ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-10-30 11:51:43

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

(2026 ᠣᠨ᠎ᠤ 10 ᠰᠠᠷ᠎ᠠ᠎ᠶᠢᠨ 29 ᠎ᠤ᠋ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠭᠤᠴᠢᠨ ᠨᠢᠭᠡᠳᠦᠭᠡᠷ ᠬᠤᠷᠠᠯ᠎ᠡᠴᠡ ᠪᠠᠲᠤᠯᠠᠪᠠ)


ᠠᠵᠢᠯ᠎ᠤᠨ ᠪᠠᠢᠷᠢ᠎ᠶᠢᠨ ᠲᠣᠬᠢᠷᠠᠭᠤᠯᠤᠯᠲᠠ᠎ᠡᠴᠡ ᠪᠣᠯᠵᠤ᠂ ᠯᠢᠦ ᠱᠤᠸᠠᠩ ᠨᠥᠬᠥᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭᠴᠢ᠎ᠶᠢᠨ ᠲᠤᠰᠢᠶᠠᠯ᠎ᠡᠴᠡ᠎ᠪᠠᠨ ᠪᠠᠭᠤᠬᠤ᠎ᠪᠠᠷ ᠳᠤᠷᠠᠳᠪᠠ᠃ 

《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯᠣᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠤᠯᠳᠠ ᠵᠢᠨ ᠬᠠᠤᠯᠢ 》᠂《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠠᠢᠴᠠᠭᠠᠬᠤ ᠬᠠᠤᠯᠢ 》 ᠪᠣᠯᠣᠨ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠲᠤᠰᠢᠶᠠᠯ᠎ᠳᠤ ᠲᠣᠮᠢᠯᠠᠵᠤ ᠲᠤᠰᠢᠶᠠᠯ᠎ᠡᠴᠡ ᠨᠢ ᠪᠠᠭᠤᠯᠭᠠᠬᠤ ᠠᠵᠢᠯ᠎ᠤᠨ ᠠᠷᠭ᠎ᠠ》᠎ᠶ᠋ᠢᠨ ᠲᠣᠭᠲᠠᠭᠠᠯ᠎ᠢ ᠦᠨᠳᠦᠰᠦᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠭᠤᠴᠢᠨ ᠨᠢᠭᠡᠳᠦᠭᠡᠷ ᠬᠤᠷᠠᠯ᠎ᠡᠴᠡ᠄ ᠯᠢᠦ ᠱᠤᠸᠠᠩ ᠨᠥᠬᠥᠷ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭᠴᠢ᠎ᠶᠢᠨ ᠲᠤᠰᠢᠶᠠᠯ᠎ᠡᠴᠡ᠎ᠪᠠᠨ ᠪᠠᠭᠤᠬᠤ ᠭᠤᠶᠤᠴᠢᠯᠠᠯ᠎ᠢ ᠵᠦᠪᠰᠢᠶᠡᠷᠡᠬᠦ᠎ᠪᠠᠷ ᠲᠣᠭᠲᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠮᠡᠳᠡᠭᠦᠯᠵᠦ ᠳᠠᠩᠰᠠᠯᠠᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面