ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-11-04 11:08:21

ᠵᠣᠬᠢᠶᠠᠭ᠍ᠴᠢ᠄ ᠳᠡᠯᠭᠡᠷᠬᠦᠦ ᠣᠩᠱᠢᠭ᠍ᠰᠠᠨ ᠣᠳᠠᠭ᠎ᠠ᠄ 3

ᠤᠢᠷ᠎ᠠ᠎ᠶᠢᠨ ᠡᠳᠦᠷ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶᠢᠨ ᠰᠠᠭᠤᠷᠢ ᠮᠥᠩᠭᠥ᠎ᠶᠢᠨ ᠪᠠᠶ᠋ᠢᠷᠢᠰᠢᠭᠤᠯᠤᠯᠲᠠ᠎ᠶᠢᠨ ᠲᠥᠯᠥᠪᠵᠢᠭᠦᠯᠭᠡ ᠪᠠ ᠣᠷᠣᠭᠤᠯᠤᠯᠲᠠ᠎ᠶᠢᠨ ᠬᠠᠨᠳᠤᠰᠢ᠎ᠶᠢᠨ ᠵᠢᠯᠣᠭᠣᠳᠣᠯᠭ᠎ᠠ᠎ᠶᠢ ᠴᠢᠩᠭᠠᠳᠬᠠᠬᠤ᠎ᠶᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠰᠢᠨᠵᠢᠯᠡᠬᠦ᠌ ᠤᠬᠠᠭᠠᠨ  ᠲᠸᠭᠨᠢᠭ ᠮᠡᠷᠭᠡᠵᠢᠯ᠂ ᠲᠠᠷᠢᠶᠠᠯᠠᠩ ᠮᠠᠯ ᠠᠵᠤ ᠠᠬᠤᠶ᠂ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠲᠡᠶ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶᠢᠨ ᠰᠠᠭᠤᠷᠢ ᠮᠥᠩᠭᠥ᠎ᠶᠢᠨ ᠭᠤᠤᠯᠳᠠᠯᠭ᠎ᠠ᠎ᠲᠠᠶ ᠪᠠᠯᠠ ᠣᠷᠣᠭᠤᠯᠤᠯᠲᠠ᠎ᠶᠢᠨ ᠬᠦᠷᠢᠶᠡᠨ᠎ᠦ ᠨᠠᠷᠢᠨ ᠲᠠᠩᠰᠠ》 (ᠳᠣᠷᠣᠭᠰᠢ 《ᠨᠠᠷᠢᠨ ᠲᠠᠩᠰᠠ》 ᠭᠡᠵᠦ᠍ ᠲᠣᠪᠴᠢᠯᠠᠨ᠎ᠠ) ᠶ᠋ᠢ ᠨᠠᠶ᠋ᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠵᠠᠢ᠃

《ᠨᠠᠷᠢᠨ ᠲᠠᠩᠰᠠ》 ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠬᠤ᠎ᠶᠢᠨ ᠲᠣᠭᠣᠷᠢᠨ᠎ᠳᠤ᠂ ᠤᠯᠠᠮᠵᠢᠯᠠᠯᠲᠤ᠌ ᠠᠵᠤ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ᠌᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠬᠦᠭᠵᠢᠬᠦᠯᠦᠨ ᠪᠤᠵᠠᠭᠠᠶ᠋ᠢᠷᠠᠭᠤᠯᠬᠤ᠂ ᠢᠷᠡᠭᠡᠳᠦᠶ᠎ᠶᠢᠨ ᠠᠵᠤ ᠦᠢᠯᠡᠰ᠎ᠦᠨ ᠠᠯᠤᠰ ᠬᠡᠲᠦ᠎ᠶᠢᠨ ᠪᠠᠶ᠋ᠢᠷᠢᠰᠢᠭᠤᠯᠤᠯᠲᠠ᠎ᠳᠤ ᠬᠦᠴᠦᠨ ᠨᠡᠮᠡᠷᠢᠯᠡᠵᠦ᠍᠂ ᠥᠪᠥᠷ ᠮᠣᠩᠭᠣᠯ᠎ᠤᠨ ᠣᠨᠴᠠᠯᠢᠭᠳᠤ ᠳᠠᠪᠠᠭᠤᠯᠢᠭ᠎ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ᠎ᠢ ᠪᠠᠶ᠋ᠢᠭᠤᠯᠤᠨ᠎ᠠ᠃ 《ᠨᠠᠷᠢᠨ ᠲᠠᠩᠰᠠ》 ᠳ᠋ᠤ ᠨᠡᠶ᠋ᠢᠲᠡ 6 ᠲᠥᠷᠥᠯ᠂ 29 ᠶᠡᠬᠡ ᠲᠥᠷᠥᠯ᠂ 79 ᠪᠣᠳᠠᠲᠠᠶ ᠪᠠᠯᠠ ᠣᠷᠣᠭᠤᠯᠤᠯᠲᠠ᠎ᠶᠢᠨ ᠬᠦᠷᠢᠶ᠎ᠡ᠎ᠶᠢ ᠵᠢᠭᠰᠠᠭᠠᠵᠠᠢ᠃

ᠮᠠᠯ ᠠᠵᠤ ᠠᠬᠤᠶ ᠲᠠᠷᠢᠶᠠᠯᠠᠩ᠎ᠤᠨ ᠦᠷ᠎ᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠂ ᠣᠶᠤᠨᠴᠢ ᠮᠠᠯ ᠠᠵᠤ ᠠᠬᠤᠶ ᠲᠠᠷᠢᠶᠠᠯᠠᠩ᠂ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ᠌᠂ ᠣᠲᠣ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠰᠢᠨ᠎ᠡ ᠬᠡᠯᠪᠡᠷᠢ᠎ᠶᠢᠨ ᠪᠣᠬᠢᠷᠲᠤᠯ ᠥᠬᠡᠶ ᠪᠠᠷᠢᠯᠭ᠎ᠠ᠎ᠶᠢᠨ ᠮᠠᠲ᠋ᠧᠷᠢᠶᠠᠯ ᠵᠡᠷᠭᠡ ᠤᠯᠠᠮᠵᠢᠯᠠᠯᠲᠤ᠌ ᠠᠵᠤ ᠦᠢᠯᠡᠰ᠎ᠢ ᠥᠭᠡᠷᠡᠴᠢᠯᠡᠨ ᠲᠠᠰ ᠳᠡᠪᠰᠢᠭᠦᠯᠬᠦ᠌ ᠬᠦᠷᠢᠶ᠎ᠡ ᠴᠠᠷᠠᠭ᠎ᠠ᠂ ᠰᠢᠨ᠎ᠡ ᠨᠢᠭᠡ ᠦᠶ᠎ᠡ᠎ᠶᠢᠨ ᠬᠠᠭᠠᠰ ᠳᠠᠮᠵᠢᠭᠤᠯᠤᠭᠴᠢ ᠮᠠᠲ᠋ᠧᠷᠢᠶᠠᠯ᠂ ᠬᠣᠪᠣᠷ ᠰᠢᠷᠣᠶ᠎ᠶᠢᠨ ᠰᠢᠨ᠎ᠡ ᠮᠠᠲ᠋ᠧᠷᠢᠶᠠᠯ᠂ ᠲᠡᠷᠢᠭᠦᠨ᠎ᠦ ᠦᠢᠯᠡᠳᠬᠡᠯ᠎ᠤᠨ ᠲᠣᠨᠣᠬᠯᠠᠯ᠂ ᠲᠡᠷᠢᠭᠦᠨ᠎ᠦ ᠡᠨᠧᠷᠭᠢ ᠠᠷᠪᠢᠯᠡᠨ ᠣᠷᠴᠢᠨ ᠲᠣᠭᠣᠷᠢᠨ᠎ᠢ ᠬᠠᠮᠠᠭᠠᠯᠠᠬᠤ ᠲᠣᠨᠣᠬᠯᠠᠯ᠂ ᠤᠢᠷ᠎ᠠ ᠤᠬᠳᠠᠷᠭᠤᠢ᠎ᠶᠢᠨ ᠲᠣᠨᠤᠬᠯᠠᠯ ᠦᠢᠯᠡᠳᠬᠦ᠌᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠪᠤᠳᠤᠯᠳᠡ᠎ᠶᠢᠨ ᠬᠦᠴᠦᠨ᠎ᠤ ᠦᠢᠯᠡᠴᠢᠯᠡᠭᠡ ᠵᠡᠷᠭᠡ ᠰᠢᠨ᠎ᠡ᠎ᠪᠡᠷ ᠪᠣᠶ ᠪᠣᠯᠤᠭᠰᠠᠨ ᠠᠵᠤ ᠦᠢᠯᠡᠰ᠂ ᠢᠷᠡᠭᠡᠳᠦᠶ᠎ᠶᠢᠨ ᠢᠳᠡᠭᠡᠨ᠂ ᠶᠡᠭᠡ ᠲᠠᠷᠢᠬᠢ ᠪᠠ ᠮᠠᠰᠢᠨ᠎ᠤ ᠵᠠᠯᠭᠠᠰᠤ᠂ ᠺᠸᠠᠨ᠋ᠲ ᠎ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠢᠷᠡᠭᠡᠳᠦᠶ᠎ᠶᠢᠨ ᠠᠵᠤ ᠦᠢᠯᠡᠰ ᠵᠢᠴᠢ ᠰᠢᠨ᠎ᠡ ᠬᠡᠯᠪᠡᠷᠢ᠎ᠶᠢᠨ ᠬᠢᠮᠢ᠎ᠶᠢᠨ ᠠᠵᠤ ᠦᠢᠯᠡᠳᠪᠦᠷᠢ᠂ ᠨᠡᠮᠡᠯᠲᠡ ᠮᠠᠲ᠋ᠧᠷᠢᠶᠠᠯ ᠦᠢᠯᠡᠳᠬᠦ᠌᠂  《ᠵᠣᠬᠢᠶᠠᠮᠠᠯ ᠣᠶᠤᠨ ᠴᠢᠳᠠᠪᠤᠷᠢ +》 ᠪᠤᠯᠤᠨ ᠪᠤᠳᠤᠯᠳᠡ᠎ᠶᠢᠨ ᠬᠦᠴᠦᠨ ᠪᠠ ᠴᠠᠬᠢᠯᠭᠠᠨ᠎ᠤ ᠬᠠᠮᠵᠢᠯᠴᠠᠭ᠎ᠠ᠂ ᠠᠮᠢᠳᠤ ᠪᠤᠳᠠᠰ᠎ᠤᠨ ᠦᠢᠯᠡᠳᠬᠡᠯ ᠵᠡᠷᠬᠡ ᠬᠦᠷᠢᠶᠠᠨ᠎ᠤ ᠰᠢᠨᠵᠢᠯᠡᠬᠦ ᠤᠬᠠᠭᠠᠨ᠎ᠤ ᠪᠤᠭᠤᠮᠳᠡ ᠰᠢᠪᠳᠤᠯᠤᠯᠳᠡ᠎ᠵᠢ ᠬᠠᠮᠤᠷᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面