ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-10-18 15:07:41

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠤᠯᠠᠭᠠᠨᠴᠠᠪ᠎ᠲᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠪᠦᠬᠦ ᠣᠷᠣᠨ᠎ᠤ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ


ᠠᠷᠤ ᠭᠠᠵᠠᠷ᠎ᠤᠨ ᠨᠠᠮᠤᠷ᠎ᠤᠨ ᠠᠭᠤᠷ ᠠᠮᠢᠰᠬᠤᠯ ᠥᠳᠬᠡᠷᠡᠵᠦ᠂ ᠬᠢᠬᠢᠷᠢ ᠵᠢᠨ ᠨᠠᠭᠤᠷ ᠲᠤ᠌ ᠤᠰᠤ ᠳᠤᠯᠭᠢᠶᠠᠯᠠᠨ ᠰᠢᠪᠠᠭᠤᠳ ᠵᠢᠷᠭᠢᠵᠦ᠂ ᠡᠪᠡᠰᠦ ᠮᠣᠳᠣ᠌ ᠦᠩᠭᠡ ᠢᠯᠭᠠᠷᠠᠨ ᠠᠮᠢ ᠠᠬᠤᠢ᠎ᠶᠢᠨ ᠬᠤᠪᠢᠷᠠᠯᠲᠠ ᠵᠢ ᠬᠠᠷᠠᠭᠤᠯᠤᠨ᠎ᠠ᠃

10 ᠰᠠᠷ᠎ᠠ᠎ᠶᠢᠨ 16 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠤᠯᠠᠭᠠᠨᠴᠠᠪ ᠬᠣᠲᠠ᠎ᠳᠤ ᠰᠢᠨᠵᠢᠯᠡᠨ ᠪᠠᠢᠴᠠᠭᠠᠬᠤ᠎ᠳᠠᠭᠠᠨ᠂ ᠪᠣᠬᠢᠷᠲᠤᠯ ᠦᠭᠡᠢ ᠬᠥᠭᠵᠢᠯᠲᠡ ᠪᠣᠯ ᠴᠢᠨᠠᠷ ᠰᠠᠢᠲᠠᠢ ᠬᠥᠭᠵᠢᠯᠲᠡ᠎ᠶᠢᠨ ᠪᠠᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠴᠢᠨᠠᠷ ᠰᠠᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠬᠠᠬᠤ᠂ ᠨᠣᠭᠣᠭᠠᠷᠠᠭᠤᠯᠤᠯᠲᠠ᠎ᠶᠢ ᠥᠷᠭᠡᠳᠬᠡᠬᠦ᠂ ᠨᠡᠮᠡᠭᠳᠡᠯ᠎ᠢ ᠪᠡᠶᠡᠯᠡᠬᠦᠯᠬᠦ ᠵᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃



ᠣᠢᠷ᠎ᠠ᠎ᠳᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠤᠯᠠᠭᠠᠨᠮᠣᠳᠤ᠎ᠶᠢᠨ ᠲᠠᠯ᠎ᠠ ᠨᠤᠲᠤᠭ ᠳᠡᠭᠡᠷ᠎ᠡ᠂ ᠤᠯᠠᠭᠠᠨ ᠭᠣᠣᠯ ᠮᠤᠷᠤᠯᠵᠠᠨ ᠤᠷᠤᠰᠴᠤ᠂ ᠠᠯᠲᠠᠨ ᠰᠢᠷᠭᠠᠯ ᠪᠡᠯᠴᠢᠭᠡᠷ ᠳᠡᠭᠡᠷ᠎ᠡ ᠦᠬᠡᠷ ᠬᠣᠨᠢᠳ ᠪᠡᠯᠴᠢᠵᠤ᠂ ᠨᠠᠮᠤᠷ᠎ᠤᠨ ᠲᠠᠯ᠎ᠠ ᠨᠤᠲᠤᠭ᠎ᠲᠤ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃                                              

ᠰᠤᠷᠪᠤᠯᠵᠢᠯᠠᠭ᠍ᠴᠢ    ᠸᠠᠩ ᠯᠧᠢ   ᠰᠡᠭᠦᠳᠡᠷᠯᠡᠪᠡ


ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠦᠬᠦ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠬᠠᠯ ᠭᠠᠷᠪᠠ᠃ ᠤᠯᠠᠨ᠎ᠢᠶᠠᠷ᠎ᠢᠶᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠲᠠᠢ ᠨᠢᠭᠡᠳᠬᠡᠵᠦ ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ᠎ᠶᠢ ᠪᠣᠬᠢᠷᠲᠤᠯ ᠦᠭᠡᠢ ᠬᠥᠭᠵᠢᠯᠲᠡ᠎ᠶᠢ ᠠᠬᠢᠭᠤᠯᠬᠤ ᠠᠮᠢᠳᠤᠯᠢᠭ᠋ ᠦᠢᠯᠡᠳᠦᠯᠭᠡ ᠪᠣᠯᠭᠠᠨ ᠬᠤᠪᠢᠷᠠᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃

ᠰᠢᠰᠲᠧᠮ᠎ᠲᠠᠢ ᠵᠠᠰᠠᠯᠳᠠ ᠪᠡᠷ ᠠᠮᠢ ᠠᠬᠤᠢ᠎ᠶᠢᠨ ᠳᠡᠪᠢᠰᠬᠡᠷ ᠥᠩᠭᠡ᠎ᠶᠢ ᠵᠤᠵᠠᠭᠠᠳᠬᠠᠨ᠎ᠠ

ᠨᠣᠭᠣᠭᠠᠨ ᠥᠩᠭᠡ ᠪᠣᠯ ᠥᠪᠥᠷ ᠮᠣᠩᠭᠣᠯ᠎ᠤᠨ ᠢᠯᠡ ᠲᠣᠳᠣ᠌ ᠳᠡᠪᠢᠰᠬᠡᠷ ᠥᠩᠭᠡ ᠮᠥᠨ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ 《ᠤᠯᠤᠰ᠎ᠤᠨ ᠶᠡᠬᠡ ᠶᠠᠪᠤᠳᠠᠯ》 ᠮᠥᠨ᠃

《〈ᠠᠷᠪᠠᠨ ᠳᠥᠷᠪᠡᠳᠦᠭᠡᠷ ᠲᠠᠪᠤᠨ ᠵᠢᠯ〉 ᠡᠴᠡ ᠨᠠᠭᠠᠰᠢ᠂ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠪᠠ᠃ ᠨᠢᠳᠤᠨᠤᠨ᠂ ᠪᠥᠬᠥ ᠣᠷᠣᠨ᠎ᠤ ᠡᠯ᠎ᠡ ᠠᠢᠮᠠᠭ ᠬᠣᠲᠠ᠎ᠶᠢᠨ ᠠᠭᠠᠷ ᠮᠠᠨᠳᠠᠯ᠎ᠤᠨ ᠶᠠᠰᠤ ᠴᠢᠨᠠᠷ ᠪᠦᠬᠦᠨ᠎ᠢᠶᠡᠷ᠎ᠢᠶᠡᠨ ᠪᠠᠷᠢᠮᠵᠢᠶ᠎ᠠ᠎ᠳᠤ ᠬᠦᠷᠴᠦ᠂ ᠭᠠᠵᠠᠷ ᠳᠡᠭᠡᠷᠡᠬᠢ ᠤᠰᠤᠨ᠎ᠤ ᠤᠯᠤᠰ᠎ᠤᠨ ᠰᠢᠯᠭᠠᠨ ᠪᠠᠢᠴᠠᠭᠠᠯᠲᠠ᠎ᠶᠢᠨ ᠣᠭᠲᠣᠯᠣᠭᠠᠰᠤ ᠳ᠋ᠤ ᠴᠢᠨᠠᠷ ᠮᠠᠭᠤ ᠤᠰᠤ ᠦᠭᠡᠢ ᠪᠤᠯᠵᠤ᠂ PM 2.5 ᠵᠢᠨ ᠳᠤᠮᠳᠠᠴᠢ ᠥᠳᠬᠡᠴᠡ ᠵᠢᠴᠢ ᠤᠯᠤᠰ᠎ᠤᠨ ᠰᠢᠯᠭᠠᠨ ᠪᠠᠢᠴᠠᠭᠠᠯᠲᠠ᠎ᠶᠢᠨ ᠣᠭᠲᠣᠯᠣᠭᠠᠰᠤ᠎ᠶᠢᠨ ᠤᠰᠤᠨ᠎ᠤ ᠰᠢᠯᠢᠳᠡᠭ ᠰᠠᠢᠨ ᠪᠠᠢᠬᠤ ᠬᠠᠷᠢᠴᠠᠯ ᠴᠥᠮ ᠲᠡᠦᠬᠡ᠎ᠶᠢᠨ ᠬᠠᠮᠤᠭ᠎ᠤᠨ ᠰᠠᠢᠨ ᠲᠦᠪᠰᠢᠨ᠎ᠢ ᠡᠭᠦᠳᠴᠦ᠂ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠭᠣᠣᠯ ᠤᠷᠤᠰᠬᠠᠯ᠎ᠤᠨ ᠤᠰᠤᠨ᠎ᠤ ᠴᠢᠨᠠᠷ 6 ᠵᠢᠯ ᠳᠠᠷᠠᠭᠠᠯᠠᠨ Ⅱ ᠲᠦᠷᠦᠯ ᠪᠠᠢᠬᠤ ᠵᠢ ᠪᠠᠲᠤᠯᠠᠵᠤ᠂ ᠭᠣᠣᠯᠳᠠᠯᠭ᠎ᠠ᠎ᠲᠠᠢ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠎ᠢ ᠠᠮᠤᠷ ᠲᠦᠪᠰᠢᠨ᠎ᠢᠶᠡᠷ ᠠᠰᠢᠭ᠍ᠯᠠᠬᠤ᠎ᠶᠢ 5 ᠵᠢᠯ ᠳᠠᠷᠠᠭᠠᠯᠠᠨ ᠪᠦᠲᠦᠮᠵᠢᠲᠡᠶ ᠪᠠᠲᠤᠯᠠᠪᠠ》᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠲᠢᠩᠬᠢᠮ᠎ᠦᠨ ᠳᠡᠳ᠋ ᠳᠠᠷᠤᠭ᠎ᠠ ᠸᠧᠢ ᠾᠧ ᠵᠠᠩ᠂ 《ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  〈1571〉 ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ 〈ᠬᠠᠮᠠᠭᠠᠯᠠᠯᠲᠠ〉 ᠳ᠋ᠤ ᠠᠩᠬᠠᠷᠤᠯ᠎ᠢᠶᠠᠨ ᠲᠥᠪᠯᠡᠷᠡᠭᠦᠯᠦᠨ ᠠᠮᠢ ᠠᠬᠤᠢ᠎ᠶᠢᠨ ᠰᠢᠰᠲᠧᠮ ᠎ᠢ ᠦᠷᠭᠦᠯᠵᠢᠯᠡᠨ ᠰᠢᠯᠢᠳᠡᠭᠵᠢᠭᠦᠯᠵᠦ᠂ 〈ᠵᠠᠰᠠᠯᠲᠠ〉 ᠳ᠋ᠤ ᠠᠩᠬᠠᠷᠤᠯ᠎ᠢᠶᠠᠨ ᠲᠥᠪᠯᠡᠷᠡᠭᠦᠯᠦᠨ ᠪᠣᠬᠢᠷᠲᠤᠯ ᠎ᠢ ᠰᠡᠷᠭᠡᠢᠯᠡᠨ ᠵᠠᠰᠠᠬᠤ ᠪᠣᠭᠣᠮᠲᠠ ᠰᠢᠪᠲᠤᠯᠬᠤ᠎ᠶᠢ ᠭᠦᠨᠵᠡᠭᠡᠢ ᠠᠬᠢᠭᠤᠯᠵᠤ᠂ 〈ᠬᠡᠯᠪᠡᠷᠢ᠎ᠪᠡᠨ ᠬᠤᠪᠢᠷᠠᠭᠤᠯᠬᠤ〉ᠳ᠋ᠤ ᠠᠩᠬᠠᠷᠤᠯ᠎ᠢᠶᠠᠨ ᠲᠥᠪᠯᠡᠷᠡᠭᠦᠯᠦᠨ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠡᠨᠧᠷᠭᠢ᠎ᠶᠢ ᠲᠠᠰᠤᠷᠠᠯᠲᠠ ᠦᠭᠡᠢ ᠴᠢᠩᠭᠠᠳᠬᠠᠵᠤ᠂ 〈ᠬᠢᠨᠠᠯᠲᠠ〉ᠳ᠋ᠤ ᠠᠩᠬᠠᠷᠤᠯ᠎ᠢᠶᠠᠨ ᠲᠥᠪᠯᠡᠷᠡᠭᠦᠯᠦᠨ ᠬᠢᠨᠠᠨ ᠪᠠᠢᠴᠠᠭᠠᠵᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ ᠎ᠢ ᠪᠦᠲᠦᠭᠡᠨ ᠪᠠᠶ᠋ᠢᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ ᠢᠯᠡᠳᠬᠡᠪᠡ᠃

ᠤᠰᠤ ᠪᠣᠯ ᠠᠮᠢ ᠠᠬᠤᠢ᠎ᠶᠢᠨ ᠰᠠᠭᠤᠷᠢ᠂ ᠤᠰᠤᠨ᠎ᠤ ᠠᠮᠢ ᠠᠬᠤᠢ᠎ᠶᠢ ᠬᠠᠮᠠᠭᠠᠯᠠᠨ ᠰᠡᠷᠭᠦᠭᠡᠬᠦ ᠪᠣᠯ ᠰᠢᠰᠲ᠋ᠸᠮ ᠲᠠᠢ ᠵᠠᠰᠠᠯᠲᠠ᠎ᠶᠢᠨ ᠵᠠᠩᠭᠢᠯᠠᠭ᠎ᠠ᠎ᠶᠢᠨ ᠭᠣᠭᠴᠣᠭ᠎ᠠ ᠪᠣᠯᠣᠨ᠎ᠠ᠃ ᠪᠥᠬᠥ ᠣᠷᠣᠨ᠎ᠤ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠥᠷᠭᠡᠨ ᠣᠯᠠᠨ ᠺᠠᠳ᠋ᠷ ᠠᠵᠢᠯᠲᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠭᠰᠠᠨ᠎ᠤ ᠳᠠᠷᠠᠭ᠎ᠠ ᠲᠤᠢᠯ᠎ᠢᠶᠠᠷ ᠤᠷᠮᠠᠰᠢᠨ ᠵᠣᠷᠢᠭ᠍ᠵᠢᠪᠠ᠃ ᠤᠯᠠᠨ᠎ᠢᠶᠠᠷ᠎ᠢᠶᠠᠨ᠂ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶᠢᠨ ᠤᠬᠠᠮᠰᠠᠷ᠎ᠢᠶᠠᠷ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠵᠦ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠨ᠎ᠠ ᠭᠡᠵᠦ ᠢᠯᠡᠳᠬᠡᠵᠡᠭᠡᠪᠡ᠃

ᠭᠤᠤᠯ ᠮᠥᠷᠡᠨ ᠨᠠᠭᠤᠷ ᠪᠦᠷᠢᠳᠤ ᠵᠢᠨ ᠤᠰᠤᠨ᠎ᠤ ᠠᠮᠢ ᠠᠬᠤᠶ᠎ᠶᠢ ᠬᠠᠮᠠᠭᠠᠯᠠᠨ ᠵᠠᠰᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠣᠷᠣᠨ᠎ᠤ ᠤᠰᠤᠨ ᠠᠰᠢᠭᠯᠠᠯᠲᠠ᠎ᠶᠢᠨ ᠰᠢᠰᠲ᠋ᠧᠮ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠴᠢᠩᠭᠠᠳᠬᠠᠵᠤ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ᠎ᠶᠢ ᠠᠬᠢᠭᠤᠯᠵᠤ᠂ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠰᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ ᠤᠰᠤ ᠬᠠᠩᠭᠠᠬᠤ ᠠᠮᠤᠷ ᠲᠦᠪᠰᠢᠨ᠎ᠦ ᠪᠠᠲᠤᠯᠠᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃

《ᠶᠡᠷᠦᠩᠬᠡᠢ ᠱᠦᠵᠢ ᠰᠢ ᠵᠢᠨ ᠫᠢᠩ᠎ᠦᠨ ᠤᠯᠠᠭᠠᠨᠴᠠᠪ ᠬᠤᠳᠠ᠎ᠳᠤ ᠰᠢᠨᠵᠢᠯᠡᠨ ᠪᠠᠶ᠋ᠢᠴᠠᠭᠠᠬᠤ ᠦᠶ᠎ᠡ᠎ᠶᠢᠨ ᠴᠢᠬᠤᠯᠠ ᠶᠠᠷᠢᠶ᠎ᠠ ᠨᠢ ᠬᠢᠩᠭᠠᠨ ᠠᠶ᠋ᠢᠮᠠᠭ᠎ᠤᠨ ᠤᠢ ᠰᠢᠭᠤᠢ ᠨᠤᠲᠤᠭ ᠪᠡᠯᠴᠢᠭᠡᠷ᠎ᠦᠨ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ᠎ᠳᠦ ᠴᠢᠭᠯᠡᠯ᠎ᠢ ᠤᠯᠠᠮ ᠲᠣᠳᠣᠷᠬᠠᠢ ᠵᠢᠭᠠᠵᠤ ᠥᠭᠴᠡᠢ᠃ ᠪᠢᠳᠡ〈ᠭᠤᠷᠪᠠᠨ ᠨᠣᠭᠣᠭᠠᠨ᠎ᠢ ᠵᠡᠷᠭᠡ᠎ᠪᠡᠷ ᠴᠢᠬᠤᠯᠠᠴᠢᠯᠠᠬᠤ〉ᠵᠢ ᠪᠠᠷᠢᠮᠲᠠᠯᠠᠵᠤ᠂ ᠣᠶ ᠰᠢᠭᠤᠶ ᠨᠤᠳᠤᠭ ᠪᠡᠯᠴᠢᠭᠡᠷ᠎ᠦᠨ ᠲᠤᠪᠴᠢᠶ᠎ᠠ ᠵᠢᠨ ᠬᠠᠷᠢᠭᠤᠴᠠᠯᠭ᠎ᠠ ᠡᠭᠦᠷᠭᠡᠯᠡᠯ ᠎ᠢ ᠢᠯᠡᠷᠡᠭᠦᠯᠵᠦ᠍᠂ ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ᠎ᠳᠦ ᠨᠣᠮᠢᠨ ᠨᠣᠭᠣᠭᠠᠨ ᠰᠠᠭᠤᠷᠢ᠎ᠶᠢ ᠪᠠᠲᠤ᠌ ᠴᠣᠭᠴᠠᠯᠠᠨ᠎ᠠ》᠃ ᠬᠢᠩᠭᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠮᠠ ᠮᠸᠩ᠂ ᠬᠢᠩᠭᠠᠨ ᠠᠶ᠋ᠢᠮᠠᠭ 《ᠨᠣᠭᠣᠭᠠᠷᠠᠭᠤᠯᠤᠯᠲᠠ᠎ᠶᠢ ᠬᠠᠮᠠᠭᠠᠯᠠᠬᠤ》 ᠬᠣᠷᠢᠭ᠎ᠠ ᠱᠤᠭᠤᠮ᠎ᠢ ᠪᠠᠲᠤ᠌ ᠰᠠᠬᠢᠵᠤ᠂ ᠳᠥᠷᠪᠡᠨ ᠱᠠᠲᠤᠨ ᠎ᠤ《ᠣᠶ ᠰᠢᠭᠤᠶ ᠨᠤᠲᠤᠭ ᠪᠡᠯᠴᠢᠭᠡᠷ᠎ᠦᠨ ᠳᠠᠷᠤᠭ᠎ᠠ》ᠵᠢᠨ ᠬᠠᠷᠢᠭᠤᠴᠠᠯᠭ᠎ᠠ᠎ᠶᠢ ᠪᠥᠬᠥ᠌ ᠲᠠᠯ᠎ᠠ᠎ᠪᠠᠷ ᠪᠣᠳᠠᠲᠠᠶ᠋ᠢᠵᠢᠭᠤᠯᠵᠤ᠂ ᠠᠮᠢ ᠠᠬᠤᠶ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠮᠠᠭᠤᠳᠠᠭᠰᠠᠨ ᠨᠤᠭᠤ ᠭᠠᠵᠠᠷ᠎ᠤᠨ ᠠᠮᠢ ᠠᠬᠤᠶ᠎ᠶᠢᠨ ᠰᠢᠰᠲ᠋ᠧᠮ ᠎ᠢ ᠰᠢᠨᠵᠢᠯᠡᠬᠦ᠌ ᠤᠬᠠᠭᠠᠨᠴᠢ᠎ᠪᠠᠷ ᠵᠠᠰᠠᠨ ᠰᠡᠷᠭᠦᠭᠡᠵᠦ᠍᠂ ᠣᠶ ᠰᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ ᠎ᠢ ᠡᠪᠳᠡᠭᠰᠡᠨ ᠬᠠᠤᠯᠢ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ ᠬᠡᠪᠡ ᠃

ᠥᠪᠥᠷ ᠮᠣᠩᠭᠣᠯ ᠪᠣᠯ ᠮᠠᠨ᠎ᠤ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠣᠣᠯ ᠲᠠᠢ᠌ᠨ᠎ᠦ ᠲᠠᠯᠠᠪᠤᠷ᠂ ᠡᠯᠡᠰᠦᠨ ᠰᠢᠭᠤᠷᠭ᠎ᠠ᠎ᠶᠢ ᠰᠡᠷᠭᠡᠶ᠋ᠢᠯᠡᠬᠦ᠌ ᠭᠣᠣᠯ ᠰᠡᠷᠭᠡᠶ᠋ᠢᠯᠡᠯᠲᠡ᠎ᠶᠢᠨ ᠱᠤᠭᠤᠮ ᠪᠣᠯᠤᠨ᠎ᠠ᠃ ᠠᠯᠠᠱᠠ ᠠᠶ᠋ᠢᠮᠠᠭ᠎ᠤᠨ ᠬᠢᠯᠢ ᠳᠣᠲᠣᠷ᠎ᠠ ᠪᠠᠳᠠᠶ᠎ᠶᠢᠨ ᠵᠢᠷᠠᠨ᠂ ᠲᠩᠷᠢ᠂ ᠤᠯᠠᠭᠠᠨᠪᠤᠬ᠎ᠠ ᠭᠤᠷᠪᠠᠨ ᠶᠡᠬᠡ ᠡᠯᠡᠰᠦᠨ ᠴᠥᠯ ᠬᠥᠨᠳᠡᠯᠢᠰᠴᠦ᠍᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠷᠢᠯᠳᠦᠬᠦᠨ ᠬᠡᠰᠡᠭ ᠪᠣᠯᠤᠨ᠎ᠠ᠃ ᠠᠯᠠᠱᠠ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠨ ᠸᠧᠶ᠄ 《ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠨᠢ ᠪᠢᠳᠡᠨ᠎ᠢ ᠲᠤᠶ᠋ᠢᠯ᠎ᠢᠶᠠᠷ ᠤᠷᠮᠠᠰᠢᠭᠤᠯᠤᠨ ᠵᠣᠷᠢᠭᠵᠢᠭᠤᠯᠪᠠ᠃ ᠠᠯᠠᠱᠠ᠎ᠶᠢᠨ ᠤᠢ ᠰᠢᠭᠤᠢ ᠨᠤᠲᠤᠭ ᠪᠡᠯᠴᠢᠭᠡᠷ᠎ᠦᠨ ᠰᠢᠰᠲᠸᠮ᠎ᠤᠨ ᠬᠢᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 〈1571〉 ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠪᠦᠬᠦ᠌ ᠠᠶ᠋ᠢᠮᠠᠭ᠎ᠤᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠬᠠᠷᠠᠯᠲᠠ᠎ᠶᠢᠨ ᠲᠣᠭᠣᠷᠢᠨ᠎ᠳᠤ 〈ᠤᠮᠠᠷᠠᠲᠤ᠎ᠶᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠦᠷᠭᠦᠯᠵᠢᠯᠡᠨ ᠰᠠᠶ᠋ᠢᠲᠤᠷ ᠬᠢᠵᠦ᠍᠂ ᠭᠤᠷᠪᠠᠨ ᠶᠡᠬᠡ ᠡᠯᠡᠰᠦᠨ ᠴᠦᠯ᠎ᠦᠨ ᠵᠠᠬ᠎ᠠ ᠵᠢ ᠨᠢ ᠬᠤᠮᠢᠬᠤ ᠤᠢ ᠰᠢᠭᠤᠢ ᠨᠤᠲᠤᠭ ᠪᠡᠯᠴᠢᠭᠡᠷ᠎ᠦᠨ ᠪᠦᠰᠡ᠎ᠶᠢᠨ ᠪᠦᠲᠦᠭᠡᠨ ᠪᠠᠶ᠋ᠢᠭᠤᠯᠤᠯᠲᠠ᠎ᠶᠢᠨ ᠦᠷ᠎ᠡ ᠪᠦᠲᠦᠮᠵᠢ᠎ᠶᠢ ᠪᠡᠬᠢᠵᠢᠭᠦᠯᠦᠨ ᠳᠡᠭᠡᠭᠰᠢᠯᠡᠭᠦᠯᠵᠦ᠍᠂ ᠠᠮᠢ ᠠᠬᠤᠢ᠎ᠶᠢ ᠬᠠᠮᠠᠭᠠᠯᠠᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠌ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠦᠷᠭᠦᠯᠵᠢᠯᠡᠨ ᠪᠡᠬᠢᠵᠢᠭᠦᠯᠦᠨ᠎ᠡ》 ᠭᠡᠪᠡ᠃

ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌᠎ᠪᠡᠷ ᠪᠣᠬᠢᠷᠲᠤᠯ ᠥᠬᠡᠶ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠨ᠎ᠠ

《ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠢᠮᠠᠭᠲᠠ ᠰᠡᠳᠬᠢᠯ᠎ᠳᠡᠭᠡᠨ ᠪᠤᠳᠤᠵᠥ᠍᠂ ᠤᠳᠠᠭ᠎ᠠ ᠪᠦᠷᠢ᠎ᠶᠢᠨ ᠵᠢᠭᠠᠪᠤᠷᠢ ᠨᠢ ᠡᠬᠡ ᠤᠯᠤᠰ᠎ᠤᠨ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠢᠮᠠᠭᠲᠠ ᠠᠩᠬᠠᠷᠴᠤ᠌ ᠪᠠᠶ᠋ᠢᠬᠤ᠎ᠶᠢ ᠢᠯᠡᠷᠡᠭᠦᠯᠪᠡ》᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠨᠠᠷᠢᠨ ᠪᠢᠴᠢᠭ᠎ᠦᠨ ᠳᠠᠷᠤᠭ᠎ᠠ᠂ ᠬᠥᠮᠦᠨ ᠠᠮᠠ ᠡᠬᠢ ᠪᠠᠶᠠᠯᠢᠭ ᠣᠷᠴᠢᠨ ᠲᠣᠭᠣᠷᠢᠨ᠎ᠤ ᠵᠥᠪᠯᠡᠯ᠎ᠦᠨ ᠡᠷᠬᠢᠯᠡᠭᠴᠢ ᠯᠢ ᠶᠠᠨ ᠷᠦ᠋᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠬᠥᠮᠦᠨ ᠠᠮᠠ ᠡᠬᠢ ᠪᠠᠶᠠᠯᠢᠭ ᠣᠷᠴᠢᠨ ᠲᠣᠭᠣᠷᠢᠨ᠎ᠤ ᠵᠥᠪᠯᠡᠯ᠎ᠡᠴᠡ ᠬᠠᠷᠢᠯᠴᠠᠵᠤ ᠪᠠᠶ᠋ᠢᠭ᠎ᠠ ᠡᠲᠡᠭᠡᠳ ᠢᠯᠭᠠᠯ᠎ᠤᠨ ᠭᠡᠰᠢᠭᠦᠳ᠎ᠢ ᠵᠣᠬᠢᠶᠠᠨ ᠪᠠᠶ᠋ᠢᠭᠤᠯᠵᠤ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠴᠥᠬᠥᠷᠡᠰᠢ ᠦᠭᠡᠢ ᠠᠬᠢᠭᠤᠯᠬᠤ ᠬᠠᠮᠲᠤ᠎ᠶᠢᠨ ᠲᠠᠨᠢᠯᠲᠠ᠎ᠶᠢ ᠥᠷᠭᠡᠨ᠎ᠢᠶᠡᠷ ᠨᠢᠭᠲᠠᠷᠠᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢᠨ ᠲᠣᠭᠣᠷᠢᠨ᠎ᠳᠤ᠂ ᠪᠠᠶ᠋ᠢᠴᠠᠭᠠᠨ ᠰᠤᠳᠤᠯᠤᠯᠲᠠ᠎ᠶᠢ ᠭᠦᠨᠵᠡᠭᠡᠢ ᠥᠷᠨᠢᠭᠦᠯᠵᠦ᠍᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ᠎ᠳᠤ ᠦᠨᠡᠨ ᠦᠭᠡ ᠬᠡᠯᠡᠵᠦ᠍᠂ ᠰᠠᠢ᠌ᠨ ᠪᠤᠳᠤᠯᠭ᠎ᠠ ᠳᠡᠪᠰᠢᠭᠦᠯᠦᠨ᠎ᠡ ᠭᠡᠵᠦ᠍ ᠢᠯᠡᠳᠬᠡᠪᠡ᠃

ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ᠎ᠳᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠰᠢᠰᠲ᠋ᠧᠮ᠎ᠲᠡᠶ ᠵᠠᠰᠠᠬᠤ᠎ᠶᠢ ᠪᠠᠷᠢᠮᠲᠠᠯᠠᠬᠤ᠎ᠪᠠᠷ ᠪᠠᠷᠠᠬᠤ ᠦᠭᠡᠢ ᠪᠠᠰᠠ ᠪᠦᠬᠦ᠌ ᠨᠡᠶ᠋ᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭᠲᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠡᠶ᠋ᠢᠭᠡᠮ᠎ᠦᠨ ᠠᠵᠢᠯ᠎ᠤᠨ ᠬᠡᠯᠲᠡᠰ᠎ᠦᠨ ᠲᠠᠪᠤᠳᠤᠭᠠᠷ ᠭᠠᠵᠠᠷ᠎ᠤᠨ ᠳᠠᠷᠤᠭ᠎ᠠ ᠠᠰᠢᠲᠠ᠂ ᠪᠦᠬᠦ᠌ ᠣᠷᠣᠨ᠎ᠤ ᠥᠷᠭᠡᠨ ᠤᠯᠠᠨ ᠰᠠᠢ᠌ᠨ ᠲᠤᠷᠠᠴᠤᠳ᠂ ᠰᠠᠢ᠌ᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠶ᠋ᠢᠭᠤᠯᠤᠯᠲᠠ ᠪᠣᠯᠤᠨ ᠰᠠᠢ᠌ᠨ ᠳᠤᠷ᠎ᠠ᠎ᠶᠢᠨ ᠦᠢᠯᠡᠴᠢᠯᠡᠭᠡᠨ᠎ᠦ ᠠᠵᠢᠯᠲᠠᠳ ᠬᠦᠰᠡᠯ ᠨᠠᠶ᠋ᠢᠳᠠᠯᠭ᠎ᠠ ᠎ᠶᠢ ᠪᠠᠲᠤ᠌ ᠴᠡᠭᠡᠵᠢᠯᠡᠵᠦ᠍᠂ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠵᠦ᠍᠂ ᠠᠮᠢ ᠠᠬᠤᠢ᠎ᠶᠢᠨ ᠬᠠᠮᠠᠭᠠᠯᠠᠯᠲᠠ᠎ᠶᠢᠨ ᠦᠢᠯᠡᠰ᠎ᠲᠦ᠍ ᠢᠳᠡᠪᠬᠢᠲᠡᠢ ᠣᠷᠣᠯᠴᠠᠨ᠎ᠠ᠃ ᠨᠤᠲᠤᠭ ᠪᠡᠯᠴᠢᠭᠡᠷ᠎ᠢ ᠴᠠᠭᠳᠠᠨ ᠬᠠᠮᠠᠭᠠᠯᠠᠬᠤ᠂ ᠭᠤᠤᠯ᠎ᠤᠨ ᠵᠠᠮ᠎ᠢ ᠴᠡᠪᠡᠷᠯᠡᠬᠦ᠌᠂ ᠡᠪᠡᠰᠦ ᠮᠣᠳᠣ ᠳᠠᠷᠢᠵᠤ ᠡᠯᠡᠰᠦ᠎ᠶᠢ ᠲᠣᠭᠲᠠᠪᠤᠷᠢᠵᠢᠭᠤᠯᠬᠤ᠂ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠡᠷᠭᠡ ᠦᠢᠯᠡᠳᠦᠯᠭᠡ᠎ᠶᠢᠨ ᠠᠵᠢᠯᠯᠠᠭ᠎ᠠ᠎ᠶᠢ ᠪᠠᠶ᠋ᠢᠩᠭᠤ ᠥᠷᠨᠢᠭᠦᠯᠵᠦ᠍᠂ ᠠᠮᠢ ᠠᠬᠤᠶ᠎ᠶᠢᠨ ᠬᠠᠮᠠᠭᠠᠯᠠᠯᠲᠠ ᠬᠢᠭᠡᠳ ᠣᠷᠴᠢᠨ ᠲᠣᠭᠣᠷᠢᠨ᠎ᠤ ᠵᠠᠰᠠᠯᠲᠠ᠎ᠳᠤ ᠢᠳᠡᠪᠬᠢᠲᠡᠶ ᠣᠷᠣᠯᠴᠠᠨ᠎ᠠ᠃ ᠲᠠᠷᠠᠭᠠᠴᠢ᠎ᠶᠢᠨ ᠠᠯᠬᠤᠮ᠎ᠳᠤ᠂ 《ᠰᠠᠶ᠋ᠢᠨ ᠳᠤᠷᠠᠴᠤᠳ ᠤᠮᠠᠷᠠᠲᠤ᠌ ᠬᠢᠯᠢ᠎ᠶᠢ ᠭᠡᠶ᠋ᠢᠭᠦᠯᠬᠦ》 ᠭᠤᠷᠪᠠᠨ ᠶᠡᠬᠡ ᠠᠵᠢᠯᠯᠠᠭ᠎ᠠ᠎ᠶᠢᠨ ᠠᠷᠪᠠᠨ ᠲᠥᠷᠥᠯ ᠵᠦᠢᠯ᠎ᠢ ᠦᠷᠭᠦᠯᠵᠢᠯᠡᠨ ᠪᠣᠳᠠᠲᠠᠶ ᠪᠥᠭᠡᠳ ᠨᠠᠷᠢᠯᠢᠭ ᠬᠢᠵᠦ᠍᠂ ᠠᠮᠢ ᠠᠬᠤᠶ ᠣᠷᠴᠢᠨ ᠲᠣᠭᠣᠷᠢᠨ᠎ᠤ ᠰᠠᠶ᠋ᠢᠨ ᠳᠤᠷ᠎ᠠ᠎ᠶᠢᠨ ᠦᠢᠯᠡᠴᠢᠯᠡᠭᠡᠨ᠎ᠦ ᠡᠩᠨᠡᠭᠡ᠎ᠶᠢ ᠪᠠᠶ᠋ᠢᠭᠤᠯᠤᠨ ᠬᠦᠴᠦᠷᠬᠡᠭᠵᠢᠭᠦᠯᠵᠦ᠍᠂ ᠲᠤᠰᠬᠠᠶ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠳᠤ ᠬᠦᠴᠦᠨ ᠨᠡᠮᠡᠷᠢᠯᠡᠵᠦ᠍᠂ ᠰᠠᠶ᠋ᠢᠨ ᠳᠤᠷ᠎ᠠ᠎ᠶᠢᠨ ᠪᠢᠴᠢᠯ ᠬᠡᠷᠡᠯ ᠭᠢᠯᠪᠠᠭ᠎ᠠ ᠪᠡᠷ ᠡᠬᠡ ᠤᠯᠤᠰ᠎ᠤᠨ ᠤᠮᠠᠷᠠᠲᠤ᠎ᠶᠢᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠰᠠᠬᠢᠨ ᠬᠠᠮᠠᠭᠠᠯᠠᠨ᠎ᠠ ᠭᠡᠵᠦ᠍ ᠢᠯᠡᠳᠬᠡᠪᠡ᠃

10 ᠰᠠᠷ᠎ᠠ᠎ᠶᠢᠨ 16 ᠎ᠤ᠋ ᠡᠳᠦᠷ᠂ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶᠢᠨ ᠱᠠᠩᠨᠠᠯ᠎ᠤᠨ ᠮᠧᠳᠠᠯ ᠬᠦᠷᠲᠡᠭᠴᠢ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠢ ᠬᠢᠨᠠᠨ ᠬᠡᠮᠵᠢᠬᠦ᠌ ᠲᠥᠯᠥᠪᠵᠢᠭᠦᠯᠭᠡ᠎ᠶᠢᠨ ᠬᠦᠷᠢᠶᠡᠯᠡᠩ᠎ᠦᠨ ᠠᠮᠢ ᠠᠬᠤᠶ᠎ᠶᠢᠨ ᠢᠨᠵᠧᠨᠧᠷᠢᠩ᠎ᠦᠨ ᠬᠢᠨᠠᠨ ᠬᠡᠮᠵᠢᠬᠦ ᠲᠠᠰᠤᠭ᠎ᠤᠨ ᠡᠷᠬᠢᠯᠡᠭᠴᠢ ᠮᠢ ᠬᠣᠩ ᠵᠦᠸᠸ᠂ ᠥᠪᠥᠷ ᠮᠣᠩᠭᠣᠯ᠎ᠤᠨ ᠤᠢ ᠰᠢᠭᠤᠢ ᠡᠪᠡᠰᠦ ᠪᠡᠯᠴᠢᠭᠡᠷ᠎ᠦᠨ ᠨᠢᠭᠡᠳᠦᠭᠡᠷ ᠹᠷᠣᠨᠲ᠎ᠲᠤ᠌ 15 ᠵᠢᠯ ᠭᠦᠨᠵᠡᠭᠡᠢᠷᠡᠨ ᠠᠵᠢᠯᠯᠠᠵᠤ᠂ ᠨᠢᠭᠡ ᠵᠢᠯ᠎ᠤᠨ ᠪᠠᠷᠤᠭ 200 ᠭᠠᠷᠤᠢ ᠡᠳᠦᠷ᠎ᠢ ᠨᠢ ᠬᠡᠭᠡᠷ᠎ᠡ ᠭᠠᠳᠠᠨ᠎ᠠ ᠠᠵᠢᠯᠯᠠᠵᠤ᠂ ᠪᠦᠬᠦ᠌ ᠣᠷᠣᠨ᠎ᠤ 103 ᠬᠣᠰᠢᠭᠤ ᠰᠢᠶᠠᠨ᠎ᠳᠤ ᠤᠯᠠ ᠮᠥᠷ᠎ᠢᠶᠡᠨ ᠦᠯᠡᠳᠡᠭᠡᠵᠡᠢ᠃ 《ᠪᠢ ᠶᠡᠷᠦᠩᠬᠡᠢ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠦᠨᠡᠨ ᠪᠣᠳᠠᠲᠠᠢ ᠠᠵᠢᠯᠯᠠᠭ᠎ᠠ ᠪᠣᠯᠭᠠᠨ ᠤᠯᠠᠷᠢᠭᠤᠯᠵᠤ᠂ ᠡᠭᠡ ᠤᠯᠤᠰ᠎ᠤᠨ ᠤᠮᠠᠷᠠᠲᠤ᠎ᠶᠢᠨ ᠨᠤᠮᠢᠨ ᠤᠰᠤ ᠬᠥᠬᠡᠮᠳᠦᠭ ᠠᠭᠤᠯᠠ᠎ᠶᠢ ᠰᠠᠶ᠋ᠢᠲᠤᠷ ᠬᠠᠮᠠᠭᠠᠯᠠᠬᠤ᠎ᠪᠠᠷ ᠪᠠᠷᠠᠬᠤ ᠦᠭᠡᠢ ᠡᠯᠡᠰᠦᠷᠬᠡᠭ ᠣᠷᠣᠨ᠂ ᠮᠠᠯᠵᠢᠬᠤ ᠣᠷᠣᠨ᠎ᠤ ᠤᠯᠠᠨ ᠲᠦᠮᠡᠨ᠎ᠢ ᠠᠮᠢ ᠠᠬᠤᠢ᠎ᠶᠢᠨ ᠵᠠᠰᠠᠯᠲᠠ ᠳᠤᠮᠳᠠ ᠣᠷᠣᠯᠭ᠎ᠠ᠎ᠵᠢ ᠨᠢ ᠦᠷᠭᠦᠯᠵᠢᠯᠡᠨ ᠨᠡᠮᠡᠭᠳᠡᠭᠦᠯᠦᠨ᠎ᠡ》 ᠭᠡᠵᠦ ᠮᠢ ᠬᠣᠩ ᠵᠦᠸᠸ ᠬᠡᠯᠡᠪᠡ᠃

ᠠᠮᠢ ᠠᠬᠤᠢ᠎ᠶᠢᠨ ᠬᠠᠮᠠᠭᠠᠯᠠᠯᠲᠠ᠎ᠶᠢᠨ ᠦᠷ᠎ᠡ ᠪᠦᠲᠦᠮᠵᠢ ᠨᠢ ᠶᠠᠭ ᠪᠣᠬᠢᠷᠲᠤᠯ ᠦᠭᠡᠢ ᠬᠥᠭᠵᠢᠯᠲᠡ᠎ᠶᠢᠨ ᠦᠷ᠎ᠡ ᠠᠰᠢᠭ ᠪᠤᠯᠵᠤ ᠬᠤᠪᠢᠷᠠᠵᠤ ᠪᠤᠢ᠃ ᠣᠶ᠋ᠢᠷ᠎ᠠ᠎ᠶᠢᠨ ᠵᠢᠯ᠎ᠦᠳ᠎ᠲᠦ᠍᠂ ᠬᠥᠯᠥᠨ ᠨᠠᠭᠤᠷ᠎ᠤᠨ ᠵᠢᠭᠠᠰᠤᠨ ᠠᠵᠤ ᠠᠬᠤᠶ᠎ᠶᠢᠨ ᠺᠣᠮᠫᠠᠨᠢ ᠠᠮᠢ ᠠᠬᠤᠶ᠎ᠶᠢᠨ ᠬᠣᠷᠢᠭ᠎ᠠ ᠱᠤᠭᠤᠮ᠎ᠢ ᠪᠠᠲᠤ᠌ ᠰᠠᠬᠢᠵᠤ᠂ ᠬᠥᠭᠵᠢᠯᠲᠡ᠎ᠶᠢᠨ ᠠᠷᠭ᠎ᠠ ᠬᠡᠯᠪᠡᠷᠢ᠎ᠪᠡᠨ ᠰᠠᠨᠠᠭᠠᠴᠢᠯᠠᠭ᠎ᠠ᠎ᠡᠴᠡ᠎ᠪᠠᠨ ᠬᠤᠪᠢᠷᠠᠭᠤᠯᠵᠤ᠂ ᠤᠯᠠᠮᠵᠢᠯᠠᠯᠲᠤ᠌ ᠵᠢᠭᠠᠰᠤᠨ᠎ᠤ ᠠᠵᠤ ᠠᠬᠤᠶ᠎ᠶᠢ ᠠᠮᠢ ᠠᠬᠤᠶ᠎ᠶᠢᠨ ᠵᠢᠭᠤᠯᠴᠢᠯᠠᠯ ᠳᠠᠢᠰᠢ ᠬᠤᠪᠢᠷᠠᠭᠤᠯᠬᠤ᠎ᠶᠢ ᠯᠠᠪᠳᠠᠭᠤᠨ᠎ᠢᠶᠠᠷ ᠪᠡᠶᠡᠯᠡᠭᠦᠯᠪᠡ᠃ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠴᠠᠪ ᠬᠣᠲᠠ᠎ᠳᠤ ᠰᠢᠨᠵᠢᠯᠡᠨ ᠪᠠᠶ᠋ᠢᠴᠠᠭᠠᠭᠰᠠᠨ ᠰᠣᠨᠢᠨ ᠮᠡᠳᠡᠭᠡ᠎ᠶᠢ ᠴᠠᠭ ᠲᠤᠬᠠᠶ᠎ᠳᠤᠨᠢ ᠭᠥᠯᠢᠶᠡᠨ ᠠᠪᠴᠤ᠌ ᠦᠵᠡᠭᠰᠡᠨ᠎ᠦ ᠳᠠᠷᠠᠭ᠎ᠠ᠂ ᠬᠥᠯᠥᠨ ᠨᠠᠭᠤᠷ᠎ᠤᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠤ ᠺᠠᠳ᠋ᠷ ᠠᠵᠢᠯᠲᠠᠨ ᠮᠠᠰᠢ ᠵᠣᠷᠢᠭᠵᠢᠵᠤ᠂ ᠡᠷᠴᠢ ᠵᠣᠷᠢᠭ᠎ᠨᠢ ᠳᠠᠬᠢᠨ᠎ᠢᠶᠠᠷ ᠨᠡᠮᠡᠭᠳᠡᠪᠡ᠃ ᠬᠥᠯᠥᠨ ᠨᠠᠭᠤᠷ᠎ᠤᠨ ᠵᠢᠭᠠᠰᠤᠨ ᠠᠵᠤ ᠠᠬᠤᠶ᠎ᠶᠢᠨ ᠬᠢᠵᠠᠭᠠᠷᠲᠤ᠌ ᠺᠣᠮᠫᠠᠨᠢ᠎ᠶᠢᠨ ᠳᠡᠳ᠋ ᠶᠡᠷᠦᠩᠬᠡᠶ ᠳᠠᠭᠠᠭᠠᠮᠠᠯ ᠯᠢᠦ ᠰᠢᠨ ᠬᠤᠸᠠ᠂ ᠦᠵᠡᠮᠵᠢ᠎ᠶᠢᠨ ᠣᠷᠣᠨ ᠢᠳᠡᠭᠡᠨ ᠤᠮᠳᠠᠭᠠᠨ᠂ ᠰᠢᠷᠠᠯᠠᠭ᠎ᠠ᠎ᠶᠢᠨ ᠤᠷᠴᠢᠨ ᠲᠤᠭᠤᠷᠢᠨ᠎ᠢ ᠪᠤᠬᠢᠷᠳᠤᠭᠤᠯᠬᠤ ᠲᠥᠬᠥᠭᠡᠷᠦᠮᠵᠢ᠎ᠶᠢ ᠪᠥᠬᠥ᠌ ᠲᠠᠯ᠎ᠠ᠎ᠪᠠᠷ ᠬᠤᠷᠢᠶᠠᠵᠤ᠂ ᠰᠢᠨ᠎ᠡ ᠡᠨᠧᠷᠭᠢ᠎ᠶᠢᠨ ᠮᠠᠰᠢᠨ ᠲᠡᠷᠭᠡ ᠵᠢ ᠦᠷᠭᠡᠨ ᠵᠢᠡᠷ ᠬᠡᠷᠡᠭᠯᠡᠵᠦ᠂ 《ᠨᠡᠭᠦᠷᠡᠰᠦᠲᠥᠢ᠍ᠷᠥᠭᠴᠢ ᠦᠯᠦ ᠭᠠᠳᠠᠭᠰᠢᠯᠠᠭᠤᠯᠬᠤ᠂ ᠪᠣᠬᠢᠷᠲᠤᠯ ᠥᠬᠡᠶ᠂ ᠰᠢᠨ᠎ᠡ᠎ᠪᠡᠷ ᠪᠠᠶ᠋ᠢᠭᠤᠯᠬᠤ ᠥᠬᠡᠶ》 ᠠᠮᠢ ᠠᠬᠤᠶ᠎ᠶᠢᠨ ᠦᠵᠡᠮᠵᠢ᠎ᠶᠢᠨ ᠣᠷᠣᠨ᠎ᠢ ᠪᠥᠬᠥ᠌ ᠬᠦᠴᠦᠨ᠎ᠢᠶᠡᠷ᠎ᠢᠶᠡᠨ ᠪᠠᠶ᠋ᠢᠭᠤᠯᠤᠨ᠎ᠠ ᠭᠡᠵᠦ ᠢᠯᠡᠳᠭᠡᠪᠡ᠃ 

ᠶᠡᠷᠦᠩᠬᠡᠢ ᠱᠦᠵᠢ᠎ᠶᠢᠨ ᠶᠠᠷᠢᠶ᠎ᠠ ᠦᠭᠡ ᠬᠦᠨᠳᠦ ᠤᠳᠬ᠎ᠠ ᠳᠡᠬᠦᠯᠳᠡᠷ ᠪᠠᠢᠵᠦ᠂ ᠬᠥᠮᠦᠰ᠎ᠢ ᠵᠣᠷᠢᠭᠵᠢᠭᠤᠯᠤᠨ᠎ᠠ᠃ ᠥᠪᠥᠷ ᠮᠣᠩᠭᠣᠯ᠎ᠤᠨ ᠺᠢᠨᠤ᠋᠎ᠶᠢᠨ ᠪᠦᠯᠦᠭᠯᠡᠯ᠎ᠦᠨ ᠨᠠᠮ᠎ᠤᠨ ᠭᠡᠰᠢᠭᠦᠨ ᠺᠠᠳ᠋ᠷ᠂ ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠨᠠᠶ᠋ᠢᠳᠠᠯᠭ᠎ᠠ᠎ᠶᠢ ᠠᠵᠢᠯ ᠬᠢᠵᠦ᠍ ᠦᠢᠯᠡᠰ ᠪᠤᠰᠬᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠤᠯᠤᠰ᠎ᠤᠨ ᠥᠮᠴᠢᠯᠡᠯ᠎ᠦᠨ ᠰᠣᠶᠣᠯ᠎ᠤᠨ ᠠᠵᠤ ᠠᠬᠤᠶ᠋ᠢᠯᠠᠯ᠎ᠤᠨ ᠭᠣᠣᠯ ᠬᠠᠷᠢᠭᠤᠴᠠᠯᠭ᠎ᠠ ᠭᠣᠣᠯ ᠠᠵᠢᠯ᠎ᠢ ᠪᠠᠲᠤ᠌ ᠡᠭᠦᠷᠭᠡᠯᠡᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ ᠵᠣᠬᠢᠶᠠᠨ ᠪᠦᠲᠦᠭᠡᠬᠦ᠌ ᠤᠳᠤᠷᠢᠳᠤᠮᠵᠢ᠎ᠶᠢ ᠪᠠᠷᠢᠮᠲᠠᠯᠠᠵᠤ᠂ ᠴᠠᠭ ᠦᠶ᠎ᠡ᠎ᠶᠢᠨ ᠰᠤᠳᠠᠰᠤ᠎ᠶᠢ ᠴᠢᠩᠭ᠎ᠠ ᠡᠵᠡᠮᠳᠡᠵᠦ᠍᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠴᠦ᠍᠂ ᠥᠪᠥᠷ ᠮᠣᠩᠭᠣᠯ᠎ᠤᠨ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠠᠯᠬᠤᠭ᠎ᠠ᠎ᠳᠤ ᠬᠠᠨᠳᠤᠵᠤ᠂ ᠠᠮᠢ ᠠᠬᠤᠢ᠎ᠶᠢᠨ ᠵᠠᠰᠠᠯᠲᠠ ᠪᠣᠯᠤᠨ ᠪᠤᠳᠤᠯᠲᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ᠎ᠤᠨ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠦᠯᠢᠭᠡᠷ᠎ᠢ ᠰᠠᠶ᠋ᠢᠲᠤᠷ ᠶᠠᠷᠢᠨ᠎ᠠ ᠭᠡᠵᠦ᠍ ᠰᠠᠨᠠᠯ ᠨᠢᠭᠡᠲᠡᠢ ᠢᠯᠡᠳᠬᠡᠵᠡᠭᠡᠪᠡ᠃

ᠬᠠᠤᠯᠢ᠎ᠪᠠᠷ ᠵᠠᠰᠠᠬᠤ᠎ᠪᠠᠷ ᠪᠣᠬᠢᠷᠲᠤᠯ ᠦᠭᠡᠢ ᠬᠥᠭᠵᠢᠯᠲᠡ᠎ᠳᠦ ᠪᠠᠳᠤᠯᠠᠭ᠎ᠠ ᠬᠠᠨᠭᠭᠠᠨ᠎ᠠ

ᠠᠭᠤᠯᠠ ᠤᠰᠤ᠎ᠶᠢ ᠰᠠᠢᠲᠤᠷ ᠰᠠᠬᠢᠨ ᠬᠠᠮᠠᠭᠠᠯᠠᠬᠤ᠎ᠳᠤ ᠬᠠᠤᠯᠢ ᠪᠡᠷ ᠵᠠᠰᠠᠬᠤ ᠬᠠᠮᠠᠭᠠᠯᠠᠯᠲᠠ᠎ᠡᠴᠡ ᠰᠠᠯᠵᠤ ᠴᠢᠳᠠᠬᠤ ᠦᠭᠡᠢ᠃

ᠥᠨᠳᠥᠷ ᠲᠦᠪᠰᠢᠨ᠎ᠪᠦᠬᠦᠢ ᠬᠠᠮᠠᠭᠠᠯᠠᠯᠲᠠ ᠪᠣᠯ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠲᠤᠯᠭᠠᠭᠤᠷᠢᠯᠠᠯ ᠮᠥᠨ᠂ ᠴᠢᠨᠠᠷ ᠰᠠᠢᠲᠠᠢ ᠬᠥᠭᠵᠢᠯᠲᠡ᠎ᠶᠢ ᠥᠨᠳᠥᠷ ᠲᠦᠪᠰᠢᠨ᠎ᠢᠶᠡᠷ ᠬᠠᠮᠠᠭᠠᠯᠠᠬᠤ᠎ᠳᠤ ᠲᠦᠰᠢᠭᠯᠡᠪᠡᠯ ᠰᠠᠶᠢ ᠪᠡᠶᠡᠯᠡᠭᠦᠯᠵᠦ ᠴᠢᠳᠠᠨ᠎ᠠ᠃ ᠪᠥᠬᠥ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠂ 《ᠲᠤᠰᠬᠠᠢ ᠮᠡᠷᠭᠡᠵᠢᠯ + ᠲᠣᠭᠲᠡᠴᠡ + ᠲᠤᠮᠤ ᠳ᠋ᠠᠢᠲ᠋ᠠ》᠎ᠶ᠋ᠢᠨ ᠰᠢᠨ᠎ᠡ ᠬᠡᠯᠪᠡᠷᠢ᠎ᠶᠢᠨ ᠴᠠᠭᠳᠠᠭᠠᠨ᠎ᠤ ᠶᠠᠪᠤᠳᠠᠯ᠎ᠤᠨ ᠠᠵᠢᠯᠯᠠᠭᠠᠨ᠎ᠤ ᠵᠠᠭᠪᠤᠷ᠎ᠢᠶᠠᠷ ᠵᠢᠯᠣᠭᠣᠳᠤᠮᠵᠢ ᠪᠣᠯᠭᠠᠵᠤ᠂ ᠪᠠᠢᠭᠤᠯᠤᠮᠵᠢ ᠲᠣᠭᠲᠡᠴᠡ᠎ᠶᠢ ᠳᠠᠬᠢᠨ ᠪᠠᠶ᠋ᠢᠭᠤᠯᠬᠤ᠎ᠪᠠᠷ ᠭᠠᠷᠳᠡᠴᠡ ᠪᠣᠯᠭᠠᠵᠤ᠂ ᠠᠮᠢ ᠠᠬᠤᠢ᠎ᠶᠢᠨ ᠴᠠᠭᠳᠠᠭᠠᠨ᠎ᠤ ᠶᠠᠪᠤᠳᠠᠯ᠎ᠤᠨ ᠲᠣᠭᠲᠡᠴᠡ᠎ᠶᠢᠨ ᠪᠠᠢᠭᠤᠯᠤᠯᠲᠠ ᠎ᠶᠢ ᠭᠦᠨᠵᠡᠭᠡᠢᠷᠡᠭᠦᠯᠵᠦ᠂ 《ᠪᠠᠲᠤᠯᠠᠬᠤ᠂ ᠵᠠᠰᠠᠬᠤ᠂ ᠬᠤᠪᠢᠷᠠᠭᠤᠯᠬᠤ᠂ ᠪᠠᠶ᠋ᠢᠭᠤᠯᠬᠤ 》  ᠠᠵᠢᠯ᠎ᠤᠨ ᠠᠷᠭ᠎ᠠ ᠵᠠᠮ᠎ᠢ ᠴᠢᠩᠭ᠎ᠠ ᠨᠠᠢᠳᠠᠪᠤᠷᠢᠵᠢᠭᠤᠯᠤᠨ᠎ᠠ᠃ ᠠᠭᠤᠯᠠ ᠤᠰᠤ ᠤᠢ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠵᠤ᠂ ᠬᠠᠳᠤᠨ ᠭᠣᠣᠯ᠎ᠤᠨ ᠰᠠᠪᠠ ᠭᠠᠵᠠᠷ᠂ ᠨᠤᠲᠤᠭ ᠪᠡᠯᠴᠢᠭᠡᠷ ᠣᠢᠲᠤ ᠭᠠᠵᠠᠷ᠂ ᠨᠤᠭᠤ ᠭᠠᠵᠠᠷ ᠬᠠᠷ᠎ᠠ ᠬᠥᠷᠥᠰᠥ ᠵᠡᠷᠭᠡ ᠭᠣᠣᠯᠳᠠᠯᠭ᠎ᠠ᠎ᠲᠠᠢ ᠠᠮᠢ ᠠᠬᠤᠢ᠎ᠶᠢᠨ ᠣᠷᠣᠨ ᠪᠦᠰᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠣᠭᠣᠷᠢᠨ ᠪᠠᠢᠴᠠᠭᠠᠵᠤ ᠰᠠᠬᠢᠨ ᠬᠠᠮᠠᠭᠠᠯᠠᠬᠤ ᠠᠵᠢᠯ᠎ᠢ ᠪᠠᠢᠩᠭᠤ ᠥᠷᠨᠢᠭᠦᠯᠦᠨ᠎ᠡ᠃ ᠠᠭᠠᠷ ᠲᠡᠭᠷᠢ ᠭᠠᠵᠠᠷ ᠨᠤᠲᠤᠭ᠎ᠢ ᠨᠢᠭᠡ ᠴᠣᠭᠴᠠᠵᠢᠭᠤᠯᠤᠭᠰᠠᠨ ᠴᠠᠭᠳᠠᠨ ᠰᠡᠷᠭᠡᠢᠯᠡᠬᠦ ᠰᠢᠰᠲᠧᠮ ᠪᠠ ᠣᠷᠣᠨ ᠪᠦᠰᠡ ᠠᠯᠤᠰᠯᠠᠭᠰᠠᠨ ᠴᠠᠭᠳᠠᠭᠠᠨ᠎ᠤ ᠶᠠᠪᠤᠳᠠᠯ᠎ᠤᠨ ᠬᠠᠮᠵᠢᠯᠴᠠᠬᠤ ᠲᠣᠭᠲᠡᠴᠡ᠎ᠳᠤ ᠲᠦᠰᠢᠭᠯᠡᠨ᠂ ᠬᠤᠯᠠᠭᠠᠢᠯᠠᠨ ᠣᠭᠲᠣᠯᠵᠤ ᠳᠤᠷ᠎ᠠ᠎ᠪᠠᠷ ᠣᠭᠲᠣᠯᠬᠤ᠂ ᠬᠠᠤᠯᠢ ᠪᠤᠰᠤ᠎ᠪᠠᠷ ᠬᠠᠭᠠᠯᠪᠤᠷᠢᠯᠠᠬᠤ᠂ ᠣᠷᠴᠢᠨ ᠲᠣᠭᠣᠷᠢᠨ᠎ᠢ ᠪᠣᠬᠢᠷᠲᠤᠭᠤᠯᠬᠤ ᠵᠡᠷᠭᠡ ᠠᠮᠢ ᠠᠬᠤᠢ᠎ᠶᠢᠨ ᠡᠬᠢ ᠪᠠᠶᠠᠯᠢᠭ᠋᠎ᠢ ᠡᠪᠳᠡᠭᠰᠡᠨ ᠬᠠᠤᠯᠢ᠎ᠡᠴᠡ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠰᠠᠯᠬᠢ ᠭᠡᠷᠡᠯ ᠴᠠᠬᠢᠯᠭᠠᠨ᠂ 《ᠵᠡᠬᠦᠨᠳᠡᠬᠢ ᠲᠤᠭ᠎ᠠ ᠪᠠᠷᠢᠮᠳᠡ᠎ᠵᠢ ᠪᠠᠷᠠᠭᠤᠨᠳᠡᠬᠢ ᠪᠤᠳᠤᠯᠳᠡ᠎ᠶᠢᠨ ᠬᠦᠴᠦᠨ᠎ᠢᠶᠡᠷ ᠲᠤᠯᠭᠠᠭᠤᠷᠢᠯᠠᠬᠤ》 ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠎ᠤ ᠴᠢᠳᠠᠪᠤᠷᠢ ᠵᠡᠷᠭᠡ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠳᠤ ᠰᠠᠨᠠᠭᠠᠴᠢᠯᠠᠭ᠎ᠠ᠎ᠡᠴᠡ᠎ᠪᠠᠨ ᠦᠢᠯᠡᠴᠢᠯᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠴᠢᠨᠠᠷ ᠰᠠᠢᠲᠠᠢ ᠬᠥᠭᠵᠢᠯᠲᠡ᠎ᠶᠢ ᠬᠠᠮᠠᠭᠠᠯᠠᠨ᠎ᠠ᠃

ᠪᠥᠬᠥ ᠣᠷᠣᠨ᠎ᠤ ᠰᠢᠭᠦᠬᠦ ᠬᠣᠷᠢᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠠᠮᠢ ᠠᠬᠤᠢ ᠣᠷᠴᠢᠨ ᠲᠤᠭᠤᠷᠢᠨ᠎ᠤ ᠬᠠᠤᠯᠢ᠎ᠶᠢᠨ ᠪᠢᠴᠢᠭ᠎ᠢ ᠴᠢᠩᠭ᠎ᠠ ᠲᠤᠭᠤᠱᠢᠯᠠᠭᠤᠯᠤᠨ ᠬᠡᠷᠡᠭᠵᠢᠭᠦᠯᠵᠦ᠂ ᠤᠷᠢᠳᠴᠢᠯᠠᠨ ᠰᠡᠷᠭᠡᠢᠯᠡᠬᠦ ᠴᠢᠨᠠᠷᠲᠠᠢ ᠬᠠᠤᠯᠢ ᠴᠠᠭᠠᠵᠠ᠎ᠶᠢᠨ ᠠᠷᠭ᠎ᠠ ᠬᠡᠮᠵᠢᠶ᠎ᠡ᠎ᠶᠢ ᠢᠳᠡᠪᠬᠢᠲᠡᠢ ᠬᠡᠷᠡᠭᠯᠡᠨ᠂ ᠰᠡᠷᠭᠦᠯᠲᠡ᠎ᠶᠢᠨ ᠴᠢᠨᠠᠷᠲᠠᠢ ᠬᠠᠤᠯᠢ ᠴᠠᠭᠠᠵᠠ᠎ᠶᠢᠨ ᠣᠢᠯᠠᠭᠠᠭᠳᠠᠬᠤᠨ᠎ᠢ ᠦᠢᠯᠡᠳᠦᠯᠭᠡᠵᠢᠭᠦᠯᠵᠦ᠂ ᠤᠷᠴᠢᠨ ᠲᠤᠭᠤᠷᠢᠨ᠎ᠤ ᠡᠬᠢ ᠪᠠᠶᠠᠯᠢᠭ᠋᠎ᠤᠨ ᠰᠢᠭᠦᠨ ᠲᠠᠰᠤᠯᠤᠯᠲᠠ᠎ᠶᠢ 《ᠵᠠᠯᠬᠠᠭᠠᠨ ᠰᠢᠢᠳᠬᠡᠬᠦ ᠬᠡᠯᠪᠡᠷᠢ》᠎ᠡᠴᠡ 《ᠵᠠᠰᠠᠨ ᠰᠡᠷᠭᠦᠭᠡᠬᠦ ᠬᠡᠯᠪᠡᠷᠢ》᠂ 《ᠵᠠᠰᠠᠯᠳᠠ᠎ᠶᠢᠨ ᠬᠡᠯᠪᠡᠷᠢ》 ᠳᠠᠢᠰᠢ ᠬᠤᠪᠢᠷᠠᠭᠤᠯᠬᠤ᠎ᠶᠢ ᠲᠦᠯᠬᠢᠨ ᠠᠬᠢᠭᠤᠯᠵᠤ᠂ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠭ᠎ᠠ ᠪᠠ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠵᠤ᠂ 《ᠲᠤᠰᠬᠠᠢᠵᠢᠭ᠍ᠰᠠᠨ ᠰᠢᠭᠦᠨ ᠲᠠᠰᠤᠯᠤᠯᠲᠠ + ᠰᠡᠷᠭᠦᠯᠲᠡ᠎ᠶᠢᠨ ᠴᠢᠨᠠᠷᠲᠠᠢ ᠬᠠᠤᠯᠢ ᠴᠠᠭᠠᠵᠠ + ᠨᠡᠢᠭᠡᠮ᠎ᠦᠨ ᠶᠡᠷᠦᠩᠬᠡᠢᠯᠡᠭᠰᠡᠨ ᠵᠠᠰᠠᠯᠲᠠ》 ᠎ᠶ᠋ᠢᠨ ᠣᠯᠠᠨ ᠡᠰᠢᠲᠦ ᠬᠠᠮᠠᠭᠠᠯᠠᠯᠲᠠ᠎ᠶᠢᠨ ᠵᠠᠭᠪᠤᠷ᠎ᠢ ᠪᠠᠢᠭᠤᠯᠵᠤ᠂ ᠠᠭᠤᠯᠠ ᠤᠰᠤ ᠣᠶ ᠮᠣᠳᠣ᠌ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠪᠠᠷᠢᠮᠲᠠᠯᠠᠨ᠎ᠠ; ᠣᠷᠴᠢᠨ ᠲᠤᠭᠤᠷᠢᠨ᠎ᠤ ᠡᠬᠢ ᠪᠠᠶᠠᠯᠢᠭ᠋᠎ᠤᠨ ᠬᠡᠷᠡᠭ᠎ᠢ ᠲᠥᠪᠯᠡᠷᠡᠭᠦᠯᠦᠨ ᠬᠠᠷᠢᠶᠠᠯᠠᠬᠤ ᠥᠭᠡᠷᠡᠴᠢᠯᠡᠯᠲᠡ᠎ᠪᠡᠷ ᠭᠠᠷᠳᠡᠴᠡ ᠪᠣᠯᠭᠠᠨ᠂ ᠣᠷᠴᠢᠨ ᠲᠤᠭᠤᠷᠢᠨ᠎ᠤ ᠡᠬᠢ ᠪᠠᠶᠠᠯᠢᠭ᠋᠎ᠲᠤ ᠬᠣᠯᠪᠣᠭᠳᠠᠭᠰᠠᠨ ᠬᠡᠷᠡᠭ᠎ᠢ ᠲᠣᠬᠢᠲᠠᠢ ᠰᠢᠭᠦᠵᠦ᠂ ᠤᠯᠤᠰ ᠲᠦᠷᠦ᠎ᠶᠢᠨ ᠦᠷ᠎ᠡ ᠪᠦᠲᠦᠮᠵᠢ᠂ ᠬᠠᠤᠯᠢ ᠴᠠᠭᠠᠵᠠ᠎ᠶᠢᠨ ᠦᠷ᠎ᠡ ᠪᠦᠲᠦᠮᠵᠢ᠂ ᠨᠡᠢᠭᠡᠮ᠎ᠦᠨ ᠦᠷ᠎ᠡ ᠪᠦᠲᠦᠮᠵᠢ᠎ᠶᠢᠨ ᠣᠷᠭᠠᠨᠢᠭ᠋ ᠨᠢᠭᠡᠳᠦᠯ᠎ᠢ ᠴᠢᠷᠮᠠᠢᠨ ᠪᠡᠶᠡᠯᠡᠭᠦᠯᠦᠨ᠎ᠡ; ᠬᠠᠤᠯᠢ ᠴᠠᠭᠠᠵᠠ᠎ᠶᠢᠨ ᠡᠭᠦᠷᠭᠡ ᠴᠢᠳᠠᠪᠬᠢ᠎ᠶᠢ ᠦᠷᠭᠦᠯᠵᠢᠯᠡᠨ ᠤᠷᠲᠤᠳᠬᠠᠵᠤ᠂ ᠠᠮᠢ ᠠᠬᠤᠢ᠎ᠶᠢᠨ ᠬᠠᠤᠯᠢ ᠪᠡᠷ ᠵᠠᠰᠠᠬᠤ ᠥᠯᠢᠭᠡᠷ᠎ᠢ ᠰᠠᠢᠲᠤᠷ ᠶᠠᠷᠢᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠪᠠᠲᠤ ᠪᠡᠬᠢ ᠬᠠᠤᠯᠢ ᠴᠠᠭᠠᠵᠠ᠎ᠶᠢᠨ ᠪᠠᠲᠤᠯᠠᠭ᠎ᠠ ᠬᠠᠩᠭᠠᠨ᠎ᠠ᠃

ᠬᠢᠨᠠᠯᠲᠠ ᠲᠠᠯᠪᠢᠬᠤ᠎ᠪᠠᠷ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ᠂ ᠪᠣᠳᠠᠲᠠᠢ ᠠᠵᠢᠯᠯᠠᠬᠤ᠎ᠪᠠᠷ ᠨᠣᠭᠣᠭᠠᠨ ᠥᠩᠭᠡ᠎ᠶᠢ ᠵᠤᠵᠠᠭᠠᠳᠬᠠᠨ᠎ᠠ᠃ ᠣᠷᠳᠣ᠌ ᠬᠤᠭᠤᠴᠠᠭᠠᠨ᠎ᠤ ᠲᠤᠷᠰᠢ᠂ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠪᠠᠢᠴᠠᠭᠠᠬᠤ ᠡᠭᠦᠷᠭᠡ ᠴᠢᠳᠠᠪᠬᠢ᠎ᠪᠠᠨ ᠭᠦᠢᠴᠡᠳ ᠪᠠᠳᠠᠷᠠᠭᠤᠯᠵᠤ᠂ ᠣᠷᠣᠨ ᠪᠦᠰᠡ᠎ᠶᠢᠨ ᠠᠮᠢ ᠠᠬᠤᠢ ᠣᠷᠴᠢᠨ ᠲᠤᠭᠤᠷᠢᠨ᠎ᠤ ᠲᠣᠭᠲᠠᠭᠤᠨ᠎ᠢᠶᠠᠷ ᠰᠠᠢᠵᠢᠷᠠᠬᠤ᠎ᠶᠢ ᠠᠬᠢᠭᠤᠯᠪᠠ᠃ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠬᠥᠮᠥᠰ᠎ᠢ ᠵᠣᠷᠢᠭ᠍ᠵᠢᠭᠤᠯᠤᠨ ᠤᠷᠮᠠᠰᠢᠭᠤᠯᠵᠦ᠂ ᠪᠢᠳᠡᠨ᠎ᠦ ᠳᠠᠷᠠᠭᠠᠴᠢ᠎ᠶᠢᠨ ᠠᠯᠬᠤᠮ᠎ᠤᠨ ᠠᠵᠢᠯ᠎ᠳᠤ ᠤᠷᠤᠭᠰᠢᠯᠠᠬᠤ ᠴᠢᠭᠯᠡᠯ᠎ᠢ ᠵᠢᠭᠠᠵᠤ᠂ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ》 ᠬᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶᠠᠨ᠎ᠤ ᠨᠠᠢ᠍ᠮᠠᠳᠤᠭᠠᠷ ᠪᠠᠢᠴᠠᠭᠠᠬᠤ ᠬᠡᠯᠲᠡᠰ᠎ᠦᠨ ᠳᠡᠳ᠋ ᠡᠷᠬᠢᠯᠡᠭᠴᠢ ᠯᠥᠸᠧ ᠵᠢᠶᠠᠨ ᠯᠧᠢ ᠬᠡᠯᠡᠭᠰᠡᠨ᠎ᠢᠶᠡᠨ᠄ 《ᠪᠢᠳᠡ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠪᠠᠢᠴᠠᠭᠠᠬᠤ ᠡᠭᠦᠷᠭᠡ ᠴᠢᠳᠠᠪᠬᠢ᠎ᠳᠤ ᠰᠠᠭᠤᠷᠢᠯᠠᠵᠤ᠂ ᠬᠡᠷᠡᠭ ᠨᠢᠭᠡ ᠪᠦᠷᠢ᠎ᠶᠢ ᠴᠢᠨᠠᠷ ᠰᠠᠢᠲᠠᠢ ᠪᠦᠲᠦᠮᠵᠢᠲᠡᠢ ᠰᠠᠢᠲᠤᠷ ᠰᠢᠢᠳᠪᠦᠷᠢᠯᠡᠬᠦ᠎ᠶᠢ ᠪᠠᠷᠢᠮᠲᠠᠯᠠᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠬᠠᠮᠵᠢᠯᠴᠠᠨ ᠵᠠᠰᠠᠬᠤ᠎ᠶᠢ ᠭᠦᠨᠵᠡᠭᠡᠢᠷᠡᠭᠦᠯᠵᠦ᠂ ᠪᠠᠢᠴᠠᠭᠠᠬᠤ ᠠᠵᠢᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠪᠡᠷ ᠬᠥᠬᠡᠮᠳᠦᠭ ᠤᠰᠤ᠂ ᠬᠥᠬᠡ ᠣᠭᠲᠠᠷᠭᠤᠢ᠂ ᠴᠡᠪᠡᠷ ᠬᠥᠷᠥᠰᠥ᠎ᠶᠢ ᠰᠠᠢᠲᠤᠷ ᠰᠠᠬᠢᠨ ᠬᠠᠮᠠᠭᠠᠯᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ᠎ᠳᠤ ᠪᠠᠢᠴᠠᠭᠠᠬᠤ ᠠᠵᠢᠯ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠡᠷᠡᠰ ᠪᠠᠲᠤ ᠬᠡᠯᠡᠪᠡ᠃

ᠶᠡᠷᠦᠩᠬᠡᠢ ᠱᠦᠵᠢ᠎ᠶᠢᠨ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠨᠢ ᠭᠦᠨ ᠵᠤᠵᠠᠭᠠᠨ ᠬᠠᠯᠠᠮᠵᠢᠯᠠᠯ ᠪᠣᠯᠬᠤ ᠪᠥᠭᠡᠳ ᠨᠡᠩ ᠴᠤ᠌ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠣᠨ᠎ᠠ᠃ ᠥᠪᠥᠷ ᠮᠣᠩᠭᠣᠯ᠎ᠤᠨ ᠥᠷᠭᠡᠨ ᠣᠯᠠᠨ ᠺᠠᠳ᠋ᠷ ᠣᠯᠠᠨ ᠲᠦᠮᠡᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭᠰᠢᠯᠠᠵᠤ᠂ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠬᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠴᠥᠬᠥᠷᠡᠰᠢ ᠦᠭᠡᠢ ᠴᠢᠷᠮᠠᠢᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠵᠤ᠂ ᠡᠬᠡ ᠤᠯᠤᠰ᠎ᠤᠨ ᠤᠮᠠᠷᠠᠲᠤ᠎ᠶᠢᠨ ᠦᠵᠡᠮᠵᠢ᠎ᠶᠢᠨ ᠣᠷᠣᠨ᠎ᠢ ᠨᠠᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠤᠨ᠎ᠠ᠃

(ᠰᠤᠷᠪᠤᠯᠵᠢᠯᠠᠭ᠍ᠴᠢ ᠠᠨ ᠶᠢᠨ ᠳ᠋ᠦᠩ   ᠬᠤᠤ ᠵᠢᠶᠠ ᠯᠢ   ᠵᠠᠩ ᠬᠤᠢ ᠯᠢᠩ   ᠬᠠᠨ ᠰᠢᠤᠸᠠᠢ ᠷᠦ   ᠭᠤᠤ ᠮᠢᠨ ᠨᠠ   ᠯᠢᠦ ᠬᠣᠩ ᠵᠠᠩ    ᠪᠠᠢ ᠳ᠋ᠠᠨ    ᠰᠢᠦᠢ ᠵᠢᠩ    ᠮᠠ ᠹᠠᠩ    ᠯᠢ ᠰᠢᠨ ᠵᠢᠶᠦ᠋ᠨ  ᠢᠦᠢ ᠰᠢᠨ ᠯᠢ    ᠸᠠᠩ ᠬᠤᠤ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面