2026-10-17 13:50:36
10 ᠰᠠᠷ᠎ᠠ᠎ᠶᠢᠨ 16᠎ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠵᠤ᠂ ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠳᠡ᠎ᠶᠢᠨ ᠲᠣᠭᠣᠷᠢᠭ᠎ᠲᠤ᠌ ᠬᠦᠷᠴᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠵᠡᠭᠦᠨᠲᠡᠬᠢᠲᠤᠭᠠ ᠪᠠᠷᠢᠮᠳᠠ ᠵᠢ ᠪᠠᠷᠠᠭᠤᠨᠳᠡᠬᠢ ᠪᠤᠳᠤᠯᠲᠠ ᠵᠢᠨ ᠬᠦᠴᠦᠨ᠎ᠢᠶᠡᠷ ᠲᠤᠯᠭᠠᠭᠤᠷᠢᠯᠠᠬᠤ》 ᠢᠨᠵᠧᠨᠧᠷᠢᠩ᠎ᠦᠨ ᠭᠦᠢᠰᠦ ᠵᠠᠩᠭᠢᠯᠠᠭ᠎ᠠ᠎ᠶᠢᠨ ᠴᠡᠭ᠎ᠦᠨ ᠪᠥᠲᠥᠭᠡᠨ ᠪᠠᠶ᠋ᠢᠭᠤᠯᠤᠯᠲᠠ ᠪᠠ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠤᠭᠰᠠᠨ ᠵᠡᠷᠭᠡ ᠪᠠᠶ᠋ᠢᠳᠠᠯ᠎ᠢ ᠣᠶ᠋ᠢᠯᠠᠭᠠᠪᠠ᠃
ᠴᠠᠬᠠᠷ ᠳᠡᠭᠡᠳᠦ ᠰᠢᠨ᠎ᠡ ᠮᠡᠷᠭᠡᠵᠢᠯ᠎ᠦᠨ ᠨᠡᠭᠡᠭᠡᠯᠳᠡ᠎ᠶᠢᠨ ᠲᠣᠭᠣᠷᠢᠭ ᠲᠤ᠌ ᠨᠠᠮᠤᠷ᠎ᠤᠨ ᠰᠠᠷᠢᠬᠦᠨ ᠰᠠᠯᠬᠢ ᠰᠡᠷᠴᠢᠭᠢᠨᠡᠨᠡ᠃ ᠪᠤᠳᠤᠯᠲᠠ᠎ᠶᠢᠨ ᠬᠦᠴᠦᠨ᠎ᠦ ᠲᠥᠪ᠎ᠤᠳ ᠵᠢᠭᠳᠡᠷᠡᠨ ᠰᠦᠨᠳᠡᠷᠯᠡᠵᠤ᠂ ᠲᠠᠯᠠᠢ ᠶᠡᠬᠡ ᠬᠡᠮᠵᠢᠶᠡᠨ᠎ᠦ ᠲᠣᠭ᠎ᠠ ᠪᠠᠷᠢᠮᠲᠠ ᠵᠢ ᠡᠨᠳᠡ ᠴᠤᠭᠯᠠᠷᠠᠭᠤᠯᠤᠨ ᠪᠤᠳᠤᠵᠤ᠂ ᠪᠡᠭᠡᠵᠢᠩ᠎ᠳᠦ ᠰᠢᠭᠤᠳ ᠨᠡᠪᠲᠡᠷᠡᠬᠦ᠌ ᠭᠡᠷᠡᠯᠯᠢᠭ ᠳᠡᠭᠡᠰᠦ ᠪᠡᠷ ᠳᠠᠮᠵᠢᠨ ᠮᠢᠯᠢᠰᠸᠺᠦ᠋ᠨ᠋ᠳ᠋ ᠲᠡᠰ᠎ᠤᠨ ᠲᠣᠭ᠎ᠠ ᠪᠠᠷᠢᠮᠲᠠ᠎ᠶᠢᠨ ᠰᠡᠯᠭᠦᠭᠡ ᠵᠢ ᠶᠠᠪᠤᠭᠳᠠᠭᠤᠯᠵᠤ ᠪᠤᠢ᠃
《ᠵᠡᠭᠦᠨᠲᠡᠬᠢᠲᠤᠭᠠ ᠪᠠᠷᠢᠮᠳᠠ ᠵᠢ ᠪᠠᠷᠠᠭᠤᠨᠳᠡᠬᠢ ᠪᠤᠳᠤᠯᠲᠠ ᠵᠢᠨ ᠬᠦᠴᠦᠨ᠎ᠢᠶᠡᠷ ᠲᠤᠯᠭᠠᠭᠤᠷᠢᠯᠠᠬᠤ》 ᠤᠯᠤᠰ᠎ᠤᠨ ᠪᠤᠳᠤᠯᠲᠠ ᠵᠢᠨ ᠬᠦᠴᠦᠨ᠎ᠤ ᠭᠦᠢᠰᠦ᠎ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ ᠤᠯᠠᠭᠠᠨᠴᠠᠪ ᠬᠣᠲᠠ ᠵᠢᠨ ᠬᠢᠨ ᠪᠣᠬᠢᠷᠲᠤᠯ ᠥᠬᠡᠶ ᠴᠠᠬᠢᠯᠭᠠᠨ᠂ ᠠᠭᠤᠷ ᠠᠮᠢᠰᠬᠤᠯ᠂ ᠣᠷᠣᠨ ᠪᠠᠶ᠋ᠢᠷᠢᠯᠠᠯ ᠵᠡᠷᠭᠡ ᠳᠠᠪᠠᠭᠤᠯᠢᠭ᠎ᠲᠠᠭᠠᠨ ᠰᠠᠭᠤᠷᠢᠯᠠᠵᠤ᠂ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠠᠵᠤ ᠦᠢᠯᠡᠰ᠎ᠢ ᠬᠥᠭᠵᠢᠬᠦᠯᠵᠤ ᠢᠳᠡᠪᠬᠢᠲᠡᠶ ᠦᠷ᠎ᠡ ᠪᠦᠲᠦᠮᠵᠢ ᠤᠯᠪᠠ᠄ ᠨᠢᠭᠡᠨᠲᠡ ᠭᠡᠷ᠎ᠡ ᠲᠣᠭᠲᠠᠭᠰᠠᠨ ᠪᠤᠳᠤᠯᠲᠠ ᠵᠢᠨ ᠬᠦᠴᠦᠨ᠎ᠤ ᠲᠥᠪ᠎ᠦᠨ ᠲᠥᠷᠥᠯ ᠵᠦᠢᠯ 109 ᠪᠠᠶ᠋ᠢᠵᠤ᠂ 2026 ᠣᠨ᠎ᠤ 8 ᠰᠠᠷ᠎ᠠ ᠪᠣᠯᠲᠠᠯ᠎ᠠ ᠪᠤᠳᠤᠯᠲᠠ ᠵᠢᠨ ᠬᠦᠴᠦᠨ᠎ᠤ ᠬᠡᠪᠴᠢᠶ᠎ᠡ ᠨᠢ 19 ᠲᠦᠮᠡᠨ P ᠳ᠋ᠤ ᠬᠦᠷᠴᠦ᠍᠂ ᠡᠭᠦᠨ᠎ᠳᠦ ᠤᠶᠤᠨᠲᠤ᠌ ᠪᠤᠳᠤᠯᠲᠠ ᠵᠢᠨ ᠬᠦᠴᠦᠨ᠎ᠤ ᠡᠵᠡᠯᠡᠬᠦ᠌ ᠬᠠᠷᠢᠴᠠᠯ ᠨᠢ 90% ᠵᠢ ᠳᠠᠪᠠᠵᠠᠶ᠃
ᠨᠢᠭᠡᠨ ᠡᠬᠢ ᠪᠠᠶᠠᠯᠢᠭ᠎ᠤᠨ ᠬᠡᠯᠪᠡᠷᠢ᠎ᠶᠢᠨ ᠬᠤᠳᠠ᠎ᠨᠢ ᠪᠤᠳᠤᠯᠲᠠ ᠵᠢᠨ ᠬᠦᠴᠦᠨ᠎ᠤ ᠴᠢᠬᠤᠯᠠ ᠬᠤᠳᠠ ᠪᠣᠯᠵᠤ ᠬᠡᠯᠪᠡᠷᠢ᠎ᠪᠡᠨ ᠬᠤᠪᠢᠷᠠᠭᠤᠯᠤᠭᠰᠠᠨ ᠶᠠᠪᠤᠳᠠᠯ ᠨᠢ ᠶᠠᠭ ᠰᠠᠢᠬᠠᠨ 《ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠤᠬᠰᠠᠨ》 ᠠᠰᠢᠭᠲᠠᠢ ᠰᠦᠪᠡᠭᠴᠢᠯᠡᠯᠳᠡ ᠪᠣᠯᠤᠨ᠎ᠠ᠃
ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠍᠂ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠎ᠲᠤᠬᠠᠢ ᠶᠡᠷᠦᠩᠬᠡᠢ ᠱᠦᠵᠢ ᠰᠢ ᠵᠢᠨ ᠫᠢᠩ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠬᠤ᠎ᠶᠢ ᠣᠯᠠᠨᠲᠠ ᠴᠢᠬᠤᠯᠠᠴᠢᠯᠠᠪᠠ᠃
ᠥᠪᠥᠷ ᠮᠣᠩᠭᠣᠯ᠎ᠳᠤ ᠰᠠᠯᠬᠢᠨ ᠬᠦᠴᠦᠨ ᠭᠡᠷᠡᠯᠴᠢ ᠴᠡᠨᠡᠭ᠂ ᠨᠡᠭᠦᠷᠡᠰᠦ᠂ ᠴᠠᠬᠢᠯᠭᠠᠨ ᠲᠤᠤᠷ᠎ᠤᠨ ᠡᠯᠪᠡᠭ ᠡᠬᠢ ᠪᠠᠶᠠᠯᠢᠭ᠎ᠲᠠᠶ᠃ ᠥᠪᠥᠷ ᠮᠣᠩᠭᠣᠯ᠎ᠤᠨ ᠬᠢᠨ ᠡᠨᠡ ᠬᠥ᠌ ᠥᠪᠡᠷᠮᠢᠴᠡ ᠳᠠᠪᠠᠭᠤᠯᠢᠭ᠎ᠢᠶᠠᠨ ᠬᠡᠷᠬᠢᠨ ᠪᠠᠳᠠᠷᠠᠭᠤᠯᠵᠤ᠂ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ ᠪᠣᠯᠤᠨ ᠲᠦᠪᠰᠢᠨ᠎ᠢ ᠳᠡᠭᠡᠭᠰᠢᠯᠡᠭᠦᠯᠬᠦ᠌ ᠲᠤᠬᠠᠢ ᠶᠡᠷᠦᠩᠬᠡᠢ ᠱᠦᠵᠢ ᠰᠢ ᠵᠢᠨ ᠫᠢᠩ ᠲᠤᠶ᠋ᠢᠯ᠎ᠢᠶᠠᠷ ᠬᠠᠯᠠᠮᠵᠢᠯᠠᠵᠤ᠂ ᠤᠯᠠᠨ ᠤᠳᠠᠭ᠎ᠠ ᠵᠢᠭᠠᠨ ᠵᠢᠯᠣᠭᠣᠳᠪᠠ᠃
2014 ᠣᠨ᠎ᠤ 1 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠢᠷᠡᠵᠦ ᠪᠠᠶ᠋ᠢᠴᠠᠭᠠᠨ ᠰᠤᠳᠤᠯᠤᠯᠲᠠ ᠬᠢᠬᠦ᠌᠎ᠳᠡᠭᠡᠨ 《ᠠᠵᠢᠯ ᠦᠢᠯᠡᠰ᠎ᠢᠶᠡᠨ ᠲᠥᠯᠥᠪᠵᠢᠭᠦᠯᠵᠦ᠂ ᠬᠥᠭᠵᠢᠯᠲᠡ᠎ᠶᠢ ᠡᠷᠢᠯᠬᠢᠯᠡᠬᠦ᠌᠎ᠳᠦ ᠲᠤᠬᠠᠢ᠎ᠶᠢᠨ ᠭᠠᠵᠠᠷ ᠣᠷᠣᠨ᠎ᠡᠴᠡ᠎ᠪᠠᠨ ᠦᠰᠦᠷᠦᠨ ᠭᠠᠷᠴᠤ᠌᠂ ᠪᠠᠶ᠋ᠢᠭᠠᠯᠢ᠎ᠶᠢᠨ ᠨᠥᠬᠥᠴᠡᠯ᠎ᠦᠨ ᠬᠢᠵᠠᠭᠠᠷᠯᠠᠯ᠎ᠡᠴᠡ ᠦᠰᠦᠷᠦᠨ ᠭᠠᠷᠴᠤ᠌᠂ ᠥᠪᠥᠷ ᠮᠣᠩᠭᠣᠯ᠎ᠡᠴᠡ᠎ᠪᠠᠨ ᠦᠰᠦᠷᠦᠨ ᠭᠠᠷᠴᠤ᠌᠂ ᠥᠷᠭᠡᠨ ᠳᠡᠯᠭᠡᠷ ᠳᠡᠯᠡᠬᠡᠢ᠎ᠶᠢᠨ ᠬᠠᠷᠠᠴᠠ᠎ᠲᠠᠶ᠂ ᠶᠡᠬᠡ ᠲᠠᠯ᠎ᠠ᠎ᠶᠢᠨ ᠤᠬᠠᠮᠰᠠᠷ᠎ᠲᠠᠶ ᠪᠠᠶ᠋ᠢᠬᠤ ᠬᠡᠷᠡᠭᠲᠡᠢ》 ᠭᠡᠵᠦ᠍ ᠳᠤᠷᠠᠳᠴᠠᠢ᠃
2021 ᠣᠨ ᠤ ᠪᠦᠬᠦ ᠤᠯᠤᠰ ᠤᠨ ᠬᠣᠶᠠᠷ ᠬᠤᠷᠠᠯ ᠤᠨ ᠬᠤᠭᠤᠴᠠᠭᠠᠨ ᠳᠤ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠵᠤ᠂ ᠥᠪᠥᠷ ᠮᠣᠩᠭᠣᠯ᠎ᠨᠢ ᠪᠦᠬᠦ ᠤᠯᠤᠰ᠎ᠤᠨ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠪᠠᠢᠭᠤᠯᠬᠤ ᠳᠤᠮᠳᠠᠬᠢ ᠪᠠᠢᠷᠢ ᠲᠣᠭᠲᠠᠭᠠᠯᠲᠠ ᠪᠠᠨ ᠣᠨᠣᠪᠴᠢᠲᠠᠢ ᠡᠷᠢᠵᠦ᠂ ᠥᠪᠡᠷ᠎ᠦᠨ ᠳᠠᠪᠠᠭᠤᠯᠢᠭ᠋ ᠬᠦᠷᠢᠶ᠎ᠡ ᠴᠠᠷᠠᠭ᠎ᠠ ᠪᠣᠯᠣᠨ ᠳᠤᠲᠠᠭᠤᠳᠠᠯ᠎ᠢᠶᠠᠨ ᠭᠦᠨᠵᠡᠭᠡᠢ ᠵᠠᠳᠠᠯᠵᠤ᠂ 《ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠣᠨ ᠲᠡᠷᠢᠭᠦᠨ᠎ᠦ ᠦᠢᠯᠡᠳᠬᠦ ᠦᠢᠯᠡᠰ᠎ᠢ ᠬᠥᠭᠵᠢᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃
2023 ᠣᠨ᠎ᠤ 6 ᠰᠠᠷ᠎ᠠ᠎ᠳᠤ ᠬᠥᠬᠡᠬᠣᠲᠠ᠎ᠶᠢᠨ ᠵᠦᠩ ᠬᠤᠸᠠᠨ ᠠᠵᠤ ᠦᠢᠯᠡᠰ᠎ᠦᠨ ᠬᠦᠷᠢᠶᠡᠯᠡᠩ᠎ᠳᠦ ᠰᠢᠨᠵᠢᠯᠡᠨ ᠪᠠᠢᠴᠠᠭᠠᠬᠤ᠎ᠳᠠᠭᠠᠨ᠂ ᠶᠡᠷᠦᠩᠬᠡᠢ ᠱᠦᠵᠢ 《ᠤᠯᠠᠮᠵᠢᠯᠠᠯᠲᠤ ᠡᠨᠧᠷᠭᠢ᠎ᠶᠢᠨ ᠠᠵᠤ ᠦᠢᠯᠡᠰ᠎ᠦᠨ ᠬᠡᠯᠪᠡᠷᠢ ᠪᠡᠨ ᠬᠤᠪᠢᠷᠠᠭᠤᠯᠤᠨ ᠲᠡᠰ ᠳᠡᠪᠰᠢᠭᠦᠯᠬᠦ᠎ᠶᠢ ᠠᠬᠢᠭᠤᠯᠵᠤ᠂ ᠪᠣᠬᠢᠷᠲᠤᠯ ᠦᠭᠡᠢ ᠡᠨᠧᠷᠭᠢ᠎ᠶᠢ ᠶᠡᠬᠡ ᠪᠡᠷ ᠬᠥᠭᠵᠢᠭᠦᠯᠵᠦ᠂ ᠤᠯᠤᠰ᠎ᠤᠨ ᠴᠢᠬᠤᠯᠠ ᠡᠨᠧᠷᠭᠢ᠎ᠶᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭᠵᠢᠭᠦᠯᠬᠦ ᠪᠣᠯ ᠥᠪᠥᠷ ᠮᠣᠩᠭᠣᠯ᠎ᠤᠨ ᠬᠥᠭᠵᠢᠯᠲᠡ᠎ᠶᠢᠨ ᠭᠣᠣᠯᠳᠠᠯᠭ᠎ᠠ᠎ᠶᠢᠨ ᠭᠣᠣᠯᠳᠠᠯᠭ᠎ᠠ ᠪᠣᠯᠣᠨ᠎ᠠ》 ᠭᠡᠵᠦ ᠴᠢᠬᠤᠯᠠᠴᠢᠯᠠᠪᠠ᠃
ᠡᠨᠡ ᠤᠳᠠᠭ᠎ᠠ᠎ᠶᠢᠨ ᠰᠢᠨᠵᠢᠯᠡᠨ ᠪᠠᠢᠴᠠᠭᠠᠯᠲᠠ᠎ᠳᠤ᠂ ᠶᠡᠷᠦᠩᠬᠡᠢ ᠱᠦᠵᠢ ᠰᠢ ᠵᠢᠨ ᠫᠢᠩ᠂ ᠠᠵᠤ ᠦᠢᠯᠡᠰ᠎ᠦᠨ ᠬᠡᠯᠬᠢᠶ᠎ᠡ᠎ᠶᠢ ᠢᠳᠡᠪᠬᠢᠲᠡᠢ ᠤᠷᠲᠤᠳᠬᠠᠵᠤ᠂《ᠪᠤᠳᠤᠯᠲᠠ᠎ᠶᠢᠨ ᠬᠦᠴᠦᠨ᠎ᠦ ᠳᠠᠪᠠᠭᠤᠯᠢᠭ᠋᠎ᠢ ᠲᠠᠰᠤᠷᠠᠯᠲᠠ ᠦᠭᠡᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠤᠯᠠᠷᠢᠭᠤᠯᠬᠤ ᠬᠡᠷᠡᠭᠲᠡᠢ》 ᠭᠡᠵᠦ ᠤᠯᠠᠮ ᠨᠢᠭᠡ ᠠᠯᠬᠤᠮ ᠵᠢᠭᠠᠵᠤ ᠭᠠᠷᠭᠠᠭᠰᠠᠨ ᠪᠥᠭᠡᠳ ᠤᠯᠠᠨ᠎ᠢ 《ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠠᠬᠢᠭᠤᠯᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠦᠭᠡᠷᠡᠢ》 ᠭᠡᠵᠦ ᠵᠣᠷᠢᠭ᠍ᠵᠢᠭᠤᠯᠪᠠ᠃
ᠡᠨᠧᠷᠭᠢ᠎ᠡᠴᠡ ᠪᠤᠳᠤᠯᠲᠠ᠎ᠶᠢᠨ ᠬᠦᠴᠦᠨ ᠬᠦᠷᠲᠡᠯ᠎ᠡ᠂ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠬᠤ᠎ᠡᠴᠡ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠤ ᠰᠠᠭᠤᠷᠢ ᠵᠢ ᠲᠠᠯᠪᠢᠬᠤ ᠬᠦᠷᠳᠡᠯ᠎ᠡ᠂ ᠱᠠᠲᠤ ᠱᠠᠲᠤ᠎ᠪᠠᠷ ᠠᠬᠢᠭᠤᠯᠵᠤ᠂ ᠠᠯᠬᠤᠮ ᠠᠯᠬᠤᠮ᠎ᠢᠶᠠᠷ ᠭᠦᠨᠵᠡᠭᠡᠢᠷᠡᠬᠥᠯᠵᠤ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠳᠤ ᠰᠢᠨ᠎ᠠ ᠲᠡᠢᠰᠢ ᠠᠬᠢᠭᠤᠯᠬᠤ ᠬᠦᠰᠡᠯ ᠡᠷᠡᠮᠡᠯᠵᠡᠯ ᠪᠠ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠬᠤ ᠵᠢᠯᠣᠭᠣᠳᠤᠯᠭ᠎ᠠ ᠠᠭᠤᠯᠤᠭᠳᠠᠵᠤ ᠪᠠᠢᠨ᠎ᠠ᠃
ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠎ᠳᠤ ᠲᠤᠰ ᠪᠡᠶ᠎ᠡ᠎ᠶᠢᠨ ᠳᠠᠪᠠᠭᠤᠯᠢᠭ᠋᠎ᠢᠶᠠᠨ ᠪᠠᠳᠠᠷᠠᠭᠤᠯᠬᠤ ᠮᠦᠷᠳᠡᠬᠡᠨ ᠪᠠᠰᠠ ᠥᠪᠡᠷᠮᠢᠴᠡ ᠳᠠᠪᠠᠭᠤᠯᠢᠭ᠋᠎ᠢᠶᠠᠨ ᠪᠠᠳᠠᠷᠠᠭᠤᠯᠬᠤ ᠬᠡᠷᠡᠭᠲᠡᠢ; ᠪᠠᠰᠠ ᠪᠦᠬᠦ ᠲᠠᠯ᠎ᠠ᠎ᠶᠢ ᠪᠣᠳᠣᠯᠬᠢᠯᠠᠵᠤ᠂ ᠪᠦᠬᠦᠯᠢ ᠴᠣᠭᠴᠠ᠎ᠶᠢᠨ ᠬᠥᠭᠵᠢᠯᠲᠡ᠎ᠶᠢᠨ ᠬᠡᠷᠡᠭᠴᠡᠭᠡ᠎ᠳᠦ ᠨᠡᠢᠴᠡᠭᠦᠯᠬᠦ ᠬᠡᠷᠡᠭᠲᠡᠢ᠃
ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠴᠢᠬᠤᠯᠠ ᠬᠥᠳᠡᠯᠭᠡᠭᠦᠷ ᠪᠣᠯᠤᠭᠰᠠᠨ᠎ᠤ ᠬᠤᠪᠢ᠎ᠳᠤ ᠵᠣᠬᠢᠶᠠᠮᠠᠯ ᠤᠶᠤᠨ ᠴᠢᠳᠠᠪᠤᠷᠢ ᠲᠦᠷᠭᠡᠨ ᠬᠥᠭᠵᠢᠵᠦ᠂ ᠪᠤᠳᠤᠯᠲᠠ᠎ᠶᠢᠨ ᠬᠦᠴᠦᠨ᠎ᠦ ᠠᠵᠤ ᠦᠢᠯᠡᠰ᠎ᠦᠨ ᠥᠷᠨᠢᠭᠦᠨ ᠬᠥᠭᠵᠢᠯᠲᠡ᠎ᠶᠢ ᠲᠠᠢ᠍ᠢᠴᠢᠯᠠᠪᠠ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ᠎ᠳᠦ 《ᠪᠤᠳᠤᠯᠲᠠ᠎ᠶᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ》 ᠵᠢ ᠠᠩᠬ᠎ᠠ ᠤᠳᠠᠭ᠎ᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠪᠢᠴᠢᠵᠦ ᠣᠷᠣᠭᠤᠯᠪᠠ᠃ ᠡᠨᠡ ᠵᠢᠯ᠎ᠦᠨ 4 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠡᠷᠭᠢᠯᠡᠨ ᠬᠤᠷᠠᠯᠳᠤᠭᠤᠯᠤᠭᠰᠠᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶᠠᠨ᠎ᠤ ᠬᠤᠷᠠᠯ᠎ᠡᠴᠡ ᠪᠠᠢᠷᠢᠯᠠᠭᠤᠯᠤᠯᠲᠠ ᠬᠢᠵᠦ᠂ ᠪᠤᠳᠤᠯᠲᠠ᠎ᠶᠢᠨ ᠬᠦᠴᠦᠨ᠎ᠦ ᠲᠣᠣᠷ᠂ ᠰᠢᠨ᠎ᠡ ᠬᠡᠯᠪᠡᠷᠢ᠎ᠶᠢᠨ ᠴᠠᠬᠢᠯᠭᠠᠨ ᠲᠣᠣᠷ᠎ᠢ ᠪᠠᠭᠲᠠᠭᠠᠭᠰᠠᠨ 《ᠵᠢᠷᠭᠤᠭᠠᠨ ᠲᠣᠣᠷ》᠎ᠢ᠋ ᠲᠥᠯᠦᠪᠵᠢᠭᠦᠯᠦᠨ ᠪᠦᠲᠦᠭᠡᠨ ᠪᠠᠢᠭᠤᠯᠬᠤ᠎ᠶᠢ ᠴᠢᠩᠭᠠᠳᠬᠠᠪᠠ᠃
《ᠪᠤᠳᠤᠯᠲᠠ᠎ᠵᠢᠨ ᠬᠦᠴᠦᠨ᠎ᠦ ᠠᠵᠤ ᠦᠢᠯᠡᠰ ᠶᠠᠭ ᠲᠦᠷᠭᠡᠨ ᠬᠥᠭᠵᠢᠬᠦ ᠱᠠᠲᠤᠨ᠎ᠳᠤ ᠣᠷᠣᠰᠢᠵᠤ᠂ ᠬᠦᠭᠵᠢᠯᠳᠠ ᠵᠢᠨ ᠢᠷᠡᠭᠡᠳᠦᠢ ᠭᠡᠭᠡᠨ ᠰᠠᠷᠠᠭᠤᠯ》᠃ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠡᠬᠡ ᠮᠠᠭᠠᠳᠯᠠᠯᠲᠠ ᠬᠢᠪᠡ᠃
ᠬᠥᠭᠵᠢᠯᠲᠡ᠎ᠶᠢᠨ ᠬᠠᠯᠠᠭᠤᠨ ᠤᠷᠤᠰᠬᠠᠯ᠎ᠤᠨ ᠡᠮᠦᠨ᠎ᠡ ᠥᠪᠥᠷ ᠮᠣᠩᠭᠣᠯ᠎ᠢᠶᠠᠷ ᠲᠥᠯᠥᠭᠡᠯᠡᠭᠦᠯᠦᠭᠰᠡᠨ ᠡᠯ᠎ᠡ ᠭᠠᠵᠠᠷ᠎ᠤᠨ ᠬᠢᠨ ᠨᠡᠩ ᠴᠤ᠌ ᠬᠠᠷᠢᠴᠠᠭᠤᠯᠤᠭᠰᠠᠨ ᠳᠠᠪᠠᠭᠤᠯᠢᠭ᠋᠎ᠲᠠᠭᠠᠨ ᠰᠠᠭᠤᠷᠢᠯᠠᠨ ᠰᠢᠨᠵᠢᠯᠡᠬᠦ ᠤᠬᠠᠭᠠᠨᠴᠢ᠎ᠪᠠᠷ ᠲᠥᠯᠥᠪᠵᠢᠭᠦᠯᠵᠦ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠣᠳᠣᠯᠲᠠ᠎ᠵᠢᠨ ᠬᠦᠴᠦᠨ᠎ᠤ ᠲᠣᠣᠷ᠎ᠲᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠵᠦᠷᠢᠶᠡᠴᠢᠯᠡᠭᠦᠯᠦᠨ ᠬᠥᠭᠵᠢᠭᠦᠯᠬᠥ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠎ᠶᠢ ᠪᠠᠷᠢᠮᠲᠠᠯᠠᠬᠤ ᠬᠡᠷᠡᠭᠲᠡᠢ᠂ ᠡᠨᠡ ᠨᠢ ᠮᠥᠨ ᠴᠦ᠍ ᠬᠡᠬᠦᠳᠡᠭ ᠴᠡᠭᠡᠵᠢᠨ᠎ᠳᠡᠭᠡᠨ ᠪᠦᠬᠦ ᠲᠠᠯ᠎ᠠ᠎ᠶᠢ ᠪᠠᠭᠲᠠᠭᠠᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ ᠳᠣᠲᠣᠭᠠᠳᠤ ᠱᠠᠭᠠᠷᠳᠠᠯᠭ᠎ᠠ ᠪᠣᠯᠣᠨ᠎ᠠ᠃
ᠡᠨᠡ ᠤᠳᠠᠭ᠎ᠠ᠎ᠶᠢᠨ ᠰᠢᠨᠵᠢᠯᠡᠨ ᠪᠠᠢᠴᠠᠭᠠᠬᠤ ᠬᠤᠭᠤᠴᠠᠭᠠᠨ᠎ᠳᠤ ᠶᠡᠷᠦᠩᠬᠡᠢ ᠱᠦᠵᠢ ᠰᠢ ᠵᠢᠨ ᠫᠢᠩ᠂ 《ᠵᠡᠭᠦᠨᠳᠡᠬᠢ ᠲᠤᠭ᠎ᠠ ᠪᠠᠷᠢᠮᠲᠠ᠎ᠵᠢ ᠪᠠᠷᠠᠭᠤᠨᠳᠠᠬᠢ ᠪᠤᠳᠤᠯᠲᠠ᠎ᠵᠢᠨ ᠬᠦᠴᠦᠨ᠎ᠵᠢᠡᠷ ᠲᠤᠯᠭᠠᠭᠤᠷᠢᠯᠠᠬᠤ》 ᠢᠨᠵᠧᠨᠧᠷᠢᠩ᠎ᠢ ᠬᠡᠷᠡᠭᠵᠢᠭᠦᠯᠵᠦ᠂ ᠪᠦᠬᠦ ᠤᠯᠤᠰ᠎ᠤᠨ ᠨᠢᠭᠡ ᠴᠣᠭᠴᠠᠵᠢᠭ᠍ᠰᠠᠨ ᠪᠤᠳᠤᠯᠲᠠ᠎ᠵᠢᠨ ᠬᠦᠴᠦᠨ᠎ᠦ ᠲᠣᠣᠷ᠎ᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠴᠢᠬᠤᠯᠠ ᠪᠠᠢᠷᠢᠯᠠᠭᠤᠯᠤᠯᠲᠠ ᠪᠣᠯᠣᠨ᠎ᠠ ᠭᠡᠵᠦ ᠵᠢᠭᠠᠵᠤ ᠭᠠᠷᠭᠠᠪᠠ᠃ ᠪᠤᠳᠤᠯᠲᠠ᠎ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠵᠢᠨ ᠲᠤᠬᠠᠢ᠂ 《ᠥᠨᠳᠥᠷ ᠪᠦᠲᠦᠮᠵᠢᠲᠡᠶ᠂ ᠪᠣᠬᠢᠷᠲᠤᠯ ᠦᠭᠡᠢ᠂ ᠠᠮᠤᠷ ᠲᠦᠪᠰᠢᠨ᠎ᠦ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 〈 ᠪᠤᠳᠤᠯᠲᠠ᠎ᠵᠢᠨ ᠬᠦᠴᠦᠨ ᠪᠤᠯᠤᠨ ᠴᠠᠬᠢᠯᠭᠠᠨ ᠬᠦᠴᠦᠨ᠎ᠤ ᠬᠠᠮᠵᠢᠯᠴᠠᠭ᠎ᠠ〉᠂ 〈ᠪᠤᠳᠤᠯᠲᠠ᠎ᠵᠢᠨ ᠬᠦᠴᠦᠨ ᠪᠤᠯᠤᠨ ᠤᠰᠤᠨ᠎ᠤ ᠡᠬᠢ ᠪᠠᠶᠠᠯᠢᠭ᠎ᠤᠨ ᠬᠠᠮᠵᠢᠯᠴᠠᠭ᠎ᠠ〉 ᠵᠢ ᠴᠢᠬᠤᠯᠠᠴᠢᠯᠠᠬᠤ ᠬᠡᠷᠡᠭᠲᠡᠢ》 ᠭᠡᠵᠦ ᠲᠣᠳᠣᠷᠬᠠᠢᠯᠠᠪᠠ᠃
ᠥᠨᠳᠥᠷ ᠪᠦᠲᠦᠮᠵᠢᠲᠡᠶ ᠭᠡᠳᠡᠭ ᠨᠢ ᠡᠷᠴᠢᠮᠵᠢᠭᠦᠯᠦᠨ ᠲᠣᠬᠢᠷᠠᠭᠤᠯᠵᠤ᠂ ᠪᠤᠳᠤᠯᠲᠠ᠎ᠵᠢᠨ ᠬᠦᠴᠦᠨ᠎ᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢ ᠬᠠᠷᠠᠭᠤᠯᠵᠤ ᠪᠤᠢ; ᠪᠣᠬᠢᠷᠲᠤᠯ ᠦᠭᠡᠢ ᠭᠡᠳᠡᠭ ᠨᠢ ᠪᠤᠬᠢᠷᠲᠦᠯ ᠦᠭᠡᠢ ᠴᠠᠬᠢᠯᠭᠠᠨ᠎ᠤ ᠬᠠᠩᠭᠠᠯᠭ᠎ᠠ᠎ᠳᠤ ᠲᠦᠰᠢᠭᠯᠡᠵᠦ᠂ ᠪᠤᠳᠤᠯᠲᠠ᠎ᠵᠢᠨ ᠬᠦᠴᠦᠨ᠎ᠤ ᠨᠡᠭᠦᠷᠡᠰᠦᠲᠥ᠋ᠷᠥᠭᠴᠢ ᠪᠠᠭ᠎ᠠ ᠭᠠᠲᠠᠬᠰᠢᠯᠠᠭᠤᠯᠬᠤ᠎ᠶᠢ ᠠᠬᠢᠭᠤᠯᠬᠤ᠎ᠶᠢ ᠬᠡᠯᠡᠵᠦ ᠪᠤᠢ; ᠠᠮᠤᠷ ᠲᠦᠪᠰᠢᠨ ᠭᠡᠳᠡᠭ ᠨᠢ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠵᠤ᠂ ᠪᠤᠳᠤᠯᠲᠠ᠎ᠵᠢᠨ ᠬᠦᠴᠦᠨ ᠨᠠᠢᠳᠠᠪᠤᠷᠢᠲᠠᠢ ᠪᠠᠢᠬᠤ᠎ᠵᠢ ᠪᠠᠲᠤᠯᠠᠬᠤ᠎ᠶᠢ ᠬᠠᠷᠠᠭᠤᠯᠵᠤ ᠪᠤᠢ᠃ ᠪᠤᠳᠤᠯᠲᠠ᠎ᠵᠢᠨ ᠬᠦᠴᠦᠨ ᠬᠢᠭᠡᠳ ᠴᠠᠬᠢᠯᠭᠠᠨ ᠬᠦᠴᠦᠨ᠂ ᠪᠤᠳᠤᠯᠲᠠ᠎ᠵᠢᠨ ᠬᠦᠴᠦᠨ ᠬᠢᠭᠡᠳ ᠤᠰᠤᠨ᠎ᠤ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠬᠤᠯᠪᠤᠭᠠᠯᠠᠨ ᠬᠥᠳᠡᠯᠦᠯᠴᠡᠬᠦ᠎ᠶᠢ ᠰᠠᠢᠲᠤᠷ ᠬᠢᠵᠦ᠂ ᠶᠡᠷᠦᠩᠬᠡᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠰᠡᠳᠬᠢᠮᠵᠢ᠎ᠶᠢᠨ ᠤᠳᠤᠷᠢᠳᠤᠮᠵᠢ᠎ᠶᠢ ᠢᠯᠡᠷᠡᠭᠦᠯᠬᠦ ᠨᠢ ᠨᠠᠩ ᠴᠤ᠌ ᠰᠢᠰᠲᠧᠮ᠎ᠦᠨ ᠦᠵᠡᠯᠲᠡ᠎ᠶᠢᠨ ᠠᠮᠢᠳᠤᠯᠢᠭ᠋ ᠢᠯᠡᠷᠡᠯ ᠪᠣᠯᠣᠨ᠎ᠠ᠃
ᠮᠠᠨ᠎ᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠵᠡᠭᠦᠨ ᠪᠠᠷᠠᠭᠤᠨ ᠡᠮᠦᠨ᠎ᠡ ᠤᠮᠠᠷ᠎ᠠ ᠳᠤᠮᠳᠠ ᠬᠡᠰᠡᠭ᠎ᠤᠨ ᠭᠠᠵᠠᠷ ᠤᠷᠤᠨ᠎ᠤ ᠡᠬᠢ ᠪᠠᠶᠠᠯᠢᠭ᠋᠎ᠤᠨ ᠵᠥᠷᠢᠶ᠎ᠡ ᠢᠯᠡᠷᠬᠡᠢ᠃ ᠣᠳᠣᠬᠠᠨ᠎ᠳᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠡᠯ᠎ᠡ ᠵᠦᠢᠯ᠎ᠦᠨ ᠱᠠᠲᠤ ᠦᠶᠡᠴᠢ ᠴᠢᠨᠠᠷᠲᠠᠢ ᠪᠠᠢᠷᠢᠯᠠᠭᠤᠯᠤᠯᠲᠠ᠎ᠶᠢ ᠠᠯᠬᠤᠮ ᠠᠯᠬᠤᠮ᠎ᠢᠶᠠᠷ ᠠᠬᠢᠭᠤᠯᠵᠤ᠂ ᠣᠷᠣᠨ ᠨᠤᠲᠤᠭ᠎ᠤᠨ ᠲᠠᠷᠠᠭᠠᠴᠢ᠎ᠶᠢᠨ ᠠᠯᠬᠤᠮ᠎ᠤᠨ ᠠᠵᠢᠯ᠎ᠢᠶᠠᠨ ᠲᠥᠯᠥᠪᠵᠢᠭᠦᠯᠦᠨ ᠠᠬᠢᠭᠤᠯᠬᠤ᠎ᠳᠤ ᠨᠠᠩ ᠲᠤᠯᠭᠠᠮ ᠱᠠᠭᠠᠷᠳᠠᠯᠭ᠎ᠠ ᠳᠤᠷᠠᠳᠤᠭᠰᠠᠨ ᠪᠠᠢᠨ᠎ᠠ᠃
ᠶᠠᠭ ᠶᠡᠷᠦᠩᠬᠡᠢ ᠱᠦᠵᠢ ᠰᠢ ᠵᠢᠨ ᠫᠢᠩ᠎ᠦᠨ 《ᠴᠠᠭ ᠦᠶ᠎ᠡ᠎ᠶᠢᠨ ᠤᠷᠤᠰᠬᠠᠯ᠎ᠢ ᠴᠢᠩᠭ᠎ᠠ ᠳᠠᠭᠠᠵᠤ᠂ ᠬᠥᠭᠵᠢᠯᠲᠡ᠎ᠶᠢᠨ ᠠᠵᠠ ᠲᠣᠬᠢᠶᠠᠯ᠎ᠢ ᠠᠮᠵᠢᠨ᠂ ᠲᠤᠰ ᠪᠡᠶ᠎ᠡ᠎ᠶᠢᠨ ᠨᠥᠬᠥᠴᠡᠯ᠎ᠳᠡᠭᠡᠨ ᠰᠠᠭᠤᠷᠢᠯᠠᠨ᠂ ᠬᠠᠷᠢᠴᠠᠭᠤᠯᠤᠭᠰᠠᠨ ᠳᠠᠪᠠᠭᠤᠯᠢᠭ᠋᠎ᠢᠶᠠᠨ ᠪᠠᠳᠠᠷᠠᠭᠤᠯᠬᠤ ᠬᠡᠷᠡᠭᠲᠡᠢ》 ᠭᠡᠵᠦ ᠴᠢᠬᠤᠯᠠᠴᠢᠯᠠᠭᠰᠠᠨ ᠰᠢᠭ᠋᠎ᠢᠶᠡᠷ᠂ ᠡᠯ᠎ᠡ ᠭᠠᠵᠠᠷ᠎ᠤᠨ ᠬᠢᠨ ᠨᠠᠮ᠎ᠤᠨ ᠲᠥᠪ ᠬᠤᠷᠢᠶ᠎ᠠ ᠵᠢᠨ ᠪᠠᠢᠯᠳᠤᠬᠤ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ ᠪᠣᠯᠣᠨ ᠲᠥᠯᠦᠪᠵᠢᠭᠦᠯᠭᠡ ᠪᠠᠢᠷᠢᠯᠠᠭᠤᠯᠤᠯᠲᠠ ᠶᠣᠰᠣᠭᠠᠷ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠡᠯᠪᠡᠷᠢ᠎ᠪᠡᠨ ᠬᠤᠪᠢᠷᠠᠭᠤᠯᠬᠤ ᠠᠷᠭ᠎ᠠ ᠵᠠᠮ᠎ᠢ ᠰᠦᠪᠡᠭᠴᠢᠯᠡᠵᠦ᠂ ᠣᠨᠴᠠᠯᠢᠭᠲᠦ ᠳᠠᠪᠠᠭᠤᠯᠢᠭ᠋᠎ᠢ ᠪᠣᠢᠵᠢᠭᠤᠯᠤᠨ᠂ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡᠯ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠦᠢᠯᠡᠰ᠎ᠦᠨ ᠲᠣᠭᠲᠠᠭᠤᠨ᠎ᠢᠶᠠᠷ ᠤᠷᠤᠭᠰᠢᠯᠠᠬᠤ᠎ᠶᠢ ᠬᠠᠮᠲᠤ᠎ᠪᠠᠷ ᠠᠬᠢᠭᠤᠯᠬᠤ ᠨᠢ ᠯᠠᠪᠲᠠᠢ ᠶᠤᠮ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 16᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃