ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-10-30 11:45:29

ᠵᠣᠬᠢᠶᠠᠭ᠍ᠴᠢ᠄ ᠬᠣ᠌ ᠬᠤᠤ᠂ ᠸᠠᠩ ᠫᠸᠩ ᠂ ᠵᠠᠩ ᠶᠠᠨ ᠣᠩᠱᠢᠭ᠍ᠰᠠᠨ ᠣᠳᠠᠭ᠎ᠠ᠄ 3

— ᠬᠤᠷᠠᠯ᠎ᠳᠤ ᠣᠷᠣᠯᠴᠠᠭᠰᠠᠨ ᠨᠥᠬᠥᠳ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠢ ᠶᠠᠷᠢᠭᠰᠠᠨ ᠨᠢ


ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠨᠠᠮ ᠨᠢ ᠨᠠᠮ᠎ᠢᠶᠡᠨ ᠬᠠᠮᠢᠶᠠᠷᠴᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠪᠤᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ 10 ᠰᠠᠷ᠎ᠠ᠎ᠶᠢᠨ 26᠎ᠤ᠋ ᠡᠳᠦᠷ᠎ᠡᠴᠡ 29᠎ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠬᠤᠷᠠᠯ᠎ᠡᠴᠡ 《ᠪᠦᠬᠦ᠌ ᠲᠠᠯ᠎ᠠ ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠤᠷᠢᠶ᠎ᠠ ᠵᠢᠨ ᠲᠣᠭᠲᠠᠭᠠᠯ》 ᠢ᠋ ᠬᠢᠨᠠᠨ ᠵᠥᠪᠯᠡᠵᠦ᠍ ᠪᠠᠲᠤᠯᠠᠪᠠ᠃

ᠬᠤᠷᠠᠯ᠎ᠤᠨ ᠬᠤᠭᠤᠴᠠᠭᠠᠨ᠎ᠳᠤ᠂ ᠬᠤᠷᠠᠯ᠎ᠳᠤ ᠣᠷᠣᠯᠴᠠᠭᠰᠠᠨ ᠬᠡᠰᠡᠭ ᠨᠥᠬᠥᠳ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠣᠶ᠋ᠢᠯᠠᠭᠠᠬᠤ᠎ᠶᠢᠨ ᠲᠣᠭᠣᠷᠢᠨ᠎ᠳᠤ ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ᠎ᠶᠢᠨ ᠰᠤᠷᠪᠤᠯᠵᠢᠯᠠᠭ᠎ᠠ᠎ᠶᠢ ᠬᠦᠯᠢᠶᠡᠪᠡ᠃ ᠤᠯᠠᠨ᠎ᠢᠶᠠᠷ᠎ᠢᠶᠠᠨ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠴᠢᠬᠤᠯᠠ ᠵᠠᠩᠭᠢᠯᠠᠭ᠎ᠠ᠎ᠶᠢᠨ ᠴᠡᠭ ᠲᠤ᠌᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠵᠠᠩᠭᠢᠯᠠᠭ᠎ᠠ᠎ᠶᠢᠨ ᠦᠶ᠎ᠡ᠎ᠳᠦ᠂ ᠪᠦᠬᠦᠳᠡ ᠬᠤᠷᠠᠯ᠎ᠡᠴᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠲᠤᠬᠠᠢ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ ᠬᠢᠵᠡᠢ᠂ ᠡᠨᠡ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠢ᠎ᠠ ᠡᠴᠡ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠲᠡᠦᠬᠡᠨ ᠣᠷᠣᠨ ᠪᠠᠶ᠋ᠢᠷᠢ᠎ᠶᠢ ᠡᠵᠡᠮᠳᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠬᠦ᠌ ᠲᠠᠯ᠎ᠠ᠎ᠶᠢ ᠪᠣᠳᠣᠯᠬᠢᠯᠠᠵᠤ᠂ ᠴᠠᠭ᠎ᠢ ᠦᠵᠡᠨ ᠪᠠᠶ᠋ᠢᠳᠠᠯ᠎ᠢ ᠰᠢᠨᠵᠢᠵᠦ᠍᠂ ᠪᠦᠬᠦ᠌ ᠲᠠᠯ᠎ᠠ᠎ᠪᠠᠷ ᠪᠣᠳᠣᠯᠬᠢᠯᠠᠵᠤ ᠭᠠᠷᠭᠠᠭᠰᠠᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠣᠯᠤᠨ᠎ᠠ᠂ ᠡᠨᠡ ᠨᠢ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠪᠠᠶ᠋ᠢᠷᠢ ᠰᠠᠭᠤᠷᠢ᠎ᠶᠢ ᠪᠡᠬᠢᠵᠢᠭᠦᠯᠬᠦ᠌᠂ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠌᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠣᠭᠲᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠶ ᠶᠤᠮ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠬᠡᠵᠦ᠍᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠦᠵᠡᠯ ᠰᠠᠨᠠᠭ᠎ᠠ᠎ᠪᠠᠨ ᠨᠢᠭᠡᠳᠬᠡᠵᠦ᠍᠂ ᠠᠯᠬᠤᠭ᠎ᠠ ᠪᠠᠨ ᠨᠢᠭᠡᠳᠬᠡᠵᠦ᠍᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠶ ᠠᠬᠢᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠰᠢᠨ᠎ᠡ ᠪᠠᠶ᠋ᠢᠳᠠᠯ᠎ᠢ ᠲᠠᠰᠤᠷᠠᠯᠲᠠ ᠥᠬᠡᠶ ᠡᠭᠦᠳᠬᠦ᠌ ᠬᠡᠷᠡᠭᠲᠡᠶ ᠭᠡᠵᠦ᠍ ᠰᠠᠨᠠᠯ ᠨᠢᠭᠡᠲᠡᠢ ᠢᠯᠡᠳᠬᠡᠵᠡᠭᠡᠪᠡ᠃

《ᠰᠢᠨ᠎ᠡ ᠴᠠᠭ ᠦᠶ᠎ᠡ᠎ᠳᠦ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠠᠯ᠎ᠠ᠎ᠪᠠᠷ ᠣᠯᠤᠭᠰᠠᠨ ᠠᠮᠵᠢᠯᠲᠠ ᠪᠦᠲᠦᠮᠵᠢ ᠪᠣᠯ ᠲᠡᠦᠬᠡᠲᠦ᠍ ᠴᠢᠨᠠᠷᠲᠠᠢ᠂ ᠪᠦᠲᠦᠭᠡᠯᠴᠢ ᠴᠢᠨᠠᠷᠲᠠᠢ ᠶᠤᠮ᠂ ᠨᠥᠯᠥᠭᠡ ᠲᠤᠰᠬᠠᠯ ᠨᠢ ᠪᠦᠬᠦ᠌ ᠲᠠᠯ᠎ᠠ᠎ᠶᠢᠨ᠂ ᠭᠦᠨ ᠳᠠᠪᠬᠤᠷᠭ᠎ᠠ᠎ᠶᠢᠨ ᠶᠤᠮ᠂ ᠡᠭᠦᠨ᠎ᠤ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ᠎ᠤᠨ ᠠᠶᠠᠯᠠᠯ᠎ᠢ ᠵᠢᠯᠣᠭᠣᠳᠴᠤ ᠵᠠᠯᠠᠭᠤᠷ᠎ᠢ ᠡᠵᠡᠮᠳᠡᠭᠰᠡᠨ᠎ᠳᠤ ᠪᠠᠶ᠋ᠢᠨ᠎ᠠ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠶ᠋ᠢᠨ᠎ᠠ》᠃ ᠲᠥᠪ ᠬᠣᠷᠢᠶ᠎ᠠ ᠵᠢᠨ ᠭᠡᠰᠢᠭᠦᠨ᠂ ᠵᠧᠵᠢᠶᠠᠩ ᠮᠤᠵᠢ᠎ᠶᠢᠨ ᠨᠠᠮ᠎ᠤᠨ ᠬᠣᠷᠢᠶ᠎ᠠ ᠵᠢᠨ ᠱᠦᠵᠢ ᠸᠠᠩ ᠬᠤᠤ᠂ ᠪᠥᠬᠥᠳᠡ ᠬᠤᠷᠠᠯ᠎ᠡᠴᠡ ᠪᠠᠲᠤᠯᠠᠭᠰᠠᠨ 《ᠲᠣᠭᠲᠠᠭᠠᠯ》 ᠪᠣᠯ ᠲᠡᠦᠬᠡ᠎ᠶᠢᠨ ᠨᠡᠪᠲᠡᠯᠬᠦ ᠬᠦᠴᠦᠨ᠂ ᠤᠯᠤᠰ ᠲᠥᠷᠥ᠎ᠶᠢᠨ ᠤᠷᠢᠶᠠᠯᠠᠬᠤ ᠬᠦᠴᠦᠨ᠂ ᠪᠠᠶ᠋ᠢᠯᠳᠤᠬᠤ ᠪᠣᠳᠣᠯᠭ᠎ᠠ᠎ᠶᠢᠨ ᠬᠥᠲᠥᠯᠦᠨ ᠳᠠᠭᠠᠭᠤᠯᠬᠤ ᠬᠦᠴᠦᠨ ᠪᠥᠬᠥᠶ ᠮᠠᠷᠺᠰ᠎ᠤᠨ ᠦᠵᠡᠯ᠎ᠦᠨ ᠬᠥᠲᠥᠯᠪᠦᠷᠢ᠎ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠂  ᠡᠨᠡ  ᠨᠢ  ᠶᠡᠷᠦᠩᠬᠡᠶ  ᠱᠦᠵᠢ  ᠰᠢ ᠵᠢᠨ ᠫᠢᠩ᠎ᠦᠨ ᠠᠯᠤᠰ᠎ᠤᠨ ᠬᠠᠷᠠᠴᠠ ᠬᠤᠷᠴᠠ ᠲᠠᠨᠢᠯᠲᠠ ᠪᠠ ᠬᠠᠶ᠋ᠢᠷ᠎ᠠ ᠰᠡᠳᠬᠢᠯᠭᠡ᠎ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠢᠯᠡᠷᠡᠭᠦᠯᠵᠦ᠍᠂ ᠵᠠᠭᠤᠨ ᠵᠢᠯ᠎ᠦᠨ ᠲᠣᠮᠣ ᠨᠠᠮ᠎ᠤᠨ ᠪᠠᠲᠤ᠌ ᠢᠲᠡᠭᠡᠯ ᠪᠠ ᠬᠦᠴᠦᠷᠬᠡᠭ ᠶᠡᠬᠡ ᠬᠦᠴᠦᠨ ᠴᠢᠳᠠᠯ᠎ᠢ ᠭᠦᠢᠴᠡᠳ ᠢᠯᠡᠷᠡᠭᠦᠯᠵᠠᠢ ᠭᠡᠵᠤ ᠢᠯᠡᠳᠭᠡᠪᠡ᠃

《ᠵᠧᠵᠢᠶᠠᠩ ᠮᠤᠵᠢ᠎ᠶᠢᠨ ᠬᠢᠨ ᠪᠦᠭᠦᠳᠡ ᠬᠤᠷᠠᠯ ᠎ᠤᠨ  ᠵᠣᠷᠢᠭ  ᠰᠠᠨᠠᠭ᠎ᠠ ᠎ᠶᠢ  ᠪᠦᠬᠦ᠌  ᠲᠠᠯ᠎ᠠ ᠎ᠪᠠᠷ  ᠰᠤᠷᠤᠯᠴᠠᠨ  ᠲᠤᠭᠤᠰᠢᠯᠠᠭᠤᠯᠵᠤ ᠂ 〈ᠨᠠᠢ᠍ᠮᠠ  ᠨᠠᠢ᠍ᠮᠠ ᠎ᠶᠢᠨ  ᠪᠠᠶ᠋ᠢᠯᠳᠤᠬᠤ  ᠪᠤᠳᠤᠯᠭ᠎ᠠ〉 ᠵᠢ  ᠭᠦᠨᠵᠡᠭᠡᠢ  ᠦᠢᠯᠡᠳᠦᠯᠭᠡᠵᠢᠭᠦᠯᠵᠦ᠍ ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢ ᠨᠢᠭᠡᠳᠭᠡᠨ ᠰᠦᠭ ᠰᠦᠨᠡᠰᠦ᠎ᠵᠢ ᠱᠤᠭᠤᠬᠤ᠎ᠶᠢ ᠴᠥᠬᠥᠷᠡᠰᠢ  ᠦᠭᠡᠢ  ᠪᠠᠷᠢᠮᠲᠠᠯᠠᠵᠤ ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠬᠦᠨᠵᠡᠭᠡᠢᠷᠠᠬᠦᠯᠤᠨ ᠪᠤᠳᠠᠳᠠᠢᠵᠢᠭᠤᠯᠬᠤ ᠵᠢ ᠦᠷᠬᠦᠯᠵᠢᠯᠡᠨ ᠠᠬᠢᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠥᠨᠳᠥᠷᠯᠢᠭ ᠪᠣᠯᠤᠨ ᠠᠷᠢᠭᠤᠨ ᠴᠢᠬᠡᠴᠢ᠎ᠶᠢᠨ ᠪᠠᠶ᠋ᠢᠭᠤᠯᠤᠯᠲᠠ᠎ᠶᠢᠨ ᠥᠨᠳᠥᠷᠯᠢᠭ ᠢ᠋ ᠲᠦᠷᠭᠡᠳᠭᠡᠨ ᠴᠣᠭᠴᠠᠯᠠᠵᠤ᠂ ᠢᠮᠠᠭᠲᠠ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ᠎ᠳᠦ ᠶᠠᠪᠤᠵᠤ᠂ ᠤᠷᠤᠰᠬᠠᠯ᠎ᠤᠨ ᠡᠮᠦᠨ᠎ᠡ ᠵᠣᠷᠢᠭᠲᠠᠢ ᠵᠣᠭᠰᠣᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠪᠦᠲᠦᠭᠡᠨ ᠪᠠᠶ᠋ᠢᠭᠤᠯᠤᠯᠲᠠ᠎ᠶᠢᠨ ᠵᠧᠵᠢᠶᠠᠩ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠨ᠎ᠡ》 ᠭᠡᠵᠤ ᠸᠠᠩ ᠬᠤᠤ ᠬᠡᠯᠡᠪᠡ᠃

ᠵᠢᠵᠢᠭᠭᠡᠨ ᠤᠯᠠᠭᠠᠨ ᠣᠩᠭᠣᠴᠠ᠎ᠡᠴᠡ ᠥᠨᠳᠥᠷ ᠰᠦᠷᠯᠢᠭ ᠲᠤᠮᠤ ᠬᠦᠯᠭᠡ ᠣᠩᠭᠣᠴᠠ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠶᠠᠭᠠᠬᠢᠭᠠᠳ ᠳᠡᠶ᠋ᠢᠯᠬᠦ᠌ ᠪᠤᠢ? ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠵᠢᠷᠭᠤᠭᠠᠨ ᠶᠡᠬᠡ ᠰᠢᠯᠢᠳᠡᠭ ᠣᠨᠴᠠᠯᠢᠭ ᠰᠢᠨᠵᠢ᠎ᠶᠢ ᠭᠦᠨᠵᠡᠭᠡᠢ ᠳ᠋ᠦᠩᠨᠡᠪᠡ᠂ ᠡᠭᠦᠨ᠎ᠦ ᠳᠣᠲᠣᠷᠠᠬᠢ ᠨᠢᠭᠡ ᠨᠢ 《ᠲᠤᠰ ᠪᠡᠶ᠎ᠡ᠎ᠪᠡᠨ ᠴᠢᠭᠢᠷᠠᠭᠵᠢᠭᠤᠯᠬᠤ᠎ᠶᠢ ᠴᠢᠬᠤᠯᠠᠴᠢᠯᠠᠵᠤ᠂ ᠢᠮᠠᠭᠲᠠ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠠᠶ᠋ᠢᠬᠤ》 ᠶᠠᠪᠤᠳᠠᠯ ᠪᠣᠯᠤᠨ᠎ᠠ᠃

ᠲᠥᠪ ᠬᠣᠷᠢᠶ᠎ᠠ ᠵᠢᠨ ᠭᠡᠰᠢᠭᠦᠨ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠭᠠᠳᠠᠭᠠᠳᠤ᠎ᠲᠠᠶ ᠬᠤᠯᠪᠤᠭ᠎ᠠ ᠠᠪᠬᠤ ᠬᠡᠯᠲᠡᠰ᠎ᠦᠨ ᠳᠠᠷᠤᠭ᠎ᠠ ᠯᠢᠦ ᠬᠠᠶ ᠰᠢᠩ᠂ ᠮᠠᠨ᠎ᠤ ᠨᠠᠮ ᠨᠠᠮ ᠪᠠᠶ᠋ᠢᠭᠤᠯᠤᠭᠳᠠᠭᠰᠠᠨ ᠡᠬᠢᠨ᠎ᠦ ᠦᠶ᠎ᠡ᠎ᠡᠴᠡ᠎ᠪᠡᠨ ᠳᠠᠷᠤᠶ ᠲᠣᠰ ᠪᠡᠶ᠎ᠡ᠎ᠶᠢᠨ ᠪᠠᠶ᠋ᠢᠭᠤᠯᠤᠯᠲᠠ᠎ᠪᠠᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭᠰᠠᠭᠠᠷ ᠢᠷᠡᠭᠰᠡᠨ ᠶᠤᠮ᠃ 105 ᠵᠢᠯ᠎ᠦᠨ ᠲᠤᠷᠰᠢ᠂ ᠪᠢᠳᠡ ᠨᠠᠮ᠎ᠤᠨ ᠪᠠᠶ᠋ᠢᠭᠤᠯᠤᠯᠲᠠ᠎ᠶᠢ ᠨᠢᠭᠡᠨ ᠠᠭᠤᠤ ᠶᠡᠬᠡ ᠢᠨᠵᠧᠨᠧᠷᠢᠩ ᠪᠣᠯᠭᠠᠵᠤ᠂ ᠦᠶ᠎ᠠ ᠵᠠᠯᠭᠠᠮᠵᠢᠯᠡᠨ ᠦᠪᠯᠡᠨ ᠠᠵᠢᠯᠯᠠᠵᠤ᠂ ᠠᠭᠤᠤ ᠶᠡᠬᠡ ᠢᠷᠠᠭᠤ ᠠᠯᠳᠠᠷᠲᠠᠢ ᠵᠥᠪ ᠣᠨᠣᠪᠴᠢᠲᠠᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠳᠠᠪᠲᠠᠨ ᠪᠣᠯᠪᠠᠰᠤᠷᠠᠭᠤᠯᠵᠤ᠂ ᠮᠠᠷᠺᠰ᠎ᠤᠨ ᠦᠵᠡᠯ᠎ᠦᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠢᠯᠡᠷᠡᠭᠦᠯᠵᠠᠢ ᠭᠡᠵᠤ ᠢᠯᠡᠳᠭᠡᠪᠡ᠃

《ᠣᠳᠣᠬᠠᠨ᠎ᠤ ᠳᠡᠯᠡᠬᠡᠢ ᠳ᠋ᠠᠬᠢᠨ᠎ᠤ ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠤᠯᠠᠷᠢᠵᠤ᠂ ᠡᠯ᠎ᠡ ᠤᠯᠤᠰ᠎ᠤᠨ ᠲᠦᠷᠦ᠎ᠶᠢᠨ ᠨᠠᠮ᠎ᠳᠤ ᠲᠤᠯᠭᠠᠷᠠᠵᠤ ᠪᠠᠶ᠋ᠢᠭ᠎ᠠ ᠰᠢᠨ᠎ᠡ ᠠᠰᠠᠭᠤᠳᠠᠯ᠂ ᠰᠢᠨ᠎ᠡ ᠥᠷᠢᠰᠥᠯᠳᠦᠭᠡᠨ ᠲᠠᠰᠤᠷᠠᠯᠳᠠ ᠦᠭᠡᠢ ᠭᠠᠷᠴᠤ᠌᠂ ᠮᠠᠰᠢ ᠤᠯᠠᠨ ᠤᠯᠤᠰ᠎ᠤᠨ ᠲᠦᠷᠦ᠎ᠶᠢᠨ ᠨᠠᠮ ᠪᠣᠯᠵᠣᠭᠰᠠᠨ ᠶᠤᠮ ᠰᠢᠭ᠋ ᠬᠠᠷᠠᠴᠠ᠎ᠪᠠᠨ ᠪᠢᠳᠡᠨ᠎ᠳᠦ ᠬᠠᠨᠳᠤᠭᠤᠯᠵᠤ᠂ ᠡᠨᠳᠡ᠎ᠡᠴᠡ ᠲᠤᠯᠢ ᠪᠣᠯᠭᠠᠬᠤ ᠠᠷᠭ᠎ᠠ ᠵᠠᠮ ᠪᠣᠯᠤᠨ ᠯᠠᠪᠯᠠᠯᠲᠠ ᠪᠣᠯᠭᠠᠬᠤ ᠲᠥᠰᠦᠯ ᠤᠯᠬᠤ᠎ᠶᠢ ᠬᠦᠰᠡᠵᠦ᠍ ᠪᠠᠶ᠋ᠢᠨ᠎ᠠ᠂ ᠤᠴᠢᠷ ᠨᠢ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠬᠤᠪᠢᠰᠬᠠᠯ᠂ ᠪᠦᠳᠦᠭᠡᠨ ᠪᠠᠶ᠋ᠢᠭᠤᠯᠤᠯᠲᠠ ᠪᠣᠯᠤᠨ ᠥᠭᠡᠷᠡᠴᠢᠯᠡᠯᠲᠡ᠎ᠶᠢᠨ ᠳᠤᠮᠳᠠ ᠪᠦᠷᠢᠯᠳᠦᠭᠰᠡᠨ ᠡᠷᠬᠢᠮ ᠨᠠᠨᠳᠢᠨ ᠲᠤᠷᠰᠢᠯᠭ᠎ᠠ᠎ᠶᠢ ᠳᠡᠯᠡᠬᠡᠢ ᠳ᠋ᠠᠬᠢᠨ ᠤ᠋ ᠪᠤᠢ ᠪᠦᠬᠦᠢ ᠳᠠᠪᠰᠢᠩᠭᠤᠢ ᠬᠦᠴᠦᠨ ᠰᠤᠷᠤᠯᠴᠠᠵᠦ᠍ ᠲᠤᠯᠢ ᠪᠣᠯᠭᠠᠭᠤᠰᠢᠳᠠᠢ ᠶᠤᠮ᠃ ᠦᠨᠡᠨ ᠶᠣᠰᠣᠨ᠎ᠤ ᠬᠦᠴᠦᠨ ᠪᠣᠯ ᠤᠯᠤᠰ᠎ᠤᠨ ᠬᠢᠯᠢ ᠬᠢᠵᠠᠭᠠᠷ᠎ᠢ ᠳᠠᠪᠠᠭᠰᠠᠨ ᠭᠡᠳᠡᠭ᠎ᠢ ᠪᠣᠳᠠᠲᠤ᠌ ᠶᠠᠪᠤᠳᠠᠯ ᠭᠡᠷᠡᠴᠢᠯᠡᠪᠡ᠃ ᠪᠢᠳᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ᠎ᠶᠢᠨ ᠳᠡᠯᠡᠬᠡᠢ᠎ᠶᠢᠨ ᠠᠴᠢ ᠬᠣᠯᠪᠣᠭᠳᠠᠯ᠂ ᠠᠯᠤᠰ ᠬᠡᠳᠤ᠎ᠶᠢᠨ ᠨᠥᠯᠥᠭᠡ᠎ᠶᠢ ᠭᠦᠨᠵᠡᠭᠡᠢ ᠲᠠᠨᠢᠵᠤ᠂ ᠨᠡᠩ ᠡᠷᠡᠰ ᠪᠠᠲᠤ᠌ ᠢᠲᠡᠭᠡᠯ᠎ᠢᠶᠡᠷ ᠡᠯ᠎ᠡ ᠤᠯᠤᠰ᠎ᠤᠨ ᠲᠦᠷᠦ᠎ᠶᠢᠨ ᠨᠠᠮ᠎ᠲᠠᠶ ᠰᠣᠯᠢᠯᠴᠠᠭ᠎ᠠ᠎ᠪᠠᠨ ᠴᠢᠩᠭᠠᠳᠬᠠᠵᠤ᠂ ᠬᠥᠮᠦᠨ ᠲᠥᠷᠥᠯᠬᠢᠲᠡᠨ᠎ᠦ ᠬᠠᠮᠲᠤ᠎ᠶᠢᠨ ᠬᠥᠭᠵᠢᠯᠲᠡ᠎ᠶᠢᠨ ᠵᠠᠮ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠶᠢᠨ ᠵᠠᠮ᠎ᠢ ᠰᠦᠪᠡᠭᠴᠢᠯᠡᠬᠦ᠌ ᠬᠡᠷᠡᠭᠲᠡᠢ》 ᠭᠡᠵᠦ᠍ ᠯᠢᠦ ᠬᠠᠶ ᠰᠢᠩ ᠬᠡᠯᠡᠪᠡ᠃

ᠦᠢᠯᠡᠳᠦᠯᠭᠡ᠎ᠶᠢᠨ ᠤᠬᠢ ᠰᠣᠳᠣ᠌᠎ᠶᠢ ᠬᠤᠷᠠᠮᠳᠤᠭᠤᠯᠵᠤ᠂ ᠤᠨᠤᠯ᠎ᠤᠨ ᠬᠡᠷᠡᠯᠳᠦ ᠴᠠᠮᠬᠠᠭ ᠪᠣᠯᠪᠠ᠃ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠠᠭᠤᠤ ᠶᠡᠬᠡ ᠦᠢᠯᠡᠳᠦᠯᠭᠡ ᠳᠤᠮᠳᠠ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠶᠠᠮᠠᠷ ᠶᠠᠩᠵᠤ᠎ᠶᠢᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠪᠠᠶ᠋ᠢᠭᠤᠯᠬᠤ᠂ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠬᠡᠷᠬᠢᠨ ᠪᠠᠶ᠋ᠢᠭᠤᠯᠬᠤ ᠴᠢᠬᠤᠯᠠ ᠶᠡᠬᠡ ᠴᠠᠭ ᠦᠶ᠎ᠡ᠎ᠶᠢᠨ ᠰᠡᠳᠦᠪ᠎ᠦᠨ ᠲᠣᠭᠣᠷᠢᠨ᠎ᠳᠤ᠂ ᠠᠯᠢ ᠤᠯᠠᠨ ᠰᠢᠨ᠎ᠡ ᠣᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠢᠯᠳᠤᠬᠤ ᠪᠣᠳᠣᠯᠭ᠎ᠠ᠎ᠶᠢ ᠳᠤᠷᠠᠳᠴᠤ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠷᠢᠯᠳᠦᠭᠦᠯᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠪᠡ᠃

《ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠴᠢᠩᠭ᠎ᠠ ᠬᠦᠴᠦᠲᠡᠢ ᠲᠡᠦᠬᠡᠨ ᠡᠭᠦᠷᠭᠡᠯᠡᠯ ᠪᠠ ᠡᠷᠡᠰ ᠪᠠᠲᠤ ᠵᠣᠷᠢᠭ᠋ ᠰᠠᠨᠠᠭ᠎ᠠ ᠬᠡᠪ ᠴᠢᠨᠠᠷ᠎ᠢᠶᠠᠷ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠦᠨ ᠭᠦᠨᠵᠡᠭᠡᠢᠷᠡᠨ ᠬᠥᠭᠵᠢᠬᠦ᠎ᠶᠢ ᠠᠬᠢᠭᠤᠯᠵᠤ᠂ ᠵᠠᠭᠤᠨ ᠵᠢᠯ᠎ᠦᠨ ᠲᠣᠮᠣ᠌ ᠨᠠᠮ᠎ᠤᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠰᠢᠨ᠎ᠡ ᠠᠬᠤᠢ ᠪᠠᠢᠳᠠᠯ᠎ᠢ ᠲᠠᠰᠤᠷᠠᠯᠲᠠ ᠦᠭᠡᠢ ᠨᠡᠭᠡᠭᠡᠵᠡᠢ》 ᠭᠡᠵᠦ ᠲᠥᠪ ᠬᠣᠷᠢᠶ᠎ᠡ ᠵᠢᠨ ᠭᠡᠰᠢᠭᠦᠨ᠂ ᠭᠤᠸᠠᠨᠭᠰᠢ᠎ᠶᠢᠨ ᠵᠤᠸᠠᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠱᠦᠵᠢ ᠴᠧᠨ ᠭᠠᠩ ᠬᠡᠯᠡᠪᠡ᠃

ᠴᠧᠨ ᠭᠠᠩ᠂ ᠭᠤᠸᠠᠨᠭᠰᠢ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠨᠠᠮ᠎ᠤᠨ ᠲᠥᠪ ᠬᠣᠷᠢᠶ᠎ᠡ ᠵᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠎ᠶᠢ ᠡᠷᠡᠰ ᠬᠠᠮᠠᠭᠠᠯᠠᠵᠤ ᠂  ᠴᠢᠨᠠᠷ  ᠰᠠᠢᠲᠠᠢ  ᠨᠠᠮ ᠎ᠤᠨ  ᠪᠠᠢᠭᠤᠯᠤᠯᠲᠠ ᠎ᠪᠠᠷ  ᠴᠢᠨᠠᠷ  ᠰᠠᠢᠲᠠᠢ  ᠬᠥᠭᠵᠢᠯᠲᠡ ᠎ᠶᠢ  ᠬᠥᠲᠥᠯᠥᠨ ᠳᠠᠭᠠᠭᠤᠯᠬᠤ  ᠪᠣᠯ  ᠵᠠᠪᠠᠯ  ᠶᠠᠪᠤᠬᠤ  ᠵᠠᠮ  ᠪᠣᠯᠣᠨ᠎ᠠ ᠃  ᠰᠢ ᠎ᠶᠢᠨ  ᠫᠢᠩ ᠎ᠤᠨ  ᠨᠠᠮ ᠎ᠤᠨ  ᠪᠠᠢᠭᠤᠯᠤᠯᠲᠠ ᠎ᠶᠢᠨ  ᠦᠵᠡᠯ  ᠰᠠᠨᠠᠭ᠎ᠠ ᠎ᠶᠢ  ᠰᠤᠷᠤᠯᠴᠠᠨ  ᠲᠤᠭᠤᠰᠢᠯᠠᠭᠤᠯᠬᠤ ᠎ᠶᠢ  ᠭᠤᠸᠠᠨᠭᠰᠢ ᠎ᠶᠢᠨ  ᠠᠵᠢᠯ ᠎ᠤᠨ  ᠲᠤᠬᠠᠢ  ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠲᠠᠢ ᠨᠢᠭ᠍ᠲᠠ ᠤᠶᠠᠯᠳᠤᠭᠤᠯᠵᠤ᠂ ᠡᠷᠡᠰ ᠭᠤᠢᠪᠢᠰᠢ ᠦᠭᠡᠢ᠎ᠪᠡᠷ ᠦᠵᠡᠯ ᠰᠠᠨᠠᠭ᠎ᠠ᠎ᠪᠠᠨ ᠴᠢᠯᠦᠭᠡᠯᠡᠨ᠂ ᠰᠢᠨ᠎ᠡ᠎ᠶᠢ ᠡᠭᠦᠳᠦᠨ ᠬᠤᠪᠢᠷᠠᠯᠲᠠ᠎ᠶᠢ ᠡᠷᠢᠯᠬᠢᠯᠡᠵᠦ᠂ ᠳᠠᠯᠠᠢ ᠲᠠᠩᠭᠢᠰ ᠲᠡᠢᠰᠢ ᠬᠦᠴᠦᠷᠬᠡᠭᠵᠢᠬᠦ᠎ᠪᠡᠷ ᠴᠢᠷᠮᠠᠢᠨ᠂ ᠨᠡᠭᠡᠭᠡᠯᠲᠡ ᠬᠢᠵᠤ ᠬᠥᠭᠵᠢᠭᠦᠯᠵᠦ᠂ ᠪᠣᠳᠠᠲᠠᠢ ᠠᠵᠢᠯᠯᠠᠬᠤ᠎ᠪᠠᠷ ᠭᠣᠣᠯᠳᠠᠯᠭ᠎ᠠ ᠪᠣᠯᠭᠠᠬᠤ᠂ ᠰᠢᠨ᠎ᠡ᠎ᠶᠢ ᠡᠭᠦᠳᠬᠦ᠎ᠪᠡᠷ ᠰᠦᠭ ᠰᠦᠨᠡᠰᠦ ᠪᠣᠯᠭᠠᠬᠤ᠎ᠶᠢ ᠪᠠᠷᠢᠮᠲᠠᠯᠠᠵᠤ᠂ ᠠᠵᠢᠯ᠎ᠤᠨ ᠪᠦᠲᠦᠮᠵᠢ᠎ᠪᠠᠷ᠎ᠢᠶᠠᠨ ᠠᠮᠵᠢᠯᠲᠠ ᠪᠡᠨ ᠲᠤᠳᠤᠷᠬᠠᠢᠯᠠᠵᠤ᠂ ᠠᠷᠠᠳ ᠲᠦᠮᠡᠨ᠎ᠢᠶᠡᠷ ᠦᠨᠡᠯᠡᠭᠦᠯᠤᠨ᠎ᠡ ᠭᠡᠵᠤ ᠢᠯᠡᠳᠭᠡᠪᠡ᠃

ᠲᠤᠭ᠎ᠢᠶᠠᠨ ᠮᠠᠨᠳᠤᠭᠤᠯᠤᠨ ᠡᠷᠡᠯᠬᠡᠭᠯᠡᠨ ᠤᠷᠤᠭᠰᠢᠯᠠᠵᠤ᠂ ᠰᠠᠭᠤᠷᠢ᠎ᠪᠠᠨ ᠪᠠᠲᠤᠳᠬᠠᠨ ᠦᠨᠳᠦᠰᠦ ᠪᠡᠨ ᠪᠡᠬᠢᠵᠢᠭᠦᠯᠦᠨ᠎ᠡ᠃ ᠴᠠᠭ ᠦᠶ᠎ᠡ᠎ᠶᠢᠨ ᠬᠥᠭᠵᠢᠯᠲᠡ᠎ᠶᠢᠨ ᠱᠠᠭᠠᠷᠳᠠᠯᠭ᠎ᠠ᠎ᠪᠠᠷ ᠥᠪᠡᠷ᠎ᠢ᠎ᠪᠡᠨ ᠬᠢᠨᠠᠵᠤ᠂ ᠴᠢᠩᠭ᠎ᠠ ᠰᠠᠨᠠᠭᠠᠰᠢᠷᠠᠬᠤ ᠤᠬᠠᠮᠰᠠᠷ᠎ᠢᠶᠠᠷ ᠥᠪᠡᠷ᠎ᠢ᠎ᠪᠡᠨ ᠰᠡᠷᠡᠮᠵᠢᠯᠡᠭᠦᠯᠵᠦ᠂ ᠵᠠᠭᠤᠨ ᠵᠢᠯ᠎ᠦᠨ ᠲᠣᠮᠣ᠌ ᠨᠠᠮ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠤᠷᠳᠤ ᠬᠤᠭᠤᠴᠠᠭ᠎ᠠ᠎ᠪᠠᠷ ᠪᠠᠷᠢᠮᠲᠠᠯᠠᠨ ᠠᠬᠢᠭᠤᠯᠵᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠬᠤ ᠬᠡᠷᠡᠭᠲᠡᠢ᠃

ᠬᠤᠷᠠᠯ᠎ᠳᠤ ᠰᠤᠯᠠ ᠣᠷᠣᠯᠴᠠᠭᠰᠠᠨ ᠲᠥᠯᠥᠭᠡᠯᠡᠭᠴᠢ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠡ ᠵᠢᠨ ᠳᠡᠳ᠋ ᠱᠦᠵᠢ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭᠴᠢ ᠢᠦᠢ ᠬᠣᠩ ᠴᠢᠦ᠂ ᠪᠥᠬᠥᠳᠡ ᠬᠤᠷᠠᠯ᠎ᠡᠴᠡ ᠪᠠᠲᠤᠯᠠᠭᠰᠠᠨ 《ᠲᠣᠭᠲᠠᠭᠠᠯ》 ᠨᠢ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠨ ᠨᠠᠮ᠎ᠤᠨ ᠪᠠᠢᠭᠤᠯᠤᠯᠲᠠ᠎ᠳᠤ ᠰᠢᠨ᠎ᠡ ᠪᠠᠢᠷᠢᠯᠠᠭᠤᠯᠤᠯᠲᠠ ᠬᠢᠵᠦ᠂ ᠰᠢᠨ᠎ᠡ ᠪᠠᠢᠯᠳᠤᠬᠤ ᠪᠣᠳᠣᠯᠭ᠎ᠠ ᠳᠤᠷᠠᠳᠤᠨ᠂ ᠰᠢᠨ᠎ᠡ ᠱᠠᠭᠠᠷᠳᠠᠯᠭ᠎ᠠ᠎ᠶᠢ ᠲᠣᠳᠣᠷᠬᠠᠢᠯᠠᠵᠤ᠂ ᠤᠯᠤᠰ᠎ᠢ ᠵᠠᠰᠠᠬᠤ᠎ᠳᠤ ᠡᠷᠬᠡᠪᠰᠢ ᠤᠷᠢᠳ ᠵᠢᠡᠷ ᠨᠠᠮ᠎ᠢ ᠵᠠᠰᠠᠬᠤ᠂ ᠨᠠᠮ᠎ᠢ ᠵᠠᠰᠠᠬᠤ᠎ᠳᠤ ᠡᠷᠬᠡᠪᠰᠢ ᠴᠢᠩᠭ᠎ᠠ ᠪᠠᠢᠬᠤ᠂ ᠨᠠᠮ ᠮᠠᠨᠳᠤᠪᠠᠯ ᠰᠠᠶᠢ ᠤᠯᠤᠰ ᠬᠦᠴᠦᠷᠬᠡᠭᠵᠢᠬᠦ ᠤᠯᠤᠰ ᠲᠦᠷᠦ᠎ᠶᠢᠨ ᠯᠣᠭᠢᠭ᠋᠂ ᠤᠨᠤᠯ᠎ᠤᠨ ᠯᠣᠭᠢᠭ᠋ ᠪᠠ ᠦᠢᠯᠡᠳᠦᠯᠭᠡ᠎ᠶᠢᠨ ᠯᠣᠭᠢᠭ᠋᠎ᠢ ᠭᠦᠨᠵᠡᠭᠡᠢ ᠲᠣᠳᠣᠷᠬᠠᠢᠯᠠᠨ ᠥᠭᠦᠯᠡᠵᠦ᠂ ᠮᠠᠨ᠎ᠤ ᠨᠠᠮ᠎ᠤᠨ ᠡᠷᠢᠨ ᠵᠠᠭᠤᠨ᠎ᠤ ᠠᠭᠤᠤ ᠦᠢᠯᠡᠰ᠎ᠢ ᠡᠭᠦᠳᠦᠨ ᠪᠦᠲᠦᠭᠡᠬᠦ ᠢᠲᠡᠭᠡᠯ ᠵᠣᠷᠢᠭ᠋ ᠣᠮᠣᠭ ᠲᠡᠭᠦᠯᠳᠡᠷ ᠪᠠᠢᠬᠤ᠎ᠶᠢ ᠭᠦᠢᠴᠡᠳ ᠬᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠯᠠᠪᠳᠠᠭᠤᠨ᠎ᠢᠶᠠᠷ ᠠᠯᠤᠰ᠎ᠢ ᠵᠣᠷᠢᠬᠤ ᠭᠡᠭᠡᠨ ᠰᠠᠷᠠᠭᠤᠯ ᠢᠷᠡᠭᠡᠳᠦᠢ᠎ᠶᠢ ᠲᠤᠳᠤ ᠬᠠᠷᠠᠭᠤᠯᠵᠠᠢ ᠭᠡᠵᠤ ᠢᠯᠡᠳᠭᠡᠪᠡ᠃

ᠢᠦᠢ ᠬᠣᠩ ᠴᠢᠦ᠄ 《ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠪᠣᠯ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ ᠴᠢᠬᠤᠯᠠ ᠬᠦᠴᠦᠨ ᠮᠥᠨ᠂ ᠨᠠᠮ᠎ᠤᠨ ᠲᠥᠯᠥᠭᠡ ᠪᠣᠶ ᠪᠣᠯᠵᠤ᠂ ᠨᠠᠮ᠎ᠤᠨ ᠲᠥᠯᠥᠭᠡ ᠪᠠᠢᠯᠳᠤᠨ᠎ᠠ᠂ ᠨᠠᠮ᠎ᠤᠨ ᠤᠭ ᠰᠠᠨᠠᠭ᠎ᠠ᠎ᠪᠠᠷ ᠤᠭ ᠰᠠᠨᠠᠭ᠎ᠠ ᠪᠣᠯᠭᠠᠵᠤ᠂ ᠨᠠᠮ᠎ᠤᠨ ᠡᠭᠦᠷᠭᠡ ᠬᠠᠷᠢᠭᠤᠴᠠᠯᠭ᠎ᠠ᠎ᠪᠠᠷ ᠠᠮᠢ ᠨᠠᠰᠤ ᠪᠣᠯᠭᠠᠵᠤ᠂〈ᠬᠣᠶᠠᠷ᠎ᠢ ᠲᠣᠭᠲᠠᠭᠠᠬᠰᠠᠨ〉᠎ᠢ᠋ ᠡᠷᠡᠰ ᠬᠦᠷᠢᠶᠡᠯᠡᠵᠦ᠂〈ᠬᠣᠶᠠᠷ᠎ᠢ ᠬᠠᠮᠠᠭᠠᠯᠠᠬᠤ〉᠎ᠶ᠋ᠢ ᠡᠷᠡᠰ ᠪᠡᠶᠡᠯᠡᠭᠦᠯᠵᠦ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠢᠳᠠᠪᠤᠷᠢᠵᠢᠭᠤᠯᠬᠤ ᠲᠠᠯ᠎ᠠ᠎ᠪᠠᠷ ᠥᠯᠢᠭᠡᠷ ᠳᠠᠭᠤᠷᠢᠶᠠᠯ ᠪᠣᠯᠵᠤ᠂ ᠤᠯᠤᠰ ᠲᠥᠷᠥ᠎ᠶᠢᠨ ᠬᠢᠨᠠᠯᠲᠠ᠎ᠶᠢ ᠦᠷᠭᠦᠯᠵᠢᠯᠡᠨ ᠴᠢᠩᠭᠠᠳᠬᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ᠂ ᠳᠤᠮᠳᠠᠳᠤ ᠤᠯᠤᠰ᠎ᠤᠨ ᠤᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ ᠵᠠᠮ᠎ᠢᠶᠠᠷ ᠡᠷᠡᠰ ᠰᠠᠢᠲᠤᠷ ᠵᠠᠮᠨᠠᠵᠤ᠂ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠬᠤ ᠴᠠᠭ ᠦᠶ᠎ᠡ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠬᠡᠷᠡᠭᠲᠡᠢ》 ᠭᠡᠵᠡᠢ᠃

ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ ᠪᠣᠯ ᠨᠠᠮ᠎ᠤᠨ ᠦᠨᠳᠦᠰᠦᠨ ᠴᠢᠨᠠᠷᠲᠠᠢ ᠪᠠᠢᠭᠤᠯᠤᠯᠲᠠ ᠮᠥᠨ᠂ ᠲᠡᠷᠡ ᠨᠢ ᠨᠠᠮ᠎ᠤᠨ ᠪᠠᠢᠭᠤᠯᠤᠯᠲᠠ᠎ᠶᠢᠨ ᠴᠢᠭᠯᠡᠯ ᠪᠠ ᠦᠷ᠎ᠡ ᠪᠦᠲᠦᠮᠵᠢ᠎ᠶᠢ ᠲᠣᠭᠲᠠᠭᠠᠵᠤ ᠪᠠᠢᠳᠠᠭ᠃

ᠲᠥᠪ ᠬᠤᠷᠢᠶ᠎ᠠ ᠵᠢᠨ ᠭᠡᠰᠢᠭᠦᠨ᠂ ᠵᠢᠶᠠᠩᠰᠢ ᠮᠤᠵᠢ᠎ᠶᠢᠨ ᠨᠠᠮ᠎ᠤᠨ ᠬᠤᠷᠢᠶ᠎ᠠ ᠵᠢᠨ ᠱᠦᠵᠢ ᠶᠢᠨ ᠬᠣᠩ᠂《ᠲᠣᠭᠲᠠᠭᠠᠯ》 ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠸᠮ᠎ᠢ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠵᠤ ᠨᠠᠮ᠎ᠤᠨ ᠡᠯ᠎ᠡ ᠲᠠᠯ᠎ᠠ᠎ᠶᠢᠨ ᠪᠠᠢᠭᠤᠯᠤᠯᠲᠠ᠎ᠶᠢ ᠴᠢᠩᠭᠠᠳᠬᠠᠬᠤ᠎ᠳᠤ ᠠᠯᠢ ᠤᠯᠠᠨ ᠰᠢᠨ᠎ᠡ ᠪᠠᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠳᠤᠷᠠᠳᠴᠤ᠂《ᠡᠪ ᠬᠠᠮᠲᠤᠴᠤᠳ᠎ᠤᠨ ᠨᠠᠮᠴᠢ ᠴᠢᠨᠠᠷ᠎ᠢ ᠴᠢᠩᠭᠠᠳᠬᠠᠬᠤ》᠂《ᠠᠷᠠᠳᠴᠢᠯᠠᠯ ᠲᠥᠪᠯᠡᠷᠡᠯ᠎ᠦᠨ ᠶᠣᠰᠣ᠌ ᠶ᠋ᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ》ᠵᠡᠷᠬᠡ ᠵᠢ ᠴᠢᠨᠭᠭᠠᠳᠬᠠᠬᠤ ᠬᠡᠷᠡᠭᠳᠡᠢ ᠭᠡᠵᠦ ᠢᠯᠡᠳᠬᠡᠪᠡ᠃

《ᠵᠢᠶᠠᠩᠰᠢ ᠮᠤᠵᠢ᠎ᠶᠢᠨ ᠬᠢᠨ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠬᠤᠪᠢᠰᠬᠠᠯ᠎ᠤᠨ ᠰᠣᠶᠣᠯ᠎ᠤᠨ ᠬᠥᠮᠦᠵᠢᠯ᠎ᠢ ᠨᠠᠮ᠎ᠳᠠᠭᠠᠨ ᠦᠨᠡᠨᠴᠢ ᠪᠠᠢᠬᠤ ᠬᠥᠮᠦᠵᠢᠯ᠂ ᠨᠠᠮᠴᠢ ᠴᠢᠨᠠᠷ᠎ᠤᠨ ᠬᠥᠮᠦᠵᠢᠯ᠎ᠲᠠᠢ ᠨᠢᠭ᠍ᠲᠠ ᠠᠭᠤᠰᠤᠯᠴᠠᠭᠤᠯᠵᠤ᠂ ᠨᠠᠮ᠎ᠤᠨ ᠰᠢᠨ᠎ᠡ᠎ᠶᠢ ᠡᠭᠦᠳᠬᠦ ᠤᠨᠤᠯ᠎ᠢᠶᠠᠷ ᠵᠡᠪᠰᠡᠭᠯᠡᠬᠦ᠎ᠶᠢ ᠦᠷᠭᠦᠯᠵᠢᠯᠡᠨ ᠴᠢᠩᠭᠠᠳᠬᠠᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠲᠥᠪ ᠴᠢᠩᠭ᠎ᠠ ᠪᠣᠯᠭᠠᠵᠤ᠂ ᠨᠠᠮ᠎ᠤᠨ ᠭᠡᠰᠢᠭᠦᠨ ᠺᠠᠳ᠋ᠷ᠎ᠤᠨ ᠨᠠᠮᠴᠢ ᠴᠢᠨᠠᠷ᠎ᠤᠨ ᠪᠣᠯᠪᠠᠰᠤᠷᠠᠯ᠎ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ᠎ᠤ ᠨᠠᠮ᠎ᠳᠠᠭᠠᠨ ᠦᠨᠡᠨᠴᠢ ᠰᠢᠳᠤᠷᠭᠤ ᠪᠠᠢᠬᠤ ᠬᠤᠪᠢᠰᠬᠠᠯᠲᠤ ᠤᠳᠤᠮᠰᠢᠯ᠎ᠢ ᠦᠶ᠎ᠡ᠎ᠶᠢᠨ ᠦᠶ᠎ᠡ᠎ᠳᠤ ᠤᠯᠠᠮᠵᠢᠯᠠᠨ᠎ᠠ᠃ ᠪᠠᠰᠠ ᠺᠠᠳ᠋ᠷ᠎ᠤᠨ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠎ᠶᠢ ᠦᠷᠭᠦᠯᠵᠢᠯᠡᠨ ᠠᠬᠢᠭᠤᠯᠵᠤ᠂ ᠤᠳᠤᠷᠢᠳᠬᠤ ᠺᠠᠳ᠋ᠷ᠎ᠤᠨ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠴᠢᠳᠠᠪᠤᠷᠢ᠎ᠶᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠬᠦᠴᠦᠯᠡᠨ ᠴᠣᠭᠴᠠᠯᠠᠨ᠎ᠠ》 ᠭᠡᠵᠦ ᠶᠢᠨ ᠬᠣᠩ ᠬᠡᠯᠡᠪᠡ᠃

ᠤᠯᠤᠰ ᠲᠦᠷᠦ᠎ᠪᠡᠷ ᠴᠡᠷᠢᠭ᠎ᠢ ᠪᠠᠶ᠋ᠢᠭᠤᠯᠬᠤ ᠪᠣᠯ ᠠᠷᠠᠳ᠎ᠤᠨ ᠴᠡᠷᠢᠭ ᠠᠩᠭᠢ᠎ᠶᠢᠨ ᠴᠡᠷᠢᠭ ᠪᠠᠶ᠋ᠢᠭᠤᠯᠬᠤ᠎ᠶᠢᠨ ᠦᠨᠳᠦᠰᠦ ᠮᠥᠨ᠂ ᠲᠡᠷᠡ ᠨᠢ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠣᠳᠣᠬᠢᠴᠢᠯᠠᠬᠰᠠᠨ ᠪᠦᠲᠦᠭᠡᠨ ᠪᠠᠢᠭᠤᠯᠤᠯᠲᠠ᠎ᠶᠢᠨ ᠴᠢᠭᠯᠡᠯ ᠪᠠ ᠲᠡᠪᠢᠰᠭᠡᠷ ᠥᠩᠭᠡ᠎ᠲᠠᠢ ᠬᠣᠯᠪᠣᠭᠳᠠᠵᠤ ᠪᠠᠢᠳᠠᠭ᠃

《ᠰᠢᠨ᠎ᠡ ᠴᠠᠭ ᠦᠶ᠎ᠡ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠪᠣᠯᠣᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠯᠤᠲᠤ ᠶᠡᠬᠡ ᠤᠯᠤᠰ ᠲᠦᠷᠦ᠎ᠶᠢᠨ ᠰᠥᠰᠥ ᠵᠣᠷᠢᠭ᠋ ᠪᠣᠯᠣᠨ ᠪᠠᠲᠤ ᠴᠢᠩᠭ᠎ᠠ ᠲᠡᠦᠬᠡ᠎ᠶᠢᠨ ᠡᠭᠦᠷᠭᠡᠯᠡᠯ᠎ᠢᠶᠡᠷ᠂ ᠬᠢᠲᠤᠭᠠᠨ ᠢᠷ᠎ᠢ ᠳᠣᠲᠣᠭ᠍ᠰᠢ ᠬᠠᠨᠳᠤᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠪᠦᠬᠦ ᠲᠠᠯ᠎ᠠ᠎ᠪᠠᠷ ᠴᠡᠷᠢᠭ᠎ᠢ ᠴᠢᠩᠭ᠎ᠠ ᠵᠠᠰᠠᠵᠤ᠂ ᠠᠷᠠᠳ᠎ᠤᠨ ᠴᠡᠷᠢᠭ ᠠᠩᠭᠢ ᠴᠡᠭᠴᠡᠯᠡᠨ ᠰᠤᠷᠭᠠᠭᠤᠯᠢᠯᠠᠬᠤ ᠪᠣᠯᠪᠠᠰᠤᠷᠠᠯ ᠳᠤᠮᠳᠠ ᠲᠠᠬᠢᠨ ᠠᠮᠢᠯᠠᠵᠤ᠂ ᠴᠡᠷᠢᠭ᠎ᠢ ᠬᠦᠴᠦᠷᠬᠡᠭᠵᠢᠭᠦᠯᠵᠦ ᠴᠡᠷᠢᠭ᠎ᠢ ᠮᠠᠨᠳᠤᠭᠤᠯᠬᠤ ᠲᠡᠦᠬᠡ᠎ᠶᠢᠨ ᠰᠠᠨᠠᠭᠠᠴᠢᠯᠠᠭᠠᠲᠤ ᠪᠠᠢᠳᠠᠯ᠎ᠢ ᠣᠯᠪᠠ᠃ ᠪᠦᠬᠦᠳᠡ ᠬᠤᠷᠠᠯ᠎ᠡᠴᠡ ᠪᠠᠲᠤᠯᠠᠭᠰᠠᠨ 〈ᠲᠣᠭᠲᠠᠭᠠᠯ〉 ᠨᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠲᠡᠷᠢᠭᠦᠨ᠎ᠦ ᠴᠢᠨᠠᠷ ᠪᠣᠯᠣᠨ ᠴᠡᠪᠡᠷ ᠴᠢᠨᠠᠷ᠎ᠢ ᠪᠠᠲᠤᠯᠠᠬᠤ᠂ ᠥᠪᠡᠷ ᠪᠡᠶ᠎ᠡ ᠵᠢᠨ ᠬᠤᠪᠢᠰᠬᠠᠯ᠎ᠢ ᠡᠴᠦᠰ ᠲᠦ᠍ᠨᠢ ᠲᠤᠯᠲᠠᠯ᠎ᠠ ᠬᠢᠬᠦ ᠡᠷᠡᠰ ᠪᠠᠲᠤ ᠢᠲᠡᠭᠡᠯ ᠵᠣᠷᠢᠭ᠋᠎ᠢ ᠢᠯᠡᠷᠡᠭᠦᠯᠵᠦ᠂ ᠨᠠᠮ᠎ᠤᠨ ᠰᠡᠳᠬᠢᠯ ᠴᠡᠷᠢᠭ᠎ᠦᠨ ᠰᠡᠳᠬᠢᠯ ᠠᠷᠠᠳ᠎ᠤᠨ ᠰᠡᠳᠬᠢᠯ᠎ᠢ ᠨᠢᠭ᠍ᠲᠠᠷᠠᠭᠤᠯᠪᠠ》 ᠭᠡᠵᠦ ᠬᠤᠷᠠᠯ᠎ᠳᠤ ᠰᠤᠯᠠ ᠣᠷᠣᠯᠴᠠᠭᠰᠠᠨ ᠲᠥᠯᠥᠭᠡᠯᠡᠭᠴᠢ᠂ ᠠᠭᠠᠷ᠎ᠤᠨ ᠴᠡᠷᠢᠭ᠎ᠦᠨ ᠺᠤᠮᠠᠨᠳᠠᠯᠠᠭ᠍ᠴᠢ ᠸᠠᠩ ᠭᠠᠩ ᠬᠡᠯᠡᠪᠡ᠃

 ᠸᠠᠩ ᠭᠠᠩ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠳᠤ᠂ ᠨᠠᠮ᠎ᠤᠨ ᠲᠥᠪ ᠬᠤᠷᠢᠶ᠎ᠠ ᠵᠢᠨ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠡᠷᠡᠰ ᠭᠤᠢᠪᠢᠰᠢ ᠦᠭᠡᠢ᠂ ᠴᠥᠬᠥᠷᠡᠰᠢ ᠦᠭᠡᠢ ᠠᠬᠢᠭᠤᠯᠵᠤ᠂ ᠤᠯᠤᠰ ᠲᠦᠷᠦ᠎ᠪᠡᠷ ᠴᠡᠷᠢᠭ᠎ᠢ ᠪᠠᠶ᠋ᠢᠭᠤᠯᠬᠤ᠎ᠶᠢ ᠪᠠᠷᠢᠮᠲᠠᠯᠠᠵᠤ᠂ ᠤᠯᠤᠰ ᠲᠦᠷᠦ᠎ᠶᠢᠨ ᠴᠡᠭᠴᠡᠯᠡᠨ ᠪᠣᠯᠪᠠᠰᠤᠷᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠴᠡᠷᠢᠭ ᠪᠣᠯᠪᠠᠰᠤᠷᠠᠭᠤᠯᠵᠤ ᠲᠠᠢ᠍ᠢᠨ᠎ᠳᠦ ᠪᠡᠯᠡᠳᠬᠡᠬᠦ᠎ᠶᠢ ᠴᠢᠩᠭᠠᠳᠬᠠᠵᠤ᠂ ᠲᠠᠢ᠍ᠢᠴᠢᠨ ᠵᠣᠷᠢᠭ᠋ ᠰᠠᠨᠠᠭ᠎ᠠ᠎ᠶᠢ ᠴᠢᠩᠭᠠᠳᠬᠠᠵᠤ᠂ ᠤᠳᠤ ᠦᠶ᠎ᠡ᠎ᠶᠢᠨ ᠲᠠᠢ᠍ᠢᠨ᠎ᠳᠦ ᠢᠯᠠᠯᠲᠠ ᠣᠯᠬᠤ ᠴᠢᠳᠠᠪᠤᠷᠢ᠎ᠪᠠᠨ ᠬᠦᠴᠦᠲᠡᠢ ᠳᠡᠭᠡᠭᠰᠢᠯᠡᠭᠦᠯᠵᠦ᠂ ᠨᠠᠮ ᠪᠣᠯᠣᠨ ᠠᠷᠠᠳ ᠲᠦᠮᠡᠨ᠎ᠡᠴᠡ ᠳᠠᠭᠠᠭᠠᠯᠭᠠᠭᠰᠠᠨ ᠡᠯ᠎ᠡ ᠵᠦᠢᠯ᠎ᠦᠨ ᠡᠭᠦᠷᠭᠡ᠎ᠶᠢ ᠡᠷᠡᠰ ᠪᠡᠶᠡᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳᠦ ᠪᠠᠢᠯᠳᠤᠬᠤ ᠪᠣᠳᠣᠯᠭ᠎ᠠ᠎ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠢᠯᠡᠳᠬᠡᠪᠡ᠃

ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠣᠯ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢᠨ ᠭᠤᠤᠯ ᠴᠣᠭᠴᠠ ᠮᠥᠨ᠃ ᠮᠠᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠡᠪᠳᠡᠷᠡᠰᠢ ᠦᠭᠡᠢ ᠪᠠᠲᠤ᠌ ᠪᠡᠬᠢ ᠪᠠᠶ᠋ᠢᠵᠤ᠂ ᠮᠠᠨ᠎ᠤ ᠨᠠᠮ᠎ᠤᠨ ᠭᠡᠰᠢᠭᠦᠨ᠎ᠦ ᠡᠩᠨᠡᠭᠡ ᠡᠪᠳᠡᠷᠡᠰᠢ ᠦᠭᠡᠢ ᠪᠠᠲᠤ᠌ ᠪᠡᠬᠢ ᠪᠠᠶ᠋ᠢᠪᠠᠯ᠂ ᠨᠠᠮ᠎ᠤᠨ ᠲᠦᠷᠦ᠍ ᠪᠠᠷᠢᠬᠤ ᠪᠠᠶ᠋ᠢᠷᠢ ᠰᠠᠭᠤᠷᠢ ᠳᠠᠷᠤᠢ ᠬᠠᠳᠠ ᠴᠢᠯᠠᠭᠤ ᠮᠡᠲᠦ᠍ ᠪᠠᠲᠤ᠌ ᠪᠡᠬᠢ ᠪᠠᠶ᠋ᠢᠵᠤ᠂ ᠨᠠᠮ ᠪᠠ ᠠᠷᠠᠳ ᠲᠦᠮᠡᠨ᠎ᠦ ᠦᠢᠯᠡᠰ ᠳᠠᠷᠤᠢ ᠬᠠᠨᠳᠤᠭᠰᠠᠨ ᠵᠦᠭ᠎ᠲᠦ᠍ ᠢᠯᠠᠭᠳᠠᠰᠢ ᠦᠭᠡᠢ ᠪᠠᠶ᠋ᠢᠵᠤ ᠴᠢᠳᠠᠨ᠎ᠠ᠃

ᠲᠥᠪ ᠬᠤᠷᠢᠶ᠎ᠠ ᠵᠢᠨ ᠭᠡᠰᠢᠭᠦᠨ᠂ ᠲᠥᠪ᠎ᠦᠨ ᠨᠡᠶ᠋ᠢᠭᠡᠮ᠎ᠦᠨ ᠠᠵᠢᠯ᠎ᠤᠨ ᠬᠡᠯᠲᠡᠰ᠎ᠦᠨ ᠳᠠᠷᠤᠭ᠎ᠠ ᠦ᠋ ᠬᠠᠨ ᠱᠧᠩ᠄《〈ᠲᠣᠭᠲᠠᠭᠠᠯ〉᠎ᠳ᠋ᠦ᠍ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠶ᠋ᠢᠭᠤᠯᠤᠯᠲᠠ᠂ ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠪᠠ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠶ᠋ᠢᠭᠤᠯᠤᠯᠲᠠ᠎ᠶᠢ ᠬᠦᠲᠦᠯᠦᠨ ᠳᠠᠭᠠᠭᠤᠯᠬᠤ᠂ ᠤᠯᠠᠨ ᠲᠦᠮᠡᠨ᠎ᠢ ᠨᠢᠭᠲᠠᠷᠠᠭᠤᠯᠤᠨ ᠤᠯᠠᠨ ᠲᠦᠮᠡᠨ᠎ᠳᠦ ᠦᠢᠯᠡᠴᠢᠯᠡᠬᠦ᠌ ᠠᠵᠢᠯ᠎ᠳᠤ ᠴᠥᠮ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠢᠳᠡ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠢ ᠮᠡᠳᠡᠷᠡᠵᠦ᠍ ᠪᠠᠶ᠋ᠢᠨ᠎ᠠ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠠᠳᠬᠤᠨ᠎ᠠ》 ᠭᠡᠵᠦ ᠬᠡᠯᠡᠪᠡ᠃

ᠡᠦ ᠬᠠᠨ ᠱᠧᠩ᠄《〈ᠲᠣᠭᠲᠠᠭᠠᠯ〉 ᠳ᠋ᠤ᠂ 〈ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠶ᠋ᠢᠭᠤᠯᠤᠯᠲᠠ᠎ᠶᠢ ᠲᠤᠪᠤᠢ᠌ᠮ᠎ᠠ ᠰᠠᠶ᠋ᠢᠲᠤᠷ ᠠᠳᠬᠤᠬᠤ ᠬᠡᠷᠡᠭᠲᠡᠢ〉 ᠭᠡᠵᠦ᠍ ᠴᠢᠬᠤᠯᠠᠴᠢᠯᠠᠪᠠ᠃ ᠡᠨᠡ ᠬᠦ᠌ ᠪᠠᠶ᠋ᠢᠷᠢᠯᠠᠭᠤᠯᠤᠯᠲᠠ ᠨᠢ ᠢᠯᠡ ᠲᠣᠳᠣ ᠴᠠᠭ ᠦᠶᠡᠴᠢ ᠴᠢᠨᠠᠷ ᠪᠠ ᠪᠣᠳᠠᠲᠤ᠌ ᠬᠠᠨᠳᠤᠯᠭᠠᠲᠤ᠌ ᠴᠢᠨᠠᠷ᠎ᠲᠠᠶ ᠶᠤᠮ᠃ ᠪᠢᠳᠡ ᠪᠥᠬᠥᠳᠡ ᠬᠤᠷᠠᠯ᠎ᠤᠨ ᠪᠠᠶ᠋ᠢᠷᠢᠯᠠᠭᠤᠯᠤᠯᠲᠠ᠎ᠶᠢᠨ ᠱᠠᠭᠠᠷᠳᠠᠯᠭ᠎ᠠ ᠶᠣᠰᠣᠭᠠᠷ᠂ ᠡᠷᠬᠡ ᠲᠤᠰᠢᠶᠠᠯ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠶ᠋ᠢᠭᠤᠯᠤᠯᠲᠠ᠎ᠶᠢᠨ ᠬᠠᠮᠢᠶᠠᠷᠤᠯᠲᠠ᠎ᠶᠢᠨ ᠪᠠᠶ᠋ᠢᠭᠤᠯᠤᠯ ᠪᠠ ᠬᠠᠷᠢᠭᠤᠴᠠᠯᠭ᠎ᠠ᠎ᠶᠢᠨ ᠰᠢᠰᠲ᠋ᠧᠮ᠎ᠢ ᠲᠥᠷᠥᠯ ᠬᠤᠪᠢᠶᠠᠨ ᠲᠡᠭᠦᠯᠳᠡᠷᠵᠢᠭᠦᠯᠵᠦ᠍᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠪᠦᠷᠬᠦᠴᠡ ᠪᠠ ᠠᠵᠢᠯ᠎ᠤᠨ ᠪᠦᠷᠬᠦᠴᠡ᠎ᠶᠢ ᠭᠦᠨᠵᠡᠭᠡᠶ᠋ᠢᠷᠡᠭᠦᠯᠦᠨ ᠥᠷᠭᠡᠳᠬᠡᠵᠦ᠍᠂ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠪᠡᠬᠢᠵᠢᠭᠦᠯᠦᠨ ᠳᠡᠭᠡᠭᠰᠢᠯᠡᠭᠦᠯᠵᠦ᠍᠂ ᠬᠣᠯᠢᠮᠠᠭ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠲᠥᠷᠥᠯ ᠬᠤᠪᠢᠶᠠᠨ ᠠᠬᠢᠭᠤᠯᠵᠤ᠂ ᠰᠢᠨ᠎ᠡ ᠨᠡᠶ᠋ᠢᠭᠡᠮ᠎ᠦᠨ ᠵᠣᠬᠢᠶᠠᠨ ᠪᠠᠶ᠋ᠢᠭᠤᠯᠤᠯᠲᠠ᠎ᠶᠢᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠲᠥᠷᠥᠯ ᠬᠤᠪᠢᠶᠠᠨ ᠵᠢᠯᠣᠭᠣᠳᠴᠤ᠌᠂ ᠰᠢᠨ᠎ᠡ᠎ᠪᠡᠷ ᠠᠵᠢᠯ ᠣᠯᠤᠭᠰᠠᠨ ᠬᠦᠮᠦᠰ᠎ᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ ᠪᠠ ᠦᠢᠯᠡᠴᠢᠯᠡᠭᠡ ᠬᠠᠮᠢᠶᠠᠷᠤᠯᠲᠠ᠎ᠶᠢ ᠴᠢᠩᠭᠠᠳᠬᠠᠵᠤ᠂ ᠨᠠᠮ᠎ᠤᠨ ᠰᠢᠨ᠎ᠡ᠎ᠪᠡᠷ ᠬᠥᠭᠵᠢᠭᠰᠡᠨ ᠬᠦᠷᠢᠶᠡᠨ᠎ᠳᠡᠬᠢ ᠤᠷᠢᠶᠠᠯᠠᠬᠤ ᠬᠦᠴᠦᠨ ᠨᠢᠭᠲᠠᠷᠠᠯ᠎ᠤᠨ ᠬᠦᠴᠦᠨ ᠨᠥᠯᠥᠭᠡᠯᠡᠬᠦ᠌ ᠬᠦᠴᠦᠨ᠎ᠢ ᠲᠠᠰᠤᠷᠠᠯᠲᠠ ᠥᠬᠡᠶ ᠴᠢᠩᠭᠠᠷᠠᠭᠤᠯᠤᠨ᠎ᠠ》 ᠭᠡᠵᠦ ᠢᠯᠡᠳᠭᠡᠪᠡ᠃

《ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠨᠳᠦᠰᠦᠨ ᠱᠠᠲᠤᠨ᠎ᠳᠤ ᠬᠦᠷᠲᠡᠯ᠎ᠡ ᠤᠷᠲᠤᠳᠬᠠᠬᠤ ᠨᠢ ᠳᠠᠷᠤᠢ ᠪᠠᠭ᠎ᠠ ᠵᠢᠵᠢᠭ ᠡᠷᠬᠡ᠎ᠶᠢ ᠬᠠᠮᠢᠶᠠᠷᠴᠤ᠌᠂ ᠲᠥᠪ ᠭᠣᠣᠯᠴᠢ᠎ᠪᠠᠷ ᠠᠵᠢᠯᠯᠠᠵᠤ᠂ ᠤᠯᠠᠨ ᠲᠦᠮᠡᠨ᠎ᠦ ᠳᠡᠷᠭᠡᠳᠡᠬᠢ ᠪᠢᠴᠢᠯ ᠢᠯᠵᠢᠷᠡᠯ᠎ᠢ ᠴᠡᠭᠴᠡᠯᠡᠨ ᠵᠠᠰᠠᠵᠤ᠂ ᠲᠥᠪ ᠴᠢᠬᠡᠴᠢ ᠰᠤᠷᠲᠠᠯ᠎ᠢᠶᠠᠷ ᠤᠯᠠᠨ ᠲᠦᠮᠡᠨ᠎ᠦ ᠢᠲᠡᠭᠡᠯ᠎ᠢ ᠣᠯᠵᠤ᠂ ᠨᠠᠮ᠎ᠤᠨ ᠲᠦᠷᠦ᠍ ᠪᠠᠷᠢᠬᠤ ᠰᠠᠭᠤᠷᠢ᠎ᠶᠢ ᠪᠡᠬᠢᠵᠢᠭᠦᠯᠬᠦ᠌ ᠶᠠᠪᠤᠳᠠᠯ ᠪᠣᠯᠤᠨ᠎ᠠ》᠃ ᠬᠤᠷᠠᠯ᠎ᠳᠤ ᠰᠤᠯᠠ ᠣᠷᠣᠯᠴᠠᠭᠰᠠᠨ ᠲᠥᠯᠥᠭᠡᠯᠡᠭᠴᠢ᠂ ᠵᠢᠶᠠᠩᠰᠦ ᠮᠤᠵᠢ᠎ᠶᠢᠨ ᠯᠢᠶᠠᠨ ᠶᠦᠨ ᠭᠠᠩ ᠬᠤᠳᠠ᠎ᠶᠢᠨ ᠭᠠᠨ ᠢᠦᠢ ᠲᠣᠭᠣᠷᠢᠭ᠎ᠤᠨ ᠵᠧ ᠸᠠᠩ ᠪᠠᠯᠭᠠᠰᠤ᠎ᠶᠢᠨ ᠰᠢ ᠵᠢᠢ ᠳ᠋ᠠᠩ ᠲᠣᠰᠬᠣᠨ᠎ᠤ ᠨᠠᠮ᠎ᠤᠨ ᠬᠤᠷᠢᠶ᠎ᠠ ᠵᠢᠨ ᠱᠦᠵᠢ ᠵᠦᠩ ᠪᠠᠢ ᠵᠢᠶᠦᠢ᠍ᠨ᠂ 《ᠪᠤᠵᠠᠷ ᠡᠪᠡᠰᠦ᠎ᠨᠢ ᠨᠢᠭᠡ ᠤᠳᠠᠭ᠎ᠠ ᠦᠭᠲᠡᠭᠡᠴᠢᠬᠡᠪᠡᠯ ᠡᠭᠦᠷᠢᠳᠡ ᠤᠷᠭᠤᠬᠤ ᠦᠭᠡᠢ ᠭᠡᠬᠦ ᠶᠠᠪᠤᠳᠠᠯ ᠪᠢᠰᠢ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠨᠢ ᠮᠥᠨ ᠴᠦ᠍ ᠡᠨᠡ ᠬᠦ᠌ ᠶᠣᠰᠣ ᠤᠴᠢᠷ ᠪᠣᠯᠤᠨ᠎ᠠ᠂ ᠡᠶ᠋ᠢᠮᠦ᠎ᠡᠴᠡ ᠨᠠᠮ᠎ᠤᠨ ᠲᠥᠪ ᠬᠣᠷᠢᠢ᠎ᠠ ᠴᠥᠬᠥᠷᠡᠰᠢ ᠦᠭᠡᠢ ᠪᠠᠷᠢᠮᠲᠠᠯᠠᠬᠤ᠎ᠶᠢ ᠴᠢᠬᠤᠯᠠᠴᠢᠯᠠᠪᠠ᠃ ᠲᠣᠰᠬᠣᠨ᠎ᠤ ᠱᠦᠵᠢ ᠪᠣᠯᠤᠭᠰᠠᠨ᠎ᠤ ᠬᠤᠪᠢ᠎ᠳᠤ᠂ ᠤᠯᠠᠮ ᠬᠥᠭᠵᠢᠬᠦ᠌ ᠲᠤᠲᠤᠮ᠂ ᠤᠴᠢᠷ ᠶᠠᠪᠤᠳᠠᠯ ᠤᠯᠠᠮ ᠣᠯᠠᠰᠢᠷᠠᠬᠤ ᠲᠤᠲᠤᠮ ᠤᠯᠠᠮ ᠶᠣᠰᠣ ᠲᠦᠷᠢᠮ᠎ᠢ ᠰᠠᠬᠢᠬᠤ ᠬᠡᠷᠡᠭᠲᠡᠶ》 ᠭᠡᠵᠡᠢ᠃

ᠵᠦᠩ ᠪᠠᠢ ᠵᠢᠶᠦᠢ᠍ᠨ᠄《ᠬᠥᠳᠡᠭᠡ ᠲᠣᠰᠬᠣᠨ᠎ᠢ ᠪᠦᠬᠦ᠌ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠳᠤ ᠪᠠᠲᠤ᠌ ᠴᠢᠩᠭ᠎ᠠ ᠬᠦᠴᠦᠨ᠎ᠲᠡᠶ ᠨᠠᠮ᠎ᠤᠨ ᠵᠣᠬᠢᠶᠠᠨ ᠪᠠᠶ᠋ᠢᠭᠤᠯᠤᠯᠲᠠ᠎ᠡᠴᠡ ᠰᠠᠯᠵᠤ ᠴᠢᠳᠠᠬᠤ ᠦᠭᠡᠢ᠃ ᠪᠢ ᠰᠠᠢᠨ 〈ᠤᠬᠠᠭᠤᠯᠤᠭᠴᠢ〉 ᠪᠣᠯᠵᠣ᠂ ᠪᠥᠬᠥᠳᠡ ᠬᠤᠷᠠᠯ᠎ᠤᠨ ᠲᠠᠭᠤᠨ᠎ᠢ ᠲᠣᠰᠬᠣᠨ᠎ᠳᠤ ᠠᠪᠴᠢᠷᠠᠵᠤ᠂〈ᠳᠠᠭᠠᠭᠤᠯᠤᠭᠴᠢ〉 ᠪᠣᠯᠵᠣ᠂ ᠨᠠᠮ᠎ᠤᠨ ᠡᠭᠦᠷ᠎ᠦᠨ ᠪᠠᠶ᠋ᠢᠭᠤᠯᠤᠯᠲᠠ᠎ᠶᠢ ᠰᠠᠶ᠋ᠢᠲᠤᠷ ᠠᠳᠬᠤᠵᠤ᠂ ᠣᠯᠠᠨ ᠲᠦᠮᠡᠨ᠎ᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠵᠦ᠍᠂ ᠬᠥᠷᠰᠢ ᠵᠡᠷᠭᠡᠯᠡᠳᠡᠭᠡ᠎ᠶᠢᠨ ᠵᠥᠷᠢᠴᠡᠯ᠎ᠢ ᠨᠠᠮᠳᠠᠭᠤᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ᠌ ᠶᠠᠪᠤᠳᠠᠯ᠎ᠢ ᠰᠠᠶ᠋ᠢᠲᠤᠷ ᠬᠢᠵᠦ᠍᠂ ᠨᠠᠮ᠎ᠤᠨ ᠪᠠᠶ᠋ᠢᠭᠤᠯᠤᠯᠲᠠ᠎ᠶᠢ ᠴᠢᠩᠭ᠎ᠠ ᠠᠳᠬᠤᠵᠤ᠂ ᠶᠣᠰᠣ ᠲᠦᠷᠢᠮ᠎ᠢ ᠴᠢᠩᠭ᠎ᠠ ᠰᠠᠬᠢᠵᠤ᠂ ᠠᠵᠢᠯ ᠬᠢᠬᠦ᠌᠎ᠳᠡᠭᠡᠨ ᠯᠠᠪᠳᠠᠭᠤᠨ ᠪᠠᠲᠤᠲᠠᠶ ᠪᠠᠶ᠋ᠢᠵᠤ᠂ ᠴᠢᠨᠠᠷ ᠰᠠᠶ᠋ᠢᠲᠠᠶ ᠨᠠᠮ᠎ᠤᠨ ᠪᠠᠶ᠋ᠢᠭᠤᠯᠤᠯᠲᠠ᠎ᠪᠠᠷ ᠬᠥᠳᠡᠭᠡ ᠲᠣᠰᠬᠣᠨ᠎ᠤ ᠴᠢᠨᠠᠷ ᠰᠠᠶ᠋ᠢᠲᠠᠶ ᠬᠥᠭᠵᠢᠯᠲᠡ᠎ᠶᠢ ᠬᠥᠲᠥᠯᠥᠨ ᠲᠠᠭᠠᠭᠤᠯᠤᠨ᠎ᠠ》 ᠭᠡᠪᠡ᠃

 (ᠰᠢᠨᠬᠤᠸᠠ ᠬᠤᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 29᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面