2026-11-03 10:08:26
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠵᠢᠨ ᠭᠦᠨᠵᠡᠭᠡᠢ ᠠᠭᠤᠰᠤᠯᠴᠠᠯ ᠢ᠋ ᠠᠬᠢᠭᠤᠯᠬᠤ᠎ᠶᠢᠨ ᠲᠦᠯᠦᠭᠡ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠢ ᠱᠠᠭᠠᠷᠳᠠᠯᠭ᠎ᠠ
ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠲᠦᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢᠨ᠎ᠡ᠎ᠶᠢ ᠡᠭᠦᠳᠬᠦ᠎ᠪᠡᠷ ᠬᠦᠳᠡᠯᠭᠡᠭᠦᠷ ᠪᠤᠯᠭᠠᠬᠤ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠶ᠋ᠢᠭᠤᠯᠬᠤ᠎ᠪᠠᠷ ᠬᠠᠷᠠᠯᠲᠠ ᠪᠣᠯᠭᠠᠵᠤ᠂ ᠠᠵᠤ ᠠᠬᠤᠢᠯᠠᠯ᠎ᠢᠶᠠᠷ ᠭᠣᠣᠯᠯᠠᠭᠤᠯᠬᠤ᠂ ᠡᠯ᠎ᠡ ᠭᠣᠣᠯ ᠴᠣᠭᠴᠠ ᠬᠠᠮᠵᠢᠯᠴᠠᠭᠰᠠᠨ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠢ᠋ ᠠᠭᠤᠰᠤᠯᠴᠠᠭᠤᠯᠤᠭᠰᠠᠨ ᠰᠢᠨ᠎ᠡ᠎ᠶᠢ ᠡᠭᠦᠳᠬᠦ ᠰᠢᠰᠲᠧᠮ ᠵᠢᠡᠷ ᠭᠣᠣᠯᠳᠠᠯᠭ᠎ᠠ ᠪᠣᠯᠭᠠᠵᠤ᠂ ᠪᠦᠬᠦ ᠬᠡᠯᠬᠢᠶ᠎ᠡ᠎ᠶᠢ ᠨᠡᠪᠲᠡᠷᠡᠭᠦᠯᠬᠦ᠂ ᠪᠦᠬᠦ ᠬᠦᠷᠢᠶ᠎ᠡ ᠴᠠᠷᠠᠭ᠎ᠠ ᠵᠢ ᠪᠦᠷᠬᠦᠭᠦᠯᠬᠦ᠂ ᠪᠦᠬᠦ ᠡᠯᠧᠮᠧᠨ᠋ᠲ᠎ᠢ ᠠᠭᠤᠰᠤᠯᠴᠠᠭᠤᠯᠤᠨ ᠨᠡᠪᠳᠡᠷᠡᠯᠴᠡᠬᠦᠯᠬᠦ᠂ ᠪᠦᠬᠦ ᠲᠠᠯ᠎ᠠ᠎ᠵᠢ ᠪᠠᠳᠤᠯᠠᠬᠤ ᠵᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠵᠢᠨ ᠬᠠᠷᠢᠯᠴᠠᠨ ᠠᠭᠤᠰᠤᠯᠴᠠᠵᠤ ᠬᠠᠮᠲᠤ᠎ᠪᠠᠷ ᠠᠬᠢᠭᠤᠯᠬᠤ ᠰᠢᠨ᠎ᠡ ᠪᠠᠢᠷᠢᠰᠢᠯ᠎ᠢ ᠪᠦᠷᠢᠯᠳᠦᠭᠦᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠦᠴᠦᠷᠭᠡᠭ ᠡᠴᠡ ᠠᠵᠤ ᠦᠢᠯᠡᠰ ᠬᠦᠴᠦᠷᠭᠡᠭ᠂ ᠠᠵᠤ ᠠᠬᠤᠢ ᠬᠦᠴᠦᠷᠬᠡᠭ᠂ ᠤᠯᠤᠰ ᠬᠡᠷ ᠬᠦᠴᠦᠷᠬᠡᠭ ᠪᠤᠯᠬᠤ ᠵᠠᠮ ᠢ᠋ ᠨᠡᠪᠳᠡᠷᠡᠭᠦᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ ᠢ᠋ ᠪᠠᠨ ᠬᠦᠴᠦᠷᠬᠡᠭᠵᠢᠭᠦᠯᠬᠦ᠎ᠶᠢ ᠲᠦᠷᠭᠡᠳᠬᠡᠬᠦ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠲᠤᠯᠭᠠᠭᠤᠷᠢᠯᠠᠯ ᠬᠠᠩᠭᠠᠬᠤ ᠬᠡᠷᠡᠭᠳᠡᠢ᠃
ᠠᠵᠢᠯ᠎ᠤᠨ ᠳᠤᠮᠳᠠ᠎ᠪᠠᠨ ᠪᠡᠶᠡᠯᠡᠭᠦᠯᠬᠦ ᠨᠢ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ᠎ᠶᠢᠨ ᠰᠢᠨ᠎ᠡ ᠬᠠᠨᠳᠤᠰᠢ ᠰᠢᠨ᠎ᠡ ᠣᠨᠴᠠᠯᠢᠭ᠋᠎ᠢ ᠣᠨᠣᠪᠴᠢᠲᠠᠢ ᠡᠵᠡᠮᠳᠡᠬᠦ᠎ᠶᠢ ᠪᠠᠷᠢᠮᠲᠠᠯᠠᠵᠤ᠂ ᠰᠢᠰᠲᠧᠮ᠎ᠲᠠᠢ ᠲᠥᠯᠥᠪᠵᠢᠭᠦᠯᠬᠦ ᠪᠠ ᠨᠢᠭᠡ ᠴᠣᠭᠴᠠᠵᠢᠭᠤᠯᠤᠨ ᠠᠬᠢᠭᠤᠯᠬᠤ᠎ᠶᠢ ᠴᠢᠩᠭᠠᠳᠬᠠᠬᠤ ᠬᠡᠷᠡᠭᠲᠡᠢ; ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠩᠭᠠᠯᠭ᠎ᠠ ᠪᠠ ᠬᠡᠷᠡᠭᠴᠡᠭᠡ ᠪᠡᠷ ᠳᠠᠭᠠᠭᠤᠯᠬᠤ ᠵᠢ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠵᠤ᠂ ᠠᠵᠤ ᠦᠢᠯᠡᠰ᠎ᠦᠨ ᠬᠡᠯᠬᠢᠶ᠎ᠡ᠎ᠶᠢᠨ ᠲᠣᠭᠣᠷᠢᠨ᠎ᠳᠤ ᠰᠢᠨ᠎ᠡ᠎ᠶᠢ ᠡᠭᠦᠳᠬᠦ ᠬᠡᠯᠬᠢᠶ᠎ᠡ᠎ᠶᠢ ᠪᠠᠢᠷᠢᠯᠠᠭᠤᠯᠵᠤ᠂ ᠰᠢᠨ᠎ᠡ᠎ᠶᠢ ᠡᠭᠦᠳᠬᠦ ᠬᠡᠯᠬᠢᠶ᠎ᠡ᠎ᠶᠢᠨ ᠲᠣᠭᠣᠷᠢᠨ᠎ᠳᠤ ᠠᠵᠤ ᠦᠢᠯᠡᠰ᠎ᠦᠨ ᠬᠡᠯᠬᠢᠶ᠎ᠡ᠎ᠶᠢ ᠪᠠᠢᠷᠢᠰᠢᠭᠤᠯᠬᠤ ᠬᠡᠷᠡᠭᠳᠠᠢ; ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠳᠬᠠᠬᠤ᠎ᠶᠢ ᠪᠠᠷᠢᠮᠲᠠᠯᠠᠵᠤ᠂ ᠰᠢᠨ᠎ᠡ᠎ᠶᠢ ᠡᠭᠦᠳᠬᠦ᠎ᠶᠢ ᠤᠷᠮᠠᠰᠢᠭᠤᠯᠬᠤ ᠵᠠᠬ᠎ᠠ ᠳᠡᠯᠭᠡᠭᠦᠷ᠎ᠦᠨ ᠲᠣᠭᠲᠠᠴᠠ᠎ᠶᠢ ᠲᠡᠭᠦᠯᠳᠡᠷᠵᠢᠭᠦᠯᠵᠦ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠎ᠶᠢ ᠠᠬᠢᠭᠤᠯᠬᠤ ᠬᠡᠷᠡᠭᠳᠠᠢ; ᠥᠭᠡᠷᠡᠴᠢᠯᠡᠯᠲᠡ᠎ᠪᠡᠷ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ ᠪᠣᠯᠣᠨ ᠠᠵᠤ ᠦᠢᠯᠡᠰ᠎ᠦᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠨ ᠬᠥᠭᠵᠢᠬᠦ᠎ᠶᠢ ᠬᠠᠷᠰᠢᠯᠠᠬᠤ ᠦᠵᠡᠯ ᠰᠠᠨᠠᠭ᠎ᠠ ᠦᠵᠡᠯᠳᠡ ᠪᠣᠯᠣᠨ ᠳᠦᠷᠢᠮ᠎ᠦᠨ ᠬᠠᠷᠰᠢ ᠰᠠᠭᠠᠳ᠎ᠢ ᠡᠷᠡᠰ ᠠᠷᠢᠯᠭᠠᠬᠤ ᠬᠡᠷᠡᠭᠳᠠᠢ᠃
ᠬᠣᠶᠠᠷ᠂ ᠰᠢᠨ᠎ᠡ᠎ᠶᠢ ᠡᠭᠦᠳᠬᠦ ᠬᠡᠯᠬᠢᠶ᠎ᠡ ᠠᠵᠤ ᠦᠢᠯᠡᠰ᠎ᠦᠨ ᠬᠡᠯᠬᠢᠶ᠎ᠡ᠎ᠶᠢ ᠵᠠᠪᠰᠠᠷ ᠦᠭᠡᠢ ᠵᠣᠯᠭᠠᠭᠤᠯᠬᠤ ᠵᠢ ᠠᠬᠢᠭᠤᠯᠤᠨ᠎ᠠ
(ᠨᠢᠭᠡ) ᠰᠢᠨ᠎ᠡ᠎ᠶᠢ ᠡᠭᠦᠳᠬᠦ ᠵᠢ ᠨᠢᠭᠡᠳᠦᠯᠲᠡᠢ ᠲᠥᠯᠥᠪᠵᠢᠭᠦᠯᠬᠦ ᠲᠣᠭᠲᠠᠴᠠ᠎ᠶᠢ ᠪᠦᠷᠢᠨᠰᠢᠭᠦᠯᠦᠨ᠎ᠡ᠃ ᠰᠢᠨ᠎ᠡ ᠮᠠᠶᠢᠭ᠋᠎ᠤᠨ ᠤᠯᠤᠰ ᠳᠠᠶᠠᠭᠠᠷ᠎ᠤᠨ ᠪᠠᠢᠭᠤᠯᠤᠯ᠎ᠤᠨ ᠳᠠᠪᠠᠭᠤᠯᠢᠭ᠋᠎ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠪᠠᠢᠯᠳᠤᠬᠤ ᠪᠣᠳᠣᠯᠭ᠎ᠠ᠎ᠶᠢᠨ ᠲᠥᠯᠦᠪᠵᠢᠭᠦᠯᠭᠡ᠂ ᠴᠢᠬᠤᠯᠠ ᠶᠡᠬᠡ ᠡᠭᠦᠷᠭᠡ᠂ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠶᠢ ᠴᠢᠩᠭᠠᠳᠬᠠᠨ᠎ᠠ᠃ 《ᠳᠡᠯᠡᠬᠡᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠣᠰᠢᠭᠤᠷᠠᠯ᠎ᠳᠤ ᠬᠠᠨᠳᠤᠭᠤᠯᠬᠤ᠂ ᠠᠵᠤ ᠠᠬᠤᠢ᠎ᠶᠢᠨ ᠭᠣᠣᠯ ᠲᠡᠶ᠋ᠢᠨ᠎ᠦ ᠲᠠᠯᠠᠪᠤᠷ᠎ᠲᠤ ᠬᠠᠨᠳᠤᠭᠤᠯᠬᠤ᠂ ᠤᠯᠤᠰ᠎ᠤᠨ ᠴᠢᠬᠤᠯᠠ ᠶᠡᠬᠡ ᠬᠡᠷᠡᠭᠴᠡᠭᠡ᠎ᠳᠤ ᠬᠠᠨᠳᠤᠭᠤᠯᠬᠤ᠂ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠎ᠳᠦ ᠬᠠᠨᠳᠤᠭᠤᠯᠬᠤ》 ᠱᠠᠭᠠᠷᠳᠠᠯᠭ᠎ᠠ ᠶᠣᠰᠣᠭᠠᠷ᠂ ᠭᠣᠣᠯᠳᠠᠯᠭ᠎ᠠ᠎ᠲᠠᠢ ᠬᠣᠰᠢᠭᠤᠷᠠᠯ ᠬᠦᠷᠢᠶ᠎ᠠ ᠴᠠᠷᠠᠭ᠎ᠠ᠎ᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ᠎ᠦᠨ ᠬᠥᠭᠵᠢᠯᠲᠡ᠎ᠶᠢᠨ ᠴᠢᠬᠤᠯᠠ ᠶᠡᠬᠡ ᠲᠥᠷᠥ᠎ᠶᠢᠨ ᠪᠣᠳᠣᠯᠭ᠎ᠠ᠂ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠥᠷᠥᠯ ᠵᠦᠢᠯ᠎ᠢ ᠨᠢᠭᠡᠳᠦᠯᠲᠡᠢ ᠲᠥᠯᠥᠪᠵᠢᠭᠦᠯᠦᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠵᠤ ᠦᠢᠯᠡᠰ᠂ ᠮᠥᠩᠭᠥᠨ ᠭᠦᠢᠯᠭᠡᠭᠡ᠂ ᠰᠤᠷᠭᠠᠨ ᠬᠥᠮᠦᠵᠢᠯ᠂ ᠴᠢᠳᠠᠪᠤᠷᠢᠲᠠᠨ ᠵᠡᠷᠭᠡ᠎ᠶᠢᠨ ᠲᠥᠷᠥ᠎ᠶᠢᠨ ᠪᠣᠳᠣᠯᠭ᠎ᠠ᠎ᠶᠢᠨ ᠬᠠᠮᠵᠢᠯᠴᠠᠭ᠎ᠠ᠎ᠶᠢ ᠴᠢᠩᠭᠠᠳᠬᠠᠨ᠎ᠠ᠃ ᠣᠷᠣᠨ ᠨᠤᠲᠤᠭ᠂ ᠠᠵᠢᠯ ᠲᠥᠷᠥᠯ᠎ᠳᠦ ᠬᠠᠨᠳᠤᠭᠤᠯᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠬᠢᠨᠠᠨ ᠬᠡᠮᠵᠢᠵᠤ ᠦᠨᠡᠯᠡᠬᠦ ᠵᠢ ᠥᠷᠨᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠠᠵᠤ ᠦᠢᠯᠡᠰ᠎ᠦᠨ ᠬᠥᠭᠵᠢᠯᠲᠡ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠲᠦᠪᠰᠢᠨ ᠢ᠋ ᠬᠥᠲᠥᠯᠥᠨ ᠳᠠᠭᠠᠭᠤᠯᠬᠤ᠎ᠪᠠᠷ ᠭᠣᠣᠯᠳᠠᠯᠭ᠎ᠠ᠎ᠲᠠᠢ ᠠᠭᠤᠯᠭ᠎ᠠ ᠪᠣᠯᠭᠠᠨ᠎ᠠ᠃
(ᠬᠣᠶᠠᠷ) ᠡᠭᠦᠷᠭᠡ᠎ᠵᠢ ᠵᠤᠬᠢᠶᠠᠨ ᠪᠠᠢᠭᠤᠯᠬᠤ ᠵᠠᠭᠪᠤᠷ᠎ᠢ ᠥᠭᠡᠷᠡᠴᠢᠯᠡᠨ᠎ᠡ᠃ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠥᠯᠥᠪᠯᠡᠭᠡ᠎ᠶᠢᠨ ᠲᠥᠷᠥᠯ ᠵᠦᠢᠯ᠎ᠦᠨ ᠠᠵᠤ ᠦᠢᠯᠡᠰ᠎ᠦᠨ ᠬᠡᠷᠡᠭᠯᠡᠭᠡᠨ᠎ᠦ ᠤᠳᠤᠷᠢᠳᠤᠮᠵᠢ᠎ᠶᠢ ᠴᠢᠩᠭᠠᠳᠬᠠᠵᠤ᠂ ᠠᠵᠤ ᠠᠬᠤᠢᠯᠠᠯ᠎ᠤᠨ ᠬᠡᠷᠡᠭᠴᠡᠭᠡ᠎ᠶᠢ ᠪᠠᠢᠩᠭᠤ ᠴᠤᠭᠯᠠᠭᠤᠯᠤᠨ᠂ ᠵᠦᠭᠯᠡᠭᠦᠷ᠎ᠢ ᠨᠠᠢᠷᠠᠭᠤᠯᠤᠨ ᠵᠣᠬᠢᠶᠠᠬᠤ᠂ ᠲᠥᠷᠥᠯ ᠵᠦᠢᠯ᠎ᠢᠶᠡᠷ ᠲᠤᠭᠳᠠᠭᠠᠬᠤ ᠵᠢ ᠬᠢᠨᠡᠨ ᠦᠨᠡᠯᠡᠬᠦ᠂ ᠲᠥᠷᠥᠯ ᠵᠦᠢᠯ᠎ᠢ ᠰᠢᠯᠭᠠᠨ ᠠᠪᠬᠤ ᠳᠤᠮᠳᠠ᠂ ᠠᠵᠤ ᠠᠬᠤᠢᠯᠠᠯ ᠪᠠ ᠦᠢᠯᠡᠰ ᠪᠤᠰᠬᠠᠬᠤ ᠪᠡᠯᠡ ᠣᠷᠣᠭᠤᠯᠤᠯᠲᠠ᠎ᠶᠢᠨ ᠪᠠᠢᠭᠤᠯᠤᠮᠵᠢ᠎ᠵᠢᠨ ᠲᠤᠰᠬᠠᠢ ᠮᠡᠷᠭᠡᠵᠢᠯᠲᠡᠨ᠎ᠦ ᠲᠣᠭ᠎ᠠ ᠬᠡᠮᠵᠢᠶ᠎ᠡ᠎ᠶᠢ ᠵᠦᠢ ᠵᠣᠬᠢᠰᠲᠠᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠠᠵᠤ ᠦᠢᠯᠡᠰ᠎ᠦᠨ ᠡᠲᠡᠭᠡᠳ᠂ ᠬᠡᠷᠡᠭᠯᠡᠭᠴᠢ ᠵᠡᠷᠭᠡ ᠣᠯᠠᠨ ᠲᠠᠯ᠎ᠠ ᠡᠴᠡ ᠣᠷᠣᠯᠴᠠᠬᠤ᠎ᠶᠢ ᠠᠬᠢᠭᠤᠯᠤᠨ᠎ᠠ᠃ ᠠᠵᠤ ᠠᠬᠤᠢᠯᠠᠯ᠎ᠤᠨ ᠲᠦᠷᠦᠭᠦᠯᠡᠨ ᠬᠢᠬᠦ ᠲᠥᠷᠥᠯ ᠵᠦᠢᠯ᠎ᠦᠨ ᠬᠠᠮᠢᠶᠠᠷᠤᠯᠲᠠ᠎ᠶᠢᠨ ᠲᠣᠭᠲᠠᠭᠠᠯ᠎ᠢ ᠪᠦᠷᠢᠨᠰᠢᠭᠦᠯᠵᠦ᠂ 《ᠲᠤᠩᠬᠠᠭ ᠨᠡᠢᠳᠡᠯᠡᠨ ᠮᠠᠩᠯᠠᠢᠯᠠᠭᠴᠢ ᠡᠯᠰᠡᠬᠦ》᠂ 《ᠥᠮᠴᠢᠲᠡᠨ᠎ᠦ ᠳᠦᠷᠢᠮ》 ᠵᠡᠷᠭᠡ ᠵᠣᠬᠢᠶᠠᠨ ᠪᠠᠢᠭᠤᠯᠤᠯᠲᠠ᠎ᠶᠢᠨ ᠠᠷᠭ᠎ᠠ ᠮᠠᠶᠢᠭ᠋ ᠪᠠ 《ᠬᠥᠰᠢᠶ᠎ᠡ ᠳᠡᠮᠳᠡᠭ》 ᠤ᠋ᠨ ᠬᠠᠮᠢᠶᠠᠷᠤᠯᠲᠠ᠂ ᠱᠠᠲᠤ ᠬᠤᠪᠢᠶᠠᠨ ᠵᠣᠭᠣᠰ ᠪᠠᠭᠤᠯᠭᠠᠬᠤ ᠵᠡᠷᠭᠡ ᠵᠣᠭᠣᠰ᠎ᠢᠶᠠᠷ ᠲᠤᠰᠠᠯᠠᠬᠤ ᠠᠷᠭ᠎ᠠ ᠮᠠᠶᠢᠭ᠋᠎ᠢ ᠲᠡᠭᠦᠯᠳᠡᠷᠵᠢᠭᠦᠯᠦᠨ᠎ᠡ᠃ 《ᠬᠡᠷᠡᠭᠯᠡᠭᠡᠨ᠎ᠦ ᠬᠢᠨᠠᠨ ᠰᠢᠯᠭᠠᠬᠤ ᠮᠡᠷᠭᠡᠵᠢᠯ᠂ ᠵᠠᠬ᠎ᠠ ᠳᠡᠯᠭᠡᠭᠦᠷ᠎ᠦᠨ ᠬᠢᠨᠠᠨ ᠰᠢᠯᠭᠠᠬᠤ ᠦᠢᠯᠡᠳᠬᠦᠨ》 ᠤ᠋ ᠲᠥᠷᠥᠯ ᠵᠦᠢᠯ᠎ᠦᠨ ᠰᠢᠯᠭᠠᠨ ᠠᠪᠬᠤ ᠲᠣᠭᠲᠠᠴᠠ᠎ᠶᠢ ᠪᠦᠷᠢᠨᠰᠢᠭᠦᠯᠵᠦ᠂ ᠰᠤᠳᠤᠯᠤᠨ ᠨᠡᠭᠡᠭᠡᠬᠦ ᠬᠠᠷᠠᠯᠲᠠ ᠪᠣᠯᠣᠨ ᠠᠵᠤ ᠦᠢᠯᠡᠰᠵᠢᠭᠦᠯᠬᠦ ᠬᠠᠷᠠᠯᠲᠠ᠎ᠶᠢ ᠨᠢᠭᠡ ᠴᠣᠭᠴᠠᠵᠢᠭᠤᠯᠤᠨ ᠬᠢᠨᠠᠨ ᠰᠢᠯᠭᠠᠬᠤ᠎ᠶᠢ ᠴᠢᠩᠭᠠᠳᠬᠠᠨ᠎ᠠ᠃ ᠤᠯᠤᠰ᠎ᠤᠨ ᠴᠢᠬᠤᠯᠠ ᠶᠡᠬᠡ ᠢᠨᠵᠧᠨᠧᠷᠢᠩ ᠪᠠ ᠠᠵᠤ ᠦᠢᠯᠡᠰ᠎ᠦᠨ ᠬᠥᠭᠵᠢᠯᠲᠡ᠎ᠶᠢᠨ ᠲᠤᠰᠬᠠᠢ ᠵᠦᠢᠯᠡᠰ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠡᠭᠦᠷᠭᠡ᠎ᠶᠢ ᠵᠡᠷᠭᠡ᠎ᠪᠡᠷ ᠪᠠᠢᠷᠢᠯᠠᠭᠤᠯᠬᠤ᠎ᠶᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠠᠷᠠᠯᠲᠠ᠎ᠶᠢ ᠲᠣᠳᠣᠷᠬᠠᠢᠯᠠᠨ᠂ ᠵᠣᠬᠢᠶᠠᠨ ᠪᠠᠢᠭᠤᠯᠵᠤ ᠬᠡᠷᠡᠭᠵᠢᠭᠦᠯᠬᠦ ᠲᠣᠭᠲᠠᠴᠠ᠎ᠶᠢ ᠪᠦᠷᠢᠨᠰᠢᠭᠦᠯᠦᠨ᠎ᠡ᠃
(ᠭᠤᠷᠪᠠ) ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠠᠷᠭ᠎ᠠ ᠵᠠᠮ᠎ᠢ ᠰᠢᠯᠤᠭᠤᠳᠬᠠᠨ᠎ᠠ᠃ ᠰᠤᠳᠤᠯᠭᠠᠨ ᠪᠡ ᠬᠡᠷᠡᠭᠯᠡᠭᠡᠨ᠎ᠢ ᠨᠢᠭᠡ ᠴᠣᠭᠴᠠᠵᠢᠭᠤᠯᠤᠭᠰᠠᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠲᠣᠭᠲᠠᠴᠠ᠎ᠶᠢ ᠪᠦᠷᠢᠨᠰᠢᠭᠦᠯᠵᠦ᠂ ᠠᠵᠤ ᠦᠢᠯᠡᠰ᠎ᠦᠨ ᠬᠡᠷᠡᠭᠯᠡᠭᠡᠨ᠎ᠦ ᠬᠠᠷᠠᠯᠲᠠ ᠨᠢ ᠲᠣᠳᠣᠷᠬᠠᠢ ᠪᠠᠢᠬᠤ ᠤᠯᠤᠰ᠎ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠥᠯᠥᠪᠯᠡᠭᠡ᠎ᠶᠢᠨ ᠲᠥᠷᠥᠯ ᠵᠦᠢᠯ᠎ᠢ ᠵᠠᠷᠴᠢᠮ ᠳᠡᠭᠡᠷ᠎ᠡ᠎ᠪᠡᠨ ᠠᠵᠤ ᠠᠬᠤᠢᠯᠠᠯ ᠲᠦᠷᠦᠭᠦᠯᠡᠨ ᠬᠡᠷᠡᠭᠵᠢᠭᠦᠯᠬᠦ᠎ᠶᠢᠨ ᠬᠠᠮᠲᠤ ᠦᠷ᠎ᠡ ᠪᠦᠲᠦᠭᠡᠯ᠎ᠢ ᠤᠯᠠᠷᠢᠭᠤᠯᠬᠤ ᠵᠢ ᠭᠤᠤᠯᠯᠠᠨ ᠤᠳᠤᠷᠢᠳᠤᠨ᠎ᠠ᠃ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ ᠤ᠋ ᠬᠦᠷᠢᠶᠡᠯᠡᠩ ᠭᠠᠵᠠᠷ᠎ᠤᠨ ᠮᠡᠷᠭᠡᠵᠢᠯ᠎ᠢ ᠰᠢᠯᠵᠢᠭᠦᠯᠬᠦ ᠪᠠᠢᠭᠤᠯᠤᠮᠵᠢ ᠪᠤᠶᠤ ᠠᠵᠢᠯ᠎ᠤᠨ ᠪᠠᠢᠷᠢ ᠪᠠᠶ᠋ᠢᠭᠤᠯᠬᠤ᠎ᠶᠢ ᠳᠡᠮᠵᠢᠵᠦ᠂ ᠮᠡᠳᠡᠯᠭᠡ᠎ᠶᠢᠨ ᠥᠮᠴᠢᠯᠡᠯ ᠤ᠋ᠨ ᠡᠷᠬᠡ᠂ ᠦᠢᠯᠡᠰ ᠪᠤᠰᠬᠠᠬᠤ ᠨᠡᠪᠴᠢᠭᠦᠯᠦᠬᠦᠷ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ ᠵᠡᠷᠭᠡ ᠲᠤᠰᠬᠠᠢᠵᠢᠭ᠍ᠰᠠᠨ ᠦᠢᠯᠡᠴᠢᠯᠡᠭᠡ᠎ᠵᠢ ᠴᠢᠩᠭᠠᠳᠬᠠᠨ᠂ ᠮᠡᠷᠭᠡᠵᠢᠯ᠎ᠢ ᠰᠢᠯᠵᠢᠭᠦᠯᠦᠨ ᠥᠭᠬᠦ᠂ ᠵᠥᠪᠰᠢᠶᠡᠷᠡᠬᠦ᠂ ᠬᠠᠩᠰᠢᠯᠠᠵᠤ ᠪᠡᠯᠡ ᠣᠷᠣᠭᠤᠯᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠨ ᠦᠷ᠎ᠡ ᠪᠦᠲᠦᠭᠡᠯ᠎ᠦᠨ ᠬᠡᠷᠡᠭᠯᠡᠭᠡᠨ᠎ᠢ ᠲᠦᠷᠭᠡᠳᠬᠡᠨ᠎ᠡ᠃ ᠲᠤᠰᠢᠶᠠᠯ᠎ᠤᠨ ᠠᠵᠢᠯ᠎ᠤᠨ ᠪᠠᠢᠷᠢ ᠲᠡᠬᠡᠷ᠎ᠡ ᠪᠠᠨ ᠪᠡᠶᠡᠯᠡᠬᠦᠯᠦᠭᠰᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠳᠦ ᠡᠷᠬᠡ ᠣᠯᠭᠣᠬᠤ ᠪᠠ ᠡᠳ᠋ ᠬᠥᠷᠥᠩᠭᠡ᠎ᠶᠢ ᠲᠤᠰᠠᠭᠠᠷ ᠵᠢᠭ᠍ᠰᠠᠭᠠᠬᠤ ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠦᠭᠰᠡᠨ ᠬᠥᠮᠥᠨ ᠨᠢ ᠦᠷ᠎ᠡ ᠪᠦᠲᠦᠭᠡᠯ᠎ᠢ ᠤᠯᠠᠷᠢᠭᠤᠯᠬᠤ ᠪᠥᠬᠥ ᠶᠠᠪᠤᠴᠠ᠎ᠳᠤ ᠣᠷᠣᠯᠴᠠᠬᠤ᠎ᠶᠢ ᠵᠣᠷᠢᠭ᠍ᠵᠢᠭᠤᠯᠵᠤ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠢ ᠬᠥᠲᠥᠯᠥᠨ ᠵᠢᠯᠤᠭᠣᠳᠴᠤ ᠤᠷᠢᠳ ᠵᠢᠡᠷ ᠬᠡᠷᠡᠭᠯᠡᠭᠦᠯᠵᠤ ᠳᠠᠷᠠᠭ᠎ᠠ ᠨᠢ ᠰᠦᠢᠳᠬᠡᠯ ᠬᠤᠷᠢᠶᠠᠬᠤ ᠠᠷᠭ᠎ᠠ ᠮᠠᠶᠢᠭ᠋᠎ᠢᠶᠠᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠳᠤᠮᠳᠠ ᠪᠠᠭ᠎ᠠ ᠵᠢᠵᠢᠭ ᠠᠵᠤ ᠠᠬᠤᠢᠯᠠᠯ᠎ᠳᠤ ᠵᠥᠪᠰᠢᠶᠡᠷᠡᠨ ᠬᠡᠷᠡᠭᠯᠡᠭᠦᠯᠦᠨ᠎ᠡ᠃ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠮᠡᠷᠭᠡᠵᠢᠯ᠎ᠦᠨ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠵᠦ᠂ ᠲᠤᠰᠬᠠᠢᠵᠢᠭ᠍ᠰᠠᠨ ᠵᠠᠬ᠎ᠠ ᠳᠡᠯᠭᠡᠭᠦᠷᠴᠢᠯᠡᠭᠰᠡᠨ ᠮᠡᠷᠭᠡᠵᠢᠯ᠎ᠢ ᠰᠢᠯᠵᠢᠭᠦᠯᠬᠦ ᠪᠠᠢᠭᠤᠯᠤᠮᠵᠢ᠎ᠶᠢᠨ ᠬᠥᠭᠵᠢᠯᠲᠡ᠎ᠶᠢ ᠠᠬᠢᠭᠤᠯᠵᠤ᠂ ᠮᠡᠷᠭᠡᠵᠢᠯ᠎ᠦᠨ ᠳᠠᠭᠠᠭᠠᠮᠠᠯ᠎ᠤᠨ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃
(ᠳᠥᠷᠪᠡ) ᠦᠵᠡᠭᠳᠡᠯ ᠪᠠᠢᠳᠠᠯ ᠵᠢᠡᠷ ᠬᠥᠳᠡᠯᠭᠡᠭᠦᠷ ᠪᠣᠯᠭᠠᠬᠤ ᠰᠢᠨ᠎ᠡ᠎ᠶᠢ ᠡᠭᠦᠳᠬᠦ᠎ᠶᠢ ᠴᠢᠩᠭᠠᠳᠬᠠᠨ᠎ᠠ᠃ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠦᠵᠡᠭᠳᠡᠯ ᠪᠠᠢᠳᠠᠯ ᠤ᠋ᠨ ᠬᠡᠷᠡᠭᠯᠡᠭᠡᠨ᠎ᠦ ᠵᠢᠱ᠌ᠢᠶ᠎ᠡ ᠦᠵᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠦᠵᠡᠭᠳᠡᠯ ᠪᠠᠢᠳᠠᠯ᠎ᠢ ᠪᠣᠢᠵᠢᠭᠤᠯᠬᠤ ᠪᠠ ᠨᠡᠭᠡᠭᠡᠯᠲᠡ ᠬᠢᠬᠦ ᠡᠷᠴᠢᠮ᠎ᠢ ᠴᠢᠩᠭᠠᠷᠠᠭᠤᠯᠤᠨ᠎ᠠ᠃ ᠣᠷᠣᠨ ᠨᠤᠲᠤᠭ᠎ᠤᠨ ᠬᠢᠨ ᠤ᠋ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠂ ᠣᠶᠤᠨᠲᠤ ᠬᠣᠲᠠ᠂ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ ᠵᠡᠷᠭᠡ ᠬᠦᠷᠢᠶᠡᠨ᠎ᠳᠡᠬᠢ ᠬᠡᠷᠡᠭᠯᠡᠭᠡᠨ᠎ᠦ ᠦᠵᠡᠭᠳᠡᠯ ᠪᠠᠢᠳᠠᠯ ᠤ᠋ᠨ ᠪᠦᠲᠦᠭᠡᠨ ᠪᠠᠢᠭᠤᠯᠤᠯᠲᠠ ᠪᠠ ᠨᠡᠭᠡᠭᠡᠯᠲᠡ ᠬᠢᠬᠦ ᠡᠷᠴᠢᠮ᠎ᠢᠶᠡᠨ ᠴᠢᠩᠭᠠᠷᠠᠭᠤᠯᠬᠤ᠎ᠶᠢ ᠳᠡᠮᠵᠢᠵᠦ᠂ ᠮᠡᠷᠭᠡᠵᠢᠯ᠂ ᠦᠵᠡᠭᠳᠡᠯ ᠪᠠᠢᠳᠠᠯ ᠵᠡᠷᠭᠡ ᠵᠢᠨ ᠬᠠᠩᠭᠠᠯᠭ᠎ᠠ ᠬᠡᠷᠡᠭᠴᠡᠭᠡ᠎ᠶᠢᠨ ᠮᠡᠳᠡᠭᠡ ᠵᠠᠩᠭᠢ᠎ᠶᠢ ᠴᠤᠭᠯᠠᠭᠤᠯᠤᠨ ᠨᠡᠢᠲᠡᠯᠡᠬᠦ᠎ᠶᠢ ᠴᠢᠩᠭᠠᠳᠬᠠᠨ᠎ᠠ᠃ ᠦᠵᠡᠭᠳᠡᠯ ᠪᠠᠢᠳᠠᠯ ᠢ᠋ ᠨᠡᠬᠡᠬᠡᠯᠳᠡ ᠬᠢᠵᠤ ᠬᠠᠮᠵᠢᠯᠴᠠᠨ ᠬᠠᠮᠲᠤ᠎ᠪᠠᠷ ᠡᠳ᠋ᠯᠡᠬᠦ᠎ᠶᠢ ᠴᠢᠩᠭᠠᠳᠬᠠᠨ᠎ᠠ᠃
ᠭᠤᠷᠪᠠ᠂ ᠴᠢᠨᠠᠷ ᠰᠠᠢᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠩᠭᠠᠯᠭ᠎ᠠ᠎ᠪᠠᠷ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠦᠨ ᠪᠠᠢᠭᠤᠯᠤᠯᠲᠠ᠎ᠶᠢ ᠲᠤᠯᠭᠠᠭᠤᠷᠢᠯᠠᠨ᠎ᠠ
(ᠲᠠᠪᠤ) ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ ᠤ᠋ᠨ ᠲᠠᠪᠠᠯᠳᠠ ᠪᠡᠷ ᠠᠵᠤ ᠦᠢᠯᠡᠰ᠎ᠦᠨ ᠬᠡᠯᠬᠢᠶ᠎ᠡ᠎ᠶᠢᠨ ᠪᠡᠶ᠎ᠡ᠎ᠪᠡᠨ ᠳᠠᠭᠠᠭᠠᠵᠤ ᠡᠵᠡᠮᠳᠡᠵᠦ ᠪᠣᠯᠬᠤ ᠲᠦᠪᠰᠢᠨ ᠢ᠋ ᠳᠡᠭᠡᠭᠰᠢᠯᠡᠭᠦᠯᠦᠨ᠎ᠠ᠃ ᠬᠤᠷᠠᠮᠠᠯ ᠴᠠᠬᠢᠯᠭᠠᠨ ᠬᠡᠯᠬᠢᠶ᠎ᠡ᠂ ᠠᠵᠤ ᠦᠢᠯᠡᠳᠪᠦᠷᠢ᠎ᠶᠢᠨ ᠡᠬᠡ ᠮᠠᠰᠢᠨ᠂ ᠳᠡᠭᠡᠳᠦ ᠲᠠᠰ᠎ᠤᠨ ᠬᠡᠮᠵᠢᠭᠦᠷᠯᠢᠭ᠂ ᠲᠡᠷᠢᠭᠦᠨ᠎ᠦ ᠮᠠᠲᠧᠷᠢᠶᠠᠯ᠂ ᠠᠮᠢᠳᠤ ᠪᠣᠳᠠᠰ᠎ᠤᠨ ᠦᠢᠯᠡᠳᠬᠦ ᠦᠢᠯᠡᠰ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠡᠬᠢ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠤᠭᠤᠮᠳᠠ ᠰᠢᠪᠳᠤᠯᠤᠯᠳᠠ ᠳ᠋ᠤ ᠰᠢᠢᠳᠪᠦᠷᠢᠯᠡᠬᠦ ᠴᠢᠨᠠᠷᠲᠠᠢ ᠲᠠᠪᠠᠯᠳᠠ᠎ᠲᠠᠢ ᠪᠣᠯᠬᠤ᠎ᠶᠢ ᠠᠬᠢᠭᠤᠯᠤᠨ᠎ᠠ᠃ ᠠᠵᠤ ᠦᠢᠯᠡᠰ᠎ᠦᠨ ᠰᠠᠭᠤᠷᠢ᠎ᠶᠢ ᠲᠠᠬᠢᠨ ᠴᠤᠭᠴᠠᠯᠠᠬᠤ ᠪᠠ ᠴᠢᠬᠤᠯᠠ ᠶᠡᠬᠡ ᠮᠡᠷᠭᠡᠵᠢᠯ᠎ᠤᠨ ᠲᠣᠨᠣᠭᠯᠠᠯ᠎ᠤᠨ ᠪᠤᠭᠤᠮᠳᠠ ᠰᠢᠪᠳᠤᠯᠤᠯᠳᠠ ᠵᠡᠷᠭᠡ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠬᠦᠷᠢᠶ᠎ᠠ ᠴᠠᠷᠠᠭ᠎ᠠ ᠪᠠᠭᠤᠷᠠᠢ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠠᠭᠤᠷᠢ ᠰᠡᠯᠪᠢᠭ ᠲᠤᠨᠤᠭ ᠵᠢᠴᠢ ᠰᠠᠭᠤᠷᠢ ᠲᠣᠨᠣᠭᠯᠠᠭᠠᠰᠤ᠎ᠶᠢᠨ ᠪᠤᠭᠤᠮᠳᠠ ᠰᠢᠪᠳᠤᠯᠤᠯᠳᠠ ᠵᠢ ᠴᠢᠩᠭᠠᠳᠬᠠᠵᠤ᠂ ᠵᠠᠩᠭᠢᠯᠠᠭ᠎ᠠ᠎ᠶᠢᠨ ᠰᠠᠭᠤᠷᠢ ᠵᠥᠭᠡᠯᠡᠨ ᠲᠤᠨᠤᠭ᠎ᠲᠤ ᠲᠠᠪᠠᠯᠳᠠ ᠭᠠᠷᠭᠠᠵᠤ᠂ ᠵᠠᠩᠭᠢᠯᠠᠭ᠎ᠠ᠎ᠶᠢᠨ ᠰᠠᠭᠤᠷᠢ ᠮᠠᠲᠧᠷᠢᠶᠠᠯ᠎ᠢ ᠰᠢᠢᠳᠪᠦᠷᠢᠯᠡᠵᠤ᠂ ᠲᠡᠷᠢᠭᠦᠨ᠎ᠦ ᠰᠠᠭᠤᠷᠢ ᠤᠷ᠎ᠠ ᠮᠡᠷᠭᠡᠵᠢᠯ ᠪᠠ ᠠᠵᠤ ᠦᠢᠯᠡᠰ᠎ᠦᠨ ᠮᠡᠷᠭᠡᠵᠢᠯ᠎ᠦᠨ ᠰᠠᠭᠤᠷᠢ ᠰᠤᠳᠤᠯᠤᠨ ᠨᠡᠭᠡᠭᠡᠯᠲᠡ᠎ᠶᠢ ᠴᠢᠩᠭᠠᠳᠬᠠᠨ᠎ᠠ᠃
(ᠵᠢᠷᠭᠤᠭ᠎ᠠ) ᠠᠩᠬᠠᠨ ᠤ᠋ ᠡᠭᠦᠳᠦᠯᠳᠡ ᠵᠢᠨ ᠴᠢᠨᠠᠷᠲᠠᠢ ᠨᠤᠷᠠᠭᠠᠯᠲᠠ᠎ᠶᠢᠨ ᠴᠢᠨᠠᠷᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ᠎ᠪᠡᠷ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠠ ᠢᠷᠡᠭᠡᠳᠦᠢ᠎ᠶᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠰᠠᠭᠤᠷᠢ ᠤᠨᠤᠯ᠎ᠤᠨ ᠰᠤᠳᠤᠯᠭᠠᠨ ᠪᠠ ᠰᠠᠭᠤᠷᠢ ᠮᠡᠷᠭᠡᠵᠢᠯ ᠤ᠋ᠨ ᠰᠤᠳᠤᠯᠤᠨ ᠨᠡᠭᠡᠭᠡᠯᠳᠡ᠎ᠶᠢ ᠴᠢᠩᠭᠠᠳᠬᠠᠵᠤ᠂ ᠨᠤᠷᠠᠭᠠᠯᠲᠠ᠎ᠶᠢᠨ ᠴᠢᠨᠠᠷᠲᠠᠢ ᠮᠡᠷᠭᠡᠵᠢᠯ᠎ᠢ ᠠᠭᠤᠳᠠᠯᠤᠨ ᠢᠯᠭᠠᠨ ᠲᠣᠳᠣᠯᠠᠬᠤ ᠠᠵᠢᠯ᠎ᠢ ᠥᠷᠨᠢᠭᠦᠯᠵᠦ᠂ ᠰᠢᠨᠵᠢᠯᠡᠬᠦ ᠤᠬᠠᠭᠠᠨ᠎ᠤ ᠢᠯᠡᠷᠡᠭᠦᠯᠦᠯᠲᠡ ᠪᠠ ᠮᠡᠷᠭᠡᠵᠢᠯ᠎ᠦᠨ ᠰᠢᠪᠲᠤᠯᠤᠯᠲᠠ᠎ᠶᠢ ᠲᠦᠷᠭᠡᠳᠬᠡᠨ᠎ᠡ᠃ ᠠᠵᠤ ᠦᠢᠯᠡᠰ᠎ᠦᠨ ᠰᠢᠨ᠎ᠡ᠎ᠶᠢ ᠡᠭᠦᠳᠬᠦ ᠢᠨᠵᠧᠨᠧᠷᠢᠩ᠎ᠢ ᠬᠡᠷᠡᠭᠵᠢᠭᠦᠯᠵᠦ᠂ ᠰᠢᠨ᠎ᠡ᠎ᠶᠢ ᠡᠭᠦᠳᠬᠦ ᠲᠤᠨᠤᠭ ᠲᠦᠬᠦᠭᠡᠷᠤᠮᠵᠢ᠎ᠶᠢᠨ ᠪᠦᠲᠦᠭᠡᠨ ᠪᠠᠢᠭᠤᠯᠤᠯᠲᠠ᠂ ᠮᠡᠷᠭᠡᠵᠢᠯ᠎ᠦᠨ ᠰᠤᠳᠤᠯᠤᠨ ᠨᠡᠭᠡᠭᠡᠯᠲᠡ᠂ ᠦᠢᠯᠡᠳᠬᠦᠨ᠎ᠦ ᠳᠡᠰ ᠳᠡᠪᠰᠢᠬᠦ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠬᠥᠭᠵᠢᠯᠲᠡ᠎ᠶᠢ ᠲᠦᠷᠭᠡᠳᠬᠡᠵᠦ᠂ ᠭᠠᠵᠠᠷ ᠤᠷᠤᠨ ᠤ᠋ ᠪᠠᠢᠳᠠᠯ ᠳ᠋ᠠᠭᠠᠨ ᠲᠤᠬᠢᠷᠠᠭᠤᠯᠤᠨ ᠲᠤᠰ ᠲᠤᠰ᠎ᠤᠨ ᠣᠨᠴᠠᠯᠢᠭ᠋᠎ᠲᠠᠢ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠦᠯᠦᠭᠵᠢᠯ᠎ᠢ ᠪᠦᠲᠦᠭᠡᠨ ᠪᠠᠢᠭᠤᠯᠵᠤ᠂ ᠰᠢᠨ᠎ᠡ᠎ᠪᠡᠷ ᠮᠠᠨᠳᠤᠭᠰᠠᠨ ᠲᠤᠯᠭᠠᠭᠤᠷᠢ ᠠᠵᠤ ᠦᠢᠯᠡᠰ᠎ᠢ ᠬᠦᠴᠦᠯᠡᠨ ᠪᠤᠶ ᠪᠣᠯᠭᠠᠨ᠎ᠠ᠃ ᠤᠢᠷ᠎ᠠ ᠤᠭᠳᠠᠷᠭᠤᠢ ᠵᠢᠨ ᠠᠵᠤ ᠠᠬᠤᠢ᠎ᠶᠢᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠯᠲᠡ᠎ᠶᠢ ᠠᠬᠢᠭᠤᠯᠤᠨ᠎ᠠ᠃ ᠺᠸᠠᠨ᠋ᠲ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠮᠢᠳᠤ ᠪᠣᠳᠠᠰ᠎ᠤᠨ ᠦᠢᠯᠡᠳᠬᠦ ᠦᠢᠯᠡᠰ᠂ ᠤᠰᠤᠲᠥ᠋ᠷᠥᠭᠴᠢ᠎ᠶᠢᠨ ᠡᠨᠧᠷᠭᠢ ᠪᠣᠯᠣᠨ ᠴᠥᠮ᠎ᠡ᠎ᠶᠢᠨ ᠨᠡᠢᠯᠡᠯᠲᠡᠶᠢᠨ ᠡᠨᠧᠷᠭᠢ᠂ ᠲᠠᠷᠢᠬᠢ ᠮᠠᠰᠢᠨ᠎ᠤ ᠵᠠᠯᠭᠠᠭᠠᠳᠠᠰᠤ᠂ ᠪᠡᠶ᠎ᠡ᠎ᠳᠤ ᠤᠶᠤᠨ ᠴᠢᠳᠠᠪᠤᠷᠢ᠂ ᠵᠢᠷᠭᠤᠳᠤᠭᠠᠷ ᠦᠶ᠎ᠡ᠎ᠶᠢᠨ ᠨᠡᠭᠦᠳᠡᠯ ᠴᠢᠮᠡᠭᠡ ᠬᠣᠯᠪᠣᠭ᠎ᠠ ᠵᠡᠷᠭᠡ ᠬᠣᠰᠢᠭᠤᠷᠠᠯ ᠬᠦᠷᠢᠶᠡᠨ᠎ᠳᠦ᠂ ᠤᠯᠠᠨ ᠡᠰᠢᠲᠦ ᠮᠡᠷᠭᠡᠵᠢᠯ᠎ᠦᠨ ᠱᠤᠭᠤᠮ᠂ ᠨᠡᠢᠲᠡᠯᠢᠭ ᠬᠡᠷᠡᠭᠯᠡᠭᠡᠨ᠎ᠦ ᠦᠵᠡᠭᠳᠡᠯ ᠪᠠᠢᠳᠠᠯ᠂ ᠬᠡᠷᠡᠭᠵᠢᠭᠦᠯᠵᠦ ᠪᠣᠯᠬᠤᠢᠴᠠ ᠬᠤᠳᠠᠯᠳᠤᠭᠠᠨ᠎ᠤ ᠵᠠᠭᠪᠤᠷ᠎ᠢ ᠰᠦᠪᠡᠭᠴᠢᠯᠡᠵᠦ᠂ ᠬᠣᠰᠢᠭᠤᠷᠠᠯ ᠮᠡᠷᠭᠡᠵᠢᠯ᠎ᠢ ᠠᠵᠤ ᠦᠢᠯᠡᠰᠵᠢᠭᠦᠯᠦᠨ ᠲᠠᠸᠠᠷᠴᠢᠯᠠᠬᠤ᠎ᠶᠢ ᠲᠦᠷᠭᠡᠳᠬᠡᠨ ᠠᠬᠢᠭᠤᠯᠵᠤ᠂ ᠢᠷᠡᠭᠡᠳᠦᠢ᠎ᠶᠢᠨ ᠠᠵᠤ ᠦᠢᠯᠡᠰ᠎ᠢ ᠪᠣᠢᠵᠢᠭᠤᠯᠤᠨ ᠪᠦᠷᠢᠯᠳᠦᠭᠦᠯᠦᠨ᠎ᠡ᠃
(ᠲᠤᠯᠤᠭ᠎ᠠ) ᠲᠡᠷᠢᠭᠦᠨ᠎ᠦ ᠮᠡᠷᠭᠡᠵᠢᠯ᠎ᠢᠶᠡᠷ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠦᠢᠯᠡᠳᠬᠦ ᠦᠢᠯᠡᠰ᠎ᠦᠨ ᠴᠢᠬᠤᠯᠠ ᠶᠡᠬᠡ ᠮᠡᠷᠭᠡᠵᠢᠯ ᠢ᠋ ᠦᠭᠡᠷᠡᠴᠢᠯᠡᠨ ᠳᠡᠰ ᠳᠡᠪᠰᠢᠭᠦᠯᠬᠦ ᠪᠠ ᠶᠡᠬᠡ ᠬᠡᠪᠴᠢᠶᠡᠨ᠎ᠦ ᠲᠤᠨᠤᠭ ᠲᠥᠬᠦᠭᠡᠷᠦᠮᠵᠢ᠎ᠶᠢ ᠰᠢᠨᠡᠳᠬᠡᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠳᠪᠦᠷᠢ᠎ᠶᠢᠨ ᠢᠨᠲᠧᠷ ᠰᠦᠯᠵᠢᠶᠡᠨ᠎ᠦ ᠰᠢᠨ᠎ᠡ᠎ᠶᠢ ᠡᠭᠦᠳᠦᠨ ᠬᠥᠭᠵᠢᠬᠦ᠎ᠶᠢ ᠲᠦᠷᠭᠡᠳᠬᠡᠵᠦ᠂ ᠲᠣᠭᠠᠴᠢᠯᠠᠭᠰᠠᠨ ᠠᠵᠤ ᠠᠬᠤᠢ ᠪᠠ ᠪᠣᠳᠠᠲᠤ ᠴᠣᠭᠴᠠ᠎ᠶᠢᠨ ᠠᠵᠤ ᠠᠬᠤᠢ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠦᠢᠯᠡᠳᠬᠦ ᠦᠢᠯᠡᠰ ᠢ᠋ ᠣᠶᠤᠨᠴᠢᠯᠠᠬᠤ᠂ ᠪᠣᠬᠢᠷᠲᠤᠯ ᠦᠭᠡᠢ ᠪᠣᠯᠭᠠᠬᠤ᠂ ᠠᠭᠤᠰᠤᠯᠴᠠᠭᠤᠯᠤᠨ ᠬᠥᠭᠵᠢᠭᠦᠯᠬᠦ᠎ᠶᠢ ᠠᠬᠢᠭᠤᠯᠤᠨ᠎ᠠ᠃ ᠦᠷ᠎ᠡ᠎ᠶᠢᠨ ᠦᠢᠯᠡᠰ᠂ ᠲᠠᠷᠢᠶᠠᠯᠠᠩ᠎ᠤᠨ ᠮᠠᠰᠢᠨ ᠲᠣᠨᠣᠭᠯᠠᠯ ᠵᠡᠷᠭᠡ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠤᠭᠤᠮᠳᠠ ᠰᠢᠪᠳᠤᠯᠤᠯᠳᠠ ᠵᠢ ᠴᠢᠩᠭᠠᠳᠬᠠᠵᠤ᠂ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠳᠡᠯᠭᠡᠷᠡᠭᠦᠯᠦᠨ ᠬᠡᠷᠡᠭᠯᠡᠬᠦ᠎ᠶᠢ ᠲᠦᠷᠭᠡᠳᠬᠡᠨ᠎ᠡ᠃ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠰᠢᠰᠲᠧᠮ᠎ᠢ ᠪᠠᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭᠵᠢᠯᠲᠡ᠎ᠶᠢ ᠠᠬᠢᠭᠤᠯᠤᠨ᠎ᠠ᠃ 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠵᠣᠬᠢᠶᠠᠮᠠᠯ ᠣᠶᠤᠨ ᠴᠢᠳᠠᠪᠤᠷᠢ ᠪᠡᠷ ᠣᠯᠠᠨ ᠠᠵᠢᠯ ᠲᠥᠷᠥᠯ᠎ᠳᠦ ᠪᠦᠬᠦ ᠲᠠᠯ᠎ᠠ ᠪᠡᠷ ᠬᠦᠴᠦᠨ ᠣᠯᠭᠣᠬᠤ᠎ᠶᠢ ᠠᠬᠢᠭᠤᠯᠤᠨ᠎ᠠ᠃
ᠳᠥᠷᠪᠡ᠂ ᠠᠵᠤ ᠠᠬᠤᠢᠯᠠᠯ᠎ᠢᠶᠠᠷ ᠭᠣᠣᠯᠯᠠᠭᠤᠯᠤᠭᠰᠠᠨ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ᠎ᠢ ᠠᠭᠤᠰᠤᠯᠴᠠᠭᠤᠯᠤᠨ ᠨᠡᠪᠳᠡᠷᠡᠯᠴᠡᠬᠦᠯᠬᠦ ᠵᠢᠨ ᠰᠢᠨ᠎ᠡ᠎ᠶᠢ ᠡᠭᠦᠳᠬᠦ᠎ᠶᠢ ᠴᠢᠩᠭᠠᠳᠬᠠᠨ᠎ᠠ
(ᠨᠠᠢ᠍ᠮᠠ) ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠴᠢᠳᠠᠪᠤᠷᠢ᠎ᠶᠢ ᠪᠦᠬᠦ ᠲᠠᠯ᠎ᠠ᠎ᠪᠠᠷ ᠨᠡᠮᠡᠭᠳᠡᠭᠦᠯᠦᠨ᠎ᠡ᠃ ᠠᠵᠤ ᠠᠬᠤᠢᠯᠠᠯ᠎ᠤᠨ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ᠎ᠦᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠂ ᠲᠥᠯᠦᠪᠵᠢᠭᠦᠯᠭᠡ᠂ ᠲᠦᠷᠦ᠎ᠶᠢᠨ ᠪᠣᠳᠣᠯᠭ᠎ᠠ ᠲᠣᠭᠲᠠᠭᠠᠬᠤ᠎ᠳᠤ ᠪᠠᠢᠩᠭᠤ ᠣᠷᠣᠯᠴᠠᠬᠤ ᠲᠣᠭᠲᠡᠴᠡ᠎ᠶᠢ ᠲᠡᠭᠦᠯᠳᠡᠷᠵᠢᠭᠦᠯᠦᠨ᠎ᠡ᠃ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠲᠤᠷᠰᠢᠯᠲᠠ ᠵᠢᠨ ᠴᠡᠭ᠎ᠢ ᠠᠷᠠᠳ᠎ᠤᠨ ᠡᠵᠡᠩᠨᠡᠯᠳᠡ᠎ᠶᠢᠨ ᠠᠵᠤ ᠠᠬᠤᠢᠯᠠᠯ᠎ᠳᠤ ᠴᠢᠯᠦᠬᠡᠳᠡᠢ ᠨᠡᠭᠡᠭᠡᠬᠦ᠎ᠶᠢ ᠠᠬᠢᠭᠤᠯᠵᠤ᠂ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠬᠠᠮᠲᠤᠷᠠᠭᠰᠠᠨ ᠰᠠᠭᠤᠷᠢ ᠮᠥᠩᠭᠥ᠎ᠶᠢᠨ ᠬᠡᠪᠴᠢᠶ᠎ᠡ᠎ᠶᠢ ᠥᠷᠭᠡᠳᠬᠡᠨ᠎ᠡ᠃ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠪᠡᠶ᠎ᠡ᠎ᠪᠡᠨ ᠳᠠᠭᠠᠭᠠᠵᠤ ᠲᠣᠭᠠᠴᠡᠭ᠎ᠠ ᠬᠢᠬᠦ᠂ ᠦᠷᠳᠡᠭ ᠨᠡᠮᠡᠭᠳᠡᠬᠦ ᠦᠷᠳᠡᠭ᠎ᠢ ᠪᠠᠲᠤᠯᠠᠬᠤ ᠬᠢᠨᠠᠨ ᠰᠢᠯᠭᠠᠯᠲᠠ᠎ᠡᠴᠡ ᠬᠡᠯᠲᠦᠷᠢᠭᠦᠯᠬᠦ᠂ ᠪᠤᠷᠤᠭᠤ᠎ᠶᠢ ᠠᠭᠤᠴᠢᠯᠠᠨ ᠪᠤᠷᠤᠭᠤ ᠵᠢ ᠵᠠᠯᠠᠷᠠᠭᠤᠯᠬᠤ ᠰᠤᠳᠤᠯᠤᠨ ᠨᠡᠭᠡᠭᠡᠬᠦ ᠪᠡᠯᠡᠳᠬᠡᠯ ᠮᠥᠩᠭᠥ᠎ᠶᠢᠨ ᠳᠦᠷᠢᠮ᠎ᠢ ᠪᠠᠶ᠋ᠢᠭᠤᠯᠬᠤ᠎ᠶᠢ ᠵᠣᠷᠢᠭ᠍ᠵᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠵᠢᠵᠢᠭ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ᠎ᠶᠢ ᠵᠣᠷᠢᠭ᠍ᠵᠢᠭᠤᠯᠵᠤ᠂ ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠤᠳᠤᠵᠤ ᠰᠠᠭᠤᠳᠬᠠᠨ ᠬᠠᠰᠤᠬᠤ ᠬᠠᠷᠢᠴᠠᠯ᠎ᠢ ᠳᠡᠭᠡᠭᠰᠢᠯᠡᠭᠦᠯᠦᠨ᠎ᠡ᠃ ᠠᠵᠤ ᠠᠬᠤᠢᠯᠠᠯ᠎ᠤᠨ ᠬᠢᠨ ᠲᠦᠷᠦᠭᠦᠯᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ᠎ᠤᠨ ᠰᠠᠭᠤᠷᠢᠨ᠎ᠢ ᠪᠠᠶ᠋ᠢᠭᠤᠯᠬᠤ᠎ᠶᠢ ᠳᠡᠮᠵᠢᠨ᠎ᠡ᠃ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠠᠭᠤᠷᠢ ᠲᠥᠬᠦᠭᠡᠷᠦᠮᠵᠢ᠂ ᠲᠣᠮᠣ᠌ ᠬᠡᠯᠪᠡᠷᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠡᠮᠵᠢᠭᠦᠷᠯᠢᠭ᠂ ᠤᠯᠤᠰ᠎ᠤᠨ ᠰᠢᠨᠵᠢᠯᠡᠬᠦ ᠤᠬᠠᠭᠠᠨ᠎ᠤ ᠲᠤᠭ᠎ᠠ ᠪᠠᠷᠢᠮᠳᠠ᠎ᠶᠢᠨ ᠲᠥᠪ ᠵᠡᠷᠭᠡ᠎ᠶᠢ ᠠᠵᠤ ᠠᠬᠤᠢᠯᠠᠯ᠎ᠳᠤ ᠴᠢᠯᠦᠬᠡᠳᠡᠢ ᠨᠡᠭᠡᠭᠡᠬᠦ ᠳᠦᠷᠢᠮ᠎ᠢ ᠲᠡᠭᠦᠯᠳᠡᠷᠵᠢᠭᠦᠯᠦᠨ᠎ᠡ᠃ ᠡᠯ᠎ᠡ ᠲᠥᠷᠥᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠲᠥᠯᠥᠪᠯᠡᠭᠡ᠎ᠡᠴᠡ ᠠᠵᠤ ᠠᠬᠤᠢᠯᠠᠯ᠎ᠢ ᠳᠡᠮᠵᠢᠬᠦ ᠡᠷᠴᠢᠮ᠎ᠢ ᠴᠢᠩᠭᠠᠷᠠᠭᠤᠯᠵᠤ᠂ ᠠᠵᠤ ᠠᠬᠤᠢᠯᠠᠯ᠎ᠤᠨ ᠠᠬᠠᠯᠠᠭ᠍ᠴᠢ ᠳ᠋ᠣᠺᠲ᠋ᠣᠷ᠎ᠤᠨ ᠠᠵᠢᠯᠯᠠᠬᠤ ᠥᠷᠲᠡᠭᠡ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃
(ᠶᠢᠰᠦ) ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠢ ᠲᠦᠷᠭᠡᠳᠬᠡᠨ ᠪᠣᠢᠵᠢᠭᠤᠯᠤᠨ ᠪᠤᠵᠠᠭᠠᠢᠷᠠᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ᠎ᠢ ᠪᠣᠢᠵᠢᠭᠤᠯᠬᠤ ᠲᠣᠭᠲᠡᠴᠡ᠎ᠶᠢ ᠰᠢᠯᠢᠳᠡᠭᠵᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠬᠥᠭᠵᠢᠯᠲᠡ᠎ᠶᠢ ᠲᠡᠮᠵᠢᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠵᠢᠵᠢᠭ ᠠᠵᠤ ᠠᠬᠤᠢᠯᠠᠯ ᠵᠢᠴᠢ ᠲᠤᠰᠬᠠᠢᠵᠢᠬᠰᠠᠨ ᠨᠠᠷᠢᠯᠢᠭᠵᠢᠬᠰᠠᠨ ᠣᠨᠴᠠᠯᠢᠭᠵᠢᠬᠰᠠᠨ ᠰᠢᠨ᠎ᠡ 《ᠵᠢᠵᠢᠭ ᠠᠪᠤᠷᠭᠤ》 ᠠᠵᠤ ᠠᠬᠤᠢᠯᠠᠯ᠂ ᠦᠢᠯᠡᠳᠬᠦ ᠦᠢᠯᠡᠰ᠎ᠦᠨ ᠲᠠᠩ ᠵᠦᠢᠯ᠎ᠦᠨ ᠮᠠᠩᠯᠠᠢ ᠠᠵᠤ ᠠᠬᠤᠢᠯᠠᠯ᠎ᠢ ᠪᠤᠢᠵᠢᠭᠤᠯᠤᠨ ᠰᠢᠯᠢᠳᠡᠭᠵᠢᠭᠦᠯᠬᠦ ᠲᠣᠭᠲᠡᠴᠡ᠎ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠠᠩᠬ᠎ᠠ ᠡᠬᠦᠰᠬᠡᠨ ᠪᠠᠢᠭᠤᠯᠬᠤ ᠠᠵᠤ ᠠᠬᠤᠢᠯᠠᠯ᠎ᠢ ᠲᠦᠷᠭᠡᠳᠬᠡᠨ ᠪᠣᠢᠵᠢᠭᠤᠯᠵᠤ᠂ ᠦᠢᠯᠡᠰ ᠪᠤᠰᠬᠠᠬᠤᠨᠡᠪᠴᠢᠭᠦᠯᠦᠬᠦᠷ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠵᠡᠷᠭᠡ ᠦᠢᠯᠡᠴᠢᠯᠡᠭᠡ ᠪᠠᠲᠤᠯᠠᠭ᠎ᠠ᠎ᠶᠢ ᠲᠡᠭᠦᠯᠳᠡᠷᠵᠢᠭᠦᠯᠦᠨ᠎ᠡ᠃ ᠲᠣᠮᠣ᠌ ᠳᠤᠮᠳᠠ ᠵᠢᠵᠢᠭ ᠠᠵᠤ ᠠᠬᠤᠢᠯᠠᠯ᠂ ᠠᠵᠤ ᠦᠢᠯᠡᠰ᠎ᠦᠨ ᠡᠬᠢᠨ᠎ᠤ ᠪᠠ ᠡᠴᠤᠰ᠎ᠤᠨ ᠬᠡᠯᠬᠢᠶ᠎ᠡ ᠵᠢᠨ ᠠᠵᠤ ᠠᠬᠤᠢᠯᠠᠯ᠎ᠤᠨ ᠠᠭᠤᠰᠤᠯᠴᠡᠨ ᠨᠡᠪᠳᠡᠷᠡᠵᠦ ᠰᠢᠨ᠎ᠡ᠎ᠶᠢ ᠡᠭᠦᠳᠬᠦ᠎ᠶᠢ ᠭᠦᠨᠵᠡᠭᠡᠢᠷᠡᠭᠦᠯᠵᠦ᠂ ᠲᠣᠮᠣ᠌ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠳᠤᠮᠳᠠ ᠵᠢᠵᠢᠭ ᠠᠵᠤ ᠠᠬᠤᠢᠯᠠᠯ᠎ᠳᠤ ᠰᠤᠳᠤᠯᠤᠨ ᠨᠡᠭᠡᠭᠡᠬᠦ ᠲᠠᠪᠴᠠᠩ᠂ ᠬᠡᠷᠡᠭᠯᠡᠭᠡᠨ᠎ᠦ ᠦᠵᠡᠭᠳᠡᠯ ᠪᠠᠢᠳᠠᠯ ᠪᠠ ᠬᠠᠩᠭᠠᠯᠭ᠎ᠠ᠎ᠶᠢᠨ ᠬᠡᠯᠬᠢᠶ᠎ᠡ᠎ᠶᠢ ᠴᠢᠯᠦᠭᠡᠳᠡᠢ ᠨᠡᠭᠡᠭᠡᠵᠦ᠂ ᠳᠤᠮᠳᠠ ᠵᠢᠵᠢᠭ ᠠᠵᠤ ᠠᠬᠤᠢᠯᠠᠯ᠎ᠤᠨ ᠰᠢᠨ᠎ᠡ᠎ᠶᠢ ᠡᠭᠦᠳᠦᠭᠰᠡᠨ ᠦᠢᠯᠡᠳᠬᠦᠨ᠎ᠢ ᠠᠩᠬ᠎ᠠ ᠤᠳᠠᠭ᠎ᠠ ᠬᠡᠷᠡᠭᠯᠡᠬᠦ ᠵᠢ ᠤᠷᠢᠳ᠎ᠢᠶᠡᠷ ᠲᠤᠷᠰᠢᠨᠡ᠃
(ᠠᠷᠪᠠ) ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠬᠠᠮᠵᠢᠯᠴᠠᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠰᠢᠭᠤᠴᠢ ᠠᠵᠤ ᠠᠬᠤᠢᠯᠠᠯ᠎ᠤᠨ ᠬᠢᠨ᠎ᠤ ᠰᠢᠨ᠎ᠡ᠎ᠶᠢ ᠡᠭᠦᠳᠬᠦ ᠬᠡᠯᠬᠢᠶ᠎ᠡ ᠠᠵᠤ ᠦᠢᠯᠡᠰ᠎ᠦᠨ ᠬᠡᠯᠬᠢᠶᠡᠳ᠋ᠡᠬᠢ ᠬᠡᠯᠬᠢᠶ᠎ᠡ ᠵᠢᠨ ᠲᠠᠷᠤᠭ᠎ᠠ ᠵᠢᠨ ᠦᠢᠯᠡᠳᠦᠯ᠎ᠢ ᠪᠠᠳᠠᠷᠠᠭᠤᠯᠬᠤ᠂ ᠲᠦᠷᠦᠬᠦᠯᠡᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠵᠣᠬᠢᠶᠠᠨ ᠪᠠᠢᠭᠤᠯᠬᠤ ᠵᠢ ᠲᠠᠮᠵᠢᠵᠤ᠂ ᠰᠢᠰᠲᠧᠮᠵᠢᠭᠰᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠰᠢᠪᠲᠤᠯᠬᠤ ᠴᠢᠳᠠᠪᠤᠷᠢ᠎ᠶᠢ ᠴᠢᠩᠭᠠᠳᠬᠠᠨ᠎ᠠ᠃ ᠤᠯᠤᠰ᠎ᠤᠨ ᠲᠤᠷᠰᠢᠯᠲᠠ᠎ᠶᠢᠨ ᠲᠠᠰᠤᠭ᠂ ᠤᠯᠤᠰ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠥᠨᠳᠥᠷ ᠲᠦᠪᠰᠢᠨ᠎ᠪᠦᠬᠦᠢ ᠰᠤᠳᠤᠯᠭᠠᠨ᠎ᠤ ᠬᠡᠯᠪᠡᠷᠢ᠎ᠶᠢᠨ ᠶᠡᠬᠡ ᠰᠤᠷᠭᠠᠭᠤᠯᠢ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ ᠯᠤᠭ᠎ᠠ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠠᠵᠤ ᠦᠢᠯᠡᠰ᠎ᠦᠨ ᠬᠡᠷᠡᠭᠴᠡᠭᠡ ᠵᠢᠨ ᠲᠤᠮᠳᠠ᠎ᠡᠴᠡ ᠰᠢᠨᠵᠢᠯᠡᠬᠦ ᠤᠬᠠᠭᠠᠨ᠎ᠤ ᠠᠰᠠᠭᠤᠳᠠᠯ᠎ᠢ ᠰᠢᠷᠭᠠᠭᠠᠨ ᠪᠤᠯᠪᠠᠰᠤᠷᠠᠭᠤᠯᠬᠤ᠎ᠶᠢ ᠴᠢᠬᠤᠯᠠᠴᠢᠯᠠᠵᠤ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠪᠠᠷᠠᠯᠠᠯᠳᠤ ᠴᠢᠨᠠᠷᠲᠠᠢ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠴᠢᠩᠭᠠᠳᠬᠠᠨ᠎ᠠ᠃ ᠠᠵᠤ ᠠᠬᠤᠢᠯᠠᠯ᠎ᠤᠨ ᠬᠢᠨ᠎ᠤ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠯᠠᠭ᠎ᠠ ᠪᠣᠯᠣᠨ ᠴᠢᠳᠠᠪᠤᠷᠢᠲᠠᠨ᠎ᠢ ᠬᠥᠮᠥᠵᠢᠭᠦᠯᠬᠦ᠎ᠳᠦ ᠣᠷᠣᠯᠴᠠᠬᠤ᠎ᠶᠢ ᠵᠣᠷᠢᠭ᠍ᠵᠢᠭᠤᠯᠤᠨ᠎ᠠ᠃ ᠠᠵᠤ ᠠᠬᠤᠢᠯᠠᠯ ᠬᠢᠭᠡᠳ ᠰᠢᠨ᠎ᠡ᠎ᠶᠢ ᠡᠭᠦᠳᠬᠦ ᠪᠤᠰᠤᠳ ᠭᠣᠣᠯ ᠴᠣᠭᠴᠠ ᠯᠤᠭ᠎ᠠ ᠰᠤᠳᠤᠯᠤᠨ ᠨᠡᠭᠡᠭᠡᠬᠦ ᠪᠠᠢᠭᠤᠯᠤᠮᠵᠢ᠎ᠶᠢ ᠬᠠᠮᠲᠤ ᠪᠠᠷ ᠪᠠᠢᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ ᠵᠦᠢᠯ᠎ᠢ ᠬᠠᠮᠲᠤ ᠪᠠᠷ ᠪᠠᠶ᠋ᠢᠭᠤᠯᠬᠤ᠎ᠶᠢ ᠳᠡᠮᠵᠢᠨ᠎ᠡ᠃
ᠲᠠᠪᠤ᠂ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠬᠦᠯᠦᠨ ᠲᠣᠬᠢᠷᠠᠭᠤᠯᠬᠤ ᠦᠷ᠎ᠡ ᠪᠦᠳᠦᠮᠵᠢ ᠦᠢᠯᠡᠳᠦᠯ᠎ᠢ ᠲᠡᠭᠡᠭᠰᠢᠯᠡᠬᠦᠯᠦᠨ᠎ᠡ
(ᠠᠷᠪᠠᠨ ᠨᠢᠭᠡ) ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠵᠤ ᠦᠢᠯᠡᠰ᠂ ᠮᠥᠩᠭᠥᠨ ᠭᠦᠢᠯᠭᠡᠭᠡᠨ᠎ᠦ ᠰᠠᠢᠨ ᠰᠠᠢᠬᠠᠨ ᠡᠷᠬᠢᠯᠳᠡ ᠵᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠪᠡᠯᠡ ᠬᠤᠷᠠᠮᠳᠤᠭᠤᠯᠬᠤ ᠬᠡᠷᠡᠭᠴᠡᠭᠡ᠎ᠲᠠᠢ ᠵᠣᠬᠢᠴᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠰᠢᠰᠲᠧᠮ᠎ᠢ ᠪᠠᠢᠭᠤᠯᠤᠨ᠎ᠠ᠃ ᠤᠯᠤᠰ᠎ᠤᠨ ᠦᠢᠯᠡᠰ ᠪᠤᠰᠬᠠᠬᠤ ᠪᠡᠯᠡ ᠣᠷᠣᠭᠤᠯᠤᠯᠲᠠ᠎ᠶᠢᠨ ᠬᠥᠲᠥᠯᠥᠨ ᠵᠢᠯᠤᠭᠣᠳᠬᠤ ᠰᠠᠭᠤᠷᠢ ᠮᠥᠩᠭᠥ᠎ᠶᠢᠨ ᠦᠢᠯᠡᠳᠦᠯ᠎ᠢ ᠪᠠᠳᠠᠷᠠᠭᠤᠯᠤᠨ᠎ᠠ᠃ ᠵᠠᠰᠠᠭ᠎ᠤᠨ ᠣᠷᠳᠣᠨ᠎ᠡᠴᠡ ᠪᠡᠯᠡ ᠭᠠᠷᠭᠠᠭᠰᠠᠨ ᠦᠢᠯᠡᠰ ᠪᠤᠰᠬᠠᠬᠤ ᠪᠡᠯᠡ ᠣᠷᠣᠭᠤᠯᠤᠯᠲᠠ᠎ᠶᠢᠨ ᠰᠠᠭᠤᠷᠢ ᠮᠥᠩᠭᠥ ᠪᠠ ᠤᠯᠤᠰ᠎ᠤᠨ ᠦᠮᠴᠢᠯᠡᠯ᠎ᠤᠨ ᠬᠥᠷᠥᠩᠭᠡ᠎ᠶᠢᠨ ᠦᠢᠯᠡᠰ ᠪᠤᠰᠬᠠᠬᠤ ᠪᠡᠯᠡ ᠣᠷᠣᠭᠤᠯᠤᠯᠲᠠ᠎ᠶᠢᠨ ᠰᠠᠭᠤᠷᠢ ᠮᠥᠩᠭᠥ᠎ᠳᠦ ᠡᠷᠲᠡ ᠪᠡᠯᠡ ᠣᠷᠣᠭᠤᠯᠬᠤ᠂ ᠪᠠᠭ᠎ᠠ ᠪᠡᠯᠡ ᠣᠷᠣᠭᠤᠯᠬᠤ᠂ ᠣᠷᠳᠣ᠌ ᠬᠤᠭᠤᠴᠠᠭ᠎ᠠ᠎ᠪᠠᠷ ᠪᠡᠯᠡ ᠣᠷᠣᠭᠤᠯᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠤᠷᠤᠭᠤᠯᠤᠯᠳᠠ᠎ᠵᠢ ᠴᠢᠩᠭᠠᠳᠬᠠᠵᠦ᠂ ᠣᠷᠳᠣ᠌ ᠦᠶᠡᠯᠡᠯ᠎ᠦᠨ ᠬᠤᠭᠤᠴᠠᠭᠠᠨ᠎ᠤ ᠰᠢᠯᠭᠠᠨ ᠬᠢᠨᠠᠬᠤ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠪᠠ ᠤᠬᠤᠷᠢᠨ ᠭᠠᠷᠬᠤ ᠲᠣᠭᠲᠡᠴᠡ᠎ᠶᠢ ᠪᠦᠷᠢᠨᠰᠢᠭᠦᠯᠦᠨ᠎ᠡ᠃ 《ᠰᠢᠨ᠎ᠡ᠎ᠶᠢ ᠡᠭᠦᠳᠬᠦ ᠬᠤᠪᠢ ᠬᠤᠷᠠᠮᠳᠤᠭᠤᠯᠬᠤ ᠳᠦᠷᠢᠮ》᠎ᠢ᠋ ᠳᠡᠯᠭᠡᠷᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠵᠢᠵᠢᠭ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠴᠢᠳᠠᠪᠤᠷᠢ᠎ᠶᠢ ᠬᠡᠮᠵᠢᠶᠡᠵᠢᠭᠦᠯᠦᠨ ᠦᠨᠡᠯᠡᠬᠦ᠎ᠶᠢ ᠴᠢᠩᠭᠠᠳᠬᠠᠨ᠎ᠠ᠃ ᠵᠢᠭᠡᠯᠡᠯᠭᠡ᠎ᠶᠢᠨ ᠲᠡᠮᠳᠡᠭᠲᠦ᠎ᠶᠢᠨ ᠵᠠᠬ᠎ᠠ ᠳᠡᠯᠭᠡᠭᠦᠷ᠎ᠦᠨ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠰᠡᠭ》᠎ᠢ᠋ ᠴᠢᠨᠠᠷ ᠰᠠᠢᠲᠠᠢ ᠪᠦᠲᠦᠭᠡᠨ ᠪᠠᠢᠭᠤᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢᠨ ᠰᠢᠰᠲᠧᠮ᠎ᠢ ᠪᠠᠢᠭᠤᠯᠤᠨ᠎ᠠ᠃
(ᠠᠷᠪᠠᠨ ᠬᠣᠶᠠᠷ) ᠬᠠᠮᠵᠢᠯᠴᠠᠨ ᠴᠢᠳᠠᠪᠤᠷᠢᠲᠠᠨ᠎ᠢ ᠬᠥᠮᠥᠵᠢᠭᠦᠯᠬᠦ ᠪᠠ ᠬᠡᠷᠡᠭᠯᠡᠬᠦ᠎ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠬᠥᠭᠵᠢᠯᠲᠡ ᠪᠠ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠵᠢᠨ ᠲᠣᠭᠣᠷᠢᠨ᠎ᠳᠤ ᠬᠠᠮᠵᠢᠯᠴᠠᠨ ᠬᠥᠮᠥᠨ ᠬᠥᠮᠥᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠵᠤ ᠦᠢᠯᠡᠰ᠎ᠦᠨ ᠰᠠᠯᠠᠭ᠎ᠠ ᠮᠥᠴᠢᠷ ᠵᠡᠷᠭᠡ ᠣᠯᠠᠨ ᠲᠠᠯ᠎ᠠ᠎ᠶᠢᠨ ᠣᠷᠣᠯᠴᠠᠭᠰᠠᠨ ᠰᠢᠨᠵᠢᠯᠡᠭᠡᠨ᠎ᠦ ᠰᠠᠯᠠᠭ᠎ᠠ᠎ᠶᠢ ᠲᠣᠬᠢᠷᠠᠭᠤᠯᠬᠤ ᠲᠣᠭᠲᠡᠴᠡ᠎ᠶᠢ ᠲᠡᠭᠦᠯᠳᠡᠷᠵᠢᠭᠦᠯᠦᠨ᠎ᠡ᠃ ᠰᠤᠷᠭᠠᠭᠤᠯᠢ ᠠᠵᠤ ᠠᠬᠤᠢᠯᠠᠯ ᠬᠣᠯᠪᠣᠭᠠᠯᠠᠬᠤ᠂ ᠠᠵᠤ ᠦᠢᠯᠡᠳᠪᠦᠷᠢ ᠪᠠ ᠰᠤᠷᠭᠠᠭᠤᠯᠢ ᠰᠤᠯᠪᠢᠴᠠᠨ ᠡᠬᠡᠯᠵᠢᠯᠡᠬᠦ ᠪᠠ 《ᠬᠣᠣᠰ ᠵᠢᠯᠤᠭᠣᠳᠬᠤ ᠪᠠᠭ᠍ᠰᠢ᠎ᠶᠢᠨ ᠳᠦᠷᠢᠮ》 ᠢ᠋ ᠳᠡᠯᠭᠡᠷᠡᠭᠦᠯᠦᠨ᠎ᠠ᠃ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ᠎ᠢ ᠰᠣᠩᠭᠣᠨ ᠲᠣᠮᠢᠯᠠᠵᠤ ᠲᠤᠰᠢᠶᠠᠯ ᠡᠭᠦᠷᠭᠡᠯᠡᠭᠦᠯᠬᠦ᠂ ᠲᠤᠰᠢᠶᠠᠯ ᠬᠠᠪᠰᠤᠷᠭᠠᠭᠤᠯᠬᠤ ᠪᠠ ᠠᠵᠢᠯ᠎ᠤᠨ ᠪᠠᠢᠷᠢ᠎ᠡᠴᠡ᠎ᠪᠠᠨ ᠰᠠᠯᠵᠤ ᠦᠢᠯᠡᠰ ᠪᠤᠰᠬᠠᠬᠤ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ ᠵᠡᠷᠭᠡ ᠵᠠᠭᠪᠤᠷ᠎ᠢ ᠳᠡᠯᠭᠡᠷᠡᠭᠦᠯᠦᠨ᠎ᠡ᠃ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠠᠵᠤ ᠠᠬᠤᠢᠯᠠᠯ᠎ᠤᠨ ᠰᠢᠨ᠎ᠡ᠎ᠶᠢ ᠡᠭᠦᠳᠬᠦ ᠴᠢᠳᠠᠪᠤᠷᠢᠲᠠᠨ᠎ᠢ ᠤᠷᠢᠵᠤ ᠠᠵᠤ ᠦᠢᠯᠡᠰ᠎ᠦᠨ ᠵᠢᠯᠣᠭᠣᠳᠤᠭ᠍ᠴᠢ ᠪᠠᠭ᠍ᠰᠢ᠂ ᠠᠵᠤ ᠦᠢᠯᠡᠰ᠎ᠦᠨ ᠫᠷᠤᠹᠧᠰᠰᠤᠷ ᠪᠣᠯᠭᠠᠬᠤ᠎ᠶᠢ ᠳᠡᠮᠵᠢᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ᠎ᠤ ᠰᠢᠨ᠎ᠡ᠎ᠶᠢ ᠡᠭᠦᠳᠦᠨ ᠦᠢᠯᠡᠰ ᠪᠤᠰᠬᠠᠬᠤ᠎ᠶᠢ ᠳᠡᠮᠵᠢᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯᠲᠠᠨ᠎ᠢ ᠶᠡᠬᠡ ᠪᠡᠷ ᠬᠦᠮᠦᠵᠢᠬᠦᠯᠦᠨ᠎ᠡ᠃
(ᠠᠷᠪᠠᠨ ᠭᠤᠷᠪᠠ) ᠠᠭᠤᠰᠤᠯᠴᠠᠯ᠎ᠤᠨ ᠰᠢᠨ᠎ᠡ᠎ᠶᠢ ᠡᠭᠦᠳᠬᠦ ᠲᠠᠪᠴᠠᠩ᠎ᠢ ᠪᠠᠢᠭᠤᠯᠤᠨ᠎ᠠ᠃ ᠤᠯᠤᠰ᠎ᠤᠨ ᠰᠢᠨ᠎ᠡ᠎ᠪᠡᠷ ᠮᠠᠨᠳᠤᠬᠰᠠᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠲᠥᠪ᠂ ᠤᠯᠤᠰ᠎ᠤᠨ ᠠᠵᠤ ᠦᠢᠯᠡᠰ᠎ᠦᠨ ᠮᠡᠷᠭᠡᠵᠢᠯ᠎ᠦᠨ ᠢᠨᠵᠸᠨ᠋ᠸᠷᠢᠩᠵᠢᠬᠦᠯᠬᠦ ᠲᠥᠪ᠂ ᠤᠯᠤᠰ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠂ ᠤᠯᠤᠰ᠎ᠤᠨ ᠦᠢᠯᠡᠳᠬᠦ ᠦᠢᠯᠡᠰ᠎ᠦᠨ ᠰᠢᠨ᠎ᠡ᠎ᠶᠢ ᠡᠭᠦᠳᠬᠦ ᠲᠥᠪ ᠵᠡᠷᠭᠡ᠎ᠶᠢ ᠨᠢᠭᠡᠳᠦᠯᠲᠡᠢ ᠲᠥᠯᠥᠪᠵᠢᠬᠦᠯᠦᠨ ᠪᠠᠢᠷᠢᠰᠢᠭᠤᠯᠵᠤ᠂ ᠭᠣᠣᠯᠳᠠᠯᠭ᠎ᠠ᠎ᠲᠠᠢ ᠠᠵᠤ ᠦᠢᠯᠡᠰ᠎ᠦᠨ ᠵᠠᠩᠭᠢᠯᠠᠭ᠎ᠠ᠎ᠶᠢᠨ ᠨᠡᠢᠲᠡᠯᠢᠭ ᠴᠢᠨᠠᠷᠲᠠᠢ ᠮᠡᠷᠭᠡᠵᠢᠯ᠎ᠦᠨ ᠬᠠᠩᠭᠠᠯᠭ᠎ᠠ᠎ᠶᠢ ᠴᠢᠩᠭᠠᠳᠬᠠᠨ᠎ᠠ᠃ ᠤᠨᠤᠯ᠎ᠢ ᠲᠤᠷᠰᠢᠯᠳᠠ ᠪᠡᠷ ᠰᠢᠯᠭᠠᠨ ᠪᠠᠲᠤᠯᠠᠬᠤ ᠲᠥᠪ᠂ ᠶᠡᠬᠡ ᠬᠡᠪᠴᠢᠶ᠎ᠠ ᠪᠡᠷ ᠦᠢᠯᠡᠳᠪᠦᠷᠢᠯᠡᠬᠦ ᠡᠴᠡ ᠡᠮᠦᠨ᠎ᠡ ᠲᠤᠷᠰᠢᠨ ᠰᠢᠯᠭᠠᠨ ᠪᠠᠳᠤᠯᠠᠬᠤ ᠲᠠᠪᠴᠠᠩ᠎ᠢ ᠪᠠᠢᠭᠤᠯᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ᠎ᠢ ᠠᠵᠤ ᠦᠢᠯᠡᠰᠵᠢᠭᠦᠯᠦᠨ ᠬᠡᠷᠡᠭᠯᠡᠬᠦ᠎ᠳᠦ ᠦᠢᠯᠡᠴᠢᠯᠡᠭᠡ ᠬᠠᠩᠭᠠᠨ᠎ᠠ᠃ ᠪᠠᠢᠭᠤᠯᠤᠯ᠎ᠤᠨ ᠦᠬᠡᠷᠡᠴᠢᠯᠠᠯᠳᠠ ᠵᠢ ᠪᠡᠶᠡᠯᠡᠬᠦᠯᠦᠭᠰᠡᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠬᠢᠨ᠎ᠤ ᠠᠵᠤ ᠦᠢᠯᠡᠰ᠎ᠦᠨ ᠮᠡᠷᠭᠡᠵᠢᠯ᠎ᠦᠨ ᠰᠤᠳᠤᠯᠤᠯ᠎ᠤᠨ ᠬᠦᠷᠢᠶᠡᠯᠡᠩ ᠵᠡᠷᠭᠡ ᠨᠡᠢᠲᠡᠯᠢᠭ ᠴᠢᠨᠠᠷᠲᠠᠢ ᠮᠡᠷᠭᠡᠵᠢᠯ᠎ᠦᠨ ᠲᠠᠪᠴᠠᠩ ᠢ ᠪᠠᠶ᠋ᠢᠭᠤᠯᠬᠤ᠎ᠶᠢ ᠳᠡᠮᠵᠢᠨ᠎ᠡ᠃ ᠣᠷᠣᠨ ᠨᠤᠲᠤᠭ᠎ᠤᠨ ᠬᠢᠨ᠎ᠦ ᠰᠢᠨ᠎ᠡ ᠬᠡᠯᠪᠡᠷᠢ᠎ᠶᠢᠨ ᠰᠤᠳᠤᠯᠤᠨ ᠨᠡᠭᠡᠭᠡᠬᠦ ᠪᠠᠢᠭᠤᠯᠤᠮᠵᠢ᠎ᠶᠢ ᠵᠢᠷᠤᠮᠵᠢᠭᠤᠯᠤᠨ ᠬᠥᠭᠵᠢᠭᠦᠯᠬᠦ᠎ᠶᠢ ᠲᠡᠮᠵᠢᠵᠤ᠂ ᠠᠵᠤ ᠦᠢᠯᠡᠰ᠎ᠲᠦ ᠬᠠᠨᠳᠤᠭᠤᠯᠤᠨ ᠨᠡᠢᠲᠡᠯᠢᠭ ᠴᠢᠨᠠᠷᠲᠠᠢ ᠮᠡᠷᠭᠡᠵᠢᠯ᠎ᠢ ᠰᠤᠳᠤᠯᠤᠨ ᠨᠡᠭᠡᠭᠡᠵᠦ ᠬᠡᠷᠡᠭᠯᠡᠬᠦ᠎ᠶᠢ ᠴᠢᠩᠭᠠᠳᠬᠠᠨ᠎ᠠ᠃
ᠵᠢᠷᠭᠤᠭ᠎ᠠ᠂ ᠭᠦᠨᠵᠡᠭᠡᠢ ᠠᠭᠤᠰᠤᠯᠴᠠᠯ᠎ᠤᠨ ᠰᠠᠢᠨ ᠰᠠᠢᠬᠠᠨ ᠠᠮᠢ ᠠᠬᠤᠢ᠎ᠶᠢ ᠪᠣᠶ ᠪᠣᠯᠭᠠᠨ᠎ᠠ
(ᠠᠷᠪᠠᠨ ᠳᠥᠷᠪᠡ) ᠰᠢᠨ᠎ᠡ᠎ᠶᠢ ᠡᠭᠦᠳᠬᠦ᠎ᠶᠢ ᠤᠷᠮᠠᠰᠢᠭᠤᠯᠬᠤ ᠵᠠᠬ᠎ᠠ ᠳᠡᠯᠭᠡᠭᠦᠷ᠎ᠦᠨ ᠣᠷᠴᠢᠨ ᠨᠥᠬᠥᠴᠡᠯ᠎ᠢ ᠪᠦᠷᠢᠨᠰᠢᠭᠦᠯᠦᠨ᠎ᠡ᠃ ᠰᠢᠨ᠎ᠡ᠎ᠶᠢ ᠡᠭᠦᠳᠬᠦ ᠦᠢᠯᠡᠳᠬᠦᠨ᠎ᠦ ᠵᠠᠬ᠎ᠠ ᠳᠡᠯᠭᠡᠭᠦᠷ᠎ᠲᠦ ᠣᠷᠣᠬᠤ᠎ᠶᠢ ᠬᠦᠯᠢᠶᠡᠰᠦᠯᠡᠵᠤ ᠪᠠᠢᠭ᠎ᠠ ᠵᠦᠢ ᠵᠣᠬᠢᠰ ᠦᠭᠡᠢ ᠳᠦᠷᠢᠮ᠎ᠦᠨ ᠬᠠᠷᠰᠢ ᠰᠠᠭᠠᠳ᠎ᠢ ᠠᠷᠢᠯᠭᠠᠵᠤ᠂ ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠬᠦᠷᠢᠶ᠎ᠠ ᠴᠠᠷᠠᠭ᠎ᠠ᠎ᠳᠦ ᠵᠠᠬ᠎ᠠ ᠳᠡᠯᠭᠡᠭᠦᠷ᠎ᠲᠦ ᠣᠷᠣᠬᠤ ᠵᠢ ᠵᠥᠪᠰᠢᠶᠡᠷᠡᠬᠦ᠎ᠵᠢ ᠠᠭᠤᠵᠢᠭᠤ ᠪᠣᠯᠭᠠᠬᠤ ᠲᠤᠷᠰᠢᠯᠲᠠ ᠵᠢᠨ ᠴᠡᠭ᠎ᠢ ᠥᠷᠨᠢᠭᠦᠯᠵᠦ᠂ ᠠᠮᠠᠯᠳᠠᠬᠰᠠᠨ ᠲᠠᠷᠤᠢ ᠵᠠᠬ᠎ᠠ ᠲᠡᠯᠬᠡᠬᠦᠷ ᠲᠤ᠌ ᠤᠷᠤᠬᠤ ᠵᠢ ᠵᠦᠪᠰᠢᠶᠡᠷᠡᠬᠦ ᠳᠦᠷᠢᠮ᠎ᠢ ᠰᠦᠪᠡᠭᠴᠢᠯᠡᠨ ᠥᠷᠨᠢᠭᠦᠯᠦᠨ᠎ᠡ᠃ ᠰᠢᠨ᠎ᠡ ᠮᠡᠷᠭᠡᠵᠢᠯ᠎ᠦᠨ ᠬᠡᠷᠡᠭᠯᠡᠭᠡᠨ᠎ᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ 《ᠡᠵᠡᠮᠳᠡᠵᠤ ᠪᠤᠯᠬᠤ ᠬᠡᠪᠴᠢᠶᠠᠨ ᠳ᠋ᠡᠬᠢ ᠪᠠᠭᠳᠠᠭᠠᠮᠵᠢᠳᠡᠢ ᠬᠢᠨᠠᠯᠲᠠ ᠬᠠᠮᠢᠶᠠᠷᠤᠯᠲᠠ》 ᠶ᠋ᠢᠨ ᠠᠷᠭ᠎ᠠ ᠮᠠᠶᠢᠭ᠋᠎ᠢ ᠰᠦᠪᠡᠭᠴᠢᠯᠡᠨ᠎ᠡ᠃ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠬᠣᠰᠢᠭᠤᠷᠠᠯ ᠬᠦᠷᠢᠶᠡᠨ᠎ᠦ ᠬᠠᠤᠯᠢ ᠴᠠᠭᠠᠵᠠ ᠬᠠᠤᠯᠢ ᠲᠣᠭᠲᠠᠭᠠᠯ᠎ᠢ ᠪᠦᠷᠢᠨᠰᠢᠭᠦᠯᠬᠦ᠎ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠡᠰᠢ ᠶᠣᠰᠣᠨ᠎ᠤ ᠳᠦᠷᠢᠮ᠎ᠦᠨ ᠵᠢᠷᠤᠮᠵᠢᠯ᠎ᠢ ᠲᠡᠭᠦᠯᠳᠡᠷᠵᠢᠭᠦᠯᠦᠨ᠎ᠡ᠃
(ᠠᠷᠪᠠᠨ ᠲᠠᠪᠤ) ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠬᠠᠮᠠᠭᠠᠯᠠᠯᠲᠠ᠂ ᠬᠡᠷᠡᠭᠯᠡᠯᠲᠡ ᠪᠣᠯᠣᠨ ᠮᠡᠷᠭᠡᠵᠢᠯ᠎ᠦᠨ ᠪᠠᠷᠢᠮᠵᠢᠶ᠎ᠠ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃ ᠬᠤᠳᠠᠯᠳᠤᠭᠠᠨ᠎ᠤ ᠨᠢᠭᠤᠴᠠ ᠪᠠ ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠬᠦᠷᠢᠶ᠎ᠡ ᠴᠠᠷᠠᠭ᠎ᠠ᠎ᠶᠢᠨ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠬᠠᠮᠠᠭᠠᠯᠠᠯᠲᠠ᠎ᠶᠢ ᠴᠢᠩᠭᠠᠳᠬᠠᠵᠤ᠂ ᠠᠵᠤ ᠦᠢᠯᠡᠰ ᠵᠢᠭᠠᠨ ᠰᠤᠷᠭᠠᠯᠳᠡ ᠰᠤᠳᠤᠯᠭᠠᠨ᠎ᠤ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠳᠤᠮᠳᠠ ᠠᠰᠢᠭ᠋ ᠲᠤᠰᠠ᠎ᠶᠢ ᠬᠠᠮᠲᠤ ᠪᠠᠷ ᠭᠥᠷᠳᠡᠬᠦ᠂ ᠲᠦᠭᠰᠢᠭᠦᠷᠢ᠎ᠶᠢ ᠬᠠᠮᠲᠤ ᠪᠠᠷ ᠡᠭᠦᠷᠭᠡᠯᠡᠬᠦ ᠲᠣᠭᠲᠡᠴᠡ᠎ᠶᠢ ᠪᠦᠷᠢᠨᠰᠢᠭᠦᠯᠦᠨ᠎ᠡ᠃ ᠲᠤᠰᠬᠠᠢ ᠠᠰᠢᠭ᠎ᠢ ᠨᠡᠭᠡᠭᠡᠯᠲᠡ ᠲᠠᠢ ᠪᠡᠷ ᠵᠥᠪᠰᠢᠶᠡᠷᠡᠬᠦ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠤᠨ᠎ᠠ᠃ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠵᠦᠢᠯ᠎ᠦᠨ ᠲᠤᠰᠬᠠᠢ ᠠᠰᠢᠭ᠋᠎ᠤᠨ ᠪᠠᠢᠷᠢᠯᠠᠭᠤᠯᠤᠯᠲᠠ᠎ᠶᠢ ᠴᠢᠩᠭᠠᠳᠬᠠᠨ᠎ᠠ᠃ ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠢᠯ᠎ᠦᠨ ᠪᠠᠷᠢᠮᠵᠢᠶ᠎ᠠ᠎ᠶᠢᠨ ᠪᠠᠢᠷᠢᠰᠢᠭᠤᠯᠤᠯᠲᠠ᠎ᠶᠢ ᠴᠢᠩᠭᠠᠳᠬᠠᠵᠤ᠂ ᠪᠠᠷᠢᠮᠵᠢᠶ᠎ᠠ᠎ᠶᠢᠨ ᠰᠤᠳᠤᠯᠭᠠᠨ᠎ᠤ ᠡᠭᠦᠷᠭᠡ ᠪᠠ ᠰᠢᠯᠭᠠᠨ ᠬᠢᠨᠠᠬᠤ ᠬᠠᠷᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠪᠠᠢᠷᠢᠯᠠᠭᠤᠯᠤᠨ᠎ᠠ᠃ ᠬᠣᠰᠢᠭᠤᠷᠠᠯ ᠬᠦᠷᠢᠶᠡᠨ᠎ᠳᠡᠬᠢ ᠤᠯᠤᠰ᠎ᠤᠨ ᠪᠠᠷᠢᠮᠵᠢᠶ᠎ᠠ᠂ ᠤᠯᠠᠨ ᠤᠯᠤᠰ᠎ᠤᠨ ᠪᠠᠷᠢᠮᠵᠢᠶ᠎ᠠ᠎ᠶᠢ ᠰᠤᠳᠤᠯᠤᠨ ᠦᠢᠯᠡᠳᠬᠦ ᠪᠠ ᠤᠷᠢᠳᠴᠢᠯᠠᠨ ᠪᠠᠷᠢᠮᠵᠢᠶᠠᠯᠠᠬᠤ ᠰᠤᠳᠤᠯᠭᠠᠨ᠎ᠢ ᠪᠦᠬᠦ ᠲᠠᠯ᠎ᠠ᠎ᠪᠠᠷ ᠴᠢᠩᠭᠠᠳᠬᠠᠨ᠎ᠠ᠃ ᠠᠵᠤ ᠠᠬᠤᠢᠯᠠᠯ᠎ᠤᠨ ᠪᠠᠷᠢᠮᠵᠢᠶ᠎ᠠ᠂ ᠪᠦᠯᠬᠦᠮ᠎ᠦᠨ ᠪᠠᠷᠢᠮᠵᠢᠶ᠎ᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠤᠨ᠎ᠠ᠃
(ᠠᠷᠪᠠᠨ ᠵᠢᠷᠭᠤᠭ᠎ᠠ) ᠰᠢᠨ᠎ᠡ᠎ᠶᠢ ᠡᠭᠦᠳᠬᠦ᠎ᠶᠢ ᠤᠷᠮᠠᠰᠢᠭᠤᠯᠬᠤ ᠪᠠ ᠦᠨᠡᠯᠡᠬᠦ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠦᠨ᠎ᠡ᠃ ᠰᠢᠨ᠎ᠡ᠎ᠶᠢ ᠡᠭᠦᠳᠬᠦ ᠠᠵᠢᠯᠯᠠᠭ᠎ᠠ᠎ᠶᠢᠨ ᠪᠦᠬᠦ ᠬᠡᠯᠬᠢᠶᠡᠨ᠎ᠦ ᠲᠦᠷᠦ᠎ᠶᠢᠨ ᠪᠣᠳᠣᠯᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠭᠠᠢᠯᠢ ᠵᠢᠨ ᠬᠠᠷᠠᠭᠠᠯᠵᠠᠯ ᠦᠵᠡᠬᠦᠯᠬᠦ ᠵᠡᠷᠭᠡ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ᠂ ᠦᠢᠯᠡᠰ ᠪᠤᠰᠬᠠᠬᠤ ᠪᠡᠯᠡ ᠣᠷᠣᠭᠤᠯᠤᠯᠲᠠ ᠵᠡᠷᠭᠡ ᠲᠠᠯ᠎ᠠ᠎ᠪᠠᠷ ᠬᠢ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠪᠠ ᠬᠠᠷᠢᠭᠤᠴᠠᠯᠭ᠎ᠠ ᠵᠢ ᠬᠡᠯᠲᠦᠷᠢᠭᠦᠯᠬᠦ ᠲᠣᠭᠲᠡᠴᠡ᠎ᠶᠢ ᠪᠦᠷᠢᠨᠰᠢᠭᠦᠯᠵᠦ᠂ ᠬᠣᠷᠢᠭ᠎ᠠ ᠴᠠᠭᠠᠵᠠ᠎ᠲᠠᠢ ᠵᠦᠢᠯᠡᠰ᠎ᠦᠨ ᠨᠠᠷᠢᠨ ᠲᠠᠩᠰᠠ᠎ᠶᠢ ᠰᠦᠪᠡᠭᠴᠢᠯᠡᠨ ᠪᠠᠢᠭᠤᠯᠤᠨ᠎ᠠ᠃ ᠠᠵᠤ ᠦᠢᠯᠡᠰ ᠵᠢᠭᠠᠨ ᠰᠤᠷᠭᠠᠯᠳᠡ ᠰᠤᠳᠤᠯᠭᠠᠨ᠎ᠤ ᠬᠠᠮᠳᠤᠷᠠᠯᠴᠠᠭ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠬᠤ ᠦᠷ᠎ᠡ ᠪᠦᠲᠦᠮᠵᠢ ᠵᠡᠷᠭᠡ᠎ᠶᠢ ᠥᠨᠳᠥᠷ ᠲᠦᠪᠰᠢᠨ ᠪᠦᠬᠦᠢ ᠰᠤᠳᠤᠯᠭᠠᠨ᠎ᠤ ᠬᠡᠯᠪᠡᠷᠢ᠎ᠶᠢᠨ ᠶᠡᠬᠡ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠢ ᠦᠨᠡᠯᠡᠬᠦ ᠪᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ᠎ᠢ ᠦᠨᠡᠯᠡᠬᠦ ᠴᠢᠬᠤᠯᠠ ᠠᠭᠤᠯᠭ᠎ᠠ ᠪᠣᠯᠭᠠᠨ᠎ᠠ᠃
ᠳᠣᠯᠣᠭ᠎ᠠ᠂ ᠭᠦᠨᠵᠡᠭᠡᠢ ᠠᠭᠤᠰᠤᠯᠴᠠᠯ᠎ᠤᠨ ᠬᠥᠭᠵᠢᠯᠲᠡ᠎ᠶᠢᠨ ᠣᠷᠣᠨ ᠵᠠᠢ᠎ᠶᠢ ᠥᠷᠭᠡᠳᠬᠡᠨ᠎ᠡ
(ᠠᠷᠪᠠᠨ ᠳᠣᠯᠣᠭ᠎ᠠ) ᠣᠷᠣᠨ ᠨᠤᠲᠤᠭ᠎ᠤᠨ ᠭᠦᠨᠵᠡᠭᠡᠢ ᠠᠭᠤᠰᠤᠯᠴᠠᠯ᠎ᠤᠨ ᠤᠷᠢᠳ᠎ᠢᠶᠡᠷ ᠬᠡᠷᠡᠭᠵᠢᠭᠦᠯᠵᠦ ᠤᠷᠢᠳ᠎ᠢᠶᠡᠷ ᠲᠤᠷᠰᠢᠬᠤ᠎ᠶᠢ ᠳᠡᠮᠵᠢᠨ᠎ᠡ᠃ ᠣᠷᠣᠨ ᠨᠤᠲᠤᠭ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ᠎ᠦᠨ ᠪᠠᠢᠷᠢᠰᠢᠯ᠎ᠤᠨ ᠬᠣᠷᠸ᠎ᠠ ᠵᠢᠯᠣᠭᠣᠳᠤᠯᠭ᠎ᠠ᠎ᠶᠢ ᠴᠢᠩᠭᠠᠳᠬᠠᠵᠤ᠂ ᠡᠯ᠎ᠡ ᠭᠠᠵᠠᠷ᠎ᠤᠨ ᠬᠢᠨ᠎ᠦ ᠤᠤᠭᠠᠯ ᠳᠠᠪᠠᠭᠤᠯᠢᠭ᠋᠎ᠲᠠᠭᠠᠨ ᠰᠠᠭᠤᠷᠢᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠪᠠᠭᠤᠯᠢᠭ᠋ ᠲᠠᠯ᠎ᠠ ᠪᠠ ᠠᠵᠤ ᠦᠢᠯᠡᠰ᠎ᠦᠨ ᠣᠨᠴᠠᠯᠢᠭ᠋᠎ᠢᠶᠠᠨ ᠳᠠᠪᠲᠠᠨ ᠪᠣᠯᠪᠠᠰᠤᠷᠠᠭᠤᠯᠬᠤ᠎ᠶᠢ ᠬᠥᠲᠥᠯᠥᠨ ᠵᠢᠯᠣᠭᠣᠳᠤᠨ᠎ᠠ᠃ ᠲᠥᠪ ᠪᠠ ᠣᠷᠣᠨ ᠨᠤᠲᠤᠭ᠎ᠤᠨ ᠬᠠᠮᠵᠢᠯᠴᠠᠭ᠎ᠠ᠎ᠶᠢ ᠴᠢᠩᠭᠠᠳᠬᠠᠵᠤ᠂ ᠲᠥᠪ ᠪᠠ ᠣᠷᠣᠨ ᠨᠤᠲᠤᠭ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠶᠢ ᠬᠠᠮᠲᠤ᠎ᠪᠠᠷ ᠡᠭᠦᠷᠭᠡᠯᠡᠬᠦ᠂ ᠴᠢᠬᠤᠯᠠ ᠶᠡᠬᠡ ᠡᠭᠦᠷᠭᠡ᠎ᠶᠢ ᠬᠣᠯᠪᠣᠭᠠᠯᠠᠨ ᠬᠦᠳᠡᠯᠦᠯᠴᠡᠵᠤ ᠬᠡᠷᠡᠭᠵᠢᠭᠦᠯᠬᠦ ᠲᠣᠭᠲᠡᠴᠡ᠎ᠶᠢ ᠪᠦᠷᠢᠨᠰᠢᠭᠦᠯᠦᠨ᠎ᠡ᠃ ᠣᠷᠣᠨ ᠪᠦᠰᠡ᠎ᠶᠢᠨ ᠰᠢᠨ᠎ᠡ᠎ᠶᠢ ᠡᠭᠦᠳᠬᠦ ᠰᠢᠰᠲᠧᠮ᠎ᠢ ᠲᠡᠭᠦᠯᠳᠡᠷᠵᠢᠭᠦᠯᠵᠦ᠂ ᠣᠷᠣᠨ ᠪᠦᠰᠡ ᠠᠯᠤᠰᠯᠠᠨ ᠬᠠᠮᠵᠢᠯᠴᠠᠵᠤ ᠰᠢᠨ᠎ᠡ᠎ᠶᠢ ᠡᠭᠦᠳᠬᠦ᠎ᠶᠢ ᠴᠢᠩᠭᠠᠳᠬᠠᠨ᠎ᠠ᠃ ᠡᠯ᠎ᠡ ᠲᠦᠷᠦᠯ᠎ᠦᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ ᠴᠢᠳᠠᠮᠵᠢᠲᠤ ᠣᠷᠣᠨ᠎ᠢ ᠨᠢᠭᠡᠳᠦᠯᠲᠡᠢ ᠲᠥᠯᠥᠪᠵᠢᠬᠦᠯᠦᠨ ᠬᠥᠭᠵᠢᠭᠦᠯᠵᠦ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠳᠠ ᠵᠢᠨ ᠲᠤᠭᠤᠷᠢᠭ᠂ ᠤᠯᠤᠰ᠎ᠤᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠵᠢᠱ᠌ᠢᠶ᠎ᠡ ᠦᠵᠡᠭᠦᠯᠬᠦ ᠣᠷᠣᠨ ᠵᠡᠷᠭᠡ᠎ᠳᠦ ᠲᠦᠷᠦ᠎ᠶᠢᠨ ᠪᠣᠳᠣᠯᠭ᠎ᠠ᠎ᠶᠢᠨ ᠤᠷᠢᠳ᠎ᠢᠶᠠᠷ ᠬᠡᠷᠡᠭᠵᠢᠭᠦᠯᠵᠦ ᠤᠷᠢᠳ᠎ᠢᠶᠠᠷ ᠲᠤᠷᠰᠢᠬᠤ ᠠᠵᠢᠯ ᠥᠷᠨᠢᠭᠦᠯᠬᠦ᠎ᠶᠢ ᠠᠬᠢᠭᠤᠯᠤᠨ᠎ᠠ᠃ ᠤᠯᠠᠨ ᠤᠯᠤᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠂ ᠣᠷᠣᠨ ᠪᠦᠰᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ ᠪᠠ ᠨᠥᠬᠥᠴᠡᠯ᠎ᠲᠠᠢ ᠭᠠᠵᠠᠷ ᠣᠷᠣᠨ᠎ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭᠢᠥᠷᠨᠢᠭᠦᠯᠬᠦᠶᠢ ᠠᠬᠢᠭᠤᠯᠵᠤ᠂ ᠠᠵᠤ ᠦᠢᠯᠡᠰ᠎ᠦᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠲᠤᠰᠬᠠᠢ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠰᠢᠨ᠎ᠡ᠎ᠶᠢ ᠡᠭᠦᠳᠬᠦ ᠬᠤᠳᠠ᠎ᠶᠢ ᠪᠦᠲᠦᠭᠡᠨ ᠪᠠᠢᠭᠤᠯᠵᠤ᠂ ᠠᠩᠬᠠᠨ᠎ᠤ ᠰᠢᠨ᠎ᠡ᠎ᠶᠢ ᠡᠭᠦᠳᠬᠦ ᠭᠣᠯᠣᠮᠲᠠ ᠵᠢᠨ ᠤᠷᠤᠨ᠎ᠢ ᠪᠠᠢᠭᠤᠯᠤᠨ᠎ᠠ᠃
ᠨᠠᠢ᠍ᠮᠠ᠂ ᠵᠣᠬᠢᠶᠠᠨ ᠪᠠᠢᠭᠤᠯᠵᠤ ᠬᠡᠷᠡᠭᠵᠢᠭᠦᠯᠬᠦ᠎ᠶᠢ ᠴᠢᠩᠭᠠᠳᠬᠠᠨ᠎ᠠ
ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠤᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠲᠣᠰ ᠰᠠᠨᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 21 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃