ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-10 09:31:17

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 6᠎ᠤ᠋ ᠡᠳᠦᠷ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠢᠯᠢᠶᠠᠨᠠ·ᠶᠤᠲ᠋ᠤᠸᠠ ᠳ᠋ᠤ᠌ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠪᠦᠭᠦᠳᠡ ᠨᠠᠢᠷᠠᠮᠳᠠᠬᠤ ᠪᠤᠯᠭᠠᠷᠢᠶ᠎ᠠ ᠤᠯᠤᠰ᠎ᠤᠨ ᠶᠡᠷᠦᠩᠬᠡᠢᠯᠡᠭᠴᠢ᠎ᠪᠡᠷ ᠰᠣᠩᠭᠣᠭᠳᠠᠭᠰᠠᠨ᠎ᠳᠤ ᠪᠠᠶᠠᠷ ᠬᠦᠷᠭᠡᠪᠡ᠃

ᠰᠢ᠎ᠶᠢᠨ ᠫᠢᠩ᠂ ᠪᠤᠯᠭᠠᠷᠢᠶ᠎ᠠ ᠪᠣᠯ ᠳᠡᠯᠡᠬᠡᠢ ᠳᠡᠭᠡᠷᠡᠬᠢ ᠰᠢᠨ᠎ᠡ ᠳᠤᠮᠳᠠᠳᠤ ᠤᠯᠤᠰ᠎ᠲᠠᠢ ᠬᠠᠷᠢᠯᠴᠠᠭ᠎ᠠ ᠪᠠᠢᠭᠤᠯᠤᠭᠰᠠᠨ ᠬᠤᠶᠠᠳᠡᠬᠢ ᠤᠯᠤᠰ ᠪᠣᠯᠣᠨ᠎ᠠ᠂ ᠬᠠᠷᠢᠯᠴᠠᠨ ᠬᠦᠨᠳᠦᠳᠬᠡᠬᠦ᠂ ᠡᠷᠬᠡ ᠲᠡᠭᠰᠢ᠎ᠬᠠᠨᠳᠤᠯᠴᠠᠬᠤ᠂ ᠬᠠᠷᠢᠯᠴᠠᠨ ᠠᠰᠢᠭ᠍ᠲᠠᠢ ᠬᠠᠮᠲᠤ ᠪᠠᠷ ᠠᠰᠢᠭ᠋ ᠭᠦᠷᠳᠡᠭᠦ ᠪᠣᠯ ᠬᠣᠶᠠᠷ ᠲᠠᠯ᠎ᠠ᠎ᠶᠢᠨ ᠬᠠᠷᠢᠯᠴᠠᠭᠠᠨ᠎ᠤ ᠢᠯᠡ ᠲᠣᠳᠣ᠌ ᠲᠡᠪᠢᠰᠭᠡᠷ ᠥᠩᠭᠡ ᠪᠣᠯᠣᠨ᠎ᠠ᠃ ᠣᠢᠷ᠎ᠠ᠎ᠶᠢᠨ ᠵᠢᠯ ᠡᠴᠡ ᠬᠣᠶᠠᠷ ᠤᠯᠤᠰ᠎ᠤᠨ ᠡᠯ᠎ᠡ ᠳᠠᠪᠬᠤᠷᠭ᠎ᠠ᠂ ᠡᠯ᠎ᠡ ᠬᠦᠷᠢᠶᠡᠨ᠎ᠦ ᠰᠣᠯᠢᠯᠴᠠᠭ᠎ᠠ ᠬᠠᠮᠲᠤᠷᠠᠯᠴᠠᠭ᠎ᠠ ᠲᠣᠭᠲᠠᠭᠤᠨ᠎ᠢᠶᠠᠷ ᠠᠬᠢᠵᠤ᠂ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠠᠭᠤᠯᠤᠭᠳᠠᠬᠤᠨ ᠡᠳᠦᠷ ᠢᠷᠡᠬᠦᠶ᠎ᠡ ᠪᠠᠶᠠᠯᠢᠭ᠍ᠵᠢᠪᠠ᠃ ᠪᠢ ᠳᠤᠮᠳᠠᠳᠤ ᠪᠤᠯᠭᠠᠷᠢᠶ᠎ᠠ᠎ᠶᠢᠨ ᠬᠠᠷᠢᠯᠴᠠᠭ᠎ᠠ᠎ᠶᠢᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠳᠤᠷᠠᠲᠠᠶ᠎ᠠ ᠶᠡᠷᠦᠩᠬᠡᠢᠯᠡᠭᠴᠢ ᠶᠤᠲ᠋ᠤᠸᠠ ᠲᠠᠢ ᠬᠠᠮᠲᠤ ᠪᠠᠷ ᠴᠢᠷᠮᠠᠢᠵᠤ᠂ ᠬᠣᠶᠠᠷ ᠤᠯᠤᠰ᠎ᠢ ᠬᠥᠲᠥᠯᠥᠨ ᠳᠠᠭᠠᠭᠤᠯᠵᠤ ᠲᠤᠰ ᠲᠤᠰ᠎ᠤᠨ᠎ᠢᠶᠠᠨ ᠬᠥᠭᠵᠢᠯ ᠮᠠᠨᠳᠤᠯ᠎ᠤᠨ ᠵᠠᠮ ᠳᠡᠭᠡᠷ᠎ᠡ ᠭᠠᠷ ᠬᠣᠯᠪᠣᠨ ᠤᠷᠤᠭᠰᠢᠯᠠᠵᠤ᠂ ᠨᠡᠩ ᠢᠳᠡᠪᠬᠢᠲᠡᠢ ᠪᠣᠳᠠᠲᠠᠢ᠎ᠶᠢ ᠡᠷᠬᠢᠮᠯᠡᠭᠰᠡᠨ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠬᠣᠶᠠᠷ ᠲᠠᠯ᠎ᠠ᠎ᠶᠢᠨ ᠬᠠᠷᠢᠯᠴᠠᠭ᠎ᠠ᠎ᠶᠢ ᠪᠠᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 9 ᠤ᠋ ᠴᠠᠭᠢᠯᠭᠠᠨ ᠮᠡᠳᠡᠭᠡ) 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面