2026-10-17 14:06:45
10 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠵᠤ ᠪᠠᠢᠴᠠᠭᠠᠨ ᠰᠤᠳᠤᠯᠵᠤ᠂ ᠬᠢᠬᠢᠷᠢ ᠵᠢᠨ ᠨᠠᠭᠤᠷ ᠤ᠋ᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠬᠦᠷᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠢᠩᠭᠠᠳᠬᠠᠵᠤ ᠪᠠᠢᠬᠤ ᠪᠠ ᠲᠤᠬᠠᠢ᠎ᠶᠢᠨ ᠭᠠᠵᠠᠷ᠎ᠤᠨ ᠬᠢᠨ ᠤ᠋ ᠬᠢᠬᠢᠷᠢ ᠵᠢᠨ ᠨᠠᠭᠤᠷ᠎ᠤᠨ ᠣᠷᠴᠢᠨ ᠲᠣᠭᠣᠷᠢᠨ ᠤ᠋ ᠶᠡᠷᠦᠩᠬᠡᠢᠯᠡᠭᠰᠡᠨ ᠵᠠᠰᠠᠯᠳᠠ ᠵᠢ ᠠᠬᠢᠭᠤᠯᠵᠤ ᠪᠠᠢᠬᠤ᠂ ᠠᠮᠢ ᠠᠬᠤᠢ᠎ᠶᠢᠨ ᠰᠢᠰᠲᠧᠮ᠎ᠢ ᠰᠡᠷᠭᠦᠭᠡᠨ ᠵᠠᠰᠠᠵᠤ ᠪᠠᠢᠬᠤ ᠵᠡᠷᠭᠡ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠤᠭᠰᠠᠨ ᠪᠥᠭᠡᠳ ᠤᠰᠤᠨ᠎ᠤ ᠡᠷᠭᠢ ᠰᠠᠢᠷᠭᠠᠯ ᠤ᠋ᠨ ᠠᠮᠢ ᠠᠬᠤᠢ᠂ ᠣᠷᠣᠰᠢᠨ ᠠᠮᠢᠳᠤᠷᠠᠵᠤ ᠪᠠᠢᠭ᠎ᠠ ᠰᠢᠪᠠᠭᠤᠨ᠎ᠤ ᠲᠥᠷᠥᠯ ᠵᠡᠷᠭᠡ᠎ᠶᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠪᠡ᠃

10 ᠰᠠᠷ᠎ᠠ᠎ᠶᠢᠨ 16 ᠤ᠋ ᠡᠳᠦᠷ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠪᠠ᠃ ᠵᠢᠷᠤᠭ ᠪᠣᠯ ᠰᠢ ᠵᠢᠨ ᠫᠢᠩ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤᠨ᠎ᠤ ᠬᠢᠬᠢᠷᠢ ᠵᠢᠨ ᠨᠠᠭᠤᠷ ᠤ᠋ᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠰᠢᠨᠵᠢᠯᠡᠨ ᠪᠠᠶ᠋ᠢᠴᠠᠭᠠᠵᠤ ᠪᠠᠶ᠋ᠢᠭ᠎ᠠ ᠨᠢ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠰᠢᠶᠸ ᠬᠤᠸᠠᠨ ᠤ᠋ᠣᠢ ᠰᠡᠭᠦᠳᠡᠷᠯᠡᠪᠡ
ᠥᠪᠥᠷ ᠮᠣᠩᠭᠣᠯ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠠᠮᠢ ᠠᠬᠤᠢ᠎ᠶᠢᠨ ᠰᠢᠰᠲᠧᠮ᠎ᠦᠨ ᠲᠥᠷᠥᠯ ᠵᠦᠢᠯ ᠣᠯᠠᠨ ᠶᠠᠩᠵᠤ᠎ᠶᠢᠨ ᠪᠠᠢᠳᠠᠭ᠃ ᠡᠨᠳᠡᠬᠢ ᠠᠮᠢ ᠠᠬᠤᠢ᠎ᠶᠢᠨ ᠪᠠᠢᠳᠠᠯ ᠶᠠᠮᠠᠷ ᠪᠠᠢᠬᠤ ᠨᠢ ᠲᠤᠬᠠᠢ᠎ᠶᠢᠨ ᠭᠠᠵᠠᠷ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠰᠢᠨ ᠲᠣᠭᠲᠠᠨᠢᠯ ᠪᠠ ᠬᠥᠭᠵᠢᠯᠲᠡ᠎ᠲᠠᠢ ᠬᠣᠯᠪᠣᠭᠳᠠᠬᠤ᠎ᠪᠠᠷ ᠪᠠᠷᠠᠬᠤ ᠦᠭᠡᠢ ᠪᠠᠰᠠ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭᠰᠢᠯᠠᠪᠠᠯ ᠪᠦᠬᠦ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠎ᠲᠠᠢ ᠬᠣᠯᠪᠣᠭᠳᠠᠨ᠎ᠠ᠃
ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠢᠮᠠᠭᠲᠠ ᠰᠡᠳᠬᠢᠯ᠎ᠳᠡᠭᠡᠨ ᠪᠤᠳᠤᠭᠰᠠᠭᠠᠷ ᠢᠷᠡᠵᠠᠢ᠃ 2018 ᠣᠨ᠂ 2019 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ ᠶᠡᠷᠦᠩᠬᠡᠢ ᠱᠦᠵᠢ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ᠎ᠶᠢᠨ ᠨᠠᠭᠤᠷ᠎ᠤᠨ ᠠᠮᠢ ᠠᠬᠤᠢ᠎ᠶᠢ ᠶᠡᠷᠦᠩᠬᠡᠢᠯᠡᠨ ᠵᠠᠰᠠᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃
2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠪᠠᠶᠠᠨᠨᠠᠭᠤᠷ᠎ᠲᠤ ᠰᠢᠨᠵᠢᠯᠡᠨ ᠪᠠᠢᠴᠠᠭᠠᠬᠤ ᠳᠠᠭᠠᠨ᠂ ᠲᠤᠰᠬᠠᠢᠯᠠᠨ ᠤᠯᠠᠭᠠᠨᠰᠤᠬᠠᠢ᠎ᠳᠤ ᠬᠦᠷᠴᠦ᠂ ᠤᠯᠠᠭᠠᠨᠰᠤᠬᠠᠢ ᠵᠢᠨ ᠪᠠᠢᠭᠠᠯᠢ᠎ᠶᠢᠨ ᠳᠦᠷᠰᠦ ᠪᠠᠢᠳᠠᠯ ᠪᠣᠯᠣᠨ ᠡᠷᠬᠢᠨ ᠲᠣᠭᠣᠷᠢᠨ᠎ᠤ ᠠᠮᠢ ᠠᠬᠤᠢ ᠣᠷᠴᠢᠨ ᠲᠣᠭᠣᠷᠢᠨ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ 《ᠰᠡᠳᠬᠢᠯ ᠲᠠᠯᠪᠢᠨ ᠵᠠᠰᠠᠵᠤ᠂ ᠨᠠᠷᠢᠨ ᠨᠢᠮᠪᠠᠢ ᠬᠠᠢᠷᠠᠯᠠᠨ ᠬᠠᠮᠠᠭᠠᠯᠠᠵᠤ᠂ ᠢᠮᠠᠭᠲᠠ ᠲᠤᠭᠤᠰᠢᠯᠠᠭᠤᠯᠵᠤ᠂ ᠤᠷᠳᠤ ᠬᠤᠭᠤᠴᠠᠭ᠎ᠠ ᠪᠡᠷ ᠵᠢᠳᠭᠦᠨ ᠴᠢᠷᠮᠠᠢᠬᠤ ᠬᠡᠷᠡᠭᠲᠡᠢ》 ᠭᠡᠵᠦ ᠴᠢᠬᠤᠯᠠᠴᠢᠯᠠᠨ᠂ ᠲᠤᠬᠠᠢ᠎ᠶᠢᠨ ᠭᠠᠵᠠᠷ᠎ᠤᠨ ᠬᠢᠨ᠎ᠳᠦ 《ᠡᠨᠡ ᠬᠦ᠌ 〈ᠠᠷᠤ ᠭᠠᠵᠠᠷ ᠤ᠋ᠨ ᠬᠡᠷᠡᠯᠳᠦ ᠰᠤᠪᠤᠳ〉 ᠢ᠋ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ》 ᠭᠡᠵᠦ ᠵᠠᠬᠢᠪᠠ᠃ ᠡᠳᠦᠭᠡ ᠲᠤᠬᠠᠢ᠎ᠶᠢᠨ ᠭᠠᠵᠠᠷ᠎ᠤᠨ ᠬᠢᠨ ᠰᠢᠰᠲ᠋ᠸᠮᠳᠤ ᠣᠢᠯᠠᠭᠠᠭᠳᠠᠬᠤᠨ᠎ᠢᠶᠠᠷ ᠠᠮᠢ ᠠᠬᠤᠢ᠎ᠶᠢᠨ ᠵᠠᠰᠠᠯᠲᠠ᠎ᠶᠢ ᠰᠢᠨᠵᠢᠯᠡᠬᠦ ᠤᠬᠠᠭᠠᠨᠴᠢ᠎ᠪᠠᠷ ᠠᠬᠢᠭᠤᠯᠵᠤ᠂ ᠤᠯᠠᠭᠠᠨᠰᠤᠬᠠᠢ ᠵᠢᠨ ᠤᠰᠤᠨ᠎ᠤ ᠴᠢᠨᠠᠷ ᠢᠯᠡᠳᠲᠡ ᠰᠠᠢᠵᠢᠷᠠᠵᠤ᠂ ᠨᠡᠭᠦᠳᠡᠯ ᠤ᠋ᠨ ᠰᠢᠪᠠᠭᠤᠳ᠎ᠤᠨ ᠵᠢᠷᠭᠠᠯ ᠤ᠋ᠨ ᠣᠷᠣᠨ ᠪᠣᠯᠵᠠᠢ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ ᠶᠡᠷᠦᠩᠬᠡᠢ ᠱᠦᠵᠢ ᠰᠢ ᠵᠢᠨ ᠫᠢᠩ ᠳᠠᠬᠢᠨᠲᠠ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠵᠤ᠂ ᠲᠣᠰ ᠤᠳᠠᠭ᠎ᠠ ᠬᠢᠬᠢᠷᠢ ᠵᠢᠨ ᠨᠠᠭᠤᠷ ᠲᠤ᠌ ᠬᠦᠷᠴᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠦᠵᠡᠪᠡ᠃ ᠡᠨᠡ ᠨᠢ ᠡᠬᠡ ᠤᠯᠤᠰ᠎ᠤᠨ ᠤᠮᠠᠷᠠᠲᠤ᠎ᠶᠢᠨ ᠠᠮᠢ ᠠᠬᠤᠢ᠎ᠶᠢ ᠢᠮᠠᠭᠲᠠ ᠬᠠᠯᠠᠮᠵᠢᠯᠠᠵᠤ ᠪᠠᠢᠬᠤ ᠶᠠᠪᠤᠳᠠᠯ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠥᠬᠥᠷᠡᠰᠢ ᠦᠭᠡᠢ ᠠᠳᠬᠤᠬᠤ ᠲᠣᠳᠣᠷᠬᠠᠢ ᠳᠣᠬᠢᠶ᠎ᠠ᠎ᠶᠢ ᠨᠡᠢᠭᠡᠮ ᠳᠠᠶᠠᠭᠠᠷ᠎ᠲᠤ ᠳᠠᠮᠵᠢᠭᠤᠯᠵᠤ ᠪᠠᠢᠨ᠎ᠠ᠃
ᠬᠢᠬᠢᠷᠢ᠎ᠶᠢᠨ ᠨᠠᠭᠤᠷ ᠪᠣᠯ ᠳᠣᠲᠣᠭᠠᠳᠤ ᠬᠠᠭᠤᠷᠠᠢ᠎ᠶᠢᠨ ᠪᠢᠲᠡᠭᠦᠮᠵᠢ᠎ᠳᠦ ᠮᠠᠶᠢᠭ᠋᠎ᠤᠨ ᠨᠠᠭᠤᠷ ᠪᠣᠯᠣᠨ᠎ᠠ᠂ ᠠᠭᠤᠷ ᠠᠮᠢᠰᠬᠤᠯᠵᠡᠷᠬᠡᠶᠢᠨ ᠨᠥᠯᠥᠭᠡ᠎ᠡᠴᠡ ᠪᠤᠯᠵᠦ ᠨᠢᠭᠡ ᠦᠶ᠎ᠡ ᠬᠠᠳᠠᠵᠤ ᠰᠢᠷᠭᠢᠬᠦ ᠰᠢᠬᠠᠪᠠ᠃ ᠣᠢᠷ᠎ᠠ᠎ᠶᠢᠨ ᠵᠢᠯ᠎ᠡᠴᠡ ᠨᠠᠭᠠᠰᠢ᠂ ᠲᠤᠬᠠᠢ᠎ᠶᠢᠨ ᠭᠠᠵᠠᠷ᠎ᠤᠨ ᠬᠢᠨ 《ᠵᠤᠷᠢᠭᠤᠲᠠ ᠬᠠᠷᠰᠢᠯᠠᠬᠤ᠎ᠶᠢ ᠪᠠᠭᠠᠰᠬᠠᠵᠤ᠂ ᠠᠶᠠᠨᠳᠠᠭᠠᠨ ᠰᠡᠷᠭᠦᠬᠦ᠎ᠶᠢ ᠠᠬᠢᠭᠤᠯᠬᠤ》 ᠵᠠᠷᠴᠢᠮ ᠶᠣᠰᠣᠭᠠᠷ᠂ ᠤᠰᠤᠨ ᠰᠢᠰᠲᠧᠮ᠎ᠢ ᠵᠠᠰᠠᠵᠤ ᠨᠡᠪᠲᠡᠷᠡᠭᠦᠯᠬᠦ᠂ ᠨᠥᠬᠥᠵᠦ ᠨᠣᠭᠣᠭᠠᠷᠠᠭᠤᠯᠤᠨ ᠵᠠᠰᠠᠨ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠴᠤ᠂ 44 ᠲᠥᠷᠥᠯ ᠵᠦᠢᠯ᠎ᠢ ᠬᠡᠷᠡᠭᠵᠢᠭᠦᠯᠵᠦ᠂ ᠬᠢᠬᠢᠷᠢ᠎ᠶᠢᠨ ᠨᠠᠭᠤᠷ᠎ᠤᠨ ᠵᠠᠰᠠᠯᠳᠠ᠎ᠶᠢᠨ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠃ ᠤᠳᠤᠬᠠᠨ᠎ᠳᠦ᠂ ᠬᠢᠬᠢᠷᠢ᠎ᠶᠢᠨ ᠨᠠᠭᠤᠷ᠎ᠤᠨ ᠤᠰᠤᠨ᠎ᠤ ᠲᠠᠯᠠᠪᠠᠶ ᠠᠭᠠᠵᠢᠮ᠎ᠢᠶᠠᠷ ᠰᠡᠷᠭᠦᠨ ᠦᠷᠬᠡᠵᠢᠵᠦ᠂ ᠨᠡᠭᠦᠳᠡᠯ᠎ᠦᠨ ᠰᠢᠪᠠᠭᠤ ᠵᠡᠷᠭᠡ ᠠᠮᠢᠲᠠᠨ ᠤᠷᠭᠤᠮᠠᠯ᠎ᠤᠨ ᠲᠥᠷᠥᠯ ᠵᠦᠢᠯ ᠴᠦ᠍ ᠦᠷᠭᠦᠯᠵᠢᠯᠡᠨ ᠣᠯᠠᠰᠢᠷᠠᠵᠤ ᠪᠠᠢᠨ᠎ᠠ᠃
ᠶᠡᠷᠦᠩᠬᠡᠢ ᠱᠦᠵᠢ ᠰᠢ ᠵᠢᠨ ᠫᠢᠩ᠄《ᠨᠤᠭᠤ ᠭᠠᠵᠠᠷ᠎ᠢ ᠬᠠᠮᠠᠭᠠᠯᠠᠬᠤ᠎ᠳᠤ ᠬᠠᠮᠤᠭ᠎ᠤᠨ ᠴᠢᠬᠤᠯᠠ ᠨᠢ ᠤᠩᠭᠤᠨ ᠪᠠᠢᠭᠠᠯᠢᠯᠢᠬ ᠠᠮᠢ ᠠᠬᠤᠢ ᠶᠢ ᠪᠠᠳᠤᠯᠠᠬᠤ᠎ᠳᠤ ᠪᠠᠢᠨ᠎ᠠ᠃ ᠪᠠᠢᠭᠠᠯᠢ᠎ᠶᠢ ᠬᠦᠨᠳᠦᠳᠬᠡᠬᠦ᠂ ᠪᠠᠢᠭᠠᠯᠢ᠎ᠲᠠᠢ ᠵᠣᠬᠢᠴᠠᠬᠤ᠂ ᠪᠠᠢᠭᠠᠯᠢ᠎ᠶᠢ ᠬᠠᠮᠠᠭᠠᠯᠠᠬᠤ᠎ᠶᠢ ᠪᠠᠷᠢᠮᠲᠠᠯᠠᠬᠤ ᠬᠡᠷᠡᠭᠲᠡᠢ》᠂ 《ᠮᠠᠭᠤᠳᠠᠭᠰᠠᠨ ᠨᠤᠭᠤ ᠭᠠᠵᠠᠷ᠎ᠤᠨ ᠠᠮᠢ ᠠᠬᠤᠢ᠎ᠶᠢᠨ ᠰᠢᠰᠲᠧᠮ᠎ᠳᠦ᠂ ᠠᠶᠠᠨᠳᠠᠭᠠᠨ ᠰᠡᠷᠭᠦᠬᠦ᠎ᠪᠡᠷ ᠭᠣᠣᠯ ᠪᠣᠯᠭᠠᠬᠤ᠂ ᠬᠥᠮᠥᠨ᠎ᠦ ᠬᠦᠴᠦᠤᠷᠤᠭᠤᠯᠬᠤᠪᠡᠷ ᠬᠠᠪᠰᠤᠷᠤᠮᠵᠢ ᠪᠣᠯᠭᠠᠬᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠰᠡᠷᠭᠦᠭᠡᠬᠦ ᠬᠡᠷᠡᠭᠲᠡᠢ》 ᠭᠡᠵᠤ ᠭᠦᠨᠵᠡᠭᠡᠢ ᠵᠢᠭᠠᠵᠤ ᠭᠠᠷᠭᠠᠪᠠ᠃
ᠤᠯᠠᠭᠠᠨᠰᠤᠬᠠᠢ ᠡᠴᠡ ᠬᠢᠬᠢᠷᠢ᠎ᠶᠢᠨ ᠨᠠᠭᠤᠷ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠠᠮᠢ ᠠᠬᠤᠢ ᠵᠢ ᠢᠮᠠᠭᠳᠠ ᠬᠠᠯᠠᠮᠵᠢᠯᠠᠵᠤ᠂ ᠨᠡᠩ ᠴᠤ᠌ ᠰᠢᠨ᠎ᠡ ᠠᠶᠠᠨ᠎ᠳᠤ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠰᠢᠨ᠎ᠡ ᠪᠠᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠲᠠᠯᠪᠢᠬᠰᠠᠨ ᠪᠠᠢᠨ᠎ᠠ᠃ ᠲᠤᠰ ᠤᠳᠠᠭ᠎ᠠ᠎ᠶᠢᠨ ᠰᠢᠨᠵᠢᠯᠡᠨ ᠪᠠᠢᠴᠠᠭᠠᠯᠲᠠ᠎ᠳᠤ ᠶᠡᠷᠦᠩᠬᠡᠢ ᠱᠦᠵᠢ ᠰᠢ ᠵᠢᠨ ᠫᠢᠩ᠂ 《ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠬᠤ ᠬᠡᠷᠡᠭᠲᠡᠢ》᠂ 《ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ》 ᠭᠡᠵᠦ ᠴᠢᠬᠤᠯᠠᠴᠢᠯᠠᠪᠠ᠃
ᠲᠤᠬᠠᠢ᠎ᠶᠢᠨ ᠭᠠᠵᠠᠷ᠎ᠤᠨ ᠬᠥᠮᠥᠰ ᠰᠤᠷᠪᠤᠯᠵᠢᠯᠠᠭ᠍ᠴᠢ᠎ᠳᠤ ᠬᠡᠯᠡᠬᠦ᠎ᠳᠡᠭᠡᠨ᠂ ᠣᠳᠣᠬᠠᠨ᠎ᠳᠤ ᠬᠢᠬᠢᠷᠢ᠎ᠶᠢᠨ ᠨᠠᠭᠤᠷ᠎ᠤᠨ ᠶᠡᠷᠦᠩᠬᠡᠢᠯᠡᠭᠰᠡᠨ ᠵᠠᠰᠠᠯᠲᠠ ᠵᠥᠪᠬᠡᠨ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠤᠰᠤᠨᠤᠷᠤᠨᠤ ᠲᠠᠯᠠᠪᠠᠶ᠎ᠶᠢ ᠠᠯᠬᠤᠮ ᠠᠯᠬᠤᠮ᠎ᠢᠶᠠᠷ ᠰᠡᠷᠭᠦᠭᠡᠬᠦ ᠴᠢᠬᠤᠯᠠᠲᠠᠢ ᠪᠠᠢᠨ᠎ᠠ᠂ ᠤᠰᠤᠨ᠎ᠤ ᠣᠷᠴᠢᠨ ᠲᠣᠭᠣᠷᠢᠨ᠎ᠢ ᠪᠠᠰᠠ ᠰᠠᠢᠵᠢᠷᠠᠭᠤᠯᠬᠤ ᠴᠢᠬᠤᠯᠠᠲᠠᠢ ᠪᠠᠢᠨ᠎ᠠ᠂ ᠤᠰᠤᠨ᠎ᠤ ᠠᠮᠢ ᠠᠬᠤᠢ᠎ᠶᠢ ᠦᠷᠭᠦᠯᠵᠢᠯᠡᠨ ᠰᠠᠢᠵᠢᠷᠠᠭᠤᠯᠬᠤ ᠴᠢᠬᠤᠯᠠᠲᠠᠢ ᠪᠠᠢᠨ᠎ᠠ᠂ ᠮᠥᠨ ᠬᠦ᠌ ᠤᠷᠳᠤ ᠬᠤᠭᠤᠴᠠᠭ᠎ᠠ ᠪᠡᠷ ᠴᠢᠷᠮᠠᠢᠵᠤ᠂ ᠬᠠᠮᠠᠭᠠᠯᠠᠵᠤ ᠰᠡᠷᠭᠦᠭᠡᠬᠦ᠎ᠶᠢ ᠴᠥᠬᠥᠷᠡᠰᠢ ᠦᠭᠡᠢ ᠴᠢᠩᠭᠠᠳᠬᠠᠵᠤ᠂ ᠡᠨᠡ ᠬᠦ᠌ ᠨᠠᠭᠤᠷ᠎ᠤᠨ ᠠᠮᠢᠵᠢᠷᠠᠯ᠎ᠤᠨ ᠬᠦᠴᠦᠨ᠎ᠢ ᠪᠠᠲᠤᠯᠠᠬᠤ ᠴᠢᠬᠤᠯᠠᠳᠠᠢ ᠭᠡᠪᠡ᠃
ᠣᠳᠣᠬᠠᠨ᠎ᠤ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠴᠤ᠌ ᠡᠢᠮᠦ ᠪᠠᠢᠨ᠎ᠠ᠃ ᠣᠢᠷ᠎ᠠ᠎ᠶᠢᠨ ᠵᠢᠯ᠎ᠡᠴᠡ᠂ ᠪᠢᠳᠡᠨ᠎ᠦ ᠲᠡᠭᠷᠢ ᠨᠡᠩ ᠴᠡᠯᠮᠡᠭ᠂ ᠤᠰᠤ ᠨᠡᠩ ᠲᠤᠩᠭᠠᠯᠠᠭ᠂ ᠠᠭᠤᠯᠠ ᠨᠡᠩ ᠬᠦᠬᠡᠮᠳᠦᠭ ᠪᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠪᠠ᠃ ᠭᠡᠲᠡᠯ᠎ᠡ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠲᠣᠭᠲᠠᠭᠤᠨ᠎ᠤ ᠳᠤᠮᠳᠠ ᠰᠠᠢᠵᠢᠷᠠᠬᠤ ᠰᠠᠭᠤᠷᠢ ᠪᠠᠰᠠ ᠪᠠᠲᠤ ᠪᠡᠬᠢ ᠪᠢᠰᠢ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠵᠢᠨ ᠠᠵᠢᠯ ᠳ᠋ᠤ ᠠᠮᠤᠰᠬᠢᠵᠤ ᠠᠪᠬᠤ᠂ ᠠᠮᠠᠷᠠᠵᠤ ᠠᠪᠬᠤ ᠴᠠᠭ ᠪᠤᠯᠤᠭᠠᠳᠤᠢ᠂ ᠡᠷᠬᠡᠪᠰᠢ ᠲᠡᠰᠪᠦᠷᠢ ᠲᠡᠪᠴᠢᠶᠡᠷᠢ ᠪᠠ ᠲᠣᠭᠲᠠᠯ ᠬᠦᠴᠦᠨ᠎ᠢᠶᠡᠨ ᠪᠠᠲᠤᠯᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠥᠬᠥ ᠲᠠᠯ᠎ᠠ᠎ᠶᠢᠨ ᠰᠠᠢᠵᠢᠷᠡᠯᠳᠡᠵᠢ ᠠᠬᠢᠭᠤᠯᠵᠤ᠂ ᠠᠷᠠᠳ ᠣᠯᠠᠨ᠎ᠳᠤ ᠨᠠᠩ ᠣᠯᠠᠨ ᠴᠢᠨᠠᠷ ᠰᠠᠢᠲᠠᠢ ᠠᠮᠢ ᠠᠬᠤᠢ᠎ᠶᠢᠨ ᠦᠢᠯᠡᠳᠬᠦᠨ ᠬᠠᠩᠭᠠᠬᠤ ᠬᠡᠷᠡᠭᠲᠡᠢ᠃
ᠶᠡᠷᠦᠩᠬᠡᠢ ᠱᠦᠵᠢ ᠰᠢ ᠵᠢᠨ ᠫᠢᠩ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠴᠢᠩᠭᠠᠳᠬᠠᠬᠤ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠵᠢ ᠥᠪᠥᠷ ᠮᠣᠩᠭᠣᠯ᠎ᠳᠤ ᠲᠠᠯᠪᠢᠬᠰᠠᠨ᠎ᠢᠶᠡᠷ ᠪᠠᠷᠠᠬᠤ ᠦᠭᠡᠢ ᠪᠠᠰᠠ ᠪᠦᠬᠦ ᠤᠯᠤᠰ᠎ᠤᠨ ᠡᠯ᠎ᠡ ᠭᠠᠵᠠᠷ᠎ᠲᠤ ᠲᠠᠯᠪᠢᠬᠰᠠᠨ ᠶᠤᠮ᠃
ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠪᠣᠯ ᠨᠢᠭᠡᠨ ᠰᠢᠰᠲᠧᠮᠲᠦ ᠢᠨᠵᠧᠨᠧᠷᠢᠩ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ᠂ ᠡᠷᠬᠡᠪᠰᠢ ᠬᠠᠷᠠᠯᠲᠠ ᠪᠠᠨ ᠪᠠᠳᠤ ᠡᠵᠡᠮᠳᠡᠵᠤ᠂ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ ᠪᠡᠷ ᠴᠢᠷᠮᠠᠢᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠰᠠᠢᠵᠢᠷᠠᠯᠲᠠ ᠲᠣᠭᠠᠨ᠎ᠤ ᠬᠤᠪᠢᠷᠠᠯᠲᠠ ᠡᠴᠡ ᠴᠢᠨᠠᠷ᠎ᠤᠨ ᠬᠤᠪᠢᠷᠠᠯᠲᠠ᠎ᠳᠤ ᠬᠦᠷᠬᠦ᠎ᠶᠢ ᠲᠦᠷᠭᠡᠳᠬᠡᠨ ᠠᠬᠢᠭᠤᠯᠵᠤ᠂ ᠨᠢᠭᠡ ᠨᠢᠭᠡ ᠠᠯᠬᠤᠮ᠎ᠢᠶᠠᠷ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠠᠤᠭ᠎ᠠ ᠵᠢᠷᠤᠭ ᠲᠥᠰᠥᠪ᠎ᠢ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 16 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃