2026-11-13 11:33:37
ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ᠋ ᠬᠥᠭᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯ ᠬᠠᠮᠲᠤᠷᠠᠨ ᠤᠢᠷ᠎ᠠ ᠳ᠋ᠤ《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠴᠠᠭ ᠠᠭᠤᠷ ᠤ᠋ᠨ ᠬᠥᠭᠵᠢᠯᠲᠡ ᠢ᠋ᠢᠨ ᠲᠥᠯᠥᠪᠵᠢᠭᠦᠯᠭᠡ》 ᠢ᠋ᠢ ᠳᠠᠷᠤᠮᠠᠯᠯᠠᠨ ᠲᠠᠷᠬᠠᠭᠠᠪᠠ᠃
《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 〈ᠠᠷᠪᠠᠨ ᠲᠠᠪᠤᠳᠤᠭᠠᠷ ᠲᠠᠪᠤᠨ ᠵᠢᠯ〉ᠤ᠋ᠨ ᠴᠠᠭ ᠠᠭᠤᠷ ᠤ᠋ᠨ ᠬᠥᠭᠵᠢᠯᠲᠡ ᠢ᠋ᠢᠨ ᠲᠥᠯᠥᠪᠵᠢᠭᠦᠯᠭᠡ》 ᠳ᠋ᠤ᠂ 2030 ᠣᠨ ᠪᠤᠯᠲᠠᠯ᠎ᠠ ᠴᠠᠭ ᠠᠭᠤᠷ ᠤ᠋ᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠢ᠋ᠢ ᠡᠭᠦᠳᠬᠦ᠌᠂ ᠲᠤᠬᠠᠶ᠋ᠢᠯᠠᠭᠰᠠᠨ ᠠᠵᠢᠯ᠂ ᠦᠢᠯᠡᠴᠢᠯᠡᠭᠡ ᠪᠠ ᠵᠠᠰᠠᠯᠲᠠ ᠵᠡᠷᠭᠡ 4 ᠶᠡᠬᠡ ᠰᠢᠰᠲ᠋ᠧᠮ ᠢ᠋ ᠪᠦᠷᠢᠨᠰᠢᠭᠦᠯᠦᠨ᠎ᠡ᠃ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠢ᠋ᠢ ᠡᠭᠦᠳᠬᠦ᠌ ᠪᠠ ᠳᠡᠭᠡᠳᠦ ᠳᠡᠰ ᠳᠠᠪᠬᠤᠷᠭ᠎ᠠ ᠢ᠋ᠢᠨ ᠴᠢᠳᠠᠪᠤᠷᠢᠲᠠᠨ ᠤ᠋ ᠡᠩᠨᠡᠭᠡᠨ ᠤ᠋ ᠪᠠᠶ᠋ᠢᠭᠤᠯᠤᠯᠲᠠ ᠢ᠋ᠢ ᠰᠢᠪᠲᠤᠯᠤᠯᠲᠠ ᠲᠠᠢ ᠪᠤᠯᠭᠠᠨ᠎ᠠ; ᠨᠠᠷᠢᠯᠢᠭ ᠬᠢᠨᠠᠨ ᠬᠡᠮᠵᠢᠯᠲᠡ ᠢ᠋ᠢᠨ 《ᠨᠢᠭᠡ ᠰᠦᠯᠵᠢᠶ᠎ᠡ》ᠢ᠋ᠢ ᠪᠠᠶ᠋ᠢᠭᠤᠯᠵᠤ᠂ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠣᠨᠣᠪᠴᠢ ᠢ᠋ᠢᠨ ᠬᠡᠮᠵᠢᠶ᠎ᠡ ᠪᠤᠯᠤᠨ ᠴᠠᠭᠲᠤ᠌ ᠴᠢᠨᠠᠷ ᠢ᠋ ᠪᠥᠬᠥ᠌ ᠲᠠᠯ᠎ᠠ ᠪᠡᠷ ᠳᠡᠭᠡᠭᠰᠢᠯᠡᠭᠦᠯᠵᠦ᠍᠂ ᠲᠣᠭᠠᠴᠢᠯᠠᠭᠰᠠᠨ ᠰᠠᠭᠤᠷᠢ ᠲᠥᠬᠥᠭᠡᠷᠦᠮᠵᠢ ᠢ᠋ᠢᠨ ᠲᠤᠯᠭᠠᠭᠤᠷᠢᠯᠠᠯ ᠢ᠋ ᠨᠠᠩ ᠬᠦᠴᠦᠲᠡᠶ ᠪᠣᠯᠭᠠᠨ᠎ᠠ; ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠬᠦ᠌ ᠰᠢᠰᠲ᠋ᠧᠮ ᠢ᠋ ᠤᠯᠠᠮ ᠪᠠᠲᠤᠵᠢᠭᠤᠯᠵᠤ᠂ ᠴᠠᠭ ᠠᠭᠤᠷ ᠤ᠋ᠨ ᠬᠠᠤᠯᠢ ᠲᠣᠭᠲᠠᠭᠠᠯ ᠤ᠋ᠨ ᠪᠠᠷᠢᠮᠵᠢᠶ᠎ᠠ ᠢ᠋ᠢᠨ ᠰᠢᠰᠲ᠋ᠧᠮ ᠢ᠋ ᠤᠯᠠᠮ ᠪᠦᠷᠢᠨᠰᠢᠬᠥᠯᠤᠨ᠂ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠵᠦ᠍᠂ ᠣᠷᠣᠨ ᠪᠦᠰᠡ ᠬᠠᠮᠵᠢᠯᠴᠠᠭᠰᠠᠨ ᠪᠠᠶ᠋ᠢᠷᠢᠰᠢᠯ ᠢ᠋ ᠪᠦᠬᠥ᠌ ᠲᠠᠯ᠎ᠠ ᠪᠡᠷ ᠪᠤᠢ ᠪᠣᠯᠭᠠᠵᠤ᠂ ᠠᠵᠢᠯ ᠲᠦᠷᠤᠯ ᠤ᠋ᠨ ᠵᠠᠰᠠᠯᠲᠠ ᠢ᠋ᠢ ᠰᠢᠨ᠎ᠡ ᠳᠡᠭᠲᠡᠷ ᠲᠤ᠌ ᠭᠠᠷᠭᠠᠨ᠎ᠠ; ᠣᠨᠴᠠᠭᠠᠶ ᠴᠠᠭ ᠠᠭᠤᠷ ᠢ᠋ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠲᠦᠭᠰᠢᠭᠦᠷᠢ ᠢ᠋ᠢ ᠠᠷᠭᠠᠴᠠᠭᠠᠬᠤ᠂ ᠬᠥᠮᠦᠨ ᠤ᠋ ᠬᠦᠴᠦ ᠪᠡᠷ ᠴᠠᠭ ᠠᠭᠤᠷ ᠢ᠋ ᠨᠥᠯᠥᠭᠡᠯᠡᠬᠦ᠌ ᠵᠢᠴᠢ ᠠᠮᠢ ᠠᠬᠤᠶ ᠢ᠋ᠢᠨ ᠪᠣᠯᠪᠠᠰᠤᠨ᠂ ᠮᠠᠯ ᠠᠵᠤ ᠠᠬᠤᠶ ᠲᠠᠷᠢᠶᠠᠯᠠᠩ ᠪᠠ ᠠᠭᠤᠷ ᠠᠮᠢᠰᠬᠤᠯ ᠤ᠋ᠨ ᠡᠬᠢ ᠪᠠᠶᠠᠯᠢᠭ ᠢ᠋ ᠨᠡᠭᠡᠭᠡᠨ ᠠᠰᠢᠭᠯᠠᠬᠤ ᠴᠠᠭ ᠠᠭᠤᠷ ᠤ᠋ᠨ ᠦᠢᠯᠡᠴᠢᠯᠡᠭᠡ ᠵᠡᠷᠭᠡ ᠬᠦᠷᠢᠶᠡᠨ ᠳ᠋ᠤ ᠪᠥᠬᠥ᠌ ᠤᠯᠤᠰ ᠤ᠋ᠨ ᠴᠠᠭ ᠠᠭᠤᠷ ᠤ᠋ᠨ ᠴᠢᠨᠠᠷ ᠰᠠᠶ᠋ᠢᠲᠠᠶ ᠬᠥᠭᠵᠢᠯᠲᠡ ᠢ᠋ᠢᠨ ᠰᠢᠨ᠎ᠡ ᠢ᠋ᠢ ᠡᠭᠦᠳᠬᠦ᠌ ᠦᠢᠯᠡᠳᠦᠯᠭᠡ ᠢ᠋ᠢ ᠪᠦᠷᠢᠯᠳᠦᠭᠦᠯᠵᠦ᠍᠂ ᠴᠠᠭ ᠠᠭᠤᠷ ᠤ᠋ᠨ ᠶᠡᠷᠦᠩᠬᠡᠶ᠋ᠢᠯᠡᠭᠰᠡᠨ ᠪᠣᠳᠠᠲᠤ᠌ ᠬᠦᠴᠦᠨ ᠢ᠋ ᠮᠠᠨ ᠤ᠋ ᠤᠯᠤᠰ ᠤ᠋ᠨ ᠪᠠᠷᠠᠭᠤᠨ ᠣᠷᠣᠨ ᠤ᠋ ᠡᠮᠦᠨ᠎ᠡ ᠡᠩᠨᠡᠭᠡᠨ ᠳ᠋ᠤ ᠣᠷᠣᠭᠤᠯᠤᠨ᠎ᠠ ᠭᠡᠵᠤ ᠳᠤᠷᠠᠳᠴᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃