ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-10-29 11:27:32

ᠵᠣᠬᠢᠶᠠᠭ᠍ᠴᠢ᠄ ​ᠳᠡᠯᠭᠡᠷᠬᠦᠦ ᠣᠩᠱᠢᠭ᠍ᠰᠠᠨ ᠣᠳᠠᠭ᠎ᠠ᠄ 3

 ᠤᠢᠷ᠎ᠠ ᠶ᠋ᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ  ᠵᠠᠩᠭᠢᠵᠢᠯᠳᠡ ᠶ᠋ᠢᠨ  ᠲᠢᠩᠬᠢᠮ   ᠪᠤᠰᠤᠳ ᠮᠤᠵᠢ ᠶ᠋ᠢᠨ ᠲᠤᠷᠰᠢᠯᠭ᠎ᠠ ᠶ᠋ᠢ ᠬᠦᠢᠴᠡᠳ ᠪᠠᠶ᠋ᠢᠴᠠᠭᠠᠨ ᠰᠤᠳᠤᠯᠤᠭᠰᠠᠨ ᠪᠠ ᠰᠤᠷᠤᠯᠴᠠᠨ ᠲᠣᠯᠢ ᠪᠣᠯᠭᠠᠭᠰᠠᠨ ᠰᠠᠭᠤᠷᠢᠨ ᠳᠡᠭᠡᠷ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠮᠡᠷᠭᠡᠵᠢᠯ ᠎ᠦᠨ  ᠲᠣᠨᠣᠬᠯᠠᠯ᠎ᠤᠨ ᠠᠩᠬᠠᠳᠠᠭᠴᠢ (ᠢᠵᠢ) ᠵᠠᠩᠭᠢᠯᠠᠭ᠎ᠠ ᠶ᠋ᠢᠨ ᠰᠡᠯᠪᠢᠭ ᠲᠣᠨᠣᠭ ᠵᠢᠴᠢ ᠰᠢᠨ᠎ᠡ ᠮᠠᠲ᠋ᠧᠷᠢᠶᠠᠯ᠎ᠤᠨ ᠲᠦᠷᠦᠬᠦᠦ ᠪᠦᠯᠦᠭ᠎ᠦᠨ ᠦᠢᠯᠡᠳᠬᠦᠨ᠎ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶ᠋ᠢᠨ ᠠᠷᠭ᠎ᠠ》 ᠳ᠋ᠤ ᠰᠢᠰᠲ᠋ᠧᠮᠲᠦ᠍ ᠴᠢᠨᠠᠷᠲᠠᠶ ᠵᠠᠰᠠᠪᠤᠷᠢ ᠣᠷᠣᠭᠤᠯᠵᠤ ᠵᠢᠩᠬᠢᠨᠢ᠎ᠪᠡᠷ ᠳᠠᠷᠤᠮᠠᠯᠯᠠᠨ ᠲᠠᠷᠬᠠᠭᠠᠵᠠᠢ ᠃

ᠲᠣᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ ᠮᠡᠷᠭᠡᠵᠢᠯ᠎ᠦᠨ ᠲᠣᠨᠣᠭᠯᠠᠯ᠎ᠤᠨ ᠠᠩᠬᠠᠳᠠᠭᠴᠢ(ᠢᠵᠢ) ᠵᠠᠩᠭᠢᠯᠠᠭ᠎ᠠ ᠶ᠋ᠢᠨ ᠰᠡᠯᠪᠢᠭ ᠲᠣᠨᠣᠭ ᠵᠢᠴᠢ ᠰᠢᠨ᠎ᠡ ᠮᠠᠲ᠋ᠧᠷᠢᠶᠠᠯ᠎ᠤᠨ ᠲᠦᠷᠦᠬᠦᠦ ᠪᠦᠯᠦᠭ᠎ᠦᠨ ᠦᠢᠯᠡᠳᠬᠦᠨ᠎ᠢ ᠮᠠᠭᠠᠳᠯᠠᠨ ᠲᠣᠭᠲᠠᠭᠠᠬᠤ ᠬᠡᠪᠴᠢᠶ᠎ᠡ ᠶ᠋ᠢ ᠥᠷᠭᠡᠳᠬᠡᠵᠦ᠂ ᠮᠠᠭᠠᠳᠯᠠᠨ ᠲᠣᠭᠲᠠᠭᠠᠬᠤ ᠦᠶᠡᠯᠡᠯ᠎ᠢ ᠰᠢᠯᠢᠳᠡᠭᠵᠢᠭᠦᠯᠵᠠᠢ᠃ ᠡᠬᠦᠨ᠎ᠤ ᠬᠠᠮᠲᠤ᠌᠂ ᠲᠥᠷᠥ ᠶ᠋ᠢᠨ ᠪᠣᠳᠣᠯᠭ᠎ᠠ ᠶ᠋ᠢᠨ ᠬᠠᠮᠵᠢᠯᠴᠠᠭ᠎ᠠ ᠶ᠋ᠢ ᠴᠢᠩᠭᠠᠳᠬᠠᠵᠦ ᠂ ᠣᠶ᠋ᠢᠷ᠎ᠠ ᠶ᠋ᠢᠨ ᠬᠣᠶᠠᠷ ᠵᠢᠯ᠎ᠦᠨ ᠳᠣᠲᠣᠷ᠎ᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶ᠋ᠢᠨ ᠶᠠᠮᠤᠨ᠎ᠤ ᠠᠩᠬᠠᠳᠠᠭᠴᠢ (ᠢᠵᠢ) ᠴᠢᠬᠤᠯᠠ ᠶᠡᠬᠡ ᠮᠡᠷᠭᠡᠵᠢᠯ᠎ᠦᠨ ᠲᠣᠨᠣᠭᠯᠠᠯ᠂ ᠲᠦᠷᠦᠭᠦᠦ ᠪᠦᠯᠦᠭ᠎ᠦᠨ ᠵᠠᠩᠭᠢᠯᠠᠭ᠎ᠠ ᠶ᠋ᠢᠨ ᠰᠡᠯᠪᠢᠭ ᠲᠣᠨᠣᠭ ᠵᠢᠴᠢ ᠰᠢᠨ᠎ᠡ ᠮᠠᠲ᠋ᠧᠷᠢᠶᠠᠯ᠎ᠤᠨ ᠳᠠᠭᠠᠳᠬᠠᠯ᠎ᠤᠨ ᠨᠥᠬᠥᠪᠥᠷᠢ ᠶ᠋ᠢᠨ ᠬᠢᠷᠢ ᠬᠡᠮ᠎ᠢ ᠤᠯᠤᠬᠰᠠᠨ ᠠᠵᠤ ᠠᠬᠤᠶ᠋ᠢᠯᠠᠯ᠎ᠤᠨ ᠦᠢᠯᠡᠳᠬᠦᠨ᠎ᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠩᠬᠠᠳᠠᠭᠴᠢ (ᠢᠵᠢ) ᠮᠡᠷᠭᠡᠵᠢᠯ᠎ᠦᠨ ᠲᠣᠨᠣᠬᠯᠠᠯ᠂ ᠲᠦᠷᠦᠭᠦᠦ ᠪᠦᠯᠦᠭ᠎ᠦᠨ ᠵᠠᠩᠭᠢᠯᠠᠭ᠎ᠠ ᠶ᠋ᠢᠨ ᠰᠡᠯᠪᠢᠭ ᠲᠣᠨᠣᠭ ᠵᠢᠴᠢ ᠰᠢᠨ᠎ᠡ ᠮᠠᠲ᠋ᠧᠷᠢᠶᠠᠯ᠎ᠢᠶᠡᠷ ᠰᠢᠭᠤᠳ ᠭᠤᠶᠤᠴᠢᠯᠠᠨ ᠮᠡᠳᠡᠭᠦᠯᠬᠦ᠌ ᠶ᠋ᠢᠨ ᠬᠠᠮᠲᠤ᠌ ᠮᠠᠭᠠᠳᠯᠠᠨ ᠲᠣᠭᠲᠠᠭᠠᠵᠤ ᠪᠣᠯᠤᠨ᠎ᠠ ᠬᠡᠵᠦ ᠲᠤᠬᠳᠠᠭᠠᠨ᠂ ᠲᠥᠷᠥ ᠶ᠋ᠢᠨ ᠪᠣᠳᠣᠯᠭ᠎ᠠ ᠶ᠋ᠢᠨ ᠰᠢᠨᠵᠢᠯᠡᠬᠦ᠌ ᠤᠬᠠᠭᠠᠨᠴᠢ ᠴᠢᠨᠠᠷ᠂ ᠬᠡᠷᠡᠭᠵᠢᠬᠦᠯᠵᠦ ᠪᠤᠯᠬᠤᠢᠴᠡ ᠴᠢᠨᠠᠷ᠎ᠢ ᠪᠦᠲᠦᠮᠵᠢᠲᠡᠶ ᠴᠢᠩᠭᠠᠳᠬᠠᠵᠠᠢ᠃ ᠡᠨᠡ ᠨᠢ ᠠᠵᠤ ᠠᠬᠤᠶ᠋ᠢᠯᠠᠯ᠎ᠤᠨ ᠪᠡᠶ᠎ᠡ  ᠪᠡᠨ  ᠳᠠᠭᠠᠭᠠᠵᠤ  ᠰᠢᠨ᠎ᠡ  ᠶ᠋ᠢ  ᠡᠭᠦᠳᠬᠦ᠌  ᠬᠥᠳᠡᠯᠭᠡᠬᠦ᠌  ᠬᠦᠴᠦᠨ᠎ᠢ  ᠤᠯᠠᠮ  ᠨᠢᠭᠡ  ᠠᠯᠬᠤᠮ ᠬᠥᠭᠵᠢᠭᠡᠵᠦ᠂ ᠮᠡᠷᠭᠡᠵᠢᠯ᠎ᠤᠨ ᠲᠣᠨᠣᠭᠯᠠᠯ᠎ᠢ ᠤᠯᠤᠰ᠎ᠲᠠᠭᠠᠨ ᠦᠢᠯᠡᠳᠪᠦᠷᠢᠯᠡᠬᠦ᠌ ᠵᠢᠱ᠌ᠢᠶ᠎ᠡ ᠦᠵᠡᠭᠦᠯᠬᠦ᠌ ᠬᠡᠷᠡᠭᠯᠡᠭᠡᠨ᠎ᠢ  ᠠᠬᠢᠭᠤᠯᠤᠨ᠂ ᠠᠵᠤ ᠦᠢᠯᠡᠰ᠎ᠦᠨ ᠬᠡᠯᠬᠢᠶ᠎ᠡ ᠶ᠋ᠢᠨ  ᠳᠤᠲᠠᠭᠤᠳᠠᠯ ᠎ᠢ ᠨᠥᠬᠥᠪᠥᠷᠢᠯᠡᠨ᠂ ᠠᠵᠤ ᠦᠢᠯᠡᠰ᠎ᠦᠨ ᠬᠡᠯᠬᠢᠶ᠎ᠡ᠂ ᠬᠠᠩᠭᠠᠯᠭ᠎ᠠ  ᠶ᠋ᠢᠨ  ᠬᠡᠯᠬᠢᠶ᠎ᠡ ᠶ᠋ᠢᠨ ᠤᠶᠠᠨ ᠬᠠᠳᠠᠨ ᠴᠢᠨᠠᠷ᠎ᠢ ᠳᠡᠭᠡᠭᠰᠢᠯᠡᠭᠦᠯᠦᠨ᠂ ᠰᠢᠨ᠎ᠡ  ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠦᠨ᠂ ᠦᠢᠯᠡᠳᠬᠦ ᠦᠢᠯᠡᠰ᠎ᠦᠨ ᠬᠦᠴᠦᠷᠬᠡᠭ ᠤᠯᠤᠰ ᠪᠠ ᠰᠢᠨ᠎ᠡ ᠬᠡᠯᠪᠡᠷᠢ ᠶ᠋ᠢᠨ ᠠᠵᠤ ᠦᠢᠯᠡᠳᠪᠦᠷᠢᠵᠢᠯᠲᠡ ᠶ᠋ᠢᠨ ᠪᠥᠲᠥᠭᠡᠨ ᠪᠠᠶ᠋ᠢᠭᠤᠯᠤᠯᠲᠠ ᠶ᠋ᠢ  ᠲᠤᠯᠭᠠᠭᠤᠷᠢᠯᠠᠬᠤ  ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面