2026-11-19 10:56:25
ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠠᠵᠢᠯ᠎ᠤᠨ ᠲᠦᠷᠢᠮ》 (ᠳᠣᠷᠣᠭᠰᠢ《ᠲᠦᠷᠢᠮ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠢᠨ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠬᠦ᠌ ᠬᠡᠷᠡᠭᠲᠡᠶ ᠭᠡᠵᠦ᠍ ᠱᠠᠭᠠᠷᠳᠠᠪᠠ᠃
ᠮᠡᠳᠡᠭᠳᠡᠯ᠎ᠳᠦ᠂ 《ᠲᠦᠷᠢᠮ》 ᠨᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠶᠠᠪᠤᠳᠠᠯ ᠨᠢ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠢᠨ ᠠᠵᠢᠯ᠎ᠳᠤ ᠲᠤᠷᠠᠳᠤᠭᠰᠠᠨ ᠨᠡᠩ ᠥᠨᠳᠥᠷ ᠱᠠᠭᠠᠷᠳᠠᠯᠭ᠎ᠠ᠎ᠳᠤ ᠠᠩᠬᠠᠷᠤᠯ᠎ᠢᠶᠡᠨ ᠲᠦᠪᠯᠡᠷᠡᠭᠦᠯᠵᠦ᠂ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠢᠨ ᠦᠢᠯᠡᠳᠦᠯ ᠴᠢᠳᠠᠮᠵᠢ᠎ᠶᠢ ᠴᠢᠩᠭᠠᠳᠬᠠᠨ᠂ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠢᠨ ᠠᠵᠢᠯ᠎ᠤᠨ ᠲᠤᠰᠢᠶᠠᠯ ᠬᠠᠷᠢᠭᠤᠴᠠᠯᠭ᠎ᠠ ᠪᠠ ᠠᠵᠢᠯᠯᠠᠭᠠᠨ᠎ᠤ ᠲᠣᠭᠲᠡᠴᠡ᠎ᠶᠢ ᠲᠡᠭᠦᠯᠳᠡᠷᠵᠢᠭᠦᠯᠦᠨ᠂ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠢᠨ ᠲᠣᠰ ᠭᠠᠵᠠᠷ ᠣᠷᠣᠨ᠎ᠳᠠᠭᠠᠨ ᠪᠦᠬᠦ᠌ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠌᠂ ᠡᠯ᠎ᠡ ᠲᠠᠯ᠎ᠠ᠎ᠶᠢ ᠵᠣᠬᠢᠴᠠᠭᠤᠯᠬᠤ ᠤᠳᠤᠷᠢᠳᠬᠤ ᠦᠢᠯᠡᠳᠦᠯ᠎ᠢ ᠭᠦᠢᠴᠡᠳ ᠪᠠᠳᠠᠷᠠᠭᠤᠯᠬᠤ᠎ᠶᠢ ᠠᠬᠢᠭᠤᠯᠵᠤ᠂ ᠴᠢᠭᠯᠡᠯ᠎ᠢ ᠡᠵᠡᠮᠳᠡᠬᠦ᠂ ᠪᠦᠬᠦ᠌ ᠲᠠᠯ᠎ᠠ᠎ᠶᠢ ᠬᠠᠮᠢᠶᠠᠷᠬᠤ᠂ ᠰᠢᠢᠳᠪᠦᠷᠢᠲᠤ ᠪᠤᠳᠤᠯᠭ᠎ᠠ ᠲᠤᠭᠲᠠᠭᠠᠬᠤ᠂ ᠨᠠᠶ᠋ᠢᠳᠠᠪᠤᠷᠢᠵᠢᠭᠤᠯᠤᠯᠲᠠ᠎ᠶᠢ ᠪᠠᠲᠤᠯᠠᠬᠤ ᠲᠤᠰᠢᠶᠠᠯ ᠬᠠᠷᠢᠭᠤᠴᠠᠯᠭ᠎ᠠ ᠪᠡᠨ ᠨᠡᠩ ᠰᠠᠢᠳᠤᠷ ᠭᠦᠢᠴᠡᠳᠭᠡᠬᠦ᠎ᠳᠤ ᠴᠢᠬᠤᠯᠠ ᠠᠴᠢ ᠬᠣᠯᠪᠣᠭᠳᠠᠯ᠎ᠲᠠᠶ ᠶᠤᠮ ᠭᠡᠵᠦ ᠵᠢᠭᠠᠵᠤ ᠭᠠᠷᠭᠠᠪᠠ᠃
ᠮᠡᠳᠡᠭᠳᠡᠯ᠎ᠳᠦ᠂ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠬᠢᠨ 《 ᠬᠣᠶᠠᠷ᠎ᠢ ᠲᠣᠭᠲᠠᠭᠠᠭᠰᠠᠨ 》 ᠤ᠋ ᠰᠢᠢᠳᠪᠦᠷᠢᠯᠡᠭᠴᠢ ᠴᠢᠨᠡᠷᠳᠡᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂《 ᠳᠥᠷᠪᠡᠨ ᠤᠬᠠᠮᠰᠠᠷ 》 ᠵᠢᠡᠨ ᠴᠢᠩᠭᠠᠳᠬᠠᠵᠤ᠂ 《 ᠳᠥᠷᠪᠡᠨ ᠢᠲᠡᠭᠡᠯ 》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ 》 ᠵᠢ ᠪᠡᠶᠡᠯᠡᠭᠦᠯᠵᠦ᠍᠂ 《 ᠲᠦᠷᠢᠮ 》 ᠢ᠋ ᠨᠠᠷᠢᠨ ᠬᠢᠨᠠᠮᠠᠭᠠᠶ ᠰᠤᠷᠤᠯᠴᠠᠵᠤ᠂ 《ᠲᠦᠷᠢᠮ》 ᠢ᠋ ᠡᠷᠡᠰ ᠲᠤᠭᠤᠰᠢᠯᠠᠭᠤᠯᠵᠤ᠂ 《 ᠲᠦᠷᠢᠮ 》 ᠢ᠋ ᠴᠢᠩᠭ᠎ᠠ ᠬᠡᠷᠡᠭᠵᠢᠭᠦᠯᠬᠦ᠌ ᠬᠡᠷᠡᠭᠲᠡᠶ᠃ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠬᠡ ᠲᠠᠯ᠎ᠠ᠎ᠶᠢᠨ ᠦᠵᠡᠯᠲᠡ ᠪᠠ ᠬᠡᠷᠡᠭᠵᠢᠭᠦᠯᠬᠦ᠌ ᠬᠦᠴᠦᠨ᠎ᠢ ᠴᠢᠩᠭᠠᠳᠬᠠᠵᠤ᠂ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ᠎ᠢᠶᠠᠨ ᠪᠦᠲᠦᠭᠡᠯᠴᠢ᠎ᠪᠡᠷ ᠥᠷᠨᠢᠭᠦᠯᠵᠦ᠍᠂ ᠨᠠᠮ᠎ᠤᠨ ᠲᠥᠪ ᠬᠤᠷᠢᠶ᠎ᠠ ᠵᠢᠨ ᠵᠠᠰᠠᠭ᠎ᠤᠨ ᠵᠠᠷᠯᠢᠭ᠎ᠤᠨ ᠰᠠᠭᠠᠳ ᠦᠭᠡᠢ ᠶᠠᠪᠤᠭᠳᠠᠬᠤ᠂ ᠵᠠᠷᠯᠢᠭ ᠴᠠᠭᠠᠵᠠ᠎ᠶᠢ ᠳᠠᠭᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠠ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠰᠠᠶ᠋ᠢᠲᠤᠷ ᠡᠭᠦᠷᠭᠡᠯᠡᠨ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢᠪᠦᠬᠦ᠌ ᠲᠠᠯ᠎ᠠ᠎ᠪᠠᠷ ᠲᠤᠭᠤᠰᠢᠯᠠᠭᠤᠯᠤᠨ᠂ ᠴᠢᠨᠠᠷ ᠰᠠᠶ᠋ᠢᠲᠠᠢ ᠬᠥᠭᠵᠢᠯᠲᠡ᠎ᠶᠢ ᠬᠦᠴᠦᠯᠡᠨ ᠠᠬᠢᠭᠤᠯᠵᠤ᠂ ᠬᠦᠨᠳᠦ ᠶᠡᠬᠡ ᠠᠶᠤᠯ ᠲᠦᠭᠰᠢᠭᠦᠷᠢ᠎ᠶᠢ ᠡᠷᠡᠰ ᠰᠡᠷᠭᠡᠶ᠋ᠢᠯᠡᠨ ᠠᠷᠢᠯᠭᠠᠵᠤ᠂ ᠤᠯᠤᠰ᠎ᠤᠨ ᠠᠮᠤᠷ ᠲᠦᠪᠰᠢᠨ ᠪᠠ ᠨᠡᠶ᠋ᠢᠭᠡᠮ᠎ᠦᠨ ᠶᠡᠬᠡ ᠲᠠᠯ᠎ᠠ᠎ᠶᠢᠨ ᠲᠣᠭᠲᠠᠭᠤᠨ᠎ᠢ ᠪᠠᠲᠤᠯᠠᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠵᠦ᠍᠂ ᠪᠣᠳᠠᠲᠠᠢ᠎ᠡᠴᠡ ᠡᠭᠦᠰᠬᠦ᠌᠂ ᠵᠢᠮ᠎ᠡ ᠶᠣᠰᠣ᠎ᠪᠠᠷ ᠠᠵᠢᠯᠯᠠᠬᠤ᠎ᠶᠢ ᠪᠠᠷᠢᠮᠲᠠᠯᠠᠵᠤ᠂ ᠠᠷᠠᠳ ᠲᠦᠮᠡᠨ᠎ᠤ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠎ᠪᠠᠷ ᠴᠢᠷᠮᠠᠶ᠋ᠢᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠬᠡᠷᠡᠭᠲᠡᠢ᠃ ᠠᠷᠠᠳᠴᠢᠯᠠᠯ ᠲᠥᠪᠯᠡᠷᠡᠯ᠎ᠦᠨ ᠶᠣᠰᠣ᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠵᠦ᠍᠂ ᠬᠡᠷᠡᠭ ᠵᠥᠪᠯᠡᠵᠦ᠍ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠪᠠ ᠬᠢᠨᠠᠯᠲᠠ ᠲᠠᠯᠪᠢᠬᠤ ᠲᠣᠭᠲᠡᠴᠡ᠎ᠶᠢ ᠪᠦᠷᠢᠨᠰᠢᠬᠦᠯᠤᠨ᠂ ᠪᠦᠬᠦᠯᠢ ᠴᠣᠭᠴᠠ᠎ᠶᠢᠨ ᠦᠢᠯᠡᠳᠦᠯ ᠴᠢᠳᠠᠮᠵᠢ᠎ᠶᠢ ᠴᠢᠩᠭᠠᠳᠬᠠᠵᠤ᠂ ᠤᠳᠤᠷᠢᠳᠬᠤ ᠲᠦᠪᠰᠢᠨ ᠵᠢᠡᠨ ᠳᠡᠭᠡᠭᠰᠢᠯᠡᠭᠦᠯᠦᠨ᠂ ᠨᠠᠮ᠎ᠤᠨ ᠲᠥᠪ ᠬᠤᠷᠢᠶ᠎ᠠ ᠵᠢᠨ ᠵᠢᠯᠤᠭᠤᠳᠤᠯᠭ᠎ᠠ᠎ᠶᠢ ᠡᠷᠡᠰ ᠲᠠᠭᠠᠬᠤ᠂ ᠬᠡᠷᠡᠭᠵᠢᠭᠦᠯᠦᠯᠲᠡ ᠨᠢ ᠬᠦᠴᠦᠲᠡᠢ᠂ ᠬᠠᠮᠢᠶᠠᠷᠤᠯᠲᠠ ᠨᠢ ᠴᠢᠩᠭ᠎ᠠ᠂ ᠤᠳᠤᠷᠢᠳᠬᠤ ᠪᠠᠭ ᠨᠢ ᠪᠦᠯᠬᠦᠮᠳᠡᠯ᠎ᠲᠡᠶ᠂ ᠰᠤᠷᠲᠠᠯ ᠴᠢᠬᠡᠴᠢ ᠤᠪᠤᠷ ᠲᠦᠪ ᠪᠠᠲᠤ᠌ ᠴᠢᠩᠭ᠎ᠠ ᠵᠣᠬᠢᠶᠠᠨ ᠪᠠᠶ᠋ᠢᠭᠤᠯᠤᠯᠲᠠ᠎ᠶᠢ ᠪᠠᠶ᠋ᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ《ᠲᠦᠷᠢᠮ》 ᠢ᠋ ᠬᠡᠷᠡᠭᠵᠢᠭᠦᠯᠬᠦ᠌ ᠶᠠᠪᠤᠴᠠ᠎ᠳᠠᠬᠢ ᠴᠢᠬᠤᠯᠠ ᠪᠠᠶ᠋ᠢᠳᠠᠯ ᠪᠣᠯᠤᠨ ᠰᠠᠨᠠᠭᠤᠯᠭ᠎ᠠ᠎ᠶᠢ ᠴᠠᠭ ᠲᠤᠬᠠᠢᠳᠤᠨᠢ ᠨᠠᠮ᠎ᠤᠨ ᠲᠥᠪ ᠬᠣᠷᠢᠢ᠎ᠠ᠎ᠳᠤ ᠮᠡᠳᠡᠭᠦᠯᠬᠦ᠌ ᠬᠡᠷᠡᠭᠲᠡᠢ ᠭᠡᠵᠦ ᠱᠠᠭᠠᠷᠳᠠᠪᠠ᠃
《ᠲᠦᠷᠢᠮ》 ᠤ᠋ᠨ ᠪᠥᠬᠥ᠌ ᠠᠭᠤᠯᠭ᠎ᠠ᠎ᠨᠢ ᠳᠤᠤᠷᠠᠬᠢ ᠮᠡᠲᠦ᠍᠃
ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠠᠵᠢᠯ᠎ᠤᠨ ᠲᠦᠷᠢᠮ
(2015 ᠣᠨ᠎ᠤ 12 ᠰᠠᠷ᠎ᠠ᠎ᠶᠢᠨ 14 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶᠢᠨ ᠲᠣᠪᠴᠢᠶᠠᠨ᠎ᠤ ᠬᠤᠷᠠᠯ ᠡᠴᠡ ᠬᠢᠨᠠᠨ ᠵᠦᠪᠯᠡᠵᠦ ᠵᠥᠪᠰᠢᠶᠡᠷᠡᠪᠡ 2015 ᠣᠨ᠎ᠤ 12 ᠰᠠᠷ᠎ᠠ᠎ᠶᠢᠨ 25 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠡᠴᠡ ᠨᠡᠶ᠋ᠢᠲᠡᠯᠡᠪᠡ 2026 ᠣᠨ᠎ᠤ 3 ᠰᠠᠷ᠎ᠠ᠎ᠶᠢᠨ 27 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶᠢᠨ ᠲᠣᠪᠴᠢᠶᠠᠨ᠎ᠤ ᠬᠤᠷᠠᠯ ᠡᠴᠡ ᠵᠠᠰᠠᠪᠤᠷᠢ ᠣᠷᠣᠭᠤᠯᠪᠠ 2026 ᠣᠨ᠎ᠤ 11 ᠰᠠᠷ᠎ᠠ᠎ᠶᠢᠨ 7 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠡᠴᠡ ᠨᠡᠶ᠋ᠢᠲᠡᠯᠡᠪᠡ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠤᠨ᠂ ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠠᠵᠢᠯ᠎ᠢ ᠴᠢᠩᠭᠠᠳᠬᠠᠨ ᠰᠠᠶ᠋ᠢᠵᠢᠷᠠᠭᠤᠯᠵᠤ᠂ ᠨᠠᠮ᠎ᠤᠨ ᠲᠦᠷᠦ᠍ ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ᠎ᠢ ᠳᠡᠭᠡᠭᠰᠢᠯᠡᠭᠦᠯᠦᠨ᠂ ᠨᠠᠮ᠎ᠤᠨ ᠲᠦᠷᠦ᠍ ᠪᠠᠷᠢᠬᠤ ᠬᠠᠷᠠᠯᠲᠠ᠎ᠶᠢᠨ ᠪᠡᠶᠡᠯᠡᠭᠳᠡᠬᠦ᠌ᠶᠢ ᠠᠬᠢᠭᠤᠯᠬᠤ᠎ᠶᠢᠨ ᠲᠥᠯᠥᠭᠡ᠂《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠳᠦᠷᠢᠮ》 ᠢ᠋ ᠦᠨᠳᠦᠰᠦᠯᠡᠨ ᠲᠤᠰ ᠳᠦᠷᠢᠮ᠎ᠢ ᠲᠣᠭᠲᠠᠭᠠᠪᠠ᠃
ᠬᠣᠶᠠᠳᠤᠭᠠᠷ ᠵᠦᠢᠯ ᠲᠤᠰ ᠲᠦᠷᠢᠮ ᠢ ᠨᠠᠮ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠲᠣᠭᠣᠷᠢᠭ ᠪᠠᠶ᠋ᠢᠭᠤᠯᠤᠭᠰᠠᠨ ᠬᠤᠳᠠ ᠪᠠ ᠥᠪᠡᠷᠲᠡᠭᠡᠨ ᠵᠠᠰᠠᠬᠤ ᠵᠧᠦ᠂ ᠰᠢᠶᠠᠨ (ᠬᠣᠰᠢᠭᠤ)᠂ ᠥᠪᠡᠷᠲᠡᠭᠡᠨ ᠵᠠᠰᠠᠬᠤ ᠰᠢᠶᠠᠨ᠂ ᠲᠣᠭᠣᠷᠢᠭ ᠪᠠᠶ᠋ᠢᠭᠤᠯᠤᠭᠰᠠᠨ ᠦᠭᠡᠢ ᠬᠤᠳᠠ ᠪᠠ ᠬᠤᠳᠠ᠎ᠶᠢᠨ ᠬᠠᠷᠢᠶ᠎ᠠ ᠲᠣᠭᠣᠷᠢᠭ᠎ᠤᠨ ᠬᠣᠷᠢᠢ᠎ᠠ ᠵᠢᠴᠢ ᠲᠡᠭᠦᠨ᠎ᠦ ᠪᠠᠶ᠋ᠢᠩᠭᠤ᠎ᠶᠢᠨ ᠬᠣᠷᠢᠢ᠎ᠠ᠎ᠳᠤ ᠬᠡᠷᠡᠭᠯᠡᠨ᠎ᠡ᠃
ᠭᠤᠷᠪᠠᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠢ᠎ᠠ ᠡᠷᠬᠡᠪᠰᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ ᠢ ᠪᠦᠬᠦ᠌ ᠲᠠᠯ᠎ᠠ᠎ᠪᠠᠷ ᠠᠬᠢᠭᠤᠯᠬᠤ ᠵᠢᠨ ᠲᠤᠭᠤᠷᠢᠨ᠎ᠳᠤ᠂ ᠰᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂《ᠲᠠᠪᠤ᠎ᠶᠢ ᠨᠢᠭᠡ ᠴᠤᠭᠴᠠᠵᠢᠭᠤᠯᠤᠬᠰᠠᠨ》ᠶᠡᠷᠦᠩᠬᠡᠶ ᠪᠠᠶ᠋ᠢᠷᠢᠰᠢᠭᠤᠯᠤᠯᠲᠠ᠎ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂《ᠳᠥᠷᠪᠡᠨ ᠪᠦᠬᠦ᠌ ᠲᠠᠯ᠎ᠠ》ᠵᠢᠨ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢᠰᠢᠭᠤᠯᠤᠯᠲᠠ᠎ᠶᠢ ᠵᠣᠬᠢᠴᠠᠭᠤᠯᠤᠨ ᠠᠬᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠥᠶ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠦᠨ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠵᠤ᠂ ᠨᠠᠮ᠎ᠤᠨ ᠱᠤᠭᠤᠮ ᠴᠢᠭᠯᠡᠯᠲᠡ ᠲᠦᠷᠦ᠎ᠶᠢᠨ ᠪᠤᠳᠤᠯᠭ᠎ᠠ ᠪᠠ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠤᠰ ᠭᠠᠵᠠᠷ ᠣᠷᠣᠨ᠎ᠳᠠᠭᠠᠨ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠳᠥᠷᠪᠡᠳᠦᠭᠡᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠢ᠎ᠠ ᠡᠷᠬᠡᠪᠰᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠳᠣᠣᠷᠠᠬᠢ ᠵᠠᠷᠴᠢᠮ ᠢ ᠵᠢᠷᠤᠮᠯᠠᠨ ᠠᠵᠢᠯ ᠢᠶᠠᠨ ᠥᠷᠨᠢᠭᠦᠯᠬᠦ᠌ ᠬᠡᠷᠡᠭᠲᠡᠢ᠄
(ᠨᠢᠭᠡ) ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ;
(ᠬᠣᠶᠠᠷ)ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠨᠠᠮ᠎ᠤᠨ ᠵᠣᠷᠢᠯᠲᠠ ᠪᠠ ᠣᠯᠠᠨ ᠲᠦᠮᠡᠨᠴᠢ ᠱᠤᠭᠤᠮ᠎ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠬᠦ ᠬᠡᠷᠡᠭᠲᠡᠢ;
(ᠭᠤᠷᠪᠠ)ᠦᠵᠡᠯ ᠰᠠᠨᠠᠭ᠎ᠠ ᠪᠠᠨ ᠴᠢᠯᠥᠭᠡᠯᠡᠬᠦ᠌᠂ ᠦᠨᠡᠨ᠎ᠡᠴᠡ ᠵᠥᠪ ᠢ ᠡᠷᠢᠬᠦ᠌᠂ ᠴᠠᠭ ᠦᠶ᠎ᠡ᠎ᠵᠢ ᠲᠠᠭᠠᠨ ᠤᠷᠤᠭᠰᠢᠯᠠᠬᠤ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ᠌᠎ᠶᠢ ᠪᠠᠷᠢᠮᠲᠠᠯᠠᠵᠤ᠂ ᠲᠤᠰ ᠭᠠᠵᠠᠷ ᠣᠷᠣᠨ᠎ᠤ᠎ᠪᠠᠨ ᠪᠣᠳᠠᠲᠤ᠌ ᠪᠠᠶ᠋ᠢᠳᠠᠯ᠎ᠲᠠᠶ ᠪᠠᠨ ᠤᠶᠠᠯᠳᠤᠭᠤᠯᠵᠤ ᠠᠵᠢᠯ᠎ᠢᠶᠠᠨ ᠪᠦᠲᠦᠭᠡᠯᠴᠢ᠎ᠪᠡᠷ ᠥᠷᠨᠢᠭᠦᠯᠬᠦ ᠬᠡᠷᠡᠭᠲᠡᠢ;
(ᠲᠦᠷᠪᠡ) ᠠᠷᠠᠳᠴᠢᠯᠠᠯ ᠲᠥᠪᠯᠡᠷᠡᠯ᠎ᠦᠨ ᠶᠣᠰᠣ᠎ᠶᠢ ᠪᠠᠷᠢᠮᠲᠠᠯᠠᠵᠤ᠂ ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠤᠳᠤᠷᠢᠳᠬᠤ ᠬᠠᠮᠲᠤ᠎ᠶᠢᠨ ᠪᠦᠯᠬᠦᠮᠳᠡᠯ ᠪᠠ ᠠᠮᠢᠵᠢᠷᠠᠯ᠎ᠤᠨ ᠬᠦᠴᠦᠨ᠎ᠢ ᠴᠢᠩᠭᠠᠷᠠᠭᠤᠯᠬᠤ ᠬᠡᠷᠡᠭᠲᠡᠢ;
(ᠲᠠᠪᠤ)ᠨᠠᠮ ᠨᠢ ᠨᠠᠮ᠎ᠢᠶᠠᠨ ᠬᠠᠮᠢᠶᠠᠷᠬᠤ ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠢᠮᠠᠭᠲᠠ ᠪᠠᠲᠤᠯᠠᠬᠤ ᠬᠡᠷᠡᠭᠲᠡᠢ;
(ᠵᠢᠷᠭᠤᠭ᠎ᠠ) ᠨᠠᠮ᠎ᠤᠨ ᠲᠦᠷᠢᠮ ᠨᠠᠮ᠎ᠤᠨ ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌᠎ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶᠢᠨ ᠬᠡᠪᠴᠢᠶᠡᠨ᠎ᠳᠦ ᠠᠵᠢᠯᠯᠠᠭ᠎ᠠ ᠦᠷᠨᠢᠭᠦᠯᠬᠦ ᠬᠡᠷᠡᠭᠲᠡᠢ᠃
ᠲᠠᠪᠤᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠢ᠎ᠠ ᠲᠤᠰ ᠭᠠᠵᠠᠷ ᠣᠷᠣᠨ᠎ᠳᠠᠭᠠᠨ ᠪᠦᠬᠦ᠌ ᠲᠠᠯ᠎ᠠ᠎ᠶᠢ ᠶᠡᠷᠦᠩᠬᠡᠶ᠋ᠢᠯᠡᠨ ᠡᠵᠡᠮᠳᠡᠬᠦ᠌᠂ ᠡᠯ᠎ᠡ ᠲᠠᠯ᠎ᠠ᠎ᠶᠢ ᠵᠣᠬᠢᠴᠠᠭᠤᠯᠬᠤ ᠤᠳᠤᠷᠢᠳᠬᠤ ᠦᠢᠯᠡᠳᠦᠯ᠎ᠢᠶᠡᠨ ᠪᠠᠳᠠᠷᠠᠭᠤᠯᠵᠤ᠂ ᠴᠢᠭᠯᠡᠯ᠎ᠢ ᠡᠵᠡᠮᠳᠡᠬᠦ᠌᠂ ᠶᠡᠬᠡ ᠲᠠᠯ᠎ᠠ᠎ᠶᠢ ᠬᠠᠮᠢᠶᠠᠷᠬᠤ᠂ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ᠂ ᠨᠠᠶ᠋ᠢᠳᠠᠪᠤᠷᠢᠵᠢᠭᠤᠯᠬᠤ᠎ᠶᠢ ᠪᠠᠲᠤᠯᠠᠬᠤ ᠲᠤᠰᠢᠶᠠᠯ ᠬᠠᠷᠢᠭᠤᠴᠠᠯᠭ᠎ᠠ᠎ᠶᠢ ᠭᠦᠢᠴᠡᠳᠬᠡᠬᠦ ᠬᠡᠷᠡᠭᠳᠡᠢ᠄
(ᠨᠢᠭᠡ)ᠲᠤᠰ ᠭᠠᠵᠠᠷ ᠣᠷᠣᠨ᠎ᠤ ᠠᠵᠤ ᠠᠬᠤᠢ᠎ᠶᠢᠨ ᠪᠦᠲᠦᠭᠡᠨ ᠪᠠᠶ᠋ᠢᠭᠤᠯᠤᠯᠲᠠ᠂ ᠤᠯᠤᠰ ᠲᠥᠷᠦ᠎ᠶᠢᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠨᠡᠶ᠋ᠢᠭᠡᠮ᠎ᠦᠨ ᠪᠠᠶ᠋ᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ ᠵᠡᠷᠭᠡ ᠡᠯ᠎ᠡ ᠲᠠᠯ᠎ᠠ᠎ᠶᠢᠨ ᠠᠵᠢᠯ᠎ᠳᠡᠬᠢ ᠪᠦᠬᠦ᠌ ᠲᠠᠯ᠎ᠠ᠎ᠶᠢᠨ ᠤᠳᠤᠷᠢᠳᠤᠯᠭ᠎ᠠ᠎ᠶᠢ ᠴᠢᠩᠭᠠᠳᠬᠠᠵᠤ᠂ ᠲᠤᠰ ᠭᠠᠵᠠᠷ ᠣᠷᠣᠨ᠎ᠤ ᠴᠢᠬᠤᠯᠠ ᠶᠡᠬᠡ ᠠᠰᠠᠭᠤᠳᠠᠯ᠎ᠤᠨ ᠲᠤᠬᠠᠢ ᠰᠢ᠌ᠳᠪᠦᠷᠢᠲᠦ᠍ ᠪᠣᠳᠣᠯᠭ᠎ᠠ ᠵᠢ ᠲᠣᠭᠲᠠᠭᠠᠨ᠎ᠠ;
(ᠬᠣᠶᠠᠷ) ᠬᠠᠤᠯᠢ᠎ᠳᠤ ᠲᠣᠭᠲᠠᠭᠠᠭᠰᠠᠨ ᠲᠡᠰ ᠲᠠᠷᠠᠭᠠᠯᠠᠯ᠎ᠢᠶᠠᠷ ᠳᠠᠮᠵᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠵᠣᠷᠢᠯᠲᠠ᠎ᠶᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠦᠷᠢᠮ ᠲᠣᠭᠲᠠᠭᠠᠯ ᠪᠤᠶᠤ ᠪᠤᠰᠤᠳ ᠵᠠᠰᠠᠭ᠎ᠤᠨ ᠵᠠᠷᠯᠢᠭ ᠪᠣᠯᠭᠠᠨ᠎ᠠ;
(ᠭᠤᠷᠪᠠ) ᠲᠤᠰ ᠭᠠᠵᠠᠷ ᠣᠷᠣᠨ᠎ᠤ᠎ᠪᠠᠨ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭᠠᠳᠬᠠᠵᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠤᠳᠤᠷᠢᠳᠬᠤ ᠡᠷᠬᠡ᠎ᠶᠢ ᠪᠠᠲᠤ᠌ ᠡᠵᠡᠮᠰᠢᠵᠦ᠍᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠨᠠᠶ᠋ᠢᠳᠠᠪᠤᠷᠢᠵᠢᠭᠤᠯᠤᠨ᠎ᠠ;
(ᠳᠦᠷᠪᠡ) ᠺᠠᠳ᠋ᠷ᠎ᠢ ᠬᠠᠮᠢᠶᠠᠷᠬᠤ ᠡᠷᠬᠡ᠎ᠶᠢᠨ ᠬᠡᠪᠴᠢᠶ᠎ᠡ ᠶᠣᠰᠣᠭᠠᠷ ᠺᠠᠳ᠋ᠷ᠎ᠢ ᠲᠤᠰᠢᠶᠠᠯ᠎ᠳᠤ ᠲᠣᠮᠢᠯᠠᠵᠤ ᠲᠤᠰᠢᠶᠠᠯ ᠡᠴᠡ ᠨᠢ ᠪᠠᠭᠤᠯᠭᠠᠬᠤ ᠪᠠ ᠬᠠᠮᠢᠶᠠᠷᠴᠤ᠌᠂ ᠣᠷᠣᠨ ᠨᠤᠲᠤᠭ᠎ᠤᠨ ᠲᠦᠷᠦ᠎ᠶᠢᠨ ᠪᠠᠶ᠋ᠢᠭᠤᠯᠭ᠎ᠠ᠂ ᠤᠯᠤᠰ ᠲᠦᠷᠦ᠎ᠶᠢᠨ ᠵᠥᠪᠯᠡᠯᠭᠡᠨ᠎ᠦ ᠵᠣᠬᠢᠶᠠᠨ ᠪᠠᠶ᠋ᠢᠭᠤᠯᠤᠯᠲᠠ᠂ ᠠᠷᠠᠳ᠎ᠤᠨ ᠪᠦᠯᠬᠦᠮ᠂ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ ᠠᠵᠢᠯ ᠦᠢᠯᠡᠰ᠎ᠦᠨ ᠨᠢᠭᠡᠴᠢ ᠵᠡᠷᠭᠡ᠎ᠳᠦ ᠴᠢᠬᠤᠯᠠ ᠺᠠᠳ᠋ᠷ᠎ᠢ ᠲᠠᠨᠢᠯᠴᠠᠭᠤᠯᠤᠨ᠎ᠠ;
(ᠲᠠᠪᠤ)ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠂ ᠬᠢᠨᠠᠨ ᠪᠠᠶ᠋ᠢᠴᠠᠭᠠᠬᠤ ᠵᠥᠪᠯᠡᠯ᠂ ᠰᠢᠭᠦᠬᠦ᠌ ᠬᠣᠷᠢᠶ᠎ᠠ᠂ ᠪᠠᠶ᠋ᠢᠴᠠᠭᠠᠬᠤ ᠬᠣᠷᠢᠶ᠎ᠠ᠂ ᠠᠷᠠᠳ᠎ᠤᠨ ᠪᠦᠯᠬᠦᠮ ᠵᠡᠷᠭᠡ᠎ᠶᠢᠨ ᠬᠠᠤᠯᠢ ᠲᠦᠷᠢᠮ ᠶᠣᠰᠣᠭᠠᠷ ᠪᠡᠶ᠎ᠡ᠎ᠪᠡᠨ ᠳᠠᠭᠠᠭᠠᠵᠤ ᠬᠠᠷᠢᠭᠤᠴᠠᠨ᠂ ᠵᠣᠬᠢᠴᠠᠩᠭᠤᠶ ᠨᠢᠭᠡᠳᠦᠯᠲᠡᠶ᠎ᠪᠡᠷ ᠠᠵᠢᠯ᠎ᠢᠶᠠᠨ ᠥᠷᠨᠢᠭᠦᠯᠬᠦ᠌᠎ᠶᠢ ᠳᠡᠮᠵᠢᠬᠦ᠌ ᠪᠠ ᠪᠠᠲᠤᠯᠠᠨ᠎ᠠ;
(ᠵᠢᠷᠭᠤᠭ᠎ᠠ) ᠲᠤᠰ ᠭᠠᠵᠠᠷ ᠣᠷᠣᠨ᠎ᠤ᠎ᠪᠠᠨ ᠣᠯᠠᠨ ᠲᠦᠮᠡᠨ᠎ᠦ ᠪᠦᠯᠬᠦᠮ᠎ᠦᠨ ᠠᠵᠢᠯ ᠪᠣᠯᠤᠨ ᠨᠢᠭᠡᠳᠦᠮᠡᠯ ᠹᠷᠣᠨᠲ᠎ᠤᠨ ᠠᠵᠢᠯ᠎ᠳᠡᠬᠢ ᠤᠳᠤᠷᠢᠳᠤᠯᠭ᠎ᠠ᠎ᠪᠠᠨ ᠴᠢᠩᠭᠠᠳᠬᠠᠨ᠎ᠠ;
(ᠳᠣᠯᠣᠭ᠎ᠠ)ᠲᠣᠰ ᠭᠠᠵᠠᠷ ᠣᠷᠣᠨ᠎ᠤ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠷᠢᠨ ᠬᠢᠨᠠᠮᠠᠭᠠᠶ ᠨᠠᠶ᠋ᠢᠳᠠᠪᠤᠷᠢᠵᠢᠭᠤᠯᠤᠨ᠎ᠠ;
(ᠨᠠᠢ᠍ᠮᠠ) ᠬᠠᠷᠢᠶ᠎ᠠ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠥᠷᠭᠡᠨ ᠤᠯᠠᠨ ᠨᠠᠮ᠎ᠤᠨ ᠭᠡᠰᠢᠭᠦᠨ᠎ᠢ ᠲᠠᠢ᠌ᠴᠢᠯᠠᠨ ᠵᠣᠬᠢᠶᠠᠨ ᠪᠠᠶ᠋ᠢᠭᠤᠯᠵᠤ᠂ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠠᠮ᠎ᠤᠨ ᠬᠠᠷᠠᠯᠲᠠ ᠡᠭᠦᠷᠭᠡ᠎ᠶᠢ ᠪᠡᠶᠡᠯᠡᠭᠦᠯᠦᠨ᠎ᠡ᠃
ᠬᠣᠶᠠᠳᠤᠭᠠᠷ ᠪᠦᠯᠦᠭ ᠵᠣᠬᠢᠶᠠᠨ ᠪᠠᠶ᠋ᠢᠭᠤᠯᠤᠯᠲᠠ ᠪᠠ ᠪᠦᠷᠢᠯᠳᠦᠬᠦᠨ
ᠵᠢᠷᠭᠤᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ᠎ᠶᠢ ᠠᠳᠠᠯᠢ ᠱᠠᠲᠤᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠡᠴᠡ ᠰᠣᠩᠭᠣᠨ ᠭᠠᠷᠭᠠᠵᠤ᠂ ᠭᠡᠰᠢᠭᠦᠨ᠂ ᠣᠷᠣᠯᠠᠭᠴᠢ ᠭᠡᠰᠢᠭᠦᠨ᠎ᠢᠶᠡᠷ ᠪᠦᠷᠢᠯᠳᠦᠵᠦ᠂ ᠬᠤᠭᠤᠴᠠᠭ᠎ᠠ ᠪᠦᠷᠢ᠎ᠶᠢᠨ ᠲᠤᠰᠢᠶᠠᠯ᠎ᠤᠨ ᠬᠤᠭᠤᠴᠠᠭ᠎ᠠ ᠨᠢ 5 ᠵᠢᠯ ᠪᠣᠯᠤᠨ᠎ᠠ᠃ ᠨᠠᠮ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠲᠥᠯᠥᠭᠡᠯᠡᠭᠴᠢᠳ᠎ᠦᠨ ᠶᠡᠬᠡ ᠬᠤᠷᠠᠯ᠎ᠢ ᠬᠡᠷᠪᠡ ᠤᠷᠢᠳᠴᠢᠯᠠᠨ ᠬᠤᠷᠠᠯᠳᠤᠭᠤᠯᠬᠤ ᠪᠤᠶᠤ ᠬᠣᠶ᠋ᠢᠰᠢᠯᠠᠭᠤᠯᠤᠨ ᠬᠤᠷᠠᠯᠳᠤᠭᠤᠯᠬᠤ᠎ᠳᠤ ᠬᠦᠷᠪᠡᠯ᠂ ᠲᠡᠭᠦᠨ᠎ᠡᠴᠡ ᠰᠣᠩᠭᠣᠵᠤ ᠭᠠᠷᠭᠠᠭᠰᠠᠨ ᠨᠠᠮ᠎ᠤᠨ ᠬᠤᠷᠢᠶ᠎ᠠ ᠵᠢᠨ ᠲᠤᠰᠢᠶᠠᠯ᠎ᠤᠨ ᠬᠤᠭᠤᠴᠠᠭ᠎ᠠ ᠨᠢ ᠵᠣᠬᠢᠴᠠᠩᠭᠤᠢ᠎ᠪᠠᠷ ᠬᠤᠪᠢᠷᠠᠨ᠎ᠠ᠃
ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠣᠷᠢᠢ᠎ᠠ (ᠪᠠᠶ᠋ᠢᠩᠭᠤ᠎ᠶᠢᠨ ᠬᠣᠷᠢᠢ᠎ᠠ ᠭᠡᠵᠦ᠍ ᠲᠣᠪᠴᠢᠯᠠᠨ᠎ᠠ) ᠵᠢ ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠪᠦᠭᠦᠳᠡ ᠬᠤᠷᠠᠯ (ᠪᠦᠭᠦᠳᠡ ᠬᠤᠷᠠᠯ ᠭᠡᠵᠦ᠍ ᠲᠣᠪᠴᠢᠯᠠᠨ᠎ᠠ) ᠡᠴᠡ ᠰᠣᠩᠭᠣᠵᠤ ᠭᠠᠷᠭᠠᠨ᠎ᠠ᠂ ᠱᠦᠵᠢ᠂ ᠳᠡᠳ᠋ ᠱᠦᠵᠢ ᠪᠠ ᠪᠠᠶ᠋ᠢᠩᠭᠤ᠎ᠶᠢᠨ ᠬᠤᠷᠢᠶ᠎ᠠ ᠵᠢᠨ ᠪᠤᠰᠤᠳ ᠭᠡᠰᠢᠭᠦᠳ᠎ᠢᠶᠡᠷ ᠪᠦᠷᠢᠯᠳᠦᠨ᠎ᠡ᠃
ᠳᠣᠯᠣᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠭᠡᠰᠢᠭᠦᠨ᠂ ᠣᠷᠣᠯᠠᠭᠴᠢ ᠭᠡᠰᠢᠭᠦᠨ᠎ᠢ ᠲᠤᠬᠢᠷᠠᠭᠤᠯᠬᠤ᠎ᠳᠤ ᠡᠷᠬᠡᠪᠰᠢ ᠤᠯᠤᠰ ᠲᠦᠷᠦ᠎ᠶᠢᠨ ᠪᠠᠷᠢᠮᠵᠢᠶ᠎ᠠ᠎ᠶᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠮᠣᠷᠠᠯ ᠴᠢᠳᠠᠪᠤᠷᠢ᠎ᠶᠢ ᠬᠣᠣᠰᠯᠠᠭᠤᠯᠬᠤ᠂ ᠮᠣᠷᠠᠯ᠎ᠢ ᠲᠡᠷᠢᠭᠦᠨ᠎ᠳᠦ ᠲᠠᠯᠪᠢᠬᠤ᠂ ᠡᠷᠳᠡᠮᠲᠡᠨ ᠮᠡᠷᠭᠡᠳ᠎ᠢ ᠯᠡ ᠬᠡᠷᠡᠭᠯᠡᠬᠦ᠌ ᠵᠠᠷᠴᠢᠮ᠎ᠢ ᠪᠠᠷᠢᠮᠲᠠᠯᠠᠬᠤ ᠬᠡᠷᠡᠭᠲᠡᠢ᠃ ᠵᠢᠱ᠌ᠢᠭᠳᠡᠭᠴᠢ ᠨᠢ ᠲᠥᠯᠥᠭᠡᠯᠡᠬᠦ᠌ ᠴᠢᠨᠠᠷᠲᠠᠢ ᠪᠠᠶ᠋ᠢᠵᠤ᠂ ᠨᠠᠮ᠎ᠳᠤ ᠤᠷᠤᠭᠰᠠᠨ ᠬᠤᠭᠤᠴᠠᠭ᠎ᠠ᠂ ᠨᠠᠰᠤ ᠵᠢᠯ᠂ ᠬᠦᠢᠰᠦ᠂ ᠲᠤᠰᠬᠠᠢ ᠮᠡᠷᠭᠡᠵᠢᠯ ᠵᠡᠷᠭᠡ ᠲᠠᠯ᠎ᠠ᠎ᠶᠢᠨ ᠱᠠᠭᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃ ᠵᠢᠱ᠌ᠢᠭᠳᠡᠭᠴᠢ᠎ᠳᠦ ᠱᠦᠵᠢ᠂ ᠳᠡᠳ᠋ ᠱᠦᠵᠢ ᠪᠣᠯᠤᠨ ᠪᠠᠶ᠋ᠢᠩᠭᠤ᠎ᠶᠢᠨ ᠬᠤᠷᠢᠶ᠎ᠠ ᠵᠢᠨ ᠪᠤᠰᠤᠳ ᠭᠡᠰᠢᠭᠦᠨ ᠪᠠᠭᠲᠠᠨ᠎ᠠ᠂ ᠶᠡᠷᠦ᠎ᠳᠡᠭᠡᠨ ᠪᠠᠰᠠ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠤᠯᠤᠰ ᠲᠥᠷᠥ᠎ᠶᠢᠨ ᠵᠥᠪᠯᠡᠯᠭᠡᠨ᠂ ᠰᠢᠭᠦᠬᠦ᠌ ᠬᠣᠷᠢᠶ᠎ᠠ᠂ ᠪᠠᠶ᠋ᠢᠴᠠᠭᠠᠬᠤ ᠬᠤᠷᠢᠶ᠎ᠠ ᠵᠢᠨ ᠭᠣᠣᠯ ᠬᠠᠷᠢᠭᠤᠴᠠᠯᠭᠠᠲᠠᠨ᠂ ᠠᠳᠠᠯᠢ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠭᠣᠣᠯ ᠬᠠᠷᠢᠭᠤᠴᠠᠯᠭᠠᠲᠠᠨ᠂ ᠠᠳᠠᠯᠢ ᠱᠠᠲᠤᠨ᠎ᠤ ᠠᠵᠢᠯᠴᠢᠨ᠎ᠤ ᠡᠪᠯᠡᠯ᠂ ᠡᠪ ᠬᠠᠮᠲᠤ᠌ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠦᠨ ᠬᠣᠯᠪᠣᠭ᠎ᠠ᠎ᠶᠢᠨ ᠭᠣᠣᠯ ᠬᠠᠷᠢᠭᠤᠴᠠᠯᠭᠠᠲᠠᠨ᠂ ᠳᠣᠣᠷ᠎ᠠ ᠨᠢᠭᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭᠠᠲᠠᠨ ᠵᠢᠴᠢ ᠵᠣᠬᠢᠬᠤ ᠬᠠᠷᠢᠴᠠᠯᠪᠦᠬᠦᠢ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠪᠠᠭᠲᠠᠨ᠎ᠠ᠃ ᠰᠣᠩᠭᠣᠭᠳᠠᠭᠰᠠᠨ ᠭᠡᠰᠢᠭᠦᠨ᠂ ᠣᠷᠣᠯᠠᠭᠴᠢ ᠭᠡᠰᠢᠭᠦᠨ᠎ᠢ ᠳᠡᠭᠡᠷ᠎ᠡ ᠨᠢᠭᠡ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠵᠦ᠍ ᠳᠠᠩᠰᠠᠯᠠᠭᠤᠯᠤᠨ᠎ᠠ᠃
ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠲᠤᠰᠢᠶᠠᠯ᠎ᠤᠨ ᠬᠤᠭᠤᠴᠠᠭᠠᠨ᠎ᠳᠤ᠂ ᠭᠡᠰᠢᠭᠦᠨ᠎ᠦ ᠣᠷᠣ ᠬᠤᠭᠤᠰᠤᠨ ᠭᠠᠷᠪᠠᠯ ᠣᠷᠣᠯᠠᠭᠴᠢ ᠭᠡᠰᠢᠭᠦᠨ᠎ᠦ ᠣᠯᠤᠭᠰᠠᠨ ᠪᠢᠯᠧᠲ᠎ᠤᠨ ᠤᠯᠡᠠ ᠴᠥᠭᠡ᠎ᠨᠢ ᠦᠨᠳᠦᠰᠦᠯᠡᠵᠦ᠍ ᠲᠡᠰ ᠳᠠᠷᠠᠭᠠᠯᠠᠨ ᠨᠥᠬᠥᠪᠥᠷᠢᠯᠡᠨ᠎ᠡ᠂ ᠨᠥᠬᠥᠪᠥᠷᠢᠯᠡᠭᠡᠳ ᠮᠥᠨ ᠬᠣᠭᠣᠰᠣᠨ ᠪᠠᠶ᠋ᠢᠪᠠᠯ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠤᠶᠤ ᠨᠠᠮ᠎ᠤᠨ ᠲᠥᠯᠥᠭᠡᠯᠡᠭᠴᠢᠳ᠎ᠦᠨ ᠬᠤᠷᠠᠯ᠎ᠢ ᠬᠤᠷᠠᠯᠳᠤᠭᠤᠯᠵᠤ ᠨᠥᠬᠥᠵᠦ᠍ ᠰᠣᠩᠭᠣᠵᠤ ᠪᠣᠯᠤᠨ᠎ᠠ᠃
ᠲᠤᠰ ᠭᠠᠵᠠᠷ ᠣᠷᠣᠨ᠎ᠡᠴᠡ᠎ᠪᠠᠨ ᠰᠢᠯᠵᠢᠭᠰᠡᠨ᠂ ᠠᠯᠪᠠᠨ ᠲᠤᠰᠢᠶᠠᠯ᠎ᠡᠴᠡ᠎ᠪᠠᠨ ᠪᠠᠭᠤᠭᠰᠠᠨ᠂ ᠠᠵᠢᠯ ᠡᠴᠡ ᠪᠠᠨ ᠠᠮᠠᠷᠠᠭᠰᠠᠨ ᠵᠡᠷᠭᠡ ᠰᠢᠯᠲᠠᠭᠠᠨ᠎ᠡᠴᠡ ᠪᠤᠯᠵᠦ᠍ ᠦᠷᠭᠦᠯᠵᠢᠯᠡᠨ ᠭᠡᠰᠢᠭᠦᠨ᠂ ᠣᠷᠣᠯᠠᠭᠴᠢ ᠭᠡᠰᠢᠭᠦᠨ᠎ᠦ ᠲᠤᠰᠢᠶᠠᠯ᠎ᠢ ᠬᠠᠷᠢᠭᠤᠴᠠᠬᠤ᠎ᠳᠤ ᠲᠤᠬᠢᠷᠡᠬᠤ ᠦᠭᠡᠢ ᠪᠣᠯᠤᠭᠰᠠᠨ ᠪᠠᠶ᠋ᠢᠪᠠᠯ᠂ ᠲᠤᠰᠢᠶᠠᠯ᠎ᠡᠴᠡ᠎ᠪᠠᠨ ᠪᠠᠭᠤᠬᠤ ᠪᠤᠶᠤ ᠲᠡᠭᠦᠨ᠎ᠦ ᠪᠠᠶ᠋ᠢᠭ᠎ᠠ ᠨᠠᠮ᠎ᠤᠨ ᠣᠷᠣᠨ ᠨᠤᠲᠤᠭ᠎ᠤᠨ ᠬᠤᠷᠢᠶ᠎ᠠ ᠡᠴᠡ ᠲᠡᠰ ᠲᠠᠷᠠᠭᠠᠯᠠᠯ ᠶᠣᠰᠣᠭᠠᠷ ᠲᠡᠭᠦᠨ᠎ᠤ ᠭᠡᠰᠢᠭᠦᠨ᠂ ᠣᠷᠣᠯᠠᠭᠴᠢ ᠭᠡᠰᠢᠭᠦᠨ᠎ᠦ ᠲᠤᠰᠢᠶᠠᠯ᠎ᠡᠴᠡ ᠨᠢ ᠪᠠᠭᠤᠯᠭᠠᠬᠤ ᠬᠡᠷᠡᠭᠲᠡᠢ᠃ ᠨᠠᠰᠤ ᠪᠠᠷᠠᠭᠰᠠᠨ᠂ ᠤᠯᠤᠰ᠎ᠤᠨ ᠬᠠᠷᠢᠶ᠎ᠠ᠎ᠪᠠᠨ ᠠᠯᠳᠠᠭᠰᠠᠨ᠂ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠂ ᠨᠠᠮ᠎ᠤᠨ ᠬᠠᠷᠢᠶ᠎ᠠ᠎ᠵᠢ ᠨᠢ ᠵᠣᠭᠰᠣᠭᠠᠭᠰᠠᠨ᠂ ᠨᠠᠮ᠎ᠳᠤ ᠪᠠᠶ᠋ᠢᠯᠭᠠᠵᠤ ᠬᠢᠨᠠᠨ ᠦᠵᠡᠬᠦ᠌᠎ᠡᠴᠡ ᠳᠡᠭᠡᠭᠰᠢᠬᠢ ᠨᠠᠮ᠎ᠤᠨ ᠰᠠᠬᠢᠯᠭ᠎ᠠ ᠪᠠᠲᠤ᠎ᠶᠢᠨ ᠰᠢᠢᠳᠬᠡᠯ ᠣᠯᠤᠭᠰᠠᠨ᠂ ᠢᠳᠬᠠᠵᠤ ᠨᠠᠮ᠎ᠡᠴᠡ ᠭᠠᠷᠭᠠᠬᠤ ᠪᠤᠶᠤ ᠨᠡᠷ᠎ᠡ᠎ᠶᠢ ᠨᠢ ᠬᠠᠰᠤᠬᠤ ᠰᠢᠢᠳᠬᠡᠯ ᠣᠯᠤᠭᠰᠠᠨ ᠪᠠᠶ᠋ᠢᠪᠠᠯ᠂ ᠭᠡᠰᠢᠭᠦᠨ᠂ ᠣᠷᠣᠯᠠᠭᠴᠢ ᠭᠡᠰᠢᠭᠦᠨ᠎ᠦ ᠲᠤᠰᠢᠶᠠᠯ ᠨᠢ ᠠᠶᠠᠨᠳᠠᠭᠠᠨ ᠡᠴᠦᠰᠯᠡᠨ᠎ᠡ᠃ ᠭᠡᠰᠢᠭᠦᠨ᠂ ᠣᠷᠣᠯᠠᠭᠴᠢ ᠭᠡᠰᠢᠭᠦᠨ᠎ᠦ ᠲᠤᠰᠢᠶᠠᠯ ᠡᠴᠡ ᠪᠠᠨ ᠪᠠᠭᠤᠬᠤ᠂ ᠪᠠᠭᠤᠯᠭᠠᠬᠤ ᠪᠤᠶᠤ ᠠᠶᠠᠨᠳᠠᠭᠠᠨ ᠡᠴᠦᠰᠯᠡᠭᠰᠡᠨ ᠪᠠᠢᠪᠠᠯ ᠳᠡᠭᠡᠷ᠎ᠡ ᠨᠢᠭᠡ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠵᠦ᠍ ᠳᠠᠩᠰᠠᠯᠠᠭᠤᠯᠬᠤ ᠬᠡᠷᠡᠭᠲᠡᠢ᠃ ᠦᠨᠡᠬᠡᠷ ᠴᠢᠬᠤᠯᠠᠲᠠᠶ ᠪᠣᠯ ᠳᠡᠭᠡᠷ᠎ᠠ ᠨᠢᠭᠡ ᠱᠠᠲᠤᠨ᠎ᠤ ᠨᠠᠮ᠎ᠤᠨ ᠬᠣᠷᠢᠢ᠎ᠠ ᠡᠴᠡ ᠲᠤᠤᠷ᠎ᠠ ᠱᠠᠲᠤᠨ᠎ᠤ ᠨᠠᠮ᠎ᠤᠨ ᠬᠤᠷᠢᠶ᠎ᠠ ᠵᠢᠨ ᠭᠡᠰᠢᠭᠦᠨ᠎ᠢ ᠲᠣᠮᠢᠯᠠᠬᠤ ᠪᠤᠶᠤ ᠲᠤᠤᠷ᠎ᠠ ᠱᠠᠲᠤᠨ᠎ᠤ ᠨᠠᠮ᠎ᠤᠨ ᠬᠤᠷᠢᠶ᠎ᠠ ᠵᠢᠨ ᠭᠡᠰᠢᠭᠦᠨ᠂ ᠣᠷᠣᠯᠠᠭᠴᠢ ᠭᠡᠰᠢᠭᠦᠨ᠎ᠦ ᠲᠤᠰᠢᠶᠠᠯ᠎ᠡᠴᠡ ᠨᠢ ᠪᠠᠭᠤᠯᠭᠠᠵᠤ ᠪᠣᠯᠤᠨ᠎ᠠ᠃
ᠨᠠᠢ᠍ᠮᠠᠳᠤᠭᠠᠷ ᠵᠦᠢᠯ ᠪᠠᠶ᠋ᠢᠩᠭᠤ᠎ᠶᠢᠨ ᠬᠤᠷᠢᠶ᠎ᠠ ᠵᠢᠨ ᠭᠡᠰᠢᠭᠦᠨ᠎ᠢ ᠲᠤᠬᠢᠷᠠᠭᠤᠯᠬᠤ᠎ᠳᠤ᠂ ᠳᠡᠭᠡᠷ᠎ᠡ ᠱᠠᠲᠤᠨ᠎ᠤ ᠨᠠᠮ᠎ᠤᠨ ᠬᠣᠷᠢᠢ᠎ᠠ᠎ᠡᠴᠡ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ᠂ ᠠᠷᠠᠳᠴᠢᠯᠠᠯ ᠲᠥᠪᠯᠡᠷᠡᠯ᠎ᠦᠨ ᠶᠣᠰᠣ᠎ᠶᠢ ᠲᠤᠭᠤᠰᠢᠯᠠᠭᠤᠯᠤᠨ ᠬᠡᠷᠡᠭᠵᠢᠭᠦᠯᠬᠦ᠌᠎ᠳᠦ ᠠᠰᠢᠭᠲᠠᠢ ᠪᠠᠶ᠋ᠢᠯᠭᠠᠬᠤ᠂ ᠬᠡᠷᠡᠭ ᠵᠥᠪᠯᠡᠬᠦ᠌ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠲᠦᠪᠰᠢᠨ᠎ᠢ ᠳᠡᠭᠡᠭᠰᠢᠯᠡᠭᠦᠯᠬᠦ᠌ ᠵᠠᠷᠴᠢᠮ ᠶᠣᠰᠣᠭᠠᠷ ᠲᠣᠭᠲᠠᠭᠠᠨ᠎ᠠ᠃ ᠪᠠᠶ᠋ᠢᠩᠭᠤ᠎ᠶᠢᠨ ᠬᠤᠷᠢᠶ᠎ᠠ ᠵᠢᠨ ᠭᠡᠰᠢᠭᠦᠨ᠎ᠦ ᠲᠣᠭ᠎ᠠ᠎ᠶᠢ ᠮᠤᠵᠢ᠎ᠶᠢᠨ ᠱᠠᠲᠤᠨ᠎ᠳᠤ 11 ᠡᠴᠡ 13 ᠬᠥᠮᠦᠨ᠂ ᠬᠣᠲᠠ᠂ ᠰᠢᠶᠠᠨᠬᠤᠶᠠᠷ ᠱᠠᠲᠤᠨ᠎ᠳᠤ 9 ᠡᠴᠡ 11 ᠬᠥᠮᠦᠨ ᠪᠠᠶ᠋ᠢᠯᠭᠠᠵᠤ᠂ ᠣᠨᠴᠠ ᠵᠠᠷᠢᠮ ᠭᠠᠵᠠᠷ ᠣᠷᠣᠨ᠎ᠳᠤ ᠵᠣᠬᠢᠰᠲᠠᠢ᠎ᠪᠠᠷ ᠨᠡᠮᠡᠵᠦ᠍ ᠬᠠᠰᠤᠬᠤ ᠴᠢᠬᠤᠯᠠᠲᠠᠢ ᠪᠠᠶ᠋ᠢᠪᠠᠯ᠂ ᠨᠠᠮ᠎ᠤᠨ ᠲᠥᠪ ᠬᠣᠷᠢᠢ᠎ᠠ᠎ᠡᠴᠡ ᠲᠣᠭᠲᠠᠭᠠᠬᠤ ᠪᠤᠶᠤ ᠮᠤᠵᠢ᠎ᠶᠢᠨ ᠱᠠᠲᠤᠨ᠎ᠤ ᠨᠠᠮ᠎ᠤᠨ ᠬᠣᠷᠢᠢ᠎ᠠ᠎ᠡᠴᠡ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ᠎ᠶᠢ ᠦᠨᠳᠦᠰᠦᠯᠡᠨ ᠬᠢᠨᠠᠨ ᠵᠥᠪᠰᠢᠶᠡᠷᠡᠨ᠎ᠡ᠃
ᠨᠠᠮ᠎ᠤᠨ ᠣᠷᠣᠨ ᠨᠤᠲᠤᠭ᠎ᠤᠨ ᠬᠣᠷᠢᠶ᠎ᠠ᠎ᠳᠤ ᠱᠦᠵᠢ 1 ᠬᠥᠮᠦᠨ᠂ ᠳᠡᠳ᠋ ᠱᠦᠵᠢ 2 ᠬᠥᠮᠦᠨ ᠲᠤᠬᠢᠷᠠᠭᠤᠯᠵᠤ᠂ ᠣᠨᠴᠠ ᠵᠠᠷᠢᠮ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠨᠤᠲᠤᠭ᠎ᠲᠤ᠌ ᠳᠡᠳ᠋ ᠱᠦᠵᠢ᠎ᠶᠢᠨ ᠲᠤᠰᠢᠶᠠᠯ᠎ᠤᠨ ᠲᠣᠭ᠎ᠠ᠎ᠶᠢ ᠵᠣᠬᠢᠰᠲᠠᠢ᠎ᠪᠠᠷ ᠨᠡᠮᠡᠬᠦ᠌ ᠴᠢᠬᠤᠯᠠᠲᠠᠢ ᠪᠠᠶ᠋ᠢᠪᠠᠯ᠂ ᠨᠠᠮ᠎ᠤᠨ ᠲᠥᠪ ᠬᠣᠷᠢᠢ᠎ᠠ᠎ᠡᠴᠡ ᠲᠣᠭᠲᠠᠭᠠᠬᠤ ᠪᠤᠶᠤ ᠮᠤᠵᠢ᠎ᠶᠢᠨ ᠱᠠᠲᠤᠨ᠎ᠤ ᠨᠠᠮ᠎ᠤᠨ ᠬᠣᠷᠢᠢ᠎ᠠ᠎ᠡᠴᠡ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ᠎ᠶᠢ ᠦᠨᠳᠦᠰᠦᠯᠡᠨ ᠬᠢᠨᠠᠨ ᠵᠥᠪᠰᠢᠶᠡᠷᠡᠨ᠎ᠡ᠃
ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠬᠤᠭᠤᠴᠠᠭ᠎ᠠ ᠰᠣᠯᠢᠬᠤ ᠦᠶ᠎ᠡ᠎ᠳᠦ᠂ ᠪᠠᠶ᠋ᠢᠩᠭᠤ᠎ᠶᠢᠨ ᠬᠤᠷᠢᠶ᠎ᠠ ᠵᠢᠨ ᠭᠡᠰᠢᠭᠦᠨ ᠪᠠ ᠱᠦᠵᠢ᠂ ᠳᠡᠳ᠋ ᠱᠦᠵᠢ᠎ᠶᠢ ᠪᠦᠬᠦᠳᠠ ᠬᠤᠷᠠᠯ᠎ᠡᠴᠡ ᠰᠣᠩᠭᠣᠵᠤ ᠭᠠᠷᠭᠠᠭᠠᠳ ᠳᠡᠭᠡᠷ᠎ᠡ ᠨᠢᠭᠡ ᠱᠠᠲᠤᠨ᠎ᠤ ᠨᠠᠮ᠎ᠤᠨ ᠬᠣᠷᠢᠢ᠎ᠠ᠎ᠳᠤ ᠮᠡᠳᠡᠭᠦᠯᠵᠦ᠍ ᠵᠥᠪᠰᠢᠶᠡᠷᠡᠭᠦᠯᠦᠨ᠎ᠡ᠃ ᠰᠢᠨ᠎ᠡ᠎ᠪᠡᠷ ᠰᠣᠩᠭᠣᠭᠳᠠᠭᠰᠠᠨ ᠱᠦᠵᠢ᠂ ᠳᠡᠳ᠋ ᠱᠦᠵᠢ ᠪᠣᠯᠤᠨ ᠪᠠᠶ᠋ᠢᠩᠭᠤ᠎ᠶᠢᠨ ᠬᠤᠷᠢᠶ᠎ᠠ ᠵᠢᠨ ᠪᠤᠰᠤᠳ ᠭᠡᠰᠢᠭᠦᠳ ᠡᠩ᠎ᠦᠨ ᠪᠠᠶ᠋ᠢᠳᠠᠯ᠎ᠳᠤ ᠨᠢᠭᠡ ᠪᠦᠬᠦᠯᠢ ᠬᠤᠭᠤᠴᠠᠭ᠎ᠠ ᠲᠤᠰᠢᠶᠠᠯ ᠡᠭᠦᠷᠭᠡᠯᠡᠬᠦ᠌ ᠬᠡᠷᠡᠭᠲᠡᠢ᠃ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠤᠷᠠᠯ ᠲᠡᠭᠦᠰᠦᠭᠰᠡᠨ ᠬᠤᠭᠤᠴᠠᠭᠠᠨ᠎ᠳᠤ ᠳᠡᠭᠡᠷ᠎ᠠ ᠱᠠᠲᠤᠨ᠎ᠤ ᠨᠠᠮ᠎ᠤᠨ ᠬᠤᠷᠢᠶ᠎ᠠ ᠨᠢ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ᠂ ᠲᠤᠤᠷ᠎ᠠ ᠱᠠᠲᠤᠨ᠎ᠤ ᠨᠠᠮ᠎ᠤᠨ ᠬᠤᠷᠢᠶ᠎ᠠ ᠵᠢᠨ ᠱᠦᠵᠢ᠂ ᠳᠡᠳ᠋ ᠱᠦᠵᠢ ᠪᠠ ᠪᠠᠶ᠋ᠢᠩᠭᠤ᠎ᠶᠢᠨ ᠬᠤᠷᠢᠶ᠎ᠠ ᠵᠢᠨ ᠪᠤᠰᠤᠳ ᠭᠡᠰᠢᠭᠦᠨ᠎ᠢ ᠰᠢᠯᠵᠢᠭᠦᠯᠵᠦ᠍᠂ ᠲᠤᠰᠢᠶᠠᠯ᠎ᠳᠤ ᠲᠣᠮᠢᠯᠠᠵᠤ ᠲᠤᠰᠢᠶᠠᠯ ᠡᠴᠡ ᠨᠢ ᠪᠠᠭᠤᠯᠭᠠᠵᠤ ᠪᠣᠯᠤᠨ᠎ᠠ᠂ ᠲᠡᠭᠦᠨ᠎ᠦ ᠲᠣᠭ᠎ᠠ ᠬᠡᠮᠵᠢᠢ᠎ᠡ ᠨᠢ ᠲᠤᠰᠢᠶᠠᠯ᠎ᠤᠨ ᠬᠤᠭᠤᠴᠠᠭᠠᠨ᠎ᠳᠠᠭᠠᠨ ᠶᠡᠷᠦᠩᠬᠡᠢ᠎ᠳᠡᠭᠡᠨ ᠪᠠᠶ᠋ᠢᠩᠭᠤ᠎ᠶᠢᠨ ᠬᠤᠷᠢᠶ᠎ᠠ ᠵᠢᠨ ᠭᠡᠰᠢᠭᠦᠨ᠎ᠦ ᠲᠤᠰᠢᠶᠠᠯ᠎ᠤᠨ ᠲᠣᠭᠠᠨ᠎ᠤ ᠬᠠᠭᠠᠰ᠎ᠡᠴᠡ ᠬᠡᠲᠦᠷᠡᠵᠦ᠍ ᠪᠣᠯᠬᠤ ᠦᠭᠡᠢ᠃
ᠶᠢᠰᠦᠳᠦᠭᠡᠷ ᠵᠦᠢᠯ ᠨᠠᠮ᠎ᠤᠨ ᠣᠷᠣᠨ ᠨᠤᠲᠤᠭ᠎ᠤᠨ ᠬᠤᠷᠢᠶ᠎ᠠ ᠨᠢ ᠨᠠᠮ᠎ᠤᠨ ᠤᠯᠤᠰ ᠲᠦᠷᠦ᠎ᠶᠢᠨ ᠪᠠᠶ᠋ᠢᠭᠤᠯᠤᠯᠲᠠ᠎ᠶᠢ ᠲᠡᠷᠢᠭᠦᠨ᠎ᠳᠤ ᠲᠠᠯᠪᠢᠵᠤ᠂《ᠨᠢᠭᠡᠳᠦᠭᠡᠷ ᠵᠥᠪᠯᠡᠬᠦ᠌ ᠰᠡᠳᠦᠪ》 ᠤ᠋ᠨ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠦᠨ᠂ ᠨᠠᠮ᠎ᠤᠨ ᠰᠢᠨ᠎ᠡ᠎ᠡᠭᠦᠳᠦᠯᠲᠡ ᠵᠢᠨ ᠣᠨᠣᠯ᠎ᠢᠶᠠᠷ ᠵᠡᠪᠰᠡᠭᠯᠡᠬᠦ᠌᠎ᠶᠢ ᠴᠢᠩᠭᠠᠳᠬᠠᠨ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠤᠯᠤᠰ ᠲᠥᠷᠥ᠎ᠶᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠠᠵᠢᠯᠯᠠᠬᠤ ᠴᠢᠳᠠᠪᠤᠷᠢ᠎ᠪᠠᠨ ᠨᠡᠮᠡᠭᠳᠡᠭᠦᠯᠵᠦ᠂ ᠪᠦᠬᠦᠯᠢ ᠴᠣᠭᠴᠠ᠎ᠶᠢᠨ ᠦᠢᠯᠡᠳᠦᠯ ᠴᠢᠳᠠᠮᠵᠢ᠎ᠪᠠᠨ ᠴᠢᠩᠭᠠᠳᠬᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠵᠦ᠂《ᠭᠤᠷᠪᠠᠨ ᠴᠢᠩᠭ᠎ᠠ ᠭᠤᠷᠪᠠᠨ ᠪᠣᠳᠠᠲᠠᠶ》ᠵᠢᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠲᠥᠪ ᠦᠨ ᠨᠠᠶ᠋ᠮᠠᠨ ᠲᠣᠭᠲᠠᠭᠠᠯ ᠤᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ᠌ ᠦᠵᠡᠯ ᠪᠠ ᠱᠠᠯᠢᠨ ᠪᠦᠷᠢᠯᠭᠡᠬᠦ᠌ ᠰᠤᠷᠲᠠᠯ᠎ᠢ ᠡᠷᠡᠰ ᠡᠰᠡᠷᠭᠦᠴᠡᠵᠦ᠂ ᠲᠦᠷᠦᠭᠦᠯᠡᠨ ᠳᠦᠷᠢᠮ ᠲᠣᠭᠲᠠᠭᠠᠯ ᠰᠠᠬᠢᠯᠭ᠎ᠠ ᠪᠠᠲᠤ᠎ᠶᠢ ᠰᠠᠬᠢᠵᠤ᠂ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠵᠤ᠂ ᠨᠠᠮ᠎ᠤᠨ ᠲᠥᠪ ᠬᠤᠷᠢᠶ᠎ᠠ ᠵᠢᠨ ᠵᠢᠯᠣᠭᠣᠳᠤᠯᠭ᠎ᠠ᠎ᠶᠢ ᠡᠷᠡᠰ ᠳᠠᠭᠠᠬᠤ᠂ ᠬᠡᠷᠡᠭᠵᠢᠭᠦᠯᠦᠯᠲᠡ ᠨᠢ ᠬᠦᠴᠦᠨ ᠲᠠᠢ᠂ ᠬᠠᠮᠢᠶᠠᠷᠤᠯᠲᠠ ᠨᠢ ᠴᠢᠩᠭ᠎ᠠ᠂ ᠤᠳᠤᠷᠢᠳᠬᠤ ᠪᠠᠭ᠎ᠨᠢ ᠪᠦᠯᠬᠦᠮᠳᠡᠯ ᠲᠠᠢ᠂ ᠰᠤᠷᠲᠠᠯ ᠴᠢᠬᠡᠴᠢ ᠤᠪᠤᠷ ᠲᠦᠪ ᠪᠠᠲᠤ᠌ ᠴᠢᠩᠭ᠎ᠠ ᠵᠣᠬᠢᠶᠠᠨ ᠪᠠᠢᠭᠤᠯᠤᠯᠲᠠ ᠵᠢ ᠪᠦᠲᠦᠭᠡᠨ ᠪᠠᠢᠭᠤᠯᠬᠤ ᠬᠡᠷᠡᠭᠲᠡᠢ᠃
ᠭᠤᠷᠪᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ
ᠠᠷᠪᠠᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠤᠷᠢᠶ᠎ᠠ ᠨᠢ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠤᠷᠠᠯ ᠲᠡᠭᠦᠰᠦᠭᠰᠡᠨ ᠬᠤᠭᠤᠴᠠᠭᠠᠨ᠎ᠳᠤ᠂ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠡᠭᠡᠷ᠎ᠠ ᠱᠠᠲᠤᠨ᠎ᠤ ᠨᠠᠮ᠎ᠤᠨ ᠬᠤᠷᠢᠶ᠎ᠠ ᠵᠢᠨ ᠵᠢᠭᠠᠪᠤᠷᠢ ᠪᠠ ᠠᠳᠠᠯᠢ ᠱᠠᠲᠤᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠰᠢ᠌ᠳᠪᠦᠷᠢ᠂ ᠲᠣᠭᠲᠠᠭᠠᠯ᠎ᠢ ᠬᠡᠷᠡᠭᠵᠢᠭᠦᠯᠵᠦ᠍᠂ ᠲᠤᠰ ᠭᠠᠵᠠᠷ ᠣᠷᠣᠨ᠎ᠤ᠎ᠪᠠᠨ ᠠᠵᠢᠯ᠎ᠢ ᠤᠳᠤᠷᠢᠳᠤᠨ᠎ᠠ᠃
ᠨᠠᠮ᠎ᠤᠨ ᠣᠷᠣᠨ ᠨᠤᠲᠤᠭ᠎ᠤᠨ ᠬᠤᠷᠢᠶ᠎ᠠ ᠪᠦᠭᠦᠳᠡ ᠬᠤᠷᠠᠯ᠎ᠢ ᠬᠤᠷᠠᠯᠳᠤᠭᠤᠯᠬᠤ ᠠᠷᠭ᠎ᠠ ᠮᠠᠶᠢᠭ᠎ᠢᠶᠠᠷ ᠲᠠᠮᠵᠢᠨ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠌ ᠬᠡᠷᠡᠭᠲᠡᠢ᠄
(ᠨᠢᠭᠡ)ᠨᠠᠮ᠎ᠤᠨ ᠲᠥᠪ ᠬᠤᠷᠢᠶ᠎ᠠ ᠵᠢᠴᠢ ᠳᠡᠭᠡᠷ᠎ᠡ ᠱᠠᠲᠤᠨ᠎ᠤ ᠨᠠᠮ᠎ᠤᠨ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠠᠳᠠᠯᠢ ᠱᠠᠲᠤᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠰᠢ᠌ᠳᠪᠦᠷᠢ᠂ ᠲᠣᠭᠲᠠᠭᠠᠯ᠎ᠢ ᠲᠤᠭᠤᠰᠢᠯᠠᠭᠤᠯᠤᠨ ᠬᠡᠷᠡᠭᠵᠢᠭᠦᠯᠬᠦ᠌ ᠴᠢᠬᠤᠯᠠ ᠶᠡᠬᠡ ᠠᠷᠭ᠎ᠠ ᠬᠡᠮᠵᠢᠢ᠎ᠡ᠎ᠶᠢ ᠲᠣᠭᠲᠠᠭᠠᠨ᠎ᠠ᠃
(ᠬᠣᠶᠠᠷ) ᠲᠤᠰ ᠭᠠᠵᠠᠷ ᠣᠷᠣᠨ᠎ᠤ᠎ᠪᠠᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠪᠠᠶ᠋ᠢᠯᠳᠤᠬᠤ ᠪᠤᠳᠤᠯᠭ᠎ᠠ᠂ ᠤᠯᠤᠰ ᠲᠦᠷᠦ᠎ᠶᠢᠨ ᠠᠮᠤᠷ ᠲᠦᠪᠰᠢᠨ ᠪᠠ ᠨᠡᠶ᠋ᠢᠭᠡᠮ᠎ᠦᠨ ᠲᠣᠭᠲᠠᠭᠤᠨ᠎ᠢ ᠬᠠᠮᠠᠭᠠᠯᠠᠬᠤ᠂ ᠴᠢᠬᠤᠯᠠ ᠶᠡᠬᠡ ᠥᠭᠡᠷᠡᠴᠢᠯᠡᠯᠲᠡ᠎ᠶᠢᠨ ᠤᠴᠢᠷ ᠶᠠᠪᠤᠳᠠᠯ᠂ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠬᠦᠨᠳᠦ ᠶᠡᠬᠡ ᠠᠶᠤᠯ ᠲᠦᠭᠰᠢᠭᠦᠷᠢ᠎ᠶᠢ ᠰᠡᠷᠭᠡᠶ᠋ᠢᠯᠡᠨ ᠠᠷᠢᠯᠭᠠᠬᠤ ᠵᠡᠷᠭᠡ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠴᠢᠬᠤᠯᠠ ᠶᠡᠬᠡ ᠠᠰᠠᠭᠤᠳᠠᠯ᠎ᠢ ᠶᠠᠷᠢᠯᠴᠠᠨ ᠲᠣᠭᠲᠠᠭᠠᠨ᠎ᠠ᠃
(ᠭᠤᠷᠪᠠ)ᠲᠤᠰ ᠭᠠᠵᠠᠷ ᠣᠷᠣᠨ᠎ᠤ᠎ᠪᠠᠨ ᠨᠠᠮ᠎ᠤᠨ ᠪᠠᠶ᠋ᠢᠭᠤᠯᠤᠯᠲᠠ᠎ᠶᠢᠨ ᠴᠢᠬᠤᠯᠠ ᠶᠡᠬᠡ ᠠᠰᠠᠭᠤᠳᠠᠯ᠎ᠢ ᠶᠠᠷᠢᠯᠴᠠᠨ ᠲᠣᠭᠲᠠᠭᠠᠨ᠎ᠠ᠃
(ᠲᠦᠷᠪᠡ)ᠠᠳᠠᠯᠢ ᠱᠠᠲᠤᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠤᠶᠤ ᠨᠠᠮ᠎ᠤᠨ ᠲᠥᠯᠥᠭᠡᠯᠡᠭᠴᠢᠳ᠎ᠦᠨ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠭᠠᠬᠤ᠎ᠶᠢᠨ ᠬᠠᠮᠲᠤ᠌ ᠵᠦᠪᠯᠡᠭᠦᠯᠬᠦ ᠪᠡᠷ ᠳᠤᠷᠠᠳᠤᠭᠰᠠᠨ ᠶᠠᠪᠤᠳᠠᠯ᠎ᠤᠳ᠎ᠢ ᠤᠷᠢᠳ᠎ᠢᠶᠡᠷ ᠬᠢᠨᠠᠨ ᠵᠦᠪᠯᠡᠵᠦ᠂ ᠰᠠᠨᠠᠯ ᠳᠤᠷᠠᠳᠤᠨ᠎ᠠ᠃
(ᠲᠠᠪᠤ)ᠪᠠᠶ᠋ᠢᠩᠭᠤ᠎ᠶᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠤᠶᠤ ᠲᠤᠰᠬᠠᠢ ᠠᠵᠢᠯ᠎ᠤᠨ ᠮᠡᠳᠡᠭᠦᠯᠦᠯᠲᠡ᠎ᠶᠢ ᠰᠣᠨᠣᠰᠴᠤ᠌ ᠬᠢᠨᠠᠨ ᠵᠦᠪᠯᠡᠨ᠎ᠡ᠃
(ᠵᠢᠷᠭᠤᠭ᠎ᠠ)ᠪᠠᠶ᠋ᠢᠩᠭᠤ᠎ᠶᠢᠨ ᠬᠤᠷᠢᠶ᠎ᠠ ᠵᠢᠨ ᠭᠡᠰᠢᠭᠦᠨ ᠪᠠ ᠱᠦᠵᠢ᠂ ᠳᠡᠳ᠋ ᠱᠦᠵᠢ᠎ᠶᠢ ᠰᠣᠩᠭᠣᠨ᠎ᠠ; ᠠᠳᠠᠯᠢ ᠱᠠᠲᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠤᠷᠢᠶ᠎ᠠ ᠵᠢᠨ ᠪᠦᠭᠦᠳᠡ ᠬᠤᠷᠠᠯ᠎ᠢᠶᠠᠷ ᠲᠠᠮᠵᠢᠨ ᠰᠣᠩᠭᠣᠨ ᠭᠠᠷᠭᠠᠭᠰᠠᠨ ᠪᠠᠶ᠋ᠢᠩᠭᠤ᠎ᠶᠢᠨ ᠬᠤᠷᠢᠶ᠎ᠠ ᠵᠢᠨ ᠭᠡᠰᠢᠭᠦᠨ ᠪᠠ ᠱᠦᠵᠢ᠂ ᠳᠡᠳ᠋ ᠱᠦᠵᠢ ᠵᠢ ᠰᠤᠩᠭᠤᠨ᠎ᠠ᠃
(ᠲᠤᠯᠤᠭ᠎ᠠ)ᠨᠠᠮ᠎ᠤᠨ ᠬᠤᠷᠢᠶ᠎ᠠ ᠵᠢᠨ ᠭᠡᠰᠢᠭᠦᠨ᠎ᠢ ᠳᠠᠷᠠᠭᠠᠯᠠᠨ ᠨᠥᠬᠥᠬᠦ᠌ᠪᠡᠷ ᠲᠣᠭᠲᠠᠭᠠᠨ᠎ᠠ; ᠨᠠᠮ᠎ᠤᠨ ᠬᠤᠷᠢᠶ᠎ᠠ ᠵᠢᠨ ᠭᠡᠰᠢᠭᠦᠨ᠂ ᠣᠷᠣᠯᠠᠭᠴᠢ ᠭᠡᠰᠢᠭᠦᠨ᠎ᠦ ᠲᠤᠰᠢᠶᠠᠯ᠎ᠡᠴᠡ᠎ᠪᠠᠨ ᠪᠠᠭᠤᠬᠤ᠎ᠶᠢ ᠵᠥᠪᠰᠢᠶᠡᠷᠡᠬᠦ᠌ ᠪᠤᠶᠤ ᠪᠠᠭᠤᠯᠭᠠᠬᠤ ᠵᠢ ᠲᠣᠭᠲᠠᠭᠠᠨ᠎ᠠ; ᠳᠣᠣᠷ᠎ᠠ ᠨᠢᠭᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢ ᠥᠭᠡᠷᠡᠴᠢᠯᠡᠨ ᠪᠠᠶ᠋ᠢᠭᠤᠯᠬᠤ ᠪᠤᠶᠤ ᠲᠠᠷᠬᠠᠭᠠᠬᠤ ᠵᠢ ᠲᠣᠭᠲᠠᠭᠠᠨ᠎ᠠ; ᠨᠠᠮ᠎ᠤᠨ ᠬᠤᠷᠢᠶ᠎ᠠ ᠵᠢᠨ ᠭᠡᠰᠢᠭᠦᠨ᠂ ᠣᠷᠣᠯᠠᠭᠴᠢ ᠭᠡᠰᠢᠭᠦᠨ᠎ᠤ ᠨᠠᠮ᠎ᠤᠨ ᠲᠤᠲᠤᠭᠠᠳᠤ ᠵᠢᠨ ᠲᠤᠰᠢᠶᠠᠯ᠎ᠡᠴᠡ ᠨᠢ ᠤᠭᠴᠤᠷᠠᠭᠤᠯᠬᠤ ᠡᠴᠡ ᠲᠡᠭᠡᠭᠰᠢᠬᠢ ᠨᠠᠮ᠎ᠤᠨ ᠰᠠᠬᠢᠯᠭ᠎ᠠ ᠪᠠᠲᠤ ᠵᠢᠨ ᠰᠢᠢᠳᠭᠡᠯ ᠦᠭᠬᠦ ᠵᠢ ᠲᠣᠭᠲᠠᠭᠠᠬᠤ ᠪᠤᠶᠤ ᠨᠡᠬᠡᠮᠵᠢᠯᠡᠨ ᠵᠥᠪᠰᠢᠶᠡᠷᠡᠨ᠎ᠡ᠃
(ᠨᠠᠶ᠋ᠮᠠ)ᠲᠤᠰ ᠭᠠᠵᠠᠷ ᠣᠷᠣᠨ᠎ᠤ᠎ᠪᠠᠨ ᠵᠠᠰᠠᠭ ᠵᠠᠬᠢᠷᠭᠠᠨ᠎ᠤ ᠣᠷᠣᠨ ᠬᠤᠪᠢᠶᠠᠷᠢᠯᠠᠬᠤ ᠴᠢᠬᠤᠯᠠ ᠶᠡᠬᠡ ᠲᠣᠬᠢᠷᠠᠭᠤᠯᠤᠯᠲᠠ ᠵᠢᠴᠢ ᠬᠣᠯᠪᠣᠭᠳᠠᠯ ᠪᠦᠬᠦᠢ ᠨᠠᠮ ᠵᠠᠰᠠᠭ ᠣᠯᠠᠨ ᠲᠦᠮᠡᠨ᠎ᠦ ᠪᠠᠶ᠋ᠢᠭᠤᠯᠤᠮᠵᠢ ᠵᠢ ᠪᠠᠶ᠋ᠢᠭᠤᠯᠬᠤ᠂ ᠬᠤᠪᠢᠷᠠᠭᠤᠯᠬᠤ ᠪᠠ ᠬᠠᠰᠤᠬᠤ ᠲᠥᠰᠦᠯ᠎ᠢ ᠰᠤᠳᠤᠯᠤᠨ ᠶᠠᠷᠢᠯᠴᠠᠨ᠎ᠠ᠃
(ᠶᠢᠰᠦ) ᠪᠠᠶ᠋ᠢᠩᠭᠤ᠎ᠶᠢᠨ ᠬᠤᠷᠢᠶ᠎ᠠ ᠵᠢᠨ ᠳᠡᠪᠰᠢᠭᠦᠯᠦᠨ ᠲᠣᠭᠲᠠᠭᠠᠯᠭᠠᠬᠤ ᠵᠦᠢᠯᠡᠰ ᠪᠤᠶᠤ ᠪᠦᠬᠦᠳᠡ ᠬᠤᠷᠠᠯ᠎ᠡᠴᠡ ᠲᠣᠭᠲᠠᠭᠠᠬᠤ ᠶᠣᠰᠣᠲᠠᠢ ᠪᠤᠰᠤᠳ ᠴᠢᠬᠤᠯᠠ ᠵᠦᠢᠯᠡᠰ᠎ᠲᠦ᠍ ᠰᠢ᠌ᠳᠪᠦᠷᠢᠲᠦ᠍ ᠪᠤᠳᠤᠯᠭ᠎ᠠ ᠲᠤᠭᠲᠠᠭᠠᠨ᠎ᠠ᠃
ᠠᠷᠪᠠᠨ ᠨᠢᠭᠡᠳᠦᠭᠡᠷ ᠵᠦᠢᠯ ᠪᠠᠶ᠋ᠢᠩᠭᠤ᠎ᠶᠢᠨ ᠬᠤᠷᠢᠶ᠎ᠠ ᠨᠢ ᠪᠦᠬᠦᠳᠡ ᠬᠤᠷᠠᠯ ᠲᠡᠭᠦᠰᠦᠭᠰᠡᠨ ᠬᠤᠭᠤᠴᠠᠭᠠᠨ᠎ᠳᠤ ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠡᠷᠬᠡ ᠲᠤᠰᠢᠶᠠᠯ᠎ᠢ ᠬᠡᠷᠡᠭᠵᠢᠭᠦᠯᠵᠦ᠍᠂ ᠪᠠᠶ᠋ᠢᠩᠭᠤ᠎ᠶᠢᠨ ᠠᠵᠢᠯ᠎ᠢ ᠡᠷᠬᠢᠯᠡᠨ᠎ᠡ᠃ ᠭᠣᠣᠯ ᠡᠭᠦᠷᠭᠡ ᠬᠠᠷᠢᠭᠤᠴᠠᠯᠭ᠎ᠠ ᠨᠢ᠄
(ᠨᠢᠭᠡ)ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ ᠵᠢᠨ ᠵᠠᠷᠯᠢᠭ ᠴᠠᠭᠠᠵᠠ᠎ᠶᠢ ᠲᠠᠭᠠᠬᠤ᠎ᠶᠢ ᠦᠨᠡᠨ ᠬᠦ᠌ ᠪᠠᠲᠤᠯᠠᠨ᠎ᠠ᠃
(ᠬᠣᠶᠠᠷ)ᠪᠦᠭᠦᠳᠡ ᠬᠤᠷᠠᠯ᠎ᠢ ᠬᠤᠷᠠᠯᠳᠤᠭᠤᠯᠬᠤ ᠪᠥᠭᠡᠳ ᠡᠷᠬᠢᠯᠡᠵᠦ᠍᠂ ᠪᠦᠭᠦᠳᠡ ᠬᠤᠷᠠᠯ᠎ᠳᠤ ᠠᠵᠢᠯ᠎ᠢᠶᠠᠨ ᠮᠡᠳᠡᠭᠦᠯᠬᠦ᠌ ᠪᠥᠭᠡᠳ ᠬᠢᠨᠠᠯᠲᠠ᠎ᠶᠢ ᠬᠦᠯᠢᠶᠡᠨ᠎ᠡ; ᠪᠦᠬᠦᠳᠡ ᠬᠤᠷᠠᠯ᠎ᠳᠤ ᠳᠡᠪᠰᠢᠭᠦᠯᠦᠨ ᠶᠠᠷᠢᠯᠴᠠᠭᠤᠯᠬᠤ ᠪᠠ ᠲᠣᠭᠲᠠᠭᠠᠯᠭᠠᠬᠤ ᠭᠡᠵᠦ᠍ ᠪᠠᠶ᠋ᠢᠭ᠎ᠠ ᠵᠦᠢᠯᠡᠰ᠎ᠢ ᠤᠷᠢᠳ᠎ᠢᠶᠡᠷ ᠬᠢᠨᠠᠨ ᠵᠦᠪᠯᠡᠵᠦ᠂ ᠰᠠᠨᠠᠯ ᠲᠤᠷᠠᠳᠤᠨ᠎ᠠ᠃
(ᠭᠤᠷᠪᠠ)ᠨᠠᠮ᠎ᠤᠨ ᠲᠥᠪ ᠬᠤᠷᠢᠶ᠎ᠠ ᠵᠢᠴᠢ ᠳᠡᠭᠡᠷ᠎ᠠ ᠱᠠᠲᠤᠨ᠎ᠤ ᠨᠠᠮ᠎ᠤᠨ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠪᠦᠬᠦᠳᠠ ᠬᠤᠷᠠᠯ᠎ᠤᠨ ᠰᠢ᠌ᠳᠪᠦᠷᠢ᠂ ᠲᠣᠭᠲᠠᠭᠠᠯ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃
(ᠲᠦᠷᠪᠡ)ᠳᠡᠭᠡᠷ᠎ᠠ ᠱᠠᠲᠤᠨ᠎ᠤ ᠨᠠᠮ᠎ᠤᠨ ᠬᠤᠷᠢᠶ᠎ᠠ ᠡᠴᠡ ᠵᠢᠭᠠᠪᠤᠷᠢ ᠠᠪᠴᠤ ᠠᠵᠢᠯ᠎ᠢᠶᠠᠨ ᠮᠡᠳᠡᠭᠦᠯᠵᠦ᠍᠂ ᠲᠤᠤᠷ᠎ᠠ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠵᠢᠭᠠᠪᠤᠷᠢ ᠠᠪᠴᠤ᠌ ᠠᠵᠢᠯ᠎ᠢᠶᠡᠨ ᠮᠡᠳᠡᠭᠦᠯᠦᠭᠰᠡᠨ ᠴᠢᠬᠤᠯᠠ ᠶᠡᠬᠡ ᠤᠴᠢᠷ ᠶᠠᠪᠤᠳᠠᠯ᠎ᠢ ᠶᠠᠷᠢᠯᠴᠠᠨ ᠲᠣᠭᠲᠠᠭᠠᠨ᠎ᠠ᠃
(ᠲᠠᠪᠤ)ᠲᠤᠰ ᠭᠠᠵᠠᠷ ᠣᠷᠣᠨ᠎ᠤ᠎ᠪᠠᠨ ᠠᠵᠤ ᠠᠬᠤᠢ ᠨᠡᠶ᠋ᠢᠭᠡᠮ᠎ᠦᠨ ᠬᠥᠭᠵᠢᠯᠲᠡ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠂ ᠵᠣᠬᠢᠶᠠᠨ ᠪᠠᠶ᠋ᠢᠭᠤᠯᠬᠤ ᠠᠵᠢᠯ᠂ ᠰᠠᠬᠢᠯᠭ᠎ᠠ ᠪᠠᠲᠤ᠌ ᠪᠠᠶ᠋ᠢᠴᠠᠭᠠᠬᠤ ᠠᠵᠢᠯ᠂ ᠤᠯᠠᠨ ᠲᠦᠮᠡᠨ᠎ᠦ ᠠᠵᠢᠯ᠂ ᠨᠢᠭᠡᠳᠦᠮᠡᠯ ᠹᠷᠣᠨᠲ᠎ᠤᠨ ᠠᠵᠢᠯ᠂ ᠨᠡᠶ᠋ᠢᠭᠡᠮ᠎ᠦᠨ ᠠᠵᠢᠯ᠂ ᠤᠯᠤᠰ ᠲᠦᠷᠦ᠍ ᠬᠠᠤᠯᠢ ᠴᠠᠭᠠᠵᠠ᠎ᠶᠢᠨ ᠠᠵᠢᠯ ᠵᠡᠷᠭᠡ ᠲᠠᠯ᠎ᠠ᠎ᠶᠢᠨ ᠴᠢᠬᠤᠯᠠ ᠠᠰᠠᠭᠤᠳᠠᠯ᠎ᠤᠨ ᠲᠤᠬᠠᠢ ᠲᠣᠭᠲᠠᠭᠠᠯ ᠭᠠᠷᠭᠠᠨ᠎ᠠ᠃
(ᠵᠢᠷᠭᠤᠭ᠎ᠠ) ᠲᠤᠰ ᠭᠠᠵᠠᠷ ᠣᠷᠣᠨ᠎ᠤ᠎ᠪᠠᠨ ᠬᠦᠨᠳᠦ ᠶᠡᠬᠡ ᠭᠡᠨᠡᠳᠲᠡ᠎ᠶᠢᠨ ᠬᠡᠷᠡᠭ᠂ ᠬᠦᠨᠳᠦ ᠶᠡᠬᠡ ᠠᠶᠤᠯ ᠲᠦᠭᠰᠢᠭᠦᠷᠢ᠎ᠶᠢᠨ ᠭᠡᠮ ᠰᠤᠭᠤᠭ᠎ᠢ ᠰᠡᠷᠭᠡᠶ᠋ᠢᠯᠡᠬᠦ᠌ ᠪᠠ ᠰᠢᠢᠳᠪᠦᠷᠢᠯᠡᠬᠦ᠌ ᠠᠵᠢᠯ᠎ᠢ ᠵᠣᠬᠢᠶᠠᠨ ᠪᠠᠶ᠋ᠢᠭᠤᠯᠤᠨ᠎ᠠ᠃
(ᠳᠣᠯᠣᠭ᠎ᠠ)ᠠᠳᠠᠯᠢ ᠱᠠᠲᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠬᠢᠨᠠᠨ ᠪᠠᠶ᠋ᠢᠴᠠᠭᠠᠬᠤ ᠵᠥᠪᠯᠡᠯ ᠪᠠ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠂ ᠰᠢᠭᠦᠬᠦ᠌ ᠬᠣᠷᠢᠶ᠎ᠠ᠂ ᠪᠠᠶ᠋ᠢᠴᠠᠭᠠᠬᠤ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ ᠵᠡᠷᠭᠡ᠎ᠶᠢᠨ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠤᠨ᠎ᠠ᠃
(ᠨᠠᠢ᠍ᠮᠠ)ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠺᠠᠳ᠋ᠷ᠎ᠢ ᠲᠠᠨᠢᠯᠴᠠᠭᠤᠯᠬᠤ᠂ ᠨᠡᠷ᠎ᠡ ᠳᠤᠷᠠᠳᠬᠤ᠂ ᠲᠣᠮᠢᠯᠠᠬᠤ ᠪᠠ ᠪᠠᠭᠤᠯᠭᠠᠨ᠎ᠠ᠂ ᠴᠢᠬᠤᠯᠠᠲᠠᠢ ᠦᠶ᠎ᠡ᠎ᠳᠦ ᠴᠢᠬᠤᠯᠠ ᠺᠠᠳ᠋ᠷ᠎ᠢ ᠲᠣᠮᠢᠯᠠᠬᠤ ᠪᠠ ᠪᠠᠭᠤᠯᠭᠠᠬᠤ᠎ᠳᠤ ᠨᠠᠮ᠎ᠤᠨ ᠬᠤᠷᠢᠶ᠎ᠠ ᠵᠢᠨ ᠭᠡᠰᠢᠭᠦᠨ᠎ᠦ ᠰᠠᠨᠠᠯ᠎ᠢ ᠬᠤᠷᠢᠶᠠᠵᠤ ᠪᠣᠯᠤᠨ᠎ᠠ; ᠺᠠᠳ᠋ᠷ᠎ᠢ ᠰᠤᠷᠭᠠᠨ ᠬᠥᠮᠦᠵᠢᠭᠦᠯᠵᠦ᠍᠂ ᠬᠠᠮᠢᠶᠠᠷᠴᠤ᠌᠂ ᠺᠠᠳ᠋ᠷᠲᠤ᠌ ᠬᠢᠨᠠᠯᠲᠠ ᠲᠠᠯᠪᠢᠨ᠎ᠠ; ᠬᠣᠯᠪᠣᠭᠳᠠᠯ ᠪᠦᠬᠦᠢ ᠨᠠᠮ᠎ᠤᠨ ᠤᠳᠤᠷᠢᠳᠬᠤ ᠺᠠᠳ᠋ᠷ᠎ᠢ ᠰᠢᠢᠳᠪᠦᠷᠢᠯᠡᠵᠦ᠍ ᠰᠢᠢᠳᠬᠡᠬᠦ᠌ ᠤᠴᠢᠷ ᠶᠠᠪᠤᠳᠠᠯ᠎ᠢ ᠰᠤᠳᠤᠯᠤᠨ ᠲᠣᠭᠲᠠᠭᠠᠨ᠎ᠠ᠃
(ᠶᠢᠰᠦ) ᠪᠠᠶ᠋ᠢᠩᠭᠤ᠎ᠶᠢᠨ ᠬᠤᠷᠢᠶ᠎ᠠ ᠵᠢᠨ ᠲᠣᠭᠲᠠᠭᠠᠬᠤ ᠶᠣᠰᠣᠲᠠᠢ ᠪᠤᠰᠤᠳ ᠴᠢᠬᠤᠯᠠ ᠠᠰᠠᠭᠤᠳᠠᠯ ᠪᠠ ᠤᠴᠢᠷ ᠶᠠᠪᠤᠳᠠᠯ᠎ᠢ ᠰᠤᠳᠤᠯᠤᠨ ᠲᠣᠭᠲᠠᠭᠠᠨ᠎ᠠ᠃
ᠠᠷᠪᠠᠨ ᠬᠣᠶᠠᠳᠤᠭᠠᠷ ᠵᠦᠢᠯ ᠨᠠᠮ᠎ᠤᠨ ᠬᠤᠷᠢᠶ᠎ᠠ ᠵᠢᠨ ᠱᠦᠵᠢ ᠡᠴᠡ ᠨᠠᠮ᠎ᠤᠨ ᠣᠷᠣᠨ ᠨᠤᠲᠤᠭ᠎ᠤᠨ ᠬᠤᠷᠢᠶ᠎ᠠ ᠵᠢᠨ ᠪᠦᠬᠦ᠌ ᠲᠠᠯ᠎ᠠ᠎ᠶᠢᠨ ᠠᠵᠢᠯ᠎ᠢ ᠡᠷᠬᠢᠯᠡᠵᠦ᠍᠂ ᠪᠠᠶ᠋ᠢᠩᠭᠤ᠎ᠶᠢᠨ ᠬᠤᠷᠢᠶ᠎ᠠ ᠵᠢᠨ ᠠᠵᠢᠯᠯᠠᠭ᠎ᠠ᠎ᠶᠢ ᠵᠣᠬᠢᠶᠠᠨ ᠪᠠᠶ᠋ᠢᠭᠤᠯᠵᠤ᠂ ᠪᠠᠶ᠋ᠢᠩᠭᠤ᠎ᠶᠢᠨ ᠬᠤᠷᠢᠶ᠎ᠠ ᠵᠢᠨ ᠭᠡᠰᠢᠭᠦᠳ᠎ᠦᠨ ᠠᠵᠢᠯ᠎ᠢ ᠵᠣᠬᠢᠴᠠᠭᠤᠯᠵᠤ᠂ ᠨᠠᠮ᠎ᠤᠨ ᠬᠤᠷᠢᠶ᠎ᠠ ᠵᠢᠨ ᠠᠵᠢᠯ᠎ᠳᠤ ᠭᠣᠣᠯ ᠬᠠᠷᠢᠭᠤᠴᠠᠯᠭ᠎ᠠ᠎ᠶᠢ ᠡᠭᠦᠷᠭᠡᠯᠡᠨ᠎ᠡ᠃
ᠵᠠᠰᠠᠭ᠎ᠤᠨ ᠣᠷᠳᠣᠨ᠎ᠤ ᠵᠢᠩᠬᠢᠨᠢ ᠲᠤᠰᠢᠶᠠᠯ᠎ᠢ ᠡᠭᠦᠷᠭᠡᠯᠡᠵᠦ᠍ ᠪᠠᠶ᠋ᠢᠭ᠎ᠠ ᠨᠠᠮ᠎ᠤᠨ ᠬᠤᠷᠢᠶ᠎ᠠ ᠵᠢᠨ ᠳᠡᠳ᠋ ᠱᠦᠵᠢ ᠡᠴᠡ ᠵᠠᠰᠠᠭ᠎ᠤᠨ ᠣᠷᠳᠣᠨ᠎ᠤ ᠪᠦᠬᠦ᠌ ᠲᠠᠯ᠎ᠠ᠎ᠶᠢᠨ ᠠᠵᠢᠯ᠎ᠢ ᠡᠷᠬᠢᠯᠡᠵᠦ᠍᠂ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯᠯᠠᠭ᠎ᠠ᠎ᠶᠢ ᠵᠣᠬᠢᠶᠠᠨ ᠪᠠᠶ᠋ᠢᠭᠤᠯᠤᠨ᠎ᠠ᠃ ᠵᠠᠰᠠᠭ᠎ᠤᠨ ᠣᠷᠳᠣᠨ᠎ᠤ ᠲᠤᠰᠢᠶᠠᠯ᠎ᠢ ᠡᠭᠦᠷᠭᠡᠯᠡᠬᠦ ᠦᠭᠡᠢ ᠨᠠᠮ᠎ᠤᠨ ᠬᠤᠷᠢᠶ᠎ᠠ ᠵᠢᠨ ᠳᠡᠳ᠋ ᠱᠦᠵᠢ ᠭᠣᠣᠯᠳᠠᠭᠤ ᠱᠦᠵᠢ᠎ᠶᠢ ᠬᠠᠪᠰᠤᠷᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠠᠳᠬᠤᠬᠤ᠎ᠶᠢᠨ ᠬᠠᠮᠲᠤ᠌ ᠬᠡᠷᠡᠭᠴᠡᠭᠡ᠎ᠪᠡᠨ ᠦᠨᠳᠦᠰᠦᠯᠡᠨ ᠪᠤᠰᠤᠳ ᠲᠠᠯ᠎ᠠ᠎ᠶᠢᠨ ᠠᠵᠢᠯ᠎ᠢ ᠵᠣᠬᠢᠴᠠᠭᠤᠯᠬᠤ ᠪᠠ ᠬᠠᠷᠢᠭᠤᠴᠠᠵᠤ ᠪᠣᠯᠤᠨ᠎ᠠ᠃
ᠪᠠᠶ᠋ᠢᠩᠭᠤ᠎ᠶᠢᠨ ᠬᠤᠷᠢᠶ᠎ᠠ ᠵᠢᠨ ᠪᠤᠰᠤᠳ ᠭᠡᠰᠢᠭᠦᠳ ᠠᠵᠢᠯ᠎ᠤᠨ ᠬᠤᠪᠢᠶᠠᠷᠢᠯᠠᠯ᠎ᠢᠶᠠᠨ ᠦᠨᠳᠦᠰᠦᠯᠡᠨ ᠬᠣᠯᠪᠣᠭᠳᠠᠯ ᠪᠦᠬᠦᠢ ᠠᠵᠢᠯ᠎ᠢ ᠬᠠᠷᠢᠭᠤᠴᠠᠵᠤ᠂ ᠬᠤᠪᠢᠳᠠᠨ ᠬᠠᠮᠢᠶᠠᠷᠴᠤ᠌ ᠪᠠᠶ᠋ᠢᠭ᠎ᠠ ᠬᠦᠷᠢᠶᠡᠨ᠎ᠳᠡᠬᠢ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠬᠠᠷᠢᠭᠤᠴᠠᠯᠭ᠎ᠠ᠎ᠪᠠᠨ ᠭᠦᠢᠴᠡᠳᠬᠡᠨ᠎ᠡ᠃
ᠠᠷᠪᠠᠨ ᠭᠤᠷᠪᠠᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠤᠷᠢᠶ᠎ᠠ ᠲᠤᠰᠢᠶᠠᠯ ᠬᠠᠷᠢᠭᠤᠴᠠᠯᠭ᠎ᠠ᠎ᠶᠢᠨ ᠨᠠᠷᠢᠨ ᠲᠠᠩᠰᠠ᠎ᠶᠢᠨ ᠲᠦᠷᠢᠮ᠎ᠢ ᠪᠠᠶ᠋ᠢᠭᠤᠯᠵᠤ᠂ ᠡᠷᠬᠡᠪᠰᠢ ᠪᠠᠶ᠋ᠢᠩᠭᠤ᠎ᠶᠢᠨ ᠬᠤᠷᠢᠶ᠎ᠠ᠎ᠡᠴᠡ ᠬᠠᠮᠲᠤ᠎ᠪᠠᠷ ᠰᠤᠳᠤᠯᠤᠨ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ 《ᠭᠤᠷᠪᠠᠨ ᠴᠢᠬᠤᠯᠠ ᠨᠢᠭᠡ ᠶᠡᠬᠡ》ᠵᠦᠢᠯᠡᠰ᠎ᠢ ᠲᠣᠳᠣᠷᠬᠠᠢᠯᠠᠵᠤ᠂ ᠪᠠᠶ᠋ᠢᠩᠭᠤ᠎ᠶᠢᠨ ᠬᠤᠷᠢᠶ᠎ᠠ ᠵᠢᠨ ᠭᠡᠰᠢᠭᠦᠨ᠎ᠦ ᠲᠤᠰᠢᠶᠠᠯ ᠬᠠᠷᠢᠭᠤᠴᠠᠯᠭ᠎ᠠ᠎ᠶᠢ ᠲᠣᠳᠣᠷᠬᠠᠢᠯᠠᠬᠤ ᠵᠢᠨ ᠬᠠᠮᠲᠤ ᠵᠣᠬᠢᠬᠤ ᠬᠡᠪᠴᠢᠶᠡᠨ᠎ᠳᠦ ᠢᠯᠡ ᠪᠣᠯᠭᠠᠬᠤ ᠬᠡᠷᠡᠭᠲᠡᠢ᠃
ᠠᠷᠪᠠᠨ ᠳᠥᠷᠪᠡᠳᠦᠭᠡᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ ᠲᠤᠰ ᠭᠠᠵᠠᠷ ᠣᠷᠣᠨ᠎ᠤ᠎ᠪᠠᠨ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠡᠯ᠎ᠡ ᠵᠦᠢᠯ᠎ᠦᠨ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭᠠᠳᠬᠠᠵᠤ᠂ ᠵᠢᠯ ᠪᠦᠷᠢ᠎ᠶᠢᠨ ᠡᠬᠢ᠎ᠪᠡᠷ ᠳᠡᠭᠡᠷ᠎ᠡ ᠨᠢᠭᠡ ᠱᠠᠲᠤᠨ᠎ᠤ ᠨᠠᠮ᠎ᠤᠨ ᠬᠣᠷᠢᠶ᠎ᠠ᠎ᠳᠤ ᠳᠡᠭᠡᠷ᠎ᠡ ᠨᠢᠭᠡ ᠵᠢᠯ᠎ᠦᠨ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠭᠰᠠᠨ ᠪᠠᠢᠳᠠᠯ᠎ᠢᠶᠠᠨ ᠪᠢᠴᠢᠭ᠎ᠢᠶᠡᠷ ᠮᠡᠳᠡᠭᠦᠯᠬᠦ ᠬᠡᠷᠡᠭᠲᠡᠢ᠃ ᠱᠦᠵᠢ ᠡᠷᠬᠡᠪᠰᠢ ᠨᠠᠮ᠎ᠢ ᠪᠦᠬᠦ ᠳᠠᠯ᠎ᠠ ᠪᠡᠷ ᠴᠢᠩᠭ᠎ᠠ ᠵᠠᠰᠠᠬᠤ ᠨᠢᠭᠡᠳᠦᠭᠡᠷ ᠬᠠᠷᠢᠭᠤᠴᠠᠯᠭᠠᠲᠠᠨ᠎ᠤ ᠲᠤᠰᠢᠶᠠᠯ ᠬᠠᠷᠢᠭᠤᠴᠠᠯᠭ᠎ᠠ᠎ᠶᠢ ᠭᠦᠢᠴᠡᠳᠬᠡᠬᠦ ᠬᠡᠷᠡᠭᠲᠡᠢ᠃ ᠪᠠᠢᠩᠭᠤ᠎ᠶᠢᠨ ᠬᠣᠷᠢᠶ᠎ᠠ ᠬᠠᠭᠠᠰ ᠵᠢᠯ᠎ᠳᠦ ᠠᠳᠠᠭ᠎ᠲᠠᠭᠠᠨ ᠨᠢᠭᠡ ᠤᠳᠠᠭ᠎ᠠ ᠬᠤᠷᠠᠯ ᠬᠤᠷᠠᠯᠳᠤᠭᠤᠯᠵᠤ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠲᠤᠰᠬᠠᠢ ᠰᠡᠳᠦᠪ᠎ᠢᠶᠡᠷ ᠰᠤᠳᠤᠯᠵᠤ᠂ ᠨᠠᠮ᠎ᠢ ᠪᠦᠭᠦ ᠲᠠᠯ᠎ᠠ᠎ᠪᠠᠷ ᠴᠢᠩᠭ᠎ᠠ ᠵᠠᠰᠠᠬᠤ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠤᠭᠰᠠᠨ ᠪᠠᠢᠳᠠᠯ᠎ᠢ ᠪᠦᠭᠦᠳᠡ ᠬᠤᠷᠠᠯ᠎ᠳᠤ ᠠᠵᠢᠯ᠎ᠢᠶᠠᠨ ᠮᠡᠳᠡᠭᠦᠯᠬᠦ ᠴᠢᠬᠤᠯᠠ ᠠᠭᠤᠯᠭ᠎ᠠ ᠪᠣᠯᠭᠠᠬᠤ ᠬᠡᠷᠡᠭᠳᠡᠢ; ᠵᠢᠯ ᠪᠦᠷᠢ ᠠᠳᠠᠭ᠎ᠲᠠᠭᠠᠨ ᠨᠢᠭᠡ ᠤᠳᠠᠭ᠎ᠠ ᠪᠠᠢᠩᠭᠤ᠎ᠶᠢᠨ ᠬᠣᠷᠢᠶᠠᠨ᠎ᠤ ᠭᠡᠰᠢᠭᠦᠨ᠎ᠦ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠤᠨ᠎ᠠ᠃ ᠲᠣᠭᠣᠷᠢᠨ ᠪᠠᠢᠴᠠᠭᠠᠬᠤ ᠪᠠ ᠴᠠᠭᠳᠠᠨ ᠪᠠᠢᠴᠠᠭᠠᠬᠤ᠎ᠶᠢ ᠨᠠᠷᠢᠨ ᠬᠢᠨᠠᠮᠠᠭᠠᠢ ᠠᠬᠢᠭᠤᠯᠤᠨ᠎ᠠ᠃ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠡᠭᠦᠷᠭᠡ ᠴᠢᠳᠠᠪᠬᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠦᠨᠳᠦᠰᠦᠨ ᠱᠠᠲᠤ᠎ᠶᠢ ᠶᠡᠬᠡ ᠪᠡᠷ ᠠᠳᠬᠤᠬᠤ ᠢᠯᠡ ᠲᠣᠳᠣ᠌ ᠤᠳᠤᠷᠢᠳᠤᠮᠵᠢ᠎ᠶᠢ ᠴᠢᠩᠭᠠᠳᠬᠠᠵᠤ᠂ ᠡᠯ᠎ᠡ ᠬᠦᠷᠢᠶᠡᠨ᠎ᠳᠠᠬᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠲᠠᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠣᠲᠠ᠂ ᠰᠢᠶᠠᠨ ᠬᠣᠶᠠᠷ ᠱᠠᠲᠤᠨ᠎ᠤ ᠨᠠᠮ᠎ᠤᠨ ᠬᠣᠷᠢᠶ᠎ᠠ ᠵᠢᠨ ᠱᠦᠵᠢ᠎ᠶᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ᠎ᠶᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠳᠦᠷᠢᠮ᠎ᠢ ᠬᠡᠷᠡᠭᠵᠢᠭᠦᠯᠵᠦ᠂ ᠨᠠᠮ᠎ᠤᠨ ᠪᠠᠢᠭᠤᠯᠤᠯᠲᠠ᠎ᠶᠢᠨ ᠠᠵᠢᠯ᠎ᠢ ᠬᠢᠨᠠᠨ ᠰᠢᠯᠭᠠᠵᠤ ᠶᠡᠷᠦᠩᠬᠡᠢᠯᠡᠨ ᠦᠨᠡᠯᠡᠬᠦ ᠰᠢᠰᠲᠧᠮ᠎ᠢ ᠲᠡᠭᠦᠯᠳᠡᠷᠵᠢᠭᠦᠯᠵᠦ᠂ ᠨᠠᠮ᠎ᠤᠨ ᠪᠠᠢᠭᠤᠯᠤᠯᠲᠠ᠎ᠶᠢᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠳᠡᠢ᠃
ᠨᠠᠮ᠎ᠤᠨ ᠣᠷᠣᠨ ᠨᠤᠲᠤᠭ᠎ᠤᠨ ᠬᠣᠷᠢᠶ᠎ᠠ ᠨᠠᠮ᠎ᠤᠨ ᠰᠤᠷᠲᠠᠯ ᠴᠢᠬᠡᠴᠢ ᠵᠠᠰᠠᠭ ᠤ᠋ᠨ ᠪᠠᠢᠭᠤᠯᠤᠯᠲᠠ᠎ᠶᠢᠨ ᠭᠤᠤᠯ ᠴᠣᠭᠴᠠ᠎ᠶᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠎ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠤᠳᠤᠷᠢᠳᠤᠨ ᠲᠡᠮᠵᠢᠵᠤ᠂ ᠰᠠᠬᠢᠯᠭ᠎ᠠ ᠪᠠᠲᠤ᠎ᠶᠢ ᠬᠠᠤᠯᠢ ᠴᠠᠭᠠᠵᠠ ᠡᠴᠡ ᠴᠢᠩᠭ᠎ᠠ ᠪᠠᠢᠯᠭᠠᠬᠤ᠂ ᠰᠠᠬᠢᠯᠭ᠎ᠠ ᠪᠠᠲᠤ᠎ᠶᠢ ᠬᠠᠤᠯᠢ ᠴᠠᠭᠠᠵᠠ᠎ᠶᠢᠨ ᠡᠮᠦᠨ᠎ᠡ ᠲᠠᠯᠪᠢᠬᠤ᠎ᠶᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ᠎ᠶᠢ ᠴᠢᠩᠭ᠎ᠠ ᠬᠡᠷᠡᠭᠵᠢᠭᠦᠯᠦᠨ ᠬᠠᠮᠠᠭᠠᠯᠠᠵᠤ᠂ ᠢᠯᠵᠢᠷᠠᠬᠦ ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠎ᠶᠢᠨ ᠠᠮᠢ ᠠᠬᠤᠢ᠎ᠶᠢ ᠪᠤᠢ ᠪᠤᠯᠭᠠᠬᠤ ᠬᠡᠷᠡᠭᠲᠡᠢ᠃
ᠳᠥᠷᠪᠡᠳᠦᠭᠡᠷ ᠪᠦᠯᠦᠭ ᠵᠣᠬᠢᠶᠠᠨ ᠪᠠᠢᠭᠤᠯᠤᠯᠲᠠ᠎ᠶᠢᠨ ᠵᠠᠷᠴᠢᠮ
ᠠᠷᠪᠠᠨ ᠲᠠᠪᠤᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ ᠡᠷᠬᠡᠪᠰᠢ ᠲᠤᠭ ᠲᠡᠮᠳᠡᠭ ᠲᠣᠳᠣᠷᠬᠠᠢ᠎ᠪᠠᠷ ᠤᠯᠤᠰ ᠲᠥᠷᠥ᠎ᠶᠢ ᠡᠷᠬᠢᠮᠯᠡᠵᠦ᠂ ᠤᠯᠤᠰ ᠲᠥᠷᠥ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶᠢᠨ ᠤᠬᠠᠪᠦᠷᠢᠯᠠᠬᠤ ᠴᠢᠳᠠᠪᠤᠷᠢ᠂ ᠤᠯᠤᠰ ᠲᠥᠷᠥ᠎ᠶᠢᠨ ᠬᠦᠢᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ᠎ᠶᠢᠨ ᠰᠠᠬᠢᠯᠭ᠎ᠠ ᠪᠠᠲᠤ ᠪᠠ ᠤᠯᠤᠰ ᠲᠦᠷᠦ᠎ᠶᠢᠨ ᠶᠣᠰᠣ᠌ ᠳᠦᠷᠢᠮ᠎ᠢ ᠴᠢᠩᠭ᠎ᠠ ᠰᠠᠬᠢᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ᠎ᠢ ᠡᠷᠡᠰ ᠲᠠᠭᠠᠵᠤ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ᠎ᠢ ᠡᠷᠡᠰ ᠬᠠᠮᠠᠭᠠᠯᠠᠵᠤ᠂ ᠶᠠᠮᠠᠷᠪᠠ ᠣᠷᠣᠨ ᠨᠤᠲᠤᠭ᠎ᠤᠨ ᠠᠵᠢᠯ᠎ᠤᠨ ᠪᠠᠢᠷᠢᠯᠠᠭᠤᠯᠤᠯᠲᠠ ᠨᠢ ᠴᠥᠮ ᠡᠷᠬᠡᠪᠰᠢ ᠨᠠᠮ᠎ᠤᠨ ᠲᠥᠪ ᠬᠣᠷᠢᠶ᠎ᠠ ᠵᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠬᠤ᠎ᠪᠠᠷ ᠤᠷᠢᠲᠠᠯ ᠪᠤᠯᠭᠠᠬᠤ ᠬᠡᠷᠡᠭᠲᠡᠢ᠃
ᠨᠠᠮ᠎ᠤᠨ ᠣᠷᠣᠨ ᠨᠤᠲᠤᠭ᠎ᠤᠨ ᠬᠣᠷᠢᠶ᠎ᠠ ᠴᠢᠬᠤᠯᠠ ᠶᠡᠬᠡ ᠤᠴᠢᠷ ᠶᠠᠪᠤᠳᠠᠯ᠎ᠤᠨ ᠲᠤᠬᠠᠢ ᠵᠢᠭᠠᠪᠤᠷᠢ ᠠᠪᠴᠤ ᠮᠡᠳᠡᠬᠦᠯᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠲᠣᠭᠲᠠᠭᠠᠯ ᠶᠣᠰᠣᠭᠠᠷ ᠨᠠᠮ᠎ᠤᠨ ᠲᠥᠪ ᠬᠣᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠡᠴᠡ ᠵᠢᠭᠠᠪᠤᠷᠢ ᠠᠪᠴᠤ ᠠᠵᠢᠯ᠎ᠢᠶᠠᠨ ᠮᠡᠳᠡᠭᠦᠯᠬᠦ ᠬᠡᠷᠡᠭᠲᠡᠢ᠃ ᠵᠢᠯ ᠪᠦᠷᠢ ᠳᠡᠭᠡᠷ᠎ᠡ ᠨᠢᠭᠡ ᠱᠠᠲᠤᠨ᠎ᠤ ᠨᠠᠮ᠎ᠤᠨ ᠬᠣᠷᠢᠶ᠎ᠠ᠎ᠳᠤ ᠨᠢᠭᠡ ᠤᠳᠠᠭ᠎ᠠ ᠪᠦᠭᠦ ᠲᠠᠯ᠎ᠠ᠎ᠶᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠬᠢᠵᠦ᠂ ᠨᠠᠮ᠎ᠤᠨ ᠲᠥᠪ ᠬᠣᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠵᠢᠨ ᠴᠢᠬᠤᠯᠠ ᠲᠣᠭᠲᠠᠭᠠᠯ᠎ᠢ ᠬᠡᠷᠡᠭᠵᠢᠭᠦᠯᠦᠭᠰᠡᠨ ᠪᠠᠢᠳᠠᠯ᠎ᠢᠶᠠᠨ ᠲᠤᠰᠬᠠᠢ ᠰᠡᠳᠦᠪ᠎ᠢᠶᠡᠷ ᠮᠡᠳᠡᠭᠦᠯᠬᠦ ᠬᠡᠷᠡᠭᠲᠡᠢ᠃ ᠪᠦᠭᠦ ᠲᠠᠯ᠎ᠠ᠎ᠳᠤ ᠬᠣᠯᠪᠣᠭᠳᠠᠬᠤ ᠴᠢᠬᠤᠯᠠ ᠶᠡᠬᠡ ᠵᠦᠢᠯᠡᠰ᠎ᠢ ᠰᠤᠳᠤᠯᠬᠤ ᠪᠤᠶᠤ ᠴᠢᠬᠤᠯᠠ ᠶᠡᠬᠡ ᠲᠣᠭᠲᠠᠭᠠᠯ ᠭᠠᠷᠭᠠᠬᠤ᠂ ᠴᠢᠬᠤᠯᠠ ᠶᠡᠬᠡ ᠭᠡᠨᠡᠳᠲᠡ᠎ᠶᠢᠨ ᠬᠡᠷᠡᠭ᠂ ᠴᠢᠬᠤᠯᠠ ᠶᠡᠬᠡ ᠠᠰᠠᠭᠤᠳᠠᠯ ᠲᠣᠬᠢᠶᠠᠯᠳᠤᠪᠠᠯ ᠴᠠᠭ ᠲᠤᠬᠠᠢ ᠳ᠋ᠤᠨᠢ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃
ᠠᠷᠪᠠᠨ ᠵᠢᠷᠭᠤᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠠᠤᠯᠢ ᠲᠤᠭᠳᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ᠎ᠪᠠᠨ ᠬᠡᠪ᠎ᠦᠨ ᠶᠣᠰᠣᠭᠠᠷ ᠭᠦᠢᠴᠡᠳᠬᠡᠬᠦ᠎ᠶᠢ ᠲᠡᠮᠵᠢᠨ ᠪᠠᠲᠤᠯᠠᠬᠤ ᠬᠡᠷᠡᠭᠲᠡᠢ᠃ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠤᠰᠢᠶᠠᠯ ᠬᠠᠷᠢᠭᠤᠴᠠᠯᠭ᠎ᠠ᠎ᠶᠢᠨ ᠬᠡᠪᠴᠢᠶᠡᠨ᠎ᠳᠦ ᠬᠠᠷᠢᠶᠠᠯᠠᠭᠳᠠᠬᠤ ᠬᠡᠷᠡᠭ ᠶᠠᠪᠤᠳᠠᠯ ᠪᠦᠭᠦᠠᠢ ᠬᠡᠷᠪᠡ ᠣᠨᠴᠠᠭᠠᠶ ᠪᠠᠢᠳᠠᠯ ᠦᠭᠡᠢ ᠪᠣᠯ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠡᠴᠡ ᠰᠢᠢᠳᠪᠦᠷᠢᠯᠡᠬᠦ ᠬᠡᠷᠡᠭᠲᠡᠢ᠃
ᠨᠠᠮ᠎ᠤᠨ ᠣᠷᠣᠨ ᠨᠤᠲᠤᠭ᠎ᠤᠨ ᠬᠣᠷᠢᠶ᠎ᠠ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠬᠣᠯᠪᠣᠭᠳᠠᠬᠤ ᠴᠢᠬᠤᠯᠠ ᠲᠣᠭᠲᠠᠭᠠᠯ ᠭᠠᠷᠭᠠᠬᠤ᠎ᠳᠠᠭᠠᠨ ᠡᠩ᠎ᠦᠨ ᠪᠠᠢᠳᠠᠯ᠎ᠳᠤ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠰᠠᠨᠠᠯ᠎ᠢ ᠤᠷᠢᠳ ᠵᠢᠨᠷ ᠬᠤᠷᠢᠶᠠᠬᠤ ᠬᠡᠷᠡᠭᠲᠡᠢ᠃ ᠠᠳᠠᠯᠢ ᠱᠠᠲᠤᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠰᠢᠭᠦᠨ᠎ᠦ ᠣᠢᠯᠠᠭᠠᠬᠤ ᠴᠢᠬᠤᠯᠠᠲᠠᠢ ᠴᠢᠬᠤᠯᠠ ᠪᠠᠢᠳᠠᠯ ᠪᠠ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ ᠳ᠋ᠤᠨᠢ ᠮᠡᠳᠡᠭᠳᠡᠬᠦ ᠬᠡᠷᠡᠭᠲᠡᠢ᠃
ᠠᠷᠪᠠᠨ ᠳᠣᠯᠣᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ ᠡᠷᠬᠡᠪᠰᠢ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠪᠠᠷᠢᠮᠲᠠᠯᠠᠵᠤ᠂ ᠬᠠᠮᠲᠤ᠎ᠪᠠᠷ ᠤᠳᠤᠷᠢᠳᠬᠤ ᠪᠠ ᠬᠤᠪᠢ ᠬᠥᠮᠥᠨ ᠠᠵᠢᠯ ᠬᠤᠪᠢᠶᠠᠨ ᠬᠠᠷᠢᠭᠤᠴᠠᠬᠤ᠎ᠶᠢ ᠤᠶᠠᠯᠳᠤᠭᠤᠯᠤᠭᠰᠠᠨ ᠳᠦᠷᠢᠮ᠎ᠢ ᠬᠡᠷᠡᠭᠵᠢᠭᠦᠯᠬᠦ ᠬᠡᠷᠡᠭᠲᠡᠢ᠃ ᠪᠦᠭᠦᠳᠡ ᠬᠤᠷᠠᠯ ᠪᠤᠶᠤ ᠪᠠᠢᠩᠭᠤ᠎ᠶᠢᠨ ᠬᠣᠷᠢᠶ᠎ᠠ ᠵᠢᠨ ᠬᠤᠷᠠᠯ᠎ᠢᠶᠠᠷ ᠶᠠᠷᠢᠯᠴᠠᠵᠤ ᠲᠣᠭᠲᠠᠭᠠᠬᠤ ᠶᠣᠰᠣᠲᠠᠢ ᠵᠦᠢᠯ ᠪᠦᠭᠦᠠᠢ ᠡᠷᠬᠡᠪᠰᠢ ᠬᠠᠮᠲᠤ᠎ᠪᠠᠷ ᠰᠤᠳᠤᠯᠤᠨ ᠲᠣᠭᠲᠠᠭᠠᠬᠤ ᠬᠡᠷᠡᠭᠲᠡᠢ᠂ ᠶᠠᠮᠠᠷᠪᠠ ᠬᠤᠪᠢ ᠬᠥᠮᠥᠨ ᠪᠤᠶᠤ ᠴᠥᠭᠡᠨ ᠲᠣᠭᠠᠨ᠎ᠤ ᠬᠥᠮᠥᠨ ᠳᠤᠷ᠎ᠠ᠎ᠪᠠᠷ᠎ᠢᠶᠠᠨ ᠲᠣᠭᠲᠠᠭᠠᠬᠤ ᠡᠷᠬᠡ ᠦᠭᠡᠢ᠃ ᠠᠰᠠᠭᠤᠳᠠᠯ᠎ᠢ ᠬᠠᠮᠲᠤ᠎ᠪᠠᠷ ᠶᠠᠷᠢᠯᠴᠠᠵᠤ ᠲᠣᠭᠲᠠᠭᠠᠬᠤ ᠦᠶ᠎ᠡ᠎ᠳᠦ ᠬᠤᠪᠢ ᠬᠥᠮᠥᠨ ᠰᠠᠨᠠᠯ᠎ᠢᠶᠠᠨ ᠭᠦᠢᠴᠡᠳ ᠢᠯᠡᠳᠬᠡᠬᠦ ᠬᠡᠷᠡᠭᠲᠡᠢ᠃ ᠬᠤᠪᠢ ᠬᠥᠮᠥᠨ ᠬᠠᠮᠲᠤ ᠨᠡᠶ᠋ᠢᠲᠡ᠎ᠶᠢᠨ ᠭᠠᠷᠭᠠᠭᠰᠠᠨ ᠲᠣᠭᠲᠠᠭᠠᠯ᠎ᠢ ᠡᠷᠬᠡᠪᠰᠢ ᠡᠷᠡᠰ ᠬᠡᠷᠡᠭᠵᠢᠭᠦᠯᠬᠦ ᠬᠡᠷᠡᠭᠲᠡᠢ᠂ ᠠᠳᠠᠯᠢ ᠪᠤᠰᠤ ᠰᠠᠨᠠᠯ᠎ᠲᠠᠢ ᠪᠣᠯ ᠰᠠᠨᠠᠯ᠎ᠢᠶᠠᠨ ᠦᠯᠡᠳᠡᠭᠡᠵᠦ ᠪᠣᠯᠣᠨ᠎ᠠ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠳᠤ ᠮᠡᠳᠡᠭᠦᠯᠦᠭᠰᠡᠨ ᠴᠦ᠍ ᠪᠣᠯᠣᠨ᠎ᠠ᠃
ᠪᠠᠢᠩᠭᠤ᠎ᠶᠢᠨ ᠬᠣᠷᠢᠶ᠎ᠠ ᠵᠢᠨ ᠭᠡᠰᠢᠭᠦᠳ ᠬᠠᠮᠲᠤ᠎ᠶᠢᠨ ᠲᠣᠭᠲᠠᠭᠠᠯ ᠪᠠ ᠠᠵᠢᠯ᠎ᠤᠨ ᠬᠤᠪᠢᠶᠠᠷᠢᠯᠠᠯ᠎ᠢ ᠦᠨᠳᠦᠰᠦᠯᠡᠨ᠂ ᠵᠣᠷᠢᠭ᠍ᠲᠠᠢ᠎ᠪᠠᠷ ᠡᠭᠦᠷᠭᠡᠯᠡᠵᠦ᠂ ᠵᠣᠷᠢᠭ᠍ᠲᠠᠢ᠎ᠪᠠᠷ ᠬᠠᠷᠢᠭᠤᠴᠠᠵᠤ᠂ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ᠌ ᠭᠦᠢᠴᠡᠳᠬᠡᠬᠦ ᠬᠡᠷᠡᠭᠲᠡᠢ; ᠥᠪᠡᠷ᠎ᠦᠨ ᠬᠤᠪᠢᠳᠠᠨ ᠬᠠᠮᠢᠶᠠᠷᠴᠤ ᠪᠠᠢᠭ᠎ᠠ ᠠᠵᠢᠯ᠎ᠳᠤ ᠦᠯᠤ ᠬᠠᠷᠢᠶᠠᠯᠠᠭᠳᠠᠬᠤ ᠠᠵᠢᠯ᠎ᠢ ᠴᠤ᠌ ᠪᠦᠭᠦ ᠲᠠᠯ᠎ᠠ ᠡᠴᠡ ᠪᠣᠳᠣᠯᠬᠢᠯᠠᠨ ᠬᠠᠯᠠᠮᠵᠢᠯᠠᠨ ᠲᠡᠮᠵᠢᠵᠤ᠂ ᠰᠤᠳᠤᠯᠬᠤ᠎ᠪᠠᠨ ᠴᠢᠩᠭᠠᠳᠬᠠᠨ᠂ ᠢᠳᠡᠪᠬᠢᠲᠡᠢ᠎ᠪᠡᠷ ᠰᠠᠨᠠᠯ ᠪᠠ ᠰᠠᠨᠠᠭᠤᠯᠭ᠎ᠠ ᠳᠤᠷᠠᠳᠬᠤ ᠬᠡᠷᠡᠭᠲᠡᠢ᠃
ᠠᠷᠪᠠᠨ ᠨᠠᠢ᠍ᠮᠠᠳᠤᠭᠠᠷ ᠵᠦᠢᠯ ᠨᠠᠮ᠎ᠤᠨ ᠬᠣᠷᠢᠶ᠎ᠠ ᠵᠢᠨ ᠱᠦᠵᠢ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠪᠡᠶ᠎ᠡ᠎ᠪᠡᠷ᠎ᠢᠶᠡᠨ ᠲᠦᠷᠦᠭᠦᠯᠡᠨ ᠲᠤᠭᠤᠰᠢᠯᠠᠭᠤᠯᠤᠨ ᠬᠡᠷᠡᠭᠵᠢᠭᠦᠯᠵᠦ᠂ ᠨᠠᠮ᠎ᠤᠨ ᠳᠣᠲᠣᠭᠠᠳᠤ᠎ᠶᠢᠨ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠵᠥᠪ ᠰᠠᠨᠠᠯ᠎ᠢ ᠲᠥᠪᠯᠡᠷᠡᠭᠦᠯᠬᠦ᠎ᠳᠡᠭᠡᠨ ᠴᠢᠳᠠᠮᠠᠭᠠᠢ ᠪᠠᠢᠵᠤ᠂ ᠪᠠᠢᠩᠭᠤ᠎ᠶᠢᠨ ᠬᠣᠷᠢᠶ᠎ᠠ ᠵᠢᠨ ᠪᠤᠰᠤᠳ ᠭᠡᠰᠢᠭᠦᠳ᠎ᠦᠨ ᠬᠢᠨᠠᠯᠲᠠ᠎ᠶᠢ ᠤᠬᠠᠮᠰᠠᠷ ᠡᠴᠡ᠎ᠪᠠᠨ ᠬᠦᠯᠢᠶᠡᠵᠦ᠂ ᠵᠣᠬᠢᠶᠠᠨ ᠪᠠᠢᠭᠤᠯᠤᠯᠲᠠ ᠡᠴᠡ ᠳᠡᠭᠡᠭᠦᠷ ᠪᠠ ᠪᠠᠭ ᠡᠴᠡ ᠳᠡᠭᠡᠭᠦᠷ ᠪᠠᠢᠵᠤ ᠪᠤᠯᠬᠤ ᠦᠭᠡᠢ᠂ 《ᠭᠠᠭᠴᠠᠭᠠᠷ᠎ᠢᠶᠠᠨ ᠲᠣᠯᠣᠭᠠᠢ ᠮᠡᠳᠡᠬᠦ》᠂《ᠭᠡᠷ᠎ᠦᠨ ᠡᠵᠡᠨ᠎ᠦ ᠶᠣᠰᠣ᠌》 ᠶ᠋ᠢ ᠬᠡᠷᠡᠭᠵᠢᠭᠦᠯᠵᠦ ᠪᠤᠯᠬᠤ ᠦᠭᠡᠢ᠂ ᠬᠤᠪᠢ ᠬᠥᠮᠥᠨ᠎ᠦ ᠰᠠᠨᠠᠯ᠎ᠢᠶᠠᠷ ᠪᠠᠭ᠎ᠤᠨ ᠬᠠᠮᠲᠤ᠎ᠶᠢᠨ ᠲᠣᠭᠲᠠᠭᠠᠯ᠎ᠢ ᠣᠷᠣᠯᠠᠭᠤᠯᠵᠤ ᠪᠤᠯᠬᠤ ᠦᠭᠡᠢ᠂ ᠬᠠᠮᠲᠤ᠎ᠶᠢᠨ ᠲᠣᠭᠲᠠᠭᠠᠯ᠎ᠢ ᠳᠤᠷ᠎ᠠ᠎ᠪᠠᠷ᠎ᠢᠶᠠᠨ ᠬᠤᠪᠢᠷᠠᠭᠤᠯᠵᠤ ᠪᠤᠯᠬᠤ ᠦᠭᠡᠢ᠂ ᠬᠤᠪᠢ ᠬᠥᠮᠥᠨ᠎ᠦ ᠡᠷᠬᠡ ᠰᠦᠷ᠎ᠢ ᠬᠠᠮᠠᠭᠠᠯᠠᠬᠤ᠎ᠪᠠᠷ ᠱᠠᠲᠤ ᠱᠠᠲᠤ᠎ᠪᠠᠷ ᠱᠠᠭᠠᠷᠳᠠᠵᠤ ᠪᠤᠯᠬᠤ ᠦᠭᠡᠢ᠃
ᠪᠠᠢᠩᠭᠤ᠎ᠶᠢᠨ ᠬᠣᠷᠢᠶ᠎ᠠ ᠵᠢᠨ ᠪᠤᠰᠤᠳ ᠭᠡᠰᠢᠭᠦᠳ ᠱᠦᠵᠢ᠎ᠶᠢᠨ ᠠᠵᠢᠯ᠎ᠢᠶᠠᠨ ᠥᠷᠨᠢᠭᠦᠯᠬᠦ᠎ᠶᠢ ᠲᠡᠮᠵᠢᠵᠤ᠂ ᠱᠦᠵᠢ ᠶᠢᠨ ᠲᠡᠭᠦᠨ ᠦ ᠠᠵᠢᠯ ᠢ ᠵᠢᠯᠤᠭᠣᠳᠴᠤ ᠱᠠᠯᠠᠪᠳᠠᠭᠤᠯᠤᠨ ᠪᠠᠢᠴᠠᠭᠠᠬᠤ᠎ᠶᠢ ᠤᠬᠠᠮᠰᠠᠷ ᠡᠴᠡ᠎ᠪᠠᠨ ᠬᠦᠯᠢᠶᠡᠬᠦ ᠬᠡᠷᠡᠭᠲᠡᠢ᠃
ᠪᠠᠢᠩᠭᠤ᠎ᠶᠢᠨ ᠬᠣᠷᠢᠶ᠎ᠠ ᠵᠢᠨ ᠭᠡᠰᠢᠭᠦᠳ ᠨᠠᠮᠴᠢ ᠴᠢᠨᠠᠷ᠎ᠤᠨ ᠵᠠᠷᠴᠢᠮ᠎ᠤᠨ ᠰᠠᠭᠤᠷᠢᠨ ᠳᠡᠭᠡᠷ᠎ᠡ ᠪᠦᠯᠬᠦᠮᠳᠡᠯ ᠢ ᠬᠠᠮᠠᠭᠠᠯᠠᠵᠤ᠂ ᠬᠠᠷᠢᠯᠴᠠᠨ ᠢᠲᠡᠭᠡᠵᠦ᠂ ᠬᠠᠷᠢᠯᠴᠠᠨ ᠠᠭᠤᠴᠢᠯᠠᠵᠤ᠂ ᠬᠠᠷᠢᠯᠴᠠᠨ ᠲᠡᠮᠵᠢᠵᠦ᠂ ᠬᠠᠷᠢᠯᠴᠠᠨ ᠬᠢᠨᠠᠯᠲᠠ ᠲᠠᠯᠪᠢᠬᠤ ᠬᠡᠷᠡᠭᠲᠡᠢ᠃
ᠠᠷᠪᠠ ᠶᠢᠰᠦᠳᠦᠭᠡᠷ ᠵᠦᠢᠯ ᠪᠠᠢᠩᠭᠤ᠎ᠶᠢᠨ ᠬᠣᠷᠢᠶ᠎ᠠ ᠵᠢᠨ ᠭᠡᠰᠢᠭᠦᠳ ᠨᠠᠮ᠎ᠤᠨ ᠬᠣᠷᠢᠶ᠎ᠠ ᠵᠢᠨ ᠡᠮᠦᠨ᠎ᠡ ᠡᠴᠡ ᠬᠡᠯᠡᠭᠰᠡᠨ ᠦᠭᠡ ᠪᠠ ᠢᠯᠡᠳᠬᠡᠯ᠂ ᠠᠵᠢᠯ᠎ᠲᠠᠢ ᠬᠣᠯᠪᠣᠭᠳᠠᠬᠤ ᠵᠣᠬᠢᠶᠠᠯ᠂ ᠶᠠᠷᠢᠶ᠎ᠠ ᠥᠭᠦᠯᠡᠯ ᠢ ᠨᠡᠷ᠎ᠡ ᠬᠠᠳᠠᠵᠤ ᠨᠡᠢᠲᠡᠯᠡᠬᠦ᠎ᠳᠡᠭᠡᠨ ᠤᠷᠢᠳ ᠵᠢᠨᠷ ᠪᠠᠢᠩᠭᠤ᠎ᠶᠢᠨ ᠬᠣᠷᠢᠶ᠎ᠠ᠎ᠪᠠᠷ ᠬᠢᠨᠠᠨ ᠲᠣᠭᠲᠠᠭᠠᠯᠭᠠᠬᠤ ᠪᠤᠶᠤ ᠨᠠᠮ᠎ᠤᠨ ᠬᠣᠷᠢᠶ᠎ᠠ ᠵᠢᠨ ᠱᠦᠵᠢ᠎ᠪᠡᠷ ᠵᠥᠪᠰᠢᠶᠡᠷᠡᠭᠦᠯᠬᠦ ᠬᠡᠷᠡᠭᠲᠡᠢ᠃
ᠪᠠᠢᠩᠭᠤ᠎ᠶᠢᠨ ᠬᠣᠷᠢᠶ᠎ᠠ ᠵᠢᠨ ᠭᠡᠰᠢᠭᠦᠳ᠎ᠦᠨ ᠪᠠᠢᠴᠠᠭᠠᠨ ᠰᠤᠳᠤᠯᠤᠯᠲᠠ ᠬᠢᠬᠦ᠂ ᠠᠵᠢᠯ ᠪᠠᠢᠴᠠᠭᠠᠵᠤ ᠵᠢᠯᠤᠭᠣᠳᠬᠤ ᠪᠤᠶᠤ ᠪᠤᠰᠤᠳ ᠠᠯᠪᠠᠨ ᠠᠵᠢᠯᠯᠠᠭ᠎ᠠ᠎ᠳᠤ ᠣᠷᠤᠯᠴᠠᠬᠤ ᠦᠶ᠎ᠡ᠎ᠳᠦ ᠭᠠᠷᠭᠠᠭᠰᠠᠨ ᠬᠤᠪᠢ ᠬᠥᠮᠥᠨ᠎ᠦ ᠰᠠᠨᠠᠯ ᠨᠢ ᠡᠷᠬᠡᠪᠰᠢ ᠨᠠᠮ᠎ᠤᠨ ᠲᠥᠪ ᠬᠣᠷᠢᠶ᠎ᠠ ᠵᠢᠨ ᠵᠣᠷᠢᠭ᠋ ᠰᠠᠨᠠᠭ᠎ᠠ ᠵᠢᠴᠢ ᠨᠠᠮ᠎ᠤᠨ ᠬᠣᠷᠢᠶ᠎ᠠ ᠵᠢᠨ ᠬᠠᠮᠲᠤ᠎ᠪᠠᠷ ᠲᠣᠭᠲᠠᠭᠠᠬᠰᠠᠨ ᠵᠣᠷᠢᠭ᠋ ᠰᠠᠨᠠᠭ᠎ᠠ᠎ᠲᠠᠢ ᠨᠡᠢᠴᠡᠭᠰᠡᠨ ᠪᠠᠢᠬᠤ ᠬᠡᠷᠡᠭᠲᠡᠢ᠃
ᠲᠠᠪᠤᠳᠤᠭᠠᠷ ᠪᠦᠯᠦᠭ ᠬᠡᠷᠡᠭ ᠵᠥᠪᠯᠡᠬᠦ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ
ᠬᠣᠷᠢᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ ᠵᠢᠴᠢ ᠲᠡᠭᠦᠨ᠎ᠦ ᠪᠠᠢᠩᠭᠤ᠎ᠶᠢᠨ ᠬᠣᠷᠢᠶ᠎ᠠ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠠᠭᠠᠨ ᠬᠠᠮᠲᠤ᠎ᠪᠠᠷ ᠤᠳᠤᠷᠢᠳᠬᠤ᠂ ᠠᠷᠠᠳᠴᠢᠯᠠᠯ ᠲᠥᠪᠯᠡᠷᠡᠯ᠎ᠢ ᠬᠡᠷᠡᠭᠵᠢᠭᠦᠯᠬᠦ᠂ ᠲᠤᠰᠬᠠᠢ ᠶᠠᠷᠢᠯᠴᠠᠬᠤ᠂ ᠬᠤᠷᠠᠯ᠎ᠢᠶᠠᠷ ᠲᠣᠭᠲᠠᠭᠠᠬᠤ᠎ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠲᠤᠭᠳᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠶᠢ ᠬᠡᠷᠡᠭᠵᠢᠭᠦᠯᠬᠦ ᠬᠡᠷᠡᠭᠲᠡᠢ᠃
ᠬᠣᠷᠢᠨ ᠨᠢᠭᠡᠳᠦᠭᠡᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ ᠵᠢᠴᠢ ᠲᠡᠭᠦᠨ᠎ᠦ ᠪᠠᠢᠩᠭᠤ᠎ᠶᠢᠨ ᠬᠣᠷᠢᠶ᠎ᠠ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠠᠰᠠᠭᠤᠨ ᠯᠠᠪᠯᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠡᠩ᠎ᠦᠨ ᠪᠠᠢᠳᠠᠯ᠎ᠳᠤ ᠪᠠᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ ᠲᠥᠰᠥᠯ ᠳᠤᠷᠠᠳᠴᠤ᠂ ᠡᠯ᠎ᠡ ᠲᠠᠯ᠎ᠠ᠎ᠶᠢᠨ ᠭᠢᠨ᠎ᠦ ᠰᠠᠨᠠᠯ᠎ᠢ ᠭᠦᠢᠴᠡᠳ ᠰᠣᠨᠣᠰᠴᠤ᠂ ᠰᠢᠨᠵᠢᠯᠡᠬᠦ ᠤᠬᠠᠭᠠᠨᠴᠢ᠎ᠪᠠᠷ ᠨᠤᠲᠠᠯᠠᠯᠲᠠ ᠬᠢᠵᠦ᠂ ᠠᠶᠤᠯ ᠲᠦᠭᠰᠢᠭᠦᠷᠢ᠎ᠶᠢ ᠦᠨᠡᠯᠡᠨ ᠵᠢᠱ᠌ᠢᠬᠦ ᠪᠠ ᠲᠣᠭᠲᠠᠭᠠᠯ᠎ᠳᠤ ᠨᠡᠢᠴᠡᠬᠦ ᠬᠠᠤᠯᠢ ᠶᠣᠰᠣᠴᠢ ᠴᠢᠨᠠᠷ᠎ᠤᠨ ᠬᠢᠨᠠᠨ ᠪᠠᠢᠴᠠᠭᠠᠯᠲᠠ ᠬᠢᠵᠦ᠂ ᠲᠣᠭᠲᠠᠭᠠᠯ ᠶᠣᠰᠣᠭᠠᠷ ᠬᠣᠷᠸ᠎ᠠ ᠲᠦᠷᠦ᠎ᠶᠢᠨ ᠪᠣᠳᠣᠯᠭ᠎ᠠ᠎ᠶᠢᠨ ᠬᠠᠨᠳᠤᠯᠭ᠎ᠠ᠎ᠲᠠᠢ ᠨᠢᠭᠡᠳᠦᠯᠲᠡᠢ ᠦᠨᠡᠯᠡᠨ ᠵᠢᠱ᠌ᠢᠯᠲᠡ ᠬᠢᠬᠦ ᠵᠡᠷᠭᠡ᠎ᠶᠢ ᠥᠷᠨᠢᠭᠦᠯᠵᠦ᠂ ᠪᠦᠭᠦᠳᠡ ᠬᠤᠷᠠᠯ ᠪᠤᠶᠤ ᠪᠠᠢᠩᠭᠤ᠎ᠶᠢᠨ ᠬᠣᠷᠢᠶ᠎ᠠ ᠵᠢᠨ ᠬᠤᠷᠠᠯ ᠵᠢᠨᠷ ᠳᠠᠮᠵᠢᠭᠤᠯᠤᠨ ᠶᠠᠷᠢᠯᠴᠠᠵᠤ ᠲᠣᠭᠲᠠᠭᠠᠬᠤ ᠬᠡᠷᠡᠭᠲᠡᠢ᠃
ᠬᠣᠷᠢᠨ ᠬᠣᠶᠠᠳᠤᠭᠠᠷ ᠵᠦᠢᠯ ᠪᠦᠭᠦᠳᠡ ᠬᠤᠷᠠᠯ᠎ᠢ ᠵᠢᠯ ᠪᠦᠷᠢ ᠠᠳᠠᠭ᠎ᠲᠠᠭᠠᠨ ᠬᠣᠶᠠᠷ ᠤᠳᠠᠭ᠎ᠠ ᠬᠤᠷᠠᠯᠳᠤᠭᠤᠯᠤᠨ᠎ᠠ᠂ ᠴᠢᠬᠤᠯᠠ ᠪᠠᠢᠳᠠᠯ ᠲᠣᠬᠢᠶᠠᠯᠳᠤᠪᠠᠯ ᠴᠠᠬ ᠲᠤᠬᠠᠢ ᠳ᠋ᠤᠨᠢ ᠬᠤᠷᠠᠯᠳᠤᠭᠤᠯᠵᠤ ᠪᠣᠯᠣᠨ᠎ᠠ᠃ ᠪᠦᠭᠦᠳᠡ ᠬᠤᠷᠠᠯ᠎ᠢ ᠪᠠᠢᠩᠭᠤ᠎ᠶᠢᠨ ᠬᠣᠷᠢᠶ᠎ᠠ ᠡᠴᠡ ᠬᠤᠷᠠᠯᠳᠤᠭᠤᠯᠬᠤ ᠪᠥᠭᠡᠳ ᠡᠷᠭᠢᠯᠡᠵᠤ᠂ ᠵᠥᠪᠯᠡᠬᠦ ᠵᠦᠢᠯ᠎ᠢ ᠡᠩ᠎ᠤᠨ ᠦᠶ᠎ᠡ᠎ᠳᠡᠭᠡᠨ ᠪᠠᠢᠩᠭᠤ᠎ᠶᠢᠨ ᠬᠣᠷᠢᠶ᠎ᠠ ᠡᠴᠡ ᠨᠠᠮ᠎ᠤᠨ ᠬᠣᠷᠢᠶᠠᠨ᠎ᠤ ᠭᠡᠰᠢᠭᠦᠨ᠂ ᠣᠷᠣᠯᠠᠭ᠍ᠴᠢ ᠭᠡᠰᠢᠭᠦᠨ᠎ᠦ ᠰᠠᠨᠠᠯ᠎ᠢ ᠬᠤᠷᠢᠶᠠᠭᠰᠠᠨ᠎ᠤ ᠲᠠᠷᠠᠭ᠎ᠠ ᠲᠣᠭᠲᠠᠭᠠᠨ᠎ᠠ᠃
ᠪᠦᠭᠦᠳᠡ ᠬᠤᠷᠠᠯ᠎ᠢ ᠨᠠᠮ᠎ᠤᠨ ᠬᠣᠷᠢᠶ᠎ᠠ ᠵᠢᠨ ᠭᠤᠷᠪᠠᠨ᠎ᠤ ᠬᠣᠶᠠᠷ ᠬᠤᠪᠢ ᠡᠴᠡ ᠳᠡᠭᠡᠭᠰᠢᠬᠢ ᠭᠡᠰᠢᠭᠦᠳ ᠬᠤᠷᠠᠯ᠎ᠳᠤ ᠣᠷᠣᠯᠴᠠᠪᠠᠯ ᠰᠠᠶᠢ ᠬᠤᠷᠠᠯᠳᠤᠭᠤᠯᠵᠤ ᠪᠣᠯᠣᠨ᠎ᠠ᠃ ᠨᠠᠮ᠎ᠤᠨ ᠬᠣᠷᠢᠶᠠᠨ᠎ᠤ ᠭᠡᠰᠢᠭᠦᠨ᠂ ᠣᠷᠣᠯᠠᠭ᠍ᠴᠢ ᠭᠡᠰᠢᠭᠦᠨ ᠶᠠᠮᠠᠷ ᠨᠢᠭᠡᠨ ᠰᠢᠯᠲᠠᠭᠠᠨ ᠡᠴᠡ ᠪᠣᠯᠵᠤ ᠬᠤᠷᠠᠯ᠎ᠳᠤ ᠣᠷᠣᠯᠴᠠᠵᠤ ᠴᠢᠳᠠᠬᠤ ᠦᠭᠡᠢ ᠪᠣᠯ ᠬᠤᠷᠠᠯ ᠡᠴᠡ ᠡᠮᠦᠨ᠎ᠡ ᠴᠢᠯᠦᠭᠡ ᠭᠤᠶᠤᠬᠤ ᠬᠡᠷᠡᠭᠲᠡᠢ᠂ ᠰᠠᠨᠠᠯ᠎ᠢᠶᠠᠨ ᠪᠢᠴᠢᠭ᠎ᠢᠶᠡᠷ ᠢᠯᠡᠳᠬᠡᠵᠦ ᠪᠣᠯᠣᠨ᠎ᠠ᠃ ᠠᠵᠢᠯ᠎ᠤᠨ ᠬᠡᠷᠡᠭᠴᠡᠭᠡ᠎ᠶᠢ ᠦᠨᠳᠦᠰᠦᠯᠡᠨ᠂ ᠪᠠᠢᠩᠭᠤ᠎ᠶᠢᠨ ᠬᠣᠷᠢᠶ᠎ᠠ ᠡᠴᠡ ᠬᠣᠯᠪᠣᠭᠳᠠᠯ ᠪᠦᠬᠦᠢ ᠬᠥᠮᠥᠰ᠎ᠢ ᠪᠦᠭᠦᠳᠡ ᠬᠤᠷᠠᠯ᠎ᠳᠤ ᠰᠤᠯᠠ ᠣᠷᠣᠯᠴᠠᠭᠤᠯᠬᠤ᠎ᠪᠠᠷ ᠲᠣᠭᠲᠠᠭᠠᠵᠤ ᠪᠣᠯᠣᠨ᠎ᠠ᠃
ᠪᠠᠳᠤᠯᠠᠯᠳᠠ ᠬᠢᠬᠦ᠎ᠳᠡᠭᠡᠨ ᠶᠠᠷᠢᠯᠴᠠᠬᠤ ᠪᠠ ᠲᠣᠭᠲᠠᠭᠠᠬᠤ ᠵᠦᠢᠯ᠎ᠦᠳ᠎ᠦᠨ ᠠᠳᠠᠯᠢ ᠪᠤᠰᠤ᠎ᠶᠢ ᠦᠨᠳᠦᠰᠦᠯᠡᠵᠦ᠂ ᠭᠠᠷ ᠡᠷᠭᠦᠬᠦ᠂ ᠨᠡᠷ᠎ᠡ ᠦᠭᠡᠢ ᠪᠡᠷ ᠰᠣᠩᠭᠣᠭᠤᠯᠢ᠎ᠶᠢᠨ ᠪᠢᠯᠸᠲ ᠥᠭᠬᠦ ᠪᠤᠶᠤ ᠨᠡᠷ᠎ᠡ ᠳᠡᠮᠳᠡᠭᠯᠡᠭᠰᠡᠨ ᠰᠣᠩᠭᠣᠭᠤᠯᠢ᠎ᠶᠢᠨ ᠪᠢᠯᠸᠲ ᠥᠭᠬᠦ ᠵᠡᠷᠭᠡ ᠠᠷᠭ᠎ᠠ ᠪᠠᠷ ᠶᠠᠪᠤᠭᠳᠠᠭᠤᠯᠵᠤ ᠪᠣᠯᠣᠨ᠎ᠠ᠂ ᠵᠥᠪᠰᠢᠶᠡᠷᠡᠭᠰᠡᠨ ᠪᠢᠯᠸᠲ ᠨᠢ ᠬᠤᠷᠠᠯ᠎ᠳᠤ ᠣᠷᠤᠯᠴᠠᠬᠤ ᠶᠣᠰᠣᠲᠠᠢ ᠨᠠᠮ᠎ᠤᠨ ᠬᠣᠷᠢᠶ᠎ᠠ ᠵᠢᠨ ᠭᠡᠰᠢᠭᠦᠳ᠎ᠦᠨ ᠬᠠᠭᠠᠰ ᠲᠣᠭ᠎ᠠ ᠡᠴᠡ ᠬᠡᠲᠦᠷᠡᠪᠡᠯ ᠪᠠᠲᠤᠯᠠᠭᠳᠠᠭᠰᠠᠨ᠎ᠢᠶᠠᠷ ᠪᠤᠳᠤᠨ᠎ᠠ᠃ ᠬᠤᠷᠠᠯ᠎ᠳᠤ ᠣᠷᠣᠯᠴᠠᠬ᠍ᠰᠠᠨ ᠦᠭᠡᠢ ᠨᠠᠮ᠎ᠤᠨ ᠬᠣᠷᠢᠶ᠎ᠠ ᠵᠢᠨ ᠭᠡᠰᠢᠭᠦᠳ᠎ᠦᠨ ᠰᠠᠨᠠᠯ᠎ᠢ ᠪᠢᠯᠸᠲ᠎ᠤᠨ ᠲᠣᠭᠠᠨ᠎ᠳᠤ ᠪᠤᠳᠤᠵᠤ ᠣᠷᠣᠭᠤᠯᠵᠤ ᠪᠤᠯᠬᠤ ᠦᠭᠡᠢ᠃ ᠣᠷᠣᠯᠠᠭ᠍ᠴᠢ ᠭᠡᠰᠢᠭᠦᠨ ᠪᠠᠳᠤᠯᠠᠯᠲᠠ᠎ᠳᠤ ᠣᠷᠤᠯᠴᠠᠬᠤ ᠦᠭᠡᠢ᠃
ᠨᠠᠮ᠎ᠤᠨ ᠬᠣᠷᠢᠶ᠎ᠠ ᠵᠢᠨ ᠭᠡᠰᠢᠭᠦᠨ᠂ ᠣᠷᠣᠯᠠᠭ᠍ᠴᠢ ᠭᠡᠰᠢᠭᠦᠨ᠎ᠳᠦ ᠨᠠᠮ᠎ᠤᠨ ᠳᠤᠳᠤᠷᠠᠬᠢ ᠲᠤᠰᠢᠶᠠᠯ ᠡᠴᠡ ᠨᠢ ᠤᠬᠴᠤᠷᠠᠭᠤᠯᠬᠤ ᠡᠴᠡ ᠳᠡᠭᠡᠭᠰᠢᠬᠢ ᠨᠠᠮ᠎ᠤᠨ ᠰᠠᠬᠢᠯᠭ᠎ᠠ ᠪᠠᠲᠤ᠎ᠶᠢᠨ ᠰᠢᠢᠳᠬᠡᠯ ᠥᠭᠬᠦ ᠲᠣᠭᠲᠠᠭᠠᠯ ᠭᠠᠷᠭᠠᠬᠤ᠎ᠳᠤ ᠡᠷᠬᠡᠪᠰᠢ ᠪᠦᠭᠦᠳᠡ ᠬᠤᠷᠠᠯ ᠡᠴᠡ ᠬᠤᠷᠠᠯ᠎ᠳᠤ ᠣᠷᠤᠯᠴᠠᠬᠤ ᠶᠣᠰᠣᠲᠠᠢ ᠨᠠᠮ᠎ᠤᠨ ᠬᠣᠷᠢᠶ᠎ᠠ ᠵᠢᠨ ᠭᠡᠰᠢᠭᠦᠳ᠎ᠦᠨ ᠭᠤᠷᠪᠠᠨ᠎ᠤ ᠬᠣᠶᠠᠷ ᠬᠤᠪᠢ ᠡᠴᠡ ᠳᠡᠭᠡᠭᠰᠢᠬᠢ ᠣᠯᠠᠩᠬᠢ ᠲᠣᠭᠠᠲᠠᠨ᠎ᠢᠶᠠᠷ ᠲᠣᠭᠲᠠᠭᠠᠯᠭᠠᠬᠤ ᠬᠡᠷᠡᠭᠲᠡᠢ᠃ ᠪᠦᠭᠦᠳᠡ ᠬᠤᠷᠠᠯ᠎ᠤᠨ ᠬᠤᠷᠠᠯ ᠲᠡᠭᠦᠰᠦᠭᠰᠡᠨ ᠬᠤᠭᠤᠴᠠᠭᠠᠨ᠎ᠳᠤ ᠪᠠᠢᠩᠭᠤ᠎ᠶᠢᠨ ᠬᠣᠷᠢᠶ᠎ᠠ ᠡᠴᠡ ᠤᠷᠢᠳ ᠵᠢᠨᠷ ᠰᠢᠢᠳᠪᠦᠷᠢᠯᠡᠬᠦ ᠲᠣᠭᠲᠠᠭᠠᠯ ᠭᠠᠷᠭᠠᠵᠤ᠂ ᠪᠦᠭᠦᠳᠡ ᠬᠤᠷᠠᠯ ᠬᠤᠷᠠᠯᠳᠤᠭᠤᠯᠬᠤ ᠦᠶ᠎ᠡ᠎ᠳᠦ ᠨᠡᠬᠡᠮᠵᠢᠯᠡᠨ ᠵᠥᠪᠰᠢᠶᠡᠷᠡᠭᠦᠯᠵᠦ ᠪᠣᠯᠣᠨ᠎ᠠ᠃ ᠳᠡᠭᠡᠷ᠎ᠡ ᠳᠤᠷᠠᠳᠤᠭᠰᠠᠨ ᠨᠠᠮ᠎ᠤᠨ ᠬᠣᠷᠢᠶ᠎ᠠ ᠵᠢᠨ ᠭᠡᠰᠢᠭᠦᠨ᠂ ᠣᠷᠣᠯᠠᠭ᠍ᠴᠢ ᠭᠡᠰᠢᠭᠦᠨ᠎ᠳᠦ ᠥᠭᠬᠦ ᠰᠢᠢᠳᠬᠡᠯᠢ ᠡᠷᠬᠡᠪᠰᠢ ᠳᠡᠭᠡᠷ᠎ᠡ ᠨᠢᠭᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ᠎ᠪᠠᠷ ᠬᠢᠨᠠᠨ ᠶᠠᠷᠢᠯᠴᠠᠭᠤᠯᠵᠤ᠂ ᠳᠤᠰ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠡᠴᠡ ᠠᠳᠠᠯᠢ ᠱᠠᠲᠤᠨ᠎ᠤ ᠨᠠᠮ᠎ᠤᠨ ᠬᠣᠷᠢᠶ᠎ᠠ᠎ᠳᠦ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃
ᠪᠦᠭᠦᠳᠡ ᠬᠤᠷᠠᠯ᠎ᠢ ᠬᠤᠷᠠᠯᠳᠤᠭᠤᠯᠤᠭᠰᠠᠨ ᠪᠠᠢᠳᠠᠯ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ᠎ᠢ ᠳᠡᠭᠡᠷ᠎ᠡ ᠨᠢᠭᠡ ᠱᠠᠲᠤᠨ᠎ᠤ ᠨᠠᠮ᠎ᠤᠨ ᠬᠣᠷᠢᠶ᠎ᠠ᠎ᠳᠤ ᠴᠠᠭ ᠲᠤᠬᠠᠢ ᠳ᠋ᠤᠨᠢ ᠮᠡᠳᠡᠭᠦᠯᠬᠦ ᠬᠡᠷᠡᠭᠲᠡᠢ᠃
ᠬᠣᠷᠢᠨ ᠭᠤᠷᠪᠠᠳᠤᠭᠠᠷ ᠵᠦᠢᠯ ᠪᠠᠢᠩᠭᠤ᠎ᠶᠢᠨ ᠬᠣᠷᠢᠶ᠎ᠠ ᠵᠢᠨ ᠬᠤᠷᠠᠯ᠎ᠢ ᠡᠩ᠎ᠦᠨ ᠪᠠᠢᠳᠠᠯ᠎ᠳᠤ ᠰᠠᠷ᠎ᠠ ᠪᠦᠷᠢ ᠬᠣᠶᠠᠷ ᠤᠳᠠᠭ᠎ᠠ ᠬᠤᠷᠠᠯᠳᠤᠭᠤᠯᠤᠨ᠎ᠠ᠂ ᠴᠢᠬᠤᠯᠠ ᠪᠠᠢᠳᠠᠯ ᠲᠣᠬᠢᠶᠠᠯᠳᠤᠪᠠᠯ ᠴᠠᠭ ᠲᠤᠬᠠᠢ ᠳ᠋ᠤᠨᠢ ᠬᠤᠷᠠᠯᠳᠤᠭᠤᠯᠵᠤ ᠪᠣᠯᠣᠨ᠎ᠠ᠃
ᠪᠠᠢᠩᠭᠤ᠎ᠶᠢᠨ ᠬᠣᠷᠢᠶ᠎ᠠ ᠵᠢᠨ ᠬᠤᠷᠠᠯ᠎ᠢ ᠨᠠᠮ᠎ᠤᠨ ᠬᠣᠷᠢᠶ᠎ᠠ ᠵᠢᠨ ᠱᠦᠵᠢ ᠬᠤᠷᠠᠯᠳᠤᠭᠤᠯᠬᠤ ᠪᠥᠭᠡᠳ ᠡᠷᠭᠢᠯᠡᠨ᠎ᠡ᠃ ᠱᠦᠵᠢ ᠨᠢ ᠬᠤᠷᠠᠯ᠎ᠳᠤ ᠣᠷᠣᠯᠴᠠᠵᠤ ᠴᠢᠳᠠᠬᠤ ᠦᠭᠡᠢ ᠪᠣᠯ ᠳᠡᠳ᠋ ᠱᠦᠵᠢ᠎ᠳᠡᠭᠡᠨ ᠨᠠᠢᠳᠠᠵᠤ ᠬᠤᠷᠠᠯᠳᠤᠭᠤᠯᠬᠤ ᠪᠥᠭᠡᠳ ᠡᠷᠭᠢᠯᠡᠭᠦᠯᠵᠦ ᠪᠣᠯᠣᠨ᠎ᠠ᠃ ᠬᠤᠷᠠᠯ᠎ᠤᠨ ᠵᠥᠪᠯᠡᠬᠦ ᠵᠦᠢᠯ᠎ᠢ ᠱᠦᠵᠢ ᠳᠤᠷᠠᠳᠬᠤ ᠪᠤᠶᠤ ᠪᠠᠢᠩᠭᠤ᠎ᠶᠢᠨ ᠬᠣᠷᠢᠶ᠎ᠠ ᠵᠢᠨ ᠪᠤᠰᠤᠳ ᠭᠡᠰᠢᠭᠦᠳ ᠰᠠᠨᠠᠭᠤᠯᠭ᠎ᠠ ᠳᠤᠷᠠᠳᠴᠤ᠂ ᠱᠦᠵᠢ ᠶᠡᠷᠦᠩᠬᠡᠢᠯᠡᠨ ᠪᠣᠳᠣᠯᠬᠢᠯᠠᠭᠰᠠᠨ᠎ᠤ ᠲᠠᠷᠠᠭ᠎ᠠ ᠲᠣᠭᠲᠠᠭᠠᠨ᠎ᠠ᠃ ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠎ᠶᠢᠨ ᠲᠥᠰᠥᠯ᠎ᠢ ᠪᠠᠢᠩᠭᠤ᠎ᠶᠢᠨ ᠬᠣᠷᠢᠶ᠎ᠠ ᠵᠢᠨ ᠬᠤᠷᠠᠯ ᠬᠤᠷᠠᠯᠳᠤᠬᠤ ᠡᠴᠡ ᠡᠮᠦᠨ᠎ᠡ᠂ ᠪᠠᠢᠩᠭᠤ᠎ᠶᠢᠨ ᠬᠣᠷᠢᠶ᠎ᠠ ᠵᠢᠨ ᠭᠡᠰᠢᠭᠦᠳ᠎ᠲᠦ ᠵᠣᠬᠢᠰᠲᠠᠢ᠎ᠪᠠᠷ ᠤᠷᠢᠳᠴᠢᠯᠠᠨ ᠳᠠᠷᠤᠮᠠᠯᠯᠠᠨ ᠲᠠᠷᠬᠠᠭᠠᠬᠤ ᠬᠡᠷᠡᠭᠲᠡᠢ᠃
ᠪᠠᠢᠩᠭᠤ᠎ᠶᠢᠨ ᠬᠣᠷᠢᠶ᠎ᠠ ᠵᠢᠨ ᠬᠤᠷᠠᠯ᠎ᠢ ᠬᠠᠭᠠᠰ ᠡᠴᠡ ᠳᠡᠭᠡᠭᠰᠢᠬᠢ ᠲᠣᠭᠠᠨ᠎ᠤ ᠪᠠᠢᠩᠭᠤ᠎ᠶᠢᠨ ᠬᠣᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠪᠠᠯ ᠰᠠᠶᠢ ᠬᠤᠷᠠᠯᠳᠤᠵᠤ ᠪᠣᠯᠣᠨ᠎ᠠ᠃ ᠺᠠᠳ᠋ᠷ᠎ᠢ ᠲᠣᠮᠢᠯᠠᠬᠤ ᠪᠠ ᠪᠠᠭᠤᠯᠭᠠᠬᠤ᠂ ᠰᠢᠢᠳᠭᠡᠯ ᠦᠭᠬᠦ ᠶᠠᠪᠤᠳᠠᠯ᠎ᠢ ᠶᠠᠷᠢᠯᠴᠠᠨ ᠲᠣᠭᠲᠠᠭᠠᠬᠤ᠎ᠳᠤ ᠡᠷᠬᠡᠪᠰᠢ ᠭᠤᠷᠪᠠᠨ᠎ᠤ ᠬᠣᠶᠠᠷ ᠬᠤᠪᠢ ᠡᠴᠡ ᠳᠡᠭᠡᠭᠰᠢᠬᠢ ᠪᠠᠢᠩᠭᠤ᠎ᠶᠢᠨ ᠬᠣᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠬ᠍ᠰᠠᠨ ᠪᠠᠢᠬᠤ ᠬᠡᠷᠡᠭᠲᠡᠢ᠃ ᠪᠠᠢᠩᠭᠤ᠎ᠶᠢᠨ ᠬᠣᠷᠢᠶ᠎ᠠ ᠵᠢᠨ ᠭᠡᠰᠢᠭᠦᠨ ᠶᠠᠮᠠᠷ ᠨᠢᠭᠡᠨ ᠰᠢᠯᠲᠠᠭᠠᠨ ᠡᠴᠡ ᠪᠣᠯᠵᠤ ᠬᠤᠷᠠᠯ᠎ᠳᠤ ᠣᠷᠣᠯᠴᠠᠵᠤ ᠴᠢᠳᠠᠬᠤ ᠦᠭᠡᠢ ᠪᠣᠯ ᠬᠤᠷᠠᠯ ᠡᠴᠡ ᠡᠮᠦᠨ᠎ᠡ ᠴᠢᠯᠦᠭᠡ ᠭᠤᠶᠤᠬᠤ ᠬᠡᠷᠡᠭᠲᠡᠢ᠂ ᠰᠠᠨᠠᠯ᠎ᠢᠶᠠᠨ ᠪᠢᠴᠢᠭ᠎ᠢᠶᠡᠷ ᠢᠯᠡᠳᠬᠡᠵᠦ ᠪᠣᠯᠣᠨ᠎ᠠ᠃ ᠬᠤᠷᠠᠯ᠎ᠤᠨ ᠵᠥᠪᠯᠡᠬᠦ ᠵᠦᠢᠯ ᠨᠢ ᠲᠤᠰ ᠬᠥᠮᠥᠨ ᠪᠤᠶᠤ ᠲᠡᠭᠦᠨ᠎ᠦ ᠲᠦᠷᠦᠯ ᠰᠠᠳᠤᠨ ᠳᠤ ᠬᠣᠯᠪᠣᠭᠳᠠᠭᠰᠠᠨ ᠵᠢᠴᠢ ᠵᠠᠢᠯᠠᠬᠤ ᠴᠢᠬᠤᠯᠠᠲᠠᠢ ᠪᠤᠰᠤᠳ ᠪᠠᠢᠳᠠᠯ ᠣᠷᠣᠰᠢᠵᠤ ᠪᠠᠢᠪᠠᠯ᠂ ᠬᠣᠯᠪᠣᠭᠳᠠᠯ ᠪᠦᠬᠦᠢ ᠪᠠᠢᠩᠭᠤ᠎ᠶᠢᠨ ᠬᠣᠷᠢᠶ᠎ᠠ ᠵᠢᠨ ᠭᠡᠰᠢᠭᠦᠨ ᠵᠠᠢᠯᠠᠰᠬᠢᠬᠦ ᠬᠡᠷᠡᠭᠲᠡᠢ᠃ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ᠂ ᠬᠤᠷᠠᠯ ᠬᠤᠷᠠᠯᠳᠤᠭᠤᠯᠤᠭ᠍ᠴᠢ ᠡᠴᠡ ᠬᠣᠯᠪᠣᠭᠳᠠᠯ ᠪᠦᠬᠦᠢ ᠬᠥᠮᠥᠰ᠎ᠢ ᠬᠤᠷᠠᠯ᠎ᠳᠤ ᠰᠤᠯᠠ ᠣᠷᠣᠯᠴᠠᠭᠤᠯᠬᠤ᠎ᠪᠠᠷ ᠲᠣᠭᠲᠠᠭᠠᠵᠤ ᠪᠣᠯᠣᠨ᠎ᠠ᠃
ᠪᠠᠢᠩᠭᠤ᠎ᠶᠢᠨ ᠬᠣᠷᠢᠶ᠎ᠠ ᠵᠢᠨ ᠬᠤᠷᠠᠯ᠎ᠤᠨ ᠵᠥᠪᠯᠡᠬᠦ ᠵᠦᠢᠯ᠎ᠦᠨ ᠬᠠᠷᠢᠭᠤ ᠮᠡᠳᠡᠭᠦᠯᠦᠯᠲᠡ᠎ᠳᠦ ᠰᠠᠨᠠᠭᠤᠯᠭ᠎ᠠ᠎ᠶᠢᠨ ᠲᠥᠰᠥᠯ᠎ᠦᠨ ᠴᠢᠬᠤᠯᠠ ᠴᠢᠨᠠᠷ ᠪᠠ ᠪᠣᠯᠣᠮᠵᠢᠲᠤ ᠴᠢᠨᠠᠷ᠎ᠢ ᠭᠣᠣᠯᠳᠠᠯᠭ᠎ᠠ᠎ᠲᠠᠢ᠎ᠪᠠᠷ ᠲᠣᠳᠣᠷᠬᠠᠢᠯᠠᠵᠤ᠂ ᠠᠶᠤᠯ ᠲᠦᠭᠰᠢᠭᠦᠷᠢ᠎ᠶᠢ ᠦᠨᠡᠯᠡᠨ ᠵᠢᠱ᠌ᠢᠭᠰᠡᠨ ᠵᠡᠷᠭᠡ ᠪᠠᠢᠳᠠᠯ᠎ᠢ ᠮᠡᠳᠡᠭᠦᠯᠬᠦ ᠬᠡᠷᠡᠭᠲᠡᠢ᠃ ᠪᠠᠢᠩᠭᠤ᠎ᠶᠢᠨ ᠬᠣᠷᠢᠶ᠎ᠠ ᠵᠢᠨ ᠭᠡᠰᠢᠭᠦᠳ ᠰᠠᠨᠠᠯ᠎ᠢᠶᠠᠨ ᠭᠦᠢᠴᠡᠳ ᠢᠯᠡᠳᠬᠡᠬᠦ ᠬᠡᠷᠡᠭᠲᠡᠢ᠃ ᠱᠦᠵᠢ ᠡᠴᠦᠰ᠎ᠦᠨ ᠣᠪᠣᠷ᠎ᠢᠶᠠᠨ ᠢᠯᠡᠳᠬᠡᠬᠦ ᠳᠦᠷᠢᠮ᠎ᠢ ᠬᠡᠷᠡᠭᠵᠢᠭᠦᠯᠵᠦ᠂ ᠪᠠᠢᠩᠭᠤ᠎ᠶᠢᠨ ᠬᠣᠷᠢᠶ᠎ᠠ ᠵᠢᠨ ᠭᠡᠰᠢᠭᠦᠳ᠎ᠦᠨ ᠳᠤᠷᠠᠳᠤᠭᠰᠠᠨ ᠠᠳᠠᠯᠢ ᠪᠤᠰᠤ ᠰᠠᠨᠠᠯ᠎ᠢ ᠶᠡᠷᠦᠩᠬᠡᠢᠯᠡᠨ ᠪᠣᠳᠣᠯᠬᠢᠯᠠᠵᠤ᠂ ᠯᠠᠪᠳᠠᠭᠤᠨ ᠪᠣᠯᠭᠣᠮᠵᠢᠲᠠᠢ᠎ᠪᠠᠷ ᠪᠣᠳᠣᠯᠬᠢᠯᠠᠬᠤ ᠬᠡᠷᠡᠭᠲᠡᠢ᠃ ᠴᠢᠬᠤᠯᠠ ᠵᠥᠪᠯᠡᠬᠦ ᠵᠦᠢᠯ᠎ᠳᠦ ᠨᠡᠯᠢᠶᠡᠳ ᠶᠡᠬᠡ ᠰᠠᠨᠠᠯ᠎ᠤᠨ ᠵᠥᠷᠢᠯᠳᠦᠭᠡᠨ ᠭᠠᠷᠬᠤ ᠦᠶ᠎ᠡ᠎ᠳᠦ᠂ ᠪᠠᠳᠤᠯᠠᠯᠳᠠ᠎ᠶᠢ ᠲᠦᠷ ᠬᠣᠢᠰᠢᠯᠠᠭᠤᠯᠵᠤ᠂ ᠤᠯᠠᠮ ᠨᠢᠭᠡ ᠠᠯᠬᠤᠮ ᠪᠠᠢᠴᠠᠭᠠᠨ ᠰᠤᠳᠤᠯᠤᠯᠲᠠ ᠬᠢᠵᠦ᠂ ᠰᠠᠨᠠᠯ᠎ᠢᠶᠠᠨ ᠰᠣᠯᠢᠯᠴᠠᠵᠤ᠂ ᠲᠥᠰᠥᠯ᠎ᠢᠶᠡᠨ ᠲᠡᠭᠦᠯᠳᠡᠷᠵᠢᠭᠦᠯᠦᠭᠰᠡᠨᠦ ᠲᠠᠷᠠᠭ᠎ᠠ᠂ ᠵᠢᠷᠤᠮ ᠶᠣᠰᠣᠭᠠᠷ ᠪᠠᠢᠩᠭᠤ᠎ᠶᠢᠨ ᠬᠣᠷᠢᠶ᠎ᠠ ᠵᠢᠨ ᠬᠤᠷᠠᠯ᠎ᠳᠤ ᠳᠡᠪᠰᠢᠭᠦᠯᠦᠨ ᠰᠤᠳᠤᠯᠤᠭᠤᠯᠬᠤ ᠬᠡᠷᠡᠭᠲᠡᠢ᠃
ᠪᠠᠳᠤᠯᠠᠯᠲᠠ ᠬᠢᠬᠦ ᠳ᠋ᠡᠭᠡᠨ ᠶᠠᠷᠢᠯᠴᠠᠬᠤ ᠪᠠ ᠲᠣᠭᠲᠠᠭᠠᠬᠤ ᠵᠦᠢᠯ᠎ᠦᠳ᠎ᠦᠨ ᠠᠳᠠᠯᠢ ᠪᠤᠰᠤ᠎ᠶᠢ ᠦᠨᠳᠦᠰᠦᠯᠡᠨ᠂ ᠠᠮᠠ᠎ᠪᠠᠷ ᠪᠠᠲᠤᠯᠠᠬᠤ᠂ ᠭᠠᠷ ᠡᠷᠭᠦᠬᠦ᠂ ᠨᠡᠷ᠎ᠡ ᠦᠭᠡᠢ ᠪᠡᠷ ᠰᠣᠩᠭᠣᠭᠤᠯᠢ᠎ᠶᠢᠨ ᠪᠢᠯᠸᠲ ᠥᠭᠬᠦ ᠪᠤᠶᠤ ᠨᠡᠷ᠎ᠡ ᠳᠡᠮᠳᠡᠭᠯᠡᠭᠰᠡᠨ ᠪᠢᠯᠸᠲ ᠥᠭᠬᠦ ᠵᠡᠷᠭᠡ ᠠᠷᠭ᠎ᠠ᠎ᠪᠠᠷ ᠶᠠᠪᠤᠭᠳᠠᠭᠤᠯᠵᠤ ᠪᠣᠯᠣᠨ᠎ᠠ᠂ ᠵᠥᠪᠰᠢᠶᠡᠷᠡᠭᠰᠡᠨ ᠪᠢᠯᠸᠲ ᠨᠢ ᠬᠤᠷᠠᠯ᠎ᠳᠤ ᠣᠷᠤᠯᠴᠠᠬᠤ ᠶᠣᠰᠣᠲᠠᠢ ᠪᠠᠢᠩᠭᠤ᠎ᠶᠢᠨ ᠬᠣᠷᠢᠶ᠎ᠠ ᠵᠢᠨ ᠭᠡᠰᠢᠭᠦᠳ᠎ᠦᠨ ᠬᠠᠭᠠᠰ ᠲᠣᠭ᠎ᠠ ᠡᠴᠡ ᠬᠡᠲᠦᠷᠡᠪᠡᠯ ᠪᠠᠲᠤᠯᠠᠭᠳᠠᠭᠰᠠᠨ᠎ᠢᠶᠠᠷ ᠪᠤᠳᠤᠨ᠎ᠠ᠃ ᠬᠤᠷᠠᠯ᠎ᠳᠤ ᠣᠷᠣᠯᠴᠠᠬ᠍ᠰᠠᠨ ᠦᠭᠡᠢ ᠪᠠᠢᠩᠭᠤ᠎ᠶᠢᠨ ᠬᠣᠷᠢᠶ᠎ᠠ ᠵᠢᠨ ᠭᠡᠰᠢᠭᠦᠳ᠎ᠦᠨ ᠰᠠᠨᠠᠯ᠎ᠢ ᠪᠢᠯᠸᠲ᠎ᠤᠨ ᠲᠣᠭᠠᠨ᠎ᠳᠤ ᠪᠤᠳᠤᠵᠤ ᠣᠷᠣᠭᠤᠯᠵᠤ ᠪᠤᠯᠬᠤ ᠦᠭᠡᠢ᠃ ᠬᠤᠷᠠᠯ ᠡᠴᠡ ᠤᠯᠡᠠ ᠤᠴᠢᠷ ᠶᠠᠪᠤᠳᠠᠯ᠎ᠢ ᠶᠠᠷᠢᠯᠴᠠᠵᠤ ᠲᠣᠭᠲᠠᠭᠠᠬᠤ᠎ᠳᠠᠭᠠᠨ ᠵᠦᠢᠯ ᠳᠠᠷᠠᠭᠠᠯᠠᠨ ᠪᠠᠳᠤᠯᠠᠬᠤ ᠬᠡᠷᠡᠭᠲᠡᠢ᠃
ᠪᠠᠢᠩᠭᠤ᠎ᠶᠢᠨ ᠬᠣᠷᠢᠶ᠎ᠠ ᠵᠢᠨ ᠬᠤᠷᠠᠯ᠎ᠢ ᠲᠤᠰᠬᠠᠢ ᠠᠵᠢᠯᠲᠠᠨ ᠦᠨᠡᠨ ᠮᠥᠨ᠎ᠢᠶᠡᠷ ᠨᠢ ᠲᠡᠮᠳᠡᠭᠯᠡᠬᠦ᠎ᠶᠢᠨ ᠬᠠᠮᠲᠤ ᠲᠠᠨᠭᠰᠠ ᠡᠪᠬᠡᠮᠡᠯ᠎ᠳᠦ ᠣᠷᠣᠭᠤᠯᠤᠨ ᠪᠠᠢᠴᠠᠭᠠᠬᠤ᠎ᠳᠤ ᠪᠡᠯᠡᠳᠬᠡᠨ᠎ᠡ᠂ ᠲᠣᠭᠲᠠᠭᠠᠭᠰᠠᠨ ᠵᠦᠢᠯ ᠦᠳᠢ ᠬᠤᠷᠠᠯ᠎ᠤᠨ ᠲᠣᠪᠴᠢ ᠲᠡᠮᠳᠡᠭᠯᠡᠯ ᠪᠤᠯᠭᠠᠨ ᠨᠠᠢᠷᠠᠭᠤᠯᠤᠨ ᠲᠠᠷᠬᠠᠭᠠᠬᠤ ᠬᠡᠷᠡᠭᠲᠡᠢ᠃ ᠪᠠᠢᠩᠭᠤ᠎ᠶᠢᠨ ᠬᠣᠷᠢᠶ᠎ᠠ ᠵᠢᠨ ᠬᠤᠷᠠᠯ᠎ᠢᠶᠠᠷ ᠶᠠᠷᠢᠯᠴᠠᠨ ᠪᠠᠲᠤᠯᠠᠭᠠᠳ᠂ ᠨᠠᠮ᠎ᠤᠨ ᠬᠣᠷᠢᠶ᠎ᠠ ᠵᠢᠨ ᠨᠡᠷ᠎ᠡ᠎ᠪᠡᠷ ᠳᠡᠭᠡᠭᠰᠢ ᠮᠡᠳᠡᠭᠦᠯᠬᠦ ᠪᠤᠶᠤ ᠳᠣᠷᠣᠭ᠍ᠰᠢ ᠲᠠᠷᠬᠠᠭᠠᠬᠤ ᠪᠢᠴᠢᠭ ᠮᠠᠲᠧᠷᠢᠶᠠᠯ᠎ᠢ ᠱᠦᠵᠢ ᠭᠠᠷᠤᠨ ᠦᠰᠦᠭ ᠵᠢᠷᠤᠵᠤ ᠲᠠᠷᠬᠠᠭᠠᠨ᠎ᠠ᠃
ᠬᠦᠨᠳᠦ ᠶᠡᠬᠡ ᠭᠡᠨᠡᠳᠲᠡ᠎ᠶᠢᠨ ᠬᠡᠷᠡᠭ᠂ ᠠᠶᠤᠯ ᠭᠠᠮᠰᠢᠭ᠋ ᠡᠴᠡ ᠠᠪᠤᠷᠠᠬᠤ ᠵᠡᠷᠭᠡ ᠪᠠᠴᠢᠮ ᠪᠠᠢᠳᠠᠯ ᠲᠣᠬᠢᠶᠠᠯᠳᠤᠭᠠᠳ ᠪᠠᠢᠩᠭᠤ᠎ᠶᠢᠨ ᠬᠣᠷᠢᠶ᠎ᠡ ᠵᠢᠨ ᠬᠤᠷᠠᠯ᠎ᠢ ᠴᠠᠭ ᠲᠤᠬᠠᠢ ᠳ᠋ᠤᠨᠢ ᠬᠤᠷᠠᠯᠳᠤᠭᠤᠯᠵᠤ ᠰᠢᠢᠳᠪᠦᠷᠢᠲᠦ ᠪᠣᠳᠣᠯᠭ᠎ᠠ ᠲᠣᠭᠲᠠᠭᠠᠵᠤ ᠴᠢᠳᠠᠬᠤ ᠦᠭᠡᠢ ᠪᠠᠢᠪᠠᠯ᠂ ᠱᠦᠵᠢ᠂ ᠳᠡᠳ᠋ ᠱᠦᠵᠢ ᠪᠤᠶᠤ ᠪᠠᠢᠩᠭᠤ᠎ᠶᠢᠨ ᠬᠣᠷᠢᠶ᠎ᠡ ᠵᠢᠨ ᠪᠤᠰᠤᠳ ᠭᠡᠰᠢᠭᠦᠳ ᠪᠠᠢᠳᠠᠯ᠎ᠢ ᠦᠵᠡᠨ ᠲᠦᠷ ᠰᠢᠢᠳᠪᠦᠷᠢᠯᠡᠵᠦ ᠪᠣᠯᠣᠨ᠎ᠠ᠂ ᠬᠡᠷᠡᠭ᠎ᠦᠨ ᠲᠠᠷᠠᠭ᠎ᠠ ᠪᠠᠢᠩᠭᠤ᠎ᠶᠢᠨ ᠬᠣᠷᠢᠶ᠎ᠠ᠎ᠳᠤ ᠲᠡᠷᠡ ᠳᠠᠷᠤᠢ ᠳ᠋ᠤᠨᠢ ᠮᠡᠳᠡᠭᠦᠯᠬᠦ ᠬᠡᠷᠡᠭᠲᠡᠢ᠃
ᠬᠣᠷᠢᠨ ᠳᠥᠷᠪᠡᠳᠦᠭᠡᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ ᠵᠢᠴᠢ ᠲᠡᠭᠦᠨ᠎ᠦ ᠪᠠᠢᠩᠭᠤ᠎ᠶᠢᠨ ᠬᠣᠷᠢᠶ᠎ᠠ ᠨᠢ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠪᠣᠯᠣᠨ᠎ᠠ᠂ ᠭᠡᠪᠡᠴᠦ ᠪᠦᠭᠦᠳᠡ ᠬᠤᠷᠠᠯ᠂ ᠪᠠᠢᠩᠭᠤ᠎ᠶᠢᠨ ᠬᠣᠷᠢᠶ᠎ᠠ ᠵᠢᠨ ᠬᠤᠷᠠᠯ ᠢ ᠣᠷᠣᠯᠠᠨ ᠰᠢᠢᠳᠪᠦᠷᠢᠲᠦ ᠪᠣᠳᠣᠯᠭ᠎ᠠ ᠭᠠᠷᠭᠠᠵᠤ ᠪᠤᠯᠬᠤ ᠦᠭᠡᠢ᠃
ᠬᠣᠷᠢᠨ ᠲᠠᠪᠤᠳᠤᠭᠠᠷ ᠵᠦᠢᠯ ᠪᠠᠢᠩᠭᠤ᠎ᠶᠢᠨ ᠬᠣᠷᠢᠶ᠎ᠠ ᠵᠢᠨ ᠬᠤᠷᠠᠯ᠎ᠳᠤ ᠳᠡᠪᠰᠢᠭᠦᠯᠵᠦ ᠬᠢᠨᠠᠨ ᠵᠦᠪᠯᠡᠬᠦᠯᠬᠦ ᠴᠢᠬᠤᠯᠠᠲᠠᠢ ᠴᠢᠬᠤᠯᠠ ᠵᠦᠢᠯᠡᠰ᠎ᠢ ᠤᠷᠢᠳ᠎ᠢᠶᠠᠷ ᠱᠦᠵᠢ ᠵᠢᠨ ᠲᠤᠰᠬᠠᠢ ᠰᠡᠳᠦᠪᠲᠦ ᠬᠤᠷᠠᠯ᠎ᠢ ᠬᠤᠷᠠᠯᠳᠤᠭᠤᠯᠵᠤ ᠶᠠᠷᠢᠯᠴᠠᠵᠤ ᠪᠣᠯᠣᠨ᠎ᠠ᠃ ᠱᠦᠵᠢ᠎ᠶᠢᠨ ᠲᠤᠰᠬᠠᠢ ᠰᠡᠳᠦᠪᠲᠦ ᠬᠤᠷᠠᠯ᠎ᠢ ᠱᠦᠵᠢ ᠡᠷᠭᠢᠯᠡᠵᠦ᠂ ᠳᠡᠳ᠋ ᠱᠦᠵᠢ ᠪᠣᠯᠣᠨ ᠪᠤᠰᠤᠳ ᠬᠣᠯᠪᠣᠭᠳᠠᠯ ᠪᠦᠬᠦᠢ ᠪᠠᠢᠩᠭᠤ᠎ᠶᠢᠨ ᠬᠣᠷᠢᠶ᠎ᠠ ᠵᠢᠨ ᠭᠡᠰᠢᠭᠦᠳ ᠣᠷᠣᠯᠴᠠᠨ᠎ᠠ᠃ ᠱᠦᠵᠢ᠎ᠶᠢᠨ ᠲᠤᠰᠬᠠᠢ ᠰᠡᠳᠦᠪᠲᠦ ᠬᠤᠷᠠᠯ ᠨᠢ ᠪᠠᠢᠩᠭᠤ᠎ᠶᠢᠨ ᠬᠣᠷᠢᠶ᠎ᠠ ᠵᠢᠨ ᠬᠤᠷᠠᠯ ᠢ ᠣᠷᠣᠯᠠᠨ ᠰᠢᠢᠳᠪᠦᠷᠢᠲᠦ ᠪᠣᠳᠣᠯᠭ᠎ᠠ ᠭᠠᠷᠭᠠᠵᠤ ᠪᠤᠯᠬᠤ ᠦᠭᠡᠢ᠃
ᠨᠠᠮ᠎ᠤᠨ ᠣᠷᠣᠨ ᠨᠤᠲᠤᠭ᠎ᠤᠨ ᠬᠣᠷᠢᠶ᠎ᠠ ᠵᠢᠨ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ᠎ᠶᠢ ᠵᠢᠷᠤᠮᠵᠢᠭᠤᠯᠤᠨ᠎ᠠ᠃ ᠪᠠᠢᠩᠭᠤ᠎ᠶᠢᠨ ᠬᠣᠷᠢᠶ᠎ᠠ ᠵᠢᠨ ᠭᠡᠰᠢᠭᠦᠳ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ᠂ ᠲᠤᠰᠢᠶᠠᠯ ᠬᠠᠷᠢᠭᠤᠴᠠᠯᠭ᠎ᠠ᠎ᠶᠢᠨ᠎ᠢᠶᠠᠨ ᠬᠡᠪᠴᠢᠶᠡᠨ ᠳᠣᠲᠣᠷ᠎ᠠ ᠬᠡᠷᠡᠭ ᠵᠥᠪᠯᠡᠵᠦ ᠵᠣᠬᠢᠴᠠᠭᠤᠯᠬᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠬᠣᠯᠪᠣᠭᠳᠠᠯ ᠪᠦᠬᠦᠢ ᠠᠰᠠᠭᠤᠳᠠᠯ᠎ᠢ ᠰᠤᠳᠤᠯᠤᠨ ᠰᠢᠢᠳᠪᠦᠷᠢᠯᠡᠵᠦ ᠪᠣᠯᠣᠨ᠎ᠠ᠂ ᠭᠡᠪᠡᠴᠦ ᠡᠷᠬᠡ᠎ᠶᠢᠨ ᠬᠡᠪᠴᠢᠶᠡᠨ ᠡᠴᠡ᠎ᠪᠡᠨ ᠳᠠᠪᠠᠵᠤ ᠰᠢᠢᠳᠪᠦᠷᠢᠲᠦ ᠪᠣᠳᠣᠯᠭ᠎ᠠ ᠭᠠᠷᠭᠠᠵᠤ ᠪᠤᠯᠬᠤ ᠦᠭᠡᠢ᠃
ᠨᠠᠮ᠎ᠤᠨ ᠣᠷᠣᠨ ᠨᠤᠲᠤᠭ᠎ᠤᠨ ᠬᠣᠷᠢᠶ᠎ᠠ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠦᠷᠦ᠎ᠶᠢᠨ ᠵᠥᠪᠯᠡᠯᠭᠡᠨ ᠵᠡᠷᠭᠡ᠎ᠳᠠᠬᠢ ᠤᠳᠤᠷᠢᠳᠤᠯᠭ᠎ᠠ᠎ᠪᠠᠨ ᠴᠢᠩᠭᠠᠳᠬᠠᠵᠤ᠂ ᠤᠯᠤᠯᠴᠠᠨ ᠵᠣᠬᠢᠴᠠᠭᠤᠯᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠴᠢᠬᠤᠯᠠ ᠪᠠᠢᠳᠠᠯ᠎ᠢ ᠴᠠᠭ ᠲᠤᠬᠠᠢ ᠳ᠋ᠤᠨᠢ ᠮᠡᠳᠡᠭᠳᠡᠬᠦ ᠬᠡᠷᠡᠭᠲᠡᠢ᠃ ᠲᠦᠷᠦ᠎ᠶᠢᠨ ᠪᠠᠢᠭᠤᠯᠭ᠎ᠠ᠂ ᠤᠯᠤᠰ ᠲᠦᠷᠦ᠎ᠶᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ᠂ ᠠᠷᠠᠳᠴᠢᠯᠠᠭᠰᠠᠨ ᠨᠠᠮ ᠪᠦᠯᠦᠭ᠂ ᠠᠷᠠᠳ᠎ᠤᠨ ᠪᠦᠯᠭᠦᠮ᠂ ᠦᠨᠳᠦᠰᠦᠨ ᠱᠠᠲᠤᠨ᠎ᠤ ᠨᠢᠭᠡᠴᠢ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠴᠢᠬᠤᠯᠠ ᠶᠡᠬᠡ ᠠᠰᠠᠭᠤᠳᠠᠯ ᠪᠠ ᠤᠯᠠᠨ ᠲᠦᠮᠡᠨ᠎ᠦ ᠲᠤᠰ ᠪᠡᠶ᠎ᠡ᠎ᠶᠢᠨ ᠠᠰᠢᠭ᠋ ᠲᠤᠰᠠ᠎ᠳᠤ ᠬᠣᠯᠪᠣᠭᠳᠠᠬᠤ ᠪᠣᠳᠠᠲᠠᠢ ᠠᠰᠠᠭᠤᠳᠠᠯ᠎ᠤᠨ ᠲᠤᠬᠠᠢ ᠥᠷᠭᠡᠨ᠎ᠢᠶᠡᠷ ᠵᠥᠪᠳᠡᠯᠴᠡᠵᠦ᠂ ᠠᠷᠠᠳ᠎ᠤᠨ ᠤᠶᠤᠨ ᠤᠬᠠᠭᠠᠨ᠎ᠢ ᠥᠷᠭᠡᠨ᠎ᠢᠶᠡᠷ ᠲᠥᠪᠯᠡᠷᠡᠭᠦᠯᠦᠨ᠂ ᠬᠠᠮᠲᠤ᠎ᠶᠢᠨ ᠲᠠᠨᠢᠯᠲᠠ᠎ᠪᠠᠨ ᠨᠡᠮᠡᠭᠳᠡᠭᠦᠯᠵᠦ᠂ ᠬᠠᠮᠳᠤᠷᠠᠯ ᠬᠦᠴᠦᠨ᠎ᠢᠶᠡᠨ ᠴᠢᠩᠭᠠᠷᠠᠭᠤᠯᠬᠤ᠎ᠶᠢ ᠴᠢᠬᠤᠯᠠᠴᠢᠯᠠᠬᠤ ᠬᠡᠷᠡᠭᠲᠡᠢ᠃
ᠬᠣᠷᠢᠨ ᠵᠢᠷᠭᠤᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ ᠵᠢᠨ ᠪᠦᠭᠦᠳᠡ ᠬᠤᠷᠠᠯ᠎ᠢᠶᠠᠷ ᠪᠠᠲᠤᠯᠠᠭᠰᠠᠨ ᠰᠢᠢᠳᠪᠦᠷᠢᠲᠦ ᠪᠣᠳᠣᠯᠭ᠎ᠠ᠎ᠶᠢ ᠪᠠᠢᠩᠭᠤ᠎ᠶᠢᠨ ᠬᠣᠷᠢᠶ᠎ᠠ ᠡᠴᠡ ᠬᠠᠷᠢᠭᠤᠴᠠᠨ ᠵᠣᠬᠢᠶᠠᠨ ᠪᠠᠢᠭᠤᠯᠵᠤ ᠬᠡᠷᠡᠭᠵᠢᠭᠦᠯᠦᠨ᠎ᠡ; ᠪᠠᠢᠩᠭᠤ᠎ᠶᠢᠨ ᠬᠣᠷᠢᠶ᠎ᠠ ᠵᠢᠨ ᠭᠠᠷᠭᠠᠭᠰᠠᠨ ᠰᠢᠢᠳᠪᠦᠷᠢᠲᠦ ᠪᠣᠳᠣᠯᠭ᠎ᠠ᠎ᠶᠢ ᠪᠠᠢᠩᠭᠤ᠎ᠶᠢᠨ ᠬᠣᠷᠢᠶ᠎ᠠ ᠵᠢᠨ ᠭᠡᠰᠢᠭᠦᠳ ᠠᠵᠢᠯ ᠬᠤᠪᠢᠶᠠᠨ ᠬᠠᠷᠢᠭᠤᠴᠠᠵᠤ ᠵᠣᠬᠢᠶᠠᠨ ᠪᠠᠢᠭᠤᠯᠤᠨ ᠬᠡᠷᠡᠭᠵᠢᠭᠦᠯᠦᠨ᠎ᠡ᠂ ᠬᠣᠯᠪᠣᠭᠳᠠᠯ ᠪᠦᠬᠦᠢ ᠠᠵᠢᠯ᠎ᠤᠨ ᠴᠢᠬᠤᠯᠠ ᠠᠬᠢᠴᠠ᠎ᠶᠢᠨ ᠪᠠᠢᠳᠠᠯ᠎ᠢᠶᠠᠨ ᠱᠦᠵᠢ ᠪᠤᠶᠤ ᠪᠠᠢᠩᠭᠤ᠎ᠶᠢᠨ ᠬᠣᠷᠢᠶ᠎ᠠ᠎ᠳᠤ ᠴᠠᠭ ᠲᠤᠬᠠᠢ ᠳ᠋ᠤᠨᠢ ᠮᠡᠳᠡᠭᠦᠯᠬᠦ ᠬᠡᠷᠡᠭᠲᠡᠢ᠃
ᠨᠠᠮ᠎ᠤᠨ ᠣᠷᠣᠨ ᠨᠤᠲᠤᠭ᠎ᠤᠨ ᠬᠣᠷᠢᠶ᠎ᠠ ᠪᠦᠲᠦᠮᠵᠢᠲᠡᠢ ᠱᠠᠯᠠᠪᠳᠠᠭᠤᠯᠤᠨ ᠪᠠᠢᠴᠠᠭᠠᠬᠤ᠂ ᠦᠨᠡᠯᠡᠨ ᠵᠢᠱ᠌ᠢᠬᠦ ᠪᠠ ᠬᠠᠷᠢᠭᠤ ᠲᠤᠰᠬᠠᠬᠤ ᠲᠣᠭᠲᠠᠴᠠ᠎ᠶᠢ ᠪᠠᠢᠭᠤᠯᠵᠤ᠂ ᠰᠢᠢᠳᠪᠦᠷᠢᠲᠦ ᠪᠣᠳᠣᠯᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠰᠢᠢᠳᠪᠦᠷᠢᠲᠦ ᠪᠣᠳᠣᠯᠭ᠎ᠠ᠎ᠶᠢ ᠬᠡᠷᠡᠭᠵᠢᠭᠦᠯᠬᠦ ᠶᠠᠪᠤᠴᠠ᠎ᠳᠤ ᠴᠢᠬᠤᠯᠠ ᠶᠡᠬᠡ ᠲᠣᠬᠢᠷᠠᠭᠤᠯᠤᠯᠲᠠ ᠬᠢᠬᠦ ᠴᠢᠬᠤᠯᠠᠲᠠᠢ ᠪᠠᠢᠪᠠᠯ᠂ ᠬᠡᠨ ᠰᠢᠢᠳᠪᠦᠷᠢᠲᠦ ᠪᠣᠳᠣᠯᠭ᠎ᠠ ᠲᠣᠭᠲᠠᠭᠠᠪᠠᠯ ᠬᠡᠨ ᠲᠣᠬᠢᠷᠠᠭᠤᠯᠤᠯᠲᠠ ᠬᠢᠬᠦ ᠵᠠᠷᠴᠢᠮ ᠶᠣᠰᠣᠭᠠᠷ ᠪᠦᠭᠦᠳᠡ ᠬᠤᠷᠠᠯ ᠪᠤᠶᠤ ᠪᠠᠢᠩᠭᠤ᠎ᠶᠢᠨ ᠬᠣᠷᠢᠶ᠎ᠠ ᠵᠢᠨ ᠬᠤᠷᠠᠯ᠎ᠢ ᠬᠤᠷᠠᠯᠳᠤᠭᠤᠯᠬᠤ᠎ᠪᠠᠷ ᠳᠠᠮᠵᠢᠭᠤᠯᠤᠨ ᠲᠣᠭᠲᠠᠭᠠᠬᠤ ᠬᠡᠷᠡᠭᠲᠡᠢ᠃
ᠬᠣᠷᠢᠨ ᠳᠣᠯᠣᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ ᠵᠢᠴᠢ ᠲᠡᠭᠦᠨ᠎ᠦ ᠪᠠᠢᠩᠭᠤ᠎ᠶᠢᠨ ᠬᠣᠷᠢᠶ᠎ᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ᠎ᠳᠡᠭᠡᠨ ᠳᠣᠣᠷᠠᠬᠢ ᠦᠢᠯᠡ ᠠᠵᠢᠯᠯᠠᠭ᠎ᠠ᠎ᠶᠢ ᠬᠢᠵᠦ ᠪᠤᠯᠬᠤ ᠦᠭᠡᠢ᠄
(ᠨᠢᠭᠡ) ᠨᠠᠮ᠎ᠤᠨ ᠲᠥᠪ ᠬᠣᠷᠢᠶ᠎ᠠ ᠵᠢᠨ ᠵᠣᠷᠢᠭ᠋ ᠰᠠᠨᠠᠭ᠎ᠠ ᠪᠠ ᠱᠠᠭᠠᠷᠳᠠᠯᠭ᠎ᠠ ᠡᠴᠡ ᠵᠥᠷᠢᠴᠡᠵᠦ᠂ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠨᠤᠭᠤᠯᠤᠨ ᠰᠠᠭᠤᠳᠬᠠᠬᠤ᠂ ᠰᠣᠩᠭᠣᠯᠲᠠ ᠬᠢᠬᠦ᠂ ᠬᠡᠯᠪᠡᠷᠢ᠎ᠶᠢ ᠨᠢ ᠬᠤᠪᠢᠷᠠᠭᠤᠯᠬᠤ;
(ᠬᠣᠶᠠᠷ)ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ ᠭᠡᠯᠪᠡᠢᠵᠦ᠂ ᠰᠢᠨ᠎ᠡ ᠨᠣᠶᠠᠨ ᠬᠠᠭᠤᠴᠢᠨ ᠲᠠᠨᠭᠰᠠ᠎ᠶᠢ ᠬᠠᠮᠢᠶᠠᠷᠬᠤ ᠦᠭᠡᠢ᠂ ᠨᠡᠷ᠎ᠡ ᠭᠠᠪᠢᠶ᠎ᠠ᠎ᠶᠢ ᠶᠠᠭᠠᠷᠠᠨ ᠬᠦᠬᠡᠬᠡᠴᠡᠯᠳᠦᠬᠦ᠂ ᠬᠤᠳᠠᠯ ᠬᠡᠯᠡᠵᠦ ᠬᠠᠭᠤᠷᠮᠠᠭ ᠵᠢᠨᠷ ᠵᠤᠬᠢᠶᠠᠬᠤ᠂ ᠰᠣᠬᠣᠷ ᠪᠠᠯᠠᠢ᠎ᠪᠠᠷ ᠪᠠᠯᠠᠮᠠᠳ᠎ᠢᠶᠠᠷ ᠠᠵᠢᠯᠯᠠᠬᠤ᠂ ᠤᠯᠠᠨ ᠲᠦᠮᠡᠨ᠎ᠦ ᠬᠦᠰᠡᠯ ᠰᠠᠨᠠᠭ᠎ᠠ ᠡᠴᠡ ᠵᠥᠷᠢᠴᠡᠨ ᠪᠣᠳᠠᠲᠤ ᠪᠠᠢᠳᠠᠯ᠎ᠲᠠᠢ ᠨᠡᠢᠴᠡᠬᠦ ᠦᠭᠡᠢ ᠰᠢᠢᠳᠪᠦᠷᠢᠲᠦ ᠪᠣᠳᠣᠯᠭ᠎ᠠ ᠲᠣᠭᠲᠠᠭᠠᠬᠤ᠂《ᠳᠦᠷᠢ ᠲᠥᠷᠬᠦ᠎ᠶᠢᠨ ᠢᠨᠵᠧᠨᠧᠷᠢᠩ》ᠪᠠ 《ᠠᠵᠢᠯ᠎ᠤᠨ ᠠᠮᠵᠢᠯᠲᠠ᠎ᠶᠢᠨ ᠢᠨᠵᠧᠨᠧᠷᠢᠩ》᠎ᠢ᠋ ᠬᠢᠬᠦ᠂ ᠲᠦᠷᠦ᠎ᠶᠢᠨ ᠪᠣᠳᠣᠯᠭᠠᠲᠥᠯᠦᠪᠵᠢᠭᠦᠯᠭᠡᠨᠢ《ᠳᠤᠤᠷ᠎ᠡ ᠨᠢ ᠲᠤᠯᠤᠭ᠎ᠠ ᠬᠤᠪᠢᠷᠠᠬᠤ》᠂ ᠲᠣᠭᠲᠠᠭᠠᠯ᠎ᠢ ᠵᠥᠷᠢᠴᠡᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠯᠳᠠ ᠥᠭᠴᠡᠭᠡ᠎ᠶᠢ ᠰᠢᠨ᠎ᠡ᠎ᠪᠡᠷ ᠨᠡᠮᠡᠭᠳᠡᠭᠦᠯᠬᠦ᠂ ᠬᠥᠭᠵᠢᠭᠦᠯᠬᠦ᠎ᠶᠢ ᠯᠡ ᠡᠷᠬᠢᠮᠯᠡᠭᠡᠳ ᠠᠮᠤᠷ ᠲᠦᠪᠰᠢᠨ᠎ᠢ ᠡᠷᠭᠢᠮᠯᠡᠭᠦ ᠦᠭᠡᠢ ᠪᠠᠢᠬᠤ;
(ᠭᠤᠷᠪᠠ) ᠶᠡᠬᠡ ᠲᠠᠯ᠎ᠠ᠎ᠶᠢ ᠪᠣᠳᠣᠯᠬᠢᠯᠠᠬᠤ ᠦᠭᠡᠢ᠎ᠪᠡᠷ ᠣᠷᠣᠨ ᠨᠤᠲᠤᠭ᠎ᠤᠨ ᠬᠠᠮᠠᠭᠠᠯᠠᠬᠤ ᠦᠵᠡᠯ᠂ ᠥᠪᠡᠷᠮᠡᠲᠡᠭᠡᠢ ᠦᠵᠡᠯ᠂ ᠲᠠᠷᠠᠬᠠᠢ ᠦᠵᠡᠯ᠎ᠢ ᠶᠠᠪᠤᠭᠤᠯᠵᠤ᠂ ᠪᠦᠭᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢ ᠬᠠᠷᠰᠢᠯᠠᠬᠤ ᠲᠦᠷᠦ᠎ᠶᠢᠨ ᠪᠣᠳᠣᠯᠭ᠎ᠠ᠎ᠶᠢᠨ ᠪᠡᠬᠢᠯᠡᠯᠲᠡ᠎ᠶᠢ ᠪᠤᠢ ᠪᠤᠯᠭᠠᠬᠤ;
(ᠲᠦᠷᠪᠡ) ᠠᠷᠠᠳᠴᠢᠯᠠᠯ ᠲᠥᠪᠯᠡᠷᠡᠯ᠎ᠦᠨ ᠶᠣᠰᠣᠨ᠎ᠤ ᠵᠠᠷᠴᠢᠮ᠎ᠢ ᠵᠥᠷᠢᠴᠡᠵᠦ᠂ ᠭᠠᠭᠴᠠᠭᠠᠷ ᠡᠵᠡᠨ ᠮᠡᠳᠡᠵᠦ ᠡᠵᠡᠷᠬᠡᠬᠦ ᠪᠤᠶᠤ ᠲᠤᠰ ᠲᠤᠰ᠎ᠲᠠᠭᠠᠨ ᠲᠤᠬ ᠪᠣᠰᠬᠠᠵᠤ᠂ ᠵᠦᠪᠯᠡᠭᠡᠳ ᠰᠢᠢᠳᠪᠦᠷᠢ ᠭᠠᠷᠭᠠᠬᠤ ᠦᠭᠡᠢ᠂ ᠰᠢᠢᠳᠪᠦᠷᠢ ᠭᠠᠷᠭᠠᠭᠠᠳ ᠬᠡᠷᠡᠭᠵᠢᠭᠦᠯᠬᠦ ᠦᠭᠡᠢ᠂ ᠬᠡᠷᠡᠭᠵᠢᠬᠦᠯᠦᠭᠡᠳ ᠪᠦᠲᠦᠮᠵᠢ ᠦᠭᠡᠢ ᠪᠠᠢᠬᠤ;
(ᠲᠠᠪᠤ) ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ᠎ᠤᠨ ᠲᠦᠷᠦ᠎ᠶᠢᠨ ᠪᠣᠳᠣᠯᠭ᠎ᠠ᠎ᠶᠢᠨ ᠲᠣᠭᠲᠠᠭᠠᠯ᠎ᠢ ᠵᠥᠷᠢᠴᠡᠵᠦ᠂ ᠨᠠᠮ᠎ᠤᠨ ᠬᠣᠷᠢᠶ᠎ᠠ ᠵᠢᠨ ᠬᠠᠮᠲᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠡᠷ᠎ᠡ᠎ᠪᠡᠷ ᠬᠠᠮᠲᠤ᠎ᠪᠠᠷ᠎ᠢᠶᠠᠨ ᠲᠣᠭᠲᠠᠭᠠᠯ᠎ᠢ ᠵᠥᠷᠢᠴᠡᠭᠰᠡᠨ ᠪᠤᠶᠤ ᠬᠠᠷᠢᠭᠤᠴᠠᠯᠭ᠎ᠠ ᠡᠴᠡ ᠵᠠᠢᠯᠠᠬᠤ;
(ᠵᠢᠷᠭᠤᠭ᠎ᠠ)ᠤᠳᠤᠷᠢᠳᠤᠯᠭ᠎ᠠ᠎ᠶᠢᠨ ᠬᠠᠷᠢᠭᠤᠴᠠᠯᠭ᠎ᠠ᠎ᠪᠠᠨ ᠭᠦᠢᠴᠡᠳ ᠭᠦᠢᠴᠡᠳᠬᠡᠭᠰᠡᠨ ᠦᠭᠡᠢ ᠂ ᠰᠢᠢᠳᠪᠦᠷᠢᠲᠦ ᠪᠣᠳᠣᠯᠭ᠎ᠠ᠎ᠶᠢᠨ ᠪᠣᠭᠣᠮᠲᠠ᠎ᠶᠢ ᠬᠢᠨᠠᠮᠠᠭᠠᠢ ᠠᠳᠬᠤᠭᠰᠠᠨ ᠦᠭᠡᠢ᠂ ᠨᠠᠢᠳᠠᠪᠤᠷᠢᠵᠢᠭᠤᠯᠤᠯᠲᠠ ᠶᠢ ᠴᠢᠩᠭ᠎ᠠ ᠠᠳᠬᠤᠭᠰᠠᠨ ᠦᠭᠡᠢ ᠪᠠᠢᠬᠤ;
(ᠲᠤᠯᠤᠭ᠎ᠠ) ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠎ᠶᠢᠨ ᠲᠣᠭᠲᠠᠭᠠᠯ ᠪᠠ ᠵᠢᠷᠤᠮ᠎ᠢ ᠵᠥᠷᠢᠴᠡᠵᠦ᠂ ᠬᠤᠷᠠᠯ᠎ᠢᠶᠠᠷ ᠬᠢᠨᠠᠨ ᠵᠥᠪᠯᠡᠬᠦ ᠡᠴᠡ ᠵᠠᠢᠯᠠᠰᠬᠢᠬᠦ;
(ᠨᠠᠢ᠍ᠮᠠ) ᠴᠢᠬᠤᠯᠠ ᠶᠡᠬᠡ ᠵᠦᠢᠯᠡᠰ᠎ᠲᠦ ᠲᠣᠭᠲᠠᠭᠠᠯ ᠶᠣᠰᠣᠭᠠᠷ ᠵᠢᠭᠠᠪᠤᠷᠢ ᠠᠪᠴᠤ ᠮᠡᠳᠡᠭᠦᠯᠦᠭᠰᠡᠨ ᠦᠭᠡᠢ᠂ ᠡᠷᠬᠡ᠎ᠶᠢᠨ ᠬᠡᠪᠴᠢᠶ᠎ᠡ ᠡᠴᠡ᠎ᠪᠡᠨ ᠳᠠᠪᠠᠵᠤ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠪᠤᠶᠤ ᠳᠤᠷ᠎ᠠ᠎ᠪᠠᠷ᠎ᠢᠶᠠᠨ ᠲᠣᠭᠲᠠᠭᠠᠯ ᠭᠠᠷᠭᠠᠬᠤ;
(ᠶᠢᠰᠦ) ᠲᠥᠪ ᠤ᠋ᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ ᠪᠠ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠯᠡᠬᠦ ᠬᠣᠯᠪᠣᠭᠳᠠᠯ ᠪᠦᠬᠦᠢ ᠲᠣᠭᠲᠠᠭᠠᠯ᠎ᠢ ᠵᠥᠷᠢᠴᠡᠵᠦ᠂ ᠭᠡᠯᠪᠡᠷᠢᠴᠢ ᠦᠵᠡᠯ᠂ ᠨᠣᠶᠠᠨᠴᠢ ᠰᠤᠷᠲᠠᠯ ᠭᠠᠷᠭᠠᠵᠤ᠂ ᠦᠨᠳᠦᠰᠦᠨ ᠱᠠᠲᠤᠨ᠎ᠤ ᠳᠠᠷᠤᠭᠠᠰᠤ᠎ᠶᠢ ᠨᠡᠮᠡᠭᠳᠡᠭᠦᠯᠬᠦ;
(ᠠᠷᠪᠠ)ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠂ ᠬᠠᠤᠯᠢ ᠴᠠᠭᠠᠵᠠ ᠬᠠᠤᠯᠢ ᠲᠣᠭᠲᠠᠭᠠᠯ ᠡᠴᠡ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃
ᠵᠢᠷᠭᠤᠳᠤᠭᠠᠷ ᠪᠦᠯᠦᠭ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ
ᠬᠣᠷᠢᠨ ᠨᠠᠢ᠍ᠮᠠᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠬᠣᠷᠢᠶ᠎ᠠ ᠨᠢ ᠠᠳᠠᠯᠢ ᠱᠠᠲᠤᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠳᠤ ᠬᠠᠷᠢᠭᠤᠴᠠᠬᠤ ᠪᠥᠭᠡᠳ ᠲᠡᠭᠦᠨ᠎ᠳᠦ ᠠᠵᠢᠯ᠎ᠢᠶᠠᠨ ᠮᠡᠳᠡᠭᠦᠯᠵᠦ᠂ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠵᠢᠨ ᠤᠳᠤᠷᠢᠳᠤᠯᠭ᠎ᠠ ᠪᠠ ᠬᠢᠨᠠᠯᠲᠠ᠎ᠶᠢ ᠤᠬᠠᠮᠰᠠᠷ ᠡᠴᠡ᠎ᠪᠠᠨ ᠬᠦᠯᠢᠶᠡᠵᠦ᠂ ᠳᠡᠭᠡᠳᠦ ᠱᠠᠲᠤᠨ᠎ᠤ ᠪᠠ ᠠᠳᠠᠯᠢ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠎ᠶᠢᠨ ᠬᠢᠨᠠᠯᠲᠠ᠎ᠶᠢ ᠬᠦᠯᠢᠶᠡᠵᠦ᠂ ᠳᠣᠣᠷᠠᠳᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠰᠢᠭᠦᠨ ᠤᠯᠠᠨ ᠲᠦᠮᠡᠨ᠎ᠦ ᠬᠢᠨᠠᠯᠲᠠ᠎ᠶᠢ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ ᠪᠠ ᠨᠠᠮ ᠪᠦᠯᠦᠭ᠎ᠦᠨ ᠪᠤᠰᠤ ᠬᠥᠮᠥᠰ᠎ᠦᠨ ᠠᠷᠠᠳᠴᠢᠯᠠᠭᠰᠠᠨ ᠬᠢᠨᠠᠯᠲᠠ᠎ᠶᠢ ᠬᠦᠯᠢᠶᠡᠬᠦ᠎ᠶᠢᠨ ᠬᠠᠮᠲᠤ ᠬᠢᠨᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃
ᠪᠠᠢᠩᠭᠤ᠎ᠶᠢᠨ ᠬᠣᠷᠢᠶ᠎ᠠ ᠵᠢᠨ ᠳᠣᠲᠣᠭᠠᠳᠤ᠎ᠶᠢᠨ ᠬᠠᠷᠢᠯᠴᠠᠨ ᠬᠢᠨᠠᠯᠲᠠ ᠲᠠᠯᠪᠢᠬᠤ ᠲᠣᠭᠲᠠᠴᠠ᠎ᠶᠢ ᠲᠡᠭᠦᠯᠳᠡᠷᠵᠢᠭᠦᠯᠵᠦ᠂ ᠪᠠᠢᠩᠭᠤ᠎ᠶᠢᠨ ᠬᠣᠷᠢᠶ᠎ᠠ ᠵᠢᠨ 《ᠭᠤᠷᠪᠠᠨ ᠴᠢᠬᠤᠯᠠ ᠨᠢᠭᠡ ᠶᠡᠬᠡ》 ᠵᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠬᠢᠨᠠᠯᠲᠠ ᠲᠠᠯᠪᠢᠬᠤ ᠲᠣᠭᠲᠠᠴᠠ᠎ᠶᠢ ᠲᠡᠭᠦᠯᠳᠡᠷᠵᠢᠭᠦᠯᠦᠨ᠂ ᠨᠠᠮ᠎ᠤᠨ ᠬᠣᠷᠢᠶ᠎ᠠ ᠵᠢᠨ ᠱᠦᠵᠢ᠎ᠶᠢᠨ ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠢᠭ᠎ᠠ ᠪᠠᠢᠳᠠᠯ᠎ᠳᠤ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠪᠠᠢᠩᠭᠤ᠎ᠶᠢᠨ ᠬᠣᠷᠢᠶ᠎ᠠ ᠵᠢᠨ ᠭᠡᠰᠢᠭᠦᠳ᠎ᠦᠨ ᠬᠠᠮᠲᠤ᠎ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤᠮᠳᠠ ᠲᠤᠰᠢᠶᠠᠯ ᠬᠠᠷᠢᠭᠤᠴᠠᠯᠭ᠎ᠠ᠎ᠪᠠᠨ ᠵᠥᠪ᠎ᠢᠶᠡᠷ ᠭᠦᠢᠴᠡᠳᠬᠡᠬᠦ᠎ᠶᠢ ᠠᠬᠢᠭᠤᠯᠤᠨ᠎ᠠ᠃ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠲᠥᠪ ᠴᠢᠩᠭ᠎ᠠ ᠪᠤᠯᠭᠠᠵᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠢᠭᠤᠯᠤᠯᠲᠠ᠎ᠶᠢᠨ ᠠᠮᠢᠳᠤᠷᠠᠯ᠎ᠤᠨ ᠬᠤᠷᠠᠯ᠎ᠤᠨ ᠳᠦᠷᠢᠮ᠎ᠢ ᠪᠠᠷᠢᠮᠲᠠᠯᠠᠵᠤ᠂ ᠰᠢᠭᠦᠮᠵᠢᠯᠡᠯ ᠪᠠ ᠥᠪᠡᠷ᠎ᠦᠨ ᠰᠢᠭᠦᠮᠵᠢᠯᠡᠯ᠎ᠢ ᠨᠠᠷᠢᠨ ᠬᠢᠨᠠᠮᠠᠭᠠᠢ ᠥᠷᠨᠢᠭᠦᠯᠵᠦ᠂ ᠲᠤᠰ ᠪᠡᠶ᠎ᠡ᠎ᠶᠢᠨ ᠠᠰᠠᠭᠤᠳᠠᠯ᠎ᠢᠶᠠᠨ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃
ᠨᠠᠮ᠎ᠤᠨ ᠣᠷᠣᠨ ᠨᠤᠲᠤᠭ᠎ᠤᠨ ᠬᠣᠷᠢᠶ᠎ᠠ ᠨᠢ ᠠᠳᠠᠯᠢ ᠱᠠᠲᠤᠨ᠎ᠤ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠢ ᠲᠥᠯᠥᠪᠯᠡᠭᠡ᠎ᠲᠠᠢ᠎ᠪᠡᠷ ᠤᠷᠢᠵᠤ ᠪᠦᠭᠦᠳᠡ ᠬᠤᠷᠠᠯ ᠪᠤᠶᠤ ᠪᠠᠢᠩᠭᠤ᠎ᠶᠢᠨ ᠬᠣᠷᠢᠶ᠎ᠠ ᠵᠢᠨ ᠬᠤᠷᠠᠯ ᠵᠡᠷᠭᠡ ᠴᠢᠬᠤᠯᠠ ᠬᠤᠷᠠᠯ᠎ᠳᠤ ᠰᠤᠯᠠ ᠣᠷᠣᠯᠴᠠᠭᠤᠯᠬᠤ ᠬᠡᠷᠡᠭᠲᠡᠢ᠃ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠢ ᠵᠣᠬᠢᠶᠠᠨ ᠪᠠᠢᠭᠤᠯᠤᠨ ᠲᠤᠰᠬᠠᠢ ᠰᠡᠳᠦᠪᠲᠦ ᠪᠠᠢᠴᠠᠭᠠᠨ ᠰᠤᠳᠤᠯᠤᠯᠲᠠ ᠭᠢᠯᠭᠡᠵᠦ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠢ ᠵᠣᠬᠢᠶᠠᠨ ᠪᠠᠢᠭᠤᠯᠤᠨ ᠰᠠᠨᠠᠯ ᠳᠤᠷᠠᠳᠤᠯᠭ᠎ᠠ᠎ᠶᠢᠨ ᠠᠵᠢᠯ ᠥᠷᠨᠢᠭᠦᠯᠵᠦ᠂ ᠰᠠᠨᠠᠯ ᠰᠠᠨᠠᠭᠤᠯᠭ᠎ᠠ᠎ᠶᠢ ᠭᠦᠢᠴᠡᠳ ᠰᠤᠨᠤᠰᠤᠨ᠎ᠠ᠃
ᠬᠣᠷᠢ ᠶᠢᠰᠦᠳᠦᠭᠡᠷ ᠵᠦᠢᠯ ᠲᠡᠭᠡᠷ᠎ᠡ ᠱᠠᠲᠤᠨ᠎ᠤ ᠨᠠᠮ᠎ᠤᠨ ᠬᠣᠷᠢᠶ᠎ᠠ ᠲᠣᠭᠲᠠᠭᠠᠯ ᠶᠣᠰᠣᠭᠠᠷ ᠳᠣᠣᠷ᠎ᠠ ᠨᠢᠭᠡ ᠱᠠᠲᠤᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠵᠢᠴᠢ ᠲᠡᠭᠦᠨ᠎ᠦ ᠪᠦᠷᠢᠯᠳᠦᠭᠦᠨ᠎ᠦ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠪᠠᠢᠳᠠᠯ᠎ᠢ ᠬᠢᠨᠠᠨ ᠰᠢᠯᠭᠠᠵᠤ᠂ ᠱᠠᠩᠨᠠᠵᠤ ᠲᠣᠷᠭᠠᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠦᠨ᠎ᠡ᠃
ᠭᠤᠴᠢᠳᠤᠭᠠᠷ ᠵᠦᠢᠯ ᠬᠣᠯᠪᠣᠭᠳᠠᠯ ᠪᠦᠬᠦᠢ ᠨᠠᠮ᠎ᠤᠨ ᠵᠣᠬᠢᠶᠠᠨ ᠪᠠᠢᠭᠤᠯᠤᠯᠲᠠ᠂ ᠤᠳᠤᠷᠢᠳᠬᠤ ᠺᠠᠳ᠋ᠷᠴᠤᠳ ᠲᠤᠰ ᠳᠦᠷᠢᠮ᠎ᠢ ᠴᠢᠩᠭ᠎ᠠ ᠵᠢᠷᠤᠮᠯᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ᠃ ᠲᠣᠰ ᠳᠦᠷᠢᠮ ᠡᠴᠡ ᠵᠥᠷᠢᠴᠡᠭᠰᠡᠨ ᠪᠠᠢᠪᠠᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ᠎ᠶᠢᠨ ᠶᠣᠰᠣᠭᠠᠷ ᠰᠢᠢᠳᠪᠦᠷᠢᠯᠡᠵᠤ ᠰᠢᠢᠳᠬᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ ᠪᠠᠢᠪᠠᠯ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠪᠠᠢᠩᠭᠤ᠎ᠶᠢᠨ ᠬᠣᠷᠢᠶ᠎ᠠ ᠲᠣᠭᠲᠠᠭᠠᠯ᠎ᠢ ᠵᠥᠷᠢᠴᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠴᠢᠬᠤᠯᠠ ᠶᠡᠬᠡ ᠠᠯᠳᠠᠰᠢ ᠭᠠᠷᠭᠠᠭᠰᠠᠨ ᠪᠠᠢᠪᠠᠯ᠂ ᠱᠦᠵᠢ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠣᠷᠣᠯᠴᠠᠬ᠍ᠰᠠᠨ ᠪᠠᠢᠩᠭᠤ᠎ᠶᠢᠨ ᠬᠣᠷᠢᠶ᠎ᠠ ᠵᠢᠨ ᠭᠡᠰᠢᠭᠦᠨ ᠡᠴᠡ ᠨᠠᠰᠤᠨ ᠲᠤᠷᠰᠢᠲᠠ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠪᠠᠢᠩᠭᠤ᠎ᠶᠢᠨ ᠬᠣᠷᠢᠶ᠎ᠠ ᠵᠢᠨ ᠭᠡᠰᠢᠭᠦᠨ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠣᠷᠤᠯᠴᠠᠬᠤ᠎ᠳᠠᠭᠠᠨ ᠬᠦᠨᠳᠦ ᠶᠡᠬᠡ ᠠᠯᠳᠠᠰᠢ᠎ᠲᠠᠢ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠡᠰᠡᠷᠭᠦᠴᠡᠬᠦ ᠰᠠᠨᠠᠯ᠎ᠢᠶᠠᠨ ᠲᠣᠳᠣᠷᠬᠠᠢ ᠳᠤᠷᠠᠳᠤᠭᠰᠠᠨ ᠪᠤᠶᠤ ᠰᠠᠨᠠᠯ᠎ᠢᠶᠠᠨ ᠦᠯᠡᠳᠡᠭᠡᠭᠰᠡᠨ ᠪᠠᠢᠪᠠᠯ᠂ ᠬᠠᠷᠢᠭᠤᠴᠠᠯᠭ᠎ᠠ ᠨᠡᠬᠡᠮᠵᠢᠯᠡᠬᠦ ᠦᠭᠡᠢ ᠪᠤᠶᠤ ᠬᠠᠷᠢᠭᠤᠴᠠᠯᠭ᠎ᠠ ᠨᠡᠬᠡᠮᠵᠢᠯᠡᠬᠦ ᠡᠴᠡ ᠬᠡᠯᠲᠦᠷᠢᠭᠦᠯᠵᠦ ᠪᠣᠯᠣᠨ᠎ᠠ᠃
ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ
ᠭᠤᠴᠢᠨ ᠨᠢᠭᠡᠳᠦᠭᠡᠷ ᠵᠦᠢᠯ ᠨᠠᠮ᠎ᠤᠨ ᠲᠤᠰᠬᠠᠢ ᠣᠷᠣᠨ᠎ᠤ ᠬᠣᠷᠢᠶ᠎ᠠ ᠪᠠ ᠲᠤᠰᠬᠠᠢ ᠣᠷᠣᠨ᠎ᠤ ᠬᠣᠷᠢᠶ᠎ᠠ᠎ᠲᠠᠢ ᠲᠡᠩᠴᠡᠬᠦ ᠵᠣᠬᠢᠶᠠᠨ ᠪᠠᠢᠭᠤᠯᠤᠯᠲᠠ ᠲᠤᠰ ᠳᠦᠷᠢᠮ᠎ᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃
ᠭᠤᠴᠢᠨ ᠬᠣᠶᠠᠳᠤᠭᠠᠷ ᠵᠦᠢᠯ ᠨᠠᠮ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠬᠣᠷᠢᠶ᠎ᠠ ᠲᠤᠰ ᠲᠦᠷᠢᠮ᠎ᠢ ᠦᠨᠳᠦᠰᠦᠯᠡᠨ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠠᠵᠢᠯ᠎ᠤᠨ ᠳᠦᠷᠢᠮ᠎ᠢ ᠲᠣᠭᠲᠠᠭᠠᠵᠤ ᠲᠡᠭᠦᠯᠳᠡᠷᠵᠢᠭᠦᠯᠬᠦ ᠬᠡᠷᠡᠭᠲᠡᠢ᠃
ᠭᠤᠴᠢᠨ ᠭᠤᠷᠪᠠᠳᠤᠭᠠᠷ ᠵᠦᠢᠯ ᠲᠤᠰ ᠳᠦᠷᠢᠮ᠎ᠢ ᠲᠥᠪ ᠤ᠋ᠨ ᠠᠯᠪᠠᠨ ᠲᠢᠩᠬᠢᠮ ᠡᠴᠡ ᠲᠥᠪ ᠤ᠋ᠨ ᠵᠣᠬᠢᠶᠠᠨ ᠪᠠᠶ᠋ᠢᠭᠤᠯᠬᠤ ᠬᠡᠯᠲᠡᠰ᠎ᠲᠠᠢ ᠵᠥᠪᠳᠡᠯᠴᠡᠵᠦ ᠲᠠᠢᠯᠪᠤᠷᠢᠯᠠᠨ᠎ᠠ᠃
ᠭᠤᠴᠢᠨ ᠳᠥᠷᠪᠡᠳᠦᠭᠡᠷ ᠵᠦᠢᠯ ᠲᠤᠰ ᠳᠦᠷᠢᠮ ᠢ ᠨᠡᠢᠲᠡᠯᠡᠭᠰᠡᠨ ᠡᠳᠦᠷ ᠡᠴᠡ ᠡᠬᠢᠯᠡᠵᠦ ᠬᠡᠷᠡᠭᠵᠢᠭᠦᠯᠦᠨ᠎ᠡ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 15 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃