ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-10 11:06:44

ᠵᠣᠬᠢᠶᠠᠭ᠍ᠴᠢ᠄ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠣᠩᠱᠢᠭ᠍ᠰᠠᠨ ᠣᠳᠠᠭ᠎ᠠ᠄ 3

︱ 《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 ᠮᠡᠨᠳᠦᠯᠡᠭᠰᠡᠨ ᠲᠡᠮᠳᠡᠭᠯᠡᠯ


ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠦᠷ ᠳᠠᠯᠠᠢᠴᠠᠲᠠᠢ ᠠᠶᠠᠨ᠎ᠳᠤ᠂ ᠮᠢᠩᠭᠠᠨ ᠣᠨ᠎ᠤ ᠠᠭᠤᠤ ᠦᠢᠯᠡᠰ᠎ᠢ ᠴᠤᠬᠴᠠᠯᠠᠬᠤ ᠪᠡᠷ ᠵᠣᠷᠢᠭ᠋ ᠰᠢᠭᠤᠳᠤᠭᠰᠠᠨ ᠵᠠᠭᠤᠨ ᠵᠢᠯ᠎ᠦᠨ ᠲᠣᠮᠣ᠌ ᠨᠠᠮ᠂ ᠨᠠᠮ᠎ᠢᠶᠠᠨ ᠬᠦᠴᠦᠷᠬᠡᠭᠵᠢᠭᠦᠯᠵᠦ ᠤᠯᠤᠰ᠎ᠢᠶᠠᠨ ᠬᠦᠴᠦᠷᠬᠡᠭᠵᠢᠭᠦᠯᠬᠦ ᠴᠠᠭ ᠦᠶ᠎ᠡ᠎ᠶᠢᠨ ᠰᠢᠨ᠎ᠡ ᠬᠠᠭᠤᠳᠠᠰᠤ᠎ᠶᠢ ᠳᠠᠬᠢᠨᠲᠠ ᠪᠢᠴᠢᠭᠯᠡᠪᠡ ︱

2026 ᠣᠨ᠎ᠤ 10 ᠰᠠᠷ᠎ᠠ᠎ᠶᠢᠨ 29᠎ᠤ᠋ ᠦᠳᠡ᠎ᠶᠢᠨ ᠬᠣᠢᠨ᠎ᠠ᠂ ᠨᠢᠵᠢᠭᠢᠨᠡᠭᠰᠡᠨ ᠠᠯᠠᠭ᠎ᠠ ᠲᠡᠰᠢᠯᠲᠡ᠎ᠶᠢᠨ ᠳᠤᠮᠳᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠠ ᠬᠤᠷᠠᠯ᠎ᠡᠴᠡ 《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭᠠᠯ》 ᠢ᠋ ᠵᠢᠩᠬᠢᠨᠢ᠎ᠪᠡᠷ ᠪᠠᠲᠤᠯᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠣᠶ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠠᠩᠭᠢᠯᠠᠭ᠎ᠠ᠎ᠶᠢᠨ ᠦᠶ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤᠴᠤᠳ ᠤᠯᠤᠰ᠎ᠢ ᠵᠠᠰᠠᠬᠤ᠎ᠳᠤ ᠡᠷᠬᠡᠪᠰᠢ ᠤᠷᠢᠳ᠎ᠢᠶᠠᠷ ᠨᠠᠮ᠎ᠢ ᠵᠠᠰᠠᠬᠤ᠂ ᠨᠠᠮ᠎ᠢ ᠵᠠᠰᠠᠬᠤ᠎ᠳᠤ ᠡᠷᠬᠡᠪᠰᠢ ᠴᠢᠩᠭ᠎ᠠ ᠵᠠᠰᠠᠬᠤ᠂ ᠨᠠᠮ ᠬᠦᠴᠦᠷᠬᠡᠭᠵᠢᠪᠡᠯ ᠰᠠᠶᠢ ᠤᠯᠤᠰ ᠬᠦᠴᠦᠷᠬᠡᠭᠵᠢᠵᠦ ᠴᠢᠳᠠᠨ᠎ᠠ ᠭᠡᠰᠡᠨ ᠡᠷᠡᠰ ᠴᠢᠩᠭ᠎ᠠ ᠲᠠᠩᠭᠠᠷᠢᠭ᠋ ᠵᠢᠡᠨ ᠡᠷᠭᠦᠵᠡᠢ᠃

ᠠᠯᠤᠰ᠎ᠤᠨ ᠵᠠᠮ ᠳᠤᠷᠠᠢᠵᠤ᠂ ᠤᠭ ᠰᠠᠨᠠᠭ᠎ᠠ ᠪᠠᠲᠤ ᠪᠡᠬᠢ ᠪᠠᠢᠨᠠᠮ᠃

ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠤᠯᠭ᠎ᠠ ᠳᠣᠣᠷ᠎ᠠ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠨᠠᠮ᠎ᠢᠶᠠᠷ᠎ᠢᠶᠠᠨ ᠲᠡᠦᠬᠡ᠎ᠶᠢᠨ ᠢᠲᠡᠭᠡᠯ᠎ᠢᠶᠡᠨ ᠪᠠᠲᠤᠳᠬᠠᠵᠤ᠂ ᠲᠡᠦᠬᠡ᠎ᠶᠢᠨ ᠰᠠᠨᠠᠭᠠᠴᠢᠯᠠᠭ᠎ᠠ᠎ᠶᠢ ᠡᠵᠡᠮᠳᠡᠵᠦ᠂ ᠡᠷᠡᠯᠬᠡᠭᠯᠡᠨ ᠲᠡᠮᠡᠴᠡᠵᠦ᠂ ᠰᠢᠨᠲᠠᠷᠠᠰᠢ ᠦᠭᠡᠢ ᠴᠢᠷᠮᠠᠢᠵᠤ᠂ ᠲᠦᠭ ᠲᠦᠮᠡᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ᠎ᠶᠢᠨ ᠲᠥᠯᠥᠭᠡ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠲᠡᠦᠬᠡ᠎ᠶᠢᠨ ᠰᠢᠨ᠎ᠡ ᠠᠭᠤᠤ ᠦᠢᠯᠡᠰ᠎ᠢ ᠡᠭᠦᠳᠴᠦ᠂ ᠨᠡᠩ ᠶᠡᠬᠡ ᠰᠢᠨ᠎ᠡ ᠢᠯᠠᠯᠲᠠ᠎ᠶᠢ ᠲᠡᠮᠡᠴᠡᠨ ᠣᠯᠬᠤ ᠨᠢ ᠯᠠᠪᠲᠠᠢ ᠶᠤᠮ᠃

ᠶᠡᠬᠡ ᠲᠠᠯ᠎ᠠ ᠶᠡᠬᠡ ᠬᠠᠨᠳᠤᠰᠢ᠎ᠳᠤ ᠵᠣᠬᠢᠴᠠᠵᠤ᠂ ᠨᠠᠮ᠎ᠤᠨ ᠰᠡᠳᠬᠢᠯ ᠠᠷᠠᠳ᠎ᠤᠨ ᠰᠡᠳᠬᠢᠯ᠎ᠳᠦ ᠨᠡᠢᠴᠡᠪᠡ

︱ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠥᠨᠳᠥᠷ᠎ᠲᠦ ᠵᠣᠭᠰᠣᠨ ᠠᠯᠤᠰ᠎ᠢ ᠪᠠᠷᠠᠯᠠᠵᠥ᠂ ᠴᠠᠭ᠎ᠢ ᠬᠢᠨᠠᠨ ᠪᠠᠢᠳᠠᠯ᠎ᠢ ᠰᠢᠨᠵᠢᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠶᠢ ᠪᠦᠭᠦᠳᠡ ᠬᠤᠷᠠᠯ᠎ᠤᠨ ᠵᠥᠪᠯᠡᠬᠦ ᠵᠦᠢᠯ ᠪᠣᠯᠭᠠᠬᠤ᠎ᠪᠠᠷ ᠲᠣᠭᠲᠠᠭᠠᠪᠠ

2026 ᠣᠨ᠎ᠤ 7 ᠰᠠᠷ᠎ᠠ᠎ᠶᠢᠨ 30᠎ᠤ᠋ ᠡᠳᠦᠷ᠂ ᠰᠢᠨᠬᠤᠸᠠ ᠬᠣᠷᠢᠶ᠎ᠡ ᠡᠴᠡ ᠪᠦᠬᠦ ᠪᠥᠮᠪᠥᠷᠴᠡᠭ᠎ᠲᠦ ᠶᠠᠪᠤᠭᠤᠯᠤᠭᠰᠠᠨ ᠴᠠᠬᠢᠯᠭᠠᠨ ᠳᠣᠯᠭᠢᠶᠠᠨ᠎ᠢ ᠳᠠᠭᠠᠯᠳᠤᠨ᠂ ᠨᠢᠭᠡᠨ ᠬᠦᠨᠳᠦ ᠴᠢᠬᠤᠯᠠ ᠮᠡᠳᠡᠭᠡ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠢᠨ᠎ᠦ ᠠᠩᠬᠠᠷᠤᠯ᠎ᠢ ᠥᠷᠭᠡᠨ᠎ᠢᠶᠡᠷ ᠲᠠᠲᠠᠪᠠ ︱

《ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ ᠵᠢᠠ ᠲᠣᠪᠴᠢᠶ᠎ᠠ 7 ᠰᠠᠷ᠎ᠠ᠎ᠶᠢᠨ 30᠎ᠤ᠋ ᠡᠳᠦᠷ ᠬᠤᠷᠠᠯ ᠬᠤᠷᠠᠯᠳᠤᠭᠤᠯᠵᠤ᠂ ᠡᠨᠡ ᠵᠢᠯ᠎ᠦᠨ 10 ᠰᠠᠷ᠎ᠠ᠎ᠳᠤ ᠪᠡᠭᠡᠵᠢᠩ᠎ᠳᠦ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠭᠦᠳᠡ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠪᠠ᠂ ᠭᠣᠣᠯ ᠵᠥᠪᠯᠡᠬᠦ ᠵᠦᠢᠯ ᠨᠢ᠂ ᠳᠣᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ ᠵᠢᠠ ᠲᠣᠪᠴᠢᠶ᠎ᠠ ᠡᠴᠡ ᠲᠥᠪ ᠬᠣᠷᠢᠶ᠎ᠡ᠎ᠳᠦ ᠠᠵᠢᠯ᠎ᠢᠶᠠᠨ ᠮᠡᠳᠡᠭᠦᠯᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠢ ᠰᠤᠳᠤᠯᠤᠨ᠎ᠠ》᠃

ᠳᠡᠯᠡᠬᠡᠢ᠎ᠶᠢᠨ ᠨᠢᠭᠡᠳᠦᠭᠡᠷ ᠲᠤᠮᠤ ᠲᠦᠷᠦ᠎ᠶᠢᠨ ᠨᠠᠮ ᠪᠣᠯᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠶᠠᠨ᠎ᠳᠦ ᠲᠣᠮᠣ᠌ ᠨᠠᠮ᠎ᠳᠤ ᠯᠠ ᠪᠠᠢᠳᠠᠭ ᠬᠦᠴᠢᠷ ᠠᠰᠠᠭᠤᠳᠠᠯ᠎ᠢ ᠬᠡᠷᠬᠢᠨ ᠰᠢᠢᠳᠪᠦᠷᠢᠯᠡᠵᠦ᠂ ᠠᠮᠢᠵᠢᠷᠠᠯ᠎ᠤᠨ ᠬᠦᠴᠦᠨ᠎ᠢᠶᠡᠨ ᠡᠭᠦᠷᠢᠳᠡ ᠪᠠᠲᠤᠯᠠᠵᠤ ᠴᠢᠳᠠᠭᠰᠠᠨ ᠪᠤᠢ?

10 ᠵᠢᠯ᠎ᠦᠨ ᠡᠮᠦᠨ᠎ᠡ᠂ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠵᠢᠷᠭᠤᠳᠤᠭᠠᠷ ᠪᠦᠬᠦᠳᠡ ᠬᠤᠷᠠᠯ᠎ᠡᠴᠡ 《ᠰᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠲᠤᠬᠠᠢ ᠪᠠᠷᠢᠮᠵᠢᠶ᠎ᠠ ᠨᠤᠭᠤᠳ》 ᠪᠣᠯᠣᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠳᠣᠲᠣᠭᠠᠳᠤ᠎ᠶᠢᠨ ᠬᠢᠨᠠᠯᠲᠠ ᠲᠠᠯᠪᠢᠬᠤ ᠳᠦᠷᠢᠮ》 ᠢ᠋ ᠬᠢᠨᠠᠨ ᠵᠥᠪᠯᠡᠵᠦ ᠪᠠᠲᠤᠯᠠᠭᠠᠳ᠂ ᠠᠯᠢ ᠤᠯᠠᠨ ᠰᠢᠨ᠎ᠡ ᠦᠵᠡᠯᠲᠡ ᠰᠢᠨ᠎ᠡ ᠨᠤᠲᠠᠯᠠᠯᠲᠠ ᠰᠢᠨ᠎ᠡ ᠱᠠᠭᠠᠷᠳᠠᠯᠭ᠎ᠠ ᠰᠢᠨ᠎ᠡ ᠲᠣᠭᠲᠠᠭᠠᠯ᠎ᠢᠶᠠᠷ ᠰᠢᠨ᠎ᠡ ᠪᠠᠢᠳᠠᠯ ᠳᠣᠣᠷᠠᠬᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠭᠠᠳᠬᠠᠨ ᠵᠢᠷᠤᠮᠵᠢᠭᠤᠯᠬᠤ᠂ ᠨᠠᠮ᠎ᠤᠨ ᠳᠣᠲᠣᠭᠠᠳᠤ᠎ᠶᠢᠨ ᠬᠢᠨᠠᠯᠲᠠ᠎ᠶᠢ ᠴᠢᠩᠭᠠᠳᠬᠠᠬᠤ᠎ᠳᠤ ᠦᠨᠳᠦᠰᠦᠨ ᠵᠢᠷᠤᠮᠯᠠᠯ ᠬᠠᠩᠭᠠᠪᠠ᠃

5 ᠵᠢᠯ᠎ᠦᠨ ᠡᠮᠦᠨ᠎ᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠡ ᠵᠢᠨ ᠵᠢᠷᠭᠤᠳᠤᠭᠠᠷ ᠪᠦᠬᠦᠳᠡ ᠬᠤᠷᠠᠯ᠎ᠡᠴᠡ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠣᠨ ᠲᠡᠦᠬᠡ᠎ᠶᠢᠨ ᠲᠤᠷᠰᠢᠯᠭ᠎ᠠ᠎ᠶᠢ ᠪᠦᠬᠦ ᠲᠠᠯ᠎ᠠ᠎ᠪᠠᠷ ᠳ᠋ᠦᠩᠨᠡᠵᠦ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢᠬᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠲᠠᠯ᠎ᠠ᠎ᠪᠠᠷ ᠣᠯᠣᠭᠰᠠᠨ ᠲᠡᠦᠬᠡᠲᠦ ᠴᠢᠨᠠᠷᠲᠠᠢ᠂ ᠪᠦᠳᠦᠭᠡᠯᠴᠢ ᠴᠢᠨᠠᠷᠲᠠᠢ ᠠᠮᠵᠢᠯᠲᠠ᠎ᠶᠢ ᠭᠦᠢᠴᠡᠳ ᠨᠤᠲᠠᠯᠠᠵᠤ᠂ ᠪᠦᠬᠦ ᠨᠠᠮ᠎ᠤᠨ ᠵᠢᠮ᠎ᠡ ᠶᠣᠰᠣ᠌᠎ᠶᠢ ᠡᠵᠡᠮᠳᠡᠨ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠨᠠᠮ᠎ᠢ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠳᠠᠪᠲᠠᠨ ᠪᠣᠯᠪᠠᠰᠤᠷᠠᠭᠤᠯᠬᠤ᠎ᠶᠢ ᠵᠣᠷᠢᠭ᠍ᠵᠢᠭᠤᠯᠪᠠ᠃

ᠣᠨ ᠵᠢᠯ ᠤᠯᠠᠷᠢᠵᠤ᠂ ᠡᠭᠦᠷᠭᠡ ᠲᠡᠷᠡ ᠭᠡᠪ ᠵᠢᠡᠷ ᠵᠢᠡᠨ᠃ ᠡᠭᠦᠷᠢᠳᠡ ᠵᠣᠭᠰᠣᠰᠢ ᠦᠭᠡᠢ ᠰᠢᠯᠭᠠᠯᠲᠠ᠎ᠳᠤ ᠣᠷᠣᠯᠴᠠᠬᠤ ᠵᠠᠮ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠲᠤᠮᠤ ᠨᠠᠮ᠎ᠤᠨ ᠵᠠᠰᠠᠯᠲᠠ᠎ᠶᠢᠨ ᠰᠢᠨ᠎ᠡ ᠠᠶᠠᠨ᠎ᠳᠠᠭᠠᠨ ᠮᠣᠷᠳᠠᠯ᠎ᠠ᠃

2026 ᠣᠨ᠎ᠤ 1 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠤᠯᠤᠰ ᠲᠥᠷᠥ᠎ᠶᠢᠨ ᠲᠣᠪᠴᠢᠶ᠎ᠡ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠥᠬᠥᠳᠡ ᠬᠤᠷᠠᠯ᠎ᠤᠨ ᠵᠥᠪᠯᠡᠬᠦ ᠰᠡᠳᠦᠪ ᠪᠠ ᠪᠢᠴᠢᠭ ᠮᠠᠲᠧᠷᠢᠶᠠᠯ᠎ᠢ ᠲᠤᠭᠤᠷᠪᠢᠬᠤ ᠠᠵᠢᠯ᠎ᠤᠨ ᠶᠡᠷᠦᠩᠬᠡᠢ ᠲᠣᠬᠢᠷᠠᠭᠤᠯᠤᠯᠲᠠ᠎ᠶᠢ ᠰᠤᠳᠤᠯᠤᠨ ᠲᠣᠭᠲᠠᠭᠠᠪᠠ᠃

ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ᠄《ᠣᠢᠷ᠎ᠠ᠎ᠳᠤ ᠪᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠥᠬᠥᠳᠡ ᠬᠤᠷᠠᠯ᠎ᠡᠴᠡ ᠨᠠᠮ᠎ᠤᠨ ᠪᠠᠢᠭᠤᠯᠤᠯᠲᠠ᠎ᠶᠢ ᠰᠤᠳᠤᠯᠬᠤ᠎ᠳᠤ ᠶᠠᠮᠠᠷ ᠵᠥᠪᠯᠡᠬᠦ ᠰᠡᠳᠦᠪ ᠲᠣᠭᠲᠠᠭᠠᠪᠠᠯ ᠨᠡᠯᠢᠶᠡᠳ ᠲᠣᠬᠢᠷᠠᠮᠵᠢᠲᠠᠢ ᠪᠤᠢ ᠭᠡᠳᠡᠭ᠎ᠢ ᠪᠤᠳᠤᠯᠬᠢᠯᠠᠭᠰᠠᠭᠠᠷ ᠢᠷᠡᠪᠡ》 ᠭᠡᠵᠤ ᠵᠢᠭᠠᠵᠤ ᠭᠠᠷᠭᠠᠪᠠ᠃ ᠬᠦᠨ ᠬᠦᠨᠵᠡᠭᠡᠢ ᠪᠤᠳᠤᠵᠤ ᠲᠤᠨᠭᠭᠠᠭᠰᠠᠨ᠎ᠤ ᠡᠴᠦᠰ ᠲᠦ᠍ ᠶᠡᠷᠦᠩᠬᠡᠢ ᠱᠦᠵᠢ᠄《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ ᠠᠰᠠᠭᠤᠳᠠᠯ᠎ᠢ ᠰᠤᠳᠤᠯᠬᠤ ᠨᠢ ᠮᠠᠰᠢ ᠴᠢᠬᠤᠯᠠ ᠪᠥᠭᠡᠳ ᠴᠠᠭ᠎ᠲᠠᠭᠠᠨ ᠲᠣᠬᠢᠷᠠᠵᠤ ᠪᠠᠢᠨ᠎ᠠ》 ᠭᠡᠵᠦ ᠵᠢᠭᠠᠵᠤ ᠭᠠᠷᠭᠠᠪᠠ᠃

ᠡᠨᠡ ᠪᠣᠯ ᠨᠠᠮ᠎ᠤᠨ ᠲᠡᠷᠢᠭᠦᠨ᠎ᠦ ᠴᠢᠨᠠᠷ ᠪᠣᠯᠣᠨ ᠴᠡᠪᠡᠷ ᠴᠢᠨᠠᠷ᠎ᠢ ᠪᠠᠲᠤᠯᠠᠵᠤ᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠪᠠᠢᠷᠢ ᠰᠠᠭᠤᠷᠢ᠎ᠶᠢ ᠪᠡᠬᠢᠵᠢᠭᠦᠯᠬᠦ᠎ᠶᠢᠨ ᠵᠠᠢᠯᠠᠰᠢ ᠦᠭᠡᠢ ᠱᠠᠭᠠᠷᠳᠠᠯᠭ᠎ᠠ ᠮᠦᠨ  ︱

《ᠶᠠᠮᠠᠷ ᠶᠠᠩᠵᠤ᠎ᠶᠢᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠪᠠᠶ᠋ᠢᠭᠤᠯᠬᠤ᠂ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠬᠡᠷᠬᠢᠨ ᠪᠠᠶ᠋ᠢᠭᠤᠯᠬᠤ》 ᠭᠡᠳᠡᠭ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠦᠷᠭᠦᠯᠵᠢᠯᠡᠨ ᠡᠷᠢᠯᠬᠢᠯᠡᠬᠦ ᠴᠢᠬᠤᠯᠠ ᠶᠡᠬᠡ ᠴᠠᠭ ᠦᠶ᠎ᠡ᠎ᠶᠢᠨ ᠰᠡᠳᠦᠪ ᠮᠥᠨ᠃

《ᠪᠤᠰᠤᠳ᠎ᠢ ᠢᠯᠠᠭᠰᠠᠨ ᠬᠦᠮᠦᠨ ᠬᠦᠴᠦᠲᠡᠢ᠂ ᠦᠪᠡᠷ᠎ᠢ ᠪᠡᠨ ᠢᠯᠠᠭᠰᠠᠨ ᠬᠦᠮᠦᠨ ᠬᠦᠴᠦᠷᠬᠡᠭ》 ᠭᠡᠳᠡᠭ᠎ᠤᠨ ᠶᠤᠰᠤ ᠵᠢ ᠬᠦᠨᠵᠡᠭᠡᠢ ᠤᠢᠯᠠᠭᠠᠵᠤ᠂ ᠮᠠᠨ᠎ᠤ ᠨᠠᠮ ᠮᠡᠨᠳᠦᠯᠡᠭᠰᠡᠨ ᠡᠳᠦᠷ᠎ᠡᠴᠡ᠎ᠪᠡᠨ ᠡᠬᠢᠯᠡᠨ ᠨᠠᠮ᠎ᠤᠨ ᠪᠠᠢᠭᠤᠯᠤᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠲᠤᠰ ᠪᠡᠶ᠎ᠡ᠎ᠶᠢᠨ ᠬᠦᠴᠦᠨ ᠪᠠ ᠠᠷᠠᠳ ᠲᠦᠮᠡᠨ᠎ᠦ ᠳᠡᠮᠵᠢᠯᠭᠡ᠎ᠳᠦ ᠲᠦᠰᠢᠭᠯᠡᠨ ᠲᠤᠰ ᠪᠡᠶ᠎ᠡ᠎ᠶᠢᠨ ᠠᠰᠠᠭᠤᠳᠠᠯ᠎ᠢᠶᠠᠨ ᠰᠢᠢᠳᠪᠦᠷᠢᠯᠡᠬᠦ ᠶᠠᠪᠤᠴᠠ᠎ᠳᠤ ᠲᠠᠰᠤᠷᠠᠯᠲᠠ ᠦᠭᠡᠢ ᠬᠥᠭᠵᠢᠨ ᠪᠤᠵᠠᠭᠠᠢᠷᠠᠪᠠ᠃

ᠵᠠᠭᠤ ᠭᠠᠷᠤᠢ ᠵᠢᠯ᠎ᠦᠨ ᠰᠠᠯᠬᠢ ᠪᠣᠷᠣᠭᠠᠨ᠎ᠢ ᠲᠤᠭᠤᠯᠵᠤ᠂ ᠵᠠᠭᠤ ᠭᠠᠷᠤᠢ ᠵᠢᠯ᠎ᠦᠨ ᠲᠠᠪᠳᠠᠯᠳᠠ ᠵᠢ ᠦᠨᠭᠭᠡᠷᠡᠭᠡᠵᠤ ᠪᠤᠯᠤᠳ ᠮᠡᠲᠦ ᠬᠠᠲᠠᠭᠤᠵᠢᠪᠠ᠃

ᠥᠨᠥᠳᠥᠷ᠂ ᠨᠠᠮ᠎ᠤᠨ 《ᠪᠡᠶ᠎ᠡ ᠪᠢᠯᠳᠠᠷ》 ᠤᠯᠠᠮ᠎ᠡᠴᠡ ᠤᠯᠠᠮ ᠲᠤᠮᠤᠷᠠᠵᠤ᠂ ᠨᠠᠮ᠎ᠤᠨ ᠭᠡᠰᠢᠭᠦᠨ᠂ ᠺᠠᠳ᠋ᠷ᠎ᠤᠨ ᠡᠩᠨᠡᠭᠡᠨ᠎ᠳᠦ ᠪᠦᠲᠦᠴᠡ᠎ᠶᠢᠨ ᠴᠢᠨᠠᠷᠲᠠᠢ ᠬᠤᠪᠢᠷᠠᠯᠲᠠ ᠭᠠᠷᠴᠤ᠂ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠴᠤᠭᠴᠠᠯᠠᠯᠲᠠ᠎ᠳᠤ ᠮᠠᠰᠢ ᠤᠯᠠᠨ ᠰᠢᠨ᠎ᠡ ᠪᠠᠢᠳᠠᠯ ᠲᠤᠯᠭᠠᠷᠠᠵᠤ᠂ ᠨᠠᠮ᠎ᠤᠨ ᠳᠣᠲᠣᠭᠠᠳᠤ᠎ᠳᠤ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ᠎ᠳᠦ ᠡᠭᠦᠷᠭᠡ ᠬᠦᠨᠳᠦ ᠵᠠᠮ ᠬᠤᠯᠠ ᠪᠠᠢᠭᠰᠠᠭᠠᠷ᠃

ᠪᠠᠢᠳᠠᠯ ᠬᠡᠳᠦᠢ ᠬᠦᠨᠳᠦ ᠬᠡᠴᠡᠭᠦᠦ᠂ ᠡᠭᠦᠷᠭᠡ ᠬᠡᠳᠦᠢ ᠬᠠᠲᠠᠭᠤ ᠪᠡᠷᠬᠡ ᠪᠣᠯᠬᠤ ᠲᠤᠳᠤᠮ᠂ ᠨᠠᠮ ᠲᠤᠭ᠍ᠰᠢᠨ ᠳᠠᠪᠠᠯᠭᠠᠨ ᠰᠢᠷᠦᠭᠦᠨ ᠤᠷᠤᠰᠬᠠᠯ᠎ᠤᠨ ᠳᠤᠮᠳᠠ ᠠᠶᠠᠯᠠᠯ᠎ᠤᠨ ᠴᠢᠭᠯᠡᠯ᠎ᠢᠶᠡᠨ ᠲᠣᠭᠲᠠᠭᠠᠨ᠂ ᠮᠢᠩᠭᠠᠨ ᠳᠠᠷᠪᠠᠭᠤᠯ᠎ᠤᠨ ᠳᠤᠮᠳᠠ ᠵᠣᠷᠢᠭ᠍ᠲᠠᠢ᠎ᠪᠠᠷ ᠲᠦᠷᠦᠭᠦᠨ᠎ᠳᠦ ᠵᠣᠭᠰᠣᠬᠤ᠎ᠶᠢ ᠲᠡᠳᠦᠢ ᠱᠠᠭᠠᠷᠳᠠᠨ᠎ᠠ᠃ ᠭᠠᠭᠴᠠ ᠬᠦ᠌ ᠴᠠᠭ ᠢᠮᠠᠭᠲᠠ ᠴᠠᠭ ᠦᠶ᠎ᠡ᠎ᠶᠢᠨ ᠬᠥᠭᠵᠢᠯᠲᠡ᠎ᠶᠢᠨ ᠱᠠᠭᠠᠷᠳᠠᠯᠭ᠎ᠠ᠎ᠪᠠᠷ ᠥᠪᠡᠷ᠎ᠢ᠎ᠪᠡᠨ ᠬᠢᠨᠠᠨ ᠰᠢᠨᠵᠢᠵᠦ᠂ ᠴᠢᠩᠭ᠎ᠠ ᠰᠠᠨᠠᠭᠠᠰᠢᠷᠠᠬᠤ ᠤᠬᠠᠮᠰᠠᠷ᠎ᠢᠶᠠᠷ ᠥᠪᠡᠷ᠎ᠢ᠎ᠪᠡᠨ ᠰᠡᠷᠡᠮᠵᠢᠯᠡᠭᠦᠯᠤᠨ᠂ ᠴᠢᠩᠭ᠎ᠠ ᠰᠠᠬᠢᠯᠭ᠎ᠠ ᠪᠠᠲᠤ᠎ᠪᠠᠷ ᠥᠪᠡᠷ᠎ᠢ᠎ᠪᠡᠨ ᠳᠠᠪᠲᠠᠨ ᠪᠣᠯᠪᠠᠰᠤᠷᠠᠭᠤᠯᠪᠠᠯ ᠰᠠᠶᠢ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠦᠨᠡᠨ ᠬᠦ᠌ ᠪᠠᠲᠤᠯᠠᠵᠤ ᠴᠢᠳᠠᠨ᠎ᠠ᠃

《ᠪᠢ ᠤᠯᠠᠨ ᠲᠠᠯᠠᠪᠤᠷ᠎ᠲᠤ ᠶᠠᠷᠢᠶ᠎ᠠ ᠲᠠᠯᠪᠢᠬᠤ᠎ᠳᠠᠭᠠᠨ᠂ ᠨᠠᠮ᠎ᠢ ᠬᠠᠮᠢᠶᠠᠷᠴᠤ ᠨᠠᠮ᠎ᠢ ᠵᠠᠰᠠᠬᠤ ᠲᠠᠯ᠎ᠠ᠎ᠪᠠᠷ ᠴᠢᠩᠭ᠎ᠠ ᠪᠠᠢᠬᠤ ᠦᠨᠳᠦᠰᠦᠨ ᠬᠦᠭ ᠠᠶᠠᠰ᠎ᠢ ᠭᠤᠢᠪᠢᠰᠢ ᠦᠭᠡᠢ ᠪᠠᠷᠢᠮᠲᠠᠯᠠᠬᠤ ᠬᠡᠷᠡᠭᠲᠡᠢ ᠭᠡᠵᠦ ᠲᠠᠬᠢᠨ ᠳᠠᠪᠲᠠᠨ ᠴᠢᠬᠤᠯᠠᠴᠢᠯᠠᠵᠤ ᠪᠠᠢᠭ᠎ᠠ ᠨᠢ ᠳᠠᠷᠤᠢ ᠶᠠᠪᠤᠬᠤ ᠲᠤᠳᠤᠮ ᠴᠢᠩᠭ᠎ᠠ ᠪᠣᠯᠬᠤ ᠳᠣᠬᠢᠶ᠎ᠠ᠎ᠶᠢ ᠲᠠᠯᠪᠢᠬᠤ ᠭᠡᠰᠡᠨ ᠶᠠᠪᠤᠳᠠᠯ ᠪᠣᠯᠣᠨ᠎ᠠ᠃ ᠨᠠᠮ᠎ᠤᠨ ᠲᠥᠪ ᠬᠣᠷᠢᠶ᠎ᠠ᠎ᠡᠴᠡ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ᠎ᠶᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠡ ᠬᠤᠷᠠᠯ᠎ᠤᠨ ᠵᠥᠪᠯᠡᠬᠦ ᠵᠦᠢᠯ ᠪᠣᠯᠭᠠᠬᠤ᠎ᠪᠠᠷ ᠲᠣᠭᠲᠠᠭᠠᠭᠰᠠᠨ ᠨᠢ ᠮᠥᠨ ᠴᠦ᠍ ᠡᠨᠡ ᠬᠦ᠌ ᠪᠣᠳᠣᠯᠬᠢᠯᠠᠯ᠎ᠳᠤ ᠰᠠᠭᠤᠷᠢᠯᠠᠭᠰᠠᠨ ᠶᠤᠮ》 ᠭᠡᠵᠦ ᠶᠡᠷᠦᠩᠭᠡᠢ ᠱᠦᠵᠢ ᠰᠢ ᠵᠢᠨ ᠫᠢᠩ ᠵᠢᠭᠠᠵᠤ ᠭᠠᠷᠭᠠᠪᠠ᠃

ᠡᠨᠡ ᠪᠣᠯ ᠪᠦᠬᠦ ᠨᠠᠮ᠎ᠤᠨ ᠳᠡᠭᠡᠳᠦ ᠬᠡᠮᠵᠢᠶᠡᠨ᠎ᠦ ᠪᠦᠯᠬᠦᠮᠳᠡᠯ ᠨᠢᠭᠡᠳᠦᠯ᠂ ᠨᠠᠮ᠎ᠤᠨ ᠰᠡᠳᠬᠢᠯ ᠴᠡᠷᠢᠭ᠎ᠦᠨ ᠰᠡᠳᠬᠢᠯ ᠠᠷᠠᠳ᠎ᠤᠨ ᠰᠡᠳᠬᠢᠯ᠎ᠢ  ᠳᠡᠭᠡᠳᠦ ᠬᠡᠮᠵᠢᠶ᠎ᠡ᠎ᠪᠡᠷ ᠨᠢᠭ᠍ᠲᠠᠷᠠᠭᠤᠯᠬᠤ ᠰᠠᠢᠨ ᠰᠠᠢᠬᠠᠨ ᠤᠯᠤᠰ ᠲᠦᠷᠦ᠎ᠶᠢᠨ ᠪᠠᠢᠳᠠᠯ᠎ᠢ ᠪᠡᠬᠢᠵᠢᠭᠦᠯᠦᠨ ᠬᠥᠭᠵᠢᠭᠦᠯᠬᠦ᠎ᠶᠢᠨ ᠵᠠᠢᠯᠠᠰᠢ ᠦᠭᠡᠢ ᠱᠠᠭᠠᠷᠳᠠᠯᠭ᠎ᠠ ᠮᠦᠨ ︱

ᠠᠷᠪᠠ ᠭᠠᠷᠤᠢ ᠵᠢᠯ᠎ᠦᠨ ᠴᠤᠴᠠᠰᠢ ᠦᠭᠡᠢ ᠲᠡᠮᠡᠴᠡᠯ᠂ ᠵᠢᠳᠬᠦᠯ ᠴᠢᠷᠮᠠᠢᠯᠭ᠎ᠠ᠎ᠪᠠᠷ᠂ ᠰᠢᠨ᠎ᠡ ᠴᠠᠭ ᠦᠶ᠎ᠡ᠎ᠶᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠭᠤᠤ ᠶᠡᠬᠡ ᠦᠢᠯᠡᠳᠦᠯᠭᠡ ᠨᠢ 105 ᠵᠢᠯ᠎ᠦᠨ ᠨᠠᠮ᠎ᠤᠨ ᠲᠡᠦᠬᠡᠨ᠎ᠳᠦ ᠰᠦᠷ ᠳᠠᠯᠠᠢᠴᠠᠲᠠᠢ 《ᠲᠡᠦᠬᠡ᠎ᠶᠢᠨ ᠴᠠᠭ ᠬᠤᠭᠤᠴᠠᠭ᠎ᠠ》 ᠶ᠋ᠢ ᠰᠡᠢᠯᠵᠡᠢ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ 《ᠳᠥᠷᠪᠡᠨ ᠪᠦᠬᠦ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠯ᠎ᠳᠤ ᠣᠷᠣᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ 《ᠳᠦᠷᠪᠡᠨ ᠠᠭᠤᠤ ᠶᠡᠬᠡ》 ᠶ᠋ᠢ ᠶᠡᠷᠦᠩᠬᠡᠢᠯᠡᠨ ᠵᠢᠯᠤᠭᠣᠳᠬᠤ ᠵᠠᠩᠭᠢᠯᠠᠭ᠎ᠠ ᠪᠣᠯᠭᠠᠵᠤ᠂ ᠪᠦᠬᠦ ᠨᠠᠮ᠎ᠤᠨ ᠲᠡᠭᠡᠳᠦ ᠳᠤᠤᠷᠠᠳᠦ ᠱᠠᠲᠦ ᠵᠢ ᠤᠳᠤᠷᠢᠳᠤᠨ ᠦᠵᠡᠯ ᠰᠠᠨᠠᠭᠠᠨ᠎ᠤ ᠲᠠᠯ᠎ᠠ᠎ᠪᠠᠷ ᠴᠢᠩᠭ᠎ᠠ᠂ ᠬᠢᠨᠠᠯᠲᠠ᠎ᠶᠢᠨ ᠲᠠᠯ᠎ᠠ᠎ᠪᠠᠷ ᠴᠢᠩᠭ᠎ᠠ᠂ ᠰᠠᠬᠢᠯᠭ᠎ᠠ ᠪᠠᠲᠤ ᠵᠢ ᠬᠡᠷᠡᠭᠵᠢᠭᠦᠯᠬᠦ ᠲᠠᠯ᠎ᠠ᠎ᠪᠠᠷ ᠴᠢᠩᠭ᠎ᠠ᠂ ᠠᠯᠪᠠᠨ ᠲᠤᠰᠢᠶᠠᠯᠲᠠᠨ᠎ᠢ ᠵᠠᠰᠠᠬᠤ ᠲᠠᠯ᠎ᠠ᠎ᠪᠠᠷ ᠴᠢᠩᠭ᠎ᠠ᠂ ᠰᠤᠷᠲᠠᠯ᠎ᠤᠨ ᠲᠠᠯ᠎ᠠ᠎ᠪᠠᠷ ᠴᠢᠩᠭ᠎ᠠ᠂ ᠢᠯᠵᠢᠷᠠᠯ᠎ᠢ ᠡᠰᠡᠷᠭᠦᠴᠡᠬᠦ ᠲᠠᠯ᠎ᠠ᠎ᠪᠠᠷ ᠴᠢᠨᠭᠭ᠎ᠠ ᠪᠠᠢᠬᠤ ᠵᠢ ᠡᠷᠡᠰ ᠭᠤᠢᠪᠢᠰᠢ ᠦᠭᠡᠢ ᠠᠳᠬᠤᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ᠎ᠳᠤ ᠠᠭᠤᠵᠢᠭᠤ ᠰᠤᠯᠠ ᠵᠥᠭᠡᠯᠡᠨ ᠪᠠᠢᠬᠤ ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠤᠷᠳᠤ ᠬᠤᠭᠤᠴᠠᠭ᠎ᠠ᠎ᠪᠠᠷ ᠬᠤᠷᠢᠭᠯᠠᠵᠤ ᠳᠡᠢᠯᠦᠭᠡ ᠦᠭᠡᠢ ᠪᠠᠢᠭᠰᠠᠨ ᠵᠠᠷᠢᠮ ᠭᠠᠵᠢᠭᠤ ᠰᠤᠷᠲᠠᠯ᠎ᠢ ᠬᠣᠷᠢᠭ᠍ᠯᠠᠵᠤ᠂ ᠤᠯᠠᠨ ᠵᠢᠯ᠎ᠦᠨ ᠲᠤᠷᠰᠢ ᠠᠷᠢᠯᠭᠠᠭ᠎ᠠ ᠦᠭᠡᠢ ᠪᠠᠢᠭᠰᠠᠨ ᠵᠠᠷᠢᠮ ᠠᠷᠬᠠᠭ ᠭᠡᠮ᠎ᠢ ᠵᠠᠯᠠᠷᠠᠭᠤᠯᠵᠤ᠂ ᠵᠠᠭᠤᠨ ᠵᠢᠯ᠎ᠦᠨ ᠲᠣᠮᠣ᠌ ᠨᠠᠮ᠎ᠤᠨ ᠳᠦᠷᠰᠦ ᠪᠠᠢᠳᠠᠯ ᠴᠣ ᠰᠢᠨ᠎ᠡ ᠪᠣᠯᠵᠤ᠂ ᠨᠠᠮ ᠪᠠ ᠠᠷᠠᠳ ᠲᠦᠮᠡᠨ ᠨᠠᠮ᠎ᠢ ᠬᠦᠴᠦᠷᠬᠡᠭᠵᠢᠭᠦᠯᠵᠦ ᠤᠯᠤᠰ᠎ᠢ ᠬᠦᠴᠦᠷᠬᠡᠭᠵᠢᠭᠦᠯᠬᠦ ᠲᠡᠦᠬᠡ᠎ᠶᠢᠨ ᠰᠠᠨᠠᠭᠠᠴᠢᠯᠠᠭ᠎ᠠ᠎ᠶᠢ ᠤᠯᠵᠠᠢ᠃

ᠰᠢᠨ᠎ᠡ ᠴᠠᠭ ᠦᠶ᠎ᠡ᠎ᠶᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠭᠰᠠᠨ ᠡᠯᠪᠡᠭ ᠪᠠᠶᠠᠯᠢᠭ᠋ ᠦᠷ᠎ᠡ ᠪᠦᠲᠦᠭᠡᠯ ᠨᠢ ᠡᠷᠬᠢᠮ ᠨᠠᠨᠳᠢᠨ ᠲᠤᠷᠰᠢᠯᠭ᠎ᠠ ᠪᠠ ᠤᠶᠤᠨ ᠤᠬᠠᠭᠠᠨ᠎ᠢ ᠨᠢᠭ᠍ᠲᠠᠷᠠᠭᠤᠯᠵᠤ᠂ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ ᠢᠳᠡ ᠬᠦᠴᠦᠨ ᠪᠠ ᠢᠲᠡᠭᠡᠯ ᠵᠤᠷᠢᠭ᠎ᠢ ᠪᠠᠲᠤᠳᠬᠠᠪᠠ᠃

ᠶᠡᠷᠦᠩᠬᠡᠢ ᠱᠦᠵᠢ ᠰᠢ᠎ᠶᠢᠨ ᠫᠢᠩ᠎ᠤᠨ᠄《ᠭᠠᠭᠴᠠ ᠬᠦ᠌ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ ᠨᠠᠮ᠎ᠢ ᠵᠠᠰᠠᠬᠤ ᠡᠷᠬᠢᠮ ᠨᠠᠨᠳᠢᠨ ᠲᠤᠷᠰᠢᠯᠭ᠎ᠠ᠎ᠶᠢ ᠰᠠᠢᠲᠤᠷ ᠪᠠᠷᠢᠮᠲᠠᠯᠠᠨ᠂ ᠰᠠᠢᠲᠤᠷ ᠬᠡᠷᠡᠭᠯᠡᠵᠦ᠂ ᠨᠠᠮ᠎ᠢ ᠬᠠᠮᠢᠶᠠᠷᠴᠤ ᠨᠠᠮ᠎ᠢ ᠵᠠᠰᠠᠭᠰᠠᠨ ᠠᠮᠵᠢᠯᠲᠠ ᠪᠦᠲᠦᠮᠵᠢ ᠪᠣᠯᠣᠨ ᠰᠠᠢᠨ ᠰᠠᠢᠬᠠᠨ ᠤᠯᠤᠰ ᠲᠦᠷᠦ᠎ᠶᠢᠨ ᠪᠠᠢᠳᠠᠯ᠎ᠢ ᠰᠠᠢᠲᠤᠷ ᠪᠡᠬᠢᠵᠢᠭᠦᠯᠤᠨ᠂ ᠰᠠᠢᠲᠤᠷ ᠬᠥᠭᠵᠢᠭᠦᠯᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠪᠠᠯ᠂ ᠨᠠᠮ ᠰᠠᠶᠢ ᠥᠨᠢ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ ᠦᠭᠡᠢ ᠰᠤᠷᠳᠠᠯ ᠬᠤᠪᠢᠷᠠᠬᠤ ᠦᠭᠡᠢ ᠪᠠᠢᠵᠤ᠂ ᠥᠨᠢ ᠡᠭᠦᠷᠢᠳᠡ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ ᠪᠠ ᠳᠡᠮᠵᠢᠯᠭᠡ᠎ᠶᠢ ᠣᠯᠵᠤ ᠴᠢᠳᠠᠨ᠎ᠠ》 ᠭᠡᠵᠦ ᠬᠡᠯᠡᠭᠰᠡᠨ ᠦᠭᠡ ᠪᠤᠯᠭᠠᠨ ᠨᠢ ᠲᠤᠰᠤᠯᠳᠠ ᠬᠦᠨᠳᠦ ᠤᠳᠬ᠎ᠠ ᠭᠦᠨ ᠪᠠᠢᠯ᠎ᠠ᠃

ᠡᠨᠡ ᠪᠣᠯ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠵᠦ᠂ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠯᠠᠪᠳᠠᠭᠤᠨ᠎ᠢᠶᠠᠷ ᠠᠯᠤᠰ᠎ᠢ ᠵᠣᠷᠢᠬᠤ᠎ᠶᠢ ᠠᠬᠢᠭᠤᠯᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠮᠦᠨ ︱

ᠨᠠᠮ ᠪᠠ ᠠᠷᠠᠳ ᠲᠦᠮᠡᠨ᠎ᠦ ᠦᠢᠯᠡᠰ ᠬᠥᠭᠵᠢᠭᠡᠳ ᠶᠠᠮᠠᠷ ᠱᠠᠲᠤᠨ᠎ᠳᠤ ᠬᠥᠷᠪᠡᠯ᠂ ᠨᠠᠮ᠎ᠤᠨ ᠪᠠᠢᠭᠤᠯᠤᠯᠲᠠ᠎ᠶᠢ ᠲᠡᠷᠡ ᠱᠠᠲᠤᠨ᠎ᠳᠤ ᠬᠦᠷᠲᠡᠯ᠎ᠡ ᠠᠬᠢᠭᠤᠯᠬᠤ ᠬᠡᠷᠡᠭᠲᠡᠢ᠃

ᠣᠳᠣᠬᠠᠨ᠎ᠳᠤ᠂ ᠮᠠᠨ᠎ᠤ ᠤᠯᠤᠰ᠎ᠤᠨ ᠬᠥᠭᠵᠢᠯᠲᠡ ᠨᠢᠭᠡᠨᠲᠡ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠠᠭᠤᠷᠢ ᠵᠢ ᠪᠠᠲᠤᠳᠬᠠᠵᠤ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠴᠠᠭ ᠦᠶ᠎ᠡ᠎ᠳᠦ ᠣᠷᠣᠭᠠᠳ ᠪᠤᠢ᠃ 《ᠠᠷᠪᠠᠨ ᠲᠠᠪᠤᠳᠤᠭᠠᠷ ᠲᠠᠪᠤᠨ ᠵᠢᠯ》᠂ 《ᠠᠷᠪᠠᠨ ᠵᠢᠷᠭᠤᠳᠤᠭᠠᠷ ᠲᠠᠪᠤᠨ ᠵᠢᠯ》 ᠦ᠋ᠨ ᠴᠥᠬᠥᠷᠡᠰᠢ ᠦᠭᠡᠢ ᠴᠢᠷᠮᠠᠢᠯᠭ᠎ᠠ᠎ᠪᠠᠷ ᠳᠠᠮᠵᠢᠨ᠂ 2035 ᠣᠨ ᠪᠣᠯᠬᠤ᠎ᠳᠤ ᠮᠠᠨ᠎ᠤ ᠤᠯᠤᠰ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠪᠣᠯᠣᠨ᠎ᠠ᠃

《〈ᠠᠷᠪᠠᠨ ᠲᠠᠪᠤᠳᠤᠭᠠᠷ ᠲᠠᠪᠤᠨ ᠵᠢᠯ〉 ᠦ᠋ᠨ ᠬᠤᠭᠤᠴᠠᠭᠠᠨ᠎ᠳᠠᠬᠢ ᠬᠠᠷᠠᠯᠲᠠ ᠡᠭᠦᠷᠭᠡ᠎ᠶᠢ ᠤᠷᠤᠭᠰᠢᠲᠠᠢ ᠪᠡᠶᠡᠯᠡᠭᠦᠯᠵᠦ ᠴᠢᠳᠠᠬᠤ ᠡᠰᠡᠬᠦ᠎ᠳᠦ ᠨᠠᠮ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠤᠳᠤᠷᠢᠳᠬᠤ ᠴᠢᠳᠠᠪᠤᠷᠢ ᠪᠠ ᠲᠦᠪᠰᠢᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠤᠨ᠎ᠡ᠂ ᠪᠦᠬᠦ ᠨᠠᠮ᠎ᠢᠶᠠᠷ᠎ᠢᠶᠠᠨ ᠡᠨᠡ ᠲᠠᠯ᠎ᠠ᠎ᠪᠠᠷ ᠶᠡᠬᠡᠬᠡᠨ ᠬᠦᠴᠦ ᠣᠷᠣᠭᠤᠯᠬᠤ ᠬᠡᠷᠡᠭᠲᠡᠢ》᠃ 2026 ᠣᠨ᠎ᠤ 1 ᠰᠠᠷ᠎ᠠ᠎ᠶᠢᠨ 20᠎ᠤ᠋ ᠡᠳᠦᠷ᠂ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠬᠤ ᠺᠠᠳ᠋ᠷ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ ᠴᠢᠩ ᠰᠡᠳᠬᠢᠯ ᠡᠴᠡ ᠪᠡᠨ ᠶᠠᠷᠢᠪᠠ᠃

ᠠᠤᠭ᠎ᠠ ᠵᠢᠷᠤᠭ ᠲᠥᠰᠥᠪ᠎ᠢ ᠪᠣᠳᠠᠲᠤ ᠠᠬᠤᠢ ᠪᠣᠯᠭᠠᠬᠤ᠎ᠳᠤ ᠡᠷᠬᠡᠪᠰᠢ ᠨᠠᠮ᠎ᠢ ᠰᠠᠢᠲᠤᠷ ᠪᠠᠢᠭᠤᠯᠤᠨ᠂ ᠬᠦᠴᠦᠷᠬᠡᠭᠵᠢᠭᠦᠯᠤᠨ ᠪᠠᠢᠭᠤᠯᠵᠤ᠂ ᠨᠠᠮ᠎ᠤᠨ ᠤᠯᠤᠰ ᠲᠦᠷᠦ᠎ᠶᠢᠨ ᠳᠠᠪᠠᠭᠤᠯᠢᠭ᠋᠂ ᠦᠵᠡᠯ ᠰᠠᠨᠠᠭᠠᠨ᠎ᠤ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠂ ᠰᠤᠷᠲᠠᠯ᠎ᠤᠨ ᠳᠠᠪᠠᠭᠤᠯᠢᠭ᠋᠎ᠢ ᠴᠢᠨᠠᠭᠰᠢᠳᠠ ᠴᠢᠩᠭᠠᠳᠬᠠᠵᠤ᠂ ᠨᠠᠮ᠎ᠤᠨ ᠤᠯᠤᠰ ᠲᠦᠷᠦ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠦ ᠵᠣᠬᠢᠶᠠᠨ ᠪᠠᠶ᠋ᠢᠭᠤᠯᠬᠤ ᠬᠦᠴᠦᠨ᠂ ᠨᠡᠢᠭᠡᠮ᠎ᠦᠨ ᠤᠷᠢᠶᠠᠯᠠᠬᠤ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃

ᠮᠦᠴᠢᠷ᠎ᠢ ᠨᠢ ᠰᠠᠬᠤᠯᠢᠭ᠋ ᠪᠣᠯᠭᠠᠶ᠎ᠠ ᠭᠡᠪᠡᠯ ᠦᠨᠳᠦᠰᠦ᠎ᠶᠢ ᠨᠢ ᠭᠦᠨ ᠪᠠᠢᠯᠭᠠᠬᠤ ᠬᠡᠷᠡᠭᠲᠡᠢ᠃

2026 ᠣᠨ᠎ᠤ 6 ᠰᠠᠷ᠎ᠠ᠎ᠶᠢᠨ 15᠎ᠤ᠋ ᠡᠳᠦᠷ᠂ ᠪᠦᠬᠦ ᠤᠯᠤᠰ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠷᠢᠯᠴᠠᠬᠤ ᠬᠤᠷᠠᠯ ᠪᠡᠭᠡᠵᠢᠩ᠎ᠳᠦ ᠬᠤᠷᠠᠯᠳᠤᠵᠤ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠪᠠᠢᠷᠢᠯᠠᠭᠤᠯᠤᠯᠲᠠ ᠬᠢᠪᠡ᠃

ᠰᠢ ᠵᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠨᠠᠮ᠎ᠤᠨ ᠪᠠᠢᠭᠤᠯᠤᠯᠲᠠ ᠵᠢᠨ ᠬᠠᠭᠤᠳᠠᠰᠤ ᠪᠣᠯᠤᠭᠰᠠᠨ᠎ᠤ ᠬᠤᠪᠢ᠎ᠳᠦ᠂ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠮᠠᠷᠺᠰ᠎ᠤᠨ ᠦᠵᠡᠯ᠎ᠦᠨ ᠨᠠᠮ ᠪᠠᠶ᠋ᠢᠭᠤᠯᠬᠤ ᠤᠨᠤᠯ ᠰᠤᠷᠭᠠᠯ᠎ᠢ ᠵᠠᠯᠭᠠᠮᠵᠢᠯᠠᠨ ᠬᠥᠭᠵᠢᠭᠦᠯᠵᠦ᠂ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠲᠤᠷᠰᠢᠯᠭ᠎ᠠ ᠰᠤᠷᠭᠠᠮᠵᠢ᠎ᠶᠢ ᠳ᠋ᠦᠩᠨᠡᠨ ᠲᠣᠯᠢᠳᠠᠵᠤ᠂ 《ᠬᠣᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠵᠤ ᠤᠨᠤᠯ᠎ᠤᠨ ᠰᠢᠨ᠎ᠡ ᠡᠭᠦᠳᠦᠯᠲᠡ᠎ᠶᠢ ᠠᠬᠢᠭᠤᠯᠤᠭᠰᠠᠨ ᠴᠢᠬᠤᠯᠠ ᠶᠡᠬᠡ ᠦᠷ᠎ᠡ ᠪᠦᠲᠦᠭᠡᠯ ᠪᠠᠢᠵᠤ᠂ ᠰᠢᠨ᠎ᠡ ᠴᠠᠭ ᠦᠶ᠎ᠡ᠎ᠶᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠦᠢᠯᠡᠳᠦᠯᠭᠡ᠎ᠶᠢᠨ ᠲᠤᠷᠰᠢᠯᠭ᠎ᠠ᠎ᠶᠢᠨ ᠰᠢᠰᠲ᠋ᠸᠮ ᠲᠠᠢ ᠳ᠋ᠦᠩᠨᠡᠯᠲᠡ ᠪᠠ ᠤᠨᠤᠯ᠎ᠤᠨ ᠳᠡᠭᠡᠭᠰᠢᠯᠡᠯᠲᠡ ᠮᠥᠨ᠃

ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ 《ᠠᠷᠪᠠᠨ ᠲᠦᠷᠪᠡ᠎ᠵᠢ ᠪᠠᠷᠢᠮᠲᠠᠯᠠᠬᠤ》 ᠨᠢ ᠶᠠᠮᠠᠷ ᠶᠠᠩᠵᠤ᠎ᠶᠢᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠪᠠᠶ᠋ᠢᠭᠤᠯᠬᠤ᠂ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠬᠡᠷᠬᠢᠨ ᠪᠠᠶ᠋ᠢᠭᠤᠯᠬᠤ ᠭᠡᠬᠦ ᠡᠨᠡ ᠬᠦ᠌ ᠴᠢᠬᠤᠯᠠ ᠶᠡᠬᠡ ᠴᠠᠭ ᠦᠶ᠎ᠡ᠎ᠶᠢᠨ ᠰᠡᠳᠦᠪ᠎ᠢ ᠬᠠᠷᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠭᠡᠭᠴᠢ ᠶᠠᠭᠤ ᠪᠣᠯᠬᠤ᠂ ᠶᠠᠭᠤ ᠬᠢᠬᠦ ᠭᠡᠰᠡᠨ ᠡᠨᠡ ᠬᠦ᠌ ᠦᠨᠳᠦᠰᠦᠨ ᠠᠰᠠᠭᠤᠳᠠᠯ᠎ᠢ ᠬᠠᠷᠢᠭᠤᠯᠵᠤ᠂ ᠰᠢᠨ᠎ᠡ ᠴᠠᠭ ᠦᠶ᠎ᠡ᠎ᠶᠢᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶᠢᠨ ᠠᠰᠠᠭᠤᠳᠠᠯ᠎ᠢ ᠬᠠᠷᠢᠭᠤᠯᠵᠤ᠂ ᠨᠠᠮ᠎ᠢ ᠬᠦᠴᠦᠷᠬᠡᠭᠵᠢᠭᠦᠯᠵᠦ ᠤᠯᠤᠰ᠎ᠢ ᠬᠦᠴᠦᠷᠬᠡᠭᠵᠢᠭᠦᠯᠬᠦ᠎ᠶᠢᠨ ᠳᠣᠲᠣᠭᠠᠳᠤ ᠬᠠᠷᠢᠴᠠᠭ᠎ᠠ᠎ᠶᠢ ᠢᠯᠡᠷᠡᠭᠦᠯᠵᠦ᠂ ᠤᠨᠤᠯ ᠦᠢᠯᠡᠳᠦᠯᠭᠡ᠎ᠤᠶᠠᠯᠳᠤᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠎ᠳᠦ ᠦᠨᠳᠦᠰᠦᠨ ᠵᠢᠷᠤᠮᠯᠠᠯ ᠬᠠᠩᠭᠠᠵᠠᠢ᠃

《ᠢᠲᠡᠭᠡᠯ ᠵᠣᠷᠢᠭ᠋᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠬᠦ᠎ᠳᠦ᠂ ᠡᠷᠬᠡᠪᠰᠢ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠬᠡᠷᠡᠭᠲᠡᠢ》᠃

ᠲᠡᠦᠬᠡ ᠪᠣᠯᠣᠨ ᠢᠷᠡᠭᠡᠳᠦᠢ᠎ᠶᠢᠨ ᠠᠭᠤᠯᠵᠠᠷ ᠳᠡᠭᠡᠷ᠎ᠡ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠡᠭᠦᠷᠢᠳᠡ ᠵᠣᠭᠰᠣᠰᠢ ᠦᠭᠡᠢ ᠪᠠᠢᠬᠤ ᠡᠷᠡᠰ ᠪᠠᠲᠤ ᠪᠠᠷᠢᠮᠲᠠᠯᠠᠯ᠎ᠢᠶᠠᠷ᠂ ᠵᠣᠷᠢᠭ᠍ᠲᠠᠢ᠎ᠪᠠᠷ ᠬᠢᠲᠤᠭᠠᠨ ᠢᠷ᠎ᠢ ᠳᠣᠲᠣᠭ᠍ᠰᠢ᠎ᠪᠠᠨ ᠬᠠᠨᠳᠤᠭᠤᠯᠵᠤ᠂ ᠵᠣᠷᠢᠭ᠍ᠲᠠᠢ᠎ᠪᠠᠷ ᠶᠠᠰᠤ᠎ᠪᠠᠨ ᠬᠤᠰᠤᠨ ᠬᠣᠣᠷ᠎ᠢ ᠡᠮᠨᠡᠵᠦ᠂ ᠥᠪᠡᠷ᠎ᠢ᠎ᠪᠡᠨ  ᠲᠠᠰᠤᠷᠠᠯᠳᠡ ᠦᠭᠡᠢ ᠤᠷᠮᠠᠰᠢᠭᠤᠯᠤᠨ᠂ ᠲᠡᠭᠦᠯᠳᠡᠷᠵᠢᠭᠦᠯᠵᠦ᠂ ᠳᠡᠭᠡᠭᠰᠢᠯᠡᠭᠦᠯᠦᠨ᠂ ᠢᠮᠠᠭᠲᠠ ᠴᠠᠭ ᠦᠶ᠎ᠡ᠎ᠶᠢᠨ ᠤᠷᠤᠰᠬᠠᠯ᠂ ᠦᠢᠯᠡᠳᠦᠯᠭᠡ᠎ᠶᠢᠨ ᠬᠥᠭᠵᠢᠯᠲᠡ ᠪᠣᠯᠣᠨ ᠠᠷᠠᠳ ᠲᠦᠮᠡᠨ᠎ᠦ ᠱᠠᠭᠠᠷᠳᠠᠯᠭ᠎ᠠ᠎ᠶᠢ ᠲᠠᠭᠠᠵᠤ᠂ ᠵᠠᠭᠤᠨ ᠵᠢᠯ᠎ᠦᠨ ᠶᠡᠬᠡ ᠨᠠᠮ ᠨᠢ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠰᠢᠨ᠎ᠡ ᠠᠬᠤᠢ ᠪᠠᠢᠳᠠᠯ᠎ᠢ ᠴᠢᠷᠮᠠᠢᠨ ᠡᠭᠦᠳᠴᠡᠢ᠃

ᠪᠦᠬᠦ ᠨᠠᠮ᠎ᠤᠨ ᠤᠶᠤᠨ ᠤᠬᠠᠭᠠᠨ᠎ᠢ ᠨᠢᠭ᠍ᠲᠠᠷᠠᠭᠤᠯᠵᠤ᠂ ᠠᠷᠠᠳᠴᠢᠯᠠᠯ᠎ᠢ ᠭᠦᠢᠴᠡᠳ ᠪᠠᠳᠠᠷᠠᠭᠤᠯᠪᠠ 

— ᠳᠤᠭᠳᠠᠭᠠᠯ᠎ᠢ ᠲᠤᠭᠤᠷᠪᠢᠬᠤ ᠠᠵᠢᠯ᠎ᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠤᠳᠤᠷᠢᠳᠤᠯᠭ᠎ᠠ ᠳᠣᠣᠷ᠎ᠠ ᠶᠠᠪᠤᠭᠳᠠᠭᠤᠯᠵᠤ᠂ ᠢᠮᠠᠭᠲᠠ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠪᠠᠲᠤ ᠴᠢᠩᠭ᠎ᠠ ᠲᠡᠦᠬᠡ᠎ᠶᠢᠨ ᠡᠬᠦᠷᠬᠡᠳᠦ ᠰᠡᠳᠬᠢᠯᠬᠡ ᠪᠡᠷ ᠯᠠᠪᠳᠠᠭᠤᠨ ᠪᠦᠲᠦᠮᠵᠢᠲᠡᠢ ᠶᠠᠪᠤᠭᠳᠠᠭᠤᠯᠪᠠ

2026 ᠣᠨ᠎ᠤ 1 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶᠢᠨ ᠲᠣᠪᠴᠢᠶ᠎ᠡ ᠵᠢᠨ ᠪᠠᠢᠩᠭᠤ᠎ᠶᠢᠨ ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶᠢᠨ ᠲᠣᠪᠴᠢᠶ᠎ᠠ ᠤᠷᠢᠳ ᠬᠣᠵᠢᠳ ᠬᠤᠷᠠᠯᠳᠤᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠤᠨ ᠪᠢᠴᠢᠭ ᠮᠠᠲᠧᠷᠢᠶᠠᠯ᠎ᠢ ᠲᠤᠭᠤᠷᠪᠢᠬᠤ ᠳᠤᠭᠤᠢᠯᠠᠩ᠎ᠢ ᠪᠠᠢᠭᠤᠯᠬᠤ ᠪᠡᠷ ᠲᠤᠭᠳᠠᠵᠦ᠂ ᠶᠡᠷᠦᠩᠬᠡᠢ ᠱᠦᠵᠢ ᠰᠢ ᠵᠢᠨ ᠫᠢᠩ᠎ᠢᠶᠡᠷ ᠳᠤᠭᠤᠢᠯᠠᠩ᠎ᠤᠨ ᠳᠠᠷᠤᠭ᠎ᠠ ᠪᠤᠯᠭᠠᠪᠠ᠃

ᠪᠡᠶ᠎ᠡ᠎ᠪᠡᠷ᠎ᠢᠶᠡᠨ ᠮᠠᠩᠯᠠᠢᠯᠠᠵᠤ᠂ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠪᠠ᠃ ᠪᠢᠴᠢᠭ ᠮᠠᠲᠧᠷᠢᠶᠠᠯ᠎ᠢ ᠲᠤᠭᠤᠷᠪᠢᠬᠤ ᠶᠠᠪᠤᠴᠠ᠎ᠳᠤ᠂ ᠶᠡᠷᠦᠩᠬᠡᠢ ᠱᠦᠵᠢ ᠰᠢ ᠵᠢᠨ ᠫᠢᠩ ᠬᠦᠴᠦ ᠬᠥᠯᠥᠰᠦ᠎ᠪᠡᠨ ᠶᠡᠬᠡ ᠬᠡᠮᠵᠢᠶ᠎ᠠ ᠪᠡᠷ ᠰᠢᠪᠬᠠᠵᠤ᠂ ᠤᠯᠠᠨ ᠤᠳᠠᠭ᠎ᠠ ᠬᠤᠷᠠᠯ ᠡᠷᠬᠢᠯᠡᠨ ᠬᠤᠷᠠᠯᠳᠤᠭᠤᠯᠬᠤ᠎ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠴᠣᠬᠣᠯᠠᠪᠤᠷᠢ ᠥᠭᠴᠦ᠂ ᠪᠡᠶ᠎ᠡ᠎ᠪᠡᠷ᠎ᠢᠶᠡᠨ ᠳᠦᠯᠦᠪᠵᠢᠭᠦᠯᠦᠨ ᠪᠠᠢᠷᠢᠯᠠᠭᠤᠯᠵᠦ᠂ ᠪᠦᠬᠦ ᠶᠠᠪᠤᠴᠠ᠎ᠳᠤ ᠵᠢᠯᠤᠭᠣᠳᠤᠨ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠰᠤᠳᠠᠯ᠎ᠢ ᠪᠠᠷᠢᠵᠤ ᠴᠢᠭᠯᠡᠯ᠎ᠢ ᠲᠣᠭᠲᠠᠭᠠᠨ᠂ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠡᠢ᠃

2026 ᠣᠨ᠎ᠤ 2 ᠰᠠᠷ᠎ᠠ᠎ᠶᠢᠨ 6 ᠎ᠤ᠋ ᠡᠳᠦᠷ᠂ ᠪᠡᠭᠡᠵᠢᠩ᠎ᠦᠨ ᠵᠦᠩ ᠨᠠᠨ ᠬᠠᠢ᠎ᠶᠢᠨ ᠬᠤᠸᠠᠢ ᠷᠧᠨ ᠲᠠᠩ᠎ᠳᠤ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠪᠢᠴᠢᠭ ᠮᠠᠲᠧᠷᠢᠶᠠᠯ᠎ᠢ ᠲᠤᠭᠤᠷᠪᠢᠬᠤ ᠳᠤᠭᠤᠢᠯᠠᠩ᠎ᠤᠨ ᠠᠩᠬᠠᠳᠤᠭᠠᠷ ᠪᠦᠬᠦᠳᠠ ᠬᠤᠷᠠᠯ᠎ᠢ ᠡᠷᠬᠢᠯᠡᠨ ᠬᠤᠷᠠᠯᠳᠤᠭᠤᠯᠵᠤ᠂ ᠪᠢᠴᠢᠭ ᠮᠠᠲᠧᠷᠢᠶᠠᠯ᠎ᠢ ᠲᠤᠭᠤᠷᠪᠢᠬᠤ ᠠᠵᠢᠯ ᠵᠢᠩᠬᠢᠨᠢ᠎ᠪᠡᠷ ᠡᠬᠢᠯᠡᠪᠡ᠃

ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠶᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠂ ᠪᠢᠴᠢᠭ ᠮᠠᠲᠧᠷᠢᠶᠠᠯ᠎ᠢ ᠲᠤᠭᠤᠷᠪᠢᠬᠤ᠎ᠳᠤ ᠬᠣᠷᠸ᠎ᠠ ᠲᠠᠯ᠎ᠠ᠎ᠡᠴᠡ ᠡᠵᠡᠮᠳᠡᠬᠦ ᠴᠢᠬᠤᠯᠠᠲᠠᠢ ᠳᠥᠷᠪᠡᠨ ᠲᠠᠯ᠎ᠠ᠎ᠶᠢᠨ ᠱᠠᠭᠠᠷᠳᠠᠯᠭ᠎ᠠ᠎ᠶᠢ ᠤᠨᠴᠠᠭᠠᠢᠯᠠᠨ ᠴᠢᠬᠤᠯᠠᠴᠢᠯᠠᠪᠠ᠃

ᠴᠢᠩᠭ᠎ᠠ ᠪᠠᠢᠬᠤ ᠬᠦᠭ ᠠᠶᠠᠰ᠎ᠢ ᠪᠠᠷᠢᠮᠳᠡᠯᠡᠬᠤ ᠭᠡᠷᠡᠭᠲᠡᠢ —

《ᠨᠠᠮ᠎ᠤᠨ ᠪᠠᠢᠭᠤᠯᠤᠯᠲᠠ᠎ᠶᠢᠨ ᠡᠯ᠎ᠡ ᠵᠦᠢᠯ᠎ᠦᠨ ᠠᠵᠢᠯ᠎ᠤᠨ ᠪᠠᠷᠢᠮᠵᠢᠶ᠎ᠠ ᠴᠢᠩᠭ᠎ᠠ ᠪᠠᠢᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ᠂ ᠺᠠᠳ᠋ᠷᠴᠤᠳ᠎ᠤᠨ ᠬᠥᠮᠦᠵᠢᠯ ᠬᠠᠮᠢᠶᠠᠷᠤᠯᠲᠠ ᠬᠢᠨᠠᠯᠲᠠ ᠴᠢᠩᠭ᠎ᠠ ᠪᠠᠢᠵᠤ᠂ ᠨᠠᠵᠠᠭᠠᠢ ᠰᠤᠷᠲᠠᠯ ᠪᠣᠯᠣᠨ ᠢᠯᠵᠢᠷᠡᠮᠡᠯ ᠦᠵᠡᠭᠳᠡᠯ᠎ᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠴᠢᠩᠭ᠎ᠠ ᠪᠠᠢᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠳᠤ ᠴᠢᠩᠭ᠎ᠠ ᠪᠠᠢᠬᠤ ᠬᠡᠷᠡᠭᠲᠡᠢ᠃ ᠬᠡᠯᠡᠯᠭᠡᠨ ᠦᠭᠡᠢ᠂〈ᠴᠢᠩᠭ᠎ᠠ〉 ᠪᠠᠢᠬᠤ ᠲᠠᠯ᠎ᠠ᠎ᠪᠠᠷ ᠠᠷᠭ᠎ᠠ ᠬᠡᠮᠵᠢᠶ᠎ᠡ᠎ᠶᠢ ᠡᠷᠬᠢᠮᠯᠡᠵᠦ᠂ ᠦᠷ᠎ᠡ ᠪᠦᠲᠦᠮᠵᠢ᠎ᠶᠢ ᠡᠷᠬᠢᠮᠯᠡᠬᠦ ᠬᠡᠷᠡᠭᠲᠡᠢ》᠃

ᠰᠢᠨᠵᠢᠯᠡᠬᠦ ᠤᠬᠠᠭᠠᠨᠴᠢ ᠵᠣᠷᠢᠭ᠋ ᠰᠠᠨᠠᠭ᠎ᠠ᠎ᠶᠢ ᠪᠠᠳᠠᠷᠠᠭᠤᠯᠬᠤ ᠭᠡᠷᠡᠭᠲᠡᠢ —

《ᠰᠢᠨᠵᠢᠯᠡᠬᠦ ᠤᠬᠠᠭᠠᠨᠴᠢ ᠦᠵᠡᠯ ᠰᠠᠨᠠᠭᠠᠨ᠎ᠤ ᠠᠷᠭ᠎ᠠ ᠪᠣᠯᠣᠨ ᠠᠵᠢᠯ᠎ᠤᠨ ᠠᠷᠭ᠎ᠠ᠎ᠶᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠪᠠᠢᠳᠠᠯ ᠡᠭᠦᠷᠭᠡ᠎ᠶᠢ ᠣᠨᠣᠪᠴᠢᠲᠠᠢ ᠡᠵᠡᠮᠳᠡᠵᠦ᠂ ᠨᠠᠮ᠎ᠤᠨ ᠪᠠᠢᠭᠤᠯᠤᠯᠲᠠ᠎ᠶᠢᠨ ᠵᠢᠮ᠎ᠡ ᠶᠣᠰᠣ᠌᠎ᠶᠢ ᠵᠢᠷᠤᠮᠯᠠᠵᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠣᠯᠣᠨ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠦᠨᠳᠦᠰᠦ᠎ᠶᠢ ᠠᠳᠬᠤᠨ᠂ ᠭᠣᠣᠯᠳᠠᠯᠭ᠎ᠠ᠎ᠶᠢ ᠲᠤᠪᠤᠢ᠍ᠢᠯᠭᠠᠵᠤ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠮ᠎ᠤᠨ ᠪᠠᠢᠭᠤᠯᠤᠯᠲᠠ᠎ᠶᠢᠨ ᠰᠢᠨᠵᠢᠯᠡᠬᠦ ᠤᠬᠠᠭᠠᠨᠴᠢᠯᠠᠭᠰᠠᠨ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠢᠯᠠᠩᠭᠤᠶ᠎ᠠ ᠠᠮᠵᠢᠯᠲᠠ᠎ᠪᠠᠨ ᠳ᠋ᠦᠩᠨᠡᠬᠦ᠂ ᠠᠰᠠᠭᠤᠳᠠᠯ᠎ᠢ ᠲᠤᠰᠬᠠᠬᠤ᠎ᠳᠠᠭᠠᠨ ᠦᠨᠡᠨ᠎ᠡᠴᠡ ᠵᠥᠪ᠎ᠢ ᠡᠷᠢᠵᠦ᠂ ᠨᠠᠮ᠎ᠤᠨ ᠪᠠᠢᠭᠤᠯᠤᠯᠲᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠠᠬᠢᠭᠤᠯᠬᠤ᠎ᠳᠤ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠠᠵᠢᠯ᠎ᠤᠨ ᠠᠷᠭ᠎ᠠ ᠬᠡᠮᠵᠢᠶ᠎ᠡ᠎ᠶᠢ ᠳᠤᠷᠠᠳᠬᠤ᠎ᠳᠠᠭᠠᠨ ᠡᠷᠬᠡᠪᠰᠢ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ ᠬᠡᠷᠡᠭᠲᠡᠢ》᠃

ᠰᠢᠰᠲᠧᠮᠳᠤ ᠦᠵᠡᠯᠲᠡ ᠵᠢ ᠴᠢᠨᠭᠭᠠᠳᠬᠠᠬᠤ ᠭᠡᠷᠡᠭᠲᠡᠢ —

《ᠰᠢᠰᠲᠧᠮᠲᠦ ᠰᠡᠳᠬᠢᠬᠦᠢ᠎ᠶᠢ ᠪᠠᠷᠢᠮᠲᠠᠯᠠᠵᠤ᠂ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠂ ᠦᠵᠡᠯ ᠰᠠᠨᠠᠭᠠᠨ᠎ᠤ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ᠂ ᠰᠠᠬᠢᠯᠭ᠎ᠠ ᠪᠠᠲᠤ᠎ᠶᠢᠨ ᠪᠠᠢᠭᠤᠯᠤᠯᠲᠠ ᠪᠣᠯᠣᠨ ᠳᠦᠷᠢᠮ᠎ᠦᠨ ᠪᠠᠢᠭᠤᠯᠤᠯᠲᠠ᠂ ᠢᠯᠵᠢᠷᠡᠯ᠎ᠢ ᠡᠰᠡᠷᠭᠦᠴᠡᠬᠦ ᠲᠡᠮᠡᠴᠡᠯ ᠵᠡᠷᠭᠡ᠎ᠶᠢ ᠣᠷᠭᠠᠨᠢᠭ᠋ ᠪᠦᠬᠦᠯᠢ ᠴᠣᠭᠴᠠ ᠪᠣᠯᠭᠠᠨ ᠲᠥᠯᠥᠪᠵᠢᠭᠦᠯᠦᠨ ᠠᠬᠢᠭᠤᠯᠵᠤ᠂ ᠪᠦᠬᠦᠯᠢ ᠴᠣᠭᠴᠠ᠎ᠶᠢᠨ ᠦᠷ᠎ᠡ ᠪᠦᠲᠦᠮᠵᠢ᠎ᠶᠢ ᠴᠢᠩᠭᠠᠳᠬᠠᠨ᠎ᠠ᠂ ᠰᠤᠳᠤᠯᠤᠨ ᠳᠤᠷᠠᠳᠤᠭᠰᠠᠨ ᠡᠯ᠎ᠡ ᠵᠦᠢᠯ᠎ᠦᠨ ᠰᠡᠳᠬᠢᠴᠡ ᠠᠷᠭ᠎ᠠ ᠬᠡᠮᠵᠢᠶ᠎ᠡ᠎ᠶᠢ ᠬᠠᠷᠢᠯᠴᠠᠨ ᠰᠠᠯᠭᠠᠵᠤ᠂ ᠬᠤᠪᠢᠨ᠎ᠤ ᠪᠤᠳᠤᠬ᠍ᠰᠠᠨ᠎ᠢᠶᠠᠷ᠎ᠢᠶᠠᠨ ᠬᠢᠵᠦ ᠪᠣᠯᠬᠤ ᠦᠭᠡᠢ᠂ ᠨᠡᠩ ᠴᠤ᠌ ᠬᠠᠷᠢᠯᠴᠠᠨ ᠬᠠᠷᠰᠢᠯᠠᠵᠤ᠂ ᠬᠠᠷᠢᠯᠴᠠᠨ ᠮᠥᠷᠭᠥᠯᠳᠦᠭᠡᠨ ᠭᠠᠷᠭᠠᠵᠤ ᠪᠣᠯᠬᠤ ᠦᠭᠡᠢ》᠃

ᠡᠬᠦᠷᠬᠡ ᠬᠠᠷᠢᠭᠤᠴᠠᠯᠭ᠎ᠠ᠎ᠳᠤ ᠦᠢᠯᠡᠴᠢᠯᠡᠬᠦ ᠭᠡᠷᠡᠭᠲᠡᠢ —

《ᠨᠠᠮ᠎ᠤᠨ ᠪᠠᠢᠭᠤᠯᠤᠯᠲᠠ ᠨᠢ ᠳᠦᠭᠵᠢᠮᠡᠯ ᠠᠵᠢᠯᠯᠠᠭᠠᠨ ᠬᠢᠵᠦ ᠪᠣᠯᠬᠤ ᠦᠭᠡᠢ᠂ ᠡᠷᠬᠡᠪᠰᠢ ᠠᠭᠤᠤ ᠶᠡᠬᠡ ᠨᠠᠮ᠎ᠤᠨ ᠪᠠᠢᠭᠤᠯᠤᠯᠲᠠ᠎ᠶᠢᠨ ᠪᠠᠢᠷᠢᠰᠢᠯ᠎ᠢ ᠪᠠᠷᠢᠮᠲᠠᠯᠠᠵᠤ᠂ ᠨᠠᠮ᠎ᠤᠨ ᠪᠠᠢᠭᠤᠯᠤᠯᠲᠠ᠎ᠶᠢᠨ ᠡᠯ᠎ᠡ ᠵᠦᠢᠯ᠎ᠦᠨ ᠠᠵᠢᠯ᠎ᠢ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠳᠦ ᠠᠭᠤᠰᠤᠯᠴᠠᠭᠤᠯᠵᠤ᠂ ᠬᠠᠷᠢᠯᠴᠠᠨ ᠠᠬᠢᠭᠤᠯᠵᠤ᠂ ᠬᠠᠷᠢᠯᠴᠠᠨ ᠬᠠᠪᠰᠤᠷᠤᠯᠴᠠᠨ ᠬᠠᠷᠢᠯᠴᠠᠨ ᠳᠤᠪᠤᠢ᠍ᠢᠯᠭᠠᠬᠤ᠎ᠶᠢ ᠪᠡᠶᠡᠯᠡᠭᠦᠯᠤᠨ᠎ᠠ᠃ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠲᠥᠯᠥᠪᠵᠢᠭᠦᠯᠬᠦ ᠎ᠳᠤ᠂ ᠨᠠᠮ᠎ᠤᠨ ᠭᠣᠣᠯ ᠡᠭᠦᠷᠭᠡ ᠪᠣᠯᠣᠨ ᠠᠵᠢᠯ᠎ᠤᠨ ᠶᠡᠬᠡ ᠲᠠᠯ᠎ᠠ᠎ᠳᠤ ᠠᠰᠢᠭ᠍ᠲᠠᠢ ᠡᠰᠡᠬᠦ᠎ᠶᠢ ᠪᠣᠳᠣᠯᠬᠢᠯᠠᠵᠤ᠂ ᠤᠴᠢᠷ ᠶᠠᠪᠤᠳᠠᠯ᠎ᠢ ᠰᠢᠢᠳᠪᠦᠷᠢᠯᠡᠬᠦ ᠪᠣᠯᠣᠨ ᠬᠥᠮᠥᠨ᠎ᠢ ᠬᠠᠮᠢᠶᠠᠷᠬᠤ᠎ᠶᠢ ᠨᠢᠭᠡᠳᠬᠡᠬᠦ᠎ᠶᠢ ᠪᠠᠷᠢᠮᠲᠠᠯᠠᠵᠤ᠂ 〈ᠬᠣᠶᠠᠷ ᠨᠢᠭᠤᠷᠳᠡᠨ〉 ᠢ᠋ ᠰᠡᠷᠭᠡᠢᠯᠡᠬᠦ ᠬᠡᠷᠡᠭᠲᠡᠢ》᠃

ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠱᠠᠭᠠᠷᠳᠠᠯᠭ᠎ᠠ ᠶᠣᠰᠣᠭᠠᠷ᠂ ᠪᠢᠴᠢᠭ ᠮᠠᠲᠧᠷᠢᠶᠠᠯ᠎ᠢ ᠲᠤᠭᠤᠷᠪᠢᠬᠤ ᠠᠵᠢᠯ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢᠬᠢ ᠨᠠᠮ᠎ᠢ  ᠪᠦᠬᠦ ᠲᠠᠯ᠎ᠠ᠎ᠪᠠᠷ ᠴᠢᠩᠭ᠎ᠠ ᠵᠠᠰᠠᠭᠰᠠᠨ ᠠᠮᠵᠢᠯᠲᠠ ᠪᠦᠲᠦᠮᠵᠢ ᠪᠣᠯᠣᠨ ᠲᠤᠷᠰᠢᠯᠭ᠎ᠠ᠎ᠶᠢ ᠰᠠᠢᠲᠤᠷ ᠡᠮᠬᠢᠯᠡᠨ ᠳ᠋ᠦᠩᠨᠡᠵᠦ᠂ ᠨᠠᠮ᠎ᠤᠨ ᠪᠠᠢᠳᠠᠯ᠎ᠤᠨ ᠰᠢᠨ᠎ᠡ ᠬᠤᠪᠢᠷᠠᠯᠲᠠ᠎ᠶᠢ ᠣᠨᠣᠪᠴᠢᠲᠠᠢ ᠡᠵᠡᠮᠳᠡᠵᠦ᠂ ᠨᠠᠮ᠎ᠤᠨ ᠪᠠᠢᠭᠤᠯᠤᠯᠲᠠ᠎ᠳᠤ ᠲᠤᠯᠭᠠᠷᠠᠵᠤ ᠪᠠᠢᠭ᠎ᠠ ᠰᠢᠨ᠎ᠡ ᠪᠠᠢᠳᠠᠯ ᠰᠢᠨ᠎ᠡ ᠠᠰᠠᠭᠤᠳᠠᠯ ᠰᠢᠨ᠎ᠡ ᠣᠷᠴᠢᠨ᠎ᠢ ᠨᠡᠪᠲᠡ ᠵᠠᠳᠠᠯᠵᠤ᠂ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠶᠡᠷᠦᠩᠬᠡᠢ ᠱᠠᠭᠠᠷᠳᠠᠯᠭ᠎ᠠ᠎ᠶᠢ ᠣᠨᠣᠪᠴᠢᠲᠠᠢ ᠬᠤᠷᠢᠶᠠᠩᠭᠤᠢᠯᠠᠵᠤ᠂ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠳᠤᠷᠠᠳᠪᠠ᠃

ᠳᠡᠭᠡᠳᠦ᠎ᠱᠠᠳᠤᠨ᠎ᠤ ᠬᠢᠨ ᠭᠤᠤᠯ ᠴᠢᠭᠯᠡᠯ᠎ᠢ ᠠᠳᠬᠤᠵᠦ᠂ ᠦᠨᠳᠦᠰᠦᠨ ᠱᠠᠳᠤᠨ᠎ᠤ ᠬᠢᠨ ᠨᠠᠷᠢᠯᠢᠭ ᠬᠤᠪᠢᠶᠠᠷᠢᠯᠡᠨ ᠨᠠᠢᠳᠠᠪᠤᠷᠢᠵᠢᠭᠤᠯᠪᠠ᠃

ᠬᠡᠷᠬᠢᠨ ᠤᠯᠤᠰ ᠲᠦᠷᠦ᠎ᠶᠢᠨ ᠬᠢᠨᠠᠯᠲᠠ᠎ᠶᠢ ᠪᠣᠳᠠᠲᠠᠢᠵᠢᠭᠤᠯᠬᠤ᠂ ᠨᠠᠷᠢᠯᠢᠭ᠍ᠵᠢᠭᠤᠯᠬᠤ᠂ ᠪᠠᠢᠩᠭᠤᠵᠢᠭᠤᠯᠬᠤ᠎ᠶᠢ ᠠᠬᠢᠭᠤᠯᠵᠤ᠂ ᠪᠦᠬᠦ ᠨᠠᠮ᠎ᠢᠶᠠᠷ᠎ᠢᠶᠠᠨ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ ᠬᠠᠮᠠᠭᠠᠯᠠᠬᠤ᠎ᠶᠢ ᠠᠬᠢᠭᠤᠯᠬᠤ ᠪᠤᠢ? ᠬᠡᠷᠬᠢᠨ ᠣᠨᠣᠯ ᠤ᠋ᠨ ᠬᠥᠮᠦᠵᠢᠯ ᠪᠣᠯᠪᠠᠰᠤᠷᠠᠯ᠎ᠤᠨ ᠶᠠᠰᠤ ᠴᠢᠨᠠᠷ ᠢ᠋ ᠳᠡᠭᠡᠭᠰᠢᠯᠡᠭᠦᠯᠬᠦ ᠪᠣᠶ?ᠬᠡᠷᠬᠢᠨ ᠬᠤᠳᠠ ᠬᠥᠳᠡᠭᠡ᠎ᠶᠢᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠦᠨᠳᠦᠰᠦᠨ ᠱᠠᠲᠤᠨ᠎ᠤ ᠵᠠᠰᠠᠯᠲᠠ᠎ᠶᠢ ᠤᠳᠤᠷᠢᠳᠬᠤ ᠴᠢᠳᠠᠪᠤᠷᠢ᠎ᠶᠢ ᠳᠡᠭᠡᠭᠰᠢᠯᠡᠭᠦᠯᠬᠦ ᠪᠤᠢ? ᠬᠡᠷᠬᠢᠨ ᠦᠩᠭᠡᠨ ᠲᠠᠯ᠎ᠠ ᠪᠠ ᠦᠨᠳᠦᠰᠦ᠎ᠡᠴᠡ ᠨᠢ ᠵᠠᠰᠠᠬᠤ᠎ᠶᠢ ᠭᠦᠨᠵᠡᠭᠡᠢᠷᠡᠭᠦᠯᠵᠦ᠂ ᠰᠤᠷᠳᠠᠯ ᠢᠯᠵᠢᠷᠡᠯ᠎ᠢ ᠵᠡᠷᠭᠡ᠎ᠪᠡᠷ ᠪᠠᠢᠴᠠᠭᠠᠵᠤ ᠵᠡᠷᠭᠡ᠎ᠪᠡᠷ ᠵᠠᠰᠠᠬᠤ᠎ᠶᠢ ᠴᠢᠩᠭᠠᠳᠬᠠᠬᠤ ᠪᠤᠢ? ᠬᠡᠷᠬᠢᠨ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ᠎ᠶᠢᠨ ᠳᠠᠷᠤᠯᠲᠠ᠎ᠶᠢ ᠭᠦᠢᠴᠡᠳ ᠳᠠᠮᠵᠢᠭᠤᠯᠬᠤ ᠦᠭᠡᠢ ᠪᠠᠢᠬᠤ᠎ᠶᠢ ᠰᠡᠷᠭᠡᠢᠯᠡᠬᠦ ᠪᠤᠢ?

᠁

ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠎ᠦᠨ ᠳᠤᠷᠠᠳᠤᠭᠰᠠᠨ ᠪᠢᠴᠢᠭ ᠮᠠᠲᠧᠷᠢᠶᠠᠯ᠎ᠢ ᠲᠤᠭᠤᠷᠪᠢᠬᠤ᠎ᠳᠤ ᠭᠦᠨᠵᠡᠭᠡᠢ ᠰᠤᠳᠤᠯᠬᠤ ᠴᠢᠬᠤᠯᠠᠲᠠᠢ 8 ᠲᠠᠯ᠎ᠠ᠎ᠶᠢᠨ 39 ᠴᠢᠬᠤᠯᠠ ᠶᠡᠬᠡ ᠠᠰᠠᠭᠤᠳᠠᠯ ᠨᠢ ᠨᠠᠮ᠎ᠤᠨ ᠪᠠᠢᠭᠤᠯᠤᠯᠲᠠ᠎ᠶᠢᠨ ᠡᠯ᠎ᠡ ᠲᠠᠯ᠎ᠠ᠎ᠳᠤ ᠬᠣᠯᠪᠣᠭᠳᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠪᠦᠬᠦ ᠬᠦᠷᠢᠶ᠎ᠡ ᠪᠦᠬᠦ ᠶᠠᠪᠤᠴᠠ᠎ᠶᠢ ᠬᠠᠮᠤᠷᠴᠤ᠂ ᠪᠢᠴᠢᠭ ᠮᠠᠲᠧᠷᠢᠶᠠᠯ᠎ᠢ ᠲᠤᠭᠤᠷᠪᠢᠬᠤ᠎ᠳᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃

ᠶᠡᠷᠦᠩᠬᠡᠢ ᠱᠦᠵᠢ ᠰᠢ ᠵᠢᠨ ᠫᠢᠩ᠎ᠦᠨ ᠨᠠᠩ ᠣᠯᠠᠨ ᠣᠶᠤᠨ ᠴᠢᠳᠠᠯ᠎ᠢᠶᠠᠨ ᠠᠰᠠᠭᠤᠳᠠᠯ᠎ᠢ ᠰᠤᠳᠤᠯᠤᠨ ᠵᠠᠳᠠᠯᠬᠤ᠂ ᠪᠦᠲᠦᠮᠵᠢᠲᠡᠶ ᠪᠥᠭᠡᠳ ᠲᠤᠰᠠᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠬᠤ ᠳᠡᠭᠡᠷ᠎ᠡ ᠲᠠᠯᠪᠢᠬᠤ ᠬᠡᠷᠡᠭᠲᠡᠢ ᠭᠡᠰᠡᠨ ᠴᠢᠬᠤᠯᠠ ᠵᠢᠭᠠᠪᠤᠷᠢ ᠶᠣᠰᠣᠭᠠᠷ᠂ ᠪᠢᠴᠢᠭ ᠮᠠᠲᠧᠷᠢᠶᠠᠯ ᠲᠤᠭᠤᠷᠪᠢᠬᠤ ᠳᠤᠭᠤᠢᠯᠠᠩ ᠪᠥᠬᠥᠳᠡ ᠬᠤᠷᠠᠯ᠎ᠤᠨ ᠵᠥᠪᠯᠡᠬᠦ ᠰᠡᠳᠦᠪ᠎ᠦᠨ ᠲᠣᠭᠣᠷᠢᠨ᠎ᠳᠤ 23 ᠭᠣᠣᠯᠳᠠᠯᠭ᠎ᠠ᠎ᠲᠠᠢ ᠰᠡᠳᠦᠪ ᠭᠠᠷᠭᠠᠵᠤ᠂ 16 ᠨᠢᠭᠡᠴᠢ᠎ᠳᠦ ᠨᠠᠢᠳᠠᠨ ᠰᠤᠳᠤᠯᠤᠭᠤᠯᠪᠠ᠃ ᠡᠯ᠎ᠡ ᠰᠡᠳᠦᠪ᠎ᠢ ᠳᠠᠭᠠᠭᠠᠨ ᠡᠭᠦᠷᠭᠡᠯᠡᠭᠰᠡᠨ ᠨᠢᠭᠡᠴᠢ ᠬᠤᠷᠴᠠ ᠴᠢᠳᠠᠮᠠᠭᠠᠢ ᠬᠦᠴᠦᠨ᠎ᠢᠶᠡᠨ ᠵᠣᠬᠢᠶᠠᠨ ᠪᠠᠢᠭᠤᠯᠤᠨ ᠪᠣᠭᠣᠮᠲᠠ ᠰᠢᠪᠲᠤᠯᠵᠤ᠂ 28 ᠬᠤᠪᠢ ᠴᠢᠨᠠᠷ ᠰᠠᠢᠲᠠᠢ ᠰᠤᠳᠤᠯᠭᠠᠨ᠎ᠤ ᠮᠡᠳᠡᠭᠦᠯᠦᠯᠲᠡ᠎ᠶᠢ ᠪᠦᠷᠢᠯᠳᠦᠭᠦᠯᠵᠦ᠂ ᠲᠣᠭᠲᠠᠭᠠᠯ᠎ᠤᠨ ᠨᠣᠣᠷᠠᠭ᠎ᠢ ᠲᠤᠭᠤᠷᠪᠢᠬᠤ᠎ᠳᠤ ᠡᠯᠪᠡᠭ ᠪᠠᠶᠠᠯᠢᠭ᠋ ᠪᠣᠷᠣ᠌ ᠮᠠᠲᠧᠷᠢᠶᠠᠯ ᠪᠠ ᠬᠦᠴᠦᠲᠡᠢ ᠲᠤᠯᠭᠠᠭᠤᠷᠢᠯᠠᠯ ᠬᠠᠩᠭᠠᠪᠠ᠃

2026 ᠣᠨ᠎ᠤ 5 ᠰᠠᠷ᠎ᠠ᠎ᠶᠢᠨ 6 ᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠱᠠᠩᠬᠠᠢ᠎ᠳᠤ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠶᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠪᠢᠴᠢᠭ ᠮᠠᠲᠧᠷᠢᠶᠠᠯ᠎ᠢ ᠲᠤᠭᠤᠷᠪᠢᠬᠤ ᠠᠵᠢᠯ᠎ᠳᠤ ᠤᠯᠠᠮ ᠴᠢᠨᠠᠭᠰᠢᠳᠠ ᠱᠠᠭᠠᠷᠳᠠᠯᠭ᠎ᠠ ᠳᠤᠷᠠᠳᠴᠠᠢ —

《ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠶᠤᠮ᠂ ᠡᠷᠬᠡᠪᠰᠢ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠬᠡᠷᠡᠭᠲᠡᠢ》;

《ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ ᠪᠣᠯ ᠨᠢᠭᠡ ᠵᠦᠢᠯ᠎ᠦᠨ ᠨᠠᠷᠢᠨ ᠪᠤᠳᠤᠯᠢᠶᠠᠨᠲᠠᠢ ᠰᠢᠰᠲᠧᠮᠲᠦ ᠢᠨᠵᠧᠨᠧᠷᠢᠩ ᠮᠥᠨ᠂ ᠡᠷᠬᠡᠪᠰᠢ ᠰᠢᠰᠲᠧᠮ᠎ᠲᠠᠢ ᠲᠥᠯᠥᠪᠵᠢᠭᠦᠯᠵᠦ᠂ ᠶᠡᠷᠦᠩᠬᠡᠢᠯᠡᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ》;

《ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ᠎ᠶᠢ ᠦᠨᠢ ᠡᠬᠦᠷᠢᠳᠡ ᠪᠠᠷᠢᠮᠳᠠᠯᠠᠨ ᠠᠬᠢᠭᠤᠯᠬᠤ᠎ᠳᠤ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠦᠨᠡᠨ ᠬᠦ᠌ ᠬᠠᠲᠠᠭᠤ᠎ᠲᠠᠢ ᠨᠢ ᠬᠠᠯᠳᠠᠵᠤ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ》;

《ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ ᠪᠣᠯ ᠪᠦᠬᠦ ᠨᠠᠮ᠎ᠤᠨ ᠬᠠᠮᠲᠤ᠎ᠶᠢᠨ ᠬᠠᠷᠢᠭᠤᠴᠠᠯᠭ᠎ᠠ ᠮᠥᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠢᠯᠠᠩᠭᠤᠶ᠎ᠠ ᠭᠣᠣᠯ ᠬᠠᠷᠢᠭᠤᠴᠠᠯᠭᠠᠲᠠᠨ ᠨᠥᠬᠥᠳ ᠡᠨᠡ ᠬᠦ᠌ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠦᠨᠡᠨ ᠬᠦ᠌ ᠡᠭᠦᠷᠭᠡᠯᠡᠬᠦ ᠬᠡᠷᠡᠭᠲᠡᠢ》᠃

ᠭᠤᠤᠯᠳᠠᠯᠭ᠎ᠠ ᠵᠢ ᠰᠠᠢᠳᠤᠷ ᠠᠳᠬᠤᠵᠦ᠂ ᠤᠷᠢᠳᠴᠢᠯᠠᠨ ᠨᠢᠬᠡᠳᠦᠯᠳᠡᠢ ᠤᠬᠠᠭᠠᠯᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠪᠠᠢᠩᠭᠤ᠎ᠶᠢᠨ ᠬᠤᠷᠢᠶ᠎ᠠ ᠵᠢᠨ ᠤᠳᠤᠷᠢᠳᠤᠯᠭ᠎ᠠ ᠳᠣᠣᠷ᠎ᠠ ᠪᠢᠴᠢᠭ ᠮᠠᠲᠧᠷᠢᠶᠠᠯ ᠲᠤᠭᠤᠷᠪᠢᠬᠤ ᠠᠵᠢᠯ ᠯᠠᠪᠳᠠᠭᠤᠨ ᠪᠦᠭᠡᠳ ᠡᠮᠬᠢ ᠵᠢᠷᠤᠮ᠎ᠲᠠᠢ ᠠᠬᠢᠪᠡ᠃ ᠪᠢᠴᠢᠭ ᠮᠠᠲᠧᠷᠢᠶᠠᠯ ᠲᠤᠭᠤᠷᠪᠢᠬᠤ ᠳᠤᠭᠤᠢᠯᠠᠩ᠎ᠤᠨ ᠪᠦᠬᠦ ᠨᠥᠬᠥᠳ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠤᠷᠢᠶ᠎ᠠ ᠵᠢᠨ ᠬᠦᠨᠳᠦ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠢᠮᠠᠭᠲᠠ ᠳᠡᠭᠡᠳᠦ ᠬᠡᠮᠵᠢᠶᠡᠨ᠎ᠦ ᠤᠯᠤᠰ ᠲᠦᠷᠦ᠎ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠪᠠᠲᠤ ᠴᠢᠩᠭ᠎ᠠ ᠲᠡᠦᠬᠡ᠎ᠶᠢᠨ ᠬᠠᠷᠢᠭᠤᠴᠠᠯᠭᠠᠳᠤ ᠰᠡᠳᠬᠢᠯᠬᠡ᠎ᠲᠠᠢ ᠪᠠᠢᠵᠤ᠂ ᠪᠠᠢᠩᠭᠤᠵᠢᠭ᠍ᠰᠠᠨ ᠰᠤᠷᠤᠯᠴᠠᠨ ᠰᠤᠳᠤᠯᠤᠨ ᠶᠠᠷᠢᠯᠴᠠᠬᠤ ᠲᠣᠭᠲᠡᠴᠡ᠎ᠶᠢ ᠪᠠᠢᠭᠤᠯᠵᠤ᠂ ᠪᠦᠬᠦ ᠬᠦᠴᠦᠨ᠎ᠢᠶᠡᠷ᠎ᠢᠶᠡᠨ ᠴᠢᠷᠮᠠᠢᠵᠤ᠂ ᠬᠠᠮᠵᠢᠯᠴᠠᠨ ᠪᠠᠢᠯᠳᠤᠪᠠ᠃

ᠪᠦᠬᠦᠳᠡ ᠬᠤᠷᠠᠯ᠎ᠤᠨ ᠵᠥᠪᠯᠡᠬᠦ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠢᠴᠢᠭ ᠮᠠᠲᠧᠷᠢᠶᠠᠯ᠎ᠢ ᠲᠤᠭᠤᠷᠪᠢᠬᠤ ᠠᠵᠢᠯ ᠡᠬᠢᠯᠡᠮᠡᠭᠴᠡ᠎ᠪᠡᠨ ᠭᠦᠨᠵᠡᠭᠡᠢᠷᠡᠵᠦ᠂ ᠨᠠᠷᠢᠨ ᠲᠣᠳᠣᠷᠬᠠᠢ ᠬᠥᠲᠥᠯᠪᠦᠷᠢ ᠵᠢ ᠪᠦᠷᠢᠯᠳᠦᠬᠦᠯᠪᠡ᠃ ᠡᠭᠦᠨ᠎ᠢᠶᠡᠷ ᠰᠠᠭᠤᠷᠢ ᠪᠣᠯᠭᠠᠵᠤ᠂ ᠪᠢᠴᠢᠭ ᠮᠠᠲᠧᠷᠢᠶᠠᠯ᠎ᠢ ᠳᠠᠬᠢᠨ ᠳᠠᠪᠲᠠᠨ ᠶᠠᠷᠢᠯᠴᠠᠵᠤ᠂ ᠲᠤᠩᠭᠠᠨ ᠪᠣᠳᠣᠯᠬᠢᠯᠠᠵᠤ᠂ ᠲᠣᠭᠲᠠᠭᠠᠯ᠎ᠤᠨ ᠦᠢᠯᠡᠳᠦᠯᠭᠡ᠂ ᠠᠷᠠᠳ ᠲᠦᠮᠡᠨ ᠪᠠ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠴᠢᠳᠠᠬᠤ᠎ᠶᠢ ᠦᠨᠡᠨ ᠬᠦ᠌ ᠪᠠᠲᠤᠯᠠᠪᠠ᠃

ᠪᠢᠴᠢᠭ ᠮᠠᠲᠧᠷᠢᠶᠠᠯ ᠲᠤᠭᠤᠷᠪᠢᠬᠤ ᠠᠵᠢᠯ᠎ᠢ ᠰᠠᠢᠲᠤᠷ ᠬᠢᠬᠦ᠎ᠶᠢᠨ ᠲᠥᠯᠥᠭᠡ᠂ ᠨᠠᠮ᠎ᠤᠨ ᠰᠢᠨ᠎ᠡ ᠡᠭᠦᠳᠦᠯᠳᠡ ᠵᠢᠨ ᠤᠨᠤᠯ ᠪᠣᠯᠣᠨ ᠰᠤᠳᠤᠯᠭᠠᠨ᠎ᠤ ᠦᠷ᠎ᠡ ᠪᠦᠲᠦᠭᠡᠯ᠎ᠡᠴᠡ ᠴᠢᠭᠯᠡᠯ᠎ᠢᠶᠡᠨ ᠡᠷᠢᠵᠦ᠂ ᠠᠰᠠᠭᠤᠳᠠᠯ᠎ᠢᠶᠠᠨ ᠡᠷᠢᠵᠦ᠂ ᠠᠷᠭᠠᠴᠡᠭᠠᠬᠤ ᠪᠣᠳᠣᠯᠭ᠎ᠠ ᠡᠷᠢᠵᠦ᠂ ᠪᠢᠴᠢᠭ ᠮᠠᠲᠧᠷᠢᠶᠠᠯ ᠲᠤᠭᠤᠷᠪᠢᠬᠤ ᠳᠤᠭᠤᠢᠯᠠᠩ 3300 ᠭᠠᠷᠤᠢ ᠨᠢᠭᠤᠷ᠂ 187 ᠲᠦᠮᠡ ᠭᠠᠷᠤᠢ ᠦᠰᠦᠭ᠎ᠦᠨ ᠴᠢᠬᠤᠯᠠ ᠮᠠᠲᠧᠷᠢᠶᠠᠯ᠎ᠡᠴᠡ《ᠦᠨ᠎ᠠ ᠪᠡᠨ᠎ᠠ ᠳᠠᠢ ᠪᠤᠳᠠᠳᠤ ᠮᠠᠲᠸᠷᠢᠶᠡᠯ》ᠢ᠋ ᠰᠣᠩᠭᠣᠨ ᠬᠠᠭᠤᠯᠵᠤ᠂ ᠤᠬᠢ ᠰᠣᠳᠣ᠌᠎ᠶᠢ ᠴᠤᠭᠯᠠᠭᠤᠯᠤᠨ᠂ ᠪᠦᠬᠦᠳᠡ ᠬᠤᠷᠠᠯ᠎ᠤᠨ ᠵᠥᠪᠯᠡᠬᠦ ᠰᠡᠳᠦᠪ᠎ᠢ ᠬᠦᠷᠢᠶ᠎ᠡ ᠴᠠᠷᠠᠭ᠎ᠠ ᠬᠤᠪᠢᠶᠠᠭᠰᠠᠨ ᠰᠤᠳᠤᠯᠭᠠᠨ᠂ ᠪᠦᠬᠦᠳᠡ ᠬᠤᠷᠠᠯ᠎ᠤᠨ ᠵᠥᠪᠯᠡᠬᠦ ᠰᠡᠳᠦᠪ᠎ᠢ ᠬᠠᠷᠢᠭᠤ ᠲᠤᠰᠬᠠᠭᠰᠠᠨ ᠰᠠᠨᠠᠯ ᠮᠡᠳᠡᠭᠦᠯᠦᠯᠲᠡ᠎ᠳᠦ ᠳᠤᠷᠠᠳᠤᠭᠰᠠᠨ ᠠᠰᠠᠭᠤᠳᠠᠯ ᠪᠣᠯᠣᠨ ᠠᠷᠭᠠᠴᠡᠭᠠᠬᠤ ᠪᠣᠳᠣᠯᠭ᠎ᠠ ᠰᠠᠨᠠᠭᠤᠯᠭ᠎ᠠ ᠵᠡᠷᠭᠡ 5 ᠡᠬᠡ ᠲᠠᠩᠰᠠ᠎ᠶᠢ ᠪᠦᠷᠢᠯᠳᠦᠭᠦᠯᠵᠦ᠂ ᠪᠢᠴᠢᠭ ᠮᠠᠲᠧᠷᠢᠶᠠᠯ ᠲᠤᠭᠤᠷᠪᠢᠬᠤ ᠠᠵᠢᠯ᠎ᠢ ᠨᠡᠩ ᠢᠯᠡᠭᠦᠦ ᠲᠥᠪᠯᠡᠷᠡᠭᠦᠯᠦᠨ ᠬᠦᠴᠦᠯᠡᠵᠦ᠂ ᠨᠡᠩ ᠬᠠᠷᠠᠯᠲᠠ᠎ᠲᠠᠢ ᠪᠣᠯᠭᠠᠵᠠᠢ᠃

8 ᠰᠠᠷ᠎ᠠ ᠭᠠᠷᠤᠢ᠎ᠶᠢᠨ ᠬᠤᠭᠤᠴᠠᠭᠠᠨ᠎ᠳᠤ᠂ 5 ᠤᠳᠠᠭᠠᠨ᠎ᠤ ᠪᠥᠬᠥᠳᠡ ᠬᠤᠷᠠᠯ ᠪᠠ 35 ᠤᠳᠠᠭᠠᠨ᠎ᠤ ᠲᠤᠰᠬᠠᠢ ᠰᠡᠳᠦᠪᠲᠦ ᠬᠤᠷᠡᠯ ᠬᠤᠷᠠᠯᠳᠤᠵᠤ᠂ ᠲᠣᠭᠲᠠᠭᠠᠯ᠎ᠤᠨ ᠶᠠᠪᠤᠴᠠ᠎ᠶᠢᠨ ᠡᠬᠡ ᠨᠣᠣᠷᠠᠭ᠎ᠢ 36 ᠪᠦᠷᠢᠯᠳᠦᠭᠦᠯᠵᠡᠢ ᠁ ᠪᠢᠴᠢᠭ ᠮᠠᠲᠧᠷᠢᠶᠠᠯ ᠲᠤᠭᠤᠷᠪᠢᠬᠤ ᠳᠤᠭᠤᠢᠯᠠᠩ ᠵᠠᠰᠠᠭ᠎ᠤᠨ ᠠᠵᠢᠯ᠎ᠤᠨ ᠪᠦᠲᠦᠮᠵᠢ᠎ᠶᠢᠨ ᠳᠤᠬᠠᠢ ᠵᠦᠪ ᠦᠵᠡᠯᠲᠡ᠎ᠶᠢ ᠦᠢᠯᠡᠳᠦᠯᠭᠡᠵᠢᠭᠦᠯᠵᠦ᠂ ᠦᠨᠡᠨ᠎ᠡᠴᠡ ᠵᠥᠪ᠎ᠢ ᠡᠷᠢᠬᠦ᠂ ᠰᠢᠷᠭᠠᠭᠤ ᠠᠵᠢᠯᠯᠠᠬᠤ᠎ᠶᠢ ᠪᠠᠷᠢᠮᠲᠠᠯᠠᠵᠤ᠂ ᠲᠣᠭᠲᠠᠭᠠᠯ᠎ᠤᠨ ᠨᠣᠣᠷᠠᠭ᠎ᠲᠠᠬᠢ ᠰᠢᠨ᠎ᠡ ᠳᠤᠷᠠᠳᠤᠯᠭ᠎ᠠ ᠰᠢᠨ᠎ᠡ ᠠᠷᠭ᠎ᠠ ᠬᠡᠮᠵᠢᠶ᠎ᠡ᠎ᠶᠢᠨ ᠲᠤᠬᠠᠢ ᠴᠠᠭ ᠲᠤᠬᠠᠢ ᠳ᠋ᠤᠨᠢ ᠨᠤᠲᠠᠯᠠᠯᠲᠠ ᠬᠢᠵᠦ᠂ ᠲᠣᠳᠣᠷᠬᠠᠢᠯᠠᠯᠲᠠ ᠬᠢᠵᠦ᠂ ᠰᠢᠨᠵᠢᠯᠡᠬᠦ ᠤᠬᠠᠭᠠᠨᠴᠢ ᠪᠥᠭᠡᠳ ᠬᠡᠷᠡᠭᠵᠢᠭᠦᠯᠦᠭᠦᠰᠢᠲᠡᠢ᠂ ᠪᠣᠳᠠᠲᠠᠢ᠎ᠶᠢ ᠡᠷᠬᠢᠮᠯᠡᠭᠰᠡᠨ ᠬᠡᠷᠡᠭᠴᠡᠭᠡ᠎ᠲᠠᠢ ᠪᠠᠢᠬᠤ᠎ᠶᠢ ᠦᠨᠡᠨ ᠬᠦ᠌ ᠪᠠᠲᠤᠯᠠᠪᠠ᠃

ᠪᠢᠴᠢᠭ ᠮᠠᠲᠧᠷᠢᠶᠠᠯ᠎ᠢ ᠲᠤᠭᠤᠷᠪᠢᠬᠤ ᠶᠠᠪᠤᠴᠠ᠎ᠳᠤ᠂ ᠶᠡᠷᠦᠩᠬᠡᠢ ᠱᠦᠵᠢ ᠰᠢ ᠵᠢᠨ ᠫᠢᠩ ᠠᠷᠠᠳᠴᠢᠯᠠᠯ᠎ᠢ ᠪᠠᠳᠠᠷᠠᠭᠤᠯᠬᠤ᠎ᠶᠢ ᠴᠢᠬᠤᠯᠠᠴᠢᠯᠠᠵᠤ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠬᠦ ᠬᠡᠷᠡᠭᠲᠡᠢ ᠭᠡᠵᠦ ᠢᠮᠠᠭᠲᠠ ᠴᠢᠬᠤᠯᠠᠴᠢᠯᠠᠪᠠ᠃

ᠠᠯᠢ ᠡᠷᠲᠡ 2026 ᠣᠨ᠎ᠤ 1 ᠰᠠᠷ᠎ᠠ᠎ᠶᠢᠨ 31 ᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠡᠴᠡ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠶᠢᠨ ᠨᠠᠮ᠎ᠤᠨ ᠬᠣᠷᠢᠶ᠎ᠠ᠂ ᠲᠥᠪ᠎ᠦᠨ ᠡᠯ᠎ᠡ ᠶᠠᠮᠤᠨ ᠵᠦᠪᠯᠡᠯ᠂ ᠲᠦᠷᠦ᠎ᠶᠢᠨ ᠪᠠᠢᠭᠤᠯᠭ᠎ᠠ᠎ᠶᠢᠨ ᠡᠯ᠎ᠡ ᠶᠠᠮᠤᠨ ᠵᠦᠪᠯᠡᠯ᠎ᠤᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ)᠂ ᠴᠢᠯᠦᠭᠡᠯᠡᠬᠦ ᠴᠡᠷᠢᠭ᠎ᠦᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠎ᠶᠢᠨ ᠨᠠᠮ᠎ᠤᠨ ᠬᠣᠷᠢᠶ᠎ᠠ᠂ ᠡᠯ᠎ᠡ ᠠᠷᠠᠳ᠎ᠤᠨ ᠪᠦᠯᠬᠦᠮ᠎ᠦᠨ ᠨᠠᠮ᠎ᠤᠨ ᠤᠳᠤᠷᠢᠳᠬᠤ ᠳᠤᠭᠤᠢᠯᠠᠩ᠎ᠳᠤ ᠮᠡᠳᠡᠭᠳᠡᠯ ᠪᠠᠭᠤᠯᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ ᠨᠠᠮ᠎ᠢ ᠪᠦᠬᠦ ᠳᠠᠯ᠎ᠠ ᠪᠡᠷ ᠴᠢᠨᠭᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠬᠤ  ᠠᠰᠠᠭᠤᠳᠠᠯ᠎ᠤᠨ ᠲᠤᠬᠠᠢ ᠰᠠᠨᠠᠯ ᠬᠤᠷᠢᠶᠠᠪᠠ᠃ 2 ᠰᠠᠷ᠎ᠠ᠎ᠶᠢᠨ 28 ᠎ᠤ᠋ ᠡᠳᠦᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ 112 ᠬᠤᠪᠢ ᠬᠠᠷᠢᠭᠤ ᠲᠤᠰᠬᠠᠭᠰᠠᠨ ᠰᠠᠨᠠᠯ ᠪᠦᠬᠦᠨ᠎ᠢᠶᠡᠷ᠎ᠢᠶᠡᠨ ᠬᠦᠷᠴᠦ ᠢᠷᠡᠪᠡ᠃

8 ᠰᠠᠷ᠎ᠠ᠎ᠶᠢᠨ 3 ᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠤᠪᠴᠢᠶᠠᠨ᠎ᠤ ᠬᠤᠷᠠᠯ᠎ᠤᠨ ᠲᠣᠭᠲᠠᠭᠠᠯ᠎ᠢ ᠦᠨᠳᠦᠰᠦᠯᠡᠨ᠂ ᠲᠥᠪ ᠬᠤᠷᠢᠶ᠎ᠠ ᠵᠢᠨ ᠠᠯᠪᠠᠨ ᠲᠢᠩᠬᠢᠮ ᠮᠡᠳᠡᠭᠳᠡᠯ ᠭᠠᠷᠭᠠᠵᠤ᠂ ᠲᠣᠭᠲᠠᠭᠠᠯ᠎ᠤᠨ ᠨᠣᠣᠷᠠᠭ᠎ᠢ ᠨᠠᠮ᠎ᠤᠨ ᠳᠣᠲᠣᠭᠠᠳᠤ᠎ᠶᠢᠨ ᠵᠣᠬᠢᠬᠤ ᠬᠡᠪᠴᠢᠶᠡᠨ᠎ᠳᠦ ᠵᠣᠬᠢᠶᠠᠨ ᠪᠠᠢᠭᠤᠯᠤᠨ ᠶᠠᠷᠢᠯᠴᠠᠵᠤ᠂ ᠰᠠᠨᠠᠯ ᠬᠤᠷᠢᠶᠠᠬᠤ ᠬᠡᠷᠡᠭᠲᠡᠢ ᠭᠡᠵᠦ ᠱᠠᠭᠠᠷᠳᠠᠪᠠ᠃ ᠪᠢᠴᠢᠭ ᠮᠠᠲᠧᠷᠢᠶᠠᠯ ᠲᠤᠭᠤᠷᠪᠢᠬᠤ ᠳᠤᠭᠤᠢᠯᠠᠩ ᠲᠥᠪ᠎ᠦᠨ ᠤᠳᠤᠷᠢᠳᠬᠤ ᠨᠥᠬᠥᠳ᠎ᠦᠨ ᠨᠠᠮ ᠪᠠ ᠲᠦᠷᠦ᠎ᠶᠢᠨ ᠤᠳᠤᠷᠢᠳᠬᠤ ᠲᠤᠰᠢᠶᠠᠯ᠎ᠡᠴᠡ ᠪᠠᠭᠤᠭᠰᠠᠨ ᠨᠠᠮ᠎ᠤᠨ ᠳᠣᠲᠣᠭᠠᠳᠤ᠎ᠶᠢᠨ ᠠᠬᠠᠮᠠᠳ ᠨᠥᠬᠥᠳ᠎ᠦᠨ ᠬᠠᠷᠢᠭᠤ ᠲᠤᠰᠬᠠᠭᠰᠠᠨ ᠰᠠᠨᠠᠯ᠎ᠢ ᠨᠡᠢ᠍ᠢᠲᠡ 58 ᠬᠤᠪᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ᠎ᠦ 111 ᠬᠤᠪᠢ ᠬᠠᠷᠢᠭᠤ ᠳᠤᠰᠬᠠᠭᠰᠠᠨ ᠰᠠᠨᠠᠯ᠎ᠢ ᠬᠤᠷᠢᠶᠡᠵᠦ ᠤᠯᠪᠠ᠃

8 ᠰᠠᠷ᠎ᠠ᠎ᠶᠢᠨ 21 ᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠭᠠᠳᠠᠨᠠᠬᠢ ᠬᠥᠮᠥᠰ᠎ᠦᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠲᠣᠭᠲᠠᠭᠠᠯ᠎ᠤᠨ ᠰᠠᠨᠠᠯ ᠬᠤᠷᠢᠶᠠᠬᠤ ᠨᠣᠣᠷᠠᠭ᠎ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠨᠦᠬᠦᠳ ᠪᠣᠯᠣᠨ ᠨᠠᠮ ᠪᠦᠯᠦᠭ᠎ᠦᠨ ᠪᠤᠰᠤ ᠬᠥᠮᠥᠰ᠎ᠦᠨ ᠲᠥᠯᠥᠭᠡᠯᠡᠭᠴᠢᠳ᠎ᠦᠨ ᠰᠠᠨᠠᠯ ᠰᠠᠨᠠᠭᠤᠯᠭ᠎ᠠ᠎ᠶᠢ ᠰᠣᠨᠣᠰᠴᠤ᠂ ᠬᠤᠷᠠᠯ᠎ᠳᠤ ᠣᠷᠣᠯᠴᠠᠭᠰᠠᠨ ᠨᠥᠬᠥᠳ 10 ᠬᠤᠪᠢ ᠪᠢᠴᠢᠭ ᠮᠠᠲᠧᠷᠢᠶᠠᠯ ᠲᠤᠰᠢᠶᠠᠪᠠ᠃

《ᠴᠠᠭ ᠦᠶ᠎ᠡ᠎ᠶᠢᠨ ᠨᠥᠬᠥᠴᠡᠯ ᠶᠠᠭᠠᠬᠢᠵᠤ ᠬᠤᠪᠢᠷᠠᠭᠰᠠᠨ ᠴᠤ᠌᠂ ᠪᠦᠷ ᠨᠢᠭᠡᠳᠦᠮᠡᠯ ᠹᠷᠣᠨᠲ᠂ ᠨᠠᠮ᠎ᠤᠨ ᠪᠠᠢᠭᠤᠯᠤᠯᠲᠠ᠎ᠶᠢᠨ ᠤᠨᠴᠠᠭᠠᠢ ᠦᠢᠯᠡᠳᠦᠯ᠎ᠢ ᠰᠠᠢᠲᠤᠷ ᠪᠠᠳᠠᠷᠠᠭᠤᠯᠬᠤ ᠬᠡᠷᠡᠭᠲᠡᠢ》᠃ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ᠄《ᠠᠷᠠᠳᠴᠢᠯᠠᠭᠰᠠᠨ ᠨᠠᠮ ᠪᠦᠯᠦᠭ ᠪᠣᠯᠣᠨ ᠨᠠᠮ ᠪᠦᠯᠦᠭ᠎ᠦᠨ ᠪᠤᠰᠤ ᠬᠥᠮᠥᠰ᠎ᠦᠨ ᠦᠨᠡᠨ ᠦᠭᠡ ᠬᠡᠯᠡᠵᠦ᠂ ᠰᠠᠨᠠᠯ ᠰᠠᠨᠠᠭᠤᠯᠭ᠎ᠠ ᠳᠤᠷᠠᠳᠬᠤ᠎ᠵᠢ ᠵᠤᠷᠢᠭᠵᠢᠭᠤᠯᠵᠤ᠂ ᠤᠯᠠᠨ᠎ᠤ ᠳᠤᠷᠠᠳᠤᠭᠰᠠᠨ ᠨᠠᠮ ᠪᠣᠯᠣᠨ ᠤᠯᠤᠰ᠎ᠤᠨ ᠠᠵᠢᠯ ᠦᠢᠯᠡᠰ᠎ᠢ ᠰᠠᠢᠲᠤᠷ ᠬᠥᠭᠵᠢᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠢ  ᠰᠠᠢᠲᠤᠷ ᠪᠠᠶ᠋ᠢᠭᠤᠯᠬᠤ᠎ᠳᠤ ᠠᠰᠢᠭ᠍ᠲᠠᠢ ᠰᠠᠨᠠᠯ ᠰᠠᠨᠠᠭᠤᠯᠭ᠎ᠠ᠎ᠵᠢ ᠢᠳᠡᠪᠬᠢᠲᠡᠢ ᠬᠦᠯᠢᠶᠡᠨ ᠠᠪᠬᠤ ᠬᠡᠷᠡᠭᠲᠡᠢ》 ᠭᠡᠵᠦ ᠲᠣᠳᠣᠷᠬᠠᠢ ᠱᠠᠭᠠᠷᠳᠠᠪᠠ᠃

ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠷᠠᠳᠴᠢᠯᠠᠯ᠎ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠦᠨᠡᠨᠴᠢ᠎ᠰᠢᠭᠤᠳ ᠢᠯᠡᠳᠭᠡᠵᠦ᠂ ᠠᠭᠤᠵᠢᠷᠠᠳᠠᠯ᠎ᠠ ᠶᠠᠷᠢᠯᠴᠠᠪᠡ᠃

ᠲᠣᠭᠲᠠᠭᠠᠯ᠎ᠤᠨ ᠨᠣᠣᠷᠠᠭ᠎ᠤᠨ ᠲᠤᠬᠠᠢ ᠰᠠᠨᠠᠯ ᠬᠤᠷᠢᠶᠠᠭᠰᠠᠨ᠎ᠡᠴᠡ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ᠎ᠶᠢᠨ ᠬᠢᠨ ᠨᠡᠶ᠋ᠢᠲᠡ 1173 ᠵᠤᠷᠪᠤᠰ ᠵᠠᠰᠠᠪᠤᠷᠢ ᠣᠷᠣᠭᠤᠯᠬᠤ ᠰᠠᠨᠠᠯ ᠳᠤᠷᠠᠳᠴᠤ᠂ ᠳᠠᠪᠬᠤᠷᠳᠠᠭᠰᠠᠨ ᠰᠠᠨᠠᠯ᠎ᠢ ᠬᠠᠰᠤᠭᠰᠠᠨ᠎ᠤ ᠳᠠᠷᠠᠭ᠎ᠠ 1076 ᠵᠤᠷᠪᠤᠰ ᠪᠣᠯᠵᠠᠢ᠂ ᠡᠭᠦᠨ᠎ᠳᠦ ᠵᠠᠷᠴᠢᠮ᠎ᠤᠨ ᠴᠢᠨᠠᠷᠲᠠᠢ ᠰᠠᠨᠠᠯ 162 ᠵᠤᠷᠪᠤᠰ᠂ ᠪᠣᠳᠠᠲᠠᠢ ᠵᠠᠰᠠᠪᠤᠷᠢ ᠣᠷᠣᠭᠤᠯᠬᠤ ᠰᠠᠨᠠᠯ 914 ᠵᠤᠷᠪᠤᠰ ᠪᠣᠶ᠃

ᠳᠠᠬᠢᠨ ᠳᠠᠪᠲᠠᠨ ᠰᠤᠳᠤᠯᠬᠤ᠎ᠪᠠᠷ ᠳᠡᠮᠵᠢᠨ᠂ ᠪᠢᠴᠢᠭ ᠮᠠᠲᠧᠷᠢᠶᠠᠯ ᠲᠤᠭᠤᠷᠪᠢᠬᠤ ᠳᠤᠭᠤᠢᠯᠠᠩ ᠲᠣᠭᠲᠠᠭᠠᠯ᠎ᠤᠨ ᠨᠣᠣᠷᠠᠭ᠎ᠲᠤ ᠨᠡᠶ᠋ᠢᠲᠡ 81 ᠵᠤᠷᠪᠤᠰ ᠨᠡᠮᠡᠵᠦ ᠪᠢᠴᠢᠭᠰᠡᠨ᠂ ᠵᠠᠰᠠᠵᠤ ᠪᠢᠴᠢᠭᠰᠡᠨ ᠪᠠ ᠴᠣᠮᠬᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ᠎ᠶᠢᠨ ᠬᠢᠨ᠎ᠦ 208 ᠵᠤᠷᠪᠤᠰ ᠰᠠᠨᠠᠯ ᠰᠠᠨᠠᠭᠤᠯᠭ᠎ᠠ᠎ᠶᠢ ᠬᠠᠮᠤᠷᠴᠤ᠂ ᠰᠢᠨᠭᠭᠡᠭᠡᠨ ᠠᠪᠤᠭᠰᠠᠨ ᠨᠤᠷᠮ᠎ᠠ17.7% ᠎ᠳ᠋ᠤ᠌ ᠬᠦᠷᠴᠡᠢ᠃

ᠪᠢᠴᠢᠭ ᠮᠠᠲᠧᠷᠢᠶᠠᠯ᠎ᠢ ᠲᠤᠭᠤᠷᠪᠢᠬᠤ ᠶᠠᠪᠤᠴᠠ᠎ᠳᠤ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠤᠪᠴᠢᠶᠠᠨ᠎ᠤ ᠪᠠᠢᠩᠭᠤ᠎ᠶᠢᠨ ᠬᠣᠷᠢᠶ᠎ᠡ ᠵᠢᠨ ᠬᠤᠷᠠᠯ᠎ᠢ 3 ᠤᠳᠠᠭ᠎ᠠ ᠡᠷᠬᠢᠯᠡᠨ ᠬᠤᠷᠠᠯᠳᠤᠭᠤᠯᠵᠤ᠂ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠤᠪᠴᠢᠶᠠᠨ᠎ᠤ ᠬᠤᠷᠠᠯ᠎ᠢ 2 ᠤᠳᠠᠭ᠎ᠠ ᠡᠷᠬᠢᠯᠡᠨ ᠬᠤᠷᠠᠯᠳᠤᠭᠤᠯᠵᠤ᠂ ᠪᠢᠴᠢᠭ ᠮᠠᠲᠧᠷᠢᠶᠠᠯ ᠲᠤᠭᠤᠷᠪᠢᠬᠤ ᠳᠤᠭᠤᠢᠯᠠᠩ᠎ᠤᠨ ᠬᠢᠨ᠎ᠢ ᠵᠢᠯᠣᠭᠣᠳᠤᠨ ᠨᠠᠮ᠎ᠢ ᠪᠦᠬᠦ ᠲᠠᠯ᠎ᠠ ᠪᠡᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠨ ᠲᠤᠬᠠᠢ ᠰᠤᠳᠤᠯᠭᠠᠨ ᠪᠠ ᠡᠵᠡᠮᠰᠢᠯ᠎ᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠪᠢᠴᠢᠭ ᠮᠠᠲᠧᠷᠢᠶᠠᠯ᠎ᠢ ᠲᠤᠭᠤᠷᠪᠢᠬᠤ ᠠᠵᠢᠯ᠎ᠤᠨ ᠵᠥᠪ ᠴᠢᠭᠯᠡᠯ᠎ᠢ ᠪᠠᠷᠢᠮᠲᠠᠯᠠᠬᠤ᠎ᠶᠢ ᠢᠮᠠᠭᠲᠠ ᠬᠥᠲᠥᠯᠥᠨ ᠳᠠᠭᠠᠭᠤᠯᠪᠠ᠃

10 ᠰᠠᠷ᠎ᠠ᠎ᠶᠢᠨ 19᠎ᠤ᠋ ᠡᠳᠦᠷ᠂ ᠪᠦᠬᠦᠲᠠ ᠬᠤᠷᠠᠯ ᠬᠤᠷᠠᠯᠳᠤᠬᠤ᠎ᠡᠴᠡ ᠨᠢᠭᠡ ᠭᠠᠷᠠᠭ᠎ᠤᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠤᠪᠴᠢᠶᠠᠨ᠎ᠤ ᠪᠠᠢᠩᠭᠤ᠎ᠶᠢᠨ ᠬᠣᠷᠢᠶ᠎ᠡ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠲᠠ ᠬᠤᠷᠠᠯ᠎ᠤᠨ ᠬᠠᠮᠢᠶ᠎ᠠ ᠪᠦᠬᠦᠢ ᠪᠢᠴᠢᠭ ᠮᠠᠲᠧᠷᠢᠶᠠᠯ᠎ᠤᠨ ᠬᠢᠨᠠᠭᠤᠯᠬᠤ᠎ᠪᠠᠷ ᠳᠡᠪᠰᠢᠭᠦᠯᠦᠭᠰᠡᠨ ᠡᠬᠡ ᠨᠣᠣᠷᠠᠭ᠎ᠢ ᠬᠢᠨᠠᠨ ᠵᠥᠪᠯᠡᠵᠦ᠂《ᠡᠬᠡ ᠨᠣᠣᠷᠠᠭ᠎ᠢ ᠦᠷᠭᠦᠯᠵᠢᠯᠡᠨ ᠨᠢᠮᠪᠠᠢ ᠵᠠᠰᠠᠵᠤ᠂ ᠶᠠᠰᠤ ᠴᠢᠨᠠᠷ᠎ᠢ ᠪᠠᠲᠤᠯᠠᠬᠤ ᠬᠡᠷᠡᠭᠲᠡᠢ》 ᠭᠡᠵᠦ ᠱᠠᠭᠠᠷᠳᠠᠪᠠ᠃

10 ᠰᠠᠷ᠎ᠠ᠎ᠶᠢᠨ 26 ᠎ᠤ᠋ ᠦᠳᠡ᠎ᠶᠢᠨ ᠡᠮᠦᠨ᠎ᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠠ ᠬᠤᠷᠠᠯ ᠡᠬᠢᠯᠡᠪᠡ᠃ ᠪᠦᠬᠦ ᠨᠠᠮ᠎ᠤᠨ ᠤᠶᠤᠨ ᠤᠬᠠᠭᠠᠨ᠎ᠢ ᠨᠢᠭ᠍ᠲᠠᠷᠠᠭᠤᠯᠵᠤ᠂ ᠡᠯ᠎ᠡ ᠲᠠᠯ᠎ᠠ᠎ᠶᠢᠨ ᠰᠠᠨᠠᠯ ᠰᠠᠨᠠᠭᠤᠯᠭ᠎ᠠ᠎ᠶᠢ ᠰᠢᠩᠭᠡᠬᠡᠨ ᠠᠪᠤᠭᠰᠠᠨ 《ᠨᠠᠮ᠎ᠢ ᠪᠦᠬᠦ ᠲᠠᠯ᠎ᠠ ᠪᠡᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠲᠣᠭᠲᠠᠭᠠᠯ (ᠶᠠᠷᠢᠯᠴᠠᠬᠤ ᠨᠣᠣᠷᠠᠭ)》᠎ᠢ᠋ ᠬᠤᠷᠠᠯ᠎ᠳᠤ ᠣᠷᠣᠯᠴᠠᠭᠰᠠᠨ ᠨᠥᠬᠥᠳ᠎ᠦᠨ ᠡᠮᠦᠨ᠎ᠡ ᠳᠡᠯᠭᠡᠯ᠎ᠡ᠃

ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠠ᠎ᠶᠢ ᠲᠥᠯᠥᠭᠡᠯᠡᠨ ᠠᠵᠢᠯ᠎ᠤᠨ ᠢᠯᠡᠳᠭᠡᠯ ᠬᠢᠭᠰᠡᠨ ᠪᠥᠭᠡᠳ ᠲᠣᠭᠲᠠᠭᠠᠯ᠎ᠤᠨ ᠶᠠᠷᠢᠯᠴᠠᠬᠤ ᠨᠣᠣᠷᠠᠭ᠎ᠤᠨ ᠲᠤᠬᠠᠢ ᠪᠦᠬᠦᠳᠡ ᠬᠤᠷᠠᠯ᠎ᠳᠤ ᠲᠣᠳᠣᠷᠬᠠᠢᠯᠠᠯᠲᠠ ᠬᠢᠪᠡ᠃

ᠬᠣᠶᠠᠷ ᠡᠳᠦᠷ ᠬᠠᠭᠠᠰ᠎ᠤᠨ ᠬᠤᠭᠤᠴᠠᠭᠠᠨ᠎ᠳᠤ᠂ ᠬᠤᠷᠠᠯ᠎ᠳᠤ ᠣᠷᠣᠯᠴᠠᠭᠰᠠᠨ ᠨᠥᠬᠥᠳ 14 ᠳᠤᠭᠤᠢᠯᠠᠩ ᠬᠤᠪᠢᠶᠠᠵᠤ᠂ ᠲᠥᠪ᠎ᠦᠨ ᠤᠯᠤᠰ ᠲᠦᠷᠦ᠎ᠶᠢᠨ ᠲᠣᠪᠴᠢᠶ᠎ᠡ ᠵᠢᠨ ᠠᠵᠢᠯ᠎ᠤᠨ ᠮᠡᠳᠡᠭᠦᠯᠦᠯᠲᠡ ᠪᠣᠯᠣᠨ ᠲᠣᠭᠲᠠᠭᠠᠯ᠎ᠤᠨ ᠶᠠᠷᠢᠯᠴᠠᠬᠤ ᠨᠣᠣᠷᠠᠭ᠎ᠤᠨ ᠲᠣᠭᠣᠷᠢᠨ᠎ᠳᠤ ᠭᠦᠨᠵᠡᠭᠡᠢ ᠶᠠᠷᠢᠯᠴᠠᠨ ᠰᠠᠨᠠᠯ᠎ᠢᠶᠠᠨ ᠰᠣᠯᠢᠯᠴᠠᠪᠠ᠃ ᠤᠯᠠᠨ᠎ᠢᠶᠠᠷ᠎ᠢᠶᠠᠨ ᠣᠢᠯᠠᠭᠠᠯᠲᠠ᠎ᠪᠠᠨ ᠶᠠᠷᠢᠵᠤ᠂ ᠲᠠᠨᠢᠯᠲᠠ᠎ᠪᠠᠨ ᠶᠠᠷᠢᠵᠤ᠂ ᠰᠡᠳᠬᠢᠨ ᠪᠤᠳᠤᠯᠬᠢᠯᠠᠯ᠎ᠢᠶᠡᠨ ᠶᠠᠷᠢᠯᠴᠠᠵᠤ᠂ ᠰᠠᠨᠠᠭᠤᠯᠭ᠎ᠠ ᠳᠤᠷᠠᠳᠴᠤ᠂ ᠲᠤᠰ ᠲᠤᠰ᠎ᠤᠨ ᠦᠵᠡᠯᠲᠡ᠎ᠪᠡᠨ ᠶᠠᠷᠢᠵᠤ᠂ ᠦᠨᠡᠨᠴᠢ ᠴᠠᠭᠠᠪᠤᠷ ᠪᠣᠳᠠᠲᠠᠢ᠎ᠶᠢ ᠡᠷᠬᠢᠮᠯᠡᠭᠰᠡᠨ ᠪᠠᠢᠨ᠎ᠠ᠃

10 ᠰᠠᠷ᠎ᠠ᠎ᠶᠢᠨ 28᠎ᠤ᠋ ᠣᠷᠣᠢ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠤᠪᠴᠢᠶᠠᠨ᠎ᠤ ᠪᠠᠢᠩᠭᠤ᠎ᠶᠢᠨ ᠬᠣᠷᠢᠶ᠎ᠡ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠡᠯ᠎ᠡ ᠳᠤᠭᠤᠢᠯᠠᠩ᠎ᠤᠨ ᠶᠠᠷᠢᠯᠴᠠᠭᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠪᠢᠴᠢᠭ ᠮᠠᠲᠧᠷᠢᠶᠠᠯ᠎ᠳᠤ ᠵᠠᠰᠠᠪᠤᠷᠢ ᠣᠷᠣᠭᠤᠯᠬᠤ ᠠᠰᠠᠭᠤᠳᠠᠯ᠎ᠢ ᠰᠤᠳᠤᠯᠤᠨ ᠲᠣᠭᠲᠠᠭᠠᠪᠠ᠃ 29 ᠎ᠤ᠋ ᠦᠳᠡ᠎ᠶᠢᠨ ᠡᠮᠦᠨ᠎ᠡ᠂ ᠲᠣᠭᠲᠠᠭᠠᠯ᠎ᠤᠨ ᠵᠠᠰᠠᠪᠤᠷᠢ ᠣᠷᠣᠭᠤᠯᠬᠤ ᠨᠣᠣᠷᠠᠭ᠎ᠢ ᠳᠠᠬᠢᠨᠲᠠ ᠳᠤᠭᠤᠢᠯᠠᠩ᠎ᠤᠨ ᠶᠠᠷᠢᠯᠴᠠᠭ᠎ᠠ᠎ᠳᠤ ᠳᠡᠪᠰᠢᠭᠦᠯᠵᠦ᠂ ᠲᠣᠭᠲᠠᠭᠠᠯ᠎ᠤᠨ ᠲᠥᠰᠥᠯ᠎ᠢ ᠪᠦᠷᠢᠯᠳᠦᠭᠦᠯᠪᠡ᠃

ᠪᠦᠬᠦᠳᠡ ᠬᠤᠷᠠᠯ᠎ᠤᠨ ᠬᠤᠭᠤᠴᠠᠭᠠᠨ᠎ᠳᠤ᠂ ᠭᠦᠢᠴᠡᠳ ᠶᠠᠷᠢᠯᠴᠠᠬᠤ᠎ᠪᠠᠷ ᠲᠠᠮᠵᠢᠨ᠂ ᠬᠤᠷᠠᠯ᠎ᠳᠤ ᠣᠷᠣᠯᠴᠠᠭᠰᠠᠨ ᠨᠥᠬᠥᠳ ᠵᠠᠰᠠᠪᠤᠷᠢ ᠣᠷᠣᠭᠤᠯᠬᠤ ᠰᠠᠨᠠᠯ᠎ᠢ ᠨᠡᠢ᠍ᠢᠳᠡ 100 ᠵᠤᠷᠪᠤᠰ ᠳᠤᠷᠠᠳᠴᠤ᠂ ᠰᠤᠳᠤᠯᠬᠤ᠎ᠪᠠᠷ ᠲᠠᠮᠵᠢᠨ 13 ᠭᠠᠵᠠᠷ᠎ᠲᠤ ᠵᠠᠰᠠᠪᠤᠷᠢ ᠣᠷᠣᠭᠤᠯᠪᠠ᠃

ᠬᠤᠷᠠᠯ᠎ᠳᠤ ᠣᠷᠣᠯᠴᠠᠭᠰᠠᠨ ᠨᠥᠬᠥᠳ᠂ ᠲᠣᠭᠲᠠᠭᠠᠯ᠎ᠤᠨ ᠲᠥᠰᠥᠯ ᠨᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠢ ᠪᠦᠬᠦ ᠲᠠᠯ᠎ᠠ ᠪᠡᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠲᠤᠬᠠᠢ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠦ᠂ ᠨᠠᠮ᠎ᠢ ᠵᠠᠰᠠᠵᠤ ᠨᠠᠮ᠎ᠢ ᠬᠦᠴᠦᠷᠬᠡᠭᠵᠢᠭᠦᠯᠬᠦ ᠠᠯᠢ ᠤᠯᠠᠨ ᠴᠢᠬᠤᠯᠠ ᠶᠡᠬᠡ ᠠᠰᠠᠭᠤᠳᠠᠯ᠎ᠳᠤ ᠬᠠᠷᠢᠭᠤᠯᠲᠠ ᠥᠭᠴᠡᠢ᠂ ᠡᠨᠡ ᠨᠢ ᠮᠠᠨ᠎ᠤ ᠨᠠᠮ᠎ᠤᠨ ᠮᠠᠷᠺᠰ᠎ᠤᠨ ᠦᠵᠡᠯ᠎ᠦᠨ ᠲᠦᠷᠦ ᠪᠠᠷᠢᠭ᠍ᠴᠢ ᠨᠠᠮ᠎ᠤᠨ ᠪᠠᠢᠭᠤᠯᠤᠯᠲᠠ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ ᠪᠠ ᠡᠵᠡᠮᠰᠢᠯ ᠰᠢᠨ᠎ᠡ ᠥᠨᠳᠥᠷᠴᠡ ᠳ᠋ᠦ᠍ ᠬᠦᠷᠦᠭᠰᠡᠨ᠎ᠢ ᠬᠠᠷᠠᠭᠤᠯᠵᠤ᠂ ᠨᠠᠮ᠎ᠤᠨ ᠲᠡᠦᠬᠡᠨ ᠳᠡᠭᠡᠷ᠎ᠡ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ ᠶᠤᠮ ᠭᠡᠵᠦ ᠢᠯᠡᠳᠭᠡᠵᠡᠭᠡᠪᠡ᠃

ᠦᠵᠡᠯ ᠰᠠᠨᠠᠭᠠᠨ᠎ᠤ ᠰᠤᠳᠠᠰᠤ᠎ᠶᠢ ᠡᠵᠡᠮᠳᠡᠵᠦ᠂ ᠰᠢᠨᠵᠢᠯᠡᠬᠦ ᠤᠬᠠᠭᠠᠨᠴᠢ ᠠᠷᠭ᠎ᠠ᠎ᠶᠢ ᠬᠡᠷᠡᠭᠯᠡᠪᠡ

 — ᠲᠤᠭᠲᠠᠭᠠᠯ ᠨᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠮᠠᠭᠤ᠎ᠶᠢ ᠨᠢ ᠦᠯᠳᠡᠨ ᠰᠠᠢᠨ᠎ᠢ ᠨᠢ ᠪᠠᠳᠠᠷᠠᠭᠤᠯᠵᠤ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ ᠬᠥᠲᠥᠯᠪᠦᠷᠢ᠎ᠶᠢᠨ ᠴᠢᠨᠠᠷᠲᠠᠢ ᠪᠢᠴᠢᠭ ᠮᠠᠲᠧᠷᠢᠶᠠᠯ ᠪᠣᠯᠪᠠ

《 ᠪᠠᠲᠤᠯᠠᠪᠠ ! 》

10 ᠰᠠᠷ᠎ᠠ᠎ᠶᠢᠨ 29᠎ᠤ᠋ ᠦᠳᠡ᠎ᠶᠢᠨ ᠬᠣᠢᠨ᠎ᠠ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ᠃ ᠶᠡᠷᠦᠩᠬᠡᠢ ᠱᠦᠵᠢ ᠰᠢ ᠵᠢᠨ ᠫᠢᠩ᠎ᠤᠨ ᠦᠭᠡ ᠳᠠᠭᠤᠰᠤᠮᠠᠭᠴᠠ᠂ ᠬᠤᠷᠠᠯ᠎ᠤᠨ ᠲᠠᠯᠠᠪᠠᠢ᠎ᠳᠤ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃

ᠭᠤᠷᠪᠠᠨ ᠶᠡᠬᠡ ᠬᠡᠰᠡᠭ᠂ 8 ᠪᠦᠯᠦᠭ᠂ 1.7 ᠲᠦᠮᠡ ᠭᠠᠷᠤᠢ ᠥᠰᠥᠭ᠎ᠦᠨ ᠲᠣᠭᠲᠠᠭᠠᠯ᠎ᠤᠨ ᠠᠭᠤᠯᠭ᠎ᠠ ᠨᠢ ᠪᠥᠬᠥ ᠲᠠᠯ᠎ᠠ᠎ᠶᠢᠨ᠂ ᠡᠬᠢ ᠠᠳᠠᠭ ᠨᠢ ᠲᠣᠳᠣᠷᠬᠠᠢ ᠪᠠᠢᠵᠤ᠂ ᠵᠠᠩᠭᠢᠯᠠᠭ᠎ᠠ᠎ᠶᠢᠨ ᠭᠣᠭᠴᠣᠭ᠎ᠠ᠎ᠶᠢ ᠠᠳᠬᠤᠵᠤ᠂ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠪᠡ᠃

ᠡᠨᠡ ᠪᠣᠯ ᠵᠠᠭᠤᠨ ᠵᠢᠯ᠎ᠦᠨ ᠲᠡᠦᠬᠡ᠎ᠲᠠᠢ ᠲᠣᠮᠣ᠌ ᠨᠠᠮ ᠨᠠᠮ᠎ᠢ ᠪᠦᠬᠦ ᠲᠠᠯ᠎ᠠ ᠪᠡᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠠᠵᠢᠯᠯᠠᠭᠠᠨ᠎ᠤ ᠵᠦᠭᠯᠡᠭᠦᠷ ᠮᠥᠨ᠂ ᠰᠢᠨ᠎ᠡ ᠴᠠᠭ ᠦᠶ᠎ᠡ᠎ᠶᠢᠨ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ ᠰᠢᠨ᠎ᠡ ᠪᠠᠢᠳᠠᠯ᠎ᠢ ᠴᠢᠨᠠᠭᠰᠢᠳᠠ ᠡᠭᠦᠳᠬᠦ᠎ᠳᠦ ᠴᠢᠬᠤᠯᠠ ᠶᠡᠬᠡ ᠪᠣᠳᠠᠲᠤ ᠠᠴᠢ ᠬᠣᠯᠪᠣᠭᠳᠠᠯ ᠪᠠ ᠠᠯᠤᠰ ᠬᠡᠳᠤ᠎ᠶᠢᠨ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃

ᠶᠡᠬᠡ ᠪᠠᠢᠳᠠᠯ ᠶᠡᠬᠡ ᠬᠠᠨᠳᠤᠰᠢ᠎ᠶᠢ ᠡᠵᠡᠮᠳᠡᠵᠦ᠂ ᠲᠤᠭᠲᠠᠭᠠᠯ᠎ᠳᠤ ᠠᠯᠢ ᠤᠯᠠᠨ ᠰᠢᠨ᠎ᠡ ᠴᠢᠬᠤᠯᠠ ᠶᠡᠬᠡ ᠮᠠᠭᠠᠳᠯᠠᠯᠲᠠ ᠪᠠ ᠨᠤᠲᠠᠯᠠᠯᠲᠠ᠎ᠬᠢᠪᠡ᠄

ᠬᠤᠪᠢᠰᠬᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠶᠢᠨ ᠳᠤᠮᠳᠠ ᠤᠷᠢᠳ ᠬᠣᠵᠢᠳ ᠨᠠᠮ᠎ᠤᠨ ᠪᠠᠢᠭᠤᠯᠤᠯᠲᠠ᠎ᠶᠢ ᠠᠭᠤᠤ ᠶᠡᠬᠡ ᠢᠨᠵᠧᠨᠧᠷᠢᠩ᠂ ᠰᠢᠨ᠎ᠡ ᠠᠭᠤᠤ ᠶᠡᠬᠡ ᠢᠨᠵᠧᠨᠧᠷᠢᠩ ᠪᠣᠯᠭᠠᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢᠷᠡᠭᠦᠯᠦᠨ ᠠᠬᠢᠭᠤᠯᠵᠤ᠂ 《ᠠᠷᠠᠳ ᠲᠦᠮᠡᠨ᠎ᠢᠶᠡᠷ ᠵᠠᠰᠠᠭ᠎ᠤᠨ ᠣᠷᠳᠣᠨ᠎ᠳᠤ ᠬᠢᠨᠠᠯᠲᠠ ᠲᠠᠯᠪᠢᠭᠤᠯᠬᠤ》 ᠪᠠ 《ᠥᠪᠡᠷ ᠪᠡᠶ᠎ᠡ ᠵᠢᠨ ᠬᠤᠪᠢᠰᠬᠠᠯ ᠬᠢᠬᠦ》 ᠭᠡᠬᠦ ᠵᠠᠰᠠᠬᠤ ᠰᠠᠮᠠᠭᠤᠷᠠᠬᠤ ᠮᠠᠨᠳᠤᠬᠤ ᠳᠤᠷᠤᠢᠲᠠᠬᠤ ᠲᠡᠦᠬᠡ᠎ᠶᠢᠨ ᠦᠶᠡᠯᠡᠯ᠎ᠦᠨ ᠳᠠᠪᠲᠠᠮᠵᠢ᠎ᠡᠴᠡ ᠵᠠᠢᠯᠠᠵᠤ ᠭᠠᠷᠬᠤ ᠬᠣᠶᠠᠷ ᠬᠠᠷᠢᠭᠤᠯᠲᠠ᠎ᠶᠢ ᠡᠷᠢᠵᠦ ᠣᠯᠪᠠ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠡᠷᠮᠢᠴᠡ ᠡᠭᠦᠳᠦᠯᠲᠡ ᠮᠥᠨ᠂ ᠡᠨᠡ ᠨᠢ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠪᠠᠢᠭᠤᠯᠤᠯᠲᠠ᠎ᠶᠢᠨ ᠲᠡᠦᠬᠡᠨ ᠬᠠᠭᠤᠳᠠᠰᠤᠨ᠎ᠳᠤ ᠥᠨᠢᠳᠡ ᠲᠡᠮᠳᠡᠭᠯᠡᠭᠳᠡᠬᠦ ᠶᠤᠮ ᠭᠡᠵᠦ ᠵᠢᠭᠠᠵᠤ ᠭᠠᠷᠭᠠᠪᠠ;

ᠨᠠᠮ᠎ᠢ ᠪᠦᠬᠦ ᠲᠠᠯ᠎ᠠ ᠪᠡᠷ ᠴᠢᠩᠭ᠎ᠠ ᠵᠠᠰᠠᠬᠤ᠎ᠳᠤ ᠲᠤᠯᠭᠠᠷᠠᠵᠤ ᠪᠠᠢᠭ᠎ᠠ ᠰᠢᠨ᠎ᠡ ᠪᠠᠢᠳᠠᠯ ᠰᠢᠨ᠎ᠡ ᠠᠰᠠᠭᠤᠳᠠᠯ᠎ᠢ ᠵᠠᠳᠠᠯᠵᠤ᠂ 《ᠭᠤᠷᠪᠠᠨ ᠨᠡᠩ ᠪᠡᠷᠬᠡ ᠬᠠᠲᠠᠭᠤᠵᠢᠯᠲᠠᠢ》 ᠪᠣᠯᠣᠨ 《ᠲᠦᠷᠦ ᠪᠠᠷᠢᠬᠤ ᠴᠢᠳᠠᠪᠤᠷᠢ᠂ ᠤᠳᠤᠷᠢᠳᠬᠤ ᠲᠦᠪᠰᠢᠨ᠂ ᠡᠩᠨᠡᠭᠡ᠎ᠶᠢᠨ ᠬᠡᠪ ᠴᠢᠨᠠᠷ᠂ ᠢᠯᠵᠢᠷᠡᠯ᠎ᠢ ᠡᠰᠡᠷᠭᠦᠴᠡᠨ ᠬᠤᠪᠢᠷᠠᠬᠤ᠎ᠶᠢ ᠰᠡᠷᠭᠡᠢᠯᠡᠬᠦ》 ᠭᠡᠬᠦ 《ᠲᠦᠷᠪᠡᠨ ᠶᠡᠬᠡ ᠥᠷᠢᠰᠦᠯᠳᠦᠭᠡᠨ》᠎ᠢ᠋ ᠲᠣᠳᠣᠷᠬᠠᠢ ᠳᠤᠷᠠᠳᠴᠠᠢ;

ᠰᠢᠨ᠎ᠡ ᠴᠠᠭ ᠦᠶ᠎ᠡ᠎ᠶᠢᠨ ᠨᠠᠮ᠎ᠢ ᠪᠦᠬᠦ ᠲᠠᠯ᠎ᠠ ᠪᠡᠷ ᠴᠢᠩᠭ᠎ᠠ ᠵᠠᠰᠠᠬᠤ ᠲᠤᠷᠰᠢᠯᠭ᠎ᠠ᠎ᠶᠢ ᠰᠢᠨᠵᠢᠯᠡᠬᠦ ᠤᠬᠠᠭᠠᠨᠴᠢ᠎ᠪᠠᠷ ᠳ᠋ᠦᠩᠨᠡᠵᠦ᠂ ᠨᠠᠮ᠎ᠢ ᠪᠦᠬᠦ ᠲᠠᠯ᠎ᠠ ᠪᠡᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ 7 ᠵᠠᠷᠴᠢᠮ᠎ᠢ ᠲᠣᠳᠣᠷᠬᠠᠢᠯᠠᠪᠠ᠄《ᠡᠭᠦᠷᠭᠡ ᠬᠠᠷᠢᠭᠤᠴᠠᠯᠭ᠎ᠠ᠎ᠳᠤ ᠦᠢᠯᠡᠴᠢᠯᠡᠬᠦ᠎ᠶᠢ ᠪᠠᠷᠢᠮᠲᠠᠯᠠᠨ᠎ᠠ》᠂ 《ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠬᠤ᠎ᠶᠢ ᠪᠠᠷᠢᠮᠲᠠᠯᠠᠨ᠎ᠠ》 ᠂ 《ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠪᠠᠷᠢᠮᠲᠠᠯᠠᠨ᠎ᠠ》᠂ 《ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠨ᠎ᠠ》᠂ 《ᠲᠥᠪ ᠶᠣᠰᠣ᠌᠎ᠶᠢ ᠪᠠᠷᠢᠮᠳᠠᠯᠠᠨ ᠰᠢᠨ᠎ᠡ᠎ᠶᠢ ᠡᠭᠦᠳᠬᠦ᠎ᠶᠢ ᠪᠠᠷᠢᠮᠲᠠᠯᠠᠨ᠎ᠠ》᠂ 《ᠳᠡᠭᠡᠷ᠎ᠡ ᠱᠠᠲᠤ ᠨᠢ ᠳᠣᠣᠷ᠎ᠠ ᠱᠠᠲᠤ᠎ᠪᠠᠨ ᠳᠠᠭᠠᠭᠤᠯᠬᠤ᠎ᠵᠢ ᠪᠠᠷᠢᠮᠲᠠᠯᠠᠨ᠎ᠠ》᠂《ᠲᠣᠭᠲᠠᠭᠠᠯ ᠶᠣᠰᠣᠭᠠᠷ ᠨᠠᠮ᠎ᠢ ᠵᠠᠰᠠᠬᠤ᠎ᠶᠢ ᠪᠠᠷᠢᠮᠲᠠᠯᠠᠨ᠎ᠠ》;

᠁

ᠲᠣᠭᠲᠠᠭᠠᠯ᠎ᠤᠨ ᠪᠦᠬᠦ ᠠᠭᠤᠯᠭ᠎ᠠ ᠳ᠋ᠦ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠲᠤᠭᠤᠰᠢᠯᠠᠭᠤᠯᠵᠤ᠂ ᠨᠠᠮ᠎ᠤᠨ ᠰᠢᠨ᠎ᠡ ᠴᠠᠭ ᠦᠶ᠎ᠡ᠎ᠶᠢᠨ ᠨᠥᠬᠥᠴᠡᠯ ᠳᠣᠣᠷ᠎ᠠ ᠰᠦᠪᠡᠭᠴᠢᠯᠡᠨ ᠪᠦᠷᠢᠯᠳᠦᠭᠦᠯᠦᠭᠰᠡᠨ ᠨᠠᠮ᠎ᠢ ᠬᠠᠮᠢᠶᠠᠷᠴᠤ ᠨᠠᠮ᠎ᠢ ᠵᠠᠰᠠᠬᠤ ᠴᠢᠭᠯᠡᠯᠲᠡ ᠵᠠᠷᠴᠢᠮ᠂ ᠠᠵᠢᠯ᠎ᠤᠨ ᠪᠠᠢᠷᠢᠰᠢᠭᠤᠯᠤᠯᠲᠠ᠂ ᠠᠷᠭ᠎ᠠ ᠵᠠᠮ ᠵᠡᠷᠭᠡ᠎ᠶᠢ ᠰᠡᠳᠬᠢᠮᠵᠢ ᠪᠠ ᠠᠷᠭ᠎ᠠ ᠬᠡᠮᠵᠢᠶ᠎ᠡ ᠳᠡᠭᠡᠷ᠎ᠡ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠣᠨᠣᠯ᠎ᠤᠨ ᠬᠡᠪ ᠴᠢᠨᠠᠷ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠢᠴᠡᠳ ᠢᠯᠡᠷᠡᠭᠦᠯᠪᠡ᠃

ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠵᠠᠩᠭᠢᠯᠠᠭ᠎ᠠ᠎ᠶᠢᠨ ᠵᠠᠩᠭᠢᠯᠠᠭ᠎ᠠ᠎ᠶᠢ ᠠᠳᠬᠤᠵᠤ᠂ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠠᠢᠷᠢᠯᠠᠭᠤᠯᠵᠤ᠂ ᠵᠠᠰᠠᠯᠲᠠ ᠪᠠᠢᠭᠤᠯᠤᠯᠲᠠ᠎ᠶᠢ ᠵᠡᠷᠭᠡ᠎ᠪᠡᠷ ᠠᠳᠬᠤᠬᠤ᠂ ᠵᠠᠰᠠᠯᠲᠠ ᠪᠡᠷ ᠪᠠᠢᠭᠤᠯᠤᠯᠲᠠ᠎ᠶᠢ ᠠᠬᠢᠭᠤᠯᠬᠤ᠎ᠶᠢ ᠪᠠᠷᠢᠮᠲᠠᠯᠠᠨ᠎ᠠ  —

《ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠨᠥᠯᠥᠭᠡᠯᠡᠬᠦ ᠡᠯ᠎ᠡ ᠵᠦᠢᠯ᠎ᠦᠨ ᠠᠰᠠᠭᠤᠳᠠᠯ᠎ᠳᠤ ᠪᠢᠳᠡ ᠴᠥᠮ ᠵᠣᠷᠢᠭ᠍ᠲᠠᠢ᠎ᠪᠠᠷ ᠰᠢᠭᠤᠳ ᠬᠠᠨᠳᠤᠵᠤ᠂ ᠡᠷᠡᠰ ᠬᠠᠲᠠᠭᠤ ᠲᠡᠮᠡᠴᠡᠯ᠎ᠦᠨ ᠵᠣᠷᠢᠭ᠋᠎ᠢᠶᠠᠷ ᠰᠢᠢᠳᠪᠦᠷᠢᠯᠡᠬᠦ ᠬᠡᠷᠡᠭᠲᠡᠢ᠂ ᠶᠠᠭᠠᠬᠢᠭ᠍ᠰᠠᠨ ᠴᠤ᠌ ᠤᠬᠤᠷᠢᠵᠤ ᠪᠣᠯᠬᠤ ᠦᠭᠡᠢ》᠂ 《ᠲᠡᠭᠦᠨ᠎ᠦ ᠳᠣᠲᠣᠷᠠᠬᠢ ᠦᠨᠳᠦᠰᠦᠨ ᠴᠢᠨᠠᠷᠲᠠᠢ᠂ ᠵᠠᠩᠭᠢᠯᠠᠭ᠎ᠠ᠎ᠶᠢᠨ ᠴᠢᠨᠠᠷᠲᠠᠢ ᠠᠰᠠᠭᠤᠳᠠᠯ᠎ᠢ ᠨᠡᠩ ᠴᠢᠩᠭ᠎ᠠ ᠠᠳᠬᠤᠬᠤ ᠬᠡᠷᠡᠭᠲᠡᠢ》  ᠁

ᠠᠰᠠᠭᠤᠳᠠᠯ᠎ᠵᠢᠡᠷ ᠤᠳᠤᠷᠢᠳᠤᠮᠵᠢ ᠪᠤᠯᠭᠠᠬᠤ᠎ᠶᠢ ᠪᠠᠷᠢᠮᠲᠠᠯᠠᠬᠤ ᠲᠤᠬᠠᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠱᠠᠭᠠᠷᠳᠠᠯᠭ᠎ᠠ ᠨᠢ ᠲᠣᠭᠲᠠᠭᠠᠯ᠎ᠤᠨ ᠪᠦᠬᠦ ᠠᠭᠤᠯᠭ᠎ᠠ᠎ᠳᠤ ᠲᠤᠭᠤᠰᠢᠯᠠᠭᠳᠠᠪᠠ᠃

ᠨᠠᠮᠴᠢ ᠴᠢᠨᠠᠷ᠎ᠢ ᠴᠢᠩᠭᠠᠳᠬᠠᠬᠤ ᠪᠣᠯ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠦᠨᠳᠦᠰᠦᠨ ᠴᠢᠨᠠᠷᠲᠠᠢ ᠡᠭᠦᠷᠭᠡ ᠮᠥᠨ᠃ 《ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢᠨ ᠲᠠᠯ᠎ᠠ᠎ᠪᠠᠷ ᠣᠷᠣᠰᠢᠵᠤ ᠪᠠᠢᠭ᠎ᠠ ᠠᠰᠠᠭᠤᠳᠠᠯ᠂ ᠡᠪᠡᠳᠴᠢᠨ᠎ᠦ ᠦᠨᠳᠦᠰᠦ᠎ᠶᠢᠨ ᠶᠡᠬᠡᠩᠬᠢ ᠨᠢ ᠨᠠᠮᠴᠢ ᠴᠢᠨᠠᠷ ᠳᠡᠭᠡᠷ᠎ᠡ ᠪᠠᠢᠨ᠎ᠠ》 ᠭᠡᠳᠡᠭ᠎ᠢ ᠲᠤᠳᠤᠷᠬᠠᠢ ᠠᠵᠢᠭᠯᠠᠵᠤ᠂ ᠲᠤᠭᠲᠠᠭᠠᠯ᠎ᠤᠨ ᠬᠣᠶᠠᠳᠤᠭᠠᠷ ᠪᠦᠯᠦᠭ᠎ᠲᠦ᠂ ᠨᠠᠮ᠎ᠳᠤ ᠦᠨᠡᠨᠴᠢ ᠰᠢᠳᠤᠷᠭᠤ ᠪᠠᠢᠬᠤ ᠬᠥᠮᠦᠵᠢᠯ᠎ᠢ ᠴᠢᠩᠭᠠᠳᠬᠠᠬᠤ᠂ ᠨᠠᠮ᠎ᠤᠨ ᠰᠢᠨ᠎ᠡ ᠡᠭᠦᠳᠦᠯᠲᠡ᠎ᠵᠢᠨ ᠤᠨᠤᠯ᠎ᠢᠶᠠᠷ ᠰᠡᠳᠬᠢᠯ᠎ᠢ ᠨᠢᠭ᠍ᠲᠠᠷᠠᠭᠤᠯᠵᠤ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠬᠤ ᠵᠡᠷᠭᠡ 5 ᠲᠠᠯ᠎ᠠ᠎ᠪᠠᠷ ᠪᠣᠳᠠᠲᠠᠢ ᠪᠠᠢᠷᠢᠯᠠᠭᠤᠯᠤᠯᠲᠠ ᠬᠢᠵᠦ᠂ ᠨᠠᠮ᠎ᠤᠨ ᠭᠡᠰᠢᠭᠦᠨ᠂ ᠺᠠᠳ᠋ᠷ᠎ᠤᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠎ᠶᠢ ᠠᠬᠢᠭᠤᠯᠵᠤ᠂ ᠨᠠᠮ᠎ᠤᠨ ᠴᠣᠭᠴᠠ᠎ᠳᠤ 《ᠬᠦᠴᠦᠷᠬᠡᠭ ᠶᠡᠬᠡ ᠡᠭᠡᠯᠢᠯᠡᠭᠡ᠎ᠶᠢᠨ ᠰᠢᠰᠲᠧᠮ》 ᠢ᠋ ᠪᠠᠢᠭᠤᠯᠵᠤ ᠥᠭᠪᠡ᠃

ᠺᠠᠳ᠋ᠷ ᠪᠣᠯ ᠠᠵᠢᠯ ᠦᠢᠯᠡᠰ᠎ᠦᠨ ᠢᠯᠠᠵᠤ ᠢᠯᠠᠭᠳᠠᠬᠤ᠎ᠶᠢᠨ ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠮᠥᠨ᠃ ᠬᠥᠮᠥᠨ ᠰᠣᠩᠭᠣᠵᠤ ᠬᠥᠮᠥᠨ ᠬᠡᠷᠡᠭᠯᠡᠬᠦ ᠴᠢᠨᠠᠷ ᠴᠢᠨᠰᠠᠭ᠎ᠠ᠎ᠶᠢ ᠬᠡᠷᠬᠢᠨ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠣᠭᠲᠠᠭᠠᠯ᠎ᠤᠨ ᠳᠥᠷᠪᠡᠳᠦᠭᠡᠷ ᠪᠦᠯᠦᠭ᠎ᠲᠦ᠂ 《ᠪᠠᠢᠨᠭᠭᠤ᠎ᠶᠢᠨ ᠢᠯᠡᠷᠡᠯ᠎ᠡᠴᠡ ᠺᠠᠳ᠋ᠷ᠎ᠢ ᠦᠨᠡᠯᠡᠬᠦ᠎ᠶᠢ ᠴᠢᠬᠤᠯᠠᠴᠢᠯᠠᠵᠤ᠂ ᠴᠢᠬᠤᠯᠠ ᠶᠡᠬᠡ ᠵᠠᠩᠭᠢᠯᠠᠭ᠎ᠠ᠎ᠶᠢᠨ ᠦᠶ᠎ᠡ᠂ ᠵᠠᠩᠭᠢᠯᠠᠭ᠎ᠠ᠎ᠶᠢᠨ ᠴᠠᠭ ᠮᠥᠴᠡ᠎ᠳᠡᠬᠢ ᠢᠯᠡᠷᠡᠯ ᠡᠴᠡ ᠨᠢ ᠺᠠᠳ᠋ᠷ᠎ᠢ ᠰᠢᠯᠭᠠᠨ ᠪᠠᠢᠴᠠᠭᠠᠨ᠎ᠠ》᠂ 《ᠴᠢᠨᠠᠭᠰᠢ ᠦᠷᠭᠦᠯᠵᠢᠯᠡᠨ ᠰᠢᠯᠭᠠᠨ ᠪᠠᠢᠴᠠᠭᠠᠬᠤ᠎ᠶᠢ ᠴᠢᠩᠭᠠᠳᠬᠠᠨ᠎ᠠ》᠂ 《ᠤᠳᠤᠷᠢᠳᠬᠤ ᠺᠠᠳ᠋ᠷ᠎ᠤᠨ ᠳᠠᠪᠰᠢᠵᠤ ᠪᠣᠯᠬᠤ ᠮᠦᠷᠲᠡᠭᠡᠨ ᠪᠠᠭᠤᠵᠤ ᠪᠣᠯᠬᠤ᠎ᠶᠢ ᠬᠡᠪ᠎ᠤᠨ ᠪᠠᠢᠳᠠᠯ ᠪᠤᠯᠭᠠᠬᠤ᠎ᠶᠢ ᠠᠬᠢᠭᠤᠯᠤᠨ᠎ᠠ》 ᠭᠡᠵᠦ ᠲᠣᠳᠣᠷᠬᠠᠢ ᠳᠤᠷᠠᠳᠤᠨ ᠭᠠᠷᠭᠠᠵᠤ᠂ ᠵᠣᠬᠢᠶᠠᠨ ᠪᠠᠢᠭᠤᠯᠤᠯᠲᠠ᠎ᠡᠴᠡ ᠬᠥᠮᠥᠨ ᠰᠣᠩᠭᠣᠬᠤ᠂ ᠲᠥᠪ ᠭᠣᠣᠯᠴᠢ᠎ᠪᠠᠷ ᠬᠥᠮᠥᠨ ᠬᠡᠷᠡᠭᠯᠡᠬᠦ᠂ ᠠᠵᠢᠯ ᠶᠠᠪᠤᠳᠠᠯ᠎ᠤᠨ ᠬᠡᠷᠡᠭᠴᠡᠭᠡ ᠳ᠋ᠦ ᠵᠤᠬᠢᠴᠠᠭᠤᠯᠤᠨ ᠬᠥᠮᠥᠨ ᠰᠣᠩᠭᠣᠬᠤ᠎ᠶᠢ ᠦᠨᠡᠨ ᠬᠦ᠌ ᠪᠡᠶᠡᠯᠡᠭᠦᠯᠪᠡ᠃

ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢᠨ ᠭᠣᠣᠯᠳᠠᠯᠭ᠎ᠠ ᠨᠢ ᠡᠷᠬᠡ᠎ᠶᠢ ᠵᠠᠰᠠᠬᠤ᠎ᠳᠤ ᠪᠤᠢ᠃ ᠶᠡᠷᠦᠩᠬᠡᠢ ᠱᠦᠵᠢ ᠰᠢ ᠵᠢᠨ ᠫᠢᠩ᠂ ᠡᠷᠬᠡ᠎ᠶᠢ ᠲᠤᠷ᠎ᠠ ᠵᠤᠷᠢᠭ᠎ᠢᠶᠡᠷ᠎ᠢᠶᠠᠨ ᠬᠡᠷᠡᠭᠯᠡᠬᠦ᠂ ᠡᠷᠬᠡ᠎ᠪᠡᠨ ᠠᠰᠢᠭ᠍ᠯᠠᠨ ᠠᠮᠢ᠎ᠪᠠᠨ ᠪᠣᠷᠳᠣᠬᠤ ᠪᠣᠯ ᠣᠳᠣᠬᠠᠨ᠎ᠤ ᠢᠯᠵᠢᠷᠠᠯ᠎ᠤᠨ ᠠᠰᠠᠭᠤᠳᠠᠯ᠎ᠤᠨ ᠲᠣᠪᠣᠢᠮ᠎ᠠ ᠢᠯᠡᠷᠡᠯ ᠮᠥᠨ ᠭᠡᠵᠦ ᠭᠦᠨᠵᠡᠭᠡᠢ ᠵᠢᠭᠠᠵᠤ ᠭᠠᠷᠭᠠᠪᠠ᠃ ᠲᠣᠭᠲᠠᠭᠠᠯ᠎ᠤᠨ ᠳᠣᠯᠣᠳᠤᠭᠠᠷ ᠪᠦᠯᠦᠭ᠎ᠲᠦ 《ᠡᠷᠬᠡ᠎ᠶᠢᠨ ᠠᠵᠢᠯᠯᠠᠭᠠᠨ᠎ᠢ ᠬᠢᠵᠠᠭᠠᠷᠯᠠᠬᠤ ᠪᠠ ᠲᠡᠭᠦᠨ᠎ᠳᠦ ᠬᠢᠨᠠᠯᠲᠠ ᠲᠠᠯᠪᠢᠬᠤ᠎ᠶᠢ ᠴᠢᠩᠭᠠᠳᠬᠠᠬᠤ》 ᠵᠢ ᠭᠣᠣᠯᠯᠠᠨ ᠴᠢᠬᠤᠯᠠᠴᠢᠯᠠᠵᠤ᠂ ᠴᠢᠩᠭ᠎ᠠ ᠬᠦᠴᠦᠲᠡᠢ ᠬᠢᠨᠠᠯᠲᠠ ᠬᠠᠮᠢᠶᠠᠷᠤᠯᠲᠠ᠎ᠪᠠᠷ ᠡᠷᠬᠡ᠎ᠶᠢ ᠳᠤᠷ᠎ᠠ᠎ᠪᠠᠷ᠎ᠢᠶᠠᠨ ᠬᠡᠷᠡᠭᠯᠡᠬᠦ᠎ᠶᠢ ᠡᠬᠢ ᠡᠭᠦᠰᠦᠯ᠎ᠡᠴᠡ ᠨᠢ ᠰᠡᠷᠭᠡᠢᠯᠡᠨ ᠬᠣᠷᠢᠭ᠍ᠯᠠᠪᠠ᠃

《ᠳᠠᠯᠳᠠ ᠳᠦᠷᠢᠮ》 ᠪᠣᠯ ᠬᠠᠤᠯᠢ ᠲᠣᠭᠲᠠᠭᠠᠯ ᠳᠦᠷᠢᠮ᠎ᠢ ᠪᠠᠢᠪᠠᠰᠤ ᠵᠣᠬᠢᠬᠤ ᠦᠢᠯᠡᠳᠦᠯ ᠭᠠᠷᠭᠠᠵᠤ ᠴᠢᠳᠠᠬᠤ ᠦᠭᠡᠢ ᠪᠣᠯᠭᠠᠵᠤ᠂ 《ᠡᠪᠳᠡᠷᠬᠡᠢ ᠴᠣᠩᠬᠣ᠌᠎ᠶᠢᠨ ᠦᠢᠯᠡᠳᠦᠯ》᠎ᠢ᠋ ᠪᠣᠶ ᠪᠣᠯᠭᠠᠬᠤ ᠴᠢᠬᠤᠯᠠ ᠠᠰᠠᠭᠤᠳᠠᠯ ᠮᠥᠨ᠃ ᠲᠣᠭᠲᠠᠭᠠᠯ᠎ᠤᠨ ᠨᠠᠢ᠍ᠮᠠᠳᠤᠭᠠᠷ ᠪᠦᠯᠦᠭ᠎ᠲᠦ 《ᠳᠠᠯᠳᠠ ᠳᠦᠷᠢᠮ᠎ᠢ ᠶᠡᠬᠡ᠎ᠪᠡᠷ ᠠᠷᠢᠯᠭᠠᠨ᠎ᠠ》᠎ᠭᠡᠵᠦ ᠴᠢᠬᠤᠯᠠᠴᠢᠯᠠᠵᠤ᠂ 《ᠳᠡᠭᠡᠭᠦᠷ ᠬᠠᠷᠢᠴᠠᠭ᠎ᠠ ᠪᠠᠢᠭᠤᠯᠤᠨ ᠲᠦᠰᠢᠭ ᠡᠷᠢᠬᠦ》᠂《ᠵᠠᠷᠴᠢᠮ ᠨᠢ ᠬᠠᠷᠢᠴᠠᠭ᠎ᠠ᠎ᠶᠢ ᠬᠦᠷᠬᠦ ᠦᠭᠡᠢ》᠂ 《ᠲᠠᠮᠠᠭ᠎ᠠ ᠨᠢ ᠬᠠᠭᠤᠳᠠᠰᠤ᠎ᠶᠢ ᠬᠦᠷᠬᠦ ᠦᠭᠡᠢ》᠂ ᠠᠰᠢᠭ᠋ ᠬᠦᠷᠲᠡᠭᠡᠬᠦ ᠦᠭᠡᠢ ᠪᠣᠯ ᠶᠠᠪᠤᠳᠠᠯ ᠪᠦᠲᠦᠭᠡᠵᠦ ᠦᠭᠬᠦ ᠦᠭᠡᠢ᠂ ᠳᠠᠯᠳᠠᠭᠤᠷ ᠦᠢᠯᠡᠳᠬᠦ ᠵᠡᠷᠭᠡ ᠡᠮᠬᠢ ᠵᠢᠷᠤᠮ ᠦᠭᠡᠢ ᠦᠵᠡᠭᠳᠡᠯ᠎ᠢ ᠰᠢᠭᠤᠳ ᠵᠢᠭᠠᠵᠤ᠂ ᠪᠣᠳᠠᠲᠠᠢ᠎ᠶᠢ ᠡᠷᠬᠢᠮᠯᠡᠭᠰᠡᠨ ᠬᠡᠷᠡᠭᠵᠢᠭᠦᠯᠵᠦ ᠪᠣᠯᠬᠤᠢᠴᠠ ᠵᠠᠰᠠᠯᠲᠠ᠎ᠶᠢᠨ ᠠᠷᠭ᠎ᠠ ᠬᠡᠮᠵᠢᠶ᠎ᠡ᠎ᠶᠢ ᠳᠤᠷᠠᠳᠪᠠ᠃

ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠲᠤᠭᠲᠠᠭᠠᠯ ᠨᠢ ᠨᠢᠭᠡᠨᠲᠡ ᠪᠠᠢᠭ᠎ᠠ ᠠᠵᠢᠯ᠎ᠤᠨ ᠦᠷ᠎ᠡ ᠪᠦᠲᠦᠭᠡᠯ᠎ᠢᠶᠡᠨ ᠪᠡᠬᠢᠵᠢᠭᠦᠯᠦᠨ ᠥᠷᠭᠡᠳᠬᠡᠬᠦ᠂ ᠰᠠᠢᠨ ᠰᠠᠢᠬᠠᠨ ᠪᠠᠢᠳᠠᠯ᠎ᠢ ᠪᠠᠲᠤᠯᠠᠭᠰᠠᠨ ᠰᠠᠭᠤᠷᠢᠨ ᠳᠡᠭᠡᠷ᠎ᠡ᠂ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ᠎ᠶᠢ ᠨᠥᠯᠥᠭᠡᠯᠡᠬᠦ ᠴᠢᠬᠤᠯᠠ ᠶᠡᠬᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠠᠮ᠎ᠤᠨ ᠳᠣᠲᠣᠭᠠᠳᠤ᠎ᠳᠤ ᠣᠷᠣᠰᠢᠵᠤ ᠪᠠᠢᠭ᠎ᠠ ᠲᠣᠪᠣᠢᠮ᠎ᠠ ᠠᠰᠠᠭᠤᠳᠠᠯ ᠪᠠ ᠲᠤᠯᠭᠠᠷᠠᠵᠤ ᠪᠠᠢᠭ᠎ᠠ ᠰᠢᠨ᠎ᠡ ᠪᠠᠢᠳᠠᠯ ᠰᠢᠨ᠎ᠡ ᠥᠷᠢᠰᠦᠯᠳᠦᠭᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠦᠲᠦᠮᠵᠢᠲᠡᠢ ᠪᠥᠭᠡᠳ ᠲᠤᠰᠠᠲᠠᠢ᠂ ᠦᠨᠭᠭᠡᠨ ᠲᠠᠯ᠎ᠠ ᠪᠠ ᠦᠨᠳᠦᠰᠦ ᠡᠴᠡ ᠨᠢ ᠵᠠᠰᠠᠬᠤ ᠠᠷᠭ᠎ᠠ ᠪᠤᠯᠤᠨ ᠠᠷᠭ᠎ᠠ ᠬᠡᠮᠵᠢᠶ᠎ᠡ᠎ᠶᠢ ᠰᠤᠳᠤᠯᠤᠨ ᠳᠤᠷᠠᠳᠪᠠ᠃

ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠲᠥᠪ ᠴᠢᠩᠭ᠎ᠠ ᠪᠠᠢᠬᠤ᠎ᠶᠢ ᠳᠣᠪᠣᠶ᠋ᠢᠯᠭᠠᠬᠤ ᠦᠨᠳᠦᠰᠦᠨ ᠬᠥᠭ ᠠᠶᠠᠰ᠎ᠢ ᠪᠠᠷᠢᠮᠲᠠᠯᠠᠨ᠂ ᠪᠥᠬᠥ ᠲᠠᠯ᠎ᠠ᠎ᠪᠠᠷ ᠴᠢᠩᠭ᠎ᠠ ᠱᠠᠭᠠᠷᠳᠠᠬᠤ᠎ᠶᠢ ᠨᠠᠢᠳᠠᠪᠤᠷᠢᠵᠢᠭᠤᠯᠵᠤ᠂  ᠪᠦᠲᠦᠮᠵᠢᠲᠡᠶ ᠳᠦᠷᠢᠮ ᠲᠣᠭᠲᠠᠭᠠᠯ᠎ᠢ ᠳᠠᠪᠲᠠᠨ ᠢᠯᠡᠷᠬᠡᠢᠯᠡᠭᠰᠡᠨ ᠮᠥᠷᠲᠡᠭᠡᠨ ᠪᠠᠰᠠ ᠪᠠᠢᠳᠠᠯ ᠡᠭᠦᠷᠭᠡ᠎ᠶᠢᠨ ᠬᠤᠪᠢᠷᠠᠯᠲᠠ᠎ᠶᠢ ᠦᠨᠳᠦᠰᠦᠯᠡᠨ ᠰᠢᠨ᠎ᠡ ᠪᠠᠢᠷᠢᠯᠠᠭᠤᠯᠤᠯᠲᠠ ᠬᠢᠵᠦ᠂ ᠰᠢᠨ᠎ᠡ ᠠᠷᠭ᠎ᠠ ᠳᠤᠷᠠᠳᠤᠨ ᠭᠠᠷᠭᠠᠪᠠ  —

《ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠪᠠᠢᠷᠢᠯᠠᠭᠤᠯᠤᠯᠲᠠ ᠶᠣᠰᠣᠭᠠᠷ᠂ ᠨᠢᠭᠡᠨᠲᠡ ᠪᠠᠢᠭ᠎ᠠ ᠰᠠᠢᠨ ᠲᠤᠷᠰᠢᠯᠭ᠎ᠠ ᠰᠠᠢᠨ ᠠᠷᠭ᠎ᠠ ᠬᠢᠳᠡᠯ᠎ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠨᠠᠮ᠎ᠤᠨ ᠪᠠᠢᠭᠤᠯᠤᠯᠲᠠ᠎ᠳᠤ ᠣᠷᠣᠰᠢᠵᠤ ᠪᠠᠢᠭ᠎ᠠ ᠡᠯ᠎ᠡ ᠵᠦᠢᠯ᠎ᠦᠨ ᠲᠣᠪᠣᠢᠮ᠎ᠠ ᠠᠰᠠᠭᠤᠳᠠᠯ᠎ᠳᠤ ᠴᠢᠭᠯᠡᠭᠦᠯᠦᠨ᠂ ᠪᠦᠲᠦᠭᠡᠯᠴᠢ ᠴᠢᠨᠠᠷᠲᠠᠢ᠂ ᠰᠢᠪᠲᠤᠯᠤᠯᠲᠠ᠎ᠶᠢᠨ ᠴᠢᠨᠠᠷᠲᠠᠢ᠂ ᠪᠤᠯᠤᠮᠵᠢᠲᠦ ᠴᠢᠨᠠᠷᠲᠠᠢ ᠠᠷᠭ᠎ᠠ ᠬᠡᠮᠵᠢᠶ᠎ᠡ᠎ᠶᠢ ᠰᠤᠳᠤᠯᠤᠨ ᠳᠤᠷᠠᠳᠬᠤ ᠬᠡᠷᠡᠭᠲᠡᠢ》᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠪᠢᠴᠢᠭ ᠮᠠᠲᠧᠷᠢᠶᠠᠯ ᠲᠤᠭᠤᠷᠪᠢᠬᠤ ᠠᠵᠢᠯ᠎ᠤᠨ ᠲᠤᠬᠠᠢ ᠲᠣᠳᠣᠷᠬᠠᠢ ᠱᠠᠭᠠᠷᠳᠠᠯᠭ᠎ᠠ ᠪᠣᠯᠣᠨ᠎ᠠ᠃

ᠲᠣᠭᠲᠠᠭᠠᠯ᠎ᠳᠤ ᠨᠡᠶ᠋ᠢᠲᠡ 200 ᠭᠠᠷᠤᠢ ᠵᠦᠢᠯ᠎ᠦᠨ ᠪᠣᠳᠠᠲᠠᠢ ᠠᠷᠭ᠎ᠠ ᠬᠡᠮᠵᠢᠶ᠎ᠡ ᠳᠤᠷᠠᠳᠴᠠᠢ᠂ ᠡᠲᠡᠭᠡᠷ ᠠᠷᠭ᠎ᠠ ᠬᠡᠮᠵᠢᠶ᠎ᠡ᠎ᠶᠢᠨ ᠵᠠᠷᠢᠮ ᠨᠢ ᠥᠩᠭᠡᠷᠡᠭᠰᠡᠨ᠎ᠦ ᠬᠢ᠎ᠶᠢ ᠳᠠᠬᠢᠨ ᠲᠣᠳᠣᠷᠬᠠᠢᠯᠠᠵᠤ᠂ ᠵᠠᠷᠢᠮ ᠨᠢ ᠪᠠᠢᠳᠠᠯ᠎ᠤᠨ ᠬᠤᠪᠢᠷᠠᠯᠲᠠ᠎ᠶᠢ ᠦᠨᠳᠦᠰᠦᠯᠡᠨ ᠲᠤᠭᠠᠴᠢᠯᠲᠠ᠎ᠶᠢᠨ ᠲᠠᠯ᠎ᠠ᠎ᠪᠠᠷ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠭᠰᠡᠨ ᠪᠠᠢᠨ᠎ᠠ᠂ ᠵᠠᠷᠢᠮ ᠨᠢ ᠪᠦᠷᠢᠮᠦᠰᠦᠨ ᠤᠳᠬ᠎ᠠ ᠠᠭᠤᠯᠭ᠎ᠠ ᠳᠡᠭᠡᠷᠡᠬᠢ ᠰᠢᠨ᠎ᠡ ᠡᠭᠦᠳᠦᠯᠲᠡ ᠪᠣᠯᠣᠨ᠎ᠠ᠃

《ᠨᠢᠭᠡᠳᠦᠭᠡᠷ ᠭᠠᠷ》 ᠤ᠋ᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠡᠷᠬᠡ᠎ᠪᠡᠨ ᠬᠡᠷᠡᠭᠯᠡᠬᠦ᠎ᠶᠢ ᠵᠢᠷᠤᠮᠵᠢᠭᠤᠯᠬᠤ ᠲᠠᠯ᠎ᠠ᠎ᠪᠠᠷ᠂ ᠲᠤᠭᠲᠠᠭᠠᠯ᠎ᠤᠨ ᠭᠤᠷᠪᠠᠳᠤᠭᠠᠷ ᠬᠡᠰᠡᠭ᠎ᠦᠨ 《ᠠᠷᠠᠳᠴᠢᠯᠠᠯ ᠲᠥᠪᠯᠡᠷᠡᠯ᠎ᠦᠨ ᠶᠣᠰᠣ᠌᠎ᠶᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠦᠨ᠎ᠡ》 ᠳ᠋ᠤ᠂ 《ᠨᠢᠭᠡᠳᠦᠭᠡᠷ ᠭᠠᠷ》 ᠤ᠋ᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠡᠷᠬᠡ᠎ᠪᠡᠨ ᠬᠡᠷᠡᠭᠯᠡᠬᠦ᠎ᠶᠢ ᠵᠢᠷᠤᠮᠵᠢᠭᠤᠯᠬᠤ᠎ᠳᠤ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠤᠳᠤᠷᠢᠳᠬᠤ ᠪᠠᠭ᠎ᠤᠨ ᠡᠷᠬᠡ᠎ᠶᠢᠨ ᠠᠵᠢᠯᠯᠠᠭᠠᠨ᠎ᠢ ᠬᠢᠵᠠᠭᠠᠷᠯᠠᠬᠤ ᠲᠣᠭᠲᠡᠴᠡ᠎ᠶᠢ ᠪᠦᠷᠢᠨᠰᠢᠭᠦᠯᠬᠦ᠂ ᠠᠷᠠᠳᠴᠢᠯᠠᠯ᠎ᠢ ᠪᠠᠳᠠᠷᠠᠭᠤᠯᠬᠤ ᠵᠡᠷᠭᠡ ᠠᠯᠢ ᠤᠯᠠᠨ ᠲᠣᠳᠣᠷᠬᠠᠢ᠂ ᠪᠣᠳᠠᠲᠠᠢ᠂ ᠪᠣᠳᠠᠲᠠᠢ᠎ᠶᠢ ᠡᠷᠬᠢᠮᠯᠡᠬᠦ ᠱᠠᠭᠠᠷᠳᠠᠯᠭ᠎ᠠ᠎ᠶᠢ ᠲᠣᠭᠲᠠᠭᠠᠵᠤ᠂ᠠᠷᠠᠳᠴᠢᠯᠠᠯ ᠲᠥᠪᠯᠡᠷᠡᠯ᠎ᠦᠨ ᠶᠣᠰᠣᠨ᠎ᠤ ᠤᠯᠤᠰ ᠲᠦᠷᠦ᠎ᠶᠢᠨ ᠳᠠᠪᠠᠭᠤᠯᠢᠭ᠋᠂ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠂ ᠪᠠᠢᠭᠤᠯᠤᠯ᠎ᠤᠨ ᠳᠠᠪᠠᠭᠤᠯᠢᠭ᠋᠂ ᠠᠵᠢᠯ᠎ᠤᠨ ᠳᠠᠪᠠᠭᠤᠯᠢᠭ᠋᠎ᠢ ᠰᠠᠢᠲᠤᠷ ᠪᠠᠳᠠᠷᠠᠭᠤᠯᠬᠤ᠎ᠶᠢ ᠠᠬᠢᠭᠤᠯᠪᠠ᠃

ᠳᠡᠭᠡᠭᠰᠢ ᠳᠤᠭᠤᠭᠰᠢ ᠨᠡᠪᠲᠡᠷᠡᠯᠴᠡᠭᠰᠡᠨ ᠪᠦᠭᠡᠳ ᠬᠡᠷᠡᠭᠵᠢᠭᠦᠯᠦᠯᠲᠡ ᠨᠢ ᠬᠦᠴᠦᠲᠡᠢ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠪᠠᠶ᠋ᠢᠭᠤᠯᠬᠤ ᠲᠠᠯ᠎ᠠ᠎ᠪᠠᠷ᠂ ᠲᠤᠭᠲᠠᠭᠠᠯ᠎ᠤᠨ ᠲᠠᠪᠤᠳᠤᠭᠠᠷ ᠬᠡᠰᠡᠭ᠎ᠲᠦ 《ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢ ᠲᠣᠪᠣᠢᠯᠭᠠᠨ ᠰᠠᠢᠲᠤᠷ ᠠᠳᠬᠤᠬᠤ》 ᠵᠢ ᠴᠢᠬᠤᠯᠠᠴᠢᠯᠠᠵᠤ᠂《ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠰᠢᠨ᠎ᠡ ᠠᠵᠢᠯ ᠣᠯᠭᠣᠯᠲᠠ᠎ᠶᠢᠨ ᠬᠦᠮᠦᠰ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠦᠷᠬᠦᠴᠡ ᠪᠠ ᠠᠵᠢᠯ᠎ᠤᠨ ᠪᠦᠷᠬᠦᠴᠡ᠎ᠶᠢ ᠭᠦᠨᠵᠡᠭᠡᠢᠷᠡᠭᠦᠯᠦᠨ ᠥᠷᠭᠡᠳᠬᠡᠬᠦ》᠂ 《ᠲᠠᠪᠴᠠᠩᠳᠤ ᠠᠵᠤ ᠠᠬᠤᠢᠯᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠡᠯᠪᠡᠷᠢ᠎ᠶᠢᠨ ᠠᠵᠤ ᠠᠬᠤᠢᠯᠠᠯ ᠵᠡᠷᠭᠡ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠬᠠᠵᠤ᠂ ᠢᠨᠲᠧᠷ ᠰᠦᠯᠵᠢᠶᠡᠨ᠎ᠦ ᠠᠵᠤ ᠠᠬᠤᠢᠯᠠᠯ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠠᠰ ᠳᠡᠪᠰᠢᠭᠦᠯᠬᠦ ᠬᠠᠮᠢᠶᠠᠷᠤᠯᠲᠠ᠎ᠶᠢᠨ ᠬᠥᠳᠡᠯᠦᠩᠭᠦᠢ ᠲᠣᠬᠢᠷᠠᠭᠤᠯᠤᠯᠲᠠ᠎ᠶᠢᠨ ᠲᠣᠭᠲᠡᠴᠡ᠎ᠶᠢ ᠪᠠᠶ᠋ᠢᠭᠤᠯᠬᠤ》 ᠵᠡᠷᠭᠡ᠎ᠶᠢ ᠪᠠᠢᠷᠢᠯᠠᠭᠤᠯᠪᠠ᠃

ᠢᠯᠵᠢᠷᠠᠯ᠎ᠢ ᠵᠠᠯᠬᠠᠭᠠᠨ ᠰᠢᠢᠳᠬᠡᠵᠦ ᠬᠦᠴᠦᠲᠡᠢ ᠳᠠᠷᠤᠯᠲᠠ ᠦᠵᠡᠭᠦᠯᠬᠦ ᠪᠠᠢᠳᠠᠯ᠎ᠢ ᠪᠠᠲᠤᠯᠠᠬᠤ ᠲᠠᠯ᠎ᠠ᠎ᠪᠠᠷ᠂ ᠲᠤᠭᠲᠠᠭᠠᠯ᠎ᠤᠨ ᠳᠣᠯᠣᠳᠤᠭᠠᠷ ᠬᠡᠰᠡᠭ᠎ᠲᠦ ᠭᠣᠣᠯᠳᠠᠯᠭ᠎ᠠ᠎ᠲᠠᠢ ᠴᠣᠬᠢᠯᠲᠠ ᠥᠭᠬᠦ ᠰᠢᠨ᠎ᠡ ᠬᠡᠯᠪᠡᠷᠢ᠎ᠶᠢᠨ ᠢᠯᠵᠢᠷᠠᠯ ᠪᠠ ᠲᠠᠯᠳᠠ ᠢᠯᠵᠢᠷᠠᠯ᠎ᠤᠨ ᠠᠰᠠᠭᠤᠳᠠᠯ᠎ᠤᠨ ᠲᠤᠬᠠᠢ ᠲᠣᠳᠣᠷᠬᠠᠢ ᠵᠠᠭᠠᠭ ᠲᠣᠭᠲᠠᠭᠠᠵᠤ᠂ 《ᠵᠢᠱ᠌ᠢᠯᠲᠠ ᠠᠰᠢᠭ᠋ ᠤᠷᠤᠯᠭ᠎ᠠ᠂ ᠪᠤᠯᠵᠤᠨ ᠲᠤᠭᠲᠠᠭᠠᠳ ᠣᠷᠣᠯᠠᠨ ᠡᠵᠡᠮᠰᠢᠬᠦ᠂ 〈ᠴᠠᠭᠠᠨ ᠪᠡᠭᠡᠯᠡᠢ〉᠂ ᠵᠠᠰᠠᠭ᠎ᠤᠨ ᠣᠷᠳᠣᠨ ᠪᠠ ᠬᠤᠳᠠᠯᠳᠤᠭᠠᠴᠢᠨ᠎ᠤ 〈ᠡᠷᠭᠢᠯᠳᠦᠭᠡ ᠡᠭᠦᠳᠡ〉 ᠵᠡᠷᠭᠡ ᠰᠢᠨ᠎ᠡ ᠬᠡᠯᠪᠡᠷᠢ᠎ᠶᠢᠨ ᠢᠯᠵᠢᠷᠠᠯ ᠪᠠ ᠲᠠᠯᠳᠠ ᠢᠯᠵᠢᠷᠠᠯ᠎ᠢ ᠭᠦᠨᠵᠡᠭᠡᠢ ᠠᠭᠤᠳᠠᠯᠤᠨ ᠨᠠᠷᠢᠨ ᠪᠠᠢᠴᠠᠭᠠᠵᠤ᠂ ᠢᠨᠲᠧᠷ ᠰᠦᠯᠵᠢᠶ᠎ᠡ᠂ ᠬᠡᠢᠰᠪᠦᠷᠢ ᠵᠣᠭᠣᠰ᠂ ᠬᠢᠯᠢ ᠠᠯᠤᠰᠯᠠᠭᠰᠠᠨ ᠪᠡᠯᠡ ᠮᠥᠩᠭᠥ᠂  ᠵᠠᠩᠭᠢ ᠵᠢᠨ ᠴᠦᠷᠭᠡᠯᠡᠭᠡ ᠵᠡᠷᠭᠡ᠎ᠶᠢ ᠠᠰᠢᠭ᠍ᠯᠠᠨ ᠬᠢᠭᠰᠡᠨ ᠢᠯᠵᠢᠷᠠᠯ᠎ᠤᠨ ᠦᠢᠯᠡ ᠠᠵᠢᠯᠯᠠᠭ᠎ᠠ᠎ᠳᠤ ᠡᠷᠡᠰ ᠴᠣᠬᠢᠯᠲᠠ ᠥᠭᠭᠦᠨ᠎ᠡ》 ᠭᠡᠵᠦ ᠴᠢᠬᠤᠯᠠᠴᠢᠯᠠᠪᠠ᠃

ᠰᠢᠰᠲᠧᠮ᠎ᠲᠠᠢ ᠲᠥᠯᠥᠪᠵᠢᠭᠦᠯᠬᠦ᠎ᠶᠢ ᠴᠢᠬᠤᠯᠠᠴᠢᠯᠠᠵᠤ᠂ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠨᠠᠮ᠎ᠤᠨ ᠡᠯ᠎ᠡ ᠲᠠᠯ᠎ᠠ᠎ᠶᠢᠨ ᠪᠠᠢᠭᠤᠯᠤᠯᠲᠠ᠎ᠶᠢ ᠣᠷᠭᠠᠨᠢᠭ᠋ ᠪᠦᠬᠦᠯᠢ ᠴᠣᠭᠴᠠ ᠪᠣᠯᠭᠠᠨ ᠲᠥᠯᠥᠪᠵᠢᠭᠦᠯᠦᠨ ᠠᠬᠢᠭᠤᠯᠵᠤ᠂ ᠬᠠᠷᠢᠯᠴᠠᠨ ᠵᠣᠯᠭᠠᠭᠤᠯᠵᠤ᠂ ᠬᠠᠮᠵᠢᠯᠴᠠᠨ ᠬᠣᠯᠪᠣᠭᠠᠯᠠᠨ ᠬᠦᠳᠡᠯᠦᠯᠴᠡᠪᠡ  —

《 ᠮᠠᠨ᠎ᠤ ᠨᠠᠮ᠎ᠤᠨ ᠡᠩᠨᠡᠭᠡ ᠮᠤᠨᠳᠠᠭ ᠶᠡᠬᠡ᠂ ᠵᠣᠬᠢᠶᠠᠨ ᠪᠠᠢᠭᠤᠯᠤᠯᠲᠠ᠎ᠶᠢᠨ ᠱᠠᠲᠤ ᠳᠠᠪᠬᠤᠷᠭ᠎ᠠ ᠤᠯᠠᠨ᠂ ᠬᠠᠮᠢᠶᠠᠷᠤᠯᠲᠠ᠎ᠶᠢᠨ ᠬᠡᠯᠬᠢᠶ᠎ᠡ ᠤᠷᠳᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠳ᠋ᠤ ᠬᠣᠯᠪᠣᠭᠳᠠᠬᠤ ᠬᠦᠷᠢᠶ᠎ᠡ ᠬᠡᠪᠴᠢᠶ᠎ᠡ ᠥᠷᠭᠡᠨ᠂ ᠭᠠᠭᠴᠠ ᠬᠦ᠌ ᠰᠢᠰᠲᠧᠮᠲᠦ ᠰᠡᠳᠬᠢᠬᠦᠢ᠎ᠪᠡᠷ ᠲᠥᠯᠥᠪᠵᠢᠭᠦᠯᠦᠨ ᠠᠬᠢᠭᠤᠯᠪᠠᠯ ᠰᠠᠶᠢ ᠪᠦᠬᠦᠯᠢ ᠴᠣᠭᠴᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠴᠢᠳᠠᠨ᠎ᠠ 》 ᠭᠡᠵᠦ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠪᠠ᠃

ᠠᠵᠢᠯ᠎ᠤᠨ ᠪᠠᠢᠷᠢᠰᠢᠭᠤᠯᠤᠯᠲᠠ᠎ᠶᠢᠨ ᠲᠠᠯ᠎ᠠ᠎ᠪᠠᠷ᠂ ᠲᠤᠭᠲᠠᠭᠠᠯ᠎ᠳᠤ ᠨᠢᠭᠡᠳᠦᠯᠲᠡᠢ ᠲᠥᠯᠥᠪᠵᠢᠭᠦᠯᠦᠨ ᠨᠡᠢ᠍ᠢᠳᠡ ᠳ᠋ᠦ᠍ᠨᠢ ᠬᠠᠷᠠᠭᠠᠯᠵᠠᠬᠤ᠂ ᠪᠦᠬᠦ ᠲᠠᠯ᠎ᠠ᠎ᠪᠠᠷ ᠠᠬᠢᠭᠤᠯᠬᠤ᠎ᠶᠢ ᠴᠢᠬᠤᠯᠠᠴᠢᠯᠠᠵᠤ᠂ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠵᠤ᠂ ᠨᠠᠮ᠎ᠤᠨ ᠡᠯ᠎ᠡ ᠲᠠᠯ᠎ᠠ᠎ᠶᠢᠨ ᠪᠠᠢᠭᠤᠯᠤᠯᠲᠠ᠎ᠶᠢ ᠬᠠᠮᠵᠢᠯᠴᠠᠨ ᠠᠬᠢᠭᠤᠯᠪᠠ᠃ ᠡᠭᠦᠨ᠎ᠦ ᠬᠠᠮᠲᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠎ᠶᠢ ᠬᠠᠷᠢᠯᠴᠠᠨ ᠨᠡᠪᠲᠡᠷᠡᠯᠴᠡᠭᠦᠯᠵᠦ᠂ ᠬᠠᠷᠢᠯᠴᠠᠨ ᠰᠠᠯᠤᠩᠭᠢᠷᠠᠬᠤ᠂ ᠨᠢᠭᠡ᠎ᠶᠢ ᠨᠢ ᠬᠠᠷᠠᠭᠠᠯᠵᠠᠪᠠᠯ ᠨᠦᠬᠦᠭᠡ᠎ᠶᠢ ᠨᠢ ᠠᠯᠳᠠᠬᠤ᠎ᠡᠴᠡ ᠵᠠᠢᠯᠠᠰᠬᠢᠪᠡ᠃

ᠬᠦᠴᠦᠨ᠎ᠢᠶᠡᠨ ᠪᠠᠢᠷᠢᠯᠠᠭᠤᠯᠬᠤ ᠲᠠᠯ᠎ᠠ᠎ᠪᠠᠷ᠂ ᠲᠤᠭᠲᠠᠭᠠᠯ᠎ᠳᠤ ᠨᠢᠭ᠍ᠲᠠ ᠬᠠᠮᠵᠢᠯᠴᠠᠬᠤ᠂ ᠢᠵᠢᠯᠢ ᠴᠢᠭᠯᠡᠯ᠎ᠢᠶᠡᠷ ᠬᠦᠴᠦᠯᠡᠬᠦ᠎ᠶᠢ ᠴᠢᠬᠤᠯᠠᠴᠢᠯᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠰᠠᠬᠢᠯᠭ᠎ᠠ ᠪᠠᠲᠤ ᠪᠠᠢᠴᠠᠭᠠᠬᠤ᠂ ᠵᠣᠬᠢᠶᠠᠨ ᠪᠠᠶ᠋ᠢᠭᠤᠯᠬᠤ᠂ ᠤᠬᠠᠭᠤᠯᠬᠤ ᠵᠡᠷᠭᠡ ᠡᠭᠦᠷᠭᠡ ᠴᠢᠳᠠᠪᠬᠢᠳᠤ ᠪᠠᠢᠭᠤᠯᠤᠮᠵᠢ᠎ᠶᠢᠨ ᠲᠣᠰ ᠲᠣᠰ᠎ᠤᠨ ᠡᠭᠦᠷᠭᠡ ᠲᠤᠰᠢᠶᠠᠯ᠎ᠢᠶᠠᠨ ᠭᠦᠢᠴᠡᠳᠬᠡᠬᠦ᠎ᠵᠢ ᠠᠬᠢᠭᠤᠯᠵᠤ᠂ ᠬᠠᠮᠵᠢᠯᠴᠠᠭ᠎ᠠ᠎ᠪᠠᠨ ᠴᠢᠩᠭᠠᠳᠬᠠᠵᠤ᠂ ᠳᠡᠭᠡᠭᠰᠢ ᠳᠣᠭᠤᠭᠰᠢ ᠨᠡᠪᠲᠡᠷᠡᠯᠴᠡᠬᠦ᠂ ᠬᠡᠰᠡᠭ ᠵᠤᠷᠪᠤᠰ᠎ᠢ ᠤᠶᠠᠯᠳᠤᠭᠤᠯᠬᠤ᠂ ᠵᠡᠷᠭᠡ᠎ᠪᠡᠷ ᠠᠳᠬᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢᠷᠢᠰᠢᠯ᠎ᠢ ᠪᠣᠶ ᠪᠣᠯᠭᠠᠪᠠ᠃

ᠠᠷᠭ᠎ᠠ ᠬᠡᠯᠪᠡᠷᠢ᠎ᠶᠢᠨ ᠲᠠᠯ᠎ᠠ᠎ᠪᠠᠷ᠂ ᠲᠤᠭᠲᠠᠭᠠᠯ᠎ᠳᠤ ᠣᠯᠠᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠬᠦ᠂ ᠲᠥᠷᠥᠯ ᠬᠤᠪᠢᠶᠠᠨ ᠵᠢᠯᠤᠭᠣᠳᠬᠤ᠎ᠶᠢ ᠴᠢᠬᠤᠯᠠᠴᠢᠯᠠᠵᠤ᠂ ᠰᠢᠨ᠎ᠡ ᠪᠠᠢᠳᠠᠯ᠂ ᠰᠢᠨ᠎ᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠦᠲᠦᠮᠵᠢᠲᠡᠶ ᠪᠥᠭᠡᠳ ᠲᠤᠰᠠᠲᠠᠢ ᠰᠡᠳᠬᠢᠮᠵᠢ ᠠᠷᠭ᠎ᠠ ᠬᠡᠮᠵᠢᠶ᠎ᠡ᠎ᠶᠢ ᠳᠤᠷᠠᠳᠪᠠ᠃ ᠡᠭᠦᠨ᠎ᠦ ᠬᠠᠮᠲᠤ᠂ ᠴᠡᠭ ᠪᠠ ᠪᠦᠬᠦ ᠲᠠᠯ᠎ᠠ᠎ᠵᠢ ᠤᠶᠠᠯᠳᠤᠭᠤᠯᠤᠨ ᠠᠵᠢᠯ᠎ᠢᠶᠠᠨ ᠠᠬᠢᠭᠤᠯᠬᠤ᠎ᠶᠢ ᠪᠠᠷᠢᠮᠲᠠᠯᠠᠵᠤ᠂ ᠠᠮᠵᠢᠯᠲᠠ᠎ᠲᠠᠢ ᠲᠤᠷᠰᠢᠯᠭ᠎ᠠ᠎ᠶᠢ ᠳ᠋ᠦᠩᠨᠡᠨ ᠬᠡᠷᠡᠭᠯᠡᠵᠦ᠂ ᠵᠢᠮ᠎ᠡ ᠶᠣᠰᠣᠴᠢ ᠴᠢᠨᠠᠷᠲᠠᠢ ᠲᠠᠨᠢᠯᠲᠠ᠎ᠪᠠᠨ ᠭᠦᠨᠵᠡᠭᠡᠢᠷᠡᠭᠦᠯᠵᠦ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

8 ᠬᠡᠰᠡᠭ᠎ᠡᠴᠡ ᠭᠠᠳᠠᠨ᠎ᠠ᠂ ᠲᠣᠭᠲᠠᠭᠠᠯ᠎ᠳᠤ ᠪᠠᠰᠠ ᠨᠠᠮ ᠪᠠ ᠤᠯᠤᠰ᠎ᠤᠨ ᠬᠢᠨᠠᠯᠲᠠ ᠲᠠᠯᠪᠢᠬᠤ ᠰᠢᠰᠲᠧᠮ᠎ᠢ ᠲᠡᠭᠦᠯᠳᠡᠷᠵᠢᠭᠦᠯᠬᠦ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠲᠤᠬᠠᠢ ᠲᠣᠰ ᠲᠣᠰ ᠪᠠᠢᠷᠢᠯᠠᠭᠤᠯᠤᠯᠲᠠ ᠲᠣᠬᠢᠷᠠᠭᠤᠯᠤᠯᠲᠠ ᠬᠢᠪᠡ᠃

ᠰᠡᠳᠬᠢᠯ ᠰᠠᠨᠠᠭ᠎ᠠ ᠪᠠᠨ ᠴᠡᠪᠡᠷᠰᠢᠭᠦᠯᠦᠨ ᠪᠤᠯᠪᠠᠰᠤᠷᠠᠭᠤᠯᠵᠤ᠂ ᠪᠡᠶ᠎ᠡ᠎ᠪᠡᠨ ᠵᠠᠰᠠᠵᠤ᠂ ᠳᠠᠷᠠᠭ᠎ᠠ ᠨᠢ ᠤᠯᠤᠰ᠎ᠢ ᠵᠠᠰᠠᠵᠤ ᠲᠡᠯᠡᠭᠡᠢ ᠳ᠋ᠠᠬᠢᠨ᠎ᠢ ᠲᠦᠪᠰᠢᠳᠭᠡᠵᠦ ᠪᠣᠯᠣᠨ᠎ᠠ᠃

《ᠳᠡᠯᠡᠬᠡᠢ ᠳ᠋ᠠᠬᠢᠨ᠎ᠢ ᠪᠠᠷᠠᠯᠠᠬᠤᠶ᠎ᠠ᠂ ᠠᠯᠢ ᠴᠤ᠌ ᠲᠦᠷᠦ᠎ᠶᠢᠨ ᠨᠠᠮ ᠭᠡᠳ ᠳᠤᠮᠳᠠᠳᠤ ᠤᠯᠤᠰ᠎ᠤᠨ ᠡᠪ ᠬᠠᠮᠲᠤ ᠨᠠᠮ ᠰᠢᠭ᠋ ᠥᠪᠡᠷ ᠪᠡᠶ᠎ᠡ᠎ᠶᠢᠨ ᠪᠠᠢᠭᠤᠯᠤᠯᠲᠠ᠎ᠳᠠᠭᠠᠨ ᠲᠥᠪ ᠴᠢᠩᠭ᠎ᠠ ᠨᠠᠷᠢᠨ ᠬᠢᠨᠠᠮᠠᠭᠠᠢ ᠬᠠᠨᠳᠤᠵᠤ ᠴᠢᠳᠠᠬᠤ ᠦᠭᠡᠢ᠂ ᠡᠢᠮᠦ ᠳᠡᠭᠡᠳᠦ ᠬᠡᠮᠵᠢᠶᠡᠨ᠎ᠦ ᠤᠬᠠᠮᠰᠠᠷ᠎ᠡᠴᠡ᠎ᠪᠠᠨ ᠰᠢᠨᠵᠢᠯᠡᠬᠦ ᠤᠬᠠᠭᠠᠨᠴᠢ ᠣᠪᠣᠷ᠂ ᠰᠢᠰᠲᠧᠮᠵᠢᠭᠰᠡᠨ ᠬᠡᠯᠪᠡᠷᠢ᠎ᠪᠡᠷ ᠥᠪᠡᠷ ᠪᠡᠶ᠎ᠡ ᠵᠢᠨ ᠬᠤᠪᠢᠰᠬᠠᠯ ᠬᠢᠬᠦ᠎ᠶᠢ ᠠᠬᠢᠭᠤᠯᠵᠤ ᠴᠢᠳᠠᠬᠤ ᠦᠭᠡᠢ ᠶᠤᠮ᠂ ᠡᠨᠡ ᠪᠣᠯ ᠮᠠᠨ᠎ᠤ ᠨᠠᠮ᠎ᠤᠨ ᠢᠯᠡᠳᠲᠡ ᠳᠠᠪᠠᠭᠤᠯᠢᠭ᠋ ᠮᠥᠨ᠂ ᠪᠠᠰᠠ ᠴᠤ᠌ ᠴᠠᠭ ᠦᠶ᠎ᠡ᠎ᠶᠢ ᠬᠥᠲᠥᠯᠥᠨ ᠳᠠᠭᠠᠭᠤᠯᠵᠤ ᠢᠯᠠᠯᠲᠠ ᠣᠯᠬᠤ ᠠᠷᠭ᠎ᠠ ᠵᠠᠮ ᠮᠥᠨ》᠃ ᠶᠡᠷᠦᠩᠬᠡᠢ ᠱᠦᠵᠢ ᠰᠢ ᠵᠢᠨ ᠫᠢᠩ᠎ᠦᠨ ᠦᠭᠡ ᠢᠳᠡ ᠬᠦᠴᠦᠲᠡᠢ᠃

ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ᠎ᠶᠢᠨ ᠣᠣᠷ ᠴᠢᠨᠠᠷ᠎ᠢᠶᠠᠨ ᠡᠭᠦᠷᠢᠳᠡ ᠪᠠᠲᠤᠯᠠᠨ᠎ᠠ 

— ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠠᠬᠢᠭᠤᠯᠵᠤ᠂ ᠤᠯᠤᠰ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠲᠦ ᠦᠨᠳᠦᠰᠦᠨ ᠪᠠᠲᠤᠯᠠᠭ᠎ᠠ ᠬᠠᠩᠭᠠᠪᠠ

《ᠲᠡᠦᠬᠡ᠎ᠶᠢᠨ ᠬᠥᠭᠵᠢᠯᠲᠡ ᠥᠪᠡᠷ᠎ᠦᠨ᠎ᠢᠶᠡᠨ ᠵᠢᠮ᠎ᠡ ᠶᠣᠰᠣ᠌᠎ᠲᠠᠢ ᠪᠣᠯᠪᠠᠴᠤ ᠲᠡᠭᠦᠨ᠎ᠦ ᠳᠣᠲᠣᠷᠠᠬᠢ ᠬᠥᠮᠥᠰ ᠨᠢ ᠪᠦᠷᠢᠮᠦᠰᠦᠨ ᠨᠠᠵᠠᠭᠠᠢ ᠰᠠᠨᠠᠭᠠᠴᠢᠯᠠᠭ᠎ᠠ ᠦᠭᠡᠢ ᠪᠢᠰᠢ ᠶᠤᠮ᠃ ᠲᠡᠦᠬᠡ᠎ᠶᠢᠨ ᠬᠥᠭᠵᠢᠯᠲᠡ᠎ᠶᠢᠨ ᠶᠡᠬᠡ ᠬᠠᠨᠳᠤᠰᠢ᠎ᠶᠢ ᠡᠵᠡᠮᠳᠡᠵᠦ᠂ ᠲᠡᠦᠬᠡ᠎ᠶᠢᠨ ᠬᠤᠪᠢᠰᠤᠯᠲᠠ᠎ᠶᠢᠨ ᠴᠠᠭ ᠲᠣᠬᠢᠶᠠᠯ᠎ᠢ ᠠᠮᠵᠢᠵᠤ᠂ ᠴᠢᠷᠮᠠᠢᠨ ᠲᠡᠮᠡᠴᠡᠵᠦ ᠵᠢᠳᠭᠦᠯ ᠴᠢᠷᠮᠠᠢᠯᠭ᠎ᠠ ᠭᠠᠷᠭᠠᠵᠤ᠂ ᠵᠣᠷᠢᠭ᠍ᠲᠠᠢ᠎ᠪᠠᠷ ᠤᠷᠤᠭᠰᠢᠯᠠᠳᠠᠭ ᠯᠠ ᠶᠤᠮ ᠪᠣᠯ ᠬᠥᠮᠥᠨ ᠲᠥᠷᠥᠯᠬᠢᠲᠡᠨ᠎ᠦ ᠨᠡᠢᠭᠡᠮ ᠨᠡᠩ ᠰᠠᠢᠨ ᠤᠷᠤᠭᠰᠢᠯᠠᠵᠤ ᠴᠢᠳᠠᠨ᠎ᠠ》 ᠃

11 ᠰᠠᠷ᠎ᠠ᠎ᠶᠢᠨ 1 ᠤ᠋ ᠡᠳᠦᠷ᠂ 《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠲᠡ ᠪᠠᠷᠢᠮᠲᠠᠯᠠᠨ ᠠᠬᠢᠭᠤᠯᠬᠤ ᠴᠢᠬᠤᠯᠠ ᠶᠡᠬᠡ ᠠᠰᠠᠭᠤᠳᠠᠯ᠎ᠤᠳ᠎ᠤᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭᠠᠯ》 ᠢ᠋ ᠰᠢᠨᠬᠤᠸᠠ ᠬᠣᠷᠢᠶ᠎ᠠ᠎ᠡᠴᠡ ᠪᠦᠬᠦ ᠠᠭᠤᠯᠭ᠎ᠠ᠎ᠪᠠᠷ ᠨᠢ ᠨᠡᠢᠲᠡᠯᠡᠪᠡ᠃

ᠡᠨᠡ ᠪᠣᠯ ᠬᠥᠮᠥᠰ᠎ᠦᠨ ᠰᠡᠳᠬᠢᠯ᠎ᠢ ᠨᠢᠭ᠍ᠲᠠᠷᠠᠭᠤᠯᠬᠤ ᠤᠯᠤᠰ ᠲᠦᠷᠦ᠎ᠶᠢᠨ ᠲᠤᠩᠬᠠᠭ ᠮᠥᠨ᠂ ᠡᠨᠡ ᠪᠣᠯ ᠲᠡᠮᠡᠴᠡᠯ᠎ᠦᠨ ᠵᠣᠷᠢᠭ᠋᠎ᠢ ᠬᠥᠭᠵᠢᠭᠡᠬᠦ ᠴᠠᠭ ᠦᠶ᠎ᠡ᠎ᠶᠢᠨ ᠤᠷᠢᠶ᠎ᠠ ᠮᠥᠨ᠃

ᠴᠠᠭ᠎ᠤᠨ ᠪᠠᠢᠳᠠᠯ᠎ᠳᠤ ᠵᠣᠬᠢᠴᠠᠭᠤᠯᠤᠨ ᠵᠢᠳᠬᠦᠯ ᠴᠢᠷᠮᠠᠢᠯᠭ᠎ᠠ ᠭᠠᠷᠭᠠᠵᠤ᠂ ᠵᠢᠮ᠎ᠡ ᠶᠣᠰᠣᠨ᠎ᠳᠤ ᠨᠡᠢᠴᠡᠭᠦᠯᠦᠨ ᠤᠷᠤᠭᠰᠢᠯᠠᠵᠤ᠂ ᠠᠷᠠᠳ᠎ᠤᠨ ᠰᠠᠨᠠᠭ᠎ᠠ᠎ᠳᠤ ᠨᠡᠢᠴᠡᠭᠦᠯᠦᠨ ᠲᠡᠮᠡᠴᠡᠵᠦ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠵᠡᠯ ᠰᠠᠨᠠᠭᠠᠨ᠎ᠤ ᠲᠠᠯ᠎ᠠ᠎ᠪᠠᠷ ᠲᠠᠬᠢᠨ ᠳᠠᠪᠲᠠᠨ ᠪᠣᠯᠪᠠᠰᠤᠷᠠᠭᠤᠯᠵᠤ᠂ ᠲᠠᠨᠢᠯᠲᠠ᠎ᠶᠢᠨ ᠲᠠᠯ᠎ᠠ᠎ᠪᠠᠷ ᠲᠠᠬᠢᠨ ᠳᠡᠭᠡᠭᠰᠢᠯᠡᠭᠦᠯᠵᠦ᠂ ᠠᠵᠢᠯᠯᠠᠭ᠎ᠠ᠎ᠶᠢᠨ ᠲᠠᠯ᠎ᠠ᠎ᠪᠠᠷ ᠲᠠᠬᠢᠨ ᠬᠠᠷᠭᠤᠭᠤᠯᠵᠤ᠂ ᠤᠨᠤᠯ᠎ᠤᠨ ᠰᠢᠨ᠎ᠡ ᠡᠭᠦᠳᠦᠯᠲᠡ ᠪᠣᠯᠣᠨ ᠦᠢᠯᠡᠳᠦᠯᠭᠡ᠎ᠶᠢᠨ ᠰᠢᠨ᠎ᠡ ᠡᠭᠦᠳᠦᠯᠲᠡ᠎ᠶᠢᠨ ᠰᠠᠢᠨ ᠰᠠᠢᠬᠠᠨ ᠬᠤᠷᠰᠢᠯ᠎ᠢ ᠲᠠᠰᠤᠷᠠᠯᠳᠠ ᠦᠭᠡᠢ ᠪᠡᠶᠡᠯᠡᠭᠦᠯᠵᠦ᠂ ᠲᠡᠦᠬᠡ᠎ᠶᠢᠨ ᠪᠤᠤᠬᠢᠶ᠎ᠠ᠎ᠶᠢᠨ ᠵᠠᠩᠭᠢᠯᠠᠭ᠎ᠠ᠎ᠶᠢᠨ ᠨᠢᠭᠡ ᠪᠤᠤᠬᠢᠶ᠎ᠠ᠎ᠵᠢ ᠴᠢᠷᠮᠠᠢᠨ ᠰᠠᠢᠲᠤᠷ ᠳᠠᠮᠵᠢᠭᠤᠯᠤᠨ᠎ᠠ᠃

ᠪᠡᠶ᠎ᠡ ᠮᠡᠬᠦᠢᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ ᠤᠷᠤᠭᠰᠢᠯᠠᠨ ᠳᠠᠪᠰᠢᠵᠤ᠂ ᠨᠠᠮ᠎ᠢᠶᠠᠨ ᠲᠠᠭᠠᠷᠢᠪᠠᠯ ᠢᠯᠠᠬᠤ᠂ ᠪᠠᠢᠯᠳᠤᠪᠠᠯ ᠢᠯᠠᠬᠤ ᠪᠠᠲᠤ ᠪᠡᠬᠢ ᠪᠣᠯᠣᠳ ᠪᠣᠯᠭᠠᠨ ᠳᠠᠪᠲᠠᠨ ᠪᠣᠯᠪᠠᠰᠤᠷᠠᠭᠤᠯᠪᠠ —

《ᠵᠢᠩᠬᠢᠨᠢ ᠮᠠᠷᠺᠰ᠎ᠤᠨ ᠦᠵᠡᠯᠲᠡᠨ᠂ ᠵᠢᠩᠬᠢᠨᠢ ᠡᠪ ᠬᠠᠮᠲᠤᠴᠤᠳ ᠪᠣᠯ ᠡᠯ᠎ᠡ ᠵᠦᠢᠯ᠎ᠦᠨ ᠬᠦᠴᠢᠷ ᠪᠡᠷᠬᠡᠰᠢᠶᠡᠯ ᠪᠣᠯᠣᠨ ᠠᠶᠤᠯ ᠲᠦᠭᠰᠢᠭᠦᠷᠢ᠎ᠶᠢ ᠥᠩᠭᠡᠷᠡᠭᠦᠯᠬᠦ ᠪᠠ ᠢᠯᠠᠨ ᠳᠠᠪᠠᠬᠤ ᠶᠠᠪᠤᠴᠠ᠎ᠳᠤ ᠥᠪᠡᠷ᠎ᠦᠨ ᠰᠥᠰᠥ ᠵᠣᠷᠢᠭ᠋᠂ ᠤᠶᠤᠨ ᠤᠬᠠᠭᠠᠨ ᠪᠣᠯᠣᠨ ᠬᠦᠴᠦᠨ ᠴᠢᠳᠠᠯ᠎ᠢᠶᠠᠨ ᠳᠠᠪᠲᠠᠨ ᠪᠣᠯᠪᠠᠰᠤᠷᠠᠭᠤᠯᠳᠠᠭ ᠶᠤᠮ 》᠃

ᠦᠵᠡᠯ ᠰᠠᠨᠠᠭ᠎ᠠ᠎ᠪᠠᠨ ᠴᠢᠯᠦᠭᠡᠯᠡᠵᠦ᠂ ᠦᠨᠡᠨ᠎ᠡᠴᠡ ᠵᠥᠪ᠎ᠢ ᠡᠷᠢᠵᠦ᠂ ᠲᠥᠪ ᠶᠣᠰᠣ᠌᠎ᠶᠢ ᠪᠠᠷᠢᠮᠲᠠᠯᠠᠨ ᠰᠢᠨ᠎ᠡ᠎ᠶᠢ ᠡᠭᠦᠳᠴᠦ᠂ ᠶᠡᠷᠦᠩᠬᠡᠢ ᠱᠦᠵᠢ ᠰᠢ ᠵᠢᠨ ᠫᠢᠩ ᠪᠦᠬᠦ ᠨᠠᠮ᠎ᠢ ᠬᠥᠲᠥᠯᠥᠨ ᠳᠠᠭᠠᠭᠤᠯᠵᠤ ᠵᠢᠮ᠎ᠡ ᠶᠣᠰᠣ᠌᠎ᠶᠢ ᠵᠢᠷᠤᠮᠯᠠᠬᠤ ᠳᠤᠮᠳᠠ ᠨᠠᠮ᠎ᠢ ᠬᠠᠮᠢᠶᠠᠷᠴᠤ ᠨᠠᠮ᠎ᠢ ᠵᠠᠰᠠᠬᠤ᠎ᠶᠢᠨ ᠰᠢᠰᠲᠧᠮᠲᠦ ᠴᠢᠨᠠᠷ᠂ ᠤᠷᠢᠳᠴᠢᠯᠠᠨ ᠲᠦᠰᠦᠭᠡᠯᠡᠬᠦ ᠴᠢᠨᠠᠷ᠂ ᠪᠦᠲᠦᠭᠡᠯᠴᠢ ᠴᠢᠨᠠᠷ᠂ ᠦᠷ᠎ᠡ ᠪᠦᠲᠦᠮᠵᠢᠲᠦ ᠴᠢᠨᠠᠷ᠎ᠢ ᠴᠢᠩᠭᠠᠳᠬᠠᠵᠤ᠂ ᠵᠢᠮ᠎ᠡ ᠶᠣᠰᠣ᠌᠎ᠶᠢ ᠡᠵᠡᠮᠳᠡᠬᠦ ᠳᠤᠮᠳᠠ ᠨᠠᠮ᠎ᠤᠨ ᠥᠪᠡᠷ᠎ᠢ᠎ᠪᠡᠨ ᠴᠡᠪᠡᠷᠰᠢᠭᠦᠯᠬᠦ᠂ ᠥᠪᠡᠷ᠎ᠢ᠎ᠪᠡᠨ ᠲᠡᠭᠦᠯᠳᠡᠷᠵᠢᠭᠦᠯᠬᠦ᠂ ᠥᠪᠡᠷ᠎ᠢ᠎ᠪᠡᠨ ᠰᠢᠨᠡᠴᠢᠯᠡᠬᠦ᠂ ᠥᠪᠡᠷ᠎ᠢ᠎ᠪᠡᠨ ᠳᠡᠭᠡᠭᠰᠢᠯᠡᠭᠦᠯᠬᠦ ᠴᠢᠳᠠᠪᠤᠷᠢ᠎ᠶᠢ ᠴᠢᠩᠭᠠᠳᠬᠠᠪᠠ᠃

ᠪᠠᠭ᠎ᠠ ᠢᠯᠠᠯᠲᠠ ᠵᠢ ᠬᠤᠷᠠᠮᠳᠤᠭᠤᠯᠤᠨ ᠶᠡᠬᠡ ᠢᠯᠠᠯᠲᠠ ᠵᠢ ᠤᠯᠵᠤ᠂ ᠨᠢᠭᠡ ᠨᠢᠭᠡ ᠠᠯᠬᠤᠮ᠎ᠢᠶᠠᠷ ᠮᠢᠩᠭᠠᠨ ᠭᠠᠵᠠᠷ᠎ᠢ ᠲᠤᠭᠤᠯᠤᠮᠤᠢ᠃

ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠠᠯᠤᠰ ᠬᠡᠳᠤ᠎ᠶᠢᠨ ᠬᠠᠷᠠᠯᠲᠠ᠂ ᠲᠡᠮᠡᠴᠡᠯ᠎ᠦᠨ ᠬᠥᠲᠥᠯᠪᠦᠷᠢ᠎ᠶᠢ ᠯᠠᠪᠳᠠᠭᠤᠨ ᠲᠤᠭᠲᠠᠭᠤᠨ᠂ ᠰᠢᠷᠭᠠᠭᠤ ᠬᠠᠲᠠᠭᠤᠵᠢᠯᠲᠠᠢ ᠠᠵᠢᠯᠯᠠᠬᠤ᠎ᠲᠠᠢ ᠨᠢᠭ᠍ᠲᠠ ᠤᠶᠠᠯᠳᠤᠭᠤᠯᠵᠤ᠂ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠵᠣᠷᠢᠭ᠍ᠲᠠᠢ ᠶᠠᠪᠤᠵᠤ᠂ ᠢᠮᠠᠭᠲᠠ ᠦᠷᠨᠢᠭᠦᠨ ᠪᠠᠳᠠᠷᠠᠩᠭᠤᠢ ᠴᠤᠭ ᠵᠢᠪᠬᠤᠭ᠎ᠠ᠂ ᠢᠷᠮᠡᠭᠦᠨ ᠵᠢᠪᠬᠤᠭᠠᠯᠢᠭ᠋ ᠰᠦᠷ ᠰᠦᠯᠳᠡ ᠪᠠ ᠠᠤᠭ᠎ᠠ ᠵᠢᠪᠬᠤᠯᠠᠩᠲᠦ ᠲᠥᠪ ᠰᠤᠷᠲᠠᠯ᠎ᠲᠠᠢ ᠪᠠᠢᠬᠤ ᠬᠡᠷᠡᠭᠲᠡᠢ᠃

ᠨᠡᠶ᠋ᠢᠲᠡ᠎ᠶᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠲᠦᠷᠦ ᠪᠠᠷᠢᠵᠤ᠂ ᠲᠡᠦᠬᠡ ᠪᠠ ᠴᠠᠭ ᠦᠶ᠎ᠡ᠎ᠳᠦ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠡᠭᠦᠳᠬᠦ᠎ᠪᠡᠷ ᠵᠣᠷᠢᠭ᠋ ᠰᠢᠭᠤᠳᠪᠠ —

《ᠠᠷᠠᠳ ᠤᠯᠠᠨ᠎ᠤ ᠳᠤᠮᠳᠠ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠶᠤᠨ ᠤᠬᠠᠭᠠᠨ ᠪᠠ ᠬᠦᠴᠦᠨ ᠴᠢᠳᠠᠯ ᠠᠭᠤᠯᠤᠭᠳᠠᠵᠤ ᠪᠠᠢᠨ᠎ᠠ》᠃

ᠡᠯ᠎ᠡ ᠱᠠᠲᠤᠨ᠎ᠤ ᠨᠠᠮ᠎ᠤᠨ ᠭᠡᠰᠢᠭᠦᠨ᠂ ᠺᠠᠳ᠋ᠷ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠤᠯᠠᠨ ᠲᠦᠮᠡᠨ᠎ᠲᠠᠢ ᠣᠶ᠋ᠢᠷᠠᠳᠴᠤ᠂ ᠠᠷᠠᠳ ᠲᠦᠮᠡᠨ᠎ᠢᠶᠡᠷ ᠲᠣᠯᠢ ᠪᠣᠯᠭᠠᠵᠤ᠂ ᠠᠷᠠᠳ ᠲᠦᠮᠡᠨ᠎ᠢᠶᠡᠷ ᠪᠠᠭ᠍ᠰᠢ ᠪᠠᠷᠢᠵᠤ᠂ ᠠᠷᠠᠳ ᠤᠯᠠᠨ᠎ᠤ ᠲᠤᠰᠬᠠᠯ ᠴᠢᠩᠭ᠎ᠠ ᠪᠠᠢᠭ᠎ᠠ ᠨᠠᠮ᠎ᠤᠨ ᠳᠣᠲᠣᠭᠠᠳᠤ᠎ᠶᠢᠨ ᠲᠣᠪᠣᠢᠮ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠪᠡᠯ ᠰᠠᠶᠢ ᠠᠷᠠᠳ ᠤᠯᠠᠨ᠎ᠤ ᠬᠦᠷᠢᠶᠡᠯᠡᠯ ᠪᠣᠯᠣᠨ ᠳᠡᠮᠵᠢᠯᠭᠡ᠎ᠶᠢ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠲᠡ ᠪᠠᠷᠢᠮᠲᠠᠯᠠᠨ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠴᠢᠳᠠᠨ᠎ᠠ᠃

ᠲᠡᠦᠬᠡ᠎ᠶᠢᠨ ᠪᠣᠳᠠᠰᠴᠢ ᠦᠵᠡᠯ᠎ᠦᠨ ᠤᠯᠠᠨ ᠲᠦᠮᠡᠨᠴᠢ ᠲᠡᠦᠬᠡ᠎ᠶᠢᠨ ᠦᠵᠡᠯᠲᠡ᠎ᠶᠢ ᠪᠠᠷᠢᠮᠲᠠᠯᠠᠵᠤ᠂ ᠠᠷᠠᠳ ᠲᠦᠮᠡᠨ᠎ᠦ ᠳᠤᠮᠳᠠ ᠡᠭᠦᠷᠢᠳᠡ ᠦᠨᠳᠦᠰᠦᠯᠠᠪᠠᠯ᠂ ᠵᠠᠭᠤᠨ ᠵᠢᠯ᠎ᠦᠨ ᠲᠣᠮᠣ᠌ ᠨᠠᠮ ᠬᠠᠨᠳᠤᠭᠰᠠᠨ ᠵᠦᠭ᠎ᠲᠦ ᠳᠠᠢᠰᠤᠨ ᠦᠭᠡᠢ ᠪᠣᠯᠬᠤ ᠨᠢ ᠯᠠᠪᠲᠠᠢ ᠶᠤᠮ᠃

ᠲᠦᠮᠡᠨ ᠤᠯᠠᠨ᠎ᠢᠶᠠᠷ᠎ᠢᠶᠠᠨ ᠰᠡᠳᠬᠢᠯ ᠨᠢᠭᠡᠳᠴᠦ᠂ ᠢᠲᠡᠭᠡᠯ ᠲᠡᠭᠦᠯᠳᠡᠷ᠎ᠢᠶᠡᠷ ᠥᠪᠡᠷ᠎ᠢ᠎ᠪᠡᠨ ᠬᠦᠴᠦᠷᠬᠡᠭᠵᠢᠭᠦᠯᠵᠦ᠂ ᠨᠠᠮ᠎ᠢᠶᠡᠨ ᠬᠦᠴᠦᠷᠬᠡᠭᠵᠢᠭᠦᠯᠵᠦ ᠤᠯᠤᠰ᠎ᠢᠶᠡᠨ ᠬᠦᠴᠦᠷᠬᠡᠭᠵᠢᠭᠦᠯᠬᠦ ᠠᠤᠭ᠎ᠠ ᠬᠠᠷᠠᠯᠲᠠ ᠲᠡᠢᠰᠢ ᠲᠣᠮᠣ᠌ ᠠᠯᠬᠤᠮ᠎ᠢᠶᠠᠷ ᠤᠷᠤᠭᠰᠢᠯᠠᠪᠠ —

1956 ᠣᠨ᠎ᠳᠤ᠂ ᠮᠠᠤ ᠽᠧ ᠳ᠋ᠦᠩ ᠨᠥᠬᠥᠷ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠣᠪᠴᠢᠶ᠎ᠡ ᠵᠢᠨ ᠥᠷᠭᠡᠳᠬᠡᠭᠰᠡᠨ ᠬᠤᠷᠠᠯ ᠳᠡᠭᠡᠷ᠎ᠡ 《ᠠᠷᠪᠠᠨ ᠶᠡᠬᠡ ᠬᠠᠷᠢᠴᠠᠭᠠᠨ᠎ᠤ ᠲᠤᠬᠠᠢ》 ᠭᠡᠬᠦ ᠢᠯᠡᠳᠬᠡᠯ ᠬᠢᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠢᠳᠡᠪᠬᠢ ᠬᠦᠴᠦᠨ ᠵᠦᠢᠯ ᠪᠦᠬᠦᠨ᠎ᠢ ᠲᠠᠢ᠍ᠢᠴᠢᠯᠠᠵᠤ᠂ ᠬᠦᠴᠦᠷᠬᠡᠭ ᠶᠡᠬᠡ ᠨᠡᠢᠭᠡᠮ ᠵᠢᠷᠤᠮᠲᠤ ᠤᠯᠤᠰ᠎ᠢ ᠪᠦᠲᠦᠭᠡᠨ ᠪᠠᠶ᠋ᠢᠭᠤᠯᠬᠤ᠎ᠶᠢᠨ ᠲᠥᠯᠥᠭᠡ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃

70 ᠵᠢᠯ᠎ᠦᠨ ᠳᠠᠷᠠᠭ᠎ᠠ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠥᠰᠢᠭᠡ ᠰᠢᠨ᠎ᠡ᠎ᠪᠡᠷ ᠨᠡᠭᠡᠭᠡᠭᠳᠡᠵᠦ᠂ ᠮᠠᠨ᠎ᠤ ᠨᠠᠮ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠨᠠᠮ᠎ᠤᠨ ᠲᠥᠷᠥ ᠪᠠᠷᠢᠬᠤ ᠴᠢᠳᠠᠪᠤᠷᠢ ᠪᠣᠯᠣᠨ ᠤᠳᠤᠷᠢᠳᠬᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠥ ᠲᠠᠯ᠎ᠠ᠎ᠶᠢ ᠶᠡᠷᠦᠩᠬᠡᠢᠯᠡᠨ ᠡᠵᠡᠮᠳᠡᠵᠦ᠂ ᠡᠯ᠎ᠡ ᠲᠠᠯ᠎ᠠ᠎ᠶᠢ ᠵᠣᠬᠢᠴᠠᠭᠤᠯᠤᠨ᠂ ᠪᠦᠯᠬᠦᠮᠳᠡᠵᠦ ᠪᠣᠯᠬᠤ ᠬᠦᠴᠦᠨ ᠪᠦᠬᠦᠨ᠎ᠲᠠᠢ ᠪᠦᠯᠬᠦᠮᠳᠡᠵᠦ᠂ ᠲᠦᠭ ᠲᠦᠮᠡᠨ ᠠᠷᠠᠳ ᠲᠦᠮᠡᠨ᠎ᠢ ᠳᠠᠭᠠᠭᠤᠯᠤᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠦᠷᠭᠦᠯᠵᠢᠯᠡᠨ ᠠᠬᠢᠭᠤᠯᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠣᠷᠣᠨ ᠵᠠᠢ᠎ᠶᠢ ᠨᠡᠭᠡᠭᠡᠪᠡ᠃

ᠠᠭᠤᠯᠠ ᠡᠭᠴᠡ ᠥᠨᠳᠦᠷ᠎ᠢᠶᠡᠷ᠎ᠢᠶᠡᠨ ᠰᠦᠷᠯᠢᠭ ᠬᠠᠷᠠᠭᠳᠠᠵᠤ᠂ ᠳᠠᠯᠠᠢ ᠳᠠᠪᠠᠯᠭᠠᠯᠠᠨ ᠤᠷᠤᠰᠬᠤ ᠪᠡᠷ᠎ᠢᠶᠠᠨ ᠲᠠᠯᠠᠢᠴᠠᠳᠠᠢ ᠬᠠᠷᠠᠭᠳᠠᠳᠠᠭ᠃ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ ᠪᠣᠯ ᠤᠷᠢᠳ ᠡᠮᠦᠨ᠎ᠡ ᠪᠠᠢᠭ᠎ᠠ ᠦᠭᠡᠢ ᠡᠭᠦᠳᠦᠯᠲᠡ᠎ᠶᠢᠨ ᠴᠢᠨᠠᠷᠲᠠᠢ ᠦᠢᠯᠡᠰ ᠮᠥᠨ ᠪᠣᠯᠬᠣᠷ ᠦᠶ᠎ᠡ ᠦᠶ᠎ᠡ᠎ᠶᠢᠨ ᠬᠥᠮᠥᠰ ᠡᠭᠦᠨ᠎ᠦ ᠲᠥᠯᠥᠭᠡ ᠴᠢᠷᠮᠠᠢᠨ ᠲᠡᠮᠡᠴᠡᠬᠦ ᠴᠢᠬᠤᠯᠠᠲᠠᠢ ᠶᠤᠮ᠃

ᠥᠨᠥᠳᠥᠷ᠂ ᠪᠢᠳᠡ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠬᠠᠷᠠᠯᠲᠠ᠎ᠳᠤ ᠲᠡᠦᠬᠡ᠎ᠶᠢᠨ ᠠᠯᠢ ᠴᠤ᠌ ᠦᠶ᠎ᠡ᠎ᠡᠴᠡ ᠢᠯᠡᠭᠦᠦ ᠣᠶ᠋ᠢᠷᠠᠳᠴᠤ᠂ ᠡᠨᠡ ᠬᠦ᠌ ᠬᠠᠷᠠᠯᠲᠠ᠎ᠶᠢ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠡᠦᠬᠡ᠎ᠶᠢᠨ ᠠᠯᠢ ᠴᠤ᠌ ᠦᠶ᠎ᠡ᠎ᠡᠴᠡ ᠢᠯᠡᠭᠦᠦ ᠴᠢᠩᠭᠠᠷᠠᠵᠠᠢ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠬᠤᠷᠢᠭᠯᠠᠭᠳᠠᠰᠢ ᠦᠭᠡᠢ ᠶᠤᠮ᠃

《ᠪᠢᠳᠡ ᠨᠢᠭᠡᠨᠲᠡ ᠭᠡᠭᠡᠨ ᠰᠠᠷᠠᠭᠤᠯ ᠵᠠᠮ᠎ᠢᠶᠠᠷ ᠵᠠᠮᠨᠠᠵᠠᠢ᠂ ᠪᠢᠳᠡ ᠦᠷᠭᠦᠯᠵᠢᠯᠡᠨ ᠤᠷᠤᠭᠰᠢᠯᠠᠬᠤ ᠬᠡᠷᠡᠭᠲᠡᠢ》᠃

ᠭᠠᠭᠴᠠ ᠬᠦ᠌ ᠤᠭ ᠰᠠᠨᠠᠭ᠎ᠠ᠎ᠪᠠᠨ ᠥᠯᠥ ᠮᠠᠷᠲᠠᠪᠠᠯ ᠰᠠᠶᠢ ᠲᠡᠦᠬᠡ᠎ᠳ᠋ᠦ ᠤᠰᠤᠯᠳᠠᠬᠤ ᠦᠭᠡᠢ ᠪᠠᠢᠵᠤ᠂ ᠤᠷᠢᠳᠤᠰ᠎ᠢ ᠲᠠᠢᠳᠬᠤᠷᠠᠭᠤᠯᠵᠤ ᠴᠢᠳᠠᠨ᠎ᠠ᠂ ᠰᠠᠶᠢ ᠠᠷᠠᠳ᠎ᠤᠨ ᠰᠡᠳᠬᠢᠯ᠎ᠢ ᠣᠯᠵᠤ᠂ ᠴᠠᠭ ᠦᠶ᠎ᠡ᠎ᠶᠢ ᠣᠯᠵᠤ ᠴᠢᠳᠠᠨ᠎ᠠ᠂ ᠰᠠᠶᠢ ᠰᠠᠢᠲᠤᠷ ᠬᠢᠵᠦ ᠰᠠᠢᠲᠤᠷ ᠪᠦᠲᠦᠭᠡᠵᠦ᠂ ᠴᠤᠴᠠᠯᠲᠠ ᠦᠭᠡᠢ ᠤᠷᠤᠭᠰᠢᠯᠠᠵᠤ ᠴᠢᠳᠠᠨ᠎ᠠ᠃

ᠰᠢᠨ᠎ᠡ ᠠᠶᠠᠨ᠎ᠳᠤ᠂ ᠪᠦᠬᠦ ᠨᠠᠮ᠎ᠤᠨ ᠨᠥᠬᠥᠳ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠶ᠋ᠢ ᠨᠡᠩ ᠡᠷᠡᠰ ᠪᠡᠶᠡᠯᠡᠭᠦᠯᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠲᠠᠯᠠᠨ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠠᠢᠭᠤᠯᠤᠨ ᠪᠦᠲᠦᠭᠡᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ!

           (ᠰᠢᠨᠬᠤᠸᠠ ᠬᠣᠷᠢᠶ᠎ᠡ ᠵᠢᠨ ᠪᠡᠭᠡᠵᠢᠩ᠎ᠦᠨ 11 ᠰᠠᠷ᠎ᠠ᠎ᠶᠢᠨ 2᠎ᠤ᠋ᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面