ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-10-23 10:59:48

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ

ᠯᠢ ᠴᠢᠶᠠᠩ  ᠸᠠᠩ ᠬᠤ᠌ ᠨᠢᠩ  ᠼᠠᠢ ᠴᠢ  ᠳ᠋ᠢᠩ ᠰᠢᠤᠸᠠᠢ ᠰᠢᠶᠠᠩ  ᠯᠢ ᠰᠢ  ᠬᠠᠨ ᠵᠧᠩ ᠬᠤᠷᠠᠯ᠎ᠳᠤ ᠣᠷᠣᠯᠴᠠᠵᠤ  ᠵᠣᠣ ᠯᠧ ᠵᠢᠢ ᠬᠤᠷᠠᠯ᠎ᠢ ᠡᠷᠭᠢᠯᠡᠵᠠᠢ


ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ 22 ᠤ᠋ᠨ ᠦᠳᠡ᠎ᠶᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠡᠷ ᠶᠠᠪᠤᠭᠳᠠᠪᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠲᠡᠦᠬᠡ᠎ᠪᠡᠨ ᠪᠠᠲᠤ᠌ ᠴᠡᠭᠡᠵᠢᠯᠡᠪᠡᠯ ᠢᠷᠡᠭᠡᠳᠦᠶ᠎ᠶᠢ ᠨᠡᠭᠡᠭᠡᠵᠦ᠍ ᠴᠢᠳᠠᠨ᠎ᠠ᠃ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠦᠷᠭᠦᠯᠵᠢᠯᠡᠨ ᠲᠡᠮᠡᠴᠡᠵᠦ᠂ ᠡᠷᠡᠮᠡᠬᠡᠢᠯᠡᠨ ᠤᠷᠤᠭᠰᠢᠯᠠᠵᠤ᠂ ᠬᠤᠪᠢᠰᠬᠠᠯ᠎ᠤᠨ ᠠᠬᠠᠮᠠᠳ ᠨᠢᠭᠡ ᠦᠶ᠎ᠡ᠎ᠶᠢᠨ ᠬᠢᠨ᠎ᠦ ᠡᠭᠦᠳᠦᠭᠰᠡᠨ ᠠᠭᠤᠤ ᠶᠡᠬᠡ ᠦᠢᠯᠡᠰ᠎ᠢ ᠲᠠᠰᠤᠷᠠᠯᠳᠠ ᠦᠭᠡᠢ ᠠᠬᠢᠭᠤᠯᠵᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠳᠦ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠴᠢᠷᠮᠠᠢᠨ ᠡᠭᠦᠳᠬᠦ ᠬᠡᠷᠡᠭᠲᠡᠢ ᠭᠡᠵᠤ ᠴᠢᠬᠤᠯᠠᠴᠢᠯᠠᠵᠠᠢ᠃



10 ᠰᠠᠷ᠎ᠠ᠎ᠶᠢᠨ 22 ᠤ᠋ᠨ ᠡᠳᠤᠷ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠡᠷ ᠶᠠᠪᠤᠭᠳᠠᠪᠠ᠃ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ ᠃    

           ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠶᠤᠤ ᠳ᠋ᠠ ᠸᠸᠢ  ᠰᠡᠬᠦᠳᠡᠷᠯᠡᠪᠡ



10 ᠰᠠᠷ᠎ᠠ᠎ᠶᠢᠨ 22 ᠤ᠋ᠨ ᠡᠳᠤᠷ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ᠎ᠪᠡᠷ ᠶᠠᠪᠤᠭᠳᠠᠪᠠ᠃ ᠰᠢ ᠵᠢᠨ ᠫᠢᠩ ᠂ ᠯᠢ ᠴᠢᠶᠠᠩ᠂ ᠵᠤᠤ ᠯᠸ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠶᠡᠬᠡ ᠬᠤᠷᠠᠯ᠎ᠳᠤ ᠣᠷᠣᠯᠴᠠᠵᠠᠢ᠃ 

      ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ ᠰᠢᠶᠸ ᠬᠤᠸᠠᠨ ᡂᠢ  ᠰᠡᠬᠦᠳᠡᠷᠯᠡᠪᠡ


ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠢᠩᠭᠤ᠎ᠶᠢᠨ ᠭᠡᠰᠢᠭᠦᠨ ᠯᠢ ᠴᠢᠶᠠᠩ᠂ ᠵᠤᠤ ᠯᠸ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠶᠡᠬᠡ ᠬᠤᠷᠠᠯ᠎ᠳᠤ ᠣᠷᠣᠯᠴᠠᠪᠠ᠃

ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ᠎ᠳᠤ ᠲᠥᠪ ᠬᠢᠴᠢᠶᠡᠩᠭᠦᠢ ᠪᠦᠭᠡᠳ ᠬᠦᠷ ᠬᠥᠭᠵᠢᠶᠡᠨ ᠲᠠᠢ ᠠᠭᠤᠷ ᠠᠮᠢᠰᠬᠤᠯ ᠵᠢᠡᠷ ᠪᠢᠯᠬᠠᠨ᠎ᠠ᠃ ᠲᠡᠷᠢᠭᠦᠯᠡᠭᠴᠢ᠎ᠶᠢᠨ ᠲᠠᠢᠰᠠᠨ᠎ᠤ ᠳᠡᠭᠡᠷ᠎ᠡ ᠲᠠᠯ᠎ᠠ᠎ᠳᠤ 《ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ》 ᠭᠡᠬᠦ ᠬᠤᠷᠠᠯ᠎ᠤᠨ ᠲᠡᠮᠳᠡᠭ᠎ᠢ ᠡᠯᠭᠦᠵᠦ᠂ ᠠᠷᠤ ᠬᠥᠰᠢᠭᠡ᠎ᠶᠢᠨ ᠭᠣᠣᠯ ᠳᠤᠮᠳᠠ ᠭᠡᠷᠡᠯ ᠭᠢᠯᠪᠠᠭ᠎ᠠ ᠰᠠᠴᠤᠷᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ ᠤ᠋ᠨ ᠰᠦᠯᠳᠡ᠎ᠶᠢ ᠡᠯᠭᠦᠵᠦ᠂ ᠨᠠᠮ᠎ᠤᠨ ᠰᠦᠯᠳᠡ᠎ᠶᠢᠨ ᠳᠣᠣᠷ᠎ᠠ ᠲᠠᠯ᠎ᠠ᠎ᠳᠤ 《1936 — 2026》 ᠭᠡᠬᠦ ᠦᠰᠦᠭ ᠪᠠᠢᠵᠤ᠂ 10 ᠤᠯᠠᠭᠠᠨ ᠲᠤᠭ᠎ᠢ ᠬᠣᠶᠠᠷ ᠭᠠᠷᠯᠠᠨ ᠵᠢᠭ᠍ᠰᠠᠭᠠᠵᠠᠢ᠃ ᠬᠣᠶᠠᠳᠤᠭᠠᠷ ᠳᠠᠪᠬᠤᠷᠯᠢᠭ᠋᠎ᠤᠨ ᠪᠠᠷᠠᠯᠠᠬᠤ ᠲᠠᠢᠰᠠᠨ ᠳᠡᠭᠡᠷ᠎ᠡ᠄ 《ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ ᠳ᠋ᠤ ᠮᠤᠷᠳᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠶ᠎ᠠ!》 ᠭᠡᠬᠦ ᠤᠷᠢᠶ᠎ᠠ ᠵᠢ ᠡᠯᠭᠦᠪᠡ᠃

ᠦᠳᠡ᠎ᠶᠢᠨ ᠡᠮᠦᠨᠡᠬᠢ 10 ᠴᠠᠭ᠎ᠲᠤ᠂ ᠵᠤᠤ ᠯᠸ ᠵᠢᠢ ᠳᠤᠷᠠᠰᠬᠠᠬᠤ ᠶᠡᠬᠡ ᠬᠤᠷᠠᠯ ᠡᠬᠢᠯᠡᠭᠰᠡᠨ᠎ᠢ ᠵᠠᠷᠯᠠᠵᠤ᠂ ᠪᠦᠭᠦᠳᠡᠭᠡᠷ᠎ᠢᠶᠡᠨ ᠪᠣᠰᠴᠤ ᠵᠣᠭᠰᠣᠨ᠂ ᠤᠯᠤᠰ᠎ᠤᠨ ᠰᠦᠯᠳᠡ ᠳᠠᠭᠤᠤ᠎ᠶᠢ ᠬᠠᠩᠭᠢᠨᠠᠲᠠᠯ᠎ᠠ ᠳᠠᠭᠤᠯᠠᠪᠠ᠃

ᠬᠠᠯᠠᠭᠤᠨ ᠠᠯᠠᠭ᠎ᠠ ᠲᠡᠰᠢᠯᠲᠡ᠎ᠶᠢᠨ ᠳᠤᠮᠳᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠵᠢᠨ ᠡᠮᠦᠨ᠎ᠠ ᠡᠴᠡ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠤ᠋ ᠡᠮᠦᠨ᠎ᠠ ᠡᠴᠡ᠂ ᠤᠯᠠᠭᠠᠨ ᠴᠡᠷᠢᠭ᠎ᠢ ᠤᠳᠤᠷᠢᠳᠤᠨ ᠤᠷᠳᠤ ᠵᠠᠮ᠎ᠤᠨ ᠠᠶᠠᠨ ᠲᠠᠢ᠍ᠢᠨ ᠤ᠋ ᠡᠨᠡ ᠬᠦ᠌ ᠲᠡᠦᠬᠡ᠎ᠶᠢᠨ ᠠᠭᠤᠤ ᠦᠢᠯᠡᠰ᠎ᠢ ᠡᠭᠦᠳᠦᠨ ᠪᠦᠲᠦᠭᠡᠭᠰᠡᠨ ᠮᠠᠤ ᠽᠸ ᠳ᠋ᠦᠩ᠂ ᠵᠧᠤ ᠡᠸᠨ ᠯᠠᠢ᠂ ᠵᠦ᠍ ᠳ᠋ᠸ ᠵᠡᠷᠭᠡ ᠠᠬᠠᠮᠠᠳ ᠨᠢᠭᠡ ᠦᠶ᠎ᠡ᠎ᠶᠢᠨ ᠬᠤᠪᠢᠰᠬᠠᠯᠴᠢᠳ ᠲᠤ᠌᠂ ᠤᠷᠳᠤ ᠵᠠᠮ᠎ᠤᠨ ᠠᠶᠠᠨ ᠲᠠᠢ᠍ᠢᠨ᠎ᠦ ᠳᠤᠮᠳᠠ ᠴᠢᠰᠤᠲᠤ ᠪᠠᠢᠯᠳᠤᠭᠠᠨ ᠬᠢᠭᠰᠡᠨ ᠪᠠ ᠡᠯ᠎ᠡ ᠭᠠᠵᠠᠷ᠎ᠲᠤ ᠬᠤᠪᠢᠰᠬᠠᠯᠲᠤ ᠲᠡᠮᠡᠴᠡᠯ ᠢ᠋ ᠪᠠᠷᠢᠮᠲᠠᠯᠠᠭᠰᠠᠨ ᠤᠯᠠᠭᠠᠨ ᠴᠡᠷᠢᠭ᠎ᠦᠨ ᠵᠢᠯᠣᠭᠣᠳᠤᠭ᠍ᠴᠢ ᠪᠠᠢᠯᠳᠤᠭ᠍ᠴᠢᠳ ᠲᠤ᠌᠂ ᠲᠤᠬᠠᠢ᠎ᠶᠢᠨ ᠵᠢᠯ᠎ᠳᠦ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠢ ᠳᠡᠮᠵᠢᠭᠰᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠢᠯᠠᠩᠭᠤᠶ᠎ᠠ ᠡᠯ᠎ᠡ ᠬᠤᠪᠢᠰᠬᠠᠯ᠎ᠤᠨ ᠰᠠᠭᠤᠷᠢᠨ ᠭᠠᠵᠠᠷ᠎ᠤᠨ ᠠᠷᠠᠳ ᠲᠦᠮᠡᠨ ᠳ᠋ᠤ᠂ ᠡᠷᠡᠭᠦᠯ ᠲᠡᠩᠬᠡᠯᠡᠭᠦᠨ ᠪᠠᠢᠭ᠎ᠠ ᠤᠯᠠᠭᠠᠨ ᠴᠡᠷᠢᠭ᠎ᠦᠨ ᠠᠬᠠᠮᠠᠳ ᠪᠠᠢᠯᠳᠤᠭ᠍ᠴᠢᠳ᠎ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠲᠡᠷᠡ ᠪᠦᠭᠦᠳᠡᠭᠡᠷ᠎ᠢᠶᠡᠨ ᠪᠣᠰᠴᠤ ᠵᠣᠭᠰᠣᠨ᠂ ᠤᠷᠳᠤ ᠵᠠᠮ᠎ᠤᠨ ᠠᠶᠠᠨ ᠲᠠᠢ᠍ᠢᠨ᠎ᠦ ᠳᠤᠮᠳᠠ ᠪᠠ ᠡᠯ᠎ᠡ ᠭᠠᠵᠠᠷ᠎ᠤᠨ ᠬᠤᠪᠢᠰᠬᠠᠯᠲᠤ ᠲᠡᠮᠡᠴᠡᠯ᠎ᠦᠨ ᠳᠤᠮᠳᠠ ᠪᠠᠭᠠᠲᠤᠷᠯᠢᠭ᠋᠎ᠢᠶᠠᠷ ᠪᠡᠶ᠎ᠡ ᠦᠷᠡᠭᠳᠡᠭᠰᠡᠨ ᠬᠤᠪᠢᠰᠬᠠᠯ᠎ᠤᠨ ᠪᠠᠭᠠᠲᠤᠷᠴᠤᠳ᠎ᠢ ᠨᠠᠮᠠᠨᠴᠢᠯᠠᠨ ᠭᠠᠰᠢᠭᠤᠳᠠᠬᠤ ᠳᠤᠷᠠᠳᠤᠯᠭ᠎ᠠ ᠭᠠᠷᠭᠠᠪᠠ᠃

ᠰᠢ ᠵᠢᠨ ᠫᠢᠩ᠂ 1934 ᠣᠨ᠎ᠤ 10 ᠰᠠᠷ᠎ᠠ ᠡᠴᠡ 1936 ᠣᠨ᠎ᠤ 10 ᠰᠠᠷ᠎ᠠ ᠪᠣᠯᠲᠠᠯ᠎ᠠ᠂ ᠮᠠᠨ᠎ᠤ ᠨᠠᠮ ᠤᠯᠠᠭᠠᠨ ᠴᠡᠷᠢᠭ᠎ᠦᠨ ᠨᠢᠭᠡᠳᠦᠭᠡᠷ᠂ ᠬᠣᠶᠠᠳᠤᠭᠠᠷ᠂ ᠳᠥᠷᠪᠡᠳᠦᠭᠡᠷ ᠲᠠᠯ᠎ᠠ ᠵᠢᠨ ᠴᠡᠷᠢᠭ ᠪᠣᠯᠣᠨ ᠬᠣᠷᠢᠨ ᠲᠠᠪᠤᠳᠤᠭᠠᠷ ᠠᠷᠮᠢ᠎ᠶᠢ ᠤᠳᠤᠷᠢᠳᠤᠨ᠂ ᠳᠡᠯᠡᠬᠡᠢ ᠳ᠋ᠠᠬᠢᠨ᠎ᠢ ᠳᠣᠩᠰᠣᠯᠭᠠᠭᠰᠠᠨ᠂ ᠲᠡᠦᠬᠡ᠎ᠶᠢᠨ ᠬᠠᠭᠤᠳᠠᠰᠤ᠎ᠶᠢ ᠭᠡᠢᠭᠦᠯᠦᠭᠰᠡᠨ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠢ ᠬᠢᠭᠰᠡᠨ ᠪᠠᠢᠨ᠎ᠠ᠃ ᠤᠯᠠᠭᠠᠨ ᠴᠡᠷᠢᠭ᠎ᠤᠨ ᠣᠷᠳᠣ᠌ ᠵᠠᠮ᠎ᠤᠨ ᠠᠶᠠᠨ ᠲᠡᠶ᠋ᠢᠨ ᠨᠢ ᠠᠷᠪᠠ ᠭᠠᠷᠤᠢ ᠮᠤᠵᠢ᠎ᠶᠢ ᠳᠤᠭᠤᠯᠤᠨ᠂ ᠬᠣᠶᠠᠷ ᠲᠦᠮᠡ ᠲᠠᠪᠤᠨ ᠮᠢᠩᠭᠠᠨ ᠭᠠᠵᠠᠷ ᠤ᠋ᠨ ᠠᠶᠠᠨ ᠬᠥᠭᠡᠭᠡᠵᠦ᠂ ᠵᠠᠭᠤ ᠭᠠᠷᠤᠢ ᠲᠦᠮᠡᠨ ᠳᠠᠢᠰᠤᠨ᠎ᠤ ᠴᠡᠷᠢᠭ᠎ᠦᠨ ᠪᠦᠰᠡᠯᠡᠯᠲᠡ ᠨᠡᠬᠡᠮᠵᠢᠯᠡᠯᠲᠡ ᠬᠠᠰᠢᠯᠲᠠ᠎ᠶᠢ ᠪᠣᠳᠠ ᠨᠢᠷᠭᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠ ᠤᠯᠠᠭᠠᠨ ᠴᠡᠷᠢᠭ᠎ᠢ ᠤᠰᠠᠳᠬᠠᠬᠤ ᠭᠡᠰᠡᠨ ᠭᠣᠮᠢᠨᠳᠠᠩ᠎ᠤᠨ ᠲᠡᠷᠰᠯᠡᠭᠦᠴᠦᠳ᠎ᠦᠨ ᠭᠣᠷᠢᠳᠠᠯᠭ᠎ᠠ ᠲᠤᠢᠯᠪᠤᠷᠢᠲᠠᠢ ᠢᠯᠠᠭᠳᠠᠭᠰᠠᠨ᠎ᠢ ᠲᠤᠩᠬᠠᠭᠯᠠᠨ᠂ ᠤᠮᠠᠷᠠᠰᠢ ᠮᠣᠷᠳᠠᠨ ᠶᠠᠫᠤᠨ᠎ᠢ ᠡᠰᠡᠷᠭᠦᠴᠡᠬᠦ ᠪᠠᠢᠯᠳᠤᠬᠤ ᠪᠣᠳᠣᠯᠭ᠎ᠠ᠎ᠶᠢᠨ ᠰᠢᠯᠵᠢᠯᠲᠡ᠎ᠶᠢ ᠢᠯᠠᠯᠲᠠ᠎ᠲᠠᠢ ᠪᠡᠶᠡᠯᠡᠭᠦᠯᠵᠦ᠂ ᠳᠤᠮᠳᠠᠳᠤ ᠤᠯᠤᠰ᠎ᠤᠨ ᠬᠤᠪᠢᠰᠬᠠᠯ᠎ᠤᠨ ᠰᠢᠨ᠎ᠡ ᠪᠠᠢᠳᠠᠯ᠎ᠢ ᠠᠮᠵᠢᠯᠲᠠ᠎ᠲᠠᠢ ᠨᠡᠭᠡᠭᠡᠭᠰᠡᠨ ᠪᠠᠢᠨ᠎ᠠ᠃ ᠡᠨᠡ ᠬᠦ᠌ ᠲᠡᠭᠷᠢ ᠭᠠᠵᠠᠷ᠎ᠢ ᠳᠣᠩᠰᠣᠯᠭᠠᠮ᠎ᠠ ᠬᠤᠪᠢᠰᠬᠠᠯ᠎ᠤᠨ ᠠᠤᠭ᠎ᠠ ᠠᠵᠢᠯᠯᠠᠭ᠎ᠠ ᠨᠢ ᠮᠠᠨ᠎ᠤ ᠨᠠᠮ᠂ ᠤᠯᠤᠰ᠂ ᠴᠡᠷᠢᠭ ᠠᠩᠭᠢ᠎ᠶᠢᠨ ᠲᠡᠦᠬᠡᠨ ᠳᠡᠭᠡᠷ᠎ᠡ ᠠᠭᠤᠤ ᠶᠡᠬᠡ ᠠᠴᠢ ᠬᠣᠯᠪᠣᠭᠳᠠᠯ᠎ᠲᠠᠢ ᠪᠠᠢᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠠᠬᠢᠴᠠ᠎ᠳᠤ ᠠᠯᠤᠰ ᠬᠡᠳᠤ᠎ᠶᠢᠨ ᠨᠥᠯᠥᠭᠡ ᠦᠵᠡᠭᠦᠯᠵᠡᠢ᠃ ᠡᠨᠡ ᠬᠦ᠌ ᠰᠦᠷ ᠵᠢᠪᠬᠤᠯᠠᠩᠲᠤ ᠪᠠᠭᠠᠲᠤᠷᠯᠢᠭ᠋ ᠲᠤᠤᠯᠢᠰ ᠨᠢ ᠳᠤᠮᠳᠠᠳᠤ ᠤᠯᠤᠰ᠎ᠤᠨ ᠬᠤᠪᠢᠰᠬᠠᠯ᠎ᠤᠨ ᠥᠷᠯᠥᠭ ᠬᠥᠰᠢᠶ᠎ᠡ ᠳᠡᠭᠡᠷ᠎ᠡ ᠡᠭᠦᠷᠢᠳᠡ ᠰᠡᠢᠯᠦᠭᠳᠡᠵᠦ᠂ ᠲᠦᠭ ᠲᠦᠮᠡᠨ ᠠᠷᠠᠳ ᠲᠦᠮᠡᠨ᠎ᠦ ᠰᠡᠳᠬᠢᠯ᠎ᠳᠦ ᠡᠭᠦᠷᠢᠳᠡ ᠬᠠᠳᠠᠩᠰᠢᠨ᠎ᠠ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠲᠡᠦᠬᠡ᠎ᠶᠢ ᠲᠠᠬᠢᠨ ᠡᠷᠭᠢᠴᠡᠭᠦᠯᠵᠦ ᠪᠠᠢᠭ᠎ᠠ ᠨᠢ ᠡᠷᠡᠯᠬᠡᠭᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ᠎ᠢ ᠰᠢᠩᠭᠡᠬᠡᠨ ᠠᠪᠬᠤ᠎ᠶᠢᠨ ᠲᠥᠯᠥᠭᠡ ᠶᠤᠮ᠃ 90 ᠵᠢᠯ᠎ᠦᠨ ᠳᠠᠷᠠᠭᠠᠬᠢ ᠡᠨᠡ ᠡᠳᠦᠷ᠂ ᠲᠡᠷᠡ ᠬᠦ᠌ ᠬᠦᠴᠢᠷ ᠪᠡᠷᠬᠡᠰᠢᠶᠡᠯ ᠲᠠᠢ ᠭᠡᠷᠡᠯ ᠰᠠᠴᠤᠷᠠᠩᠭᠤᠢ ᠲᠡᠦᠬᠡ᠎ᠶᠢ ᠳᠠᠬᠢᠨᠲᠠ ᠡᠷᠭᠢᠴᠡᠭᠦᠯᠬᠦᠶ᠎ᠡ᠂ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ ᠪᠣᠯ ᠵᠠᠢᠯᠠᠰᠢ ᠦᠭᠡᠢ ᠶᠤᠮ᠂ ᠲᠡᠬᠥᠨ ᠎ᠳᠦ ᠨᠠᠮ ᠪᠣᠯᠣᠨ ᠠᠷᠠᠳ᠎ᠦᠨ ᠴᠡᠷᠢᠭ ᠠᠩᠭᠢ᠎ᠶᠢᠨ ᠪᠠᠲᠤ ᠴᠢᠩᠭ᠎ᠠ ᠤᠷᠤᠭᠰᠢᠯᠠᠯᠲᠠ᠎ᠶᠢᠨ ᠢᠯᠠᠯᠲᠠ᠎ᠶᠢ ᠣᠯᠬᠤ ᠶᠤᠰᠤ ᠠᠭᠤᠯᠤᠭᠳᠠᠵᠤ ᠪᠠᠢᠬᠤ᠎ᠶᠢ ᠪᠢᠳᠡ ᠨᠡᠩ ᠭᠦᠨᠵᠡᠭᠡᠢ ᠲᠠᠨᠢᠵᠤ ᠣᠯᠪᠠ᠃ ᠡᠨᠡ ᠬᠦ᠌ ᠠᠭᠤᠤ ᠶᠡᠭᠡ ᠢᠯᠠᠯᠳᠠ ᠵᠢᠨ ᠵᠠᠮ ᠢ᠋ ᠪᠤᠯ ᠨᠠᠮ᠎ᠤᠨ ᠵᠥᠪ ᠤᠳᠤᠷᠢᠳᠤᠯᠭ᠎ᠠ᠎ᠳᠤ ᠲᠦᠰᠢᠭᠯᠡᠨ ᠶᠠᠪᠤᠵᠤ ᠭᠠᠷᠭᠠᠭᠰᠠᠨ ᠶᠤᠮ᠂ ᠨᠠᠮ᠎ᠤᠨ ᠵᠥᠪ ᠤᠳᠤᠷᠢᠳᠤᠯᠭ᠎ᠠ ᠪᠠ ᠮᠠᠤ ᠽᠸ ᠳ᠋ᠦᠩ ᠨᠥᠬᠥᠷ᠎ᠦᠨ ᠭᠣᠣᠯᠯᠠᠬᠤ ᠪᠠᠶ᠋ᠢᠷᠢ ᠰᠠᠭᠤᠷᠢ᠎ᠶᠢ ᠲᠣᠭᠲᠠᠭᠠᠭᠰᠠᠨ ᠨᠢ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ᠎ᠦ ᠢᠯᠠᠯᠲᠠ᠎ᠳᠤ ᠰᠢ᠌ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠶ ᠶᠤᠮ᠃ ᠡᠨᠡ ᠬᠦ᠌ ᠠᠭᠤᠤ ᠶᠡᠬᠡ ᠢᠯᠠᠯᠲᠠ᠎ᠶᠢᠨ ᠵᠠᠮ᠎ᠢ ᠪᠣᠯ ᠡᠷᠡᠰ ᠪᠠᠲᠤ᠌ ᠬᠤᠪᠢᠰᠬᠠᠯᠲᠤ᠌ ᠵᠣᠷᠢᠭ ᠰᠠᠨᠠᠭ᠎ᠠ᠎ᠳᠤ ᠲᠦᠰᠢᠭᠯᠡᠨ ᠶᠠᠪᠤᠵᠤ ᠭᠠᠷᠭᠠᠭᠰᠠᠨ ᠶᠤᠮ᠂ ᠬᠤᠪᠢᠰᠬᠠᠯ᠎ᠤᠨ ᠬᠦᠰᠡᠯᠡᠩ᠂ ᠬᠤᠪᠢᠰᠬᠠᠯ᠎ᠤᠨ ᠢᠲᠡᠭᠡᠯ ᠵᠣᠷᠢᠭ ᠨᠢ ᠮᠤᠵᠢᠭᠤᠳᠠ ᠳᠠᠶ᠋ᠢᠰᠤᠨ᠎ᠢ ᠳᠠᠷᠤᠵᠤ᠂ ᠠᠭᠤᠯᠠ ᠬᠠᠶ᠋ᠢᠷᠬᠠᠨ᠎ᠢ ᠳᠣᠩᠰᠣᠯᠭᠠᠬᠤ ᠬᠢᠵᠠᠭᠠᠯᠠᠰᠢ ᠦᠭᠡᠢ ᠬᠦᠴᠦᠨ ᠴᠢᠳᠠᠯ᠎ᠢ ᠪᠠᠳᠠᠷᠠᠭᠤᠯᠵᠤ᠂ ᠡᠷᠬᠢᠮ ᠳᠡᠭᠡᠳᠦ ᠬᠦᠰᠡᠯᠡᠩ ᠪᠠ ᠡᠷᠡᠰ ᠪᠠᠲᠤ᠌ ᠢᠲᠡᠭᠡᠯ ᠵᠣᠷᠢᠭ᠎ᠲᠠᠶ ᠡᠩᠨᠡᠭᠡ ᠪᠣᠯ ᠢᠯᠠᠭᠳᠠᠰᠢ ᠦᠭᠡᠢ ᠶᠤᠮ᠃ ᠡᠨᠡ ᠬᠦ᠌ ᠠᠭᠤᠤ ᠶᠡᠬᠡ ᠢᠯᠠᠯᠲᠠ᠎ᠶᠢᠨ ᠵᠠᠮ᠎ᠢ ᠪᠤᠯ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠂ ᠦᠨᠡᠨ᠎ᠡᠴᠡ ᠵᠥᠪ᠎ᠢ ᠡᠷᠢᠬᠦ᠌᠎ᠳᠦ ᠲᠦᠰᠢᠭᠯᠡᠨ ᠶᠠᠪᠤᠵᠤ ᠭᠠᠷᠭᠠᠭᠰᠠᠨ ᠶᠤᠮ᠂ ᠮᠠᠷᠺᠰ᠎ᠤᠨ ᠦᠵᠡᠯ᠎ᠦᠨ ᠦᠨᠳᠦᠰᠦᠨ ᠤᠬ ᠶᠤᠰᠤ ᠵᠢ ᠭᠠᠭᠴᠠ ᠬᠦ᠌ ᠳᠤᠮᠳᠠᠳᠤ ᠤᠯᠤᠰ᠎ᠤᠨ ᠪᠣᠳᠠᠲᠤ᠌ ᠪᠠᠶ᠋ᠢᠳᠠᠯ᠎ᠲᠠᠶ ᠨᠢᠭᠲᠠ ᠤᠶᠠᠯᠳᠤᠭᠤᠯᠪᠠᠯ ᠰᠠᠶᠢ ᠳᠤᠮᠳᠠᠳᠤ ᠤᠯᠤᠰ᠎ᠤᠨ ᠠᠰᠠᠭᠤᠳᠠᠯ᠎ᠢ ᠰᠢ᠌ᠳᠪᠦᠷᠢᠯᠡᠵᠦ᠍᠂ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠵᠦ᠍ ᠴᠢᠳᠠᠨ᠎ᠠ᠃ ᠡᠨᠡ ᠬᠦ᠌ ᠠᠭᠤᠤ ᠶᠡᠬᠡ ᠢᠯᠠᠯᠲᠠ᠎ᠶᠢᠨ ᠵᠠᠮ᠎ᠢ ᠪᠤᠯ ᠥᠷᠭᠡᠨ ᠤᠯᠠᠨ ᠠᠷᠠᠳ ᠲᠦᠮᠡᠨ᠎ᠦ ᠳᠡᠮᠵᠢᠯᠭᠡ ᠳ᠋ᠦ ᠲᠦᠰᠢᠭᠯᠡᠨ ᠶᠠᠪᠤᠵᠤ ᠭᠠᠷᠭᠠᠭᠰᠠᠨ ᠶᠤᠮ᠂ ᠠᠷᠠᠳ ᠤᠯᠠᠨ ᠪᠣᠯ ᠥᠨᠢ ᠡᠭᠦᠷᠢᠳᠡ ᠨᠠᠮ ᠪᠠ ᠠᠷᠠᠳ᠎ᠤᠨ ᠴᠡᠷᠢᠭ ᠠᠩᠭᠢ᠎ᠶᠢᠨ ᠬᠦᠴᠦᠨ ᠴᠢᠳᠠᠯ᠎ᠤᠨ ᠡᠬᠢ ᠪᠤᠯᠠᠭ ᠪᠠ ᠪᠠᠲᠤ ᠴᠢᠩᠭ᠎ᠠ ᠥᠮᠥᠭ ᠲᠦᠰᠢᠭ ᠮᠥᠨ᠂ ᠪᠢᠳᠡ ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠂ ᠠᠷᠠᠳ ᠤᠯᠠᠨ ᠯᠤᠭ᠎ᠠ᠎ᠶᠢᠨ ᠴᠢᠰᠤ ᠮᠢᠬᠠᠨ᠎ᠤ ᠬᠠᠷᠢᠴᠠᠭ᠎ᠠ᠎ᠪᠠᠨ ᠢᠮᠠᠭᠲᠠ ᠪᠠᠷᠢᠮᠲᠠᠯᠠᠳᠠᠭ ᠯᠠ ᠶᠤᠮ ᠪᠣᠯ ᠨᠠᠮ᠎ᠤᠨ ᠠᠵᠢᠯ ᠦᠢᠯᠡᠰ ᠳᠠᠷᠤᠢ ᠬᠡᠵᠢᠶ᠎ᠠ ᠴᠤ᠌ ᠢᠯᠠᠭᠳᠠᠰᠢ ᠦᠭᠡᠢ ᠶᠤᠮ ᠭᠡᠵᠤ ᠴᠢᠬᠤᠯᠠᠴᠢᠯᠠᠪᠠ᠃

ᠰᠢ ᠵᠢᠨ ᠫᠢᠩ᠂ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ ᠶᠡᠷᠦ᠍ ᠪᠤᠰᠤ᠎ᠶᠢᠨ ᠬᠥᠮᠦᠨ᠎ᠦ ᠶᠢᠷᠲᠢᠨᠴᠦ᠎ᠶᠢᠨ ᠭᠠᠶ᠋ᠢᠬᠠᠮᠰᠢᠭ᠎ᠢ ᠡᠭᠦᠳᠴᠦ᠍᠂ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠴᠣᠭᠴᠠᠯᠠᠪᠠ᠃ ᠵᠣᠷᠢᠭ ᠰᠠᠨᠠᠭ᠎ᠠ ᠪᠣᠯ ᠬᠦᠴᠦᠨ ᠴᠢᠳᠠᠯ ᠮᠥᠨ᠃ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ ᠨᠢ ᠦᠨᠡᠨᠴᠢ ᠰᠢᠳᠤᠷᠭᠤ ᠬᠦᠴᠦᠨ᠂ ᠦᠨᠡᠨ ᠶᠣᠰᠣᠨ᠎ᠤ ᠬᠦᠴᠦᠨ᠂ ᠰᠢᠳᠤᠷᠭᠤ ᠶᠣᠰᠣᠨ᠎ᠤ ᠬᠦᠴᠦᠨ᠂ ᠪᠦᠯᠬᠦᠮᠳᠡᠯ᠎ᠦᠨ ᠬᠦᠴᠦᠨ᠎ᠢ ᠭᠦᠢᠴᠡᠳ ᠢᠯᠡᠷᠡᠭᠦᠯᠵᠦ᠂ ᠲᠡᠷᠡ ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠴᠠᠭ ᠣᠷᠣᠨ ᠵᠠᠢ᠎ᠶᠢ ᠠᠯᠤᠰᠯᠠᠵᠤ᠂ ᠤᠷᠳᠤ ᠤᠳᠠᠭᠠᠨ᠎ᠢ ᠥᠩᠭᠡᠷᠡᠭᠦᠯᠵᠦ᠍ ᠶᠠᠪᠤᠬᠤ ᠲᠤᠳᠤᠮ ᠰᠢᠨᠡᠳᠴᠦ᠍᠂ ᠥᠨᠢ ᠡᠭᠦᠷᠢᠳᠡ ᠪᠢᠳᠡᠨ᠎ᠢ ᠤᠷᠮᠠᠰᠢᠭᠤᠯᠤᠨ ᠵᠣᠷᠢᠭᠵᠢᠭᠤᠯᠵᠤ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠡᠷᠡᠯᠬᠡᠭᠯᠡᠨ ᠤᠷᠤᠭᠰᠢᠯᠠᠬᠤ ᠡᠷᠬᠢᠮ ᠨᠠᠨᠳᠢᠨ ᠡᠳ᠋ ᠪᠠᠶᠠᠯᠢᠭ ᠪᠠ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠬᠤ ᠶᠤᠮ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠤᠷᠳᠤ ᠵᠠᠮ᠎ᠤᠨ ᠠᠶᠠᠨ ᠲᠠᠢ᠌ᠨ᠎ᠦ ᠲᠡᠦᠬᠡ ᠶᠡᠷᠦ᠎ᠡᠴᠡ ᠬᠤᠯᠠᠳᠠᠭ᠎ᠠ ᠦᠭᠡᠢ᠂ ᠤᠷᠳᠤ ᠵᠠᠮ᠎ᠤᠨ ᠠᠶᠠᠨ ᠲᠠᠢ᠌ᠨ᠎ᠦ ᠵᠠᠮ ᠲᠠᠰᠤᠷᠠᠯᠳᠠ ᠦᠭᠡᠢ ᠦᠷᠭᠦᠯᠵᠢᠯᠡᠵᠦ᠍ ᠪᠠᠶ᠋ᠢᠨ᠎ᠠ᠃ ᠤᠷᠳᠤ ᠵᠠᠮ᠎ᠤᠨ ᠠᠶᠠᠨ ᠲᠠᠢ᠌ᠨ ᠢᠯᠠᠯᠲᠠ ᠣᠯᠤᠭᠰᠠᠨ 90 ᠵᠢᠯ᠎ᠦᠨ ᠲᠤᠷᠰᠢ᠂ ᠨᠠᠮ᠎ᠡᠴᠡ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠤᠪᠢᠰᠬᠠᠯ᠂ ᠪᠦᠳᠦᠭᠡᠨ ᠪᠠᠶ᠋ᠢᠭᠤᠯᠤᠯᠲᠠ᠂ ᠥᠭᠡᠷᠡᠴᠢᠯᠡᠯᠲᠡ᠎ᠶᠢᠨ ᠡᠯ᠎ᠡ ᠲᠡᠦᠬᠡᠨ ᠴᠠᠭ ᠦᠶ᠎ᠡ᠎ᠳᠦ ᠤᠳᠠᠭ᠎ᠠ ᠳᠠᠷᠠᠭᠠᠯᠠᠨ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ ᠬᠢᠵᠦ᠍᠂ ᠤᠳᠠᠭ᠎ᠠ ᠳᠠᠷᠠᠭᠠᠯᠠᠨ ᠠᠭᠤᠤ ᠶᠡᠬᠡ ᠢᠯᠠᠯᠲᠠ᠎ᠶᠢ ᠲᠡᠮᠡᠴᠡᠨ ᠤᠯᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ ᠰᠢᠨ᠎ᠡ ᠴᠠᠭ ᠦᠶ᠎ᠡ᠎ᠳᠦ ᠣᠷᠣᠪᠠ᠃ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠴᠢᠷᠮᠠᠶ᠋ᠢᠯᠭ᠎ᠠ᠎ᠪᠠᠷ᠂ ᠴᠢᠨᠡᠭᠡᠯᠢᠭ ᠨᠡᠶ᠋ᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢ ᠨᠢᠭᠡᠨᠲᠡ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ᠍ ᠴᠢᠨᠠᠷᠲᠠᠢ ᠠᠮᠵᠢᠯᠲᠠ ᠣᠯᠵᠤ᠂ ᠲᠡᠦᠬᠡᠲᠦ᠍ ᠴᠢᠨᠠᠷᠲᠠᠢ ᠬᠤᠪᠢᠰᠤᠯᠲᠠ ᠭᠠᠷᠴᠠᠢ᠂ ᠪᠢᠳᠡ ᠶᠠᠭ ᠰᠢᠨ᠎ᠡ ᠠᠶᠠᠨ᠎ᠳᠠᠭᠠᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠶ᠋ᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢ ᠪᠡᠶᠡᠯᠡᠭᠦᠯᠬᠦ᠌᠎ᠪᠡᠷ ᠴᠢᠷᠮᠠᠶ᠋ᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ᠌ ᠲᠠᠯ᠎ᠠ᠎ᠪᠠᠷ ᠠᠬᠢᠭᠤᠯᠵᠤ ᠪᠠᠶ᠋ᠢᠨ᠎ᠠ ᠭᠡᠵᠦ ᠴᠢᠬᠤᠯᠠᠴᠢᠯᠠᠪᠠ᠃

ᠰᠢ ᠵᠢᠨ ᠫᠢᠩ᠂ ᠰᠢᠨ᠎ᠡ ᠠᠶᠠᠨ ᠪᠣᠯ ᠢᠷᠠᠭᠤ ᠠᠯᠳᠠᠷ ᠪᠣᠯᠤᠨ ᠬᠦᠰᠡᠯ ᠵᠡᠭᠦᠳᠦ᠎ᠪᠡᠷ ᠪᠢᠯᠬᠠᠭᠰᠠᠨ ᠤᠷᠳᠤ ᠠᠶᠠᠨ ᠮᠥᠨ᠂ ᠨᠠᠮ ᠪᠣᠯᠤᠨ ᠠᠷᠠᠳ ᠲᠦᠮᠡᠨ᠎ᠦ ᠰᠢᠨ᠎ᠡ ᠤᠷᠳᠤ ᠵᠠᠮ᠎ᠤᠨ ᠠᠶᠠᠨ ᠲᠠᠢ᠌ᠨ ᠮᠥᠨ᠃ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠰᠢᠨ᠎ᠡ ᠤᠷᠳᠤ ᠵᠠᠮ᠎ᠤᠨ ᠠᠶᠠᠨ ᠲᠠᠢ᠌ᠨ᠎ᠢ ᠰᠠᠶ᠋ᠢᠲᠤᠷ ᠬᠢᠬᠦ᠌᠎ᠳᠦ ᠡᠷᠬᠡᠪᠰᠢ ᠨᠠᠮ᠎ᠤᠨ ᠬᠦᠰᠡᠯᠡᠩ ᠢᠲᠡᠭᠡᠯ ᠪᠢᠰᠢᠷᠡᠯ ᠵᠣᠷᠢᠯᠲᠠ᠎ᠵᠢ ᠪᠠᠲᠤ᠌ ᠰᠠᠬᠢᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠠᠷᠠᠳ ᠲᠦᠮᠡᠨ᠎ᠳᠦ ᠴᠢᠩᠭ᠎ᠠ ᠲᠦᠰᠢᠭᠯᠡᠨ ᠰᠢᠨ᠎ᠡ ᠲᠡᠦᠬᠡ᠎ᠶᠢᠨ ᠠᠭᠤᠤ ᠦᠢᠯᠡᠰ᠎ᠢ ᠴᠣᠭᠴᠠᠯᠠᠬᠤ ᠬᠡᠷᠡᠭᠲᠡᠢ᠃ ᠡᠷᠬᠡᠪᠰᠢ ᠴᠢᠨᠠᠷ ᠰᠠᠶ᠋ᠢᠲᠠᠶ ᠬᠥᠭᠵᠢᠯᠲᠡ᠎ᠶᠢ ᠡᠷᠡᠰ ᠭᠤᠶ᠋ᠢᠪᠢᠰᠢ ᠥᠬᠡᠶ ᠠᠬᠢᠭᠤᠯᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ᠍ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ᠎ᠶᠢ ᠲᠠᠰᠤᠷᠠᠯᠲᠠ ᠥᠬᠡᠶ ᠬᠠᠩᠭᠠᠵᠤ᠂ 《ᠲᠠᠪᠤ᠎ᠶᠢ ᠨᠢᠭᠡ ᠴᠤᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠲᠠ᠎ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠳᠥᠷᠪᠡᠨ ᠪᠥᠬᠥ᠌ ᠲᠠᠯ᠎ᠠ》 ᠵᠢᠨ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢᠰᠢᠭᠤᠯᠤᠯᠲᠠ᠎ᠶᠢ ᠵᠣᠬᠢᠴᠠᠨᠭᠭᠤᠢ ᠠᠬᠢᠭᠤᠯᠵᠤ᠂ ᠠᠵᠤ ᠠᠬᠤᠶ᠎ᠶᠢᠨ ᠶᠠᠰᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠬᠦ᠌ ᠪᠠ ᠲᠣᠭ᠎ᠠ ᠬᠡᠮᠵᠢᠶ᠎ᠡ᠎ᠶᠢ ᠵᠦᠶ ᠵᠣᠬᠢᠰᠲᠠᠶ ᠨᠡᠮᠡᠭᠳᠡᠭᠦᠯᠬᠦ᠌᠎ᠶᠢ ᠠᠬᠢᠭᠤᠯᠵᠤ᠂ ᠪᠥᠬᠥ᠌ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭᠵᠢᠬᠦ᠌᠎ᠶᠢ ᠠᠬᠢᠭᠤᠯᠬᠤ ᠬᠡᠷᠡᠭᠲᠡᠶ᠃ ᠡᠷᠬᠡᠪᠰᠢ ᠮᠠᠰᠢ ᠤᠯᠠᠨ ᠰᠢᠨ᠎ᠡ ᠲᠡᠦᠬᠡ᠎ᠶᠢᠨ ᠣᠨᠴᠠᠯᠢᠭ᠎ᠲᠠᠶ ᠠᠭᠤᠤ ᠶᠡᠬᠡ ᠲᠡᠮᠡᠴᠡᠯ᠎ᠢ ᠵᠣᠷᠢᠭᠲᠠᠢ ᠬᠢᠵᠦ᠍᠂ ᠬᠥᠭᠵᠢᠯᠲᠡ ᠪᠣᠯᠤᠨ ᠠᠮᠤᠷ ᠲᠦᠪᠰᠢᠨ᠎ᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠍᠂ ᠲᠡᠦᠬᠡ᠎ᠶᠢᠨ ᠰᠠᠨᠠᠭᠠᠴᠢᠯᠠᠭᠠᠲᠤ᠌ ᠵᠣᠷᠢᠭ ᠰᠠᠨᠠᠭ᠎ᠠ᠎ᠪᠠᠷ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠠᠶᠤᠯ ᠲᠦᠭᠰᠢᠭᠦᠷᠢ᠎ᠶᠢ ᠢᠯᠠᠨ ᠳᠠᠪᠠᠵᠤ᠂ ᠥᠷᠢᠰᠥᠯᠳᠦᠭᠡᠨ᠎ᠢ ᠤᠭᠲᠤᠵᠤ᠂ ᠳᠤᠮᠳᠠᠳᠤ᠎ᠶᠢᠨ ᠰᠡᠷᠭᠦᠨ ᠮᠠᠨᠳᠤᠯᠲᠠ ᠨᠡᠷᠡᠮᠵᠢᠲᠦ᠍ ᠲᠤᠮᠤ ᠬᠥᠯᠭᠡ ᠣᠩᠭᠣᠴᠠ᠎ᠶᠢᠨ ᠳᠠᠪᠠᠯᠭᠠᠨ᠎ᠢ ᠰᠦᠷᠦᠨ ᠤᠷᠤᠭᠰᠢᠯᠠᠵᠤ᠂ ᠯᠠᠪᠳᠠᠭᠤᠨ᠎ᠢᠶᠠᠷ ᠬᠤᠯᠠ ᠠᠶᠠᠯᠠᠬᠤ᠎ᠶᠢ ᠪᠠᠲᠤᠯᠠᠬᠤ ᠬᠡᠷᠡᠭᠲᠡᠢ᠃ ᠡᠷᠬᠡᠪᠰᠢ ᠠᠷᠠᠳ᠎ᠤᠨ ᠴᠡᠷᠢᠭ ᠠᠩᠭᠢ᠎ᠶᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠲᠦᠷᠭᠡᠨ ᠪᠠᠢᠭᠤᠯᠵᠤ᠂ ᠨᠠᠮ᠎ᠤᠨ ᠠᠷᠠᠳ᠎ᠤᠨ ᠴᠡᠷᠢᠭ ᠠᠩᠭᠢ᠎ᠳᠠᠬᠢ ᠬᠠᠷᠢᠴᠠᠯᠠᠰᠢᠭᠦᠢ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠵᠦ᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ᠎ᠶᠢᠨ ᠣᠳᠣᠬᠢᠴᠢᠯᠠᠯᠲᠠ᠎ᠶᠢ ᠴᠢᠨᠠᠷ ᠰᠠᠢᠲᠠᠢ ᠠᠬᠢᠭᠤᠯᠬᠤ ᠬᠡᠷᠡᠭᠲᠡᠢ᠃ ᠡᠷᠬᠡᠪᠰᠢ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠨᠠᠮ᠎ᠤᠨ ᠥᠪᠡᠷ᠎ᠢ᠎ᠪᠡᠨ ᠴᠡᠪᠡᠷᠰᠢᠭᠦᠯᠬᠦ᠂ ᠥᠪᠡᠷ᠎ᠢ᠎ᠪᠡᠨ ᠲᠡᠭᠦᠯᠳᠡᠷᠵᠢᠭᠦᠯᠬᠦ᠂ ᠥᠪᠡᠷ᠎ᠢ᠎ᠪᠡᠨ ᠰᠢᠨᠡᠴᠢᠯᠡᠬᠦ᠂ ᠥᠪᠡᠷ᠎ᠢ᠎ᠪᠡᠨ ᠳᠡᠭᠡᠭᠰᠢᠯᠡᠭᠦᠯᠬᠦ᠎ᠶᠢ ᠲᠠᠰᠤᠷᠠᠯᠲᠠ ᠦᠭᠡᠢ ᠪᠡᠶᠡᠯᠡᠭᠦᠯᠵᠦ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠬᠤ ᠬᠡᠷᠡᠭᠲᠡᠢ ᠬᠡᠵᠦ ᠵᠢᠭᠠᠵᠦ ᠭᠠᠷᠭᠠᠪᠠ᠃

ᠵᠤᠤ ᠯᠸ ᠵᠢᠢ ᠶᠡᠬᠡ ᠬᠤᠷᠠᠯ᠎ᠢ ᠡᠷᠬᠢᠯᠡᠬᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠮᠠᠨ᠎ᠤ ᠨᠠᠮ᠎ᠤᠨ ᠤᠯᠠᠭᠠᠨ ᠴᠡᠷᠢᠭ᠎ᠢ ᠤᠳᠤᠷᠢᠳᠤᠨ ᠤᠷᠳᠤ ᠵᠠᠮ᠎ᠤᠨ ᠠᠶᠠᠨ ᠲᠠᠢ᠍ᠢᠨ ᠬᠢᠭᠰᠡᠨ ᠠᠭᠤᠤ ᠶᠡᠬᠡ ᠲᠡᠦᠬᠡᠨ ᠶᠠᠪᠤᠴᠠ᠎ᠶᠢ ᠡᠷᠭᠢᠴᠡᠭᠦᠯᠵᠦ᠂ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ᠎ᠶᠢᠨ ᠠᠭᠤᠤ ᠶᠡᠬᠡ ᠠᠴᠢ ᠬᠣᠯᠪᠣᠭᠳᠠᠯ᠎ᠢ ᠳ᠋ᠦᠩᠨᠡᠵᠦ᠂ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ᠎ᠳᠤ ᠠᠭᠤᠯᠤᠭᠳᠠᠵᠤ ᠪᠠᠢᠭ᠎ᠠ ᠨᠠᠮ ᠪᠣᠯᠣᠨ ᠠᠷᠠᠳ ᠲᠦᠮᠡᠨ᠎ᠦ ᠴᠡᠷᠢᠭ ᠠᠩᠭᠢ᠎ᠶᠢᠨ ᠬᠦᠴᠦᠷᠬᠡᠭ ᠶᠡᠬᠡ ᠤᠷᠤᠭᠰᠢᠯᠠᠯᠲᠠ᠎ᠶᠢᠨ ᠢᠯᠠᠯᠲᠠ᠎ᠶᠢ ᠣᠯᠬᠤ ᠵᠠᠮ᠎ᠢ ᠢᠯᠡᠷᠡᠭᠦᠯᠵᠦ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭᠠᠨ᠎ᠤ ᠲᠡᠦᠬᠡᠨ ᠦᠨ᠎ᠡ ᠦᠷᠳᠡᠭ᠎ᠢ ᠲᠣᠳᠣᠷᠬᠠᠢᠯᠠᠨ ᠥᠭᠦᠯᠡᠵᠦ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠬᠤ᠂ ᠰᠢᠨ᠎ᠡ ᠤᠷᠳᠤ ᠵᠠᠮ᠎ᠤᠨ ᠠᠶᠠᠨ ᠲᠠᠢ᠍ᠢᠨ᠎ᠢ ᠰᠠᠢᠲᠤᠷ ᠬᠢᠬᠦ ᠲᠤᠬᠠᠢ 《ᠲᠠᠪᠤᠨ ᠡᠷᠬᠡᠪᠰᠢ》 ᠵᠢᠨ ᠲᠣᠳᠣᠷᠬᠠᠢ ᠱᠠᠭᠠᠷᠳᠠᠯᠭ᠎ᠠ᠎ᠶᠢ ᠳᠤᠷᠠᠳᠪᠠ᠃ ᠶᠠᠷᠢᠶ᠎ᠠ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ ᠪᠠ ᠵᠢᠯᠤᠭᠣᠳᠬᠤ ᠴᠢᠨᠠᠷ᠎ᠲᠠᠢ ᠶᠤᠮ᠂ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃ ᠪᠥᠬᠥ ᠨᠠᠮ ᠪᠥᠬᠥ ᠴᠡᠷᠢᠭ ᠪᠥᠬᠥ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ 《ᠬᠣᠶᠠᠷ᠎ᠢ ᠲᠣᠭᠲᠠᠭᠠᠬᠰᠠᠨ》᠎ᠤ᠋ ᠰᠢᠢᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》᠎ᠢ᠋ᠶ᠋ᠠᠨ ᠴᠢᠩᠭᠠᠳᠬᠠᠵᠤ᠂ 《ᠳᠥᠷᠪᠡᠨ ᠢᠲᠡᠭᠡᠯ》᠎ᠢ᠋ᠶ᠋ᠠᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠂ ᠠᠭᠤᠤ ᠶᠡᠬᠡ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠰᠢᠨ᠎ᠡ ᠣᠷᠳᠣ᠌ ᠵᠠᠮ᠎ᠤᠨ ᠠᠶᠠᠨ ᠲᠡᠶ᠋ᠢᠨ᠎ᠢ ᠰᠠᠢᠳᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠥᠬᠥ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ ᠬᠡᠵᠦ ᠵᠢᠭᠠᠵᠦ ᠭᠠᠷᠭᠠᠪᠠ᠃

ᠶᠡᠬᠡ ᠬᠤᠷᠠᠯ ᠰᠦᠷ ᠵᠢᠪᠬᠤᠯᠠᠩᠲᠤ 《ᠢᠨᠲᠧᠷᠨᠠᠼᠢᠣᠨᠠᠯ᠎ᠤᠨ ᠳᠠᠭᠤᠤ》 ᠵᠢᠨ ᠠᠶ᠎ᠠ ᠳᠤᠮᠳᠠ ᠲᠡᠭᠦᠰᠪᠡ᠃

ᠪᠡᠭᠡᠵᠢᠩ᠎ᠳᠦ ᠪᠠᠢᠭ᠎ᠠ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠥᠪ᠎ᠦᠨ ᠱᠦᠵᠢ ᠨᠠᠷ᠎ᠦᠨ ᠭᠠᠵᠠᠷ᠎ᠤᠨ ᠱᠦᠵᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠳᠡᠳ᠋ ᠲᠡᠷᠢᠭᠦᠯᠡᠭᠴᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠳᠡᠳ᠋ ᠬᠣᠷᠢᠶᠠᠨ ᠳᠠᠷᠤᠭ᠎ᠠ᠂ ᠲᠦᠷᠦ᠎ᠶᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠵᠢᠨ ᠳᠠᠷᠤᠭ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠶᠡᠬᠡ ᠬᠤᠷᠠᠯ᠎ᠳᠤ ᠣᠷᠣᠯᠴᠠᠪᠠ᠃

ᠲᠥᠪ᠎ᠦᠨ ᠨᠠᠮ ᠵᠠᠰᠠᠭ ᠴᠡᠷᠢᠭ ᠤᠯᠠᠨ ᠲᠦᠮᠡᠨ᠎ᠦ ᠪᠦᠯᠬᠦᠮ᠎ᠦᠨ ᠡᠯ᠎ᠡ ᠰᠠᠯᠠᠭ᠎ᠠ ᠮᠥᠴᠢᠷ ᠪᠣᠯᠣᠨ ᠪᠡᠭᠡᠵᠢᠩ ᠬᠤᠳᠠ᠎ᠶᠢᠨ ᠭᠣᠣᠯ ᠬᠠᠷᠢᠭᠤᠴᠠᠯᠭᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ᠎ᠦᠨ ᠪᠤᠰᠤ ᠬᠥᠮᠥᠰ᠎ᠦᠨ ᠲᠥᠯᠥᠭᠡᠯᠡᠭᠴᠢ᠂ ᠠᠬᠠᠮᠠᠳ ᠨᠥᠬᠥᠳ᠎ᠦᠨ ᠲᠥᠯᠥᠭᠡᠯᠡᠭᠴᠢ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠎ᠶᠢᠨ ᠳᠠᠷᠤᠭ᠎ᠠ ᠪᠠᠢᠯᠳᠤᠭ᠍ᠴᠢᠳ᠎ᠤᠨ ᠲᠥᠯᠥᠭᠡᠯᠡᠭᠴᠢ᠂ ᠨᠡᠢᠰᠯᠡᠯ᠎ᠦᠨ ᠡᠯ᠎ᠡ ᠡᠲᠡᠭᠡᠳ᠎ᠦᠨ ᠤᠯᠠᠨ ᠲᠦᠮᠡᠨ᠎ᠦ ᠲᠥᠯᠥᠭᠡᠯᠡᠭᠴᠢ ᠵᠡᠷᠭᠡ 3000 ᠭᠠᠷᠤᠢ ᠬᠥᠮᠥᠨ ᠶᠡᠬᠡ ᠬᠤᠷᠠᠯ᠎ᠳᠤ ᠣᠷᠣᠯᠴᠠᠪᠠ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 22 ᠤ᠋ᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面