ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-10-17 13:42:21

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 4

ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠪᠠᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠪᠡᠶᠡᠯᠡᠬᠥᠯᠬᠥ ᠵᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ



10 ᠰᠠᠷ᠎ᠠ ᠵᠢᠨ 16 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠥᠪᠥᠷ ᠮᠣᠩᠭᠣᠯ᠎ᠤᠨ ᠦᠪᠡᠷᠳᠡᠬᠡᠨ ᠵᠠᠰᠠᠬᠤ ᠤᠷᠤᠨ ᠤ᠋ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠪᠠ᠃ ᠵᠢᠷᠤᠭ ᠪᠤᠯ ᠰᠢ ᠵᠢᠨ ᠫᠢᠩ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠬᠢᠷᠢ ᠵᠢᠨ ᠨᠠᠭᠤᠷ ᠤ᠋ᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠰᠢᠨᠵᠢᠯᠡᠨ ᠪᠠᠢᠴᠠᠭᠠᠵᠤ ᠪᠠᠢᠭ᠎ᠠ ᠨᠢ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠶᠠᠨ ᠶᠠᠨ  ᠰᠡᠭᠦᠳᠡᠷᠯᠡᠪᠡ


■ ᠨᠤᠭᠤ ᠭᠠᠵᠠᠷ᠎ᠢ ᠬᠠᠮᠠᠭᠠᠯᠠᠬᠤ᠎ᠳᠤ ᠬᠠᠮᠤᠭ᠎ᠤᠨ ᠴᠢᠬᠤᠯᠠ ᠨᠢ ᠤᠩᠭᠤᠨ ᠪᠠᠢᠭᠠᠯᠢᠯᠢᠭ ᠠᠮᠢ ᠠᠬᠤᠢ᠎ᠶᠢ ᠪᠠᠳᠤᠯᠠᠬᠤ᠎ᠳᠤ ᠪᠤᠢ᠃ ᠪᠠᠢᠭᠠᠯᠢ᠎ᠶᠢ ᠬᠦᠨᠳᠦᠳᠬᠡᠬᠦ᠂ ᠪᠠᠢᠭᠠᠯᠢ᠎ᠲᠠᠢ ᠵᠣᠬᠢᠴᠠᠬᠤ᠂ ᠪᠠᠢᠭᠠᠯᠢ᠎ᠶᠢ ᠬᠠᠮᠠᠭᠠᠯᠠᠬᠤ᠎ᠶᠢ ᠪᠠᠷᠢᠮᠲᠠᠯᠠᠵᠤ᠂ ᠨᠤᠭᠤ ᠭᠠᠵᠠᠷ ᠤ᠋ᠨ ᠬᠠᠮᠠᠭᠠᠯᠠᠯᠳᠠ ᠵᠢᠨ ᠬᠠᠤᠯᠢ᠎ᠶᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠬᠡᠷᠡᠭᠲᠡᠢ᠃ ᠮᠠᠭᠤᠳᠠᠭᠰᠠᠨ ᠨᠤᠭᠤ ᠭᠠᠵᠠᠷ᠎ᠤᠨ ᠠᠮᠢ ᠠᠬᠤᠢ᠎ᠶᠢᠨ ᠰᠢᠰᠲᠧᠮ᠎ᠳᠦ᠂ ᠠᠶᠠᠨᠳᠠᠭᠠᠨ ᠰᠡᠷᠭᠦᠬᠦ᠎ᠪᠡᠷ ᠭᠣᠣᠯ ᠪᠣᠯᠭᠠᠬᠤ᠂ ᠬᠥᠮᠥᠨ᠎ᠦ ᠬᠦᠴᠦ ᠤᠷᠤᠭᠤᠯᠬᠤ᠎ᠪᠡᠷ ᠬᠠᠪᠰᠤᠷᠤᠮᠵᠢ ᠪᠣᠯᠭᠠᠬᠤ ᠵᠢ ᠪᠠᠷᠢᠮᠳᠠᠯᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠎ᠪᠠᠷ ᠰᠡᠷᠭᠦᠭᠡᠬᠦ ᠬᠡᠷᠡᠭᠲᠡᠢ

■ 《ᠵᠡᠬᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠡᠬᠢ ᠪᠤᠳᠤᠯᠳᠠ ᠵᠢᠨ ᠬᠦᠴᠤᠨ ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠵᠦ᠍᠂ ᠪᠦᠬᠦ᠌ ᠤᠯᠤᠰ᠎ᠤᠨ ᠨᠢᠭᠡ ᠴᠤᠭᠴᠠᠵᠢᠭᠤᠯᠤᠬᠰᠡᠨ ᠪᠤᠳᠤᠯᠳᠠ ᠵᠢᠨ ᠬᠦᠴᠦᠨ᠎ᠦ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠴᠢᠬᠤᠯᠠ ᠪᠠᠶ᠋ᠢᠷᠢᠯᠠᠭᠤᠯᠤᠯᠲᠠ ᠪᠣᠯᠤᠨ᠎ᠠ᠃ ᠰᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌᠂ ᠡᠯᠧᠮᠧᠨ᠋ᠲ᠎ᠢᠶᠡᠷ ᠲᠤᠯᠭᠠᠭᠤᠷᠢᠯᠠᠬᠤ᠂ ᠠᠮᠤᠷ ᠲᠦᠪᠰᠢᠨ᠎ᠢ᠋ ᠪᠠᠲᠤᠯᠠᠬᠤ᠎ᠶᠢ ᠴᠢᠩᠭᠠᠳᠬᠠᠵᠤ᠂ ᠨᠢᠭᠡᠨᠲᠡ ᠪᠦᠳᠤᠭᠡᠨ ᠪᠠᠶ᠋ᠢᠭᠤᠯᠤᠭᠰᠠᠨ ᠲᠦᠷᠦᠯ ᠵᠦᠢᠯ᠎ᠦᠨ ᠥᠨᠳᠥᠷ ᠪᠦᠲᠦᠮᠵᠢᠲᠡᠢ ᠠᠵᠢᠯᠯᠠᠬᠤ ᠵᠢ ᠪᠠᠲᠤᠯᠠᠬᠤ᠎ᠪᠦᠭᠡᠳ ᠬᠣᠶ᠋ᠢᠰᠢᠳᠠ᠎ᠶᠢᠨ ᠲᠦᠷᠦᠯ ᠵᠦᠢᠯ᠎ᠦᠨ ᠪᠦᠳᠦᠭᠡᠨ ᠪᠠᠶ᠋ᠢᠭᠤᠯᠤᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ᠌ ᠬᠡᠷᠡᠭᠲᠡᠢ᠃ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠶ ᠤᠷᠲᠤᠳᠬᠠᠵᠤ᠂ ᠲᠣᠭᠠᠴᠢᠯᠠᠭᠰᠠᠨ ᠠᠵᠤ ᠠᠬᠤᠶ ᠪᠣᠯᠤᠨ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠪᠤᠳᠤᠯᠳᠠ ᠵᠢᠨ ᠬᠦᠴᠦᠨ᠎ᠦ ᠳᠠᠪᠠᠭᠤᠯᠢᠭ᠎ᠢ ᠲᠠᠰᠤᠷᠠᠯᠲᠠ ᠥᠬᠡᠶ ᠬᠥᠭᠵᠢᠯᠲᠡ᠎ᠶᠢᠨ ᠳᠠᠪᠠᠭᠤᠯᠢᠭ ᠪᠣᠯᠭᠠᠨ ᠤᠯᠠᠷᠢᠭᠤᠯᠬᠤ  ᠬᠡᠷᠡᠭᠲᠡᠶ

■  ᠮᠠᠨ᠎ᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠵᠡᠭᠦᠨ ᠪᠠᠷᠠᠭᠤᠨ ᠡᠮᠦᠨ᠎ᠠ ᠤᠮᠠᠷ᠎ᠠ ᠳᠤᠮᠳᠠ ᠭᠠᠵᠠᠷ ᠤᠷᠤᠨ ᠤ᠋ ᠡᠬᠢ ᠪᠠᠶᠠᠯᠢᠭ᠎ᠤᠨ ᠵᠥᠷᠢᠶ᠎ᠡ ᠢᠯᠡᠷᠬᠡᠢ ᠪᠠᠶ᠋ᠢᠳᠠᠭ᠃ ᠰᠢᠨ᠎ᠡ ᠠᠶᠠᠨ ᠳ᠋ᠤ᠂ ᠡᠯ᠎ᠡ ᠭᠠᠵᠠᠷ ᠣᠷᠣᠨ ᠤ᠋ ᠬᠢᠨ ᠨᠠᠮ᠎ᠤᠨ ᠲᠥᠪ ᠬᠣᠷᠢᠶ᠎ᠠ ᠵᠢᠨ ᠪᠠᠶ᠋ᠢᠯᠳᠤᠬᠤ ᠪᠤᠳᠤᠯᠭ᠎ᠠ᠎ᠶᠢᠨ ᠰᠢ᠌ᠳᠪᠦᠷᠢᠲᠦ᠍ ᠪᠤᠳᠤᠯᠭ᠎ᠠ ᠪᠣᠯᠤᠨ ᠲᠥᠯᠥᠪᠵᠢᠭᠦᠯᠭᠡ᠎ᠶᠢᠨ ᠪᠠᠶ᠋ᠢᠷᠢᠯᠠᠭᠤᠯᠤᠯᠲᠠ ᠶᠣᠰᠣᠭᠠᠷ᠂ ᠵᠠᠰᠠᠭ ᠤ᠋ᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠍᠂ ᠰᠢᠨ᠎ᠡ ᠬᠥᠭᠵᠢᠯᠲᠡ᠎ᠶᠢᠨ ᠤᠢ᠌ᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠴᠠᠭ ᠦᠶ᠎ᠡ᠎ᠶᠢᠨ ᠤᠷᠤᠰᠬᠠᠯ᠎ᠢ ᠴᠢᠩᠭ᠎ᠠ ᠲᠠᠭᠠᠵᠤ᠂ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠵᠤ᠂ ᠲᠤᠰ ᠪᠡᠶ᠎ᠡ᠎ᠶᠢᠨ ᠨᠥᠬᠥᠴᠡᠯ᠎ᠳᠡᠭᠡᠨ ᠰᠠᠭᠤᠷᠢᠯᠠᠵᠤ᠂ ᠬᠠᠷᠢᠴᠠᠨᠭᠭᠤᠢ ᠳᠠᠪᠠᠭᠤᠯᠢᠭ᠎ᠢᠶᠠᠨ ᠪᠠᠳᠠᠷᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠰᠢᠨᠬᠤᠸᠠ ᠬᠤᠷᠢᠶ᠎ᠠ
兼容浏览器的HTML页面