠎ᠲᠠᠢ ᠪᠠᠢᠬᠤ ᠠᠰᠠᠭᠤᠳᠠᠯ ᠳ᠋ᠤ ᠴᠢᠭᠯᠡᠭᠦᠯᠦᠨ᠂ ᠥᠪᠥᠷ ᠮᠣᠩᠭᠣᠯ ᠤ᠋ᠨ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠤᠰᠬᠠᠢ ᠬᠠᠤᠯᠢ ᠬᠢᠭᠡᠳ 《 ᠵᠠᠰᠠᠭ ᠵᠠᠬᠢᠷᠭᠠᠨ ᠤ᠋ ᠰᠢᠢᠳᠭᠡᠯ ᠲᠣᠷᠭᠠᠭᠤᠯᠢ ᠶ᠋ᠢᠨ ᠬᠠᠤᠯᠢ 》 ᠵᠢᠨ ᠭᠡᠷᠡᠭᠵᠢᠭᠦᠯᠬᠦ ᠵᠠᠭᠠᠭ᠎ᠢ ᠲᠣᠳᠣᠷᠬᠠᠢ ᠲᠣᠭᠲᠠᠭᠠᠵᠤ᠂ ᠪᠡᠶᠡᠴᠢ ᠲᠠᠯ᠎ᠠ ᠶ᠋ᠢᠨ ᠠᠯᠳᠠᠭ᠎ᠠ ᠪᠤᠷᠤᠭᠤ᠂ ᠠᠮᠢ ᠠᠬᠤᠢ ᠶ᠋ᠢᠨ ᠬᠣᠬᠢᠷᠠᠯ᠂ ᠵᠠᠰᠠᠨ ᠰᠡᠷᠭᠦᠭᠡᠭᠰᠡᠨ ᠦᠷ᠎ᠡ ᠪᠦᠲᠦᠮᠵᠢ ᠵᠡᠷᠭᠡ ᠦᠶ᠋ᠯᠡ ᠪᠠᠢᠳᠠᠯ᠎ᠲᠠᠢ ᠤᠶᠠᠯᠳᠤᠭᠤᠯᠤᠨ ᠨᠠᠷᠢᠯᠢᠭ ᠤᠨᠤᠪᠴᠢᠲᠠᠢ ᠪᠡᠷ ᠲᠠᠰᠤᠯᠤᠯᠲᠠ ᠬᠢᠵᠦ ᠰᠢᠢᠳᠭᠡᠨ ᠲᠣᠷᠭᠠᠵᠤ᠂ ᠣᠰᠣᠯ ᠪᠤᠷᠤᠭᠤ ᠭᠠᠷᠭᠠᠬᠤ᠎ᠠᠴᠠ ᠵᠠᠢᠯᠠᠰᠬᠢᠬᠦ ᠬᠡᠷᠡᠭᠲᠡᠢ ᠭᠡᠵᠦ ᠱᠠᠭᠠᠷᠳᠠᠪᠠ᠃ ᠡᠭᠦᠨ᠎ᠦ ᠬᠠᠮᠲᠤ᠂ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠪᠤᠯᠤᠨ ᠪᠠᠢᠴᠠᠭᠠᠬᠤ ᠬᠤᠷᠢᠶ᠎ᠠ ᠬᠣᠶᠠᠷ ᠲᠠᠯ᠎ᠠ ᠶ᠋ᠢᠨ ᠬᠠᠤᠯᠢ ᠶᠣᠰᠣᠭᠠᠷ ᠴᠤᠭᠯᠠᠭᠤᠯᠤᠭᠰᠠᠨ ᠭᠡᠷᠡᠴᠢ ᠪᠠᠷᠢᠮᠲᠠ ᠶ᠋ᠢ ᠲᠣᠭᠲᠠᠭᠠᠯ ᠶᠣᠰᠣᠭᠠᠷ ᠬᠠᠷᠢᠯᠴᠠᠨ ᠮᠡᠳᠡᠷᠡᠵᠦ ᠤᠯᠠᠷᠢᠭᠤᠯᠤᠨ ᠬᠤᠪᠢᠷᠠᠭᠤᠯᠵᠤ᠂ ᠪᠢᠴᠢᠭ ᠬᠠᠷ᠎ᠠ ᠶ᠋ᠢ ᠰᠢᠯᠵᠢᠭᠦᠯᠦᠨ ᠬᠦᠷᠭᠡᠬᠦ᠂ ᠴᠠᠭ ᠬᠢᠵᠠᠭᠠᠷᠯᠠᠨ ᠬᠠᠷᠢᠭᠤ ᠲᠤᠰᠬᠠᠬᠤ᠂ ᠪᠥᠬᠥ ᠶᠠᠪᠤᠴᠠ ᠳ᠋ᠤ ᠬᠢᠨᠠᠯᠲᠠ ᠲᠠᠯᠪᠢᠬᠤ ᠲᠣᠭᠲᠠᠴᠠ ᠶ᠋ᠢ ᠨᠠᠷᠢᠯᠢᠭ᠍ᠵᠢᠭᠤᠯᠵᠤ᠂ ᠭᠡᠷᠡᠴᠢ ᠠᠪᠬᠤ ᠥᠪᠡᠷ ᠤ᠋ᠨ ᠥᠷᠲᠡᠭ᠎ᠢ ᠪᠠᠭᠤᠷᠠᠭᠤᠯᠤᠨ᠂ ᠪᠠᠢᠴᠠᠭᠠᠬᠤ ᠰᠠᠨᠠᠯ᠎ᠢ ᠪᠣᠳᠠᠲᠠᠢᠵᠢᠭᠤᠯᠬᠤ ᠶ᠋ᠢ ᠪᠠᠲᠤᠯᠠᠵᠤ᠂ ᠣᠶ ᠰᠢᠭᠤᠢ ᠪᠠ ᠨᠤᠲᠤᠭ ᠪᠡᠯᠴᠢᠭᠡᠷ᠎ᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ ᠭᠡᠵᠦ ᠲᠣᠭᠲᠠᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面