2026-11-07 16:42:53
11 ᠰᠠᠷ᠎ᠠ᠎ᠶᠢᠨ 6 ᠤ᠋ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠡᠷ ᠳᠤᠮᠳᠠᠳᠤ ᠤᠯᠤᠰ᠎ᠲᠤ ᠢᠷᠡᠭᠰᠡᠨ ᠠᠦ᠋ᠰᠲᠷᠢᠶ᠎ᠠ᠎ᠶᠢᠨ ᠶᠡᠷᠦᠩᠬᠡᠢ ᠰᠠᠢᠳ ᠱ᠌ᠲ᠋ᠤᠺᠸᠷ ᠲᠠᠢ ᠠᠭᠤᠯᠵᠠᠪᠠ᠃
ᠰᠢ ᠵᠢᠨ ᠫᠢᠩ᠂ ᠡᠨᠡ ᠵᠢᠯ ᠪᠣᠯ ᠳᠤᠮᠳᠠᠳᠤ ᠠᠦ᠋ᠰᠲᠷᠢᠶ᠎ᠠ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 55 ᠵᠢᠯ᠎ᠦᠨ ᠤᠢ ᠪᠣᠯᠣᠨ᠎ᠠ᠃ ᠬᠠᠷᠢᠯᠴᠠᠭ᠎ᠠ ᠪᠠᠢᠭᠤᠯᠤᠭᠰᠠᠨ᠎ᠡᠴᠡ ᠨᠠᠭᠠᠰᠢ᠂ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠬᠦᠨᠳᠦᠳᠬᠡᠬᠦ᠂ ᠨᠡᠭᠡᠭᠡᠯᠲᠡᠲᠡᠢ ᠪᠠᠭᠲᠠᠭᠠᠮᠵᠢᠲᠠᠢ ᠪᠠᠢᠬᠤ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ ᠵᠣᠷᠢᠭ᠋ ᠰᠠᠨᠠᠭ᠎ᠠ᠎ᠶᠢ ᠪᠠᠷᠢᠮᠲᠠᠯᠠᠵᠤ᠂ ᠤᠯᠤᠰ ᠲᠦᠷᠦ ᠶᠢᠨ ᠢᠲᠡᠭᠡᠯᠴᠡᠭᠡ ᠲᠠᠰᠤᠷᠠᠯᠳᠠ ᠦᠭᠡᠢ ᠪᠡᠬᠢᠵᠢᠵᠦ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠪᠤᠶᠡᠨ ᠵᠢᠷᠭᠠᠯ ᠣᠯᠭᠣᠪᠠ᠃ ᠢᠲᠡᠭᠡᠯ ᠪᠠ ᠨᠥᠬᠥᠷᠯᠡᠯ ᠪᠣᠯ ᠳᠤᠮᠳᠠᠳᠤ ᠠᠦ᠋ᠰᠲᠷᠢᠶ᠎ᠠ᠎ᠶᠢᠨ ᠬᠠᠷᠢᠯᠴᠠᠭᠠᠨ᠎ᠤ ᠡᠷᠬᠢᠮ ᠨᠠᠨᠳᠢᠨ ᠣᠨᠴᠠᠯᠢᠭ᠋ ᠮᠥᠨ᠂ ᠲᠡᠷᠡ ᠨᠢ ᠨᠡᠢᠭᠡᠮ᠎ᠦᠨ ᠪᠠᠢᠭᠤᠯᠤᠯ᠂ ᠲᠡᠦᠬᠡ ᠰᠣᠶᠣᠯ᠂ ᠬᠥᠭᠵᠢᠯᠲᠡ᠎ᠶᠢᠨ ᠱᠠᠲᠤᠨ᠎ᠤ ᠵᠥᠷᠢᠶ᠎ᠡ᠎ᠶᠢ ᠰᠤᠨᠳᠠᠯᠠᠵᠤ ᠪᠠᠢᠳᠠᠭ᠃ ᠬᠣᠶᠠᠷ ᠲᠠᠯ᠎ᠠ᠎ᠪᠠᠷ᠎ᠢᠶᠠᠨ ᠤᠯᠤᠰ ᠲᠦᠷᠦ ᠶᠢᠨ ᠢᠲᠡᠭᠡᠯᠴᠡᠭᠡ᠎ᠪᠡᠨ ᠪᠡᠬᠢᠵᠢᠭᠦᠯᠵᠦ᠂ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ ᠶᠢᠨ ᠢᠳᠡᠪᠬᠢᠲᠡᠢ ᠬᠠᠨᠳᠤᠰᠢ ᠶᠢ ᠦᠷᠭᠦᠯᠵᠢᠯᠡᠭᠦᠯᠵᠦ᠂ ᠰᠣᠯᠢᠯᠴᠠᠭ᠎ᠠ᠎ᠪᠠᠷ ᠳᠠᠮᠵᠢᠨ ᠢᠲᠡᠭᠡᠯ᠎ᠢᠶᠡᠨ ᠨᠡᠮᠡᠭᠳᠡᠭᠦᠯᠵᠦ ᠰᠡᠵᠢᠭ᠎ᠢᠶᠡᠨ ᠠᠯᠳᠠᠷᠠᠭᠠᠵᠤ᠂ ᠢᠷᠡᠭᠡᠳᠦᠢ᠎ᠶᠢᠨ ᠬᠠᠮᠲᠤᠷᠠᠯᠴᠠᠭ᠎ᠠ᠎ᠳᠤ ᠪᠠᠲᠤ ᠪᠡᠬᠢ ᠤᠯᠤᠰ ᠲᠦᠷᠦ᠎ᠶᠢᠨ ᠰᠠᠭᠤᠷᠢ ᠲᠠᠯᠪᠢᠶ᠎ᠠ᠃ ᠳᠤᠮᠳᠠᠳᠤ ᠤᠯᠤᠰ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ ᠰᠢᠨ᠎ᠡ᠎ᠪᠡᠷ ᠬᠥᠭᠵᠢᠭᠰᠡᠨ ᠠᠵᠤ ᠦᠢᠯᠡᠰ ᠢ ᠪᠣᠢᠵᠢᠭᠤᠯᠵᠤ᠂ ᠤᠯᠠᠮᠵᠢᠯᠠᠯᠲᠤ ᠠᠵᠤ ᠦᠢᠯᠡᠰ᠎ᠢ ᠲᠠᠰ ᠳᠡᠪᠰᠢᠭᠦᠯᠬᠦ ᠶᠢᠨ ᠬᠠᠮᠲᠤ ᠦᠢᠯᠡᠴᠢᠯᠡᠭᠡᠨ᠎ᠦ ᠦᠢᠯᠡᠰ᠎ᠢᠶᠡᠷ ᠭᠣᠣᠯᠳᠠᠯᠭ᠎ᠠ ᠪᠣᠯᠭᠠᠨ ᠨᠡᠭᠡᠭᠡᠯᠲᠡ᠎ᠪᠡᠨ ᠥᠷᠭᠡᠳᠬᠡᠨ᠎ᠡ᠃ 《ᠳᠤᠮᠳᠠᠳᠤ ᠤᠯᠤᠰ ᠤᠨ ᠠᠵᠠ ᠲᠣᠬᠢᠶᠠᠯ 2.0》 ᠨᠢ ᠵᠠᠬ᠎ᠠ ᠳᠡᠯᠭᠡᠭᠦᠷ᠎ᠦᠨ ᠠᠰᠢᠭ᠋ ᠲᠤᠰᠠ ᠠᠪᠴᠢᠷᠠᠬᠤ᠎ᠪᠠᠷ ᠪᠠᠷᠠᠬᠤ ᠦᠭᠡᠢ ᠪᠠᠰᠠ ᠰᠢᠨ᠎ᠡ᠎ᠶᠢ ᠡᠭᠦᠳᠬᠦ ᠠᠰᠢᠭ᠋ ᠲᠤᠰᠠ ᠠᠪᠴᠢᠷᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠠᠦ᠋ᠰᠲᠷᠢᠶ᠎ᠠ ᠯᠤᠭ᠎ᠠ ᠰᠢᠨ᠎ᠡ ᠡᠨᠧᠷᠭᠢ᠎ᠶᠢᠨ ᠮᠠᠰᠢᠨ ᠲᠡᠷᠭᠡ᠂ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ ᠵᠡᠷᠭᠡ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠥᠷᠭᠡᠳᠬᠡᠵᠦ᠂ ᠠᠵᠤ ᠠᠬᠤᠢ ᠠᠷᠠᠯᠵᠢᠶᠠᠨ᠎ᠤ ᠨᠡᠮᠡᠭᠳᠡᠯ ᠦᠨ ᠰᠢᠨ᠎ᠡ ᠬᠥᠳᠡᠯᠭᠡᠭᠦᠷ᠎ᠢ ᠴᠣᠭᠴᠠᠯᠠᠨ᠎ᠠ᠃ ᠳᠤᠮᠳᠠᠳᠤ ᠠᠦ᠋ᠰᠲᠷᠢᠶ᠎ᠠ᠎ᠶᠢᠨ ᠨᠥᠬᠥᠷᠯᠡᠯ ᠥᠷᠭᠡᠨ ᠳᠡᠯᠭᠡᠷ ᠨᠡᠢᠭᠡᠮ᠎ᠦᠨ ᠰᠠᠭᠤᠷᠢ᠎ᠲᠠᠢ ᠶᠤᠮ᠂ ᠬᠣᠶᠠᠷ ᠲᠠᠯ᠎ᠠ᠎ᠪᠠᠷ᠎ᠢᠶᠠᠨ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠥᠷᠭᠡᠳᠬᠡᠵᠦ᠂ ᠬᠥᠮᠥᠰ᠎ᠦᠨ ᠶᠠᠪᠤᠯᠴᠠᠭ᠎ᠠ᠎ᠳᠤ ᠲᠦᠬᠦᠮ ᠦᠵᠡᠭᠦᠯᠵᠦ᠂ ᠬᠣᠶᠠᠷ ᠤᠯᠤᠰ᠎ᠤᠨ ᠠᠷᠠᠳ ᠲᠦᠮᠡᠨ᠎ᠦ ᠶᠠᠪᠤᠯᠴᠠᠭ᠎ᠠ ᠵᠢ ᠤᠯᠠᠮ ᠴᠢᠨᠠᠬᠰᠢᠳᠠ ᠠᠬᠢᠭᠤᠯᠤᠶ᠎ᠠ ᠬᠡᠵᠦ ᠵᠢᠭᠠᠵᠤ ᠭᠠᠷᠭᠠᠪᠠ᠃
ᠰᠢ ᠵᠢᠨ ᠫᠢᠩ᠂ ᠣᠳᠣᠬᠠᠨ ᠳᠤ ᠳᠡᠯᠡᠬᠡᠢ᠎ᠶᠢᠨ ᠪᠠᠢᠳᠠᠯ ᠡᠬᠡᠳᠡᠷᠡᠬᠡᠨ ᠪᠤᠳᠤᠯᠢᠶᠡᠨᠳᠠᠢ ᠪᠠᠢᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠷᠤᠰᠬᠠᠯ ᠢ ᠰᠥᠷᠴᠦ ᠪᠠᠢᠨ᠎ᠠ᠃ ᠳᠤᠮᠳᠠᠳᠤ ᠠᠦ᠋ᠰᠲᠷᠢᠶ᠎ᠠ ᠬᠣᠶᠠᠷ ᠤᠯᠤᠰ ᠵᠢᠩᠬᠢᠨᠢ ᠤᠯᠠᠨ ᠲᠠᠯᠠᠲᠤ ᠦᠵᠡᠯ ᠢ ᠬᠠᠮᠲᠤ᠎ᠪᠠᠷ ᠦᠢᠯᠡᠳᠦᠯᠭᠡᠵᠢᠭᠦᠯᠵᠦ᠂ ᠴᠢᠯᠦᠭᠡᠲᠦ ᠠᠷᠠᠯᠵᠢᠶ᠎ᠠ᠎ᠶᠢ ᠳᠡᠮᠵᠢᠵᠦ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲ᠋ᠸᠮ᠎ᠢ ᠪᠠᠶ᠋ᠢᠭᠤᠯᠬᠤ᠎ᠶᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠦᠶ᠎ᠡ᠃ ᠲᠠᠰᠤᠷᠠᠯᠲᠠ ᠦᠭᠡᠢ ᠬᠥᠭᠵᠢᠨ ᠪᠤᠵᠠᠭᠠᠢᠷᠠᠵᠤ ᠪᠠᠢᠭ᠎ᠠ ᠳᠤᠮᠳᠠᠳᠤ ᠤᠯᠤᠰ ᠪᠣᠯ ᠡᠸᠦ᠋ᠷᠦᠫᠡ ᠲᠢᠪ᠎ᠲᠦ ᠲᠤᠯᠭᠠᠷᠠᠵᠤ ᠪᠠᠢᠭ᠎ᠠ ᠠᠰᠠᠭᠤᠳᠠᠯ᠎ᠤᠨ ᠦᠨᠳᠦᠰᠦ ᠰᠤᠷᠪᠤᠯᠵᠢ ᠪᠢᠰᠢ᠂ ᠬᠠᠷᠢᠨ ᠡᠸᠦ᠋ᠷᠦᠫᠡ ᠲᠢᠪ᠎ᠦᠨ ᠠᠰᠠᠭᠤᠳᠠᠯ ᠢ ᠰᠢᠢᠳᠪᠦᠷᠢᠯᠡᠬᠦ᠎ᠳᠦ ᠲᠤᠰᠠᠯᠠᠵᠤ ᠪᠣᠯᠬᠤ ᠬᠠᠨᠢᠳᠠᠨ ᠪᠠ ᠵᠠᠮ᠎ᠤᠨ ᠬᠠᠨᠢ ᠮᠥᠨ᠃ ᠳᠤᠮᠳᠠᠳᠤ ᠡᠸᠦ᠋ᠷᠦᠫᠡ ᠬᠠᠮᠲᠤᠷᠠᠯᠴᠠᠭᠠᠨ᠎ᠤ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠶᠠᠷᠢᠯᠴᠠᠭ᠎ᠠ ᠪᠠ ᠵᠥᠪᠳᠡᠯᠴᠡᠭᠡ᠎ᠪᠡᠷ ᠳᠠᠮᠵᠢᠨ ᠠᠵᠤ ᠠᠬᠤᠢ ᠠᠷᠠᠯᠵᠢᠶᠠᠨ᠎ᠤ ᠮᠥᠷᠭᠥᠯᠳᠦᠭᠡᠨ᠎ᠢ ᠰᠢᠢᠳᠪᠦᠷᠢᠯᠡᠬᠦ᠎ᠶᠢ ᠪᠠᠷᠢᠮᠲᠠᠯᠠᠵᠤ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠳᠡᠬᠦ᠂ ᠬᠠᠮᠲᠤ᠎ᠪᠠᠷ ᠬᠥᠭᠵᠢᠬᠦ᠎ᠶᠢ ᠪᠡᠶᠡᠯᠡᠭᠦᠯᠦᠶ᠎ᠡ ᠭᠡᠵᠦ ᠴᠢᠬᠤᠯᠠᠴᠢᠯᠠᠪᠠ᠃
ᠱ᠌ᠲ᠋ᠤᠺᠸᠷ᠂ ᠠᠦ᠋ᠰᠲᠷᠢᠶ᠎ᠠ ᠳᠤᠮᠳᠠᠳᠤ᠎ᠶᠢᠨ ᠬᠠᠷᠢᠯᠴᠠᠭ᠎ᠠ᠎ᠶᠢᠨ ᠬᠥᠭᠵᠢᠯᠲᠡ ᠰᠠᠢᠨ ᠪᠠᠢᠨ᠎ᠠ᠂ ᠬᠠᠷᠢᠯᠴᠠᠭ᠎ᠠ ᠪᠠᠢᠭᠤᠯᠤᠭᠰᠠᠨ 55 ᠵᠢᠯ᠎ᠦᠨ ᠲᠤᠷᠰᠢ ᠬᠣᠶᠠᠷ ᠤᠯᠤᠰ ᠢᠮᠠᠭᠲᠠ ᠬᠠᠷᠢᠯᠴᠠᠨ ᠢᠲᠡᠭᠡᠯᠴᠡᠵᠦ᠂ ᠬᠠᠷᠢᠯᠴᠠᠨ ᠳᠡᠮᠵᠢᠭᠰᠡᠭᠡᠷ ᠢᠷᠡᠵᠠᠢ᠃ ᠠᠦ᠋ᠰᠲᠷᠢᠶ᠎ᠠ᠎ᠶᠢᠨ ᠬᠢᠨ ᠠᠦ᠋ᠰᠲᠷᠢᠶ᠎ᠠ ᠳᠤᠮᠳᠠᠳᠤ᠎ᠶᠢᠨ ᠨᠥᠬᠥᠷᠰᠡᠭ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢ ᠨᠢᠭ᠍ᠲᠠᠷᠠᠭᠤᠯᠬᠤ᠎ᠪᠠᠷ ᠴᠢᠷᠮᠠᠢᠵᠤ᠂ ᠨᠢᠭᠡ ᠳᠤᠮᠳᠠᠳᠤ ᠤᠯᠤᠰ ᠪᠠᠢᠬᠤ ᠲᠦᠷᠦ᠎ᠶᠢᠨ ᠪᠣᠳᠣᠯᠭ᠎ᠠ᠎ᠶᠢ ᠪᠠᠷᠢᠮᠲᠠᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠵᠢᠯ᠎ᠦᠨ ᠲᠤᠷᠰᠢ ᠪᠠᠢᠭᠤᠯᠤᠭᠰᠠᠨ ᠬᠠᠮᠲᠤᠷᠠᠯᠴᠠᠭ᠎ᠠ ᠪᠣᠯᠣᠨ ᠢᠲᠡᠭᠡᠯᠴᠡᠭᠡ᠎ᠶᠢᠨ ᠰᠠᠭᠤᠷᠢᠨ ᠳᠡᠭᠡᠷ᠎ᠡ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠢᠨ᠎ᠡ᠎ᠶᠢ ᠡᠭᠦᠳᠬᠦ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠵᠢ ᠪᠦᠬᠦ ᠲᠠᠯ᠎ᠠ᠎ᠪᠠᠷ ᠴᠢᠩᠭᠠᠳᠬᠠᠵᠤ᠂ ᠰᠣᠶᠣᠯ᠂ ᠵᠢᠭᠤᠯᠴᠢᠯᠡᠯ ᠵᠡᠷᠭᠡ ᠰᠣᠶᠣᠯ ᠢᠷᠭᠡᠨᠰᠢᠯ᠎ᠦᠨ ᠰᠣᠯᠢᠯᠴᠠᠭ᠎ᠠ᠎ᠶᠢ ᠠᠬᠢᠭᠤᠯᠵᠤ᠂ ᠬᠣᠶᠠᠷ ᠲᠠᠯ᠎ᠠ᠎ᠶᠢᠨ ᠬᠠᠷᠢᠯᠴᠠᠭ᠎ᠠ᠎ᠶᠢᠨ ᠰᠢᠨ᠎ᠡ ᠬᠥᠭᠵᠢᠯᠲᠡ᠎ᠲᠠᠢ ᠪᠣᠯᠬᠤ᠎ᠶᠢ ᠠᠬᠢᠭᠤᠯᠤᠨ᠎ᠠ᠃ ᠡᠸᠦ᠋ᠷᠦᠫᠡ ᠳᠤᠮᠳᠠᠳᠤ ᠶᠢᠨ ᠬᠠᠷᠢᠯᠴᠠᠭᠠᠨ᠎ᠤ ᠬᠥᠭᠵᠢᠯᠲᠡ᠎ᠶᠢ ᠠᠦ᠋ᠰᠲᠷᠢᠶ᠎ᠠ ᠢᠳᠡᠪᠬᠢᠲᠡᠢ ᠳᠡᠮᠵᠢᠵᠦ᠂ ᠬᠣᠶᠠᠷ ᠲᠠᠯ᠎ᠠ᠎ᠪᠠᠷ᠎ᠢᠶᠠᠨ ᠦᠨᠡᠨᠴᠢ ᠶᠠᠷᠢᠯᠴᠠᠭ᠎ᠠ ᠵᠥᠪᠳᠡᠯᠴᠡᠭᠡ᠎ᠪᠡᠷ ᠠᠵᠤ ᠠᠬᠤᠢ ᠠᠷᠠᠯᠵᠢᠶᠠᠨ᠎ᠤ ᠵᠥᠷᠢᠯᠳᠦᠭᠡᠨ᠎ᠢᠶᠡᠨ ᠰᠢᠢᠳᠪᠦᠷᠢᠯᠡᠬᠦ᠎ᠶᠢ ᠬᠦᠰᠡᠨ᠎ᠡ᠃ ᠠᠦ᠋ᠰᠲᠷᠢᠶ᠎ᠠ᠎ᠶᠢᠨ ᠬᠢᠨ ᠳᠤᠷᠠᠲᠠᠶ᠎ᠠ ᠳᠤᠮᠳᠠᠳᠤ ᠤᠯᠤᠰ᠎ᠲᠠᠢ ᠬᠠᠮᠲᠤ᠎ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠤᠯᠠᠨ ᠲᠠᠯ᠎ᠠ᠎ᠶᠢᠨ ᠵᠣᠬᠢᠴᠠᠭᠤᠯᠭ᠎ᠠ᠎ᠶᠢ ᠴᠢᠩᠭᠠᠳᠬᠠᠵᠤ᠂ ᠦᠷᠭᠦᠯᠵᠢᠯᠡᠬᠦ ᠬᠥᠭᠵᠢᠯᠲᠡ᠎ᠶᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠥᠷᠢᠰᠦᠯᠳᠦᠭᠡᠨ ᠢ ᠠᠷᠭᠠᠴᠡᠭᠠᠵᠤ᠂ ᠳᠡᠯᠡᠬᠡᠢ᠎ᠶᠢᠨ ᠬᠥᠭᠵᠢᠯ ᠴᠡᠴᠡᠭᠯᠡᠯ ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 6 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃