ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-10-17 14:31:27

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠶᠡᠷᠦᠩᠬᠡᠢ ᠱᠦᠵᠢ ᠰᠢ ᠵᠢᠨ ᠫᠢᠩ ᠤ᠋ᠨ ᠬᠢᠬᠢᠷᠢ ᠵᠢᠨ ᠨᠠᠭᠤᠷ᠎ᠤᠨ ᠪᠠᠢᠭᠠᠯᠢ ᠵᠢᠨ ᠬᠠᠮᠠᠭᠠᠯᠠᠯᠳᠠ ᠵᠢᠨ ᠤᠷᠤᠨ᠎ᠳᠤ ᠰᠢᠨᠵᠢᠯᠡᠨ ᠪᠠᠢᠴᠠᠭᠠᠭᠰᠠᠨ ᠲᠤᠬᠠᠢ ᠰᠤᠷᠪᠤᠯᠵᠢᠯᠠᠭᠰᠠᠨ ᠲᠡᠮᠳᠡᠭᠯᠡᠯ


ᠨᠠᠮᠤᠷ᠎ᠤᠨ ᠤᠯᠠᠷᠢᠯ ᠤ᠋ᠨ ᠤᠯᠠᠭᠠᠨᠴᠠᠪ ᠬᠣᠲᠠ ᠵᠢᠷᠤᠬ ᠰᠢᠬ ᠦᠩᠭᠡ ᠢᠯᠭᠠᠷᠠᠵᠤ᠂ ᠭᠤᠢᠳᠠ ᠦᠵᠡᠮᠵᠢ ᠪᠦᠷᠢᠳᠦᠭᠰᠡᠨ ᠪᠠᠢᠯ᠎ᠠ᠃ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠯᠢ ᠳᠣᠲᠣᠷ᠎ᠠ᠂ ᠠᠯᠲᠠᠨ ᠰᠢᠷᠭᠠᠯ ᠲᠠᠯ᠎ᠠ ᠨᠤᠲᠤᠭ ᠬᠠᠷᠠᠭᠠᠨ ᠳ᠋ᠤ ᠳᠤᠳᠤᠷᠠᠵᠤ᠂ ᠤᠰᠤᠨ᠎ᠤ ᠰᠢᠪᠠᠭᠤᠳ ᠰᠦᠷᠦᠭᠯᠡᠨ ᠨᠢᠰᠴᠦ ᠲᠤᠭᠯᠠᠨ᠂ ᠭᠣᠣᠯ᠎ᠤᠨ ᠰᠠᠢᠷᠭᠠᠯ ᠳᠡᠭᠡᠷ᠎ᠡ ᠬᠤᠯᠤᠰᠤ ᠨᠠᠢᠭᠤᠨ᠎ᠠ᠃ ᠡᠨᠡ ᠪᠣᠯ ᠬᠢᠬᠢᠷᠢ ᠵᠢᠨ ᠨᠠᠭᠤᠷ — ᠭᠡᠷᠡᠯ ᠰᠠᠴᠤᠷᠠᠭᠰᠠᠨ 《ᠠᠷᠤ ᠭᠠᠵᠠᠷ ᠤ᠋ᠨ ᠬᠡᠷᠡᠯᠳᠦ ᠰᠤᠪᠤᠳ》 ᠪᠣᠯᠣᠨ᠎ᠠ᠃



10 ᠰᠠᠷ᠎ᠠ ᠵᠢᠨ 16 ᠤ᠋ ᠡᠳᠤᠷ ᠰᠡᠬᠦᠳᠡᠷᠯᠡᠭᠰᠡᠨ ᠬᠢᠬᠢᠷᠢ ᠵᠢᠨ ᠨᠠᠭᠤᠷ ᠤ᠋ᠨ ᠭᠤᠢᠳᠠ ᠦᠵᠡᠮᠵᠢ (ᠵᠢᠯᠤᠭᠤᠴᠢ ᠦᠭᠡᠢ ᠨᠢᠰᠭᠡᠯ ᠵᠢᠡᠷ ᠰᠡᠬᠦᠳᠡᠷᠯᠡᠭᠰᠡᠨ ᠭᠡᠷᠡᠯ ᠵᠢᠷᠤᠭ)

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠯᠢᠶᠠᠨ ᠵᠸᠨ ᠰᠡᠬᠦᠳᠡᠷᠯᠡᠪᠡ


10 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠬᠢᠬᠢᠷᠢ ᠵᠢᠨ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠬᠦᠷᠴᠦ᠂ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠢᠩᠭᠠᠳᠬᠠᠵᠤ ᠪᠠᠢᠬᠤ ᠪᠠ ᠲᠤᠬᠠᠢ᠎ᠶᠢᠨ ᠭᠠᠵᠠᠷ᠎ᠤᠨ ᠬᠢᠨ ᠤ᠋ ᠬᠢᠬᠢᠷᠢ ᠵᠢᠨ ᠨᠠᠭᠤᠷ᠎ᠤᠨ ᠣᠷᠴᠢᠨ ᠲᠣᠭᠣᠷᠢᠨ ᠤ᠋ ᠶᠡᠷᠦᠩᠬᠡᠢᠯᠡᠭᠰᠡᠨ ᠵᠠᠰᠠᠯᠳᠠ ᠵᠢ ᠠᠬᠢᠭᠤᠯᠵᠤ ᠪᠠᠢᠬᠤ᠂ ᠠᠮᠢ ᠠᠬᠤᠢ᠎ᠶᠢᠨ ᠰᠢᠰᠲᠧᠮ᠎ᠢ ᠰᠡᠷᠭᠦᠭᠡᠨ ᠵᠠᠰᠠᠵᠤ ᠪᠠᠢᠬᠤ ᠵᠡᠷᠭᠡ ᠪᠠᠢᠳᠠᠯ᠎ᠢ ᠣᠢᠯᠠᠭᠠᠬᠤ᠎ᠶᠢᠨ ᠬᠠᠮᠲᠤ ᠤᠰᠤᠨ᠎ᠤ ᠬᠦᠪᠡᠬᠡ ᠭᠤᠤᠯ᠎ᠤᠨ ᠰᠠᠢᠷᠭᠠᠯ᠎ᠤᠨ ᠠᠮᠢ ᠠᠬᠤᠢ᠂ ᠣᠷᠣᠰᠢᠨ ᠠᠮᠢᠳᠤᠷᠠᠵᠤ ᠪᠠᠢᠭ᠎ᠠ ᠰᠢᠪᠠᠭᠤᠨ᠎ᠤ ᠲᠥᠷᠥᠯ ᠵᠡᠷᠭᠡ᠎ᠶᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠪᠡ᠃

ᠣᠢᠷ᠎ᠠ᠎ᠶᠢᠨ ᠵᠢᠯ᠎ᠡᠴᠡ ᠨᠠᠭᠠᠰᠢ᠂ ᠲᠤᠬᠠᠢ᠎ᠶᠢᠨ ᠭᠠᠵᠠᠷ᠎ᠤᠨ ᠬᠢᠨ 《 ᠬᠥᠮᠥᠨ᠎ᠦ ᠬᠦᠴᠦ ᠪᠡᠷ ᠭᠠᠷ ᠳᠦᠷᠦᠬᠦ ᠵᠢ ᠪᠠᠭᠠᠰᠬᠠᠵᠤ᠂ ᠠᠶᠠᠨᠳᠠᠭᠠᠨ ᠰᠡᠷᠭᠦᠬᠦ᠎ᠶᠢ ᠠᠬᠢᠭᠤᠯᠬᠤ》 ᠵᠠᠷᠴᠢᠮ ᠶᠣᠰᠣᠭᠠᠷ᠂ ᠤᠰᠤᠨ ᠰᠢᠰᠲᠧᠮ᠎ᠢ ᠵᠠᠰᠠᠵᠤ ᠨᠡᠪᠲᠡᠷᠡᠭᠦᠯᠬᠦ᠂ ᠨᠥᠬᠥᠵᠦ ᠨᠣᠭᠣᠭᠠᠷᠠᠭᠤᠯᠤᠨ ᠵᠠᠰᠠᠵᠤ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠢᠬᠢᠷᠢ ᠵᠢᠨ ᠨᠠᠭᠤᠷ ᠤ᠋ᠨ ᠵᠠᠰᠠᠯᠳᠠ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠃ ᠡᠳᠦᠭᠡ ᠬᠢᠬᠢᠷᠢ ᠵᠢᠨ ᠨᠠᠭᠤᠷ ᠤ᠋ᠨ ᠤᠰᠤᠨ᠎ᠤ ᠲᠠᠯᠠᠪᠠᠶ ᠠᠭᠠᠵᠢᠮ᠎ᠢᠶᠠᠷ ᠰᠡᠷᠭᠦᠵᠦ᠂ ᠨᠡᠭᠦᠳᠡᠯ᠎ᠦᠨ ᠰᠢᠪᠠᠭᠤ ᠵᠡᠷᠭᠡ ᠠᠮᠢᠲᠠᠨ ᠤᠷᠭᠤᠮᠠᠯ᠎ᠤᠨ ᠲᠥᠷᠥᠯ ᠵᠦᠢᠯ ᠴᠦ᠍ ᠦᠷᠭᠦᠯᠵᠢᠯᠡᠨ ᠣᠯᠠᠰᠢᠷᠠᠪᠠ᠃



ᠬᠢᠬᠢᠷᠢ ᠵᠢᠨ ᠨᠠᠭᠤᠷ ᠨᠡᠬᠦᠳᠠᠯ ᠤ᠋ᠨ ᠰᠢᠪᠠᠭᠤᠳ ᠤ᠋ᠨ ᠴᠡᠨᠭᠭᠡᠯ ᠤ᠋ᠨ ᠤᠷᠤᠨ ᠪᠤᠯᠪᠠ

                         ᠵᠤᠤ ᠶᠦᠩ ᠪᠦᠸᠸ ᠰᠡᠬᠦᠳᠡᠷᠯᠡᠪᠡ


《ᠠᠮᠢ ᠠᠬᠤᠢ ᠰᠠᠢᠵᠢᠷᠠᠵᠤ ᠨᠡᠭᠦᠳᠡᠯ᠎ᠦᠨ ᠰᠢᠪᠠᠭᠤᠳ ᠪᠤᠴᠠᠨ ᠢᠷᠡᠵᠤ  ᠠᠷᠠᠳ ᠤᠯᠠᠨ᠎ᠤ ᠴᠤᠭ ᠵᠤᠷᠢᠭ ᠪᠠᠳᠠᠷᠠᠪᠠ》

10 ᠰᠠᠷ᠎ᠠ᠎ᠶᠢᠨ 16 ᠤ᠋ ᠦᠳᠡ᠎ᠶᠢᠨ ᠬᠣᠢᠨᠠᠬᠢ 7 ᠴᠠᠭ᠎ᠲᠤ᠂ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠪᠠᠶᠠᠨᠲᠠᠯ᠎ᠠ ᠪᠠᠯᠭᠠᠰᠤᠨ᠎ᠤ ᠵᠢᠢ ᠴᠢᠩ ᠲᠣᠰᠬᠣᠨ᠎ᠤ ᠨᠤᠲᠤᠭ᠎ᠲᠠᠭᠠᠨ ᠪᠤᠴᠠᠭᠰᠠᠨ ᠣᠶᠤᠲᠠᠨ ᠲᠣᠰᠬᠣᠨ᠎ᠤ ᠺᠠᠳ᠋ᠷ ᠳᠥ ᠶᠠᠨ ᠤ᠋ ᠬᠢᠨ ᠨᠢᠭᠡ ᠭᠡᠷ᠎ᠢᠶᠡᠷ᠎ᠢᠶᠡᠨ ᠠᠯᠢ ᠡᠷᠲᠡ ᠲᠧᠯᠸᠢᠰ᠎ᠦᠨ ᠡᠮᠦᠨ᠎ᠡ ᠰᠠᠭᠤᠵᠠᠭᠠᠵᠤ᠂ ᠲᠥᠪ᠎ᠦᠨ ᠲᠧᠯᠸᠢᠰ ᠬᠣᠷᠢᠶ᠎ᠠ ᠵᠢᠨ ᠰᠣᠨᠢᠨ ᠮᠡᠳᠡᠭᠡᠨ᠎ᠦ ᠨᠡᠪᠲᠡᠷᠡᠭᠦᠯᠭᠡ᠎ᠶᠢ ᠦᠵᠡᠬᠦ᠎ᠪᠠᠷ ᠬᠦᠯᠢᠶᠡᠵᠦ ᠪᠠᠢᠯ᠎ᠠ᠃ ᠰᠣᠨᠢᠨ ᠮᠡᠳᠡᠭᠡᠨ ᠳ᠋ᠤ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠦᠵᠡᠭᠳᠡᠯ ᠢᠯᠡᠷᠡᠪᠡ᠂ ᠲᠡᠷᠡ᠄ 《ᠶᠡᠷᠦᠩᠬᠡᠢ ᠱᠦᠵᠢ ᠰᠢ ᠵᠢᠨ ᠫᠢᠩ ᠮᠠᠨ᠎ᠤ ᠨᠤᠲᠤᠭ᠎ᠲᠤ ᠢᠷᠡᠪᠡ᠂ ᠪᠢ ᠨᠤᠲᠤᠭ᠎ᠤᠨ᠎ᠢᠶᠠᠨ ᠡᠮᠦᠨ᠎ᠡ ᠡᠴᠡ  ᠣᠮᠣᠭᠰᠢᠵᠤ ᠪᠠᠢᠨ᠎ᠠ》 ᠭᠡᠵᠤ ᠳᠤᠭᠳᠤᠯᠤᠨ ᠬᠡᠯᠡᠪᠡ᠃

ᠵᠢᠢ ᠴᠢᠩ ᠲᠣᠰᠬᠣᠨ ᠬᠢᠬᠢᠷᠢ ᠵᠢᠨ ᠨᠠᠭᠤᠷ ᠤ᠋ᠨ ᠡᠮᠦᠨ᠎ᠠ ᠪᠠᠢᠷᠢᠯᠠᠵᠤ ᠪᠠᠢᠳᠠᠭ᠂ ᠳᠥ ᠶᠠᠨ ᠬᠠᠷᠠᠬᠠᠨ ᠪᠠᠭ᠎ᠠ ᠡᠴᠡ ᠪᠠᠨ ᠬᠢᠬᠢᠷᠢ ᠵᠢᠨ ᠨᠠᠭᠤᠷ ᠨᠢ ᠲᠤᠬᠠᠢ᠎ᠶᠢᠨ ᠭᠠᠵᠠᠷ᠎ᠤᠨ ᠬᠥᠮᠥᠰ᠎ᠦᠨ ᠰᠡᠳᠬᠢᠯ᠎ᠳᠦ ᠮᠠᠰᠢ ᠴᠢᠬᠤᠯᠠ ᠭᠡᠳᠡᠭ᠎ᠢ ᠮᠡᠳᠡᠨ᠎ᠠ᠃ ᠲᠡᠷᠡ᠄ 《ᠨᠠᠭᠤᠷ ᠢ᠋ ᠲᠣᠭᠣᠷᠢᠭᠰᠠᠨ ᠵᠠᠮ ᠪᠣᠯ ᠮᠠᠨ᠎ᠤ ᠬᠢᠬᠢᠷᠢ ᠵᠢᠨ ᠨᠠᠭᠤᠷ ᠲᠤ᠌ ᠬᠦᠷᠬᠦ᠌᠎ᠳᠦ ᠵᠠᠪᠠᠯ ᠥᠩᠭᠡᠷᠡᠬᠦ᠌ ᠵᠠᠮ ᠮᠥᠨ᠂ ᠡᠨᠡ ᠵᠠᠮ᠎ᠢᠶᠠᠷ ᠥᠩᠭᠡᠷᠡᠬᠦ᠌ ᠪᠦᠷᠢ᠂ ᠤᠰᠤᠨ ᠤ᠋ ᠰᠢᠪᠠᠭᠤᠳ ᠬᠤᠯᠤᠰᠤ ᠵᠡᠭᠡᠰᠤ ᠵᠢᠨ ᠲᠤᠳᠤᠷ᠎ᠠ ᠡᠴᠡ ᠰᠦᠷᠦᠭᠯᠡᠨ ᠨᠢᠰᠬᠦ᠌᠎ᠶᠢ ᠣᠯᠵᠤ ᠬᠠᠷᠠᠬᠤ ᠦᠶᠡᠰ ᠮᠢᠨᠦ᠍ ᠰᠡᠳᠬᠢᠯ ᠨᠢᠬᠡ ᠯᠡ  ᠲᠠᠶ᠋ᠢᠪᠤᠰᠢᠷᠠᠬᠤ ᠰᠢᠭ᠋ ᠰᠠᠨᠠᠭᠳᠠᠳᠠᠭ》 ᠭᠡᠪᠡ᠃

ᠠᠮᠢ ᠠᠬᠤᠶ ᠰᠠᠶ᠋ᠢᠵᠢᠷᠠᠵᠤ᠂ ᠨᠡᠭᠦᠳᠡᠯ᠎ᠦᠨ ᠰᠢᠪᠠᠭᠤᠳ ᠪᠤᠴᠠᠵᠤ ᠢᠷᠡᠭᠰᠡᠨ᠎ᠡᠴᠡ ᠠᠷᠠᠳ ᠣᠯᠠᠨ᠎ᠤ ᠴᠢᠷᠠᠢ ᠳ᠋ᠤ ᠪᠠᠶᠠᠷ᠎ᠤᠨ ᠮᠦᠰᠢᠶᠡᠳᠦ ᠲᠤᠳᠤᠷᠠᠪᠠ᠃ ᠡᠳᠦᠭᠡ ᠡᠷᠬᠢᠨ ᠲᠣᠭᠣᠷᠢᠨ᠎ᠤ ᠠᠷᠠᠳ ᠢᠷᠭᠡᠳ ᠬᠥᠮᠦᠨ ᠪᠠᠶ᠋ᠢᠭᠠᠯᠢ ᠡᠶ᠎ᠡ ᠵᠣᠬᠢᠴᠠᠩᠭᠤᠢ᠎ᠪᠠᠷ ᠬᠠᠮᠲᠤ᠌ ᠣᠷᠣᠰᠢᠬᠤ ᠪᠠᠶ᠋ᠢᠳᠠᠯ᠎ᠢ ᠦᠨᠡᠨ ᠬᠦ᠌ ᠮᠡᠳᠡᠷᠡᠵᠦ᠍᠂ ᠬᠢᠬᠢᠷᠢ ᠵᠢᠨ ᠨᠠᠭᠤᠷ ᠤ᠋ᠨ ᠨᠤᠭᠤ ᠭᠠᠵᠠᠷ ᠨᠢ ᠬᠡᠷ᠎ᠦᠨ ᠡᠭᠦᠳᠡᠨ᠎ᠳᠡᠬᠢ ᠪᠠᠶ᠋ᠢᠭᠠᠯᠢ᠎ᠶᠢᠨ ᠬᠦᠴᠢᠯᠲᠥ᠋ᠷᠥᠭᠴᠢ᠎ᠶᠢᠨ ᠪᠠᠭᠠᠷ ᠪᠣᠯᠤᠭᠰᠠᠨ ᠪᠠᠶ᠋ᠢᠨ᠎ᠠ᠃ ᠵᠶ᠋ᠢ ᠴᠢᠩ ᠲᠣᠰᠬᠣᠨ᠎ᠤ 《ᠶᠡᠷᠡᠭᠡᠳ ᠣᠨ᠎ᠳ᠋ᠦ ᠲᠦᠷᠦᠭᠰᠡᠡ》 ᠶᠡᠬᠡ ᠰᠤᠷᠭᠠᠭᠤᠯᠢ᠎ᠡᠴᠡ ᠲᠡᠭᠦᠰᠦᠭᠰᠡᠨ ᠣᠶᠤᠲᠠᠨ ᠭᠦᠸᠧ ᠶᠠᠨ ᠬᠤᠢ ᠲᠡᠭᠦᠰᠦᠭᠰᠡᠨ᠎ᠦ᠎ᠪᠡᠨ ᠳᠠᠷᠠᠭ᠎ᠠ ᠭᠠᠳᠠᠨ᠎ᠠ ᠤᠷᠤᠨ᠎ᠳᠤ ᠬᠥᠯᠥᠰᠥᠨ ᠠᠵᠢᠯ  ᠬᠢᠭᠰᠡᠭᠡᠷ ᠢᠷᠡᠵᠠᠢ᠂ ᠲᠦᠷᠪᠡᠨ ᠵᠢᠯ᠎ᠦᠨ ᠡᠮᠦᠨ᠎ᠡ᠂ ᠨᠤᠲᠤᠭ᠎ᠤᠨ᠎ᠢᠶᠠᠨ ᠯᠤᠲᠤ᠌ ᠶᠡᠬᠡ ᠬᠤᠪᠢᠷᠠᠯᠲᠠ᠎ᠶᠢ ᠦᠵᠡᠭᠡᠳ ᠲᠡᠷᠡ ᠨᠤᠲᠤᠭ᠎ᠲᠠᠭᠠᠨ ᠪᠤᠴᠠᠵᠤ᠂ ᠡᠷᠳᠡᠨᠢ ᠰᠢᠰᠢ ᠲᠠᠷᠢᠵᠤ ᠡᠬᠢᠯᠡᠵᠡᠢ᠃ ᠡᠨᠡ ᠵᠢᠯ ᠲᠡᠭᠦᠨ᠎ᠦ ᠲᠠᠷᠢᠮᠠᠯ᠎ᠤᠨ ᠬᠡᠪᠴᠢᠶ᠎ᠡ ᠨᠢᠭᠡᠨᠲᠡ 1000 ᠭᠠᠷᠤᠢ ᠮᠣ᠌᠎ᠳᠦ ᠬᠦᠷᠴᠦ᠍᠂ ᠪᠠᠰᠠ ᠰᠠᠢ᠌ᠨ ᠵᠢᠯ᠎ᠦᠨ ᠦᠨᠭᠭᠡ ᠲᠠᠢ ᠲᠣᠬᠢᠶᠠᠵᠤ᠂ ᠵᠠᠬ᠎ᠠ ᠳᠡᠯᠭᠡᠭᠦᠷ᠎ᠦᠨ ᠢᠷᠡᠭᠡᠳᠦᠢ ᠰᠠᠢ᠌ᠨ᠂ ᠲᠡᠭᠦᠨ᠎ᠦ 《ᠵᠣᠭᠣᠰᠣᠨ ᠴᠦᠩᠬᠦ᠌》 ᠨᠢ ᠳᠦᠭᠳᠦᠢᠭᠰᠡᠨ᠎ᠪᠦᠭᠡᠳ ᠨᠡᠩ ᠴᠤ᠌ ᠨᠤᠲᠤᠭ᠎ᠤᠨ ᠠᠬ᠎ᠠ ᠳᠡᠭᠦᠦ᠎ᠨᠡᠷ ᠵᠢᠠᠨ ᠬᠠᠪᠰᠤᠷᠤᠨ ᠣᠷᠣᠯᠭ᠎ᠠ᠎ᠶᠢ ᠨᠢ ᠨᠡᠮᠡᠭᠳᠡᠭᠦᠯᠦᠨ ᠠᠵᠢᠯ ᠣᠯᠭᠣᠵᠤ᠂ ᠭᠦᠸᠧ ᠶᠠᠨ ᠬᠤᠢ᠎ᠶᠢᠨ ᠡᠷᠴᠢ ᠵᠣᠷᠢᠭ ᠨᠢ ᠨᠡᠩ ᠲᠡᠭᠦᠯᠳᠡᠷ ᠪᠣᠯᠵᠠᠢ!

《ᠶᠡᠷᠦᠩᠬᠡᠢ ᠱᠦᠵᠢ ᠰᠢ ᠵᠢᠨ ᠫᠢᠩ᠂ ᠨᠤᠭᠤ ᠭᠠᠵᠠᠷ᠎ᠤᠨ ᠬᠠᠮᠠᠭᠠᠯᠠᠯᠲᠠ᠎ᠵᠢᠨ ᠵᠠᠩᠭᠢᠯᠠᠭ᠎ᠠ ᠨᠢ ᠤᠨᠭᠭᠤᠨ ᠪᠠᠢᠭᠠᠯᠢᠯᠢᠭ ᠠᠮᠢ ᠠᠬᠤᠢ ᠵᠢ ᠬᠠᠮᠠᠭᠠᠯᠠᠬᠤ ᠳ᠋ᠤ ᠪᠠᠶ᠋ᠢᠳᠠᠭ ᠭᠡᠵᠤ ᠴᠢᠬᠤᠯᠠᠴᠢᠯᠠᠪᠠ᠃ ᠪᠢᠳᠡ ᠠᠮᠢ ᠠᠬᠤᠶ᠎ᠶᠢᠨ ᠠᠰᠢᠭ ᠲᠤᠰᠠ᠎ᠶᠢ ᠡᠳ᠋ᠯᠡᠬᠦ᠌᠎ᠶᠢᠨ ᠬᠠᠮᠲᠤ᠌᠂ ᠠᠷᠠᠳ ᠣᠯᠠᠨ᠎ᠢ ᠲᠠᠷᠢᠶᠠᠯᠠᠩ᠎ᠤᠨ ᠤᠰᠤ ᠠᠷᠪᠢᠯᠠᠬᠤ᠎ᠶᠢ ᠦᠷᠭᠦᠯᠵᠢᠯᠡᠨ ᠠᠬᠢᠭᠤᠯᠵᠤ᠂ ᠣᠷᠭᠠᠨᠢᠭ ᠪᠣᠷᠲᠣᠭᠣᠷ ᠢ᠋ ᠭᠡᠷᠡᠭᠯᠡᠬᠦ᠂ ᠪᠣᠷᠲᠣᠭᠣᠷ᠎ᠢ ᠬᠢᠵᠠᠭᠠᠷᠯᠠᠬᠤ᠂ ᠠᠮᠠᠷᠬᠠᠨ  ᠵᠠᠳᠠᠷᠠᠬᠤ ᠪᠦᠷᠬᠦᠪᠴᠢ ᠵᠡᠷᠭᠡ᠎ᠶᠢ ᠬᠡᠷᠡᠭᠯᠡᠵᠦ᠍᠂ ᠬᠢᠬᠢᠷᠢ ᠵᠢᠨ ᠨᠠᠭᠤᠷ᠎ᠤᠨ ᠡᠨᠡ ᠬᠦ᠌ 〈ᠪᠤᠭᠤᠮᠳᠠ ᠵᠢᠨ ᠭᠠᠳᠠᠨᠠᠬᠢ ᠭᠡᠷᠡᠯᠲᠦ᠍ ᠰᠤᠪᠤᠳ〉 ᠢ᠋ ᠦᠨᠡᠨ ᠬᠦ᠌ ᠰᠠᠶ᠋ᠢᠲᠤᠷ ᠬᠠᠮᠠᠭᠠᠯᠡᠨ᠎ᠠ!》 ᠭᠡᠵᠤ ᠳ᠋ᠦ᠋ ᠶᠠᠨ ᠢᠲᠡᠭᠡᠯ ᠳᠦᠭᠦᠷᠡᠩ ᠬᠡᠯᠡᠪᠠ᠃



ᠨᠠᠮᠤᠷ ᠤ᠋ᠨ ᠤᠯᠠᠷᠢᠯ᠎ᠳᠤ᠂ ᠦᠪᠤᠷ ᠮᠤᠨᠭᠭᠤᠯ ᠤ᠋ᠨ ᠤᠯᠠᠭᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠡᠮᠤᠨᠠᠳᠤ ᠬᠤᠰᠢᠭᠤᠨ ᠤ᠋ ᠬᠢᠬᠢᠷᠢ ᠵᠢᠨ ᠨᠠᠭᠤᠷ ᠨᠤᠮᠢᠨ ᠲᠤᠯᠬᠢᠶᠠᠨ ᠬᠠᠶᠠᠯᠠᠨ᠂ ᠭᠤᠢᠳᠠ ᠦᠵᠡᠮᠵᠢ ᠨᠢ ᠬᠦᠮᠦᠰ ᠢ᠋ ᠰᠤᠬᠳᠤᠭᠤᠷᠠᠭᠤᠯᠤᠨ᠎ᠠ᠃ ᠤᠢᠷ᠎ᠠ ᠵᠢᠨ ᠵᠢᠯ ᠎ᠳᠤ ᠲᠤᠬᠠᠢ ᠵᠢᠨ ᠭᠠᠵᠠᠷ ᠤ᠋ᠨ ᠬᠢᠨ ᠬᠢᠬᠢᠷᠢ ᠵᠢᠨ ᠨᠠᠭᠤᠷ ᠤ᠋ᠨ ᠶᠡᠷᠤᠨᠭᠭᠡᠢᠯᠡᠭᠰᠡᠨ ᠵᠠᠰᠠᠯᠳᠠ ᠵᠢ ᠴᠢᠨᠭᠭᠠᠳᠬᠠᠵᠤ᠂ ᠠᠮᠢ ᠠᠬᠤᠢ ᠤᠷᠴᠢᠨ ᠲᠤᠭᠤᠷᠢᠨ ᠦᠷᠬᠦᠯᠵᠢᠯᠡᠨ ᠰᠠᠢᠵᠢᠷᠠᠪᠠ᠃ 

ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠪᠸᠢ ᠡᠾᠸ  ᠰᠡᠬᠦᠳᠡᠷᠯᠡᠪᠡ


《ᠪᠢᠳᠠ ᠯᠠᠪᠲᠠᠢ ᠦᠷᠭᠦᠯᠵᠢᠯᠡᠨ ᠴᠢᠷᠮᠠᠶ᠋ᠢᠵᠤ ᠬᠢᠬᠢᠷᠢ ᠵᠢᠨ ᠨᠠᠭᠤᠷ᠎ᠢ ᠨᠡᠩ ᠰᠠᠢᠳᠤᠷ ᠬᠠᠮᠠᠭᠠᠯᠠᠨ᠎ᠠ》

《ᠶᠡᠷᠦᠩᠬᠡᠢ ᠱᠦᠵᠢ ᠰᠢ ᠵᠢᠨ ᠫᠢᠩ᠎ᠲᠡᠶ ᠠᠭᠤᠯᠵᠠᠭᠰᠠᠨ ᠲᠡᠷᠡ ᠮᠥᠴᠡ᠎ᠳᠦ ᠮᠠᠰᠢ ᠰᠡᠳᠬᠢᠯ ᠳᠣᠭᠳᠣᠯᠤᠭᠰᠠᠨ ᠶᠤᠮ! ᠤᠳᠤ ᠴᠦ᠍ ᠭᠡᠰᠡᠨ ᠰᠡᠳᠬᠢᠯ ᠮᠦᠨ ᠯᠡ ᠮᠠᠰᠢ ᠦᠨᠳᠦᠷ ᠪᠠᠢᠨ᠎ᠠ》᠃ 10 ᠰᠠᠷ᠎ᠠ᠎ᠶᠢᠨ 16᠎ᠤ᠋ ᠣᠷᠣᠶ᠂ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤᠨ᠎ᠤ ᠬᠢᠬᠢᠷᠢ ᠵᠢᠨ ᠨᠠᠭᠤᠷ᠎ᠤᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠸᠠᠩ ᠱᠤᠤ ᠵᠢᠶᠦ᠋ᠨ ᠲᠤᠬᠠᠶ᠎ᠶᠢᠨ ᠦᠶ᠎ᠡ᠎ᠶᠢᠨ ᠪᠠᠶ᠋ᠢᠳᠠᠯ᠎ᠢ ᠡᠷᠭᠢᠴᠡᠭᠦᠯᠬᠦ᠌᠎ᠳᠡᠭᠡᠨ᠄ 《ᠪᠢᠳᠡ ᠯᠠᠪᠲᠠᠢ ᠦᠷᠭᠦᠯᠵᠢᠯᠡᠨ ᠴᠢᠷᠮᠠᠶ᠋ᠢᠵᠤ᠂ ᠬᠢᠬᠢᠷᠢ ᠵᠢᠨ ᠨᠠᠭᠤᠷ᠎ᠢ ᠨᠠᠩ ᠰᠠᠢᠳᠤᠷ ᠬᠠᠮᠠᠭᠠᠯᠠᠨ᠎ᠠ》 ᠭᠡᠵᠦ ᠲᠤᠭᠳᠤᠯᠤᠩᠬᠠᠨ ᠬᠡᠯᠡᠨ᠎ᠡ᠃

ᠬᠢᠬᠢᠷᠢ ᠵᠢᠨ ᠨᠠᠭᠤᠷ ᠪᠣᠯ ᠪᠢᠲᠡᠭᠦᠮᠵᠢᠲᠤ ᠳᠣᠲᠣᠭᠠᠳᠤ ᠬᠠᠭᠤᠷᠠᠶ᠎ᠶᠢᠨ ᠨᠠᠭᠤᠷ ᠪᠠᠶ᠋ᠢᠵᠤ᠂ ᠤᠷᠤᠰᠤᠨ ᠭᠠᠷᠬᠤ ᠭᠣᠣᠯ᠎ᠤᠨ ᠵᠠᠮ ᠭᠡᠵᠦ ᠦᠭᠡᠶ᠂ ᠨᠠᠭᠤᠷ᠎ᠤᠨ ᠤᠰᠤ ᠨᠢ ᠭᠣᠣᠯᠳᠠᠭᠤ ᠠᠭᠠᠷ ᠮᠠᠨᠳᠠᠯ᠎ᠤᠨ ᠲᠤᠨᠳᠠᠰᠤ ᠪᠠ ᠨᠠᠭᠤᠷ᠎ᠲᠤ᠌ ᠤᠷᠤᠰᠤᠨ ᠣᠷᠣᠬᠤ ᠭᠣᠣᠯ ᠮᠥᠷᠡᠨ᠎ᠦ ᠬᠠᠩᠭᠠᠯᠭ᠎ᠠ᠎ᠳᠤ ᠲᠦᠰᠢᠭᠯᠡᠳᠡᠭ᠃ ᠬᠢᠬᠢᠷᠢ ᠵᠢᠨ ᠨᠠᠭᠤᠷ᠎ᠤᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠨᠢ ᠬᠢᠬᠢᠷᠢ ᠵᠢᠨ ᠨᠠᠭᠤᠷ ᠵᠢᠴᠢ ᠡᠷᠬᠢᠨ ᠲᠣᠭᠣᠷᠢᠨ᠎ᠤ ᠭᠣᠣᠯ᠎ᠤᠨ ᠰᠠᠶ᠋ᠢᠷᠭᠠᠯ ᠨᠤᠭᠤ ᠭᠠᠵᠠᠷ᠎ᠤᠨ ᠠᠮᠢ ᠠᠬᠤᠶ᠎ᠶᠢᠨ ᠰᠢᠰᠲ᠋ᠧᠮ ᠪᠠ ᠲᠤᠰ ᠰᠢᠰᠲ᠋ᠧᠮ᠎ᠳᠦ ᠣᠷᠣᠰᠢᠨ ᠠᠮᠢᠳᠤᠷᠠᠵᠤ ᠪᠠᠢᠭ᠎ᠠ ᠨᠤᠭᠤ ᠭᠠᠵᠠᠷ᠎ᠤᠨ ᠰᠢᠪᠠᠭᠤᠨ᠎ᠤ ᠲᠥᠷᠥᠯ᠎ᠢᠶᠡᠷ ᠭᠣᠣᠯ ᠬᠠᠮᠠᠭᠠᠯᠠᠬᠤ ᠡᠲᠡᠭᠡᠳ ᠪᠣᠯᠭᠠᠵᠤ᠂ ᠠᠮᠢᠳᠤ ᠪᠣᠳᠠᠰ᠎ᠤᠨ ᠣᠯᠠᠨ ᠶᠠᠩᠵᠤᠲᠤ᠌ ᠴᠢᠨᠠᠷ᠎ᠤᠨ ᠬᠠᠮᠠᠭᠠᠯᠠᠯᠲᠠ᠂ ᠰᠢᠨᠵᠢᠯᠡᠬᠦ᠌ ᠤᠬᠠᠭᠠᠨ᠎ᠤ ᠰᠤᠳᠤᠯᠭᠠᠨ᠂ ᠤᠬᠠᠭᠤᠯᠭ᠎ᠠ ᠬᠥᠮᠦᠵᠢᠯ ᠪᠠ ᠦᠷᠭᠦᠯᠵᠢᠯᠡᠨ ᠠᠰᠢᠭᠯᠠᠬᠤ ᠵᠡᠷᠭᠡ ᠴᠢᠳᠠᠮᠵᠢ᠎ᠶᠢ ᠨᠢᠭᠡ ᠴᠣᠭᠴᠠᠵᠢᠭᠤᠯᠤᠭᠰᠠᠨ ᠶᠡᠷᠦᠩᠬᠡᠶ᠋ᠢᠯᠡᠭᠰᠡᠨ ᠴᠢᠨᠠᠷᠲᠠᠶ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ ᠪᠣᠯᠤᠨ᠎ᠠ᠃

ᠣᠶ᠋ᠢᠷ᠎ᠠ᠎ᠶᠢᠨ ᠵᠢᠯ᠎ᠳᠦ ᠬᠤᠷ᠎ᠠ ᠲᠣᠨᠳᠠᠰᠤ᠎ᠶᠢᠨ ᠬᠡᠮᠵᠢᠶ᠎ᠡ᠎ᠨᠢ ᠥᠩᠭᠡᠷᠡᠭᠰᠡᠨ ᠵᠢᠯ᠎ᠦᠨ᠎ᠬᠢ᠎ᠡᠴᠡ ᠢᠯᠡᠳᠲᠡ ᠨᠡᠮᠡᠭᠳᠡᠵᠦ᠍᠂ 2023 ᠣᠨ᠎ᠤ ᠬᠤᠷ᠎ᠠ ᠲᠣᠨᠳᠠᠰᠤ᠎ᠶᠢᠨ ᠬᠡᠮᠵᠢᠶ᠎ᠡ᠎ᠨᠢ 590 ᠮᠢᠯᠢᠮᠧᠲ᠋ᠷ᠂ 2024 ᠣᠨ᠎ᠳᠦ 670 ᠮᠢᠯᠢᠮᠧᠲ᠋ᠷ᠂ 2025 ᠣᠨ᠎ᠳ᠋ᠤ 860 ᠮᠢᠯᠢᠮᠧᠲ᠋ᠷ ᠬᠦᠷᠴᠦ᠂ ᠣᠯᠠᠨ ᠵᠢᠯ᠎ᠦᠨ ᠳᠤᠮᠳᠠᠴᠢ ᠬᠡᠮᠵᠢᠭᠳᠡᠯ᠎ᠡᠴᠡ ᠢᠯᠡᠳᠲᠡ ᠥᠨᠳᠥᠷ ᠪᠠᠶ᠋ᠢᠵᠤ᠂ ᠨᠠᠭᠤᠷ᠎ᠤᠨ ᠤᠰᠤᠨ᠎ᠤ ᠬᠡᠮᠵᠢᠶ᠎ᠡ ᠲᠦᠷᠭᠡᠨ ᠰᠡᠷᠭᠦᠬᠦ᠌᠎ᠳᠦ ᠴᠢᠬᠤᠯᠠ ᠤᠰᠤᠨ᠎ᠤ ᠡᠬᠢ ᠰᠤᠷᠪᠤᠯᠵᠢ᠎ᠶᠢᠨ ᠨᠥᠬᠥᠴᠡᠯ᠎ᠢ ᠬᠠᠩᠭᠠᠪᠠ᠃ 2021 ᠣᠨ᠎ᠡᠴᠡ ᠨᠠᠭᠠᠰᠢ᠂ 《ᠰᠢᠯᠢᠳᠡᠭᠵᠢᠭᠦᠯᠬᠦ᠌᠂ ᠨᠤᠷᠠᠭᠠᠬᠤ᠂ ᠬᠦᠷᠢᠶᠡᠯᠡᠬᠦ᠌᠂ ᠴᠠᠭᠠᠵᠠᠯᠠᠬᠤ᠂ ᠬᠤᠷᠢᠶᠠᠬᠤ᠂ ᠲᠠᠷᠬᠠᠭᠠᠬᠤ᠂ ᠨᠥᠬᠥᠪᠥᠷᠢᠯᠡᠬᠦ᠌᠂ ᠬᠠᠮᠢᠶᠠᠷᠬᠤ》 8 ᠵᠦᠢᠯ᠎ᠦᠨ ᠠᠷᠭ᠎ᠠ ᠬᠡᠮᠵᠢᠶ᠎ᠡ᠎ᠶᠢ ᠰᠢᠨ᠎ᠡ᠎ᠶᠢ ᠡᠭᠦᠳᠦᠨ ᠬᠡᠷᠡᠭᠵᠢᠭᠦᠯᠵᠦ᠍᠂ ᠬᠢᠬᠢᠷᠢ ᠵᠢᠨ ᠨᠠᠭᠤᠷ᠎ᠤᠨ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠢ ᠵᠠᠰᠠᠨ ᠰᠡᠷᠭᠦᠭᠡᠬᠦ᠌᠎ᠶᠢ ᠰᠢᠰᠲ᠋ᠧᠮ᠎ᠲᠡᠶ ᠠᠬᠢᠭᠤᠯᠵᠤ᠂ 44 ᠵᠦᠢᠯ᠎ᠦᠨ ᠵᠠᠰᠠᠯᠲᠠ᠎ᠶᠢᠨ ᠲᠥᠷᠥᠯ ᠵᠦᠢᠯ᠎ᠢ ᠬᠡᠷᠡᠭᠵᠢᠭᠦᠯᠪᠡ᠃

ᠨᠠᠭᠤᠷ᠎ᠤᠨ ᠤᠰᠤ ᠳᠡᠭᠡᠭᠰᠢᠯᠡᠵᠦ᠍᠂ ᠬᠤᠯᠤᠰᠤ ᠵᠡᠬᠡᠰᠦ ᠤᠷᠭᠤᠵᠤ᠂ ᠬᠣᠯᠠ ᠶᠠᠪᠤᠭᠰᠠᠨ ᠨᠡᠭᠦᠳᠡᠯ᠎ᠦᠨ ᠰᠢᠪᠠᠭᠤ ᠳᠠᠬᠢᠨ ᠬᠢᠬᠢᠷᠢ ᠵᠢᠨ ᠨᠠᠭᠤᠷ ᠲᠦ᠍ ᠪᠤᠴᠠᠵᠤ ᠢᠷᠡᠪᠡ᠃ ᠴᠥᠬᠥᠷᠡᠰᠢ ᠥᠬᠡᠶ ᠴᠢᠷᠮᠠᠶ᠋ᠢᠯᠭ᠎ᠠ᠎ᠪᠠᠷ ᠳᠡᠮᠵᠢᠨ᠂ ᠬᠢᠬᠢᠷᠢ ᠵᠢᠨ ᠨᠠᠭᠤᠷ ᠤ᠋ᠨ ᠠᠮᠢ ᠠᠬᠤᠶ᠎ᠶᠢ ᠰᠡᠷᠭᠦᠭᠡᠭᠰᠡᠨ ᠪᠠ ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠦᠷ᠎ᠡ ᠪᠦᠲᠦᠮᠵᠢ ᠨᠢᠭᠡᠨᠲᠡ ᠠᠯᠬᠤᠮ ᠠᠯᠬᠤᠮ᠎ᠢᠶᠠᠷ ᠢᠯᠡᠷᠡᠪᠡ᠃ 2025 ᠣᠨ᠎ᠤ ᠡᠴᠦᠰ ᠪᠣᠯᠲᠠᠯ᠎ᠠ᠂ ᠬᠢᠬᠢᠷᠢ ᠵᠢᠨ ᠨᠠᠭᠤᠷ᠎ᠤ᠋ᠨ ᠲᠠᠯᠠᠪᠠᠶ 78.25 ᠲᠡᠭᠰᠢ ᠳᠥᠷᠪᠡᠯᠵᠢᠨ ᠺᠢᠯᠣᠮᠧᠲ᠋ᠷ᠎ᠲᠦ᠍ ᠬᠦᠷᠴᠡᠶ᠃ ᠠᠮᠢᠳᠤ ᠪᠣᠳᠠᠰ᠎ᠤᠨ ᠳᠦᠷᠰᠦ᠎ᠶᠢᠨ ᠰᠦᠷᠦᠭ ᠪᠠᠰᠠ ᠦᠷᠭᠦᠯᠵᠢᠯᠡᠨ ᠪᠠᠶᠠᠯᠢᠭᠵᠢᠵᠤ᠂  ᠨᠢᠭᠡᠨᠲᠡ ᠢᠯᠡᠷᠡᠭᠦᠯᠦᠭᠰᠡᠨ ᠰᠢᠪᠠᠭᠤᠨ᠎ᠤ ᠲᠥᠷᠥᠯ 168 ᠵᠦᠢᠯ ᠪᠤᠶ᠃



ᠤᠬᠳᠠᠷᠭᠤᠢ ᠡᠴᠡ ᠰᠡᠬᠦᠳᠡᠷᠯᠡᠭᠰᠡᠨ ᠬᠢᠬᠢᠷᠢ ᠵᠢᠨ ᠨᠠᠭᠤᠷ


《ᠡᠨᠡ ᠬᠦ᠌ ᠬᠡᠰᠡᠭ ᠠᠮᠢ ᠠᠬᠤᠢ᠎ᠶᠢᠨ ᠲᠡᠪᠢᠰᠬᠡᠷ ᠦᠩᠬᠡ᠎ᠶᠢ ᠨᠡᠩ ᠦᠵᠡᠰᠬᠦᠯᠡᠩᠲᠦ ᠰᠠᠢᠬᠠᠨ ᠪᠣᠯᠭᠠᠨ ᠬᠠᠮᠠᠭᠠᠯᠠᠨ᠎ᠠ》

《ᠪᠢ ᠬᠢᠬᠢᠷᠢ᠎ᠶᠢᠨ ᠨᠠᠭᠤᠷ᠎ᠤᠨ ᠦᠨᠳᠦᠰᠦᠨ ᠪᠠᠢᠳᠠᠯ ᠪᠣᠯᠣᠨ ᠬᠢᠬᠢᠷᠢ᠎ᠶᠢᠨ ᠨᠠᠭᠤᠷ᠎ᠤᠨ ᠤᠰᠤᠨ ᠭᠠᠳᠠᠷᠭᠤ᠎ᠶᠢᠨ ᠰᠢᠷᠬᠢᠬᠦ ᠰᠢᠬᠠᠬᠰᠠᠨ᠎ᠠᠴᠠ᠎ᠪᠠᠨ ᠲᠡᠬᠢᠨ ᠰᠡᠷᠭᠦᠭᠰᠡᠨ ᠶᠠᠪᠤᠴᠠ᠎ᠶᠢ ᠲᠠᠨᠢᠯᠴᠠᠭᠤᠯᠪᠠ᠂ ᠶᠡᠷᠦᠩᠬᠡᠢ ᠱᠦᠵᠢ ᠰᠢ ᠵᠢᠨ ᠫᠢᠩ ᠡᠳᠡᠬᠡᠷ᠎ᠪᠠᠢᠳᠡᠯ᠎ᠢ ᠮᠠᠰᠢ ᠠᠩᠬᠠᠷᠴᠤ ᠰᠣᠨᠢᠷᠬᠠᠯ ᠲᠠᠢ ᠪᠠᠢᠪᠠ》᠃ ᠤᠯᠠᠭᠠᠨᠴᠠᠪ ᠬᠤᠳᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠨᠠᠮ᠎ᠤᠨ ᠬᠣᠷᠢᠶ᠎ᠠ᠎ᠶᠢᠨ ᠱᠦᠵᠢ ᠪᠠᠨ ᠰᠢᠦ ᠫᠢᠩ ᠲᠤᠬᠠᠢ ᠵᠢᠨ ᠦᠶ᠎ᠡ ᠵᠢᠨ ᠪᠠᠢᠳᠠᠯ᠎ᠢ ᠲᠣᠪ ᠲᠣᠳᠣᠷᠬᠠᠢ ᠴᠡᠬᠡᠵᠢᠯᠡᠭᠰᠡᠭᠡᠷ ᠪᠠᠢᠯ᠎ᠠ᠃

《ᠶᠡᠷᠦᠩᠬᠡᠢ ᠱᠦᠵᠢ ᠰᠢ ᠵᠢᠨ ᠫᠢᠩ ᠬᠢᠬᠢᠷᠢ᠎ᠶᠢᠨ ᠨᠠᠭᠤᠷ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢ ᠮᠠᠰᠢ ᠶᠡᠬᠡ ᠠᠩᠬᠠᠷᠤᠨ ᠬᠠᠯᠠᠮᠵᠢᠯᠠᠵᠤ ᠪᠠᠢᠨ᠎ᠠ᠃ ᠪᠢ ᠲᠡᠭᠦᠨ᠎ᠦ ᠬᠡᠯᠡᠭᠰᠡᠨ ᠦᠭᠡ᠎ᠶᠢ ᠰᠣᠨᠣᠰᠤᠭᠠᠳ ᠰᠡᠳᠬᠢᠯ ᠶᠡᠬᠡᠳᠡ ᠳᠣᠭᠳᠣᠯᠪᠠ᠃ ᠡᠨᠡ ᠨᠢ ᠪᠢᠳᠡᠨ᠎ᠦ ᠠᠮᠢ ᠠᠬᠤᠢ᠎ᠶᠢᠨ ᠵᠠᠰᠠᠯᠲᠠ᠎ᠶᠢᠨ ᠲᠤᠬᠠᠢ ᠨᠤᠲᠠᠯᠠᠯᠲᠠ ᠪᠣᠯᠬᠤ᠎ᠪᠠᠷ ᠪᠠᠷᠠᠬᠤ ᠦᠭᠡᠢ᠂ ᠪᠠᠰᠠ ᠪᠢᠳᠡᠨ᠎ᠦ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠰᠠᠢᠲᠤᠷ ᠰᠠᠬᠢᠨ ᠬᠠᠮᠠᠭᠠᠯᠠᠬᠤ ᠢᠲᠡᠭᠡᠯ ᠵᠣᠷᠢᠭ᠋᠎ᠢ ᠨᠡᠮᠡᠭᠳᠡᠭᠦᠯᠪᠡ᠂ ᠪᠢᠳᠡ ᠤᠳᠠᠭᠠᠨ ᠳᠠᠭᠠᠭᠠᠮᠠᠭᠠᠢ᠎ᠪᠠᠷ ᠴᠢᠷᠮᠠᠢᠵᠤ᠂ ᠡᠨᠡ ᠬᠦ᠌ ᠬᠡᠰᠡᠭ ᠠᠮᠢ ᠠᠬᠤᠢ᠎ᠶᠢᠨ ᠲᠡᠪᠢᠰᠬᠡᠷ ᠦᠩᠬᠡ ᠵᠢ ᠨᠡᠩ ᠦᠵᠡᠰᠬᠦᠯᠡᠩᠲᠦ ᠰᠠᠢᠬᠠᠨ ᠪᠣᠯᠭᠠᠨ ᠬᠠᠮᠠᠭᠠᠯᠠᠨ᠎ᠠ》 ᠭᠡᠵᠦ ᠪᠠᠨ ᠰᠢᠤ ᠫᠢᠩ ᠬᠡᠯᠡᠪᠡ᠃

ᠥᠪᠥᠷ ᠮᠣᠩᠭᠣᠯ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠠᠮᠢ ᠠᠬᠤᠢ᠎ᠶᠢᠨ ᠰᠢᠰᠲᠧᠮ᠎ᠦᠨ ᠲᠥᠷᠥᠯ ᠵᠦᠢᠯ ᠣᠯᠠᠨ ᠶᠠᠩᠵᠤ ᠪᠠᠢᠳᠠᠭ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠢᠮᠠᠭᠲᠠ ᠰᠡᠳᠬᠢᠯ᠎ᠳᠡᠭᠡᠨ ᠪᠤᠳᠤᠭᠰᠠᠭᠠᠷ ᠢᠷᠡᠵᠠᠢ᠃

《ᠬᠢᠬᠢᠷᠢ᠎ᠶᠢᠨ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠪᠠᠷᠠᠭᠤᠨ ᠡᠭᠦᠳᠡ᠎ᠪᠡᠷ ᠣᠷᠣᠵᠤ᠂ ᠮᠣᠳᠣᠨ ᠬᠥᠭᠥᠷᠭᠡᠨ ᠵᠠᠮ᠎ᠢᠶᠠᠷ ᠵᠡᠭᠦᠨ ᠡᠮᠦᠨᠡᠰᠢ ᠪᠠᠨ 10 ᠭᠠᠷᠤᠢ ᠮᠸᠲᠷ ᠶᠠᠪᠤᠪᠠᠯ ᠳᠠᠷᠤᠢ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠪᠠᠢᠷᠢᠯᠠᠭᠤᠯᠤᠨ ᠲᠠᠯᠪᠢᠭ᠍ᠰᠠᠨ ᠦᠵᠡᠭᠦᠯᠭᠡ᠎ᠶᠢᠨ ᠰᠠᠮᠪᠠᠷ᠎ᠠ᠎ᠵᠢᠨ ᠲᠡᠷᠭᠡᠳᠡ ᠬᠦᠷᠦᠨ᠎ᠠ᠃ ᠡᠨᠳᠡ ᠪᠢ ᠶᠡᠷᠦᠩᠬᠡᠢ ᠱᠦᠵᠢ ᠰᠢ ᠵᠢᠨ ᠫᠢᠩ᠎ᠳᠦ ᠬᠠᠷᠢᠭᠤ ᠮᠡᠳᠡᠭᠦᠯᠦᠯᠲᠡ ᠬᠢᠭᠰᠡᠨ ᠶᠤᠮ》᠃ 10 ᠰᠠᠷ᠎ᠠ᠎ᠶᠢᠨ 16᠎ᠤ᠋ ᠣᠷᠣᠢ᠂ ᠬᠠᠷᠢᠭᠤ ᠮᠡᠳᠡᠭᠦᠯᠬᠦ ᠦᠶ᠎ᠡ᠎ᠶᠢᠨ ᠪᠠᠢᠳᠠᠯ᠎ᠢᠶᠠᠨ ᠡᠷᠭᠢᠴᠡᠭᠦᠯᠬᠦ᠎ᠳ᠋ᠡᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠨᠠᠮ ᠎ᠤᠨ  ᠤᠳᠤᠷᠢᠳᠬᠤ ᠳᠤᠭᠤᠢᠯᠠᠩ ᠎ᠤᠨ  ᠪᠦᠷᠢᠯᠳᠦᠭᠦᠨ᠂  ᠳᠡᠳ᠋  ᠲᠣᠪᠴᠢᠶᠠᠨ  ᠳᠠᠷᠤᠭ᠎ᠠ  ᠦ᠋  ᠭᠦᠸᠧ  ᠴᠢᠩ  ᠮᠥᠨ  ᠬᠦ᠌  ᠰᠡᠳᠬᠢᠯ  ᠳᠣᠭᠳᠣᠯᠵᠤ  ᠪᠠᠢᠯ᠎ᠠ᠃  ᠲᠡᠷᠡ ᠄  《 ᠶᠡᠷᠦᠩᠬᠡᠢ  ᠱᠦᠵᠢ  ᠰᠢ ᠵᠢᠨ ᠫᠢᠩ ᠮᠠᠰᠢ ᠡᠶᠡᠯᠰᠡᠭ ᠳᠣᠲᠣᠨᠣ᠌᠂ ᠶᠡᠷᠦᠩᠬᠡᠢ ᠱᠦᠵᠢ ᠰᠢ ᠵᠢᠨ ᠫᠢᠩ᠎ᠳᠦ ᠪᠦᠬᠦ ᠣᠷᠣᠨ᠎ᠤ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠬᠠᠮᠠᠭᠠᠯᠠᠯᠲᠠ᠎ᠶᠢᠨ ᠪᠠᠢᠳᠠᠯ᠎ᠢ ᠬᠠᠷᠢᠭᠤ ᠮᠡᠳᠡᠭᠦᠯᠦᠭᠰᠡᠨ᠎ᠳ᠋ᠡᠬᠡᠨ ᠪᠢ ᠲᠤᠢᠯ᠎ᠢᠶᠠᠷ ᠤᠷᠮᠠᠰᠢᠨ ᠵᠣᠷᠢᠭ᠍ᠵᠢᠵᠤ᠂ ᠲᠤᠢᠯ᠎ᠤᠨ ᠢᠷᠠᠭᠤ ᠠᠯᠳᠠᠷ᠎ᠲᠠᠢ ᠰᠠᠨᠠᠭᠳᠠᠵᠤ ᠪᠠᠢᠨ᠎ᠠ!》 ᠬᠡᠵᠦ ᠲᠤᠭᠳᠤᠯᠤᠨ ᠬᠡᠯᠡᠪᠡ᠃

ᠦ᠋ ᠭᠦᠸᠧ ᠴᠢᠩ ᠲᠠᠨᠢᠯᠴᠠᠭᠤᠯᠬᠤ᠎ᠳᠠᠭᠠᠨ᠄ 《ᠪᠢ ᠥᠪᠥᠷ ᠮᠣᠩᠭᠣᠯ᠎ᠤᠨ 〈ᠤᠮᠠᠷᠠᠲᠤ᠎ᠶᠢᠨ ᠭᠤᠷᠪᠠᠨ ᠣᠷᠣᠨ〉᠎ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ 2023 ᠣᠨ᠎ᠡᠴᠡ ᠨᠠᠭᠠᠰᠢ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢ ᠨᠡᠶ᠋ᠢᠲᠡ 1.3 ᠳ᠋ᠦᠩᠰᠢᠭᠤᠷ ᠮᠦ᠍ ᠪᠡᠶᠡᠯᠡᠭᠦᠯᠵᠦ᠂ ᠲᠦᠷᠦᠭᠦᠦ ᠲᠠᠪᠤᠨ ᠬᠤᠭᠤᠴᠠᠭᠠᠨ᠎ᠤ ᠢᠨᠵᠧᠨᠧᠷᠢᠩ᠎ᠢ ᠪᠡᠶᠡᠯᠡᠭᠦᠯᠦᠭᠰᠡᠨ ᠬᠡᠮᠵᠢᠶ᠎ᠡ᠎ᠶᠢᠨ 85% ᠲᠠᠢ ᠲᠡᠩᠴᠡᠵᠦ᠂ ᠪᠥᠬᠥ ᠣᠷᠣᠨ᠎ᠤ ᠣᠶ ᠰᠢᠭᠤᠢ᠎ᠶᠢᠨ ᠪᠦᠷᠬᠦᠴᠡ᠎ᠶᠢᠨ ᠨᠣᠷᠮ᠎ᠠ᠂ ᠪᠠᠢᠭᠠᠯᠢ᠎ᠶᠢᠨ ᠨᠤᠲᠤᠭ ᠪᠡᠯᠴᠢᠭᠡᠷ᠎ᠦᠨ ᠶᠡᠷᠦᠩᠬᠡᠢᠯᠡᠭᠰᠡᠨ ᠤᠷᠭᠤᠮᠠᠯ᠎ᠤᠨ ᠬᠤᠴᠢᠯᠭ᠎ᠠ᠎ᠶᠢᠨ ᠬᠡᠮᠵᠢᠶ᠎ᠡ ᠴᠥᠮ ᠨᠡᠯᠢᠶᠡᠳ ᠶᠡᠬᠡ ᠬᠡᠮᠵᠢᠶ᠎ᠡ᠎ᠪᠡᠷ ᠳᠡᠭᠡᠭᠰᠢᠯᠡᠵᠦ᠂ ᠢᠯᠠᠩᠭᠤᠶ᠎ᠠ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ᠎ᠶᠢᠨ ᠵᠠᠰᠠᠯᠲᠠ᠎ᠶᠢᠨ ᠨᠣᠷᠮ᠎ᠠ 56.4%᠎ᠳ᠋ᠤ ᠬᠦᠷᠴᠦ᠂ 2019 ᠣᠨ᠎ᠤ ᠵᠢᠷᠭᠤᠳᠤᠭᠠᠷ ᠤᠳᠠᠭ᠎ᠠ᠎ᠶᠢᠨ ᠴᠦᠯᠯᠡᠷᠭᠡᠭᠵᠢᠯ᠎ᠢ ᠬᠢᠨᠠᠨ ᠬᠡᠮᠵᠢᠭᠰᠡᠨ ᠦᠶ᠎ᠠ ᠵᠢᠨ ᠬᠢ᠎ᠡᠴᠡ ᠵᠠᠭᠤᠨ᠎ᠤ ᠬᠠᠷᠢᠴᠠᠯ᠎ᠢᠶᠡᠷ 17.78 ᠬᠤᠪᠢ ᠳᠡᠭᠡᠭᠰᠢᠯᠡᠭᠰᠡᠨ᠎ᠢ ᠬᠠᠷᠢᠭᠤ ᠮᠡᠳᠡᠭᠦᠯᠪᠡ》 ᠭᠡᠵᠡᠢ᠃

《ᠶᠡᠷᠦᠩᠬᠡᠢ ᠱᠦᠵᠢ ᠰᠢ ᠵᠢᠨ ᠫᠢᠩ ᠬᠥᠪᠴᠢ᠎ᠶᠢᠨ ᠡᠯᠡᠰᠦ ᠪᠠ ᠮᠤᠤᠠᠤᠰᠤ ᠵᠢᠨ ᠡᠯᠡᠰᠦᠷᠬᠡᠭ ᠭᠠᠵᠠᠷ᠎ᠤᠨ ᠵᠠᠰᠠᠯᠲᠠ᠂ ᠪᠡᠯᠴᠢᠬᠡᠷ᠎ᠤᠨ ᠳᠠᠭᠠᠭᠠᠴᠠ᠎ᠡᠴᠡ ᠬᠡᠲᠦᠷᠡᠲᠡᠯ᠎ᠡ ᠪᠡᠯᠴᠢᠬᠡᠷᠯᠡᠬᠦᠯᠬᠦ᠎ᠵᠢ᠎ᠵᠠᠰᠠᠬᠤ ᠪᠠ 〈ᠬᠦᠯᠦᠨ ᠨᠠᠭᠤᠷ ᠤᠯᠠᠭᠠᠨᠰᠤᠬᠠᠢ ᠳᠠᠭ᠎ᠠ᠎ᠶᠢᠨ ᠨᠠᠭᠤᠷ〉 ᠵᠡᠷᠭᠡ ᠨᠠᠭᠤᠷ ᠴᠥᠭᠥᠷᠥᠮ᠎ᠦᠨ ᠵᠠᠰᠠᠯᠲᠠ᠎ᠶᠢᠨ ᠠᠰᠠᠭᠤᠳᠠᠯ᠎ᠢ ᠣᠯᠠᠨ ᠤᠳᠠᠭ᠎ᠠ ᠠᠰᠠᠭᠤᠵᠤ᠂ ᠮᠠᠨ᠎ᠤ ᠣᠷᠣᠨ᠎ᠤ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠵᠢ ᠵᠠᠰᠠᠬᠤ᠎ᠳᠤ ᠠᠪᠤᠭᠰᠠᠨ ᠵᠠᠰᠠᠯᠲᠠ᠎ᠶᠢᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ᠎ᠶᠢ ᠨᠠᠷᠢᠨ ᠣᠢᠯᠠᠭᠠᠬᠰᠡᠨ᠎ᠪᠠᠢᠨ᠎ᠠ》 ᠭᠡᠵᠦ ᠦ᠋ ᠭᠦᠸᠧ ᠴᠢᠩ ᠬᠡᠯᠡᠪᠡ᠃



         ᠭᠤᠢᠳᠠ ᠦᠵᠡᠮᠵᠢ ᠲᠠᠢ ᠬᠢᠬᠢᠷᠢ ᠵᠢᠨ ᠨᠠᠭᠤᠷ


ᠶᠡᠷᠦᠩᠬᠡᠢ ᠱᠦᠵᠢ ᠰᠢ ᠵᠢᠨ ᠫᠢᠩ ᠰᠢᠨᠵᠢᠯᠡᠨ ᠪᠠᠢᠴᠠᠭᠠᠬᠤ᠎ᠳᠠᠭᠠᠨ᠂ ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠪᠠᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠪᠡᠶᠡᠯᠡᠬᠦᠯᠬᠦ᠎ᠵᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃

ᠦ᠋ ᠭᠦᠸᠧ ᠴᠢᠩ᠄ 《ᠲᠠᠷᠠᠭᠠᠴᠢ᠎ᠶᠢᠨ ᠠᠯᠬᠤᠮ᠎ᠳᠤ᠂ ᠪᠢᠳᠡ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠴᠢ ᠡᠨᠡᠷᠢᠯ ᠳ᠋ᠤ ᠲᠠᠯᠠᠷᠬᠠᠨ ᠡᠷᠡᠮᠡᠬᠡᠢᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ 〈ᠬᠦᠯᠦᠨ ᠨᠠᠭᠤᠷ ᠤᠯᠠᠭᠠᠨᠰᠤᠬᠠᠢ ᠳᠠᠭ᠎ᠠ᠎ᠵᠢᠨ ᠨᠠᠭᠤᠷ〉᠂ ᠴᠠᠭᠠᠨᠨᠠᠭᠤᠷ᠂ ᠬᠢᠬᠢᠷᠢ᠎ᠵᠢᠨ ᠨᠠᠭᠤᠷ ᠵᠡᠷᠭᠡ ᠴᠢᠬᠤᠯᠠ ᠨᠤᠭᠤ ᠭᠠᠵᠠᠷ᠎ᠤᠨ ᠤᠰᠤᠨ᠎ᠤ ᠠᠮᠢ ᠠᠬᠤᠢ᠎ᠶᠢᠨ ᠬᠠᠮᠠᠭᠠᠯᠠᠯᠲᠠ ᠪᠠ ᠪᠥᠬᠥ ᠰᠠᠪᠠ ᠭᠠᠵᠠᠷ᠎ᠤᠨ ᠵᠠᠰᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠤᠭᠤ ᠭᠠᠵᠠᠷ᠎ᠤᠨ ᠤᠤᠭᠠᠯ ᠦᠨᠡᠨ ᠲᠦᠷᠬᠦ᠎ᠵᠢ ᠰᠠᠬᠢᠨ ᠬᠠᠮᠠᠭᠠᠯᠠᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠨ᠂ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠦᠨ᠎ᠡ》 ᠭᠡᠪᠡ᠃

ᠲᠦᠮᠡᠨ   ᠭᠠᠵᠠᠷ  ᠎ᠤᠨ  ᠠᠶᠠᠨ  ᠎ᠳ᠋ᠤ  ᠡᠬᠦᠷᠬᠡ  ᠬᠦᠨᠳᠤ  ᠵᠠᠮ  ᠬᠤᠯᠠ ᠃   ᠪᠢᠳᠡ   ᠶᠡᠷᠦᠩᠬᠡᠢ  ᠱᠦᠵᠢ  ᠰᠢ ᠵᠢᠨ ᠫᠢᠩ᠎ᠦᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠴᠤᠴᠠᠯᠲᠠ ᠦᠭᠡᠢ ᠴᠢᠷᠮᠠᠢᠬᠤ ᠬᠠᠳᠠᠭᠤ ᠳᠠᠭᠠᠭᠠᠮᠠᠭᠠᠢ ᠵᠣᠷᠢᠭ᠋᠎ᠢᠶᠠᠷ ᠡᠨᠡ ᠬᠦ᠌ ᠨᠣᠮᠢᠨ ᠨᠣᠭᠣᠭᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ᠎ᠢ ᠰᠠᠢᠲᠤᠷ ᠰᠠᠬᠢᠨ ᠬᠠᠮᠠᠭᠠᠯᠠᠵᠤ᠂ ᠦᠷ᠎ᠡ ᠬᠣᠢᠴᠢᠰ᠎ᠲᠠᠭᠠᠨ ᠲᠡᠭᠷᠢ ᠨᠢ ᠴᠡᠯᠮᠡᠭ᠂ ᠬᠦᠷᠦᠰᠦ ᠨᠢ ᠨᠣᠭᠣᠭᠠᠨ᠂ ᠤᠰᠤ ᠨᠢ ᠲᠤᠩᠭᠠᠯᠠᠭ ᠦᠵᠡᠰᠬᠦᠯᠡᠩᠲᠦ ᠰᠠᠢᠬᠠᠨ ᠭᠡᠷ ᠣᠷᠣᠨ᠎ᠢ ᠦᠯᠡᠳᠡᠭᠡᠵᠦ ᠦᠭᠬᠦᠨ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ ᠰᠦᠷᠯᠢᠭ ᠦᠵᠡᠮᠵᠢᠳᠤ ᠵᠢᠷᠤᠭ ᠳᠡᠭᠡᠷ᠎ᠡ᠂ ᠰᠢᠨ᠎ᠡ ᠴᠠᠭ ᠦᠶ᠎ᠡ᠎ᠶᠢᠨ ᠨᠤᠮᠢᠨ ᠨᠤᠭᠤᠭᠠᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠶ᠎ᠠ᠃

( ᠰᠤᠷᠪᠤᠯᠵᠢᠯᠠᠨ ᠮᠡᠳᠡᠭᠡᠯᠡᠭᠰᠡᠨ ᠪᠦᠯᠬᠦᠮ ᠄  ᠼᠦᠢ ᠨᠠᠨ       ᠬᠤᠸᠠᠩ ᠹᠦ ᠮᠧᠶ ᠰᠢᠶᠠᠨ        ᠢᠦᠢ ᠲᠤᠤ      ᠵᠣᠣ ᠨᠠ     ᠵᠠᠩ ᠬᠣᠶ ᠯᠢᠩ      ᠯᠢᠦ ᡁᠢ ᠰᠢᠶᠠᠨ      ᠸᠠᠩ ᠬᠤᠤ      ᠴᠧᠩ ᠶᠢᠩ ᠵᠢᠶᠦ᠋ᠨ      ᠯᠢ ᠴᠤᠤ ᠷᠠᠨ    ᠺᠠᠩ ᠯᠢ ᠨᠠ        ᠪᠠᠢ ᠳ᠋ᠠᠨ        ᠵᠠᠩ ᠺᠦᠢ    ᠮᠥᠩᠬᠡᠴᠢᠯᠠᠭᠤ  ᠬᠤᠢᠲᠤᠠᠤᠯᠤᠰ       ᠭᠤᠤ ᠬᠣᠶ    ᠯᠢ ᠵᠦᠸᠸ      ᠸᠠᠩ ᠯᠧᠢ      ᠭᠧᠩ ᠰᠢᠨ     ᠬᠠᠢ ᠵᠢᠶᠦ᠋ᠨ     ᠯᠢ  ᠬᠣᠶ  ᠹᠠᠩ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠰᠢᠨᠬᠤᠸᠠ ᠬᠤᠷᠢᠶ᠎ᠠ
兼容浏览器的HTML页面