2026-10-18 15:00:28
10 ᠰᠠᠷ᠎ᠠ᠎ᠶᠢᠨ 17 ᠤ᠋ ᠡᠳᠦᠷ᠎ᠦᠨ ᠥᠷᠯᠥᠭᠡ᠂ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠡᠪᠡᠰᠦ ᠮᠣᠳᠣ᠌ ᠠᠯᠠᠬᠯᠠᠨ ᠰᠢᠷᠭᠠᠯᠳᠤᠵᠤ᠂ ᠣᠨᠴᠠᠭᠠᠶ ᠭᠤᠢᠳᠡ ᠬᠠᠷᠠᠬᠳᠡᠨᠠ᠃
ᠬᠢᠬᠢᠷᠢ᠎ᠶᠢᠨ ᠨᠠᠭᠤᠷ᠎ᠤᠨ ᠬᠥᠪᠡᠭᠡᠨᠠ᠂ ᠤᠰᠤᠨ᠎ᠤ ᠰᠢᠪᠠᠭᠤᠳ ᠲᠡᠬᠦᠯᠢᠨ ᠨᠢᠰᠦᠨ᠎ᠡ᠂ ᠡᠨᠡ ᠪᠣᠯ ᠣᠲᠣ᠌᠎ᠶᠢᠨ ᠬᠢᠬᠢᠷᠢ᠎ᠶᠢᠨ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠦᠵᠡᠮᠵᠢ ᠮᠥᠨ᠂ ᠣᠢᠷ᠎ᠠ᠎ᠶᠢᠨ ᠵᠢᠯ᠎ᠦᠳ᠎ᠲᠦ ᠬᠤᠷ᠎ᠠ ᠲᠤᠨᠳᠠᠰᠤ ᠨᠡᠮᠡᠭᠳᠡᠭᠰᠡᠨ ᠪᠠ ᠰᠢᠰᠲᠧᠮᠲᠦ ᠴᠢᠨᠠᠷᠲᠠᠢ ᠵᠠᠰᠠᠵᠤ ᠰᠡᠷᠭᠦᠭᠡᠭᠰᠡᠨ ᠬᠠᠮᠲᠤ᠎ᠶᠢᠨ ᠦᠷ᠎ᠡ ᠪᠦᠲᠦᠭᠡᠯ ᠮᠥᠨ᠃
10 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠬᠢᠬᠢᠷᠢ᠎ᠶᠢᠨ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠳᠤ ᠬᠦᠷᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠢᠩᠭᠠᠳᠬᠠᠭᠰᠠᠨ ᠪᠠ ᠲᠤᠬᠠᠢ᠎ᠶᠢᠨ ᠭᠠᠵᠠᠷ᠎ᠤᠨ ᠬᠢᠬᠢᠷᠢ᠎ᠶᠢᠨ ᠨᠠᠭᠤᠷ᠎ᠤᠨ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ᠂ ᠠᠮᠢ ᠠᠬᠤᠢ᠎ᠶᠢᠨ ᠰᠢᠰᠲᠧᠮ᠎ᠢ ᠰᠡᠷᠭᠦᠭᠡᠨ ᠵᠠᠰᠠᠬᠤ ᠠᠵᠢᠯ᠎ᠢ ᠠᠬᠢᠭᠤᠯᠤᠭᠰᠠᠨ ᠵᠡᠷᠭᠡ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠤᠭᠰᠠᠨ ᠪᠥᠭᠡᠳ ᠤᠰᠤᠨ᠎ᠤ ᠬᠥᠪᠡᠭᠡ ᠭᠤᠤᠯ ᠤᠨ ᠰᠠᠢᠷᠭᠠᠯ᠎ᠤᠨ ᠠᠮᠢ ᠠᠬᠤᠢ᠂ ᠣᠷᠣᠰᠢᠨ ᠠᠮᠢᠳᠤᠷᠠᠵᠤ ᠪᠠᠢᠭ᠎ᠠ ᠰᠢᠪᠠᠭᠤᠨ᠎ᠤ ᠲᠥᠷᠥᠯ ᠵᠡᠷᠭᠡ᠎ᠶᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠪᠡ᠃
ᠬᠢᠬᠢᠷᠢ᠎ᠶᠢᠨ ᠨᠠᠭᠤᠷ ᠪᠣᠯ ᠳᠣᠲᠣᠭᠠᠳᠤ ᠬᠠᠭᠤᠷᠠᠢ᠎ᠶᠢᠨ ᠪᠢᠲᠡᠭᠦᠮᠵᠢ᠎ᠳᠤ ᠮᠠᠶᠢᠭ᠋᠎ᠤᠨ ᠨᠠᠭᠤᠷ ᠪᠠᠢᠵᠤ᠂ ᠠᠭᠤᠷ ᠠᠮᠢᠰᠬᠤᠯ ᠵᠡᠷᠬᠡ᠎ᠶᠢᠨ ᠨᠥᠯᠥᠭᠡ᠎ᠪᠡᠷ ᠨᠢᠭᠡ ᠦᠶ᠎ᠡ ᠬᠠᠳᠠᠵᠤ ᠰᠢᠷᠭᠢᠬᠦ ᠰᠢᠬᠠᠵᠠᠢ᠃ ᠣᠯᠠᠨ ᠵᠢᠯ᠎ᠦᠨ ᠶᠡᠷᠦᠩᠬᠡᠢᠯᠡᠭᠰᠡᠨ ᠵᠠᠰᠠᠯᠲᠠ᠎ᠪᠠᠷ ᠳᠠᠮᠵᠢᠨ᠂ ᠤᠰᠤᠨ ᠣᠷᠣᠨ᠎ᠤ ᠲᠠᠯᠠᠪᠠᠢ ᠠᠯᠬᠤᠮ ᠠᠯᠬᠤᠮ᠎ᠢᠶᠠᠷ ᠰᠡᠷᠭᠦᠨ ᠥᠷᠭᠡᠵᠢᠪᠡ᠃
《ᠶᠡᠷᠦᠩᠬᠡᠢ ᠱᠦᠵᠢ ᠮᠠᠰᠢ ᠬᠢᠨᠠᠮᠠᠭᠠᠢ ᠰᠣᠨᠣᠰᠴᠤ ᠂ ᠡᠨᠡ ᠬᠡᠳᠦᠨ ᠵᠢᠯ ᠦᠨ ᠤᠰᠤᠨ ᠤ ᠭᠠᠳᠠᠷᠭᠤ ᠶᠢᠨ ᠬᠤᠪᠢᠷᠠᠯᠲᠠ ᠪᠣᠯᠣᠨ ᠵᠢᠭᠠᠰᠤᠨ ᠤ ᠲᠦᠷᠦᠯ ᠦᠨ ᠠᠵᠢᠯᠯᠠᠭ᠎ᠠ ᠶᠢ ᠨᠠᠷᠢᠨ ᠠᠰᠠᠭᠤᠪᠠ》 ᠬᠡᠵᠦ ᠶᠡᠷᠦᠩᠬᠡᠢ ᠱᠦᠵᠢ ᠰᠢ ᠵᠢᠨ ᠫᠢᠩ᠎ᠲᠠᠢ ᠤᠴᠠᠷᠠᠬᠰᠠᠨ ᠲᠤᠬᠠᠢ᠎ᠶᠢᠨ ᠦᠶ᠎ᠡ᠎ᠶᠢᠨ ᠪᠠᠢᠳᠠᠯ᠎ᠢᠶᠡᠨ ᠡᠷᠭᠢᠴᠡᠭᠦᠯᠬᠦ᠎ᠳᠦ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠨᠠᠮ᠎ᠤᠨ ᠬᠣᠷᠢᠶ᠎ᠠ᠎ᠶᠢᠨ ᠱᠦᠵᠢ ᠪᠠᠨ ᠰᠢᠤ ᠫᠢᠩ ᠮᠦᠨ ᠯᠡ ᠰᠡᠳᠬᠢᠯ ᠲᠤᠭᠳᠤᠯᠤᠩᠬᠠᠨ ᠪᠠᠢᠨ᠎ᠠ᠃ 《ᠪᠢ ᠶᠡᠷᠦᠩᠬᠡᠢ ᠱᠦᠵᠢ᠎ᠳᠦ ᠵᠢᠭᠠᠰᠤᠨ ᠰᠦᠷᠦᠭ ᠳᠠᠬᠢᠨ ᠢᠯᠡᠷᠡᠭᠰᠡᠨ ᠲᠤᠬᠠᠢ ᠬᠠᠷᠢᠭᠤ ᠮᠡᠳᠡᠭᠦᠯᠬᠦ ᠦᠶ᠎ᠡ᠎ᠳᠦ ᠶᠡᠷᠦᠩᠬᠡᠢ ᠱᠦᠵᠢ ᠮᠠᠰᠢ ᠪᠠᠶᠠᠷᠲᠠᠢ ᠪᠠᠢᠯ᠎ᠠ᠃ ᠶᠡᠷᠦᠩᠬᠡᠢ ᠱᠦᠵᠢ ᠪᠠᠰᠠ ᠠᠵᠢᠭ᠍ᠯᠠᠯᠳᠠ᠎ᠶᠢᠨ ᠲᠠᠪᠴᠠᠩ᠎ᠳᠤ ᠭᠠᠷᠴᠤ᠂ ᠳᠤᠷᠠᠨ᠎ᠢᠶᠠᠷ ᠠᠯᠤᠰ᠎ᠤᠨ ᠨᠡᠭᠦᠳᠡᠯ᠎ᠦᠨ ᠰᠢᠪᠠᠭᠤᠳ᠎ᠢ ᠪᠠᠷᠠᠯᠠᠪᠠ》 ᠬᠡᠵᠠᠢ᠃
ᠶᠡᠷᠦᠩᠬᠡᠢ ᠱᠦᠵᠢ ᠰᠢ ᠵᠢᠨ ᠫᠢᠩ᠂ ᠨᠤᠭᠤ ᠭᠠᠵᠠᠷ ᠢ ᠬᠠᠮᠠᠭᠠᠯᠠᠬᠤ ᠳᠤ ᠬᠠᠮᠤᠭ᠎ᠤᠨ ᠴᠢᠬᠤᠯᠠ ᠨᠢ ᠤᠩᠭᠤᠨ ᠪᠠᠢᠭᠠᠯᠢᠯᠢᠭ ᠠᠮᠢ ᠠᠬᠤᠢ᠎ᠶᠢ ᠪᠠᠳᠤᠯᠠᠬᠤ᠎ᠳᠤ ᠪᠤᠢ᠃ ᠪᠠᠢᠭᠠᠯᠢ᠎ᠶᠢ ᠬᠦᠨᠳᠦᠳᠬᠡᠬᠦ᠂ ᠪᠠᠢᠭᠠᠯᠢ᠎ᠲᠠᠢ ᠵᠣᠬᠢᠴᠠᠬᠤ᠂ ᠪᠠᠢᠭᠠᠯᠢ᠎ᠶᠢ ᠬᠠᠮᠠᠭᠠᠯᠠᠬᠤ᠎ᠶᠢ ᠪᠠᠷᠢᠮᠲᠠᠯᠠᠵᠤ᠂ ᠨᠤᠭᠤ ᠭᠠᠵᠠᠷ ᠤ᠋ᠨ ᠬᠠᠮᠠᠭᠠᠯᠠᠯᠳᠠ ᠵᠢᠨ ᠬᠠᠤᠯᠢ᠎ᠶᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭᠠᠯᠠᠬᠤ ᠬᠡᠷᠡᠭᠲᠡᠢ᠃ ᠮᠠᠭᠤᠳᠠᠭᠰᠠᠨ ᠨᠤᠭᠤ ᠭᠠᠵᠠᠷ᠎ᠤᠨ ᠠᠮᠢ ᠠᠬᠤᠢ᠎ᠶᠢᠨ ᠰᠢᠰᠲᠧᠮ᠎ᠳᠦ᠂ ᠠᠶᠠᠨᠳᠠᠭᠠᠨ ᠰᠡᠷᠭᠦᠬᠦ᠎ᠪᠡᠷ ᠭᠣᠣᠯ ᠪᠣᠯᠭᠠᠬᠤ᠂ ᠬᠥᠮᠥᠨ᠎ᠦ ᠬᠦᠴᠦ ᠤᠷᠤᠭᠤᠯᠬᠤ᠎ᠪᠡᠷ ᠬᠠᠪᠰᠤᠷᠤᠮᠵᠢ ᠪᠣᠯᠭᠠᠬᠤ ᠵᠢ ᠪᠠᠷᠢᠮᠳᠠᠯᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠎ᠪᠠᠷ ᠰᠡᠷᠭᠦᠭᠡᠬᠦ ᠬᠡᠷᠡᠭᠲᠡᠢ ᠬᠡᠵᠦ ᠴᠢᠬᠤᠯᠠᠴᠢᠯᠠᠪᠠ᠃
ᠪᠠᠨ ᠰᠢᠤ ᠫᠢᠩ᠂ 《ᠪᠢᠳᠡ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠡᠨᠡ ᠬᠦ᠌ ᠨᠠᠭᠤᠷ ᠴᠦᠬᠦᠷᠦᠮ ᠨᠤᠭᠤ ᠭᠠᠵᠠᠷ ᠵᠢᠡᠨ ᠦᠷᠭᠦᠯᠵᠢᠯᠡᠨ ᠰᠠᠢᠲᠤᠷ ᠰᠠᠬᠢᠨ ᠬᠠᠮᠠᠭᠠᠯᠠᠨ᠎ᠠ》 ᠬᠡᠯ᠎ᠠ᠃
2025 ᠣᠨ᠎ᠤ ᠡᠴᠦᠰ ᠪᠣᠯᠲᠠᠯ᠎ᠠ᠂ ᠬᠢᠬᠢᠷᠢ᠎ᠶᠢᠨ ᠨᠠᠭᠤᠷ᠎ᠤᠨ ᠤᠰᠤᠨ᠎ᠤ ᠲᠠᠯᠠᠪᠠᠶ 78.25 ᠲᠡᠭᠰᠢ ᠳᠥᠷᠪᠡᠯᠵᠢᠨ ᠺᠢᠯᠣᠮᠧᠲᠷ᠎ᠲᠦ ᠬᠦᠷᠴᠡᠢ᠃ ᠠᠮᠢᠳᠤ ᠪᠣᠳᠠᠰ᠎ᠤᠨ ᠳᠦᠷᠰᠦ᠎ᠶᠢᠨ ᠰᠦᠷᠦᠭᠵᠢᠯ ᠪᠠᠰᠠ ᠦᠷᠭᠦᠯᠵᠢᠯᠡᠨ ᠪᠠᠶᠠᠯᠢᠭ᠍ᠵᠢᠵᠤ ᠂ ᠣᠳᠣ᠌ ᠨᠢᠭᠡᠨᠲᠡ ᠢᠯᠡᠷᠡᠭᠦᠯᠦᠭᠰᠡᠨ ᠰᠢᠪᠠᠭᠤᠨ᠎ᠤ ᠲᠥᠷᠥᠯ 168 ᠵᠦᠢᠯ ᠪᠤᠶ᠃
ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠲᠠᠯ᠎ᠠ᠎ᠪᠠᠷ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ ᠴᠤ᠌ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠣᠯᠭᠣᠬᠤ᠎ᠶᠢ ᠲᠠᠰᠤᠷᠠᠯᠲᠠ ᠦᠭᠡᠢ ᠴᠢᠩᠭᠠᠳᠬᠠᠵᠤ᠂ 《ᠬᠠᠮᠠᠭᠠᠯᠠᠯᠳᠡ》᠎ᠶ᠋ᠢᠨ ᠦᠢᠯᠡᠳᠦᠯ᠎ᠢ ᠭᠦᠢᠴᠡᠳ ᠢᠯᠡᠷᠡᠭᠦᠯᠪᠡ᠃
ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠢᠬᠢᠷᠢ᠎ᠶᠢᠨ ᠨᠠᠭᠤᠷ᠎ᠤᠨ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠸᠠᠩ ᠱᠤᠤ ᠵᠢᠶᠦ᠋ᠨ ᠄ 《 ᠪᠢᠳᠡ ᠣᠶᠤᠨᠴᠢ ᠬᠢᠨᠠᠨ ᠡᠵᠡᠮᠳᠡᠯ᠎ᠤᠨ ᠲᠠᠪᠴᠠᠩ᠎ᠤᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠵᠤ ᠂ ᠸᠢᠳᠢᠤ᠋ ᠪᠡᠷ ᠬᠢᠨᠠᠨ ᠡᠵᠡᠮᠳᠡᠬᠦ᠂ ᠣᠶᠤᠨᠴᠢ᠎ᠪᠠᠷ ᠢᠯᠭᠠᠨ ᠲᠠᠨᠢᠬᠤ᠂ ᠲᠣᠭ᠎ᠠ ᠪᠠᠷᠢᠮᠲᠠ ᠴᠤᠭᠯᠠᠭᠤᠯᠬᠤ ᠵᠡᠷᠭᠡ ᠮᠡᠷᠭᠡᠵᠢᠯ᠎ᠢᠶᠡᠷ ᠳᠡᠮᠵᠢᠨ᠂ ᠨᠡᠭᠦᠳᠡᠯ᠎ᠦᠨ ᠰᠢᠪᠠᠭᠤᠳ᠎ᠤᠨ ᠬᠥᠳᠡᠯᠦᠯ ᠪᠠᠢᠳᠠᠯ᠎ᠢ ᠴᠠᠭ ᠲᠤᠬᠠᠢ ᠳ᠋ᠤᠨᠢ ᠮᠡᠳᠡᠵᠦ᠂ ᠣᠶᠤᠨᠴᠢ᠎ᠪᠠᠷ ᠵᠠᠳᠠᠯᠬᠤ᠎ᠶᠢ ᠪᠦᠲᠦᠮᠵᠢᠲᠡᠶ ᠪᠡᠶᠡᠯᠡᠭᠦᠯᠦᠭᠰᠡᠨ ᠶᠤᠮ》 ᠬᠡᠵᠦ ᠲᠠᠨᠢᠯᠴᠠᠭᠤᠯᠪᠠ᠃
ᠰᠠᠢᠨ ᠰᠠᠢᠬᠠᠨ ᠠᠮᠢ ᠠᠬᠤᠢ ᠣᠷᠴᠢᠨ ᠲᠤᠭᠤᠷᠢᠨ ᠪᠣᠯ ᠬᠠᠮᠤᠭ᠎ᠤᠨ ᠲᠦᠭᠡᠮᠡᠯ ᠬᠠᠷᠠᠭᠠᠯᠵᠠᠯᠲᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠮᠥᠨ᠃ 《ᠨᠤᠮᠢᠨ ᠤᠰᠤ ᠬᠦᠭᠡᠮᠳᠦᠭ ᠠᠭᠤᠯᠠ ᠪᠣᠯ ᠠᠯᠳᠠᠨ ᠠᠭᠤᠯᠠ ᠮᠥᠩᠭᠥᠨ ᠬᠠᠢᠷᠬᠠᠨ ᠮᠥᠨ᠃ ᠬᠢᠬᠢᠷᠢ᠎ᠶᠢᠨ ᠨᠠᠭᠤᠷ᠎ᠢ ᠰᠠᠢᠲᠤᠷ ᠬᠠᠮᠠᠭᠠᠯᠠᠪᠡᠯ᠂ ᠦᠷ᠎ᠡ ᠬᠣᠢᠴᠢᠰᠴᠤ᠌ ᠠᠰᠢᠭ᠋ ᠬᠦᠷᠲᠡᠨ᠎ᠡ》 ᠬᠡᠵᠦ 1963 ᠣᠨ᠎ᠳᠤ ᠲᠦᠷᠦᠭᠰᠡᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠰᠠᠭᠤᠭᠠᠯᠢ ᠠᠷᠠᠳ ᠦ᠋ ᠵᠢᠶᠠᠨ ᠭᠦᠸᠧ ᠬᠢᠬᠢᠷᠢ᠎ᠶᠢᠨ ᠨᠠᠭᠤᠷ᠎ᠤᠨ ᠡᠳᠡᠭᠡᠷ ᠵᠢᠯ᠎ᠦᠳ᠎ᠲᠦ ᠡᠪᠡᠰᠦ ᠪᠡᠯᠴᠢᠭᠡᠷ ᠲᠠᠬᠢᠨ ᠵᠤᠵᠠᠭᠠᠷᠠᠵᠤ᠂ ᠨᠡᠭᠦᠳᠡᠯ᠎ᠦᠨ ᠰᠢᠪᠠᠭᠤᠳ᠎ᠤᠨ ᠰᠦᠷᠦᠭᠯᠡᠨ ᠪᠤᠴᠠᠵᠤ ᠢᠷᠡᠭᠰᠡᠨ ᠪᠠᠢᠳᠠᠯ ᠢ ᠨᠢᠳᠦ᠎ᠪᠡᠷ᠎ᠢᠶᠡᠨ ᠦᠵᠡᠵᠦ᠂ 《ᠮᠠᠨ᠎ᠤ ᠡᠨᠳᠡᠬᠢ ᠤᠰᠤ ᠨᠡᠩ ᠲᠤᠩᠭᠠᠯᠠᠭ᠂ ᠡᠪᠡᠰᠦ ᠨᠡᠩ ᠰᠢᠮᠡᠯᠢᠭ ᠪᠤᠯᠬᠤ᠎ᠵᠢ ᠪᠢ ᠢᠲᠡᠭᠡᠵᠦ ᠪᠠᠢᠨ᠎ᠠ》 ᠬᠡᠵᠡᠢ᠃
(ᠰᠤᠷᠪᠤᠯᠵᠢᠯᠠᠨ ᠮᠡᠳᠡᠭᠡᠯᠡᠭᠰᠡᠨ ᠪᠦᠯᠬᠦᠮ ᠸᠠᠩ ᠬᠤᠤ ᠯᠢ ᠴᠤᠤ ᠷᠠᠨ ᠬᠤᠢ᠍ᠢᠳᠤᠡᠤᠯᠤᠰ ᠸᠠᠩ ᠯᠧᠢ ᠵᠠᠩ ᠬᠤᠢ ᠯᠢᠩ ᠯᠢᠦ ᡁᠢ ᠰᠢᠶᠠᠨ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃