ᠲᠡᠷᠢᠭᠦᠨ ᠨᠢᠭᠤᠷ>ᠴᠠᠭ ᠲᠦᠷᠦ>ᠳᠦᠷᠢᠮ ᠲᠣᠭᠲᠠᠭᠠᠯ

2026-11-17 12:19:37

ᠵᠣᠬᠢᠶᠠᠭ᠍ᠴᠢ᠄ ᠳᠡᠯᠭᠡᠷᠬᠦᠦ ᠣᠩᠱᠢᠭ᠍ᠰᠠᠨ ᠣᠳᠠᠭ᠎ᠠ᠄ 3

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠡᠭᠡᠯᠲᠡ᠎ᠶᠢᠨ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ᠎ᠶᠢᠨ ᠬᠠᠮᠢᠶᠠᠷᠤᠯᠲᠠ᠎ᠶᠢᠨ ᠳᠦᠷᠢᠮ (ᠲᠥᠰᠦᠯ)》 (ᠲᠤᠷᠤᠭᠰᠢ 《ᠲᠦᠷᠢᠮ》 ᠬᠡᠵᠦ ᠲᠤᠪᠴᠢᠯᠠᠨ᠎ᠠ) ᠤ᠋ᠨ ᠬᠠᠤᠯᠢ ᠲᠣᠭᠲᠠᠭᠠᠬᠤ ᠠᠵᠢᠯ᠎ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠠᠤᠯᠢ ᠲᠣᠭᠲᠠᠭᠠᠬᠤ ᠶᠠᠰᠤ ᠴᠢᠨᠠᠷ᠎ᠢ ᠳᠡᠭᠡᠭᠰᠢᠯᠡᠭᠦᠯᠬᠦ᠌᠎ᠶᠢᠨ ᠲᠦᠯᠦᠬᠡ᠂  ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠢᠩᠬᠢᠮ ᠎ᠦᠨ ᠬᠠᠤᠯᠢ ᠴᠠᠭᠠᠵᠠ᠎ᠶᠢᠨ ᠲᠢᠩᠬᠢᠮ᠎ᠲᠡᠶ ᠬᠠᠮᠲᠤᠷᠠᠨ 《ᠳᠦᠷᠢᠮ》 ᠦ᠋ᠨ  ᠬᠠᠤᠯᠢ  ᠲᠣᠭᠲᠠᠭᠠᠬᠤ  ᠨᠤᠲᠠᠯᠠᠯᠲᠠ᠎ᠶᠢᠨ ᠬᠤᠷᠠᠯ᠎ᠢ ᠤᠢᠷ᠎ᠠ᠎ᠶᠢᠨ ᠡᠳᠦᠷ ᠵᠣᠬᠢᠶᠠᠨ ᠪᠠᠶ᠋ᠢᠭᠤᠯᠤᠨ ᠬᠤᠷᠠᠯᠳᠤᠭᠤᠯᠵᠠᠢ᠃ ᠬᠤᠷᠠᠯ᠎ᠠᠴᠠ ᠬᠠᠤᠯᠢ᠎ᠶᠢᠨ ᠤᠬᠠᠭᠠᠨ᠎ᠤ ᠬᠦᠷᠢᠶ᠎ᠡ ᠪᠣᠯᠤᠨ ᠨᠡᠭᠡᠭᠡᠯᠲᠡ᠎ᠶᠢᠨ ᠣᠷᠣᠨ᠎ᠤ ᠬᠠᠮᠢᠶᠠᠷᠤᠯᠲᠠ᠎ᠶᠢᠨ ᠲᠤᠰᠬᠠᠶ ᠮᠡᠷᠭᠡᠵᠢᠯᠲᠡᠨ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠠᠮᠢᠶ᠎ᠠ ᠪᠥᠬᠥᠶ ᠲᠤᠰᠬᠠᠶ ᠵᠥᠪᠯᠡᠯ᠂ ᠵᠠᠰᠠᠭ᠎ᠤᠨ ᠶᠠᠪᠤᠳᠠᠯ᠎ᠤᠨ ᠦᠢᠯᠡᠴᠢᠯᠡᠬᠡ ᠪᠠ ᠳ᠋ᠠᠢᠲ᠋ᠠ᠎ᠶᠢᠨ ᠬᠠᠮᠢᠶᠠᠷᠤᠯᠳᠡ᠎ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ᠎ᠤᠨ ᠬᠢᠨ ᠬᠤᠷᠠᠯ᠎ᠳᠤ  ᠣᠷᠣᠯᠴᠠᠵᠠᠢ᠃

ᠬᠤᠷᠠᠯ᠎ᠲᠡᠭᠡᠷ᠎ᠡ ᠲᠦᠷᠢᠮ᠎ᠢ ᠲᠤᠭᠤᠷᠪᠢᠬᠤ ᠠᠵᠢᠯ᠎ᠤᠨ ᠳᠤᠭᠤᠶ᠋ᠢᠯᠠᠩ᠎ᠤᠨ ᠬᠢᠨ ᠲᠦᠷᠢᠮ᠎ᠢ ᠲᠤᠭᠤᠷᠪᠢᠭᠰᠠᠨ ᠠᠬᠤᠶ ᠪᠠᠶ᠋ᠢᠳᠠᠯ᠂ ᠪᠠᠶ᠋ᠢᠴᠠᠭᠠᠨ ᠰᠤᠳᠤᠯᠤᠯᠲᠠ ᠬᠢᠭᠰᠡᠨ ᠪᠠᠶ᠋ᠢᠳᠠᠯ᠂ ᠲᠥᠰᠦᠯ᠎ᠦᠨ ᠭᠤᠤᠯ ᠠᠭᠤᠯᠭ᠎ᠠ ᠵᠢᠴᠢ ᠭᠤᠤᠯᠳᠠᠯᠭ᠎ᠠ᠎ᠲᠠᠶ ᠲᠦᠷᠢᠮ᠎ᠦᠨ ᠵᠢᠷᠤᠭ ᠲᠥᠯᠥᠪᠯᠡᠭᠡ᠎ᠶᠢ ᠲᠠᠨᠢᠯᠴᠠᠭᠤᠯᠵᠠᠢ᠃ ᠬᠤᠷᠠᠯ᠎ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠪᠣᠯᠤᠨ ᠡᠯ᠎ᠡ ᠨᠢᠭᠡᠴᠢ᠎ᠶᠢᠨ᠎ᠬᠢᠨ ᠲᠣᠰ ᠪᠡᠶ᠎ᠡ᠎ᠶᠢᠨ ᠡᠭᠦᠷᠭᠡ ᠴᠢᠳᠠᠪᠬᠢ᠎ᠲᠠᠶ᠎ᠪᠠᠨ ᠤᠶᠠᠯᠳᠤᠭᠤᠯᠤᠨ᠂ ᠨᠡᠭᠡᠭᠡᠯᠲᠡ᠎ᠶᠢᠨ ᠲᠣᠭᠣᠷᠢᠭ᠎ᠤᠨ ᠬᠠᠮᠢᠶᠠᠷᠤᠯᠲᠠ᠎ᠶᠢᠨ ᠪᠠᠶ᠋ᠢᠭᠤᠯᠤᠮᠵᠢ᠂ ᠪᠠᠶ᠋ᠢᠭᠤᠯᠤᠮᠵᠢ᠎ᠶᠢᠨ ᠡᠭᠦᠷᠭᠡ ᠴᠢᠳᠠᠪᠬᠢ᠎ᠶᠢᠨ ᠲᠣᠬᠢᠷᠠᠭᠤᠯᠤᠯᠲᠠ᠂ ᠡᠷᠬᠡ ᠣᠯᠭᠣᠬᠤ ᠨᠠᠷᠢᠨ ᠲᠠᠩᠰᠠ᠎ᠶᠢ ᠨᠠᠶ᠋ᠢᠳᠠᠪᠤᠷᠢᠵᠢᠭᠤᠯᠬᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠂ ᠴᠢᠬᠤᠯᠠ ᠬᠦᠴᠦᠨ ᠵᠦᠢᠯ᠎ᠦᠨ ᠪᠠᠲᠤᠯᠠᠭ᠎ᠠ᠂ ᠬᠢᠨᠠᠯᠲᠠ ᠬᠠᠮᠢᠶᠠᠷᠤᠯᠲᠠ ᠵᠡᠷᠭᠡ ᠭᠤᠤᠯ ᠵᠦᠢᠯ ᠵᠤᠷᠪᠤᠰ᠎ᠤᠨ ᠲᠣᠭᠣᠷᠢᠨ᠎ᠳᠤ ᠬᠦᠢᠴᠡᠳ ᠰᠤᠳᠤᠯᠤᠨ ᠶᠠᠷᠢᠯᠴᠠᠵᠤ᠂ ᠲᠦᠷᠢᠮ᠎ᠦᠨ ᠪᠣᠯᠤᠮᠵᠢᠲᠤ᠌ ᠴᠢᠨᠠᠷ᠂ ᠪᠣᠳᠠᠲᠠᠶ ᠬᠡᠷᠡᠭᠵᠢᠭᠦᠯᠵᠦ᠍ ᠨᠠᠶ᠋ᠢᠳᠠᠪᠤᠷᠢᠵᠢᠭᠤᠯᠬᠤ ᠴᠢᠨᠠᠷ ᠵᠡᠷᠭᠡ ᠲᠠᠯ᠎ᠠ᠎ᠪᠠᠷ ᠨᠢᠭᠡᠳ ᠨᠢᠭᠡ᠎ᠪᠡᠷ ᠨᠤᠲᠠᠯᠠᠯᠲᠠ ᠬᠢᠵᠦ᠍᠂ ᠬᠠᠨᠳᠤᠯᠭᠠᠲᠤ᠌ ᠴᠢᠨᠠᠷᠲᠠᠶ᠎ᠪᠠᠷ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠳᠤᠷᠠᠳᠴᠠᠢ᠃

ᠬᠤᠷᠠᠯ᠎ᠡᠴᠠ᠂ 《ᠲᠦᠷᠢᠮ》 ᠢ᠋ ᠲᠣᠭᠲᠠᠭᠠᠭᠰᠠᠨ᠎ᠨᠢ ᠬᠠᠤᠯᠢᠵᠢᠯ᠎ᠤᠨ ᠠᠷᠭ᠎ᠠ ᠪᠠᠷᠢᠯ᠎ᠢ ᠬᠡᠷᠡᠭᠯᠡᠨ ᠨᠡᠭᠡᠭᠡᠯᠲᠡ᠎ᠶᠢᠨ ᠲᠣᠭᠣᠷᠢᠭ᠎ᠤᠨ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠲᠣᠭᠲᠠᠪᠤᠷᠢᠵᠢᠭᠤᠯᠵᠤ᠂ ᠨᠡᠭᠡᠭᠡᠯᠲᠡ᠎ᠶᠢᠨ ᠲᠣᠭᠣᠷᠢᠭ᠎ᠤᠨ ᠴᠢᠨᠠᠷ ᠰᠠᠶ᠋ᠢᠲᠠᠶ ᠬᠥᠭᠵᠢᠯᠲᠡ᠎ᠶᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠦᠷᠢᠮ᠎ᠢ ᠲᠤᠭᠤᠷᠪᠢᠬᠤ ᠠᠵᠢᠯ᠎ᠤᠨ ᠳᠤᠭᠤᠶ᠋ᠢᠯᠠᠩ᠎ᠤᠨ ᠬᠢᠨ ᠲᠤᠰ ᠤᠳᠠᠭᠠᠨ᠎ᠤ ᠨᠤᠲᠠᠯᠠᠯᠲᠠ᠎ᠶᠢᠨ ᠰᠠᠨᠠᠯ᠎ᠢ ᠨᠠᠷᠢᠨ ᠬᠢᠨᠠᠮᠠᠭᠠᠢ ᠡᠮᠬᠢᠯᠡᠨ ᠬᠤᠷᠢᠶᠠᠩᠭᠤᠶ᠋ᠢᠯᠠᠵᠤ᠂ ᠵᠤᠷᠪᠤᠰ ᠳᠠᠷᠠᠭᠠᠯᠠᠨ ᠰᠤᠳᠤᠯᠤᠨ ᠰᠢᠩᠭᠡᠭᠡᠵᠦ᠍᠂ ᠲᠦᠷᠢᠮ᠎ᠦᠨ ᠲᠥᠰᠦᠯ᠎ᠳᠦ ᠤᠯᠠᠮ  ᠨᠢᠭᠡ  ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍ ᠂ ᠰᠢᠨᠵᠢᠯᠡᠬᠦ᠌ ᠤᠬᠠᠭᠠᠨᠴᠢ᠎ᠪᠠᠷ  ᠬᠠᠤᠯᠢ  ᠲᠣᠭᠲᠠᠭᠠᠬᠤ᠂ ᠠᠷᠠᠳᠴᠢᠯᠠᠯ᠎ᠢᠶᠠᠷ  ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ᠎ᠶᠢ ᠪᠠᠷᠢᠮᠲᠠᠯᠠᠵᠤ᠂ ᠲᠦᠷᠢᠮ᠎ᠦᠨ ᠪᠣᠳᠠᠲᠠᠢ᠎ᠶᠢ ᠡᠷᠬᠢᠮᠯᠡᠨ ᠪᠣᠳᠠᠲᠠᠢ᠎ᠳᠤ ᠨᠡᠶ᠋ᠢᠴᠡᠬᠦ᠌᠎ᠶᠢ ᠦᠨᠡᠨ ᠬᠦ᠌ ᠪᠠᠲᠤᠯᠠᠵᠤ᠂ ᠨᠡᠭᠡᠭᠡᠯᠳᠡ᠎ᠶᠢᠨ ᠣᠷᠣᠨ᠎ᠤ ᠲᠦᠷᠢᠮᠵᠢᠭᠰᠡᠨ ᠬᠠᠮᠢᠶᠠᠷᠤᠯᠲᠠ᠂ ᠰᠢᠨ᠎ᠡ᠎ᠶᠢ ᠡᠭᠦᠳᠬᠦ᠌ ᠬᠥᠭᠵᠢᠯᠲᠡ᠎ᠳᠦ ᠪᠠᠲᠤ᠌ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面