ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-10-29 11:06:38

ᠵᠣᠬᠢᠶᠠᠭ᠍ᠴᠢ᠄ ᠰᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠸᠠᠩ ᠽᠢ ᠮᠢᠩ ᠸᠠᠩ ᠰᠧ ᠪᠧᠢ ᠰᠢᠩ ᠲᠦᠸᠸ ᠣᠩᠱᠢᠭ᠍ᠰᠠᠨ ᠣᠳᠠᠭ᠎ᠠ᠄ 3

— ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠬᠦᠳᠦᠯᠦᠨ ᠳᠠᠭᠠᠭᠤᠯᠤᠭᠰᠠᠨ ᠲᠤᠬᠠᠢ ᠰᠢᠷᠢᠰ ᠬᠦᠦᠷᠨᠢᠯ ᠰᠢᠭᠦᠮᠵᠢ (ᠬᠣᠶᠠᠷ)


10 ᠰᠠᠷ᠎ᠠ᠎ᠶᠢᠨ 26 ᠤ᠋ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠪᠡᠭᠡᠵᠢᠩ᠎ᠳᠦ ᠡᠬᠢᠯᠡᠵᠦ ᠶᠠᠪᠤᠭᠳᠠᠪᠠ᠃ ᠶᠡᠷᠦᠩᠬᠡᠢ ᠱᠦᠵᠢ ᠰᠢ ᠵᠢᠨ ᠫᠢᠩ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠲᠠᠭᠠᠯ (ᠶᠠᠷᠢᠯᠴᠠᠬᠤ ᠨᠣᠣᠷᠠᠭ)》 ᠤ᠋ᠨ ᠲᠤᠬᠠᠢ ᠪᠦᠬᠦᠳᠠ ᠬᠤᠷᠠᠯ᠎ᠳᠤ ᠲᠣᠳᠣᠷᠬᠠᠢᠯᠠᠯᠲᠠ ᠬᠢᠪᠡ᠃

ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢ ᠪᠠᠲᠤ ᠰᠠᠬᠢᠬᠤ᠎ᠶᠢᠨ ᠮᠥᠨ ᠴᠢᠨᠠᠷ᠎ᠤᠨ ᠱᠠᠭᠠᠷᠳᠠᠯᠭ᠎ᠠ ᠮᠥᠨ᠃ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ ᠭᠡᠳᠡᠭ ᠨᠢ ᠴᠣᠬᠣᠮ ᠶᠠᠮᠠᠷ ᠬᠦᠮᠦᠨ ᠤ᠋ ᠲᠦᠯᠦᠭᠡ ᠬᠢᠬᠦ᠂ ᠶᠠᠮᠠᠷ ᠬᠥᠮᠥᠨ᠎ᠳᠦ ᠲᠦᠰᠢᠭᠯᠡᠬᠦ ᠠᠰᠠᠭᠤᠳᠠᠯ ᠪᠣᠯᠣᠨ᠎ᠠ᠃

ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠨᠠᠮ ᠠᠷᠠᠳ ᠲᠦᠮᠡᠨ᠎ᠦ ᠲᠥᠯᠥᠭᠡ ᠮᠡᠨᠳᠦᠯᠡᠵᠤ᠂ ᠠᠷᠠᠳ ᠲᠦᠮᠡᠨ ᠳ᠋ᠤ ᠲᠦᠰᠢᠭᠯᠡᠨ ᠮᠠᠨᠳᠤᠵᠤ᠂ ᠠᠯᠢᠪᠠ ᠠᠵᠢᠯ ᠴᠥᠮ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ ᠶᠤᠮ》 ᠭᠡᠵᠤ ᠵᠢᠭᠠᠵᠤ ᠭᠠᠷᠭᠠᠵᠠᠢ᠃

ᠪᠠᠷᠢᠮᠵᠢᠶ᠎ᠠ ᠵᠢ ᠲᠣᠭᠲᠠᠭᠠᠨ ᠴᠢᠭᠯᠡᠯ᠎ᠢ ᠲᠤᠳᠤᠷᠬᠠᠢᠯᠠᠵᠤ᠂ ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ ᠠᠷᠠᠳ ᠲᠦᠮᠡᠨ᠎ᠦ ᠳᠡᠪᠢᠰᠭᠡᠷ ᠥᠩᠭᠡ ᠶ᠋ᠢ ᠭᠢᠯᠠᠯᠵᠠᠭᠤᠯᠪᠠ

ᠪᠡᠭᠡᠵᠢᠩ᠎ᠦᠨ ᠨᠣᠮ᠎ᠤᠨ ᠰᠠᠩ᠎ᠤᠨ ᠲᠣᠮᠣ᠌ ᠠᠰᠠᠷ᠎ᠲᠤ ᠣᠷᠣᠪᠠᠯ 《ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠲᠤᠬᠠᠢ ᠵᠣᠬᠢᠶᠠᠯ᠎ᠤᠨ ᠰᠤᠩᠭᠤᠮᠠᠯ》 ᠤ᠋ᠨ ᠨᠢᠭᠡᠳᠦᠭᠡᠷ ᠪᠣᠳᠢ᠂ ᠬᠣᠶᠠᠳᠤᠭᠠᠷ ᠪᠣᠳᠢ ᠵᠢ ᠬᠠᠮᠤᠭ᠎ᠤᠨ ᠢᠯᠡ ᠬᠠᠷᠠᠬᠳᠠᠬᠤ ᠭᠠᠵᠠᠷ ᠲᠤ᠌ ᠦᠷᠦᠵᠤ ᠲᠠᠯᠪᠢᠬᠰᠠᠨ ᠪᠦᠬᠡᠳ ᠮᠠᠰᠢ ᠣᠯᠠᠨ ᠤᠩᠰᠢᠭ᠍ᠴᠢᠳ᠎ᠤᠨ ᠠᠩᠬᠠᠷᠤᠯ᠎ᠢ ᠳᠠᠳᠠᠨ᠎ᠠ᠃

ᠡᠨᠡ ᠬᠦ᠌ ᠡᠷᠬᠡ ᠰᠦᠷᠲᠦ ᠵᠣᠬᠢᠶᠠᠯ᠎ᠢ ᠤᠷᠪᠠᠭᠤᠯᠵᠤ ᠦᠵᠡᠪᠡᠯ᠂ 《ᠨᠠᠮ ᠪᠣᠯᠣᠨ ᠠᠷᠠᠳ ᠲᠦᠮᠡᠨ᠎ᠦ ᠦᠢᠯᠡᠰ᠎ᠲᠦ ᠬᠦᠴᠦᠨ ᠴᠢᠳᠠᠯ᠎ᠢᠶᠠᠨ ᠡᠷᠭᠦᠬᠦ ᠵᠢ ᠬᠠᠮᠤᠭ᠎ᠤᠨ ᠳᠡᠭᠡᠳᠦ ᠬᠥᠭᠡᠭᠡᠴᠡᠯᠳᠦᠯ᠎ᠢᠶᠡᠨ ᠪᠣᠯᠭᠠᠬᠤ ᠬᠡᠷᠡᠭᠳᠠᠢ》᠂ 《ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ᠎ᠤ ᠲᠡᠮᠡᠴᠡᠬᠦ ᠬᠠᠷᠠᠯᠲᠠ ᠮᠥᠨ》 ᠭᠡᠬᠦ ᠡᠮᠦᠨᠡᠬᠢ ᠬᠣᠶᠠᠷ ᠵᠣᠬᠢᠶᠠᠯ ᠳ᠋ᠤ  ᠵᠣᠷᠢᠯᠭ᠎ᠠ᠎ᠪᠠᠨ ᠲᠣᠳᠣᠷᠬᠠᠢᠯᠠᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠯᠣᠭᠢᠭ᠋᠎ᠤᠨ ᠭᠠᠷᠤᠭ᠎ᠠ ᠪᠣᠯᠣᠨ ᠦᠷᠳᠡᠭ᠎ᠦᠨ ᠵᠣᠷᠢᠯᠲᠠ᠎ᠵᠢ ᠲᠠᠢᠯᠪᠤᠷᠢᠯᠠᠭᠰᠠᠨ ᠪᠠᠢᠨ᠎ᠠ᠃

ᠲᠦᠷᠦ᠎ᠶᠢᠨ ᠨᠠᠮ᠎ᠤᠨ ᠦᠷᠲᠡᠭ᠎ᠦᠨ ᠣᠢᠯᠠᠭᠠᠭᠳᠠᠬᠤᠨ ᠪᠣᠯ ᠲᠦᠷᠦ᠎ᠶᠢᠨ ᠨᠠᠮ᠎ᠤᠨ ᠦᠵᠡᠯ ᠤᠬᠠᠮᠰᠠᠷ᠎ᠤᠨ ᠬᠡᠯᠪᠡᠷᠢ᠎ᠶᠢᠨ ᠰᠦᠭ ᠰᠦᠨᠡᠰᠦ ᠮᠥᠨ᠂ ᠲᠡᠭᠦᠨ᠎ᠦ ᠪᠠᠢᠯᠳᠤᠬᠤ ᠪᠣᠳᠣᠯᠭ᠎ᠠ᠎ᠶᠢᠨ ᠪᠠᠢᠷᠢᠰᠢᠯ᠂ ᠠᠵᠢᠯᠯᠠᠭᠠᠨ᠎ᠤ ᠲᠣᠭᠲᠠᠯ ᠬᠦᠴᠦᠨ᠂ ᠵᠠᠮ᠎ᠤᠨ ᠴᠢᠭᠯᠡᠯ᠎ᠢ ᠲᠣᠭᠲᠠᠭᠠᠵᠤ ᠪᠤᠢ᠃

ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ 《ᠪᠢ ᠬᠡᠨ ᠪᠤᠢ᠂ ᠬᠡᠨ᠎ᠦ ᠲᠥᠯᠥᠭᠡ᠂ ᠬᠡᠨ᠎ᠳᠦ ᠲᠦᠰᠢᠭᠯᠡᠬᠦ ᠪᠤᠢ》 ᠭᠡᠬᠦ ᠰᠡᠳᠦᠪ᠎ᠲᠦ ᠭᠦᠨᠵᠡᠭᠡᠢ ᠬᠠᠷᠢᠭᠤᠯᠲᠠ ᠥᠭᠴᠡᠢ᠃

ᠱᠠᠩᠬᠠᠢ᠂ ᠨᠠᠮ᠎ᠤᠨ ᠮᠡᠨᠳᠦᠯᠡᠭᠰᠡᠨ ᠭᠠᠵᠠᠷ ᠪᠤᠯᠤᠨ᠎ᠠ᠃ ᠡᠭᠡᠯ ᠵᠢᠷ᠎ᠦᠨ ᠵᠡᠭᠡᠯᠢ ᠭᠤᠳᠤᠮᠵᠢ ᠨᠢ ᠨᠠᠮ᠎ᠤᠨ ᠤᠭ ᠰᠠᠨᠠᠭ᠎ᠠ᠎ᠶᠢ ᠭᠡᠷᠡᠴᠢᠯᠡᠵᠤ ᠪᠤᠢ᠃

2026 ᠣᠨ᠎ᠤ 7 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠲᠤᠬᠠᠢ᠎ᠶᠢᠨ ᠭᠠᠵᠠᠷ᠎ᠤᠨ ᠨᠡᠢᠭᠡᠮ ᠲᠣᠭᠣᠷᠢᠭ᠋᠎ᠲᠤ ᠭᠦᠨᠵᠡᠭᠡᠢᠷᠡᠵᠦ᠂ ᠬᠠᠭᠤᠴᠢᠨ ᠣᠷᠣᠨ ᠰᠠᠭᠤᠴᠠ᠎ᠶᠢᠨ ᠰᠢᠨ᠎ᠡ ᠳᠦᠷᠰᠦ ᠪᠠᠢᠳᠠᠯ᠎ᠢ ᠪᠠᠢᠴᠠᠭᠠᠨ ᠦᠵᠡᠪᠡ᠃ 《ᠠᠷᠠᠳ ᠲᠦᠮᠡᠨ ᠶᠠᠭᠤ ᠪᠤᠳᠤᠵᠤ ᠪᠠᠢᠪᠠᠯ᠂ ᠡᠪ ᠬᠠᠮᠲᠤ ᠨᠠᠮ ᠶᠠᠭᠤ ᠵᠢ ᠬᠢᠨ᠎ᠡ》᠂ 《ᠬᠡᠵᠢᠶ᠎ᠡ ᠴᠦ᠍ ᠭᠡᠰᠡᠨ ᠠᠷᠠᠳ ᠲᠦᠮᠡᠨ᠎ᠢ ᠰᠡᠳᠬᠢᠯ᠎ᠳᠡᠭᠡᠨ ᠪᠤᠳᠤᠵᠤ ᠶᠠᠪᠤᠬᠤ ᠬᠡᠷᠡᠭᠲᠡᠢ》᠂ ᠭᠦᠨ ᠰᠡᠳᠬᠢᠯᠭᠡ᠎ᠲᠠᠢ ᠦᠭᠡ ᠪᠦᠷᠢ ᠨᠢ ᠠᠷᠠᠳ ᠲᠦᠮᠡᠨ᠎ᠦ ᠤᠳᠤᠷᠢᠳᠤᠭ᠍ᠴᠢ᠎ᠶᠢᠨ ᠠᠷᠠᠳ ᠲᠦᠮᠡᠨ᠎ᠢ ᠭᠦᠨ ᠬᠠᠯᠠᠮᠵᠢᠯᠠᠵᠤ ᠠᠷᠠᠳ ᠲᠦᠮᠡᠨ᠎ᠤ ᠲᠦᠯᠦᠬᠡ ᠰᠠᠨᠠᠭᠠᠰᠢᠷᠠᠵᠤ ᠪᠠᠢᠬᠤ᠎ᠶᠢ ᠬᠠᠷᠠᠭᠤᠯᠵᠤ ᠪᠤᠢ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠠᠷᠠᠳ ᠲᠦᠮᠡᠨ᠎ᠢᠶᠡᠷ ᠭᠣᠣᠯ ᠪᠣᠯᠭᠠᠬᠤ ᠣᠢᠯᠠᠭᠠᠭᠳᠠᠬᠤᠨ᠎ᠢ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ ᠵᠢᠡᠨ ᠮᠠᠨᠳᠤᠭᠤᠯᠵᠤ ᠨᠠᠮ ᠵᠢᠡᠨ ᠬᠦᠴᠦᠷᠬᠡᠭᠵᠢᠭᠦᠯᠬᠦ ᠪᠦᠬᠦ ᠶᠠᠪᠤᠴᠠ᠎ᠳᠤ ᠲᠤᠭᠤᠰᠢᠯᠠᠭᠤᠯᠵᠤ᠂ ᠠᠯᠢ ᠤᠯᠠᠨ ᠴᠢᠬᠤᠯᠠ ᠥᠭᠦᠯᠡᠯᠲᠡ ᠵᠢ ᠨᠡᠢᠳᠡᠯᠡᠪᠡ᠄

ᠦᠨᠳᠦᠰᠦ ᠰᠠᠭᠤᠷᠢ᠎ᠶᠢ ᠪᠡᠬᠢᠵᠢᠭᠦᠯᠦᠨ᠎ᠡ ᠬᠡᠵᠤ᠂ 《ᠠᠷᠠᠳ ᠤᠯᠠᠨ᠎ᠤ ᠳᠤᠮᠳᠠ ᠲᠦᠷᠦ᠎ᠶᠢ ᠵᠠᠰᠠᠬᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠶᠤᠨ ᠤᠬᠠᠭᠠᠨ ᠪᠠ ᠬᠦᠴᠦᠨ ᠴᠢᠳᠠᠯ ᠠᠭᠤᠯᠤᠭᠳᠠᠵᠤ ᠪᠠᠢᠨ᠎ᠠ᠂ ᠨᠠᠮ᠎ᠢ ᠴᠢᠩᠭ᠎ᠠ ᠵᠠᠰᠠᠬᠤ᠎ᠳᠤ ᠡᠷᠬᠡᠪᠰᠢ ᠠᠷᠠᠳ ᠲᠦᠮᠡᠨ᠎ᠳᠦ ᠲᠦᠰᠢᠭᠯᠡᠬᠦ ᠬᠡᠷᠡᠭᠲᠡᠢ》 ᠭᠡᠳᠡᠭ᠎ᠢ ᠲᠣᠳᠣᠷᠬᠠᠢᠯᠠᠨ ᠥᠭᠦᠯᠡᠪᠡ;

ᠰᠤᠷᠲᠠᠯ᠎ᠢ ᠲᠥᠪ ᠪᠣᠯᠭᠠᠨ᠎ᠡ ᠬᠡᠵᠤ᠂ 《 ᠨᠠᠮ᠎ᠤᠨ ᠰᠤᠷᠲᠠᠯ ᠪᠣᠯ ᠨᠠᠮ᠎ᠤᠨ ᠳᠦᠷᠢ ᠲᠥᠷᠬᠦ ᠮᠥᠨ᠂ ᠨᠠᠮ ᠪᠠ ᠤᠯᠠᠨ ᠲᠦᠮᠡᠨ᠎ᠦ ᠬᠠᠷᠢᠴᠠᠭ᠎ᠠ᠂ ᠺᠠᠳ᠋ᠷ ᠪᠠ ᠤᠯᠠᠨ ᠲᠦᠮᠡᠨ᠎ᠦ ᠬᠠᠷᠢᠴᠠᠭ᠎ᠠ᠂ ᠬᠥᠮᠥᠨ᠎ᠦ ᠰᠡᠳᠬᠢᠯ᠎ᠦᠨ ᠬᠠᠨᠳᠤᠰᠢ᠎ᠶᠢ ᠠᠵᠢᠭ᠍ᠯᠠᠬᠤ ᠰᠢᠯᠭᠠᠭᠤᠷ ᠮᠥᠨ》᠂ 《ᠨᠠᠮ᠎ᠤᠨ ᠰᠤᠷᠲᠠᠯ ᠲᠥᠪ᠂ ᠠᠷᠠᠳ ᠲᠦᠮᠡᠨ᠎ᠦ ᠰᠡᠳᠬᠢᠯ ᠰᠠᠨᠠᠭ᠎ᠠ ᠬᠠᠨᠤᠮᠵᠢᠳᠠᠢ ᠪᠠᠢᠪᠠᠯ ᠨᠠᠮ ᠪᠠ ᠠᠷᠠᠳ ᠲᠦᠮᠡᠨ ᠳᠠᠷᠤᠢ ᠵᠢᠷᠭᠠᠯ ᠵᠣᠪᠠᠯᠠᠩ᠎ᠢᠶᠠᠨ ᠬᠠᠮᠲᠤᠳᠬᠠᠵᠤ ᠴᠢᠳᠠᠨ᠎ᠠ》 ᠭᠡᠵᠦ ᠵᠢᠭᠠᠵᠤ ᠭᠠᠷᠭᠠᠪᠠ;

᠁

ᠡᠳᠡᠭᠡᠷ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ᠎ᠳᠤ ᠦᠷᠳᠡᠭ᠎ᠦᠨ ᠵᠢᠷᠤᠮᠯᠠᠯ ᠬᠠᠩᠭᠠᠪᠠ᠃

ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠨᠢ 《ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠬᠤ》 ᠶᠢᠷᠲᠢᠨᠴᠦ᠎ᠶᠢᠨ ᠦᠵᠡᠯᠲᠡ ᠠᠷᠭ᠎ᠠ᠎ᠶᠢᠨ ᠣᠨᠣᠯ᠎ᠢ ᠢᠯᠡᠷᠡᠭᠦᠯᠪᠡ᠃

ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠶᠢᠷᠲᠢᠨᠴᠦ᠎ᠶᠢᠨ ᠦᠵᠡᠯᠲᠡ᠂ ᠠᠷᠭ᠎ᠠ᠎ᠶᠢᠨ ᠤᠨᠤᠯ ᠪᠠ ᠲᠡᠭᠦᠨ᠎ᠳᠦ ᠲᠤᠭᠤᠰᠢᠯᠠᠭᠳᠠᠵᠤ ᠪᠠᠢᠭ᠎ᠠ ᠵᠣᠭᠰᠣᠯᠲᠠ ᠦᠵᠡᠯᠲᠡ ᠠᠷᠭ᠎ᠠ᠎ᠶᠢ ᠰᠢᠰᠲᠧᠮ᠎ᠲᠠᠢ ᠲᠣᠳᠣᠷᠬᠠᠢᠯᠠᠨ ᠥᠭᠦᠯᠡᠪᠡ᠃ ᠡᠭᠦᠨ᠎ᠳᠦ᠂ 《ᠡᠷᠬᠡᠪᠰᠢ ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠬᠤ》 ᠵᠢ ᠲᠡᠷᠢᠭᠦᠨ᠎ᠳᠤ ᠲᠠᠯᠪᠢᠪᠠ᠃

ᠰᠢ  ᠵᠢᠨ  ᠫᠢᠩ ᠎ᠦᠨ  ᠰᠢᠨ᠎ᠡ  ᠴᠠᠭ  ᠦᠶ᠎ᠡ ᠎ᠶᠢᠨ  ᠳᠤᠮᠳᠠᠳᠤ  ᠤᠯᠤᠰ ᠎ᠤᠨ  ᠣᠨᠴᠠᠯᠢᠭ᠋  ᠪᠦᠬᠦᠢ ᠨᠡᠢᠭᠡᠮ ᠵᠢᠷᠤᠮ ᠎ᠤᠨ  ᠦᠵᠡᠯ  ᠰᠠᠨᠠᠭ᠎ᠠ ᠎ᠶᠢᠨ  ᠨᠠᠮ ᠎ᠤᠨ  ᠪᠠᠢᠭᠤᠯᠤᠯᠲᠠ ᠎ᠶᠢᠨ  ᠬᠠᠭᠤᠳᠠᠰᠤ  ᠪᠣᠯᠤᠭᠰᠠᠨ ᠎ᠤ  ᠬᠤᠪᠢ ᠎ᠳᠤ ᠂  ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠠᠷᠠᠳ᠎ᠤᠨ ᠲᠥᠯᠥᠭᠡ ᠵᠢᠳᠬᠦᠬᠦ ᠭᠦᠨ ᠵᠤᠵᠠᠭᠠᠨ ᠬᠠᠢᠷ᠎ᠠ ᠰᠡᠳᠬᠢᠯᠭᠡ᠎ᠪᠡᠷ ᠢᠯᠡ ᠲᠣᠳᠣ᠌ ᠤᠨᠤᠯ᠎ᠤᠨ ᠬᠡᠪ ᠴᠢᠨᠠᠷ ᠪᠣᠯᠭᠠᠵᠤ᠂ 《ᠠᠷᠪᠠᠨ ᠲᠦᠷᠪᠡ ᠵᠢ ᠪᠠᠷᠢᠮᠳᠠᠯᠠᠬᠤ》 ᠵᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ᠎ᠳᠤ ᠠᠭᠤᠰᠤᠯᠴᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠪᠠᠢᠷᠢᠯᠠᠭᠤᠯᠤᠯᠲᠠ᠎ᠳᠤ ᠢᠯᠡᠷᠡᠭᠦᠯᠪᠡ᠄

《ᠨᠠᠮ ᠤ᠋ᠨ ᠪᠠᠢᠭᠤᠯᠤᠯᠳᠠ ᠵᠢ ᠪᠠᠷᠢᠮᠳᠠᠯᠠᠬᠤ ᠪᠤᠯ ᠳᠤᠮᠳᠠᠳᠤ ᠤᠯᠤᠰ ᠤ᠋ᠨ ᠤᠨᠴᠠᠯᠢᠭ ᠪᠦᠬᠦᠢ ᠨᠡᠢᠭᠡᠮ ᠵᠢᠷᠤᠮ ᠤ᠋ᠨ ᠬᠠᠮᠤᠭ ᠤ᠋ᠨ ᠦᠨᠳᠦᠰᠦᠨ ᠤᠨᠴᠠᠯᠢᠭ ᠰᠢᠨᠵᠢ ᠮᠦᠨ》᠂ ᠨᠠᠮ ᠤ᠋ᠨ ᠤᠳᠤᠷᠢᠳᠤᠯᠭ᠎ᠠ ᠵᠢ ᠠᠵᠤ ᠠᠬᠤᠢ ᠨᠡᠢᠭᠡᠮ ᠤ᠋ᠨ ᠬᠦᠭᠵᠢᠯᠳᠡ ᠵᠢᠨ ᠡᠯ᠎ᠠ ᠲᠠᠯ᠎ᠠ ᠪᠦᠬᠦ ᠶᠠᠪᠤᠴᠠ ᠳ᠋ᠤ ᠲᠤᠭᠤᠰᠢᠯᠠᠭᠤᠯᠵᠤ᠂ ᠨᠠᠮ ᠢ᠋ ᠢᠮᠠᠭᠳᠠ ᠪᠦᠬᠦ ᠠᠷᠠᠳ ᠲᠦᠮᠡᠨ ᠤ᠋ ᠬᠠᠮᠤᠭ ᠤ᠋ᠨ ᠨᠠᠢᠳᠠᠪᠤᠷᠢᠳᠠᠢ ᠭᠤᠤᠯ ᠲᠤᠯᠭᠠᠭᠤᠷᠢ ᠪᠤᠯᠭᠠᠬᠤ ᠬᠡᠷᠡᠭᠳᠠᠢ;

《ᠢᠯᠵᠢᠷᠡᠬᠦ᠎ᠡᠴᠡ ᠵᠢᠷᠦᠬᠡᠰᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠵᠤ》᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ ᠪᠠ ᠡᠷᠬᠡ᠎ᠶᠢᠨ ᠠᠵᠢᠯᠯᠠᠭᠠᠨ᠂ ᠬᠦᠮᠦᠵᠢᠭᠦᠯᠦᠨ ᠬᠦᠳᠦᠯᠦᠨ ᠵᠢᠯᠤᠭᠤᠳᠬᠤ ᠵᠢ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠵᠤ᠂ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠶᠢ ᠬᠠᠮᠠᠭᠠᠯᠠᠵᠤ᠂ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠠᠬᠢᠭᠤᠯᠬᠤ ᠬᠡᠷᠡᠭᠳᠠᠢ;

᠁

ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠤᠨᠤᠯ ᠡᠴᠡ ᠦᠢᠯᠡᠳᠦᠯᠭᠡ ᠬᠦᠷᠲᠡᠯᠡᠬᠢ ᠣᠷᠭᠠᠨᠢᠭ᠋ ᠨᠢᠭᠡᠳᠦᠯ᠎ᠢ ᠪᠡᠶᠡᠯᠡᠭᠦᠯᠵᠦ᠂ ᠠᠷᠠᠳ ᠲᠦᠮᠡᠨ᠎ᠢ ᠳᠡᠭᠡᠳᠦᠯᠡᠬᠦ᠎ᠶᠢ ᠢᠮᠠᠭᠳᠠ ᠪᠠᠷᠢᠮᠲᠠᠯᠠᠭᠰᠠᠭᠠᠷ ᠢᠷᠡᠵᠠᠢ᠃

ᠶᠣᠰᠣ᠌ ᠤᠴᠢᠷ᠎ᠢ᠎ᠲᠣᠳᠣᠷᠬᠠᠢᠯᠠᠨ ᠪᠠᠲᠤᠲᠠᠢ ᠦᠢᠯᠡᠳᠦᠯᠭᠡᠵᠢᠭᠦᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠭᠰᠠᠨ ᠦᠷ᠎ᠡ ᠪᠦᠲᠦᠮᠵᠢ᠎ᠪᠡᠷ ᠠᠷᠠᠳ᠎ᠤᠨ ᠢᠲᠡᠭᠡᠯ᠎ᠢ ᠣᠯᠪᠠ

2026 ᠣᠨ᠎ᠤ 3 ᠰᠠᠷ᠎ᠠ᠎ᠶᠢᠨ 5 ᠤ᠋ ᠦᠳᠡ᠎ᠶᠢᠨ ᠬᠣᠢᠨ᠎ᠠ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠶᠡᠬᠡ ᠲᠢᠩᠬᠢᠮ᠎ᠳᠦ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ ᠲᠡᠭᠦᠨ᠎ᠦ ᠪᠠᠢᠭ᠎ᠠ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ ᠳ᠋ᠤ ᠬᠦᠷᠴᠤ ᠬᠢᠨᠠᠨ ᠵᠥᠪᠯᠡᠬᠦ᠎ᠳᠦ ᠣᠷᠣᠯᠴᠠᠪᠠ᠃

ᠪᠦᠬᠦ ᠲᠠᠯ᠎ᠠ ᠎ᠪᠠᠷ ᠨᠠᠮ ᠎ᠢ ᠴᠢᠩᠭ᠎ᠠ ᠵᠠᠰᠠᠬᠤ ᠎ᠳᠤ ᠠᠩᠬᠠᠷᠤᠯ ᠎ᠢᠶᠠᠨ ᠲᠥᠪᠯᠡᠷᠡᠭᠦᠯᠵᠦ ᠂ ᠶᠡᠷᠦᠩᠬᠡᠢ  ᠱᠦᠵᠢ ᠰᠢ ᠵᠢᠨ ᠫᠢᠩ ᠲᠥᠯᠥᠭᠡᠯᠡᠭᠴᠢᠳ᠎ᠲᠠᠢ ᠶᠠᠷᠢᠯᠴᠠᠬᠤ᠎ᠳᠠᠭᠠᠨ᠄ 《ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ᠎ᠪᠡᠷ ᠠᠳᠬᠤᠬᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠬᠦ᠎ᠵᠢ ᠡᠰᠡᠷᠭᠦᠴᠡᠬᠦ᠎ᠶᠢ ᠬᠠᠷᠢᠯᠴᠠᠨ ᠤᠶᠠᠯᠳᠤᠭᠤᠯᠬᠤ᠎ᠶᠢ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠳᠠᠲᠤ ᠦᠷ᠎ᠡ ᠪᠦᠲᠦᠮᠵᠢ᠎ᠪᠡᠷ ᠠᠷᠠᠳ᠎ᠤᠨ ᠢᠲᠡᠭᠡᠯ᠎ᠢ ᠣᠯᠵᠤ᠂ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ ᠰᠦᠷ  ᠳᠠᠯᠠᠢᠴᠠᠲᠠᠢ  ᠬᠦᠴᠦᠨ᠎ᠢ  ᠨᠢᠭ᠍ᠲᠠᠷᠠᠭᠤᠯᠬᠤ  ᠬᠡᠷᠡᠭᠲᠡᠢ》 ᠭᠡᠵᠤ ᠭᠦᠨᠵᠡᠭᠡᠢ ᠬᠡᠯᠡᠪᠡ᠃

ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠳᠠᠭᠠᠭᠤᠯᠭ᠎ᠠ ᠳᠣᠣᠷ᠎ᠠ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠠᠷᠠᠳ᠎ᠤᠨ ᠲᠥᠯᠥᠭᠡ ᠭᠡᠬᠦ ᠤᠭ ᠰᠠᠨᠠᠭ᠎ᠠ᠎ᠪᠠᠨ ᠨᠠᠩ ᠪᠠᠲᠤ ᠴᠢᠩᠭ᠎ᠠ ᠪᠣᠯᠭᠠᠵᠤ᠂ ᠨᠠᠮ᠎ᠤᠨ ᠰᠤᠷᠲᠠᠯ ᠵᠠᠰᠠᠭ᠎ᠤᠨ ᠰᠤᠷᠲᠠᠯ ᠰᠢᠨᠡᠳᠴᠦ᠂ ᠳᠦᠷᠢᠮ᠎ᠦᠨ ᠬᠢᠵᠠᠭᠠᠷᠯᠠᠯ ᠨᠠᠩ ᠬᠦᠴᠦᠲᠡᠢ ᠪᠣᠯᠵᠤ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠠᠷᠠᠳ ᠲᠦᠮᠡᠨ᠎ᠦ ᠢᠲᠡᠭᠡᠯ᠎ᠢ ᠤᠯᠠᠮ ᠨᠢᠭᠡ ᠠᠯᠬᠤᠮ ᠣᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃

ᠰᠠᠭᠤᠷᠢ᠎ᠵᠢ ᠪᠡᠬᠢᠵᠢᠭᠦᠯᠵᠦ ᠦᠨᠳᠦᠰᠦ ᠵᠢ ᠪᠠᠳᠤᠳᠬᠠᠵᠤ᠂ ᠨᠠᠮ᠎ᠤᠨ ᠭᠡᠰᠢᠭᠦᠨ ᠺᠠᠳ᠋ᠷ᠎ᠤᠨ ᠵᠣᠷᠢᠯᠲᠠ᠎ᠶᠢᠨ ᠤᠬᠠᠮᠰᠠᠷ᠎ᠢ ᠨᠠᠩ ᠪᠠᠲᠤᠳᠬᠠᠪᠠ —

2026 ᠣᠨ᠎ᠤ ᠴᠠᠭᠠᠨ ᠰᠠᠷ᠎ᠠ᠎ᠶᠢᠨ ᠠᠮᠠᠷᠠᠯᠲᠠ᠎ᠶᠢᠨ ᠳᠠᠷᠠᠭ᠎ᠠ᠂ ᠰᠢᠶᠠᠨ ᠭᠠᠵᠠᠷ᠎ᠤᠨ ᠲᠠᠰ᠎ᠡᠴᠡ ᠳᠡᠭᠡᠭᠰᠢᠬᠢ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢᠯᠠᠩᠭᠤᠶ᠎ᠠ 《ᠨᠢᠭᠡᠳᠦᠭᠡᠷ ᠬᠠᠷᠢᠭᠤᠴᠠᠯᠭᠠᠳᠡᠨ》᠎ᠢ᠋ᠶ᠋ᠠᠷ ᠭᠣᠣᠯ ᠪᠣᠯᠭᠠᠭᠰᠠᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠪᠥᠬᠥ ᠨᠠᠮ᠎ᠤᠨ ᠬᠡᠪᠴᠢᠶᠡᠨ᠎ᠳᠦ ᠥᠷᠨᠢᠭᠦᠯᠪᠡ᠃

ᠡᠭᠦᠨ᠎ᠢᠶᠡᠷ ᠠᠵᠠ ᠲᠣᠬᠢᠶᠠᠯ ᠪᠣᠯᠭᠠᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠠᠵᠢᠯ ᠬᠢᠵᠦ ᠦᠢᠯᠡᠰ ᠪᠣᠰᠬᠠᠬᠤ 《ᠶᠡᠷᠦᠩᠬᠡᠢ ᠨᠡᠭᠡᠯᠡᠬᠡᠢ》 ᠵᠢ ᠴᠢᠩᠭᠠᠯᠠᠵᠤ᠂ ᠤᠬᠠᠮᠰᠠᠷ᠎ᠡᠴᠡ᠎ᠪᠠᠨ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠠᠪᠤᠨ ᠳᠣᠣᠷ᠎ᠠ᠎ᠪᠠᠨ ᠠᠰᠢᠭ᠋ ᠣᠯᠬᠤ᠎ᠶᠢ ᠬᠥᠭᠡᠭᠡᠴᠡᠯᠳᠦᠬᠦ ᠰᠤᠷᠲᠠᠯ᠎ᠢᠶᠠᠨ ᠲᠠᠶᠠᠭᠳᠠᠵᠤ᠂ 《ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠵᠤ᠂ ᠪᠣᠳᠠᠲᠠᠢ ᠠᠵᠢᠯᠯᠠᠬᠤ ᠪᠡᠷ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ》 ᠣᠢᠯᠠᠭᠠᠭᠳᠠᠬᠤᠨ ᠬᠥᠮᠥᠰ᠎ᠦᠨ ᠰᠡᠳᠬᠢᠯ᠎ᠳᠦ ᠭᠦᠨ ᠬᠠᠳᠠᠩᠰᠢᠪᠠ᠃

ᠣᠢᠷ᠎ᠠ᠎ᠶᠢᠨ ᠵᠢᠯ᠎ᠦᠳ᠎ᠲᠦ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ ᠪᠥᠬᠥ ᠤᠯᠤᠰ᠎ᠲᠤ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠣᠯᠠᠨ ᠲᠦᠮᠡᠨ᠎ᠦ ᠬᠠᠮᠤᠭ᠎ᠡᠴᠡ ᠠᠩᠬᠠᠷᠴᠤ ᠪᠠᠢᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ᠋ ᠲᠤᠰᠠ᠎ᠶᠢᠨ ᠠᠰᠠᠭᠤᠳᠠᠯ᠎ᠢ ᠴᠢᠩᠭ᠎ᠠ ᠠᠩᠬᠠᠷᠴᠤ᠂ ᠢᠯᠡᠳᠲᠡ ᠦᠷ᠎ᠡ ᠪᠦᠲᠦᠮᠵᠢ ᠣᠯᠪᠠ᠃

ᠳᠤᠮᠳᠠᠳᠤ ᠪᠠᠭ᠎ᠠ ᠰᠤᠷᠭᠠᠭᠤᠯᠢ᠎ᠶᠢᠨ 《ᠰᠤᠷᠭᠠᠭᠤᠯᠢ᠎ᠶᠢᠨ ᠬᠦᠷᠢᠶᠡᠨ᠎ᠦ ᠬᠣᠭᠣᠯᠠ》 ᠵᠢᠨ ᠲᠣᠪᠣᠢᠮ᠎ᠠ ᠠᠰᠠᠭᠤᠳᠠᠯ᠎ᠢ ᠴᠡᠭᠴᠡᠯᠡᠨ ᠵᠠᠰᠠᠬᠤ᠎ᠡᠴᠡ ᠡᠬᠢᠯᠡᠨ᠂ ᠬᠡᠦᠬᠡᠳ᠎ᠦᠳ᠎ᠲᠦ 《ᠠᠮᠤᠷ ᠲᠦᠪᠰᠢᠨ ᠬᠣᠭᠣᠯᠠ》᠂ 《ᠡᠷᠡᠭᠦᠯ ᠮᠠᠨᠳᠤ᠎ᠶᠢᠨ ᠬᠣᠭᠣᠯᠠ》 ᠢᠳᠡᠭᠦᠯᠬᠦ᠎ᠡᠴᠡ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠵᠠᠩᠭᠢᠯᠠᠭ᠎ᠠ᠎ᠶᠢᠨ ᠭᠣᠭᠴᠣᠭ᠎ᠠ᠎ᠶᠢ ᠴᠢᠩᠭ᠎ᠠ ᠠᠩᠬᠠᠷᠴᠤ᠂ 《ᠦᠳᠡᠬᠦᠰ》᠎ᠢ᠋ ᠰᠠᠬᠢᠨ ᠬᠠᠮᠠᠭᠠᠯᠠᠬᠤ ᠠᠵᠢᠯ᠎ᠳᠤ ᠬᠢᠨᠠᠯᠲᠠ ᠲᠠᠯᠪᠢᠬᠤ ᠬᠦᠷᠲᠡᠯ᠎ᠡ᠂ ᠡᠯ᠎ᠡ ᠱᠠᠲᠤ ᠡᠯ᠎ᠡ ᠭᠠᠵᠠᠷ᠎ᠤᠨ ᠬᠢᠨ ᠨᠢᠭᠡ ᠪᠦᠯᠦᠭ 《ᠪᠠᠭ᠎ᠠ ᠨᠣᠶᠠᠨ ᠶᠡᠬᠡ ᠱᠠᠮᠰᠢᠭ᠍ᠴᠢ》 ᠶ᠋ᠢ ᠠᠷᠢᠯᠭᠠᠵᠤ᠂ ᠨᠢᠭᠡ ᠪᠦᠯᠦᠭ 《ᠲᠣᠣᠷ᠎ᠡᠴᠡ ᠭᠣᠭᠣᠵᠢᠭ᠍ᠰᠠᠨ ᠵᠢᠭᠠᠰᠤ》 ᠶ᠋ᠢ ᠴᠢᠷᠴᠦ ᠭᠠᠷᠭᠠᠨ᠂ ᠨᠢᠭᠡ ᠪᠦᠯᠦᠭ ᠣᠷᠣᠨ ᠪᠦᠰᠡ᠎ᠶᠢᠨ ᠴᠢᠨᠠᠷᠲᠠᠢ ᠰᠢᠰᠲᠧᠮᠲᠦ ᠴᠢᠨᠠᠷᠲᠠᠢ ᠬᠡᠷᠡᠭ ᠢ᠋ ᠢᠯᠡᠷᠡᠭᠦᠯᠵᠦ᠂ ᠠᠷᠠᠳ ᠤᠯᠠᠨ᠎ᠳᠤ ᠲᠥᠪ ᠰᠤᠷᠲᠠᠯ᠎ᠢᠶᠠᠷ ᠢᠯᠵᠢᠷᠡᠯ᠎ᠢ ᠡᠰᠡᠷᠭᠦᠴᠡᠬᠦ ᠡᠷᠴᠢᠮ᠎ᠴᠢᠩᠭᠠᠷᠠᠵᠤ ᠪᠠᠢᠬᠤ᠂ ᠠᠷᠢᠭᠤᠨ ᠴᠢᠬᠡᠴᠢ ᠲᠥᠪ ᠰᠤᠷᠲᠠᠯ ᠲᠡᠳᠡᠨ᠎ᠤ ᠳᠡᠷᠭᠡᠳᠡ ᠨᠢ ᠪᠠᠢᠬᠤ᠎ᠶᠢ ᠦᠨᠡᠨ᠎ᠬᠦ  ᠮᠡᠳᠡᠷᠡᠭᠦᠯᠪᠡ᠃

ᠳᠦᠷᠢᠮ ᠲᠣᠭᠲᠠᠭᠠᠯ ᠲᠣᠭᠲᠠᠭᠠᠵᠤ᠂ ᠤᠯᠠᠨ ᠲᠦᠮᠡᠨ᠎ᠦ ᠠᠰᠢᠭ᠋ ᠲᠤᠰᠠ ᠵᠢ ᠬᠠᠮᠠᠭᠠᠯᠠᠬᠤ ᠳᠦᠷᠢᠮ᠎ᠦᠨ ᠪᠠᠲᠤᠯᠠᠭ᠎ᠠ᠎ᠵᠢ ᠤᠯᠠᠮ ᠪᠡᠬᠢᠵᠢᠬᠦᠯᠪᠡ —

2023 ᠣᠨ᠎ᠤ 12 ᠰᠠᠷ᠎ᠠ᠎ᠳᠤ᠂ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶᠢᠨ ᠰᠢᠢᠳᠬᠡᠯ ᠥᠭᠬᠦ ᠳᠦᠷᠢᠮ》᠎ᠢ᠋ ᠪᠥᠬᠥ ᠠᠭᠤᠯᠭ᠎ᠠ᠎ᠪᠠᠷ ᠨᠢ ᠨᠡᠢᠲᠡᠯᠡᠪᠡ᠂ ᠡᠨᠡ ᠪᠣᠯ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠨᠠᠮ᠎ᠤᠨ ᠲᠥᠪ ᠬᠣᠷᠢᠶ᠎ᠠ᠎ᠡᠴᠡ ᠡᠨᠡ ᠬᠦ᠌ ᠳᠦᠷᠢᠮ᠎ᠳᠦ ᠭᠤᠷᠪᠠᠳᠠᠭᠢ ᠤᠳᠠᠭ᠎ᠠ ᠵᠠᠰᠠᠪᠤᠷᠢ ᠣᠷᠣᠭᠤᠯᠵᠤ ᠪᠠᠢᠭ᠎ᠠ ᠶᠠᠪᠤᠳᠠᠯ ᠪᠠᠢᠵᠤ᠂ ᠣᠯᠠᠨ ᠲᠦᠮᠡᠨ᠎ᠦ ᠠᠰᠢᠭ᠋ ᠲᠤᠰᠠ᠎ᠶᠢ ᠬᠣᠬᠢᠷᠠᠭᠤᠯᠤᠭᠰᠠᠨ ᠦᠶ᠋ᠯᠡ ᠠᠵᠢᠯᠯᠠᠭ᠎ᠠ᠎ᠵᠢᠨ ᠨᠠᠵᠠᠭᠠᠢ ᠲᠠᠯ᠎ᠠ᠎ᠶᠢᠨ ᠨᠠᠷᠢᠨ ᠲᠠᠩᠰᠠ ᠵᠢ ᠭᠠᠷᠭᠠᠵᠤ᠂ ᠰᠢᠢᠳᠬᠡᠯ ᠥᠭᠬᠦ ᠲᠣᠭᠲᠠᠭᠠᠯ᠎ᠢ ᠲᠣᠳᠣᠷᠬᠠᠢᠯᠠᠪᠠ᠃

ᠰᠢᠨ᠎ᠡ ᠴᠠᠭ ᠦᠶ᠎ᠡ᠎ᠶᠢᠨ ᠨᠠᠮ᠎ᠤᠨ ᠣᠯᠠᠨ ᠲᠦᠮᠡᠨᠴᠢ ᠱᠤᠭᠤᠮ᠎ᠢᠶᠠᠷ  ᠰᠠᠢᠳᠤᠷ ᠵᠠᠮᠨᠠᠬᠤ ᠵᠢ ᠴᠦᠬᠦᠷᠡᠰᠢ ᠦᠭᠡᠢ ᠪᠠᠷᠢᠮᠳᠠᠯᠠᠪᠠ

ᠰᠢᠨ᠎ᠡ ᠠᠶᠠᠨ ᠪᠣᠯ ᠢᠷᠠᠭᠤ ᠠᠯᠳᠠᠷ ᠪᠣᠯᠣᠨ ᠬᠦᠰᠡᠯ ᠵᠡᠭᠦᠳᠦ᠎ᠪᠡᠷ ᠪᠢᠯᠬᠠᠭᠰᠠᠨ ᠠᠶᠠᠨ ᠲᠠᠢ᠍ᠢᠨ ᠮᠥᠨ᠂ ᠨᠠᠮ ᠪᠣᠯᠣᠨ ᠠᠷᠠᠳ ᠲᠦᠮᠡᠨ᠎ᠦ ᠰᠢᠨ᠎ᠡ ᠠᠶᠠᠨ ᠲᠠᠢ᠍ᠢᠨ ᠮᠥᠨ᠃ ᠡᠷᠬᠡᠪᠰᠢ ᠰᠢᠨ᠎ᠡ ᠴᠠᠭ ᠦᠶ᠎ᠡ᠎ᠶᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠠᠷᠠᠳ ᠲᠦᠮᠡᠨ᠎ᠦ ᠦᠨᠳᠦᠰᠦᠨ ᠠᠰᠢᠭ᠋ ᠲᠤᠰᠠ᠎ᠡᠴᠡ ᠡᠭᠦᠰᠴᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠤᠷᠤᠭ᠍ᠰᠢ ᠠᠬᠢᠭᠤᠯᠬᠤ ᠬᠡᠷᠡᠭᠲᠡᠢ᠃

ᠠᠷᠠᠳ ᠲᠦᠮᠡᠨ᠎ᠳᠦ ᠦᠢᠯᠡᠴᠢᠯᠡᠵᠦ᠂ ᠴᠢᠳᠠᠪᠤᠷᠢ᠎ᠶᠢᠨ ᠪᠠᠢᠭᠤᠯᠤᠯᠲᠠ᠎ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠳᠡᠢ —

《〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠶᠢ ᠤᠷᠤᠭᠰᠢᠲᠠᠢ ᠪᠡᠶᠡᠯᠡᠭᠦᠯᠵᠦ ᠳᠡᠶ᠋ᠢᠯᠬᠦ ᠡᠰᠡᠬᠦ ᠳ᠋ᠤ ᠨᠠᠮ᠎ᠡᠴᠡ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠤᠳᠤᠷᠢᠳᠬᠤ ᠴᠢᠳᠠᠪᠤᠷᠢ ᠪᠣᠯᠣᠨ ᠲᠦᠪᠰᠢᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠦ ᠪᠤᠢ᠂ ᠪᠦᠬᠦ ᠨᠠᠮ᠎ᠢᠶᠠᠷ᠎ᠢᠶᠠᠨ ᠡᠨᠡ ᠲᠠᠯ᠎ᠠ᠎ᠪᠠᠷ ᠶᠡᠬᠡ ᠬᠦᠴᠦ ᠣᠷᠣᠭᠤᠯᠬᠤ ᠬᠡᠷᠡᠭᠲᠡᠢ》᠃ ᠰᠢᠨ᠎ᠡ ᠠᠶᠠᠨ᠎ᠳᠤ ᠲᠤᠮᠤ ᠠᠯᠬᠤᠭ᠎ᠠ ᠪᠡᠷ ᠤᠷᠤᠬᠰᠢᠯᠠᠬᠤ ᠳ᠋ᠤ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠴᠢᠳᠠᠪᠤᠷᠢ᠎ᠶᠢᠨ ᠪᠠᠢᠭᠤᠯᠤᠯᠲᠠ᠎ᠳᠤ ᠰᠢᠨ᠎ᠡ ᠱᠠᠭᠠᠷᠳᠠᠯᠭ᠎ᠠ ᠳᠤᠷᠠᠳᠪᠠ᠃

ᠢᠷᠡᠭᠡᠳᠦᠢ᠎ᠳᠦ ᠬᠠᠨᠳᠤᠵᠤ᠂ ᠰᠢᠨ᠎ᠡ ᠴᠠᠭ ᠦᠶ᠎ᠡ᠎ᠶᠢᠨ ᠤᠯᠠᠨ ᠲᠦᠮᠡᠨ᠎ᠦ ᠠᠵᠢᠯ᠎ᠤᠨ ᠣᠨᠴᠠᠯᠢᠭ᠋ ᠪᠣᠯᠣᠨ ᠵᠢᠮ᠎ᠡ ᠶᠣᠰᠣ᠌᠎ᠶᠢ ᠣᠨᠣᠪᠴᠢᠲᠠᠢ ᠡᠵᠡᠮᠳᠡᠵᠦ᠂ ᠤᠯᠠᠨ ᠲᠦᠮᠡᠨ᠎ᠳᠦ ᠦᠢᠯᠡᠴᠢᠯᠡᠬᠦ ᠦᠢᠯᠡᠳᠦᠯᠭᠡ ᠳᠤᠮᠳᠠ᠂ ᠠᠷᠠᠳ᠎ᠤᠨ ᠪᠠᠢᠳᠠᠯ᠎ᠢ ᠣᠢᠯᠠᠭᠠᠵᠤ᠂ ᠠᠷᠠᠳ᠎ᠤᠨ ᠰᠠᠨᠠᠭ᠎ᠠ᠎ᠶᠢ ᠰᠣᠨᠣᠰᠴᠤ᠂ ᠠᠷᠠᠳ᠎ᠤᠨ ᠵᠣᠪᠠᠭᠤᠷᠢ᠎ᠶᠢ ᠰᠢᠢᠳᠪᠦᠷᠢᠯᠡᠵᠦ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠵᠦ᠂ ᠠᠷᠠᠳ᠎ᠤᠨ ᠰᠡᠳᠬᠢᠯ᠎ᠢ ᠳᠤᠯᠠᠭᠠᠴᠡᠭᠤᠯᠵᠤ᠂ ᠠᠷᠠᠳ᠎ᠤᠨ ᠰᠠᠨᠠᠭᠠᠨ᠎ᠳᠤ ᠨᠡᠢᠴᠡᠭᠦᠯᠵᠦ᠂ ᠠᠷᠠᠳ ᠤᠯᠠᠨ᠎ᠤ ᠰᠢᠨ᠎ᠡ ᠬᠦᠰᠡᠯ ᠡᠷᠡᠮᠡᠯᠵᠡᠯ᠎ᠳᠦ ᠨᠡᠩ ᠰᠠᠢᠳᠤᠷ ᠬᠠᠷᠢᠭᠤᠯᠲᠠ ᠥᠭᠬᠦ ᠬᠡᠷᠡᠭᠲᠡᠢ᠃

ᠠᠷᠭ᠎ᠠ ᠪᠣᠳᠣᠯᠭ᠎ᠠ᠎ᠶᠢ ᠠᠷᠠᠳ᠎ᠡᠴᠡ ᠠᠰᠠᠭᠤᠵᠤ᠂ ᠨᠠᠮ ᠵᠢᠡᠨ ᠮᠠᠨᠳᠤᠭᠤᠯᠵᠤ ᠤᠯᠤᠰ᠎ᠢᠶᠠᠨ ᠬᠦᠴᠦᠷᠬᠡᠭᠵᠢᠭᠦᠯᠬᠦ ᠤᠶᠤᠨ ᠤᠬᠠᠭᠠᠨ ᠬᠦᠴᠦᠨ ᠴᠢᠳᠠᠯ᠎ᠢ ᠬᠦᠷᠳᠡᠬᠦ ᠬᠡᠷᠡᠭᠳᠡᠢ —

2026 ᠣᠨ᠎ᠤ 3 ᠰᠠᠷ᠎ᠠ᠎ᠳᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠥᠲᠥᠯᠪᠦᠷᠢ᠎ᠶᠢ ᠬᠢᠨᠠᠨ ᠪᠠᠢᠴᠠᠭᠠᠵᠤ ᠪᠠᠳᠤᠯᠠᠪᠠ᠃

ᠬᠦᠳᠦᠯᠪᠦᠷᠢ᠎ᠶᠢ ᠨᠠᠢᠷᠠᠭᠤᠯᠤᠨ ᠵᠣᠬᠢᠶᠠᠬᠤ ᠶᠠᠪᠤᠴᠠ ᠪᠣᠯ ᠴᠢᠪ ᠬᠡᠮᠡᠨ 《ᠣᠯᠠᠨ ᠲᠦᠮᠡᠨ᠎ᠦ ᠮᠡᠷᠭᠡᠨ ᠠᠷᠭ᠎ᠠ》 ᠵᠢ 《ᠬᠥᠭᠵᠢᠯᠲᠡ᠎ᠶᠢᠨ ᠠᠯᠲᠠᠨ ᠲᠦᠯᠬᠢᠭᠦᠷ》 ᠪᠣᠯᠭᠠᠭᠰᠠᠨ ᠠᠮᠢᠳᠤᠯᠢᠭ᠋ ᠦᠢᠯᠡᠳᠦᠯᠭᠡ ᠮᠥᠨ᠃ ᠡᠭᠦᠨ᠎ᠳᠦ᠂ ᠶᠡᠷᠦᠩᠬᠡᠢ ᠱᠦᠵᠢ ᠰᠢ ᠵᠢᠨ ᠫᠢᠩ᠄ 《ᠥᠷᠭᠡᠨ ᠤᠯᠠᠨ ᠠᠷᠠᠳ ᠲᠦᠮᠡᠨ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠵᠤ᠂ ᠮᠠᠰᠢ ᠤᠯᠠᠨ ᠦᠨ᠎ᠡ ᠦᠷᠳᠡᠭ᠎ᠲᠠᠢ ᠰᠠᠨᠠᠯ ᠰᠠᠨᠠᠭᠤᠯᠭ᠎ᠠ ᠳᠤᠷᠠᠳᠪᠠ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠨᠠᠷᠢᠨ ᠬᠢᠨᠠᠮᠠᠭᠠᠢ ᠰᠤᠳᠤᠯᠵᠤ ᠰᠢᠩᠭᠡᠬᠡᠨ ᠠᠪᠬᠤ ᠬᠡᠷᠡᠭᠲᠡᠢ》 ᠬᠡᠵᠦ ᠴᠢᠬᠤᠯᠠᠴᠢᠯᠠᠪᠠ᠃

ᠤᠷᠤᠭᠰᠢᠯᠠᠯᠲᠠ᠎ᠶᠢᠨ ᠵᠠᠮ ᠳᠡᠭᠡᠷ᠎ᠡ᠂ ᠠᠷᠠᠳ ᠲᠦᠮᠡᠨ᠎ᠦ ᠡᠭᠦᠳᠦᠨ ᠪᠦᠲᠦᠭᠡᠬᠦ ᠵᠣᠷᠢᠭ᠋ ᠰᠠᠨᠠᠭ᠎ᠠ᠎ᠶᠢ ᠬᠦᠨᠳᠦᠳᠬᠡᠵᠦ᠂ ᠤᠯᠠᠨ ᠲᠦᠮᠡᠨ᠎ᠦ ᠪᠡᠶ᠎ᠡ ᠳᠡᠭᠡᠷ᠎ᠡ ᠪᠠᠢᠭ᠎ᠠ ᠡᠭᠦᠳᠦᠨ ᠪᠦᠲᠦᠭᠡᠬᠦ ᠳᠠᠯᠳᠠ ᠬᠦᠴᠦᠨ ᠪᠠ ᠤᠶᠤᠨ ᠤᠬᠠᠭᠠᠨ᠎ᠢ ᠭᠦᠢᠴᠡᠳ ᠪᠠᠳᠠᠷᠠᠭᠤᠯᠵᠤ᠂ ᠠᠵᠢᠯ᠎ᠤᠨ ᠦᠢᠯᠡᠳᠦᠯᠭᠡ ᠳᠤᠮᠳᠠ ᠠᠷᠠᠳ ᠤᠯᠠᠨ᠎ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠲᠠᠰᠤᠷᠠᠯᠲᠠ ᠦᠭᠡᠢ ᠬᠥᠭᠵᠢᠭᠡᠵᠦ᠂ ᠤᠯᠠᠨ ᠲᠦᠮᠡᠨ᠎ᠦ ᠡᠭᠦᠳᠦᠨ ᠪᠦᠲᠦᠭᠡᠭᠰᠡᠨ ᠲᠤᠷᠰᠢᠯᠭ᠎ᠠ᠎ᠶᠢ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃

ᠠᠷᠠᠳ ᠲᠦᠮᠡᠨ᠎ᠳᠦ ᠣᠰᠣᠯᠳᠠᠬᠤ ᠦᠭᠡᠢ ᠬᠡᠪᠡᠯ ᠬᠢᠲᠤᠭᠠᠨ ᠢᠷ᠎ᠢᠶᠡᠨ ᠳᠣᠲᠣᠭ᠍ᠰᠢ ᠬᠠᠨᠳᠤᠭᠤᠯᠬᠤ ᠰᠥᠰᠥ ᠵᠣᠷᠢᠭ᠋᠎ᠲᠠᠢ ᠪᠠᠢᠬᠤ ᠬᠡᠷᠡᠭᠲᠡᠢ —

2026 ᠣᠨ᠎ᠤ ᠰᠢᠨ᠎ᠡ ᠵᠢᠯ᠎ᠦᠨ ᠪᠠᠶᠠᠷ᠎ᠤᠨ ᠦᠭᠡ᠎ᠳᠡᠭᠡᠨ᠂ ᠶᠡᠷᠦᠩᠬᠡᠢ ᠱᠦᠵᠢ ᠰᠢ ᠵᠢᠨ ᠫᠢᠩ ᠪᠥᠬᠥ ᠨᠠᠮ᠎ᠳᠤ ᠬᠠᠨᠳᠤᠨ᠄ 《ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠳᠠᠪᠲᠠᠨ ᠪᠣᠯᠪᠠᠰᠤᠷᠠᠭᠤᠯᠵᠤ᠂ ᠴᠦᠬᠦᠷᠡᠰᠢ ᠦᠬᠡᠢ ᠪᠠᠷᠢᠮᠳᠠᠯᠠᠨ᠂ ᠣᠷᠳᠣ᠌ ᠬᠤᠭᠤᠴᠠᠭ᠎ᠠ᠎ᠪᠠᠷ ᠵᠢᠳᠬᠦᠯ ᠴᠢᠷᠮᠠᠢᠯᠭ᠎ᠠ ᠭᠠᠷᠭᠠᠵᠤ᠂  ᠶᠠᠨ ᠠᠨ᠎ᠤ 〈ᠨᠦᠬᠡᠨ ᠭᠡᠷ ᠲᠡᠬᠢ ᠠᠰᠠᠭᠤᠯᠲᠠ〉 ᠎ᠶ᠋ᠢ ᠦᠷᠭᠦᠯᠵᠢᠯᠡᠨ ᠰᠠᠢᠲᠤᠷ ᠬᠠᠷᠢᠭᠤᠯᠬᠤ ᠬᠡᠷᠡᠭᠲᠡᠢ》 ᠭᠡᠵᠦ ᠤᠷᠢᠶᠠᠯᠠᠭ᠎ᠠ ᠭᠠᠷᠭᠠᠪᠠ᠃

ᠱᠠᠨᠰᠢ᠎ᠶᠢᠨ ᠬᠣᠢᠲᠤ ᠬᠡᠰᠡᠭ᠎ᠦᠨ ᠨᠦᠬᠡᠨ ᠭᠡᠷ᠎ᠲᠦ ᠪᠤᠢ ᠪᠣᠯᠤᠭᠰᠠᠨ 《ᠠᠷᠠᠳ ᠲᠦᠮᠡᠨ᠎ᠦ ᠬᠢᠨᠠᠯᠲᠠ ᠲᠠᠯᠪᠢᠯᠳᠠ》 ᠡᠴᠡ ᠠᠪᠤᠭᠠᠳ ᠤᠷᠳᠤ ᠬᠤᠭᠤᠴᠠᠭ᠎ᠠ᠎ᠪᠠᠷ ᠲᠦᠷᠦ ᠪᠠᠷᠢᠬᠤ᠎ᠳᠤ ᠰᠠᠭᠤᠷᠢᠯᠠᠵᠤ ᠳᠤᠷᠠᠳᠤᠭᠰᠠᠨ 《ᠥᠪᠡᠷ ᠪᠡᠶ᠎ᠡ᠎ᠶᠢᠨ ᠬᠤᠪᠢᠰᠬᠠᠯ ᠬᠢᠬᠦ》 ᠬᠦᠷᠲᠡᠯ᠎ᠡ᠂ ᠲᠡᠦᠬᠡ᠎ᠶᠢᠨ ᠦᠶᠡᠯᠡᠯ᠎ᠦᠨ ᠳᠠᠪᠲᠠᠮᠵᠢ᠎ᠡᠴᠡ ᠦᠰᠦᠷᠦᠨ ᠭᠠᠷᠤᠭᠰᠠᠨ ᠬᠣᠶᠠᠷ ᠬᠠᠷᠢᠭᠤᠯᠲᠠ ᠨᠢ ᠬᠠᠷᠢᠯᠴᠠᠨ ᠬᠡᠷᠡᠯᠳᠦᠬᠦᠯᠵᠤ᠂ 《ᠬᠥᠮᠥᠨ᠎ᠦ ᠰᠡᠳᠬᠢᠯ᠎ᠦᠨ ᠬᠠᠨᠳᠤᠰᠢ ᠨᠢ ᠨᠠᠮ᠎ᠤᠨ ᠮᠠᠨᠳᠤᠵᠤ ᠮᠥᠬᠥᠬᠦ᠎ᠲᠠᠢ ᠬᠣᠯᠪᠣᠭᠳᠠᠨ᠎ᠠ》 ᠭᠡᠬᠦ ᠦᠨᠡᠨ ᠶᠣᠰᠣ᠌᠎ᠶᠢ ᠲᠤᠰᠬᠠᠵᠠᠢ᠃

ᠰᠢᠨ᠎ᠡ ᠠᠶᠠᠨ᠎ᠳᠤ᠂ ᠲᠤᠮᠤ ᠨᠠᠮ ᠳ᠋ᠤ ᠤᠨᠴᠠ ᠪᠠᠢᠳᠠᠭ᠎ᠬᠦᠴᠢᠷ ᠠᠰᠠᠭᠤᠳᠠᠯ᠎ᠢ ᠰᠢᠢᠳᠪᠦᠷᠢᠯᠡᠬᠦ ᠬᠤᠷᠴᠠ ᠰᠡᠷᠭᠡᠭ ᠬᠢᠭᠡᠳ ᠡᠷᠡᠰ ᠪᠠᠲᠤ᠎ᠶᠢ ᠴᠠᠭ ᠢᠮᠠᠭᠲᠠ ᠪᠠᠲᠤᠯᠠᠵᠤ᠂ ᠤᠯᠠᠨ ᠲᠦᠮᠡᠨ᠎ᠡᠴᠡ ᠬᠥᠨᠳᠡᠢᠷᠡᠬᠦ᠂ ᠦᠨᠳᠦᠰᠦ ᠰᠠᠭᠤᠷᠢ᠎ᠶᠢ ᠭᠤᠢᠪᠢᠯᠵᠠᠭᠤᠯᠬᠤ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ᠎ᠶᠢ ᠴᠢᠬᠤᠯᠠᠴᠢᠯᠠᠵᠤ᠂ 《ᠠᠷᠠᠳ ᠤᠯᠠᠨ ᠶᠠᠭᠤ᠎ᠶᠢ ᠡᠰᠡᠷᠭᠦᠴᠡᠵᠦ᠂ ᠶᠠᠭᠤ᠎ᠶᠢ ᠬᠣᠷᠣᠰᠤᠨ ᠵᠠᠨᠤᠵᠤ ᠪᠠᠢᠪᠠᠯ᠂ ᠪᠢᠳᠡ ᠲᠡᠬᠦᠨ᠎ᠢ ᠡᠷᠡᠰ ᠰᠡᠷᠭᠡᠢᠯᠡᠨ ᠴᠣᠬᠢᠯᠲᠠ ᠥᠭᠴᠦ》᠂ 《ᠪᠠᠷᠰ᠎ᠢ ᠴᠣᠬᠢᠬᠤ》᠂ 《ᠢᠯᠠᠭ᠎ᠠ᠎ᠶᠢ ᠬᠦᠪᠢᠬᠦ》᠂ 《ᠦᠨᠡᠭᠡ᠎ᠶᠢ ᠠᠪᠠᠯᠠᠬᠤ》 ᠠᠵᠢᠯ᠎ᠢ ᠵᠣᠭᠰᠣᠰᠢ ᠦᠭᠡᠢ ᠬᠢᠵᠦ᠂ ᠠᠷᠠᠳ ᠲᠦᠮᠡᠨ᠎ᠦ ᠳᠤᠷ᠎ᠠ ᠦᠭᠡᠢᠴᠡᠯ᠎ᠢ ᠬᠦᠷᠭᠡᠬᠦ᠂ ᠠᠷᠠᠳ ᠲᠦᠮᠡᠨ᠎ᠦ ᠠᠰᠢᠭ᠋ ᠲᠤᠰᠠ᠎ᠶᠢ ᠬᠣᠬᠢᠷᠠᠭᠤᠯᠬᠤ ᠠᠯᠢᠪᠠ ᠦᠢᠯᠡ ᠠᠵᠢᠯᠯᠠᠭ᠎ᠠ ᠪᠠ ᠰᠤᠷᠲᠠᠯ ᠳ᠋ᠤ᠌ ᠡᠷᠡᠰ ᠴᠤᠬᠢᠯᠳᠠ ᠦᠭᠴᠤ᠂ ᠠᠯᠢᠪᠠ ᠨᠠᠵᠠᠭᠠᠢ ᠢᠯᠵᠢᠷᠠᠮᠠᠯ ᠦᠵᠡᠭᠳᠡᠯ᠎ᠯᠤᠭᠡ ᠡᠴᠦᠰ ᠲᠤᠨᠢ ᠲᠤᠯᠳᠠᠯ᠎ᠠ ᠡᠷᠡᠰ ᠲᠡᠮᠡᠴᠡᠯ ᠬᠢᠬᠦ ᠬᠡᠷᠡᠭᠳᠡᠢ᠃

ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠳᠡᠬᠡᠯ ᠵᠤᠷᠢᠭ ᠡᠷᠡᠰ ᠪᠠᠳᠤ᠂  ᠤᠮᠤᠭ ᠪᠠᠬᠠᠳᠤᠮ᠎ᠠ ᠣᠷᠭᠢᠯᠤᠮ᠎ᠠ ᠬᠠᠯᠠᠭᠤᠨ ᠰᠡᠳᠬᠢᠯᠭᠡ ᠲᠠᠢ᠄ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠦ᠂ ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠂ ᠠᠷᠠᠳ ᠤᠯᠠᠨ ᠯᠤᠭ᠎ᠠ᠎ᠶᠢᠨ ᠮᠢᠬ᠎ᠠ ᠴᠢᠰᠤᠨ᠎ᠤ ᠬᠠᠷᠢᠴᠠᠭ᠎ᠠ᠎ᠪᠠᠨ ᠢᠮᠠᠭᠲᠠ ᠪᠠᠲᠤᠯᠠᠳᠠᠭ ᠯᠠ ᠶᠤᠮ ᠪᠣᠯ ᠨᠠᠮ᠎ᠤᠨ ᠠᠵᠢᠯ ᠦᠢᠯᠡᠰ ᠬᠠᠨᠳᠤᠭᠰᠠᠨ ᠵᠦᠭ᠎ᠲᠦ ᠢᠯᠠᠭᠳᠠᠰᠢ ᠦᠭᠡᠢ ᠪᠣᠯᠣᠨ᠎ᠠ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 26 ᠎ᠤ᠋ ᠴᠠᠬᠢᠯᠭᠠᠨ ᠮᠡᠳᠡᠭᠡ ᠡᠴᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面