2026-11-11 10:37:43
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ᠎ᠡᠴᠡ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠢ 2027 ᠣᠨ᠎ᠤ ᠳᠤᠤᠷ᠎ᠠ ᠬᠠᠭᠠᠰ ᠵᠢᠯ᠎ᠳᠦ ᠪᠡᠭᠡᠵᠢᠩ᠎ᠳᠦ ᠬᠤᠷᠠᠯᠳᠤᠭᠤᠯᠬᠤ᠎ᠪᠠᠷ ᠲᠣᠭᠲᠠᠪᠠ᠃ ᠤᠢ᠌ᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ 《ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠤ᠋ᠨ ᠰᠣᠩᠭᠣᠭᠤᠯᠢ ᠵᠢᠨ ᠠᠵᠢᠯ᠎ᠤᠨ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ᠍ ᠲᠦᠬᠦᠮᠴᠢᠯᠡᠨ᠎ᠠ) ᠢ᠋ ᠳᠠᠷᠤᠮᠠᠯᠯᠠᠨ ᠲᠠᠷᠬᠠᠭᠠᠪᠠ᠃ ᠲᠥᠪ ᠤ᠋ᠨ ᠵᠣᠬᠢᠶᠠᠨ ᠪᠠᠶ᠋ᠢᠭᠤᠯᠬᠤ ᠬᠡᠯᠲᠡᠰ ᠲᠠᠷᠠᠭ᠎ᠠ᠎ᠨᠢ ᠬᠤᠷᠠᠯ ᠬᠤᠷᠠᠯᠳᠤᠭᠤᠯᠵᠤ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠤ᠋ᠨ ᠰᠣᠩᠭᠤᠭᠤᠯᠢ ᠵᠢᠨ ᠠᠵᠢᠯ᠎ᠢ ᠪᠠᠶ᠋ᠢᠷᠢᠯᠠᠭᠤᠯᠪᠠ᠃ ᠤᠢᠷ᠎ᠠ ᠵᠢᠨ ᠡᠳᠤᠷ᠂ ᠲᠥᠪ ᠤ᠋ᠨ ᠵᠣᠬᠢᠶᠠᠨ ᠪᠠᠶ᠋ᠢᠭᠤᠯᠬᠤ ᠬᠡᠯᠲᠡᠰ᠎ᠦᠨ ᠬᠠᠷᠢᠭᠤᠴᠠᠯᠭᠠᠲᠠᠨ ᠡᠴᠡ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠤ᠋ᠨ ᠰᠤᠨᠭᠭᠤᠭᠤᠯᠢ ᠵᠢᠨ ᠠᠵᠢᠯ᠎ᠢ ᠰᠠᠶ᠋ᠢᠲᠤᠷ ᠬᠢᠬᠦ᠌ ᠬᠣᠯᠪᠣᠭᠳᠠᠯ ᠪᠦᠬᠦᠢ ᠠᠰᠠᠭᠤᠳᠠᠯ᠎ᠤᠨ ᠲᠠᠯ᠎ᠠ᠎ᠪᠠᠷ ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ᠎ᠶᠢ ᠬᠦᠯᠢᠶᠡᠪᠡ᠃
ᠠᠰᠠᠭᠤᠯᠳᠠ᠄ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠤ᠋ᠨ ᠰᠤᠨᠭᠭᠤᠭᠤᠯᠢ ᠵᠢᠨ ᠠᠵᠢᠯ ᠤᠳᠠᠯ ᠦᠭᠡᠢ ᠡᠬᠢᠯᠡᠬᠦ᠌ ᠭᠡᠵᠦ᠍ ᠪᠠᠶ᠋ᠢᠨ᠎ᠠ᠂ ᠲᠠ ᠡᠨᠡ ᠬᠦ᠌ ᠠᠵᠢᠯ᠎ᠢ ᠰᠠᠶ᠋ᠢᠲᠤᠷ ᠬᠢᠬᠦ᠌᠎ᠶᠢᠨ ᠴᠢᠬᠤᠯᠠ ᠠᠴᠢ ᠬᠣᠯᠪᠣᠭᠳᠠᠯ᠎ᠢ ᠶᠠᠷᠢᠭᠠᠳ ᠥᠭᠭᠦᠨ᠎ᠡ ᠦᠦ?
ᠬᠠᠷᠢᠭᠤᠯᠳᠠ᠄ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ ᠪᠣᠯ ᠮᠠᠨ᠎ᠤ ᠨᠠᠮ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌ ᠵᠠᠩᠭᠢᠯᠠᠭ᠎ᠠ᠎ᠶᠢᠨ ᠴᠠᠭ ᠦᠶ᠎ᠡ᠎ᠳᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠶ᠋ᠢᠰᠢ ᠤᠷᠤᠭᠰᠢᠯᠠᠬᠤ ᠰᠢᠨ᠎ᠡ ᠠᠶᠠᠨ ᠳ᠋ᠤ ᠬᠤᠷᠠᠯᠳᠤᠬᠤ ᠨᠢᠭᠡ ᠤᠳᠠᠭ᠎ᠠ ᠵᠢᠨ ᠲᠤᠶ᠋ᠢᠯ᠎ᠤᠨ ᠴᠢᠬᠤᠯᠠ ᠲᠥᠯᠥᠭᠡᠯᠡᠭᠴᠢᠳ᠎ᠦᠨ ᠶᠡᠬᠡ ᠬᠤᠷᠠᠯ ᠮᠥᠨ᠂ ᠨᠠᠮ ᠪᠤᠯᠤᠨ ᠤᠯᠤᠰ᠎ᠤᠨ ᠤᠯᠤᠰ ᠲᠦᠷᠦ᠎ᠶᠢᠨ ᠠᠮᠢᠳᠤᠷᠠᠯ᠎ᠳᠠᠬᠢ ᠨᠢᠭᠡᠨ ᠲᠤᠮᠤ ᠶᠠᠪᠤᠳᠠᠯ ᠮᠥᠨ᠃ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠢ᠋ ᠰᠠᠶ᠋ᠢᠲᠤᠷ ᠰᠣᠩᠭᠣᠬᠤ ᠨᠢ ᠬᠣᠷᠢᠨ ᠨᠢᠭᠡᠳᠦᠭᠡᠷ ᠶᠡᠬᠡ ᠬᠤᠷᠠᠯ᠎ᠢ ᠰᠠᠶ᠋ᠢᠲᠤᠷ ᠬᠤᠷᠠᠯᠳᠤᠭᠤᠯᠬᠤ᠎ᠳᠤ ᠮᠠᠰᠢ ᠴᠢᠬᠤᠯᠠ ᠶᠤᠮ᠃
ᠨᠢᠭᠡᠳᠦᠭᠡᠷᠲᠦ᠍᠂ ᠲᠥᠯᠥᠭᠡᠯᠡᠭᠴᠢᠳ ᠤ᠋ᠨ ᠰᠣᠩᠭᠤᠭᠤᠯᠢ ᠵᠢᠨ ᠠᠵᠢᠯ᠎ᠢ ᠰᠠᠶ᠋ᠢᠲᠤᠷ ᠬᠢᠬᠦ᠌ ᠪᠣᠯ ᠬᠣᠷᠢᠨ ᠨᠢᠭᠡᠳᠦᠭᠡᠷ ᠶᠡᠬᠡ ᠬᠤᠷᠠᠯ᠎ᠢ ᠰᠠᠶ᠋ᠢᠲᠤᠷ ᠬᠤᠷᠠᠯᠳᠤᠭᠤᠯᠵᠤ᠂ ᠶᠡᠬᠡ ᠬᠤᠷᠠᠯ᠎ᠤᠨ ᠡᠯ᠎ᠡ ᠵᠦᠢᠯ᠎ᠦᠨ ᠡᠭᠦᠷᠭᠡ᠎ᠶᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠶᠢᠨ ᠴᠢᠬᠤᠯᠠ ᠰᠠᠭᠤᠷᠢ ᠮᠥᠨ᠃ ᠬᠣᠷᠢᠨ ᠨᠢᠭᠡᠳᠦᠭᠡᠷ ᠶᠡᠬᠡ ᠬᠤᠷᠠᠯ ᠨᠢ ᠥᠩᠭᠡᠷᠡᠭᠰᠡᠨ ᠲᠠᠪᠤᠨ ᠵᠢᠯ᠎ᠦᠨ ᠠᠵᠢᠯ᠎ᠢᠶᠠᠨ ᠳ᠋ᠦᠩᠨᠡᠵᠤ᠂ ᠬᠣᠶ᠋ᠢᠰᠢᠳᠠ᠎ᠶᠢᠨ ᠨᠠᠮ ᠪᠤᠯᠤᠨ ᠤᠯᠤᠰ᠎ᠤᠨ ᠤᠷᠤᠭᠰᠢᠯᠠᠯᠲᠠ᠎ᠶᠢᠨ ᠴᠢᠭᠯᠡᠯ᠂ ᠲᠡᠮᠡᠴᠡᠯ᠎ᠦᠨ ᠬᠠᠷᠠᠯᠲᠠ᠂ ᠠᠵᠢᠯᠯᠠᠭᠠᠨ᠎ᠤ ᠬᠥᠲᠥᠯᠪᠦᠷᠢ᠎ᠶᠢ ᠲᠣᠳᠣᠷᠬᠠᠶ᠋ᠢᠯᠠᠵᠤ᠂ ᠰᠢᠨ᠎ᠡ ᠨᠢᠭᠡ ᠬᠤᠭᠤᠴᠠᠭᠠᠨ᠎ᠤ ᠲᠥᠪ ᠬᠣᠷᠢᠶ᠎ᠠ ᠪᠠ ᠲᠥᠪ᠎ᠦᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ᠎ᠶᠢ ᠰᠣᠩᠭᠣᠨ ᠭᠠᠷᠭᠠᠬᠤ ᠴᠢᠬᠤᠯᠠ ᠶᠡᠬᠡ ᠡᠭᠦᠷᠭᠡ᠎ᠶᠢ ᠡᠭᠦᠷᠭᠡᠯᠡᠵᠦ᠍ ᠪᠠᠶ᠋ᠢᠨ᠎ᠠ᠃ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠪᠣᠯ ᠪᠦᠬᠦ᠌ ᠨᠠᠮ᠎ᠤᠨ ᠭᠡᠰᠢᠭᠦᠨ᠎ᠦ ᠳᠣᠲᠣᠷ᠎ᠠ᠎ᠡᠴᠡ ᠨᠠᠷᠢᠨ ᠬᠢᠨᠠᠮᠠᠭᠠᠢ ᠰᠢᠯᠢᠨ ᠰᠣᠩᠭᠣᠵᠤ ᠭᠠᠷᠭᠠᠭᠰᠠᠨ ᠰᠢᠯᠢᠳᠡᠭ ᠬᠥᠮᠦᠰ ᠪᠠᠶ᠋ᠢᠬᠤ ᠶᠣᠰᠣᠲᠠᠢ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠠᠳᠤ ᠳᠠᠷᠠᠭᠠᠯᠠᠨ ᠰᠢᠯᠢᠨ ᠰᠣᠩᠭᠣᠵᠤ ᠭᠠᠷᠭᠠᠭᠰᠠᠨ ᠰᠢᠯᠢᠳᠡᠭ ᠲᠥᠯᠥᠭᠡᠯᠡᠭᠴᠢ ᠮᠥᠨ᠂ ᠲᠡᠷᠡ ᠨᠢ 1 ᠳ᠋ᠦᠩᠰᠢᠭᠤᠷ 1 ᠵᠠᠭᠤ ᠭᠠᠷᠤᠢ ᠲᠦᠮᠡᠨ ᠨᠠᠮ᠎ᠤᠨ ᠭᠡᠰᠢᠭᠦᠨ᠂ 540 ᠭᠠᠷᠤᠢ ᠲᠦᠮᠡᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠬᠦᠨᠳᠦ ᠨᠠᠶ᠋ᠢᠳᠠᠯᠭ᠎ᠠ᠎ᠶᠢ ᠡᠭᠦᠷᠭᠡᠯᠡᠵᠦ᠍᠂ ᠪᠦᠬᠦ᠌ ᠨᠠᠮ᠎ᠤᠨ ᠬᠦᠰᠡᠯ ᠵᠣᠷᠢᠭ᠎ᠢ ᠨᠢᠭᠲᠠᠷᠠᠭᠤᠯᠤᠨ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠠᠴᠢᠶᠠᠯᠠᠵᠤ᠂ ᠠᠷᠢᠭᠤᠨ ᠲᠠᠷᠬᠠᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠍ ᠪᠠᠶ᠋ᠢᠳᠠᠭ᠃ ᠶᠡᠬᠡ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭᠴᠢᠳ ᠲᠥᠪ ᠬᠣᠷᠢᠶ᠎ᠠ ᠵᠢᠨ ᠮᠡᠳᠡᠬᠦᠯᠤᠯᠳᠠ ᠵᠢ ᠰᠣᠨᠣᠰᠴᠤ ᠬᠢᠨᠠᠨ ᠪᠠᠶ᠋ᠢᠴᠠᠭᠠᠵᠤ᠂ ᠲᠥᠪ᠎ᠦᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠵᠢᠨ ᠮᠡᠳᠡᠬᠦᠯᠦᠯᠳᠠ᠎ᠵᠢ ᠬᠢᠨᠠᠨ ᠪᠠᠶ᠋ᠢᠴᠠᠭᠠᠵᠤ᠂ ᠥᠷᠭᠡᠨ ᠤᠯᠠᠨ ᠨᠠᠮ᠎ᠤᠨ ᠭᠡᠰᠢᠭᠦᠨ᠂ ᠤᠯᠠᠨ ᠲᠦᠮᠡᠨ᠎ᠦ ᠰᠠᠨᠠᠯ ᠱᠠᠭᠠᠷᠳᠠᠯᠭ᠎ᠠ᠎ᠶᠢ ᠲᠤᠰᠬᠠᠵᠤ᠂ ᠨᠠᠮ᠎ᠤᠨ ᠴᠢᠬᠤᠯᠠ ᠶᠡᠬᠡ ᠠᠰᠠᠭᠤᠳᠠᠯ᠎ᠢ ᠶᠠᠷᠢᠯᠴᠠᠨ ᠲᠣᠭᠲᠠᠭᠠᠵᠤ᠂ ᠰᠢᠨ᠎ᠡ ᠨᠢᠭᠡ ᠬᠤᠭᠤᠴᠠᠭᠠᠨ᠎ᠤ ᠲᠥᠪ ᠬᠣᠷᠢᠶ᠎ᠠ ᠪᠠ ᠲᠥᠪ᠎ᠦᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ᠎ᠶᠢ ᠰᠣᠩᠭᠣᠨ ᠭᠠᠷᠭᠠᠨ᠎ᠠ᠃ ᠲᠥᠯᠥᠭᠡᠯᠡᠭᠴᠢᠳ᠎ᠦᠨ ᠬᠡᠪ ᠴᠢᠨᠠᠷ᠂ ᠴᠢᠳᠠᠪᠤᠷᠢ᠂ ᠣᠪᠣᠷ ᠰᠤᠷᠲᠠᠯ ᠬᠢᠷᠢ ᠵᠡᠷᠭᠡ ᠪᠠᠶ᠋ᠢᠬᠤ ᠨᠢ ᠬᠡᠷᠡᠭ ᠵᠥᠪᠯᠡᠵᠦ᠍ ᠰᠢ᠌ᠳᠪᠦᠷᠢᠲᠦ᠍ ᠪᠤᠳᠤᠯᠭ᠎ᠠ ᠲᠣᠭᠲᠠᠭᠠᠬᠤ ᠴᠢᠨᠠᠷ ᠴᠢᠨᠰᠠᠭ᠎ᠠ ᠪᠠ ᠶᠡᠬᠡ ᠬᠤᠷᠠᠯ᠎ᠤᠨ ᠠᠭᠤᠷ ᠠᠮᠢᠰᠬᠤᠯ᠎ᠢ ᠰᠢᠭᠤᠳ ᠨᠥᠯᠥᠭᠡᠯᠡᠵᠦ᠍ ᠪᠠᠶ᠋ᠢᠳᠠᠭ᠃ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ᠎ᠢ ᠰᠠᠶ᠋ᠢᠲᠤᠷ ᠰᠣᠩᠭᠣᠵᠤ᠂ ᠶᠡᠬᠡ ᠬᠤᠷᠠᠯ᠎ᠤᠨ ᠡᠯ᠎ᠡ ᠵᠦᠢᠯ᠎ᠦᠨ ᠡᠭᠦᠷᠭᠡ᠎ᠶᠢ ᠲᠡᠭᠦᠰ ᠠᠮᠵᠢᠯᠲᠠ᠎ᠲᠠᠶ ᠪᠡᠶᠡᠯᠡᠭᠦᠯᠬᠦ᠌ ᠨᠢ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠪᠠᠶ᠋ᠢᠷᠢ ᠰᠠᠭᠤᠷᠢ᠎ᠶᠢ ᠲᠠᠰᠤᠷᠠᠯᠳᠠ ᠦᠭᠡᠢ ᠪᠡᠬᠢᠵᠢᠭᠦᠯᠬᠦ᠌᠂ ᠨᠠᠮ᠎ᠤᠨ ᠤᠳᠤᠷᠢᠳᠬᠤ ᠭᠣᠣᠯᠯᠠᠭᠴᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠬᠤ᠎ᠳᠤ ᠬᠣᠯᠪᠣᠭᠳᠠᠵᠤ᠂ ᠨᠠᠮ ᠪᠤᠯᠤᠨ ᠤᠯᠤᠰ᠎ᠤᠨ ᠠᠵᠢᠯ ᠦᠢᠯᠡᠰ᠎ᠦᠨ ᠬᠥᠭᠵᠢᠨ ᠮᠠᠨᠳᠤᠬᠤ᠂ ᠥᠨᠢ ᠤᠳᠠᠭᠠᠨ ᠠᠮᠤᠷ ᠲᠦᠪᠰᠢᠨ ᠪᠠᠶ᠋ᠢᠬᠤ᠎ᠳᠤ ᠬᠣᠯᠪᠣᠭᠳᠠᠵᠤ ᠪᠠᠶ᠋ᠢᠳᠠᠭ᠃
ᠬᠣᠶᠠᠳᠤᠭᠠᠷᠲᠤ᠌᠂ ᠲᠥᠯᠥᠭᠡᠯᠡᠭᠴᠢᠳ ᠤ᠋ᠨ ᠰᠣᠩᠭᠣᠭᠤᠯᠢ᠎ᠶᠢᠨ ᠠᠵᠢᠯ᠎ᠢ ᠰᠠᠶ᠋ᠢᠲᠤᠷ ᠬᠢᠬᠦ᠌ ᠪᠣᠯ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠠᠯᠠᠨ ᠠᠬᠢᠭᠤᠯᠵᠤ᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠢ ᠴᠢᠩᠭᠠᠳᠬᠠᠨ ᠵᠢᠷᠤᠮᠵᠢᠭᠤᠯᠬᠤ ᠠᠮᠢᠳᠤᠯᠢᠭ ᠦᠢᠯᠡᠳᠦᠯᠭᠡ ᠮᠥᠨ᠃ ᠨᠠᠮ ᠨᠢ ᠨᠠᠮ᠎ᠢᠶᠠᠨ ᠬᠠᠮᠢᠶᠠᠷᠬᠤ᠎ᠳᠤ ᠡᠷᠬᠡᠪᠰᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠡᠴᠡ ᠡᠬᠢᠯᠡᠨ ᠬᠠᠮᠢᠶᠠᠷᠴᠤ᠌᠂ ᠨᠠᠮ᠎ᠢ ᠴᠢᠩᠭ᠎ᠠ ᠵᠠᠰᠠᠬᠤ᠎ᠳᠤ ᠡᠷᠬᠡᠪᠰᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠡᠴᠡ ᠡᠬᠢᠯᠡᠨ ᠴᠢᠩᠳᠠᠯᠠᠬᠤ ᠬᠡᠷᠡᠭᠲᠡᠢ᠃ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠢ᠋ ᠰᠣᠩᠭᠣᠵᠤ ᠭᠠᠷᠭᠠᠬᠤ ᠪᠣᠯ ᠥᠷᠭᠡᠨ ᠤᠯᠠᠨ ᠨᠠᠮ᠎ᠤᠨ ᠭᠡᠰᠢᠭᠦᠨ᠎ᠦ ᠠᠷᠠᠳᠴᠢᠯᠠᠯ ᠲᠥᠪᠯᠡᠷᠡᠯ᠎ᠦᠨ ᠶᠣᠰᠣᠨ᠎ᠤ ᠵᠠᠷᠴᠢᠮ ᠶᠣᠰᠣᠭᠠᠷ᠂ ᠠᠷᠠᠳᠴᠢᠯᠠᠯ᠎ᠤᠨ ᠡᠷᠬᠡ᠎ᠪᠡᠨ ᠵᠥᠪ ᠬᠡᠷᠡᠭᠵᠢᠭᠦᠯᠵᠦ᠍᠂ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠳᠤ ᠣᠷᠣᠯᠴᠠᠬᠤ ᠴᠢᠬᠤᠯᠠ ᠠᠷᠭ᠎ᠠ ᠵᠠᠮ ᠪᠠ ᠬᠡᠯᠪᠡᠷᠢ ᠮᠥᠨ᠃ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠠᠯᠠᠨ ᠠᠬᠢᠭᠤᠯᠬᠤ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠵᠤ᠂ ᠠᠷᠠᠳᠴᠢᠯᠠᠯ ᠲᠥᠪᠯᠡᠷᠡᠯ᠎ᠦᠨ ᠶᠣᠰᠣ᠎ᠶᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠤ᠂ ᠪᠠᠷᠢᠮᠵᠢᠶ᠎ᠠ ᠨᠥᠬᠥᠴᠡᠯ᠎ᠢ ᠴᠢᠩᠭᠠᠳᠬᠠᠵᠤ᠂ ᠬᠢᠨᠠᠨ ᠬᠠᠷᠭᠤᠭᠤᠯᠵᠤ ᠪᠤᠭᠤᠮᠳᠠ ᠰᠠᠬᠢᠬᠤ ᠵᠢ ᠴᠢᠨᠭᠭᠠᠳᠬᠠᠵᠤ᠂ ᠰᠣᠩᠭᠣᠭᠤᠯᠢ᠎ᠶᠢᠨ ᠵᠢᠷᠤᠮ᠎ᠢ ᠴᠢᠩᠭᠠᠳᠬᠠᠵᠤ᠂ ᠰᠣᠩᠭᠣᠭᠤᠯᠢ᠎ᠶᠢᠨ ᠰᠠᠬᠢᠯᠭ᠎ᠠ ᠪᠠᠲᠤ᠎ᠶᠢ ᠴᠢᠩᠳᠠᠯᠠᠵᠤ᠂ ᠲᠥᠯᠥᠭᠡᠯᠡᠭᠴᠢᠳ ᠢ᠋ ᠰᠣᠩᠭᠣᠨ ᠭᠠᠷᠭᠠᠬᠤ ᠶᠠᠪᠤᠴᠠ ᠵᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠠᠪᠤᠴᠠ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢᠨ ᠬᠥᠮᠦᠵᠢᠯ ᠪᠠ ᠨᠠᠮ᠎ᠤᠨ ᠳᠣᠲᠣᠭᠠᠳᠤ᠎ᠶᠢᠨ ᠤᠯᠤᠰ ᠲᠥᠷᠥ᠎ᠶᠢᠨ ᠠᠮᠢᠳᠤᠷᠠᠯ᠎ᠤᠨ ᠠᠮᠢᠳᠤᠯᠢᠭ ᠦᠢᠯᠡᠳᠦᠯᠭᠡ᠎ᠶᠢᠨ ᠶᠠᠪᠤᠴᠠ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ᠌᠎ᠶᠢ ᠠᠬᠢᠭᠤᠯᠬᠤ᠂ ᠠᠵᠢᠯ ᠬᠢᠵᠦ᠍ ᠦᠢᠯᠡᠰ ᠪᠤᠰᠬᠠᠬᠤ ᠵᠢ ᠵᠣᠷᠢᠭᠵᠢᠭᠤᠯᠬᠤ ᠶᠠᠪᠤᠴᠠ ᠪᠤᠯᠭᠠᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠤ᠋ᠨ ᠨᠠᠮᠴᠢ ᠴᠢᠨᠠᠷᠵᠢᠡᠨ ᠲᠠᠰᠤᠷᠠᠯᠲᠠ ᠦᠭᠡᠶ ᠴᠢᠩᠭᠠᠳᠬᠠᠵᠤ᠂ ᠰᠠᠬᠢᠯᠭ᠎ᠠ ᠪᠠᠲᠤ᠎ᠶᠢ ᠴᠢᠩᠭ᠎ᠠ ᠰᠠᠬᠢᠵᠤ᠂ 《ᠬᠣᠶᠠᠷ᠎ᠢ ᠲᠣᠭᠲᠠᠭᠠᠬᠰᠡᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂《ᠳᠥᠷᠪᠡᠨ ᠤᠬᠠᠮᠰᠠᠷ》 ᠵᠢᠡᠨ ᠴᠢᠩᠭᠠᠳᠬᠠᠵᠤ᠂《ᠳᠥᠷᠪᠡᠨ ᠢᠲᠡᠭᠡᠯ》 ᠵᠢᠡᠨ ᠪᠠᠲᠤᠳᠬᠠᠵᠤ᠂《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠤ᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠶ᠋ᠢᠬᠤ ᠵᠢ ᠬᠦᠳᠤᠯᠤᠨ ᠵᠢᠯᠤᠭᠤᠳᠬᠤ ᠭᠡᠷᠡᠭᠳᠠᠢ᠃
ᠭᠤᠷᠪᠠᠳᠤᠭᠠᠷ᠎ᠲᠤ᠌᠂ ᠲᠥᠯᠥᠭᠡᠯᠡᠭᠴᠢᠳ ᠤ᠋ᠨ ᠰᠣᠩᠭᠣᠭᠤᠯᠢ᠎ᠶᠢᠨ ᠠᠵᠢᠯ᠎ᠢ ᠰᠠᠶ᠋ᠢᠲᠤᠷ ᠬᠢᠬᠦ᠌ ᠪᠣᠯ ᠪᠦᠬᠦ᠌ ᠨᠠᠮ᠎ᠤᠨ ᠬᠦᠴᠦᠨ᠎ᠢ ᠨᠢᠭᠲᠠᠷᠠᠭᠤᠯᠬᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠌ ᠬᠦᠴᠦᠲᠡᠢ ᠲᠠᠢ᠌ᠴᠢᠯᠠᠯᠳᠠ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠌᠎ᠳᠦ᠂ ᠪᠦᠬᠦ᠌ ᠡᠪ ᠬᠠᠮᠲᠤᠴᠤᠳ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠍᠂ ᠴᠠᠭ ᠦᠶ᠎ᠡ ᠪᠠ ᠠᠷᠠᠳ ᠲᠦᠮᠡᠨ᠎ᠳᠦ ᠦᠯᠦ᠍ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠲᠠᠰᠤᠷᠠᠯᠲᠠ ᠦᠭᠡᠢ ᠡᠭᠦᠳᠬᠦ᠌ ᠬᠡᠷᠡᠭᠲᠡᠢ ᠭᠡᠵᠦ᠍ ᠱᠠᠭᠠᠷᠳᠠᠪᠠ᠃ ᠨᠠᠷᠢᠨ ᠪᠤᠳᠤᠯᠢᠶᠠᠨᠲᠠᠢ ᠳᠡᠯᠡᠬᠡᠢ᠎ᠶᠢᠨ ᠪᠠᠶ᠋ᠢᠳᠠᠯ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ᠎ᠶᠢᠨ ᠡᠮᠦᠨ᠎ᠡ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠠᠶᠤᠯ ᠲᠦᠭᠰᠢᠭᠦᠷᠢ᠎ᠶᠢ ᠢᠯᠠᠨ ᠳᠠᠪᠠᠵᠤ᠂ ᠥᠷᠢᠰᠥᠯᠳᠦᠭᠡᠨ᠎ᠢ ᠤᠭᠲᠤᠬᠤ᠎ᠳᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠵᠠᠮ ᠨᠡᠭᠡᠭᠡᠨ ᠤᠷᠤᠭᠰᠢᠯᠠᠬᠤ ᠬᠡᠷᠡᠭᠲᠡᠢ᠃ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ᠎ᠢ ᠰᠣᠩᠭᠣᠨ ᠭᠠᠷᠭᠠᠬᠤ ᠳ᠋ᠤ᠂ ᠤᠯᠠᠨ ᠲᠦᠮᠡᠨᠴᠢ ᠱᠤᠭᠤᠮ᠎ᠢᠶᠠᠷ ᠵᠠᠮᠨᠠᠬᠤ᠎ᠶᠢ ᠪᠠᠷᠢᠮᠲᠠᠯᠠᠨ᠂ ᠬᠦᠨᠵᠡᠭᠡᠢ ᠵᠤᠬᠢᠶᠠᠨ ᠪᠠᠢᠭᠤᠯᠤᠨ ᠲᠠᠢᠴᠢᠯᠡᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠥᠷᠭᠡᠨ ᠤᠯᠠᠨ ᠨᠠᠮ᠎ᠤᠨ ᠭᠡᠰᠢᠭᠦᠨ ᠤ᠋ ᠢᠳᠡᠪᠬᠢᠳᠠᠢ ᠤᠷᠤᠯᠴᠠᠬᠤ ᠵᠢ ᠲᠠᠢᠴᠢᠯᠡᠨ᠂ ᠲᠥᠯᠥᠭᠡᠯᠡᠭᠴᠢᠳ᠎ᠦᠨ ᠲᠡᠷᠢᠭᠦᠨ᠎ᠦ ᠦᠢᠯᠡ ᠠᠵᠢᠯᠯᠠᠭ᠎ᠠ᠎ᠵᠢ ᠤᠬᠠᠭᠤᠯᠬᠤ ᠨᠢ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠦᠵᠡᠯ ᠰᠠᠨᠠᠭ᠎ᠠ᠎ᠶᠢ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠍᠂ ᠤᠶᠤᠨ ᠴᠢᠳᠠᠯ᠎ᠢᠶᠠᠨ ᠨᠠᠮ᠎ᠤᠨ ᠲᠥᠪ ᠬᠣᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠣᠳᠣᠬᠠᠨ᠎ᠤ ᠡᠯ᠎ᠡ ᠵᠦᠢᠯ᠎ᠦᠨ ᠠᠵᠢᠯ᠎ᠢ ᠰᠠᠶ᠋ᠢᠲᠤᠷ ᠬᠢᠬᠦ᠌ ᠳᠡᠭᠡᠷ᠎ᠡ ᠬᠦᠳᠦᠯᠦᠨ ᠠᠪᠴᠢᠷᠠᠵᠤ᠂ ᠰᠢᠨ᠎ᠡ ᠠᠶᠠᠨ ᠳ᠋ᠦ ᠡᠷᠡᠮᠡᠭᠡᠢᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠤᠷᠭᠡᠭ ᠤᠯᠤᠰ ᠤ᠋ᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠰᠦᠷ ᠳᠠᠯᠠᠶ᠋ᠢᠴᠠᠲᠠᠢ ᠬᠦᠴᠦᠨ᠎ᠢ ᠨᠢᠭᠲᠠᠷᠠᠭᠤᠯᠬᠤ ᠳ᠋ᠤ ᠠᠰᠢᠬᠳᠠᠢ ᠶᠤᠮ᠃
ᠠᠰᠠᠭᠤᠯᠳᠠ᠄ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ᠎ᠤ᠋ᠨ ᠰᠤᠨᠭᠭᠤᠭᠤᠯᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠨ ᠭᠣᠣᠯ ᠵᠢᠭᠠᠪᠤᠷᠢ᠎ᠶᠢᠨ ᠵᠣᠷᠢᠭ ᠰᠠᠨᠠᠭ᠎ᠠ ᠶᠠᠭᠤ ᠶᠠᠭᠤ ᠪᠠᠶ᠋ᠢᠬᠤᠲᠤᠬᠠᠢ ᠲᠠ ᠶᠠᠷᠢᠭᠠᠳ ᠥᠭᠬᠦᠨ᠎ᠠ ᠤ᠋ᠣ?
ᠬᠠᠷᠢᠭᠤᠯᠲᠠ᠄ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ᠎ᠦᠨ ᠰᠣᠩᠭᠣᠭᠤᠯᠢ᠎ᠶᠢᠨ ᠠᠵᠢᠯ᠎ᠢ ᠰᠠᠶ᠋ᠢᠲᠤᠷ ᠬᠢᠬᠦ᠌᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠶᠡᠷᠦᠩᠬᠡᠶ ᠱᠦᠵᠢ ᠬᠠᠷᠢᠭᠤ ᠮᠡᠳᠡᠭᠦᠯᠦᠯᠲᠡ᠎ᠶᠢ ᠣᠯᠠᠨ ᠤᠳᠠᠭ᠎ᠠ ᠰᠣᠨᠣᠰᠴᠤ᠌᠂ ᠲᠥᠪ ᠬᠤᠷᠢᠶ᠎ᠠ ᠵᠢᠨ ᠤᠯᠤᠰ ᠲᠥᠷᠥ᠎ᠶᠢᠨ ᠲᠣᠪᠴᠢᠶᠠᠨ᠎ᠤ ᠪᠠᠶ᠋ᠢᠩᠭᠤ᠎ᠶᠢᠨ ᠬᠣᠷᠢᠶ᠎ᠠ ᠵᠢᠨ ᠬᠤᠷᠠᠯ᠂ ᠲᠥᠪ ᠬᠣᠷᠢᠶ᠎ᠠ ᠵᠢᠨ ᠤᠯᠤᠰ ᠲᠥᠷᠥ᠎ᠶᠢᠨ ᠲᠣᠪᠴᠢᠶᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠮᠡᠳᠡᠭᠳᠡᠯ》 ᠢ᠋ ᠬᠢᠨᠠᠨ ᠵᠦᠪᠯᠡᠵᠤ ᠪᠠᠲᠤᠯᠠᠨ᠂ ᠲᠥᠯᠥᠭᠡᠯᠡᠭᠴᠢᠳ᠎ᠦᠨ ᠰᠣᠩᠭᠣᠭᠤᠯᠢ᠎ᠶᠢᠨ ᠠᠵᠢᠯ᠎ᠢ ᠪᠥᠬᠥ᠌ ᠲᠠᠯ᠎ᠠ᠎ᠪᠠᠷ ᠪᠠᠶ᠋ᠢᠷᠢᠯᠠᠭᠤᠯᠵᠤ᠂ ᠲᠣᠳᠣᠷᠬᠠᠶ ᠱᠠᠭᠠᠷᠳᠠᠯᠭ᠎ᠠ ᠳᠤᠷᠠᠳᠪᠠ᠃
ᠨᠠᠮ᠎ᠤᠨ ᠲᠥᠪ ᠬᠣᠷᠢᠶ᠎ᠠ ᠵᠢᠨ ᠪᠠᠶ᠋ᠢᠷᠢᠯᠠᠭᠤᠯᠤᠯᠲᠠ ᠶᠣᠰᠣᠭᠠᠷ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠤ᠋ᠨ ᠰᠤᠨᠭᠭᠤᠭᠤᠯᠢ ᠵᠢᠨ ᠠᠵᠢᠯ ᠢ᠋ ᠰᠠᠶ᠋ᠢᠲᠤᠷ ᠬᠢᠬᠦ᠌᠎ᠳᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠦᠷᠢᠮ᠎ᠢᠶᠡᠷ ᠦᠨᠳᠦᠰᠦ ᠪᠣᠯᠭᠠᠵᠤ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠤᠯᠤᠰ ᠲᠦᠷᠦ᠎ᠶᠢᠨ ᠪᠠᠷᠢᠮᠵᠢᠶ᠎ᠠ᠎ᠶᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠪᠠᠷᠢᠮᠵᠢᠶ᠎ᠠ ᠨᠥᠬᠥᠴᠡᠯ᠎ᠢ ᠴᠢᠨᠭᠭᠠᠳᠬᠠᠵᠤ᠂ ᠰᠣᠩᠭᠣᠭᠤᠯᠢ᠎ᠶᠢᠨ ᠲᠡᠰ ᠳᠠᠷᠠᠭᠠᠯᠠᠯ᠎ᠢ ᠴᠢᠨᠭᠭᠠᠳᠬᠠᠵᠤ᠂ ᠰᠣᠩᠭᠣᠭᠤᠯᠢ᠎ᠶᠢᠨ ᠰᠠᠬᠢᠯᠭ᠎ᠠ ᠪᠠᠲᠤ᠎ᠶᠢ ᠴᠢᠩᠳᠠᠯᠠᠵᠤ᠂ ᠰᠣᠩᠭᠣᠨ ᠭᠠᠷᠭᠠᠭᠰᠠᠨ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠤ᠋ᠨ ᠬᠡᠪ ᠪᠣᠯᠪᠠᠰᠤᠷᠠᠯ ᠰᠢᠯᠢᠳᠡᠭ ᠰᠠᠢ᠌ᠨ᠂ ᠪᠦᠲᠦᠴᠡ ᠵᠣᠬᠢᠰᠲᠠᠢ᠂ ᠲᠠᠷᠬᠠᠯᠲᠠ ᠥᠷᠭᠡᠨ᠂ ᠨᠠᠮ᠎ᠤᠨ ᠭᠡᠰᠢᠭᠦᠨ᠎ᠦ ᠬᠦᠷᠢᠶᠡᠯᠡᠯ᠎ᠢ ᠦᠨᠡᠨ ᠬᠦ᠌ ᠪᠠᠲᠤᠯᠠᠬᠤ ᠬᠡᠷᠡᠭᠲᠡᠢ᠃
ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠠ 《ᠮᠡᠳᠡᠭᠳᠡᠯ》 ᠤ᠋ᠨ ᠱᠠᠭᠠᠷᠳᠠᠯᠭ᠎ᠠ᠎ᠶᠢ ᠦᠨᠳᠦᠰᠦᠯᠡᠨ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠤ᠋ᠨ ᠰᠤᠨᠭᠭᠤᠭᠤᠯᠢ ᠵᠢᠨ ᠠᠵᠢᠯ᠎ᠳᠤ ᠳᠣᠣᠷᠠᠬᠢ ᠬᠡᠳᠦᠨ ᠲᠠᠯ᠎ᠠ᠎ᠶᠢ ᠲᠤᠪᠤᠢ᠌ᠯᠭᠠᠨ ᠴᠢᠬᠤᠯᠠᠴᠢᠯᠠᠪᠠ᠄ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ ᠪᠠ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ᠎ᠠ᠃ ᠡᠨᠡ ᠪᠣᠯ ᠡᠨᠡ ᠬᠦ᠌ ᠠᠵᠢᠯ᠎ᠢ ᠰᠠᠶ᠋ᠢᠲᠤᠷ ᠬᠢᠬᠦ᠌᠎ᠶᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ᠌ ᠤᠳᠠᠭ᠎ᠠ ᠪᠦᠷᠢ ᠵᠢᠨ ᠬᠤᠭᠤᠴᠠᠭ᠎ᠠ ᠰᠣᠯᠢᠬᠤ᠎ᠡᠴᠡ ᠳ᠋ᠦᠩᠨᠡᠵᠦ᠍ ᠭᠠᠷᠭᠠᠭᠰᠠᠨ ᠴᠢᠬᠤᠯᠠ ᠲᠤᠷᠰᠢᠯᠭ᠎ᠠ ᠮᠥᠨ᠃ ᠨᠠᠮ᠎ᠤᠨ ᠲᠥᠪ ᠬᠤᠷᠢᠶ᠎ᠠ ᠵᠢᠨ ᠪᠠᠶ᠋ᠢᠷᠢᠯᠠᠭᠤᠯᠤᠯᠲᠠ ᠱᠠᠭᠠᠷᠳᠠᠯᠭ᠎ᠠ᠎ᠶᠢ ᠲᠡᠷᠡ ᠶᠣᠰᠣᠭᠠᠷ ᠨᠢ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ ᠵᠢᠨ ᠲᠣᠳᠣᠷᠬᠠᠢ ᠲᠣᠭᠲᠠᠭᠠᠭᠰᠠᠨ ᠪᠠᠷᠢᠮᠵᠢᠶ᠎ᠠ ᠨᠥᠬᠥᠴᠡᠯ᠂ ᠵᠢᠷᠤᠮ ᠠᠯᠬᠤᠮ ᠲᠠᠷᠠᠭ᠎ᠠ᠎ᠶᠢ ᠴᠢᠩᠭ᠎ᠠ ᠵᠢᠷᠤᠮᠯᠠᠨ ᠯᠠᠪᠳᠠᠭᠤᠨ ᠪᠠᠲᠤᠲᠠᠢ ᠥᠷᠨᠢᠭᠦᠯᠵᠦ᠍᠂ ᠲᠥᠯᠥᠭᠡᠯᠡᠭᠴᠢ᠎ᠶᠢ ᠰᠤᠩᠭᠤᠵᠤ ᠭᠠᠷᠭᠠᠬᠤ ᠡᠯ᠎ᠡ ᠭᠣᠭᠴᠣᠭ᠎ᠠ᠎ᠳᠤ ᠴᠥᠮ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠪᠠ ᠪᠣᠭᠣᠮᠲᠠ ᠰᠠᠬᠢᠬᠤ ᠦᠢᠯᠡᠳᠦᠯ᠎ᠢ ᠦᠨᠡᠨ ᠬᠦ᠌ ᠪᠠᠳᠠᠷᠠᠭᠤᠯᠤᠨ᠎ᠠ᠃ ᠠᠷᠠᠳᠴᠢᠯᠠᠯ ᠲᠥᠪᠯᠡᠷᠡᠯ᠎ᠦᠨ ᠶᠣᠰᠣ᠎ᠶᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠍᠂ ᠠᠷᠠᠳᠴᠢᠯᠠᠯ᠎ᠤᠨ ᠶᠠᠰᠤ ᠴᠢᠨᠠᠷ ᠪᠠ ᠪᠣᠳᠠᠲᠤ᠌ ᠦᠷ᠎ᠡ ᠪᠦᠲᠦᠮᠵᠢ᠎ᠶᠢ ᠦᠨᠡᠨ ᠬᠦ᠌ ᠳᠡᠭᠡᠭᠰᠢᠯᠡᠭᠦᠯᠦᠨ᠎ᠡ᠃ ᠵᠢᠱ᠌ᠢᠭᠳᠡᠭᠴᠢ᠎ᠶᠢᠨ ᠤᠯᠤᠰ ᠲᠥᠷᠥ᠎ᠶᠢᠨ ᠪᠣᠭᠣᠮᠲᠠ᠂ ᠠᠷᠢᠭᠤᠨ ᠴᠢᠬᠡᠴᠢ᠎ᠶᠢᠨ ᠪᠣᠭᠣᠮᠲᠠ᠂ ᠰᠤᠷᠲᠠᠯ᠎ᠤᠨ ᠪᠣᠭᠣᠮᠲᠠ᠎ᠶᠢ ᠴᠢᠩᠭ᠎ᠠ ᠠᠳᠬᠤᠨ᠎ᠠ᠃ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠤᠯᠤᠰ ᠲᠦᠷᠦ᠎ᠶᠢᠨ ᠲᠠᠯ᠎ᠠ᠎ᠪᠠᠷ ᠬᠢ ᠱᠠᠭᠠᠷᠳᠠᠯᠭ᠎ᠠ ᠪᠣᠯ ᠲᠡᠷᠢᠭᠦᠨ ᠴᠢᠬᠤᠯᠠ ᠶᠤᠮ᠂ ᠬᠠᠮᠤᠭ᠎ᠤᠨ ᠴᠢᠬᠤᠯᠠ ᠨᠢ ᠤᠯᠤᠰ ᠲᠦᠷᠦ᠍ ᠪᠠᠲᠤ᠌ ᠴᠢᠩᠭ᠎ᠠ᠂ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠬᠡᠷᠡᠭᠲᠡᠢ᠃ ᠤᠯᠤᠰ ᠲᠥᠷᠥ᠎ᠶᠢᠨ ᠬᠡᠪ ᠴᠢᠨᠠᠷ᠎ᠤᠨ ᠰᠢᠯᠭᠠᠨ ᠪᠠᠶ᠋ᠢᠴᠠᠭᠠᠯᠲᠠ᠎ᠶᠢ ᠭᠦᠨᠵᠡᠭᠡᠶ ᠪᠣᠳᠠᠲᠠᠶ ᠬᠢᠵᠦ᠍᠂ ᠨᠠᠮᠴᠢ ᠴᠢᠨᠠᠷ᠎ᠢ ᠢᠯᠭᠠᠨ ᠲᠠᠨᠢᠬᠤ᠎ᠶᠢ ᠴᠢᠩᠭᠠᠳᠬᠠᠵᠤ᠂ ᠤᠯᠤᠰ ᠲᠥᠷᠥ᠎ᠶᠢᠨ ᠵᠣᠭᠰᠣᠯᠲᠠ᠂ ᠤᠯᠤᠰ ᠲᠥᠷᠥ᠎ᠶᠢᠨ ᠣᠪᠣᠷ᠂ ᠤᠯᠤᠰ ᠲᠥᠷᠥ᠎ᠶᠢᠨ ᠤᠬᠠᠮᠰᠠᠷ ᠪᠠ ᠤᠯᠤᠰ ᠲᠥᠷᠥ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶᠢᠨ ᠤᠬᠠᠭᠠᠪᠤᠷᠢᠯᠠᠬᠤ ᠴᠢᠳᠠᠪᠤᠷᠢ᠂ ᠤᠯᠤᠰ ᠲᠥᠷᠥ᠎ᠶᠢᠨ ᠬᠡᠷᠡᠭᠵᠢᠭᠦᠯᠬᠦ᠌ ᠴᠢᠳᠠᠪᠤᠷᠢ᠎ᠶᠢ ᠭᠤᠤᠯᠳᠠᠯᠭ᠎ᠠ᠎ᠲᠠᠶ ᠰᠢᠯᠭᠠᠨ ᠪᠠᠶ᠋ᠢᠴᠠᠭᠠᠵᠤ᠂ ᠵᠢᠱ᠌ᠢᠭᠳᠡᠭᠴᠢ᠎ᠶᠢᠨ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠵᠡᠷᠭᠡ ᠲᠠᠯ᠎ᠠ᠎ᠶᠢᠨ ᠢᠯᠡᠷᠡᠯ᠎ᠦᠨ ᠪᠠᠶ᠋ᠢᠳᠠᠯ᠎ᠢ ᠭᠤᠤᠯᠳᠠᠯᠭ᠎ᠠ᠎ᠲᠠᠶ ᠣᠶ᠋ᠢᠯᠠᠭᠠᠵᠤ᠂ ᠤᠯᠤᠰ ᠲᠥᠷᠥ᠎ᠶᠢᠨ ᠲᠠᠯ᠎ᠠ᠎ᠪᠠᠷ ᠬᠢᠷᠢ ᠲᠡᠩᠴᠡᠭᠦ᠌ ᠥᠬᠡᠶ ᠪᠣᠯ ᠨᠢᠭᠡ ᠪᠢᠯᠧᠲ᠎ᠢᠶᠡᠷ ᠦᠭᠡᠶ᠋ᠢᠰᠬᠡᠬᠦ᠌ ᠬᠡᠷᠡᠭᠲᠡᠶ᠃ ᠠᠷᠢᠭᠤᠨ ᠴᠢᠬᠡᠴᠢ᠎ᠪᠡᠷ ᠪᠣᠭᠣᠮᠲᠠ ᠰᠠᠬᠢᠬᠤ ᠡᠯ᠎ᠡ ᠵᠦᠢᠯ᠎ᠦᠨ ᠲᠣᠭᠲᠠᠭᠠᠯ᠎ᠢ ᠨᠠᠶ᠋ᠢᠳᠠᠪᠤᠷᠢᠵᠢᠭᠤᠯᠤᠨ᠂ ᠢᠯᠭᠠᠨ ᠳᠣᠲᠣᠯᠠᠵᠤ ᠬᠠᠷᠭᠤᠭᠤᠯᠤᠨ ᠪᠠᠶ᠋ᠢᠴᠠᠭᠠᠬᠤ᠎ᠶᠢ ᠴᠢᠩᠳᠠᠯᠠᠵᠤ᠂ ᠶᠣᠰᠣ ᠮᠣᠷᠠᠯ ᠵᠠᠩ ᠰᠤᠷᠲᠠᠯ᠂ ᠣᠪᠣᠷ ᠰᠤᠷᠲᠠᠯ ᠳᠦᠷᠢ ᠲᠥᠷᠬᠦ᠌ ᠵᠡᠷᠭᠡ ᠪᠠᠶ᠋ᠢᠳᠠᠯ᠎ᠢ ᠣᠶ᠋ᠢᠯᠠᠭᠠᠬᠤ᠎ᠶᠢ ᠴᠢᠬᠤᠯᠠᠴᠢᠯᠠᠨ᠂《ᠠᠰᠠᠭᠤᠳᠠᠯ᠎ᠲᠠᠶ ᠪᠠᠶ᠋ᠢᠲᠠᠯ᠎ᠠ ᠨᠡᠷ᠎ᠡ ᠳᠤᠷᠠᠳᠬᠤ》᠂《ᠠᠰᠠᠭᠤᠳᠠᠯ᠎ᠲᠠᠶ ᠪᠠᠶ᠋ᠢᠲᠠᠯ᠎ᠠ ᠰᠣᠩᠭᠣᠭᠳᠠᠬᠤ》 ᠵᠢ ᠡᠷᠡᠰ ᠰᠡᠷᠭᠡᠶ᠋ᠢᠯᠡᠬᠦ ᠬᠡᠷᠡᠭᠳᠡᠢ᠃ ᠲᠥᠯᠥᠭᠡᠯᠡᠭᠴᠢ᠎ᠶᠢᠨ ᠪᠦᠲᠦᠴᠡ᠎ᠶᠢ ᠵᠣᠬᠢᠰᠲᠠᠶ ᠡᠵᠡᠮᠰᠢᠬᠦ᠌ ᠬᠡᠷᠡᠭᠲᠡᠶ᠃ ᠨᠠᠮ᠎ᠤᠨ ᠰᠢᠨᠵᠢ ᠴᠢᠨᠠᠷ ᠵᠣᠷᠢᠯᠲᠠ᠎ᠶᠢ ᠭᠦᠢᠴᠡᠳ ᠢᠯᠡᠷᠡᠭᠦᠯᠵᠦ᠍᠂ ᠲᠡᠷᠢᠭᠦᠨ᠎ᠦ ᠴᠢᠨᠠᠷ ᠪᠠ ᠥᠷᠭᠡᠨ ᠳᠡᠯᠭᠡᠷ ᠲᠥᠯᠥᠭᠡᠯᠡᠬᠦ᠌ ᠴᠢᠨᠠᠷ᠎ᠢ ᠢᠯᠡᠷᠡᠭᠦᠯᠬᠦ᠌᠎ᠳᠦ ᠡᠯ᠎ᠡ ᠹᠷᠣᠨᠲ᠂ ᠡᠯ᠎ᠡ ᠠᠵᠢᠯ ᠲᠦᠷᠦᠯ᠎ᠦᠨ ᠲᠥᠯᠥᠭᠡᠯᠡᠭᠴᠢ ᠪᠠᠶ᠋ᠢᠬᠤ ᠬᠡᠷᠡᠭᠲᠡᠢ᠃ ᠠᠵᠢᠯᠴᠢᠨ᠂ ᠲᠠᠷᠢᠶᠠᠴᠢᠨ ᠪᠠ ᠲᠤᠰᠬᠠᠢ ᠮᠡᠷᠭᠡᠵᠢᠯ᠎ᠦᠨ ᠠᠵᠢᠯᠳᠠᠨ ᠪᠣᠯᠬᠤ ᠨᠠᠮ᠎ᠤᠨ ᠭᠡᠰᠢᠭᠦᠨ᠎ᠦ ᠳᠣᠲᠣᠷᠠᠬᠢ ᠲᠡᠷᠢᠭᠦᠨ᠎ᠦ ᠵᠢᠱ᠌ᠢᠶᠡᠴᠢ ᠬᠥᠮᠦᠰ᠎ᠢ ᠲᠥᠯᠥᠭᠡᠯᠡᠭᠴᠢ᠎ᠪᠡᠷ ᠰᠣᠩᠭᠣᠨ ᠲᠠᠨᠢᠯᠴᠠᠭᠤᠯᠬᠤ᠎ᠶᠢ ᠴᠢᠬᠤᠯᠠᠴᠢᠯᠠᠨ᠎ᠠ᠃ ᠵᠢᠱ᠌ᠢᠭᠳᠡᠭᠴᠢ᠎ᠶᠢᠨ ᠪᠡᠶᠡᠭᠠᠷᠤᠯᠤᠨ ᠪᠣᠭᠣᠮᠲᠠ᠎ᠶᠢ ᠴᠢᠩᠭ᠎ᠠ ᠠᠳᠬᠤᠵᠤ᠂ ᠪᠡᠶ᠎ᠡ ᠭᠠᠷᠤᠯ᠎ᠢ ᠣᠨᠣᠪᠴᠢᠲᠠᠶ ᠬᠢᠨᠠᠨ ᠲᠣᠭᠲᠠᠭᠠᠨ᠎ᠠ᠃ ᠤᠯᠤᠰ ᠲᠥᠷᠥ᠎ᠶᠢᠨ ᠰᠠᠬᠢᠯᠭ᠎ᠠ ᠪᠠᠲᠤ᠌᠂ ᠵᠣᠬᠢᠶᠠᠨ ᠪᠠᠶ᠋ᠢᠭᠤᠯᠤᠯᠲᠠ᠎ᠶᠢᠨ ᠰᠠᠬᠢᠯᠭ᠎ᠠ ᠪᠠᠲᠤ᠌ ᠪᠠ ᠰᠣᠩᠭᠣᠭᠤᠯᠢ᠎ᠶᠢᠨ ᠰᠠᠬᠢᠯᠭ᠎ᠠ ᠪᠠᠲᠤ᠎ᠶᠢ ᠴᠢᠩᠳᠠᠯᠠᠨ᠎ᠠ᠃ ᠴᠢᠩᠭ᠎ᠠ ᠦᠨᠳᠦᠰᠦᠨ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠪᠠᠷᠢᠮᠲᠠᠯᠠᠵᠤ᠂ ᠰᠠᠬᠢᠯᠭ᠎ᠠ ᠪᠠᠲᠤ᠌ ᠶᠣᠰᠣ ᠲᠦᠷᠢᠮ᠎ᠢ ᠢᠮᠠᠭᠲᠠ ᠲᠡᠷᠢᠭᠦᠨ᠎ᠳᠦ ᠲᠠᠯᠪᠢᠵᠤ᠂ ᠬᠤᠨᠠᠨ᠎ᠤ ᠾᠧᠩ ᠶᠠᠩ᠂ ᠰᠸᠴᠤᠸᠠᠨ᠎ᠤ ᠨᠠᠨ ᠴᠥᠩ᠂ ᠯᠢᠶᠣᠤᠨᠢᠩ ᠵᠡᠷᠭᠡ ᠭᠠᠵᠠᠷ᠎ᠤᠨ ᠭᠡᠭᠡᠯᠢ ᠲᠦᠯᠬᠢᠵᠦ ᠪᠢᠯᠸᠲ ᠲᠠᠲᠠᠭᠰᠠᠨ᠂ ᠰᠣᠩᠭᠣᠭᠤᠯᠢ᠎ᠶᠢ ᠡᠪᠳᠡᠭᠰᠡᠨ ᠬᠡᠷᠡᠭ᠎ᠡᠴᠡ ᠭᠦᠨᠵᠡᠭᠡᠶ ᠰᠤᠷᠭᠠᠮᠵᠢ ᠠᠪᠴᠤ᠌᠂ ᠡᠶ᠋ᠢᠮᠦᠷᠬᠦᠤ ᠠᠰᠠᠭᠤᠳᠠᠯ ᠳᠠᠬᠢᠨᠲᠠ ᠭᠠᠷᠬᠤ᠎ᠶᠢ ᠡᠷᠡᠰ ᠰᠡᠷᠭᠡᠶ᠋ᠢᠯᠡᠨ᠎ᠡ᠃ ᠬᠢᠨᠠᠯᠲᠠ ᠲᠠᠯᠪᠢᠬᠤ᠂ ᠪᠠᠶ᠋ᠢᠴᠠᠭᠠᠨ ᠰᠢᠢᠳᠪᠦᠷᠢᠯᠡᠬᠦ᠌ ᠪᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ᠎ᠢᠶᠡᠨ ᠨᠡᠮᠡᠭᠳᠡᠭᠦᠯᠵᠦ᠍᠂ ᠰᠤᠷᠲᠠᠯ ᠴᠢᠬᠡᠴᠢ ᠣᠪᠣᠷ ᠲᠥᠪ ᠪᠠᠶ᠋ᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠶ᠃ ᠡᠭᠦᠨ᠎ᠦ ᠬᠠᠮᠲᠤ᠌᠂ ᠵᠥᠪ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠎ᠶᠢ ᠪᠠᠷᠢᠮᠲᠠᠯᠠᠵᠤ᠂ ᠲᠥᠯᠥᠭᠡᠯᠡᠭᠴᠢ ᠰᠣᠩᠭᠣᠬᠤ ᠤᠬᠠᠭᠤᠯᠭ᠎ᠠ᠎ᠶᠢ ᠵᠣᠬᠢᠶᠠᠨ ᠪᠠᠶ᠋ᠢᠭᠤᠯᠤᠯᠲᠠ᠎ᠲᠠᠶ᠂ ᠲᠥᠯᠥᠪᠯᠡᠭᠡ ᠲᠡᠶ᠂ ᠠᠯᠬᠤᠮ ᠲᠠᠷᠠᠭ᠎ᠠ᠎ᠲᠠᠶ᠎ᠪᠠᠷ ᠥᠷᠨᠢᠭᠦᠯᠵᠦ᠍᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠦ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶᠢ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ᠎ᠲᠠᠶ ᠨᠢᠭᠡᠳᠭᠡᠬᠦ ᠬᠡᠷᠡᠭᠳᠡᠢ᠃
ᠠᠰᠠᠭᠤᠯᠲᠠ᠄ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠨᠢᠭᠡᠴᠢ᠎ᠶᠢ ᠬᠡᠷᠬᠢᠨ ᠬᠤᠪᠢᠶᠠᠷᠢᠯᠠᠬᠤ ᠪᠤᠢ? ᠲᠥᠯᠥᠭᠡᠯᠡᠭᠴᠢ᠎ᠶᠢᠨ ᠣᠷᠣᠨ ᠲᠣᠭ᠎ᠠ᠎ᠶᠢ ᠬᠡᠷᠬᠢᠨ ᠲᠣᠭᠲᠠᠭᠠᠬᠤ ᠪᠠ ᠬᠤᠪᠢᠶᠠᠷᠢᠯᠠᠬᠤ ᠪᠤᠢ?
ᠬᠠᠷᠢᠭᠤᠯᠲᠠ᠄ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ᠎ᠦᠨ ᠰᠣᠩᠭᠣᠭᠤᠯᠢ᠎ᠶᠢ ᠮᠤᠵᠢ ᠣᠷᠣᠨ ᠬᠤᠲᠠ᠂ ᠲᠥᠪ᠎ᠦᠨ ᠪᠠ ᠲᠦᠷᠦ᠎ᠶᠢᠨ ᠪᠠᠶ᠋ᠢᠭᠤᠯᠭ᠎ᠠ᠂ ᠲᠥᠪ᠎ᠦᠨ ᠮᠥᠩᠭᠥᠨ ᠭᠦᠢᠯᠭᠡᠭᠡᠨ᠎ᠦ ᠰᠢᠰᠲ᠋ᠧᠮ᠂ ᠲᠥᠪ᠎ᠦᠨ ᠠᠵᠤ ᠠᠬᠤᠶ᠋ᠢᠯᠠᠯ᠎ᠤᠨ ᠰᠢᠰᠲ᠋ᠧᠮ (ᠪᠡᠭᠡᠵᠢᠩ᠎ᠳᠦ) ᠵᠡᠷᠭᠡ 38 ᠰᠣᠩᠭᠣᠭᠤᠯᠢ᠎ᠶᠢᠨ ᠨᠢᠭᠡᠴᠢ ᠪᠣᠯᠭᠠᠨ ᠬᠤᠪᠢᠶᠠᠵᠤ᠂ ᠬᠣᠷᠢᠳᠤᠭᠠᠷ ᠶᠡᠬᠡ ᠬᠤᠷᠠᠯ᠎ᠤᠨ ᠦᠶ᠎ᠠ᠎ᠲᠡᠶ ᠠᠳᠠᠯᠢᠬᠠᠨ ᠪᠠᠢᠨ᠎ᠠ᠃
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠢ᠎ᠠ᠎ᠡᠴᠡ᠂ ᠨᠠᠮ᠎ᠤᠨ ᠦᠢᠯᠡᠰ᠎ᠦᠨ ᠲᠠᠰᠤᠷᠠᠯᠲᠠ ᠦᠭᠡᠢ ᠬᠥᠭᠵᠢᠵᠦ᠍ ᠪᠠᠶ᠋ᠢᠭ᠎ᠠ ᠰᠢᠨ᠎ᠡ ᠪᠠᠶ᠋ᠢᠳᠠᠯ ᠪᠣᠯᠤᠨ ᠨᠠᠮ᠎ᠤᠨ ᠭᠡᠰᠢᠭᠦᠨ᠎ᠦ ᠡᠩᠨᠡᠭᠡ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠲᠣᠭ᠎ᠠ ᠵᠡᠷᠭᠡ ᠬᠤᠪᠢᠷᠠᠯᠲᠠ᠎ᠶᠢᠨ ᠪᠠᠶ᠋ᠢᠳᠠᠯ᠎ᠢ ᠦᠨᠳᠦᠰᠦᠯᠡᠨ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ᠎ᠵᠢᠨ ᠲᠤᠭ᠎ᠠ ᠨᠡᠢ᠌ᠲᠡ 2360 ᠨᠠᠷᠡᠰ ᠪᠤᠯᠵᠤ᠂ ᠬᠣᠷᠢᠳᠤᠭᠠᠷ ᠶᠡᠬᠡ ᠬᠤᠷᠠᠯ᠎ᠤᠨ ᠦᠶ᠎ᠡ᠎ᠶᠢᠨ ᠬᠢ᠎ᠡᠴᠡ 60 ᠬᠥᠮᠦᠨ ᠨᠡᠮᠡᠭᠳᠡᠵᠡᠢ᠃ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ᠎ᠦᠨ ᠲᠣᠭ᠎ᠠ᠎ᠶᠢ ᠬᠤᠪᠢᠶᠠᠷᠢᠯᠠᠬᠤ᠎ᠳᠠᠭᠠᠨ ᠭᠣᠣᠯᠳᠠᠭᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠲᠣᠭ᠎ᠠ ᠪᠠ ᠨᠠᠮ᠎ᠤᠨ ᠭᠡᠰᠢᠭᠦᠨ᠎ᠦ ᠲᠣᠭ᠎ᠠ᠎ᠶᠢ ᠦᠨᠳᠦᠰᠦᠯᠡᠬᠦ᠌᠎ᠶᠢᠨ ᠬᠠᠮᠲᠤ᠌ ᠲᠦᠷᠦᠭᠦᠦ ᠬᠡᠳᠦᠨ ᠤᠳᠠᠭᠠᠨ᠎ᠤ ᠨᠠᠮ᠎ᠤᠨ ᠪᠦᠬᠦ᠌ ᠤᠯᠤᠰ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠦᠨ ᠲᠣᠭ᠎ᠠ ᠵᠡᠷᠭᠡ ᠬᠦᠴᠦᠨ ᠵᠦᠢᠯ᠎ᠢ ᠪᠣᠳᠣᠯᠬᠢᠯᠠᠨ᠎ᠠ᠃ ᠵᠤᠷᠰᠢᠯ ᠶᠣᠰᠣᠭᠠᠷ᠂ ᠨᠠᠮ᠎ᠤᠨ ᠲᠥᠪ ᠬᠣᠷᠢᠢ᠎ᠠ᠎ᠡᠴᠡ ᠨᠢᠭᠡᠨᠲᠡ ᠤᠳᠤᠷᠢᠳᠬᠤ ᠪᠠᠶ᠋ᠢᠷᠢᠡᠴᠡᠪᠠᠨ ᠪᠠᠭᠤᠭᠰᠠᠨ ᠬᠡᠰᠡᠭ ᠠᠬᠠᠮᠠᠳ ᠨᠠᠮ᠎ᠤᠨ ᠭᠡᠰᠢᠭᠦᠨ᠎ᠢ ᠣᠨᠴᠠ ᠤᠷᠢᠭᠰᠠᠨ ᠲᠥᠯᠥᠭᠡᠯᠡᠭᠴᠢ᠎ᠶᠢᠨ ᠬᠤᠪᠢ ᠪᠠᠷ ᠶᠡᠬᠡ ᠬᠤᠷᠠᠯ᠎ᠳᠤ ᠣᠷᠣᠯᠴᠠᠭᠤᠯᠬᠤ᠎ᠪᠠᠷ ᠲᠣᠭᠲᠠᠪᠠ ᠭᠡᠵᠦ ᠲᠤᠳᠤᠷᠬᠠᠢᠯᠠᠵᠠᠢ᠃
ᠠᠰᠠᠭᠤᠯᠲᠠ᠄ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠱᠠᠭᠠᠷᠳᠠᠯᠭ᠎ᠠ ᠶᠣᠰᠣᠭᠠᠷ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠪᠠᠷᠢᠮᠵᠢᠶ᠎ᠠ ᠨᠥᠬᠥᠴᠡᠯ᠎ᠢ ᠪᠠᠷᠢᠮᠲᠠᠯᠠᠵᠤ᠂ ᠤᠯᠤᠰ ᠲᠦᠷᠦ᠎ᠶᠢᠨ ᠪᠠᠷᠢᠮᠵᠢᠶ᠎ᠠ᠎ᠶᠢ ᠲᠡᠷᠢᠭᠦᠨ ᠪᠠᠶ᠋ᠢᠷᠢᠨ᠎ᠳᠤ ᠲᠠᠯᠪᠢᠬᠤ ᠬᠡᠷᠡᠭᠲᠡᠢ᠂ ᠪᠣᠳᠠᠲᠠᠢ ᠶᠠᠮᠠᠷ ᠶᠠᠮᠠᠷ ᠨᠥᠬᠥᠴᠡᠯ᠎ᠢ ᠪᠦᠷᠢᠯᠳᠦᠭᠦᠯᠪᠡᠯ ᠵᠣᠬᠢᠬᠤ ᠪᠤᠢ?
ᠬᠠᠷᠢᠭᠤᠯᠲᠠ᠄ 《ᠮᠡᠳᠡᠭᠳᠡᠯ》 ᠳ᠋ᠤ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠡᠪ ᠬᠠᠮᠲᠤ᠌ ᠨᠠᠮ᠎ᠤᠨ ᠭᠡᠰᠢᠭᠦᠨ᠎ᠦ ᠳᠣᠲᠣᠷᠠᠬᠢ ᠰᠢᠯᠢᠳᠡᠭ ᠬᠥᠮᠦᠰ ᠪᠠᠶ᠋ᠢᠬᠤ ᠶᠣᠰᠣᠲᠠᠢ᠂ ᠨᠠᠮ᠎ᠤᠨ ᠳᠦᠷᠢᠮ᠎ᠢ ᠵᠢᠱ᠌ᠢᠶᠡᠴᠢ᠎ᠪᠡᠷ ᠵᠢᠷᠤᠮᠯᠠᠨ ᠰᠠᠬᠢᠬᠤ᠂ ᠨᠠᠮ᠎ᠤᠨ ᠭᠡᠰᠢᠭᠦᠨ᠎ᠦ ᠪᠠᠷᠢᠮᠵᠢᠶ᠎ᠠ᠎ᠶᠢ ᠴᠢᠩᠭ᠎ᠠ ᠵᠢᠷᠤᠮᠯᠠᠨ ᠥᠪᠡᠷ᠎ᠢ᠎ᠪᠡᠨ ᠱᠠᠭᠠᠷᠳᠠᠬᠤ ᠬᠡᠷᠡᠭᠲᠡᠶ᠂ ᠡᠪ ᠬᠠᠮᠲᠤ᠌ ᠨᠠᠮ᠎ᠤᠨ ᠭᠡᠰᠢᠭᠦᠨ᠎ᠦ ᠲᠡᠷᠢᠭᠦᠨ᠎ᠦ ᠴᠢᠨᠠᠷᠲᠠᠶ᠂ ᠦᠵᠡᠯ ᠰᠠᠨᠠᠭ᠎ᠠ ᠬᠡᠪ ᠴᠢᠨᠠᠷ᠂ ᠤᠯᠤᠰ ᠲᠤᠢ᠍ᠷᠦ᠎ᠶᠢᠨ ᠤᠬᠠᠮᠰᠠᠷ᠂ ᠠᠵᠢᠯ᠎ᠤᠨ ᠴᠢᠳᠠᠪᠤᠷᠢ᠂ ᠣᠪᠣᠷ ᠰᠤᠷᠲᠠᠯ ᠳᠦᠷᠢ ᠲᠥᠷᠬᠦ᠂ ᠠᠵᠢᠯ᠎ᠤᠨ ᠬᠢᠷᠢ ᠪᠦᠲᠦᠮᠵᠢ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠌ ᠵᠡᠷᠭᠡ ᠵᠢᠷᠭᠤᠭᠠᠨ ᠲᠠᠯ᠎ᠠ᠎ᠪᠠᠷ ᠲᠥᠯᠥᠭᠡᠯᠡᠭᠴᠢᠳ᠎ᠦᠨ ᠪᠦᠷᠢᠯᠳᠦᠭᠦᠯᠪᠡᠰᠦ ᠵᠣᠬᠢᠬᠤ ᠨᠥᠬᠥᠴᠡᠯ᠎ᠢ ᠲᠣᠳᠣᠷᠬᠠᠶ᠋ᠢᠯᠠᠪᠠ᠄ ᠨᠢᠭᠡ᠎ᠳᠦ᠂ ᠮᠠᠷᠺᠰ ᠯᠧᠨᠢᠨ᠎ᠦ ᠦᠵᠡᠯ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠣᠤ ᠫᠢᠩ᠎ᠦᠨ ᠣᠨᠣᠯ᠂ 《ᠭᠤᠷᠪᠠ᠎ᠶᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠰᠢᠨᠵᠢᠯᠡᠬᠦ᠌ ᠤᠬᠠᠭᠠᠨᠴᠢ ᠬᠥᠭᠵᠢᠯᠲᠡ᠎ᠶᠢᠨ ᠦᠵᠡᠯᠲᠡ ᠵᠢ ᠴᠢᠷᠮᠠᠶ᠋ᠢᠨ ᠰᠤᠷᠤᠯᠴᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠴᠢᠷᠮᠠᠢᠨ ᠰᠤᠷᠤᠯᠴᠠᠨ ᠲᠤᠭᠤᠰᠢᠯᠠᠭᠤᠯᠵᠤ᠂ ᠬᠦᠰᠡᠯᠡᠩ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠴᠢᠩᠭᠠᠳᠬᠠᠵᠤ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠵᠢ ᠬᠢᠨᠠᠮᠠᠭᠠᠶ ᠲᠤᠭᠤᠰᠢᠯᠠᠭᠤᠯᠵᠤ᠂ ᠤᠬᠠᠮᠰᠠᠷ᠎ᠡᠴᠡ᠎ᠪᠠᠨ ᠨᠠᠮ᠎ᠤᠨ ᠰᠢᠨ᠎ᠡ᠎ᠡᠭᠦᠳᠦᠯᠲᠡ ᠵᠢᠨ ᠣᠨᠣᠯ᠎ᠢᠶᠠᠷ ᠲᠠᠷᠢᠬᠢ ᠲᠣᠯᠣᠭᠠᠶ᠎ᠪᠠᠨ ᠵᠡᠪᠰᠡᠭᠯᠡᠵᠦ᠂ ᠦᠢᠯᠡᠳᠦᠯᠭᠡ᠎ᠶᠢ ᠵᠢᠯᠣᠭᠣᠳᠤᠭᠤᠯᠵᠤ᠂ ᠠᠵᠢᠯ᠎ᠢᠶᠠᠨ ᠠᠬᠢᠭᠤᠯᠤᠨ᠎ᠠ᠃ ᠬᠣᠶᠠᠷ᠎ᠲᠤ᠌᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠤᠯᠤᠰ ᠲᠥᠷᠥ᠎ᠶᠢᠨ ᠲᠠᠯ᠎ᠠ᠎ᠪᠠᠷ ᠨᠠᠶ᠋ᠢᠳᠠᠪᠤᠷᠢᠲᠠᠶ᠂ ᠨᠠᠮ᠎ᠳᠠᠭᠠᠨ ᠦᠨᠡᠨᠴᠢ ᠰᠢᠳᠤᠷᠭᠤ᠂ ᠨᠡᠯᠢᠶᠡᠳ ᠴᠢᠩᠭ᠎ᠠ ᠤᠯᠤᠰ ᠲᠥᠷᠥ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶᠢᠨ ᠤᠬᠠᠭᠠᠪᠤᠷᠢᠯᠠᠬᠤ ᠴᠢᠳᠠᠪᠤᠷᠢ᠂ ᠤᠯᠤᠰ ᠲᠥᠷᠥ᠎ᠶᠢᠨ ᠬᠡᠷᠡᠭᠵᠢᠭᠦᠯᠬᠦ᠌ ᠴᠢᠳᠠᠪᠤᠷᠢ᠎ᠲᠠᠶ ᠪᠠᠶ᠋ᠢᠵᠤ᠂ ᠴᠢᠬᠤᠯᠠ ᠶᠡᠬᠡ ᠠᠰᠠᠭᠤᠳᠠᠯ᠂ ᠵᠠᠷᠴᠢᠮ᠎ᠤᠨ ᠠᠰᠠᠭᠤᠳᠠᠯ ᠳᠡᠭᠡᠷ᠎ᠡ ᠲᠠᠷᠢᠬᠢ ᠲᠣᠯᠣᠭᠠᠶ ᠰᠡᠷᠭᠡᠭ ᠪᠠᠶ᠋ᠢᠵᠤ᠂ ᠵᠠᠩᠭᠢᠯᠠᠭ᠎ᠠ᠎ᠶᠢᠨ ᠴᠠᠭ ᠮᠥᠴᠡ᠂ ᠴᠢᠬᠤᠯᠠ ᠶᠡᠬᠡ ᠬᠡᠷᠡᠭ ᠶᠠᠪᠤᠳᠠᠯ᠎ᠤᠨ ᠳᠤᠮᠳᠠ ᠰᠢᠯᠭᠠᠯᠲᠠ᠎ᠶᠢ ᠳᠠᠭᠠᠭᠠᠵᠤ᠂ ᠤᠬᠠᠮᠰᠠᠷ᠎ᠡᠴᠡ᠎ᠪᠠᠨ ᠦᠵᠡᠯ ᠰᠠᠨᠠᠭ᠎ᠠ ᠤᠯᠤᠰ ᠲᠥᠷᠥ᠍ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠶ᠋ᠢᠬᠤ ᠬᠡᠷᠡᠭᠲᠡᠶ᠃ ᠭᠤᠷᠪᠠ᠎ᠳᠤ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠶᠠᠪᠤᠳᠠᠯ》᠂ ᠨᠠᠮ᠎ᠤᠨ ᠶᠡᠬᠡ ᠪᠤᠳᠤᠯᠭ᠎ᠠ᠎ᠶᠢ ᠪᠠᠭᠲᠠᠭᠠᠵᠤ᠂ 《ᠲᠠᠪᠤ᠎ᠶᠢ ᠨᠢᠭᠡ ᠴᠤᠬᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ 《ᠲᠦᠷᠪᠡᠨ ᠪᠦᠬᠦ᠌ ᠲᠠᠯ᠎ᠠ》 ᠵᠢᠨ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠰᠢᠭᠤᠯᠤᠯᠲᠠ᠎ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ᠎ᠶᠢ ᠲᠦᠷᠦᠭᠦᠯᠡᠨ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ᠎ᠶᠢᠨ ᠤᠢ᠌ᠯᠠᠭᠠᠭᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ᠎ᠪᠠᠷ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠎ᠳᠤ ᠨᠡᠯᠢᠶᠡᠳ ᠴᠢᠩᠭ᠎ᠠ ᠠᠵᠢᠯ᠎ᠤᠨ ᠴᠢᠳᠠᠪᠤᠷᠢ ᠪᠠ ᠨᠡᠯᠢᠶᠡᠳ ᠪᠠᠶᠠᠯᠢᠭ ᠦᠢᠯᠡᠳᠦᠯᠭᠡ᠎ᠶᠢᠨ ᠲᠤᠷᠰᠢᠯᠭ᠎ᠠ᠎ᠲᠠᠶ ᠪᠠᠢᠬᠤ ᠬᠡᠷᠡᠭᠳᠡᠢ᠃ ᠳᠥᠷᠪᠡ᠎ᠳᠦ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠨᠠᠮ᠎ᠤᠨ ᠦᠨᠳᠦᠰᠦᠨ ᠵᠣᠷᠢᠯᠲᠠ ᠪᠣᠯᠤᠨ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠦᠨ ᠦᠵᠡᠯᠲᠡ᠎ᠶᠢ ᠤᠬᠠᠮᠰᠠᠷ᠎ᠡᠴᠡ᠎ᠪᠠᠨ ᠦᠢᠯᠡᠳᠦᠯᠭᠡᠵᠢᠭᠦᠯᠵᠦ᠍᠂ ᠠᠷᠠᠳ ᠲᠦᠮᠡᠨ᠎ᠢᠶᠡᠷ ᠭᠤᠤᠯ ᠪᠣᠯᠭᠠᠬᠤ᠎ᠶᠢ ᠪᠠᠷᠢᠮᠲᠠᠯᠠᠵᠤ᠂ ᠢᠮᠠᠭᠲᠠ ᠠᠷᠠᠳ ᠲᠦᠮᠡᠨ᠎ᠦ ᠵᠣᠭᠰᠣᠯᠲᠠ᠎ᠳᠤ ᠪᠠᠲᠤ᠌ ᠵᠣᠭᠰᠣᠵᠤ᠂ ᠨᠠᠮ᠎ᠤᠨ ᠢᠷᠠᠭᠤ ᠠᠯᠳᠠᠷᠲᠤ᠌ ᠤᠯᠠᠮᠵᠢᠯᠠᠯ ᠪᠣᠯᠤᠨ ᠰᠢᠯᠢᠳᠡᠭ ᠰᠤᠷᠲᠠᠯ᠎ᠢ ᠪᠠᠳᠠᠷᠠᠭᠤᠯᠵᠤ᠂ ᠨᠠᠮ᠎ᠤᠨ ᠭᠡᠰᠢᠭᠦᠨ ᠪᠣᠯᠤᠨ ᠣᠯᠠᠨ ᠲᠦᠮᠡᠨ᠎ᠲᠡᠶ ᠨᠢᠭᠲᠠ ᠬᠠᠷᠢᠯᠴᠠᠵᠤ᠂ 《ᠭᠤᠷᠪᠠᠨ ᠴᠢᠩᠭ᠎ᠠ ᠭᠤᠷᠪᠠᠨ ᠪᠣᠳᠠᠲᠠᠶ》 ᠵᠢ ᠦᠢᠯᠡᠳᠦᠯᠭᠡᠵᠢᠭᠦᠯᠵᠦ᠍᠂ ᠰᠠᠬᠢᠯᠭ᠎ᠠ ᠪᠠᠲᠤ᠎ᠶᠢ ᠵᠢᠷᠤᠮᠯᠠᠨ ᠬᠠᠤᠯᠢ᠎ᠶᠢ ᠰᠠᠬᠢᠵᠤ᠂ ᠲᠥᠪ ᠭᠤᠤᠯᠴᠢ ᠠᠷᠢᠭᠤᠨ ᠴᠢᠬᠡᠴᠢ ᠪᠠᠶ᠋ᠢᠵᠤ᠂ ᠰᠠᠶ᠋ᠢᠨ ᠰᠠᠶ᠋ᠢᠬᠠᠨ ᠶᠣᠰᠣ ᠰᠤᠷᠲᠠᠬᠤᠨ ᠵᠠᠩ ᠴᠢᠨᠠᠷ᠂ ᠣᠪᠣᠷ ᠰᠤᠷᠲᠠᠯ ᠪᠣᠯᠤᠨ ᠳᠦᠷᠢ ᠲᠥᠷᠬᠦ᠌᠎ᠲᠡᠶ ᠪᠠᠶ᠋ᠢᠬᠤ ᠬᠡᠷᠡᠭᠲᠡᠶ᠃ ᠲᠠᠪᠤ᠎ᠳᠤ᠂ ᠡᠪ ᠬᠠᠮᠲᠤ᠌ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ᠌ ᠪᠡᠬᠢ ᠪᠤᠢ ᠪᠣᠯᠭᠠᠨ ᠦᠢᠯᠡᠳᠦᠯᠭᠡᠵᠢᠭᠦᠯᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠠᠮᠢ ᠴᠦᠯᠡᠨ ᠲᠡᠮᠡᠴᠡᠵᠦ᠍ ᠵᠤᠷᠢᠭᠤᠯᠬᠤ᠂ ᠵᠣᠷᠢᠭᠲᠠᠢ ᠲᠡᠮᠡᠴᠡᠵᠦ᠍᠂ ᠴᠢᠳᠠᠮᠠᠭᠠᠢ ᠲᠡᠮᠡᠴᠡᠵᠦ᠍᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠍᠂ ᠵᠠᠮ ᠨᠡᠭᠡᠭᠡᠨ ᠰᠢᠨ᠎ᠡ᠎ᠶᠢ ᠡᠭᠦᠳᠴᠦ᠍᠂ ᠦᠢᠯᠡᠳᠪᠦᠷᠢᠯᠡᠯ ᠪᠠ ᠠᠵᠢᠯ᠎ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠬᠤ ᠬᠡᠷᠡᠭᠳᠡᠢ᠃ ᠵᠢᠷᠭᠤᠭ᠎ᠠ᠎ᠳᠤ᠂ ᠠᠷᠠᠳᠴᠢᠯᠠᠯ᠎ᠤᠨ ᠡᠷᠬᠡ᠎ᠪᠡᠨ ᠵᠥᠪ ᠬᠡᠷᠡᠭᠵᠢᠭᠦᠯᠵᠦ᠍᠂ ᠲᠥᠯᠥᠭᠡᠯᠡᠭᠴᠢ᠎ᠶᠢᠨ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠬᠡᠵᠦ᠍᠂ ᠬᠡᠷᠡᠭ ᠵᠥᠪᠯᠡᠬᠦ᠌ ᠴᠢᠳᠠᠪᠤᠷᠢ ᠪᠠ ᠤᠯᠠᠨ ᠲᠦᠮᠡᠨ᠎ᠦ ᠠᠵᠢᠯ᠎ᠤᠨ ᠨᠡᠯᠢᠶᠡᠳ ᠴᠢᠩᠭ᠎ᠠ ᠴᠢᠳᠠᠪᠤᠷᠢ᠎ᠲᠠᠶ ᠪᠠᠶ᠋ᠢᠵᠤ᠂ ᠨᠠᠮ᠎ᠤᠨ ᠭᠡᠰᠢᠭᠦᠨ᠂ ᠤᠯᠠᠨ ᠲᠦᠮᠡᠨ᠎ᠦ ᠰᠠᠨᠠᠯ ᠪᠠ ᠱᠠᠭᠠᠷᠳᠠᠯᠭ᠎ᠠ᠎ᠶᠢ ᠢᠳᠡᠪᠬᠢᠲᠡᠢ ᠪᠥᠭᠡᠳ ᠦᠨᠡᠨ ᠮᠥᠨ᠎ᠢᠶᠡᠷ ᠨᠢ ᠲᠤᠰᠬᠠᠵᠤ᠂ ᠬᠢᠨᠠᠯᠲᠠ᠎ᠶᠢ ᠤᠬᠠᠮᠰᠠᠷ᠎ᠠᠴᠠ ᠪᠠᠨ ᠬᠦᠯᠢᠶᠡᠬᠦ ᠬᠡᠷᠡᠭᠳᠡᠢ᠃
ᠠᠰᠠᠭᠤᠯᠲᠠ᠄ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠪᠦᠬᠦ ᠨᠠᠮ᠎ᠤᠨ ᠭᠡᠰᠢᠭᠦᠨ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠦᠨᠳᠦ ᠨᠠᠶ᠋ᠢᠳᠠᠯᠭ᠎ᠠ ᠪᠠ ᠬᠦᠰᠡᠯ ᠡᠷᠡᠮᠡᠯᠵᠡᠯ᠎ᠢ ᠡᠭᠦᠷᠭᠡᠯᠡᠵᠦ ᠪᠠᠢᠭ᠎ᠠ ᠪᠣᠯᠬᠣᠷ ᠥᠷᠭᠡᠨ ᠳᠡᠯᠭᠡᠷ ᠲᠥᠯᠥᠭᠡᠯᠡᠬᠦ ᠴᠢᠨᠠᠷᠲᠠᠢ ᠪᠠᠢᠬᠤ ᠬᠡᠷᠡᠭᠲᠡᠢ᠂ ᠡᠨᠡ ᠲᠠᠯ᠎ᠠ᠎ᠪᠠᠷ ᠬᠡᠷᠬᠢᠨ ᠢᠯᠡᠷᠡᠭᠦᠯᠦᠭᠰᠡᠨ ᠪᠤᠢ? ᠶᠠᠮᠠᠷ ᠶᠠᠮᠠᠷ ᠱᠠᠭᠠᠷᠳᠠᠯᠭ᠎ᠠ ᠪᠠᠢᠬᠤ ᠪᠣᠶ?
ᠬᠠᠷᠢᠭᠤᠯᠲᠠ᠄ ᠪᠦᠳᠦᠴᠡ ᠨᠢ ᠵᠦᠢ ᠵᠣᠬᠢᠰᠲᠠᠢ᠂ ᠲᠠᠷᠬᠠᠯᠲᠠ ᠨᠢ ᠥᠷᠭᠡᠨ ᠳᠡᠯᠭᠡᠷ ᠪᠠᠢᠬᠤ ᠪᠣᠯ ᠲᠥᠯᠥᠭᠡᠯᠡᠭᠴᠢᠳ᠎ᠦᠨ ᠥᠷᠭᠡᠨ ᠳᠡᠯᠭᠡᠷ ᠲᠥᠯᠥᠭᠡᠯᠡᠬᠦ ᠴᠢᠨᠠᠷᠲᠠᠢ ᠪᠠᠢᠬᠤ᠎ᠶᠢᠨ ᠴᠢᠬᠤᠯᠠ ᠢᠯᠡᠷᠡᠯ ᠮᠥᠨ᠃ ᠨᠠᠮ᠎ᠤᠨ ᠲᠥᠪ ᠬᠣᠷᠢᠶ᠎ᠠ᠎ᠡᠴᠡ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠨᠠᠮ᠎ᠤᠨ ᠰᠢᠨᠵᠢ ᠴᠢᠨᠠᠷ ᠵᠣᠷᠢᠯᠲᠠ᠎ᠶᠢ ᠪᠠᠷᠢᠮᠲᠠᠯᠠᠵᠤ᠂ ᠲᠡᠷᠢᠭᠦᠨ᠎ᠦ ᠴᠢᠨᠠᠷ᠎ᠢ ᠢᠯᠡᠷᠡᠭᠦᠯᠬᠦ᠎ᠶᠢᠨ ᠬᠠᠮᠲᠤ ᠥᠷᠭᠡᠨ ᠳᠡᠯᠭᠡᠷ ᠲᠥᠯᠥᠭᠡᠯᠡᠬᠦ ᠴᠢᠨᠠᠷᠲᠠᠢ ᠪᠠᠢᠬᠤ ᠬᠡᠷᠡᠭᠲᠡᠢ ᠭᠡᠵᠦ ᠱᠠᠭᠠᠷᠳᠠᠪᠠ᠃ 《ᠮᠡᠳᠡᠭᠳᠡᠯ》 ᠳ᠋ᠤ᠌᠂ ᠠᠵᠤ ᠠᠬᠤᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ᠂ ᠤᠯᠤᠰ ᠲᠥᠷᠥ ᠬᠠᠤᠯᠢ ᠴᠠᠭᠠᠵᠠ᠂ ᠰᠤᠷᠭᠠᠨ ᠬᠥᠮᠦᠵᠢᠯ᠂ ᠤᠬᠠᠭᠤᠯᠭ᠎ᠠ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ᠎ᠶᠢᠨ ᠲᠠᠮᠢᠷ᠂ ᠨᠡᠢᠭᠡᠮ᠎ᠦᠨ ᠬᠠᠮᠢᠶᠠᠷᠤᠯᠲᠠ ᠪᠠ ᠰᠢᠨ᠎ᠡ᠎ᠪᠡᠷ ᠠᠵᠢᠯ ᠣᠯᠣᠭᠰᠠᠨ ᠬᠥᠮᠥᠰ ᠵᠡᠷᠭᠡ ᠡᠯ᠎ᠡ ᠲᠠᠯ᠎ᠠ᠎ᠶᠢᠨ ᠲᠥᠯᠥᠭᠡᠯᠡᠭᠴᠢ ᠪᠠᠢᠬᠤ ᠬᠡᠷᠡᠭᠲᠡᠢ ᠭᠡᠵᠦ ᠲᠤᠳᠤᠷᠬᠠᠢᠯᠠᠭᠰᠠᠨ ᠪᠥᠭᠡᠳ ᠲᠥᠯᠥᠭᠡᠯᠡᠭᠴᠢᠳ᠎ᠦᠨ ᠳᠣᠲᠣᠷᠠᠬᠢ ᠨᠠᠮ᠎ᠤᠨ ᠭᠡᠰᠢᠭᠦᠨ ᠤᠳᠤᠷᠢᠳᠬᠤ ᠺᠠᠳ᠋ᠷ᠂ ᠦᠢᠯᠡᠳᠪᠦᠷᠢᠯᠡᠯ ᠪᠠ ᠠᠵᠢᠯ᠎ᠤᠨ ᠨᠢᠭᠡᠳᠦᠭᠡᠷ ᠹᠷᠣᠨᠲ᠎ᠤᠨ ᠨᠠᠮ᠎ᠤᠨ ᠭᠡᠰᠢᠭᠦᠨ᠂ ᠡᠮᠡᠭᠲᠡᠢ ᠨᠠᠮ᠎ᠤᠨ ᠭᠡᠰᠢᠭᠦᠨ᠂ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠰᠢᠭᠦᠨ᠎ᠦ ᠬᠠᠷᠢᠴᠠᠯ ᠵᠡᠷᠭᠡ᠎ᠳᠦ ᠲᠣᠳᠣᠷᠬᠠᠢ ᠱᠠᠭᠠᠷᠳᠠᠯᠭ᠎ᠠ ᠳᠤᠷᠠᠳᠪᠠ᠃ ᠭᠣᠣᠯᠳᠠᠭᠤ ᠳᠣᠣᠷᠠᠬᠢ ᠬᠡᠳᠦᠨ ᠲᠠᠯ᠎ᠠ᠎ᠶᠢ ᠰᠠᠢᠲᠤᠷ ᠡᠵᠡᠮᠰᠢᠬᠦ ᠬᠡᠷᠡᠭᠲᠡᠢ᠄
ᠨᠢᠭᠡ᠎ᠳᠦ᠂ ᠦᠢᠯᠡᠳᠪᠦᠷᠢᠯᠡᠯ ᠪᠠ ᠠᠵᠢᠯ᠎ᠤᠨ ᠨᠢᠭᠡᠳᠦᠭᠡᠷ ᠹᠷᠣᠨᠲ᠎ᠤᠨ ᠲᠥᠯᠥᠭᠡᠯᠡᠭᠴᠢᠳ᠎ᠦᠨ ᠬᠠᠷᠢᠴᠠᠯ᠎ᠢ ᠪᠠᠲᠤᠯᠠᠨ᠎ᠠ᠃ ᠡᠨᠡ ᠪᠣᠯ ᠨᠠᠮ᠎ᠤᠨ ᠠᠩᠭᠢ᠎ᠶᠢᠨ ᠰᠠᠭᠤᠷᠢ᠎ᠶᠢ ᠪᠡᠬᠢᠵᠢᠭᠦᠯᠬᠦ᠂ ᠨᠠᠮ᠎ᠤᠨ ᠤᠯᠡᠠ ᠲᠦᠮᠡᠨᠴᠢ ᠰᠠᠭᠤᠷᠢ᠎ᠶᠢ ᠥᠷᠭᠡᠳᠬᠡᠬᠦ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃《ᠮᠡᠳᠡᠭᠳᠡᠯ》 ᠳ᠋ᠤ᠌᠂ ᠮᠤᠵᠢ ᠣᠷᠣᠨ ᠬᠣᠲᠠ᠂ ᠲᠥᠪ᠎ᠦᠨ ᠮᠥᠩᠭᠥᠨ ᠭᠦᠢᠯᠭᠡᠭᠡᠨ᠎ᠦ ᠰᠢᠰᠲᠧᠮ ᠪᠠ ᠲᠥᠪ᠎ᠦᠨ ᠠᠵᠤ ᠠᠬᠤᠢᠯᠠᠯ᠎ᠤᠨ ᠰᠢᠰᠲᠧᠮ (ᠪᠡᠭᠡᠵᠢᠩ᠎ᠳᠤ) ᠤ᠋ᠨ ᠲᠥᠯᠥᠭᠡᠯᠡᠭᠴᠢᠳ᠎ᠦᠨ ᠳᠣᠲᠣᠷ᠎ᠠ ᠦᠢᠯᠡᠳᠪᠦᠷᠢᠯᠡᠯ ᠪᠠ ᠠᠵᠢᠯ᠎ᠤᠨ ᠨᠢᠭᠡᠳᠦᠭᠡᠷ ᠹᠷᠣᠨᠲ᠎ᠤᠨ ᠨᠠᠮ᠎ᠤᠨ ᠭᠡᠰᠢᠭᠦᠨ᠎ᠦ ᠡᠵᠡᠯᠡᠬᠦ ᠬᠠᠷᠢᠴᠠᠯ ᠨᠢ ᠡᠩ᠎ᠦᠨ ᠪᠠᠢᠳᠠᠯ᠎ᠳᠤ ᠭᠤᠷᠪᠠᠨ᠎ᠤ ᠨᠢᠭᠡ ᠬᠤᠪᠢ᠎ᠡᠴᠡ ᠪᠠᠭ᠎ᠠ ᠪᠠᠢᠵᠤ ᠪᠣᠯᠬᠤ ᠦᠭᠡᠢ᠂ ᠲᠥᠪ᠎ᠦᠨ ᠪᠠ ᠲᠥᠷᠥ᠎ᠶᠢᠨ ᠪᠠᠢᠭᠤᠯᠭ᠎ᠠ᠎ᠶᠢᠨ ᠲᠥᠯᠥᠭᠡᠯᠡᠭᠴᠢᠳ᠎ᠦᠨ ᠳᠣᠲᠣᠷ᠎ᠠ ᠠᠵᠢᠯ᠎ᠤᠨ ᠨᠢᠭᠡᠳᠦᠭᠡᠷ ᠹᠷᠣᠨᠲ᠎ᠤᠨ ᠨᠠᠮ᠎ᠤᠨ ᠭᠡᠰᠢᠭᠦᠨ᠎ᠦ ᠡᠵᠡᠯᠡᠬᠦ ᠬᠠᠷᠢᠴᠠᠯ ᠨᠢ ᠡᠩ᠎ᠦᠨ ᠪᠠᠢᠳᠠᠯ᠎ᠳᠤ 15%᠎ᠡᠴᠡ ᠪᠠᠭ᠎ᠠ ᠪᠠᠢᠵᠤ ᠪᠣᠯᠬᠤ ᠦᠭᠡᠢ ᠭᠡᠵᠦ ᠲᠤᠳᠤᠷᠬᠠᠢᠯᠠᠪᠠ᠃ ᠰᠣᠩᠭᠣᠭᠤᠯᠢ᠎ᠶᠢᠨ ᠨᠢᠭᠡᠴᠢ ᠲᠥᠯᠥᠭᠡᠯᠡᠭᠴᠢᠳ᠎ᠦᠨ ᠪᠦᠳᠦᠴᠡ᠎ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠡᠯ᠎ᠡ ᠲᠦᠷᠦᠯ᠎ᠦᠨ ᠲᠥᠯᠥᠭᠡᠯᠡᠭᠴᠢ᠎ᠶᠢᠨ ᠵᠢᠱ᠌ᠢᠭᠳᠡᠭᠰᠡᠳ᠎ᠦᠨ ᠲᠣᠭ᠎ᠠ᠎ᠶᠢ ᠵᠦᠢ ᠵᠣᠬᠢᠰᠲᠠᠢ ᠲᠣᠭᠲᠠᠭᠠᠵᠤ᠂ ᠨᠠᠮ᠎ᠤᠨ ᠲᠥᠪ ᠬᠣᠷᠢᠶ᠎ᠠ ᠵᠢᠨ ᠳᠤᠷᠠᠳᠤᠭᠰᠠᠨ ᠦᠢᠯᠡᠳᠪᠦᠷᠢᠯᠡᠯ ᠪᠠ ᠠᠵᠢᠯ᠎ᠤᠨ ᠨᠢᠭᠡᠳᠦᠭᠡᠷ ᠹᠷᠣᠨᠲ᠎ᠤᠨ ᠲᠥᠯᠥᠭᠡᠯᠡᠭᠴᠢ᠎ᠶᠢᠨ ᠬᠠᠷᠢᠴᠠᠯ᠎ᠤᠨ ᠱᠠᠭᠠᠷᠳᠠᠯᠭ᠎ᠠ᠎ᠶᠢ ᠪᠡᠶᠡᠯᠡᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠡᠭᠦᠨ᠎ᠦ ᠬᠠᠮᠲᠤ ᠲᠥᠯᠥᠭᠡᠯᠡᠭᠴᠢᠳ᠎ᠦᠨ ᠠᠵᠢᠯ ᠲᠦᠷᠦᠯ᠂ ᠬᠦᠷᠢᠶ᠎ᠡ ᠪᠠ ᠭᠠᠵᠠᠷ ᠣᠷᠣᠨ᠎ᠤ ᠲᠠᠷᠬᠠᠯᠲᠠ᠎ᠶᠢ ᠶᠡᠷᠦᠩᠬᠡᠢᠯᠡᠨ ᠪᠣᠳᠣᠯᠬᠢᠯᠠᠵᠤ᠂ ᠠᠯᠢ ᠴᠢᠳᠠᠬᠤ᠎ᠪᠠᠷ ᠡᠯ᠎ᠡ ᠬᠦᠷᠢᠶ᠎ᠡ᠂ ᠡᠯ᠎ᠡ ᠱᠠᠲᠤ ᠳᠠᠪᠬᠤᠷᠭ᠎ᠠ᠂ ᠡᠯ᠎ᠡ ᠲᠠᠯ᠎ᠠ᠎ᠳᠤ ᠴᠥᠮ ᠲᠥᠯᠥᠭᠡᠯᠡᠭᠴᠢ᠎ᠲᠠᠢ ᠪᠠᠢᠬᠤ᠎ᠶᠢ ᠪᠡᠶᠡᠯᠡᠭᠦᠯᠬᠦ ᠬᠡᠷᠡᠭᠲᠡᠢ᠃ ᠰᠢᠨ᠎ᠡ ᠠᠵᠤ ᠠᠬᠤᠢ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢᠨ ᠬᠥᠭᠵᠢᠯᠲᠡ ᠨᠡᠯᠢᠶᠡᠳ ᠰᠠᠢᠨ᠂ ᠰᠢᠨ᠎ᠡ᠎ᠪᠡᠷ ᠠᠵᠢᠯ ᠣᠯᠣᠭᠰᠠᠨ ᠬᠥᠮᠥᠰ᠎ᠦᠨ ᠬᠡᠪᠴᠢᠶ᠎ᠡ ᠨᠡᠯᠢᠶᠡᠳ ᠶᠡᠬᠡ ᠪᠠᠢᠭ᠎ᠠ ᠭᠠᠵᠠᠷ ᠣᠷᠣᠨ᠎ᠳᠤ᠂ ᠰᠢᠨ᠎ᠡ᠎ᠪᠡᠷ ᠠᠵᠢᠯ ᠣᠯᠣᠭᠰᠠᠨ ᠬᠥᠮᠥᠰ᠎ᠦᠨ ᠳᠣᠲᠣᠷᠠᠬᠢ ᠰᠢᠯᠢᠳᠡᠭ ᠨᠠᠮ᠎ᠤᠨ ᠭᠡᠰᠢᠭᠦᠨ᠎ᠢ ᠲᠥᠯᠥᠭᠡᠯᠡᠭᠴᠢ᠎ᠶᠢᠨ ᠵᠢᠱ᠌ᠢᠭᠳᠡᠭᠴᠢ᠎ᠪᠡᠷ ᠲᠠᠨᠢᠯᠴᠠᠭᠤᠯᠬᠤ᠎ᠶᠢ ᠠᠩᠬᠠᠷᠬᠤ ᠬᠡᠷᠡᠭᠲᠡᠢ᠃
ᠬᠣᠶᠠᠷ᠎ᠲᠤ᠂ ᠠᠵᠢᠯᠴᠢᠨ᠂ ᠲᠠᠷᠢᠶᠠᠴᠢᠨ ᠪᠠ ᠲᠤᠰᠬᠠᠢ ᠮᠡᠷᠭᠡᠵᠢᠯ᠎ᠦᠨ ᠠᠵᠢᠯᠲᠠᠨ ᠪᠣᠯᠬᠤ ᠨᠠᠮ᠎ᠤᠨ ᠭᠡᠰᠢᠭᠦᠨ᠎ᠦ ᠳᠣᠲᠣᠷᠠᠬᠢ ᠲᠡᠷᠢᠭᠦᠨ᠎ᠦ ᠵᠢᠱ᠌ᠢᠶᠡᠴᠢ ᠬᠥᠮᠥᠰ᠎ᠢ ᠲᠠᠨᠢᠯᠴᠠᠭᠤᠯᠬᠤ᠎ᠶᠢ ᠴᠢᠬᠤᠯᠠᠴᠢᠯᠠᠨ᠎ᠠ᠃ ᠰᠢᠯᠢᠳᠡᠭ᠎ᠢ ᠲᠠᠨᠢᠯᠴᠠᠭᠤᠯᠬᠤ ᠤᠳᠤᠷᠢᠳᠤᠮᠵᠢ᠎ᠶᠢ ᠪᠠᠷᠢᠮᠲᠠᠯᠠᠵᠤ᠂ ᠲᠡᠷᠢᠭᠦᠨ᠎ᠦ ᠵᠢᠱ᠌ᠢᠶᠡᠴᠢ ᠨᠠᠮ᠎ᠤᠨ ᠭᠡᠰᠢᠭᠦᠨ᠎ᠢ ᠢᠳᠡᠪᠬᠢᠲᠡᠢ ᠲᠠᠨᠢᠯᠴᠠᠭᠤᠯᠵᠤ ᠲᠥᠯᠥᠭᠡᠯᠡᠭᠴᠢ᠎ᠵᠢᠨ ᠵᠢᠱ᠌ᠢᠭᠳᠡᠭᠴᠢ ᠪᠣᠯᠭᠠᠬᠤ ᠬᠡᠷᠡᠭᠲᠡᠢ᠃ ᠤᠯᠤᠰ᠎ᠤᠨ ᠴᠢᠬᠤᠯᠠ ᠶᠡᠬᠡ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠠᠶᠤᠯ ᠲᠦᠭᠰᠢᠭᠦᠷᠢ ᠬᠡᠮ ᠰᠣᠭᠣᠭ᠎ᠢ ᠰᠡᠷᠭᠡᠢᠯᠡᠨ ᠠᠷᠢᠯᠭᠠᠬᠤ᠂ ᠠᠶᠤᠯ ᠲᠦᠭᠰᠢᠭᠦᠷᠢ᠎ᠡᠴᠡ ᠠᠪᠤᠷᠠᠵᠤ ᠭᠠᠮᠰᠢᠭ᠋᠎ᠡᠴᠡ ᠠᠪᠤᠷᠠᠬᠤ ᠵᠡᠷᠭᠡ ᠴᠢᠬᠤᠯᠠ ᠶᠡᠬᠡ ᠲᠡᠮᠡᠴᠡᠯ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠪᠣᠯᠣᠨ ᠪᠡᠷᠬᠡ ᠬᠠᠲᠠᠭᠤᠵᠢᠯᠲᠠᠢ ᠣᠷᠴᠢᠨ ᠲᠣᠭᠣᠷᠢᠨ᠎ᠳᠤ ᠲᠣᠪᠣᠢᠮ᠎ᠠ ᠢᠯᠡᠷᠡᠯ᠎ᠲᠠᠢ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠎ᠢ ᠲᠠᠨᠢᠯᠴᠠᠭᠤᠯᠬᠤ᠎ᠶᠢ ᠴᠢᠬᠤᠯᠠᠴᠢᠯᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠪᠠ ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠬᠥᠮᠦᠵᠢᠯ᠎ᠦᠨ ᠳᠤᠮᠳᠠ ᠴᠣᠯᠭᠣᠷᠠᠨ ᠭᠠᠷᠤᠭᠰᠠᠨ ᠦᠢᠯᠡᠳᠪᠦᠷᠢᠯᠡᠯ ᠪᠠ ᠠᠵᠢᠯ᠎ᠤᠨ ᠨᠢᠭᠡᠳᠦᠭᠡᠷ ᠹᠷᠣᠨᠲ᠎ᠤᠨ ᠲᠡᠷᠢᠭᠦᠨ᠎ᠦ ᠨᠡᠢᠲᠡᠯᠢᠭ ᠵᠢᠱ᠌ᠢᠶ᠎ᠡ᠎ᠶᠢ ᠲᠠᠨᠢᠯᠴᠠᠭᠤᠯᠬᠤ᠎ᠶᠢ ᠴᠢᠬᠤᠯᠠᠴᠢᠯᠠᠵᠤ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 75 ᠵᠢᠯ᠎ᠦᠨ ᠣᠶ᠂ ᠨᠠᠮ ᠪᠠᠢᠭᠤᠯᠤᠭᠳᠠᠭᠰᠠᠨ 105 ᠵᠢᠯ᠎ᠦᠨ ᠣᠶ ᠵᠡᠷᠭᠡ ᠬᠥᠬᠢᠭᠦᠯᠦᠨ ᠰᠠᠢᠰᠢᠶᠠᠬᠤ ᠠᠵᠢᠯᠯᠠᠭ᠎ᠠ᠎ᠶᠢᠨ ᠳᠤᠮᠳᠠ ᠬᠥᠬᠢᠭᠦᠯᠦᠨ ᠰᠠᠢᠰᠢᠶᠠᠭᠳᠠᠭᠰᠠᠨ ᠪᠤᠶᠤ ᠢᠷᠠᠭᠤ ᠠᠯᠳᠠᠷ᠎ᠤᠨ ᠴᠣᠯᠠ ᠭᠥᠷᠳᠡᠭᠰᠡᠨ ᠲᠡᠷᠢᠭᠦᠨ᠎ᠦ ᠵᠢᠱ᠌ᠢᠶᠡᠴᠢ ᠨᠠᠮ᠎ᠤᠨ ᠭᠡᠰᠢᠭᠦᠨ᠎ᠢ ᠲᠠᠨᠢᠯᠴᠠᠭᠤᠯᠬᠤ᠎ᠶᠢ ᠴᠢᠬᠤᠯᠠᠴᠢᠯᠠᠨ᠎ᠠ᠃
ᠭᠤᠷᠪᠠ᠎ᠳᠤ᠂ ᠡᠮᠡᠭᠲᠡᠢ ᠨᠠᠮ᠎ᠤᠨ ᠭᠡᠰᠢᠭᠦᠨ ᠪᠠ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠰᠢᠭᠦᠨ᠎ᠦ ᠬᠠᠷᠢᠴᠠᠯ᠎ᠢ ᠰᠠᠢᠲᠤᠷ ᠡᠵᠡᠮᠳᠡᠨ᠎ᠡ᠃ 《ᠮᠡᠳᠡᠭᠳᠡᠯ》 ᠳ᠋ᠤ᠌᠂ ᠮᠤᠵᠢ ᠣᠷᠣᠨ ᠬᠣᠲᠠ᠎ᠶᠢᠨ ᠡᠮᠡᠭᠲᠡᠢ ᠨᠠᠮ᠎ᠤᠨ ᠭᠡᠰᠢᠭᠦᠨ᠎ᠦ ᠲᠥᠯᠥᠭᠡᠯᠡᠭᠴᠢ᠎ᠶᠢᠨ ᠬᠠᠷᠢᠴᠠᠯ ᠨᠢ ᠡᠩ᠎ᠦᠨ ᠪᠠᠢᠳᠠᠯ᠎ᠳᠤ ᠲᠣᠰ ᠭᠠᠵᠠᠷ ᠣᠷᠣᠨ᠎ᠤ ᠨᠠᠮ᠎ᠤᠨ ᠭᠡᠰᠢᠭᠦᠨ᠎ᠦ ᠶᠡᠷᠦᠩᠬᠡᠢ ᠲᠣᠭᠠᠨ᠎ᠤ ᠳᠣᠲᠣᠷᠠᠬᠢ ᠡᠮᠡᠭᠲᠡᠢ ᠨᠠᠮ᠎ᠤᠨ ᠭᠡᠰᠢᠭᠦᠨ᠎ᠦ ᠡᠵᠡᠯᠡᠬᠦ ᠬᠠᠷᠢᠴᠠᠯ᠎ᠡᠴᠡ ᠪᠠᠭ᠎ᠠ ᠪᠠᠢᠵᠤ ᠪᠣᠯᠬᠤ ᠦᠭᠡᠢ; ᠲᠥᠪ᠎ᠦᠨ ᠪᠠ ᠲᠦᠷᠦ᠎ᠶᠢᠨ ᠪᠠᠢᠭᠤᠯᠭ᠎ᠠ᠂ ᠲᠥᠪ᠎ᠦᠨ ᠮᠥᠩᠭᠥᠨ ᠭᠦᠢᠯᠭᠡᠭᠡᠨ᠎ᠦ ᠰᠢᠰᠲᠧᠮ᠂ ᠲᠥᠪ᠎ᠦᠨ ᠠᠵᠤ ᠠᠬᠤᠢᠯᠠᠯ᠎ᠤᠨ ᠰᠢᠰᠲᠧᠮ (ᠪᠡᠭᠡᠵᠢᠩ᠎ᠳᠦ)᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠎ᠶᠢᠨ ᠲᠥᠯᠥᠭᠡᠯᠡᠭᠴᠢᠳ᠎ᠦᠨ ᠳᠣᠲᠣᠷ᠎ᠠ ᠵᠣᠬᠢᠬᠤ ᠲᠣᠭᠠᠨ᠎ᠤ ᠡᠮᠡᠭᠲᠡᠢ ᠨᠠᠮ᠎ᠤᠨ ᠭᠡᠰᠢᠭᠦᠨ ᠪᠠᠢᠬᠤ ᠬᠡᠷᠡᠭᠲᠡᠢ᠂ ᠡᠯ᠎ᠡ ᠰᠣᠩᠭᠣᠭᠤᠯᠢ᠎ᠶᠢᠨ ᠨᠢᠭᠡᠴᠢ ᠨᠢᠭᠡᠳᠦᠯᠲᠡᠢ ᠲᠥᠯᠥᠪᠵᠢᠭᠦᠯᠦᠨ ᠡᠵᠡᠮᠳᠡᠬᠦ ᠬᠡᠷᠡᠭᠲᠡᠢ ᠭᠡᠵᠦ ᠲᠤᠳᠤᠷᠬᠠᠢᠯᠠᠪᠠ᠃ 《ᠮᠡᠳᠡᠭᠳᠡᠯ》 ᠳ᠋ᠤ᠌ ᠪᠠᠰᠠ ᠡᠯ᠎ᠡ ᠮᠤᠵᠢ᠂ ᠰᠢᠭᠤᠳ ᠬᠠᠷᠢᠶ᠎ᠠ ᠬᠣᠲᠠ᠎ᠶᠢᠨ ᠲᠥᠯᠥᠭᠡᠯᠡᠭᠴᠢᠳ᠎ᠦᠨ ᠳᠣᠲᠣᠷ᠎ᠠ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠰᠢᠭᠦᠨ ᠵᠣᠬᠢᠬᠤ ᠲᠤᠭ᠎ᠠ ᠵᠢᠨ ᠬᠢ ᠪᠠᠢᠪᠠᠯ ᠵᠣᠬᠢᠨ᠎ᠠ; ᠡᠯ᠎ᠡ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭᠴᠢᠳ᠎ᠦᠨ ᠳᠣᠲᠣᠷ᠎ᠠ᠂ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠰᠢᠭᠦᠨ᠎ᠦ ᠡᠵᠡᠯᠡᠬᠦ ᠬᠠᠷᠢᠴᠠᠯ᠎ᠢ ᠪᠣᠳᠠᠲᠤ ᠪᠠᠢᠳᠠᠯ᠎ᠵᠢᠡᠨ ᠦᠨᠳᠦᠰᠦᠯᠡᠨ ᠲᠣᠭᠲᠠᠭᠠᠨ᠎ᠠ ᠭᠡᠵᠦ ᠲᠤᠳᠤᠷᠬᠠᠢᠯᠠᠪᠠ᠃ ᠡᠯ᠎ᠡ ᠮᠤᠵᠢ ᠣᠷᠣᠨ ᠬᠤᠳᠠ᠎ᠨᠤᠭᠤᠳ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠣᠷᠣᠨ᠎ᠤ᠎ᠪᠠᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠴᠥᠭᠡᠨ ᠲᠣᠭᠠᠲᠤ ᠦᠨᠳᠦᠰᠦᠲᠡᠨ᠎ᠦ ᠨᠠᠮ᠎ᠤᠨ ᠭᠡᠰᠢᠭᠦᠨ ᠲᠥᠯᠥᠭᠡᠯᠡᠭᠴᠢ᠎ᠶᠢᠨ ᠬᠠᠷᠢᠴᠠᠯ ᠪᠠ ᠪᠦᠷᠢᠯᠳᠦᠴᠡ᠎ᠶᠢ ᠰᠠᠢᠲᠤᠷ ᠡᠵᠡᠮᠳᠡᠬᠦ ᠬᠡᠷᠡᠭᠲᠡᠢ ᠃
ᠳᠥᠷᠪᠡ᠎ᠳᠦ᠂ ᠵᠢᠱ᠌ᠢᠭᠳᠡᠭᠴᠢ᠎ᠶᠢᠨ ᠪᠡᠶ᠎ᠡ ᠭᠠᠷᠤᠯ᠎ᠤᠨ ᠪᠣᠭᠣᠮᠲᠠ᠎ᠶᠢ ᠴᠢᠩᠭ᠎ᠠ ᠠᠳᠬᠤᠨ᠎ᠠ᠃ ᠦᠨᠡᠨ᠎ᠡᠴᠡ ᠵᠥᠪ᠎ᠢ ᠡᠷᠢᠬᠦ᠎ᠶᠢ ᠪᠠᠷᠢᠮᠲᠠᠯᠠᠵᠤ᠂ ᠵᠠᠭᠠᠭᠯᠠᠨ ᠲᠣᠭᠲᠠᠭᠠᠭᠰᠠᠨ ᠨᠠᠮ᠎ᠤᠨ ᠭᠡᠰᠢᠭᠦᠨ ᠤᠳᠤᠷᠢᠳᠬᠤ ᠺᠠᠳ᠋ᠷ᠂ ᠦᠢᠯᠡᠳᠪᠦᠷᠢᠯᠡᠯ ᠪᠠ ᠠᠵᠢᠯ᠎ᠤᠨ ᠨᠢᠭᠡᠳᠦᠭᠡᠷ ᠹᠷᠣᠨᠲ᠎ᠤᠨ ᠨᠠᠮ᠎ᠤᠨ ᠭᠡᠰᠢᠭᠦᠨ ᠵᠢᠴᠢ ᠠᠵᠢᠯᠴᠢᠨ᠂ ᠲᠠᠷᠢᠶᠠᠴᠢᠨ ᠪᠠ ᠲᠤᠰᠬᠠᠢ ᠮᠡᠷᠭᠡᠵᠢᠯ᠎ᠦᠨ ᠠᠵᠢᠯᠲᠠᠨ ᠪᠤᠯᠬᠤ ᠨᠠᠮ᠎ᠤᠨ ᠭᠡᠰᠢᠭᠦᠨ᠎ᠦ ᠬᠦᠷᠢᠶ᠎ᠡ ᠬᠡᠪᠴᠢᠶ᠎ᠡ ᠶᠣᠰᠣᠭᠠᠷ᠂ ᠵᠢᠱ᠌ᠢᠭᠳᠡᠭᠴᠢ᠎ᠶᠢᠨ ᠪᠡᠶ᠎ᠡ ᠭᠠᠷᠤᠯ᠎ᠢ ᠣᠨᠣᠪᠴᠢᠲᠠᠶ ᠬᠢᠨᠠᠨ ᠲᠣᠭᠲᠠᠭᠠᠵᠤ᠂ ᠲᠠᠨᠢᠯᠴᠠᠭᠤᠯᠤᠨ ᠨᠡᠷ᠎ᠡ ᠳᠤᠷᠠᠳᠬᠤ᠎ᠳᠤ ᠣᠷᠣᠯᠴᠠᠭᠰᠠᠨ ᠲᠤᠬᠠᠢᠯᠠᠭᠰᠠᠨ ᠠᠵᠢᠯ᠎ᠢᠶᠠᠷ ᠪᠠᠷᠢᠮᠵᠢᠶ᠎ᠠ ᠪᠣᠯᠭᠠᠵᠤ᠂ ᠣᠯᠠᠨ ᠳᠠᠪᠬᠤᠷ ᠪᠡᠶ᠎ᠡ ᠭᠠᠷᠤᠯ᠎ᠲᠠᠢ ᠪᠠᠢᠪᠠᠯ᠂ ᠠᠵᠢᠯ᠎ᠤᠨ ᠰᠢᠨᠵᠢ ᠴᠢᠨᠠᠷ᠎ᠤᠨ ᠭᠣᠣᠯ ᠳᠡᠳ᠋ ᠪᠠ ᠲᠥᠯᠥᠭᠡᠯᠡᠬᠦ ᠴᠢᠨᠠᠷ᠎ᠢᠶᠠᠷ ᠬᠢᠨᠠᠨ ᠲᠣᠭᠲᠠᠭᠠᠵᠤ᠂ ᠪᠡᠶ᠎ᠡ ᠭᠠᠷᠤᠯ ᠨᠢ ᠦᠨᠡᠨ ᠪᠣᠳᠠᠲᠠᠢ ᠪᠤᠰᠤ ᠪᠤᠶᠤ ᠪᠡᠶ᠎ᠡ ᠭᠠᠷᠤᠯ᠎ᠢᠶᠠᠨ ᠬᠤᠪᠢᠷᠠᠭᠤᠯᠵᠤ ᠬᠢᠨᠠᠨ ᠪᠠᠢᠴᠠᠭᠠᠯᠲᠠ᠎ᠡᠴᠡ ᠵᠠᠢᠯᠠᠬᠤ᠎ᠡᠴᠡ ᠵᠠᠢᠯᠠᠰᠬᠢᠵᠦ᠂ ᠦᠢᠯᠡᠳᠪᠦᠷᠢᠯᠡᠯ ᠪᠠ ᠠᠵᠢᠯ᠎ᠤᠨ ᠨᠢᠭᠡᠳᠦᠭᠡᠷ ᠹᠷᠣᠨᠲ᠎ᠤᠨ ᠲᠥᠯᠥᠭᠡᠯᠡᠭᠴᠢ᠎ᠶᠢᠨ ᠣᠷᠣᠨ ᠲᠣᠭ᠎ᠠ᠎ᠶᠢ ᠰᠢᠬᠠᠨ ᠡᠵᠡᠯᠡᠬᠦ᠎ᠡᠴᠡ ᠰᠡᠷᠭᠡᠢᠯᠡᠬᠦ ᠬᠡᠷᠡᠭᠲᠡᠢ᠃
ᠠᠰᠠᠭᠤᠯᠲᠠ᠄ ᠲᠠ ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠠᠵᠢᠯ᠎ᠢ ᠰᠠᠢᠲᠤᠷ ᠬᠢᠬᠦ᠎ᠳᠦ ᠨᠠᠮ᠎ᠤᠨ ᠲᠥᠪ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠲᠡᠷᠡ ᠶᠣᠰᠣᠭᠠᠷ ᠨᠢ ᠲᠤᠭᠤᠰᠢᠯᠠᠭᠤᠯᠵᠤ᠂ ᠲᠣᠭᠲᠠᠭᠠᠭᠰᠠᠨ ᠵᠢᠷᠤᠮ ᠪᠠ ᠠᠯᠬᠤᠮ ᠲᠠᠷᠠᠭ᠎ᠠ᠎ᠶᠢ ᠴᠢᠩᠭ᠎ᠠ ᠵᠢᠷᠤᠮᠯᠠᠨ ᠯᠠᠪᠳᠠᠭᠤᠨ ᠪᠠᠲᠤᠲᠠᠢᠥᠷᠨᠢᠭᠦᠯᠬᠦ ᠬᠡᠷᠡᠭᠲᠡᠢ ᠭᠡᠵᠦ ᠳᠤᠷᠠᠳᠪᠠ᠂ ᠡᠭᠦᠨ᠎ᠳᠦ ᠪᠣᠳᠠᠲᠠᠢ ᠶᠠᠮᠠᠷ ᠶᠠᠮᠠᠷ ᠵᠢᠷᠤᠮ ᠪᠠ ᠠᠯᠬᠤᠮ ᠲᠠᠷᠠᠭ᠎ᠠ ᠪᠠᠢᠬᠤ ᠪᠤᠢ?
ᠬᠠᠷᠢᠭᠤᠯᠲᠠ᠄ 《ᠮᠡᠳᠡᠭᠳᠡᠯ》 ᠳ᠋ᠤ᠌᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠢ᠋ ᠰᠣᠩᠭᠣᠨ ᠭᠠᠷᠭᠠᠬᠤ᠎ᠳᠤ᠂ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠨᠠᠮ᠎ᠤᠨ ᠳᠣᠲᠣᠭᠠᠳᠤ᠎ᠶᠢᠨ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠳᠣᠣᠷ᠎ᠠ᠎ᠡᠴᠡ ᠳᠡᠭᠡᠭᠰᠢ᠂ ᠳᠡᠭᠡᠳᠦ ᠳᠣᠣᠷᠠᠳᠤ ᠱᠠᠲᠤ᠎ᠶᠢ ᠤᠶᠠᠯᠳᠤᠭᠤᠯᠬᠤ᠂ ᠳᠠᠬᠢᠨ ᠳᠠᠪᠲᠠᠨ ᠪᠣᠳᠣᠯᠬᠢᠯᠠᠬᠤ᠂ ᠱᠠᠲᠤ ᠳᠠᠷᠠᠭᠠᠯᠠᠨ ᠰᠢᠯᠢᠨ ᠰᠣᠩᠭᠣᠬᠤ ᠠᠷᠭ᠎ᠠ᠎ᠪᠠᠷ ᠶᠠᠪᠤᠭᠳᠠᠭᠤᠯᠬᠤ᠎ᠶᠢᠨ ᠬᠠᠮᠲᠤ᠂ ᠲᠥᠯᠥᠭᠡᠯᠡᠭᠴᠢᠳ ᠢ᠋ ᠰᠣᠩᠭᠣᠨ ᠭᠠᠷᠭᠠᠬᠤ ᠲᠠᠰ ᠳᠠᠷᠠᠭᠠᠯᠠᠯ᠎ᠤᠨ 5 ᠭᠣᠣᠯ ᠠᠯᠬᠤᠮ ᠳᠠᠷᠠᠭᠠᠯᠠᠯ᠎ᠢ ᠲᠣᠳᠣᠷᠬᠠᠢᠯᠠᠪᠠ᠂ ᠪᠣᠳᠠᠲᠠᠢ᠎ᠪᠠᠷ ᠬᠡᠯᠡᠪᠡᠯ᠄
1. ᠲᠠᠨᠢᠯᠴᠠᠭᠤᠯᠤᠨ ᠨᠡᠷ᠎ᠡ ᠳᠤᠷᠠᠳᠤᠨ᠎ᠠ᠃ ᠤᠯᠠᠨ ᠲᠦᠮᠡᠨᠴᠢ ᠱᠤᠭᠤᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠲᠠᠨᠢᠯᠴᠠᠭᠤᠯᠤᠨ ᠨᠡᠷ᠎ᠡ ᠳᠤᠷᠠᠳᠬᠤ᠎ᠶᠢ ᠦᠨᠳᠦᠰᠦᠨ ᠱᠠᠲᠤᠨ᠎ᠡᠴᠡ ᠡᠬᠢᠯᠡᠭᠦᠯᠵᠦ᠂ ᠪᠤᠢ ᠪᠦᠬᠦᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ ᠣᠷᠣᠯᠴᠠᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠬᠤᠪᠢᠶᠠᠷᠢᠯᠠᠭᠰᠠᠨ ᠣᠷᠣᠨ ᠲᠣᠭ᠎ᠠ᠎ᠶᠢ ᠦᠨᠳᠦᠰᠦᠯᠡᠨ᠂ ᠲᠥᠯᠥᠭᠡᠯᠡᠭᠴᠢ᠎ᠶᠢᠨ ᠨᠥᠬᠥᠴᠡᠯ ᠪᠠ ᠪᠦᠷᠢᠯᠳᠦᠴᠡ᠎ᠶᠢᠨ ᠱᠠᠭᠠᠷᠳᠠᠯᠭ᠎ᠠ ᠶᠣᠰᠣᠭᠠᠷ ᠵᠢᠱ᠌ᠢᠭᠳᠡᠭᠴᠢ᠎ᠶᠢ ᠲᠥᠪ ᠴᠢᠩᠭ᠎ᠠ ᠪᠥᠭᠡᠳ ᠨᠠᠷᠢᠨ ᠬᠢᠨᠠᠮᠠᠭᠠᠢ ᠲᠠᠨᠢᠯᠴᠠᠭᠤᠯᠤᠨ᠎ᠠ᠃ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠣᠯᠠᠩᠬᠢ ᠲᠣᠭᠠᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠨᠠᠮ᠎ᠤᠨ ᠭᠡᠰᠢᠭᠦᠨ᠎ᠦ ᠰᠠᠨᠠᠯ᠎ᠢ ᠦᠨᠳᠦᠰᠦᠯᠡᠨ᠂ ᠳᠡᠭᠡᠭᠰᠢ ᠰᠣᠩᠭᠣᠨ ᠳᠡᠪᠰᠢᠭᠦᠯᠬᠦ ᠵᠢᠱ᠌ᠢᠭᠳᠡᠭᠰᠡᠳ᠎ᠢ ᠬᠠᠮᠲᠤ᠎ᠪᠠᠷ ᠰᠤᠳᠤᠯᠤᠨ ᠰᠣᠩᠭᠣᠨ᠎ᠠ᠃ ᠬᠣᠲᠠ᠂ ᠰᠢᠶᠠᠨ ᠪᠠ ᠪᠤᠰᠤᠳ ᠲᠠᠨᠢᠯᠴᠠᠭᠤᠯᠬᠤ ᠨᠢᠭᠡᠴᠢ ᠲᠠᠨᠢᠯᠴᠠᠭᠤᠯᠬᠤ ᠵᠢᠱ᠌ᠢᠭᠳᠡᠭᠰᠡᠳ᠎ᠢ ᠰᠤᠳᠤᠯᠤᠨ ᠰᠢᠯᠢᠨ ᠰᠣᠩᠭᠣᠵᠤ᠂ ᠨᠠᠮ᠎ᠤᠨ ᠬᠣᠷᠢᠶ᠎ᠠ ᠵᠢᠨ ᠪᠥᠬᠥᠳᠡ ᠬᠤᠷᠠᠯ᠎ᠢ ᠬᠤᠷᠠᠯᠳᠤᠭᠤᠯᠤᠨ ᠳᠡᠭᠡᠭᠰᠢ ᠮᠡᠳᠡᠭᠦᠯᠬᠦ ᠵᠢᠱ᠌ᠢᠭᠳᠡᠭᠰᠡᠳ᠎ᠢ ᠶᠠᠷᠢᠯᠴᠠᠨ ᠲᠣᠭᠲᠠᠭᠠᠨ᠎ᠠ᠃ ᠰᠣᠩᠭᠣᠭᠤᠯᠢ᠎ᠶᠢᠨ ᠨᠢᠭᠡᠴᠢ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠬᠣᠷᠢᠶ᠎ᠠ ᠵᠢᠨ ᠬᠤᠷᠠᠯ (ᠠᠵᠢᠯᠯᠠᠬᠤ ᠬᠣᠷᠢᠶ᠎ᠠ ᠵᠢᠨ ᠬᠤᠷᠠᠯ᠂ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ) ᠬᠤᠷᠠᠯᠳᠤᠭᠤᠯᠵᠤ᠂ ᠲᠥᠯᠥᠭᠡᠯᠡᠭᠴᠢ᠎ᠵᠢᠨ ᠵᠢᠱ᠌ᠢᠭᠳᠡᠭᠴᠢ᠎ᠶᠢᠨ ᠠᠩᠬ᠎ᠠ ᠠᠯᠬᠤᠮ᠎ᠤᠨ ᠬᠢᠨᠠᠨ ᠪᠠᠢᠴᠠᠭᠠᠭᠳᠠᠬᠤ ᠡᠲᠡᠭᠡᠳ᠎ᠦᠨ ᠨᠡᠷᠡᠰ᠎ᠢ ᠲᠣᠭᠲᠠᠭᠠᠨ᠎ᠠ᠃
2. ᠵᠣᠬᠢᠶᠠᠨ ᠪᠠᠢᠭᠤᠯᠵᠤ ᠰᠢᠨᠵᠢᠯᠡᠨ ᠪᠠᠢᠴᠠᠭᠠᠨ᠎ᠠ᠃ ᠰᠣᠩᠭᠣᠭᠤᠯᠢ᠎ᠶᠢᠨ ᠨᠢᠭᠡᠴᠢ ᠲᠥᠯᠥᠭᠡᠯᠡᠭᠴᠢ᠎ᠵᠢᠨ ᠵᠢᠱ᠌ᠢᠭᠳᠡᠭᠴᠢ᠎ᠵᠢᠨ ᠠᠩᠬ᠎ᠠ ᠠᠯᠬᠤᠮ᠎ᠤᠨ ᠵᠢᠱ᠌ᠢᠭᠳᠡᠭᠰᠡᠳ᠎ᠲᠦ ᠪᠦᠬᠦ ᠲᠠᠯ᠎ᠠ᠎ᠶᠢᠨ ᠭᠦᠨᠵᠡᠭᠡᠢ ᠪᠠᠢᠴᠠᠭᠠᠯᠲᠠ ᠬᠢᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠰᠠᠨᠠᠯ᠎ᠢ ᠭᠦᠢᠴᠡᠳ ᠰᠣᠨᠣᠰᠤᠨ᠎ᠠ᠃ ᠵᠥᠷᠢᠶᠡᠲᠦ ᠲᠣᠭᠠᠨ᠎ᠤ ᠰᠢᠨᠵᠢᠯᠡᠨ ᠪᠠᠢᠴᠠᠭᠠᠯᠲᠠ ᠪᠠ ᠰᠢᠨᠵᠢᠯᠡᠨ ᠪᠠᠢᠴᠠᠭᠠᠬᠤ ᠤᠷᠢᠳᠴᠢᠯᠠᠭᠰᠠᠨ ᠮᠡᠳᠡᠭᠡᠵᠢ ᠬᠡᠷᠡᠭᠵᠢᠭᠦᠯᠦᠨ᠎ᠡ᠃ ᠵᠢᠱ᠌ᠢᠭᠳᠡᠭᠴᠢ᠎ᠶᠢᠨ ᠤᠯᠤᠰ ᠲᠥᠷᠥ᠎ᠶᠢᠨ ᠪᠣᠭᠣᠮᠲᠠ᠎ᠶᠢ ᠴᠢᠩᠭ᠎ᠠ ᠠᠳᠬᠤᠵᠤ᠂ ᠤᠯᠤᠰ ᠲᠥᠷᠥ᠎ᠶᠢᠨ ᠪᠠᠷᠢᠮᠵᠢᠶ᠎ᠠ᠎ᠶᠢ ᠲᠡᠷᠢᠭᠦᠨ᠎ᠳᠦ ᠲᠠᠯᠪᠢᠬᠤ᠎ᠶᠢ ᠪᠠᠷᠢᠮᠲᠠᠯᠠᠵᠤ᠂ ᠤᠯᠤᠰ ᠲᠥᠷᠥ᠎ᠶᠢᠨ ᠬᠡᠪ ᠪᠤᠯᠪᠠᠰᠤᠷᠠᠯ᠎ᠤᠨ ᠰᠢᠯᠭᠠᠨ ᠪᠠᠢᠴᠠᠭᠠᠯᠲᠠ᠎ᠶᠢ ᠭᠦᠨᠵᠡᠭᠡᠢ ᠪᠣᠳᠠᠲᠠᠢ ᠬᠢᠵᠦ᠂ ᠨᠠᠮᠴᠢ ᠴᠢᠨᠠᠷ᠎ᠢ ᠢᠯᠭᠠᠨ ᠲᠠᠨᠢᠬᠤ᠎ᠶᠢ ᠴᠢᠩᠭᠠᠳᠬᠠᠵᠤ᠂ ᠤᠯᠤᠰ ᠲᠥᠷᠥ᠎ᠶᠢᠨ ᠵᠣᠭᠰᠣᠯᠲᠠ᠂ ᠤᠯᠤᠰ ᠲᠥᠷᠥ᠎ᠶᠢᠨ ᠣᠪᠣᠷ᠂ ᠤᠯᠤᠰ ᠲᠥᠷᠥ᠎ᠶᠢᠨ ᠤᠬᠠᠮᠰᠠᠷ ᠪᠠ ᠤᠯᠤᠰ ᠲᠥᠷᠥ᠎ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶᠢᠨ ᠤᠬᠠᠭᠠᠪᠤᠷᠢᠯᠠᠬᠤ ᠴᠢᠳᠠᠪᠤᠷᠢ᠂ ᠤᠯᠤᠰ ᠲᠥᠷᠥ᠎ᠶᠢᠨ ᠬᠡᠷᠡᠭᠵᠢᠭᠦᠯᠬᠦ ᠴᠢᠳᠠᠪᠤᠷᠢ᠎ᠶᠢ ᠭᠣᠣᠯᠳᠠᠯᠭ᠎ᠠ ᠲᠠᠢ ᠰᠢᠯᠭᠠᠨ ᠪᠠᠢᠴᠠᠭᠠᠨ᠎ᠠ᠃ ᠬᠡᠷᠡᠭ ᠶᠠᠪᠤᠳᠠᠯ᠎ᠢᠶᠠᠷ ᠬᠥᠮᠥᠨ᠎ᠢ ᠪᠠᠢᠴᠠᠭᠠᠬᠤ᠂ ᠬᠡᠷᠡᠭ ᠶᠠᠪᠤᠳᠠᠯ᠎ᠢ ᠣᠢᠯᠠᠭᠠᠵᠤ ᠬᠥᠮᠥᠨ᠎ᠢ ᠲᠠᠨᠢᠬᠤ᠎ᠶᠢ ᠪᠠᠷᠢᠮᠲᠠᠯᠠᠵᠤ᠂ ᠴᠢᠬᠤᠯᠠ ᠶᠡᠬᠡ ᠲᠡᠮᠡᠴᠡᠯ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠪᠠ ᠪᠡᠷᠬᠡ ᠬᠠᠲᠠᠭᠤᠵᠢᠯᠲᠠᠢ ᠣᠷᠴᠢᠨ ᠨᠥᠬᠥᠴᠡᠯ᠎ᠳᠡᠬᠢ ᠢᠯᠡᠷᠡᠯ᠎ᠦᠨ ᠪᠠᠢᠳᠠᠯ᠎ᠲᠠᠢ ᠤᠶᠠᠯᠳᠤᠭᠤᠯᠤᠨ᠂ ᠪᠣᠳᠠᠲᠠᠢ ᠪᠣᠳᠠᠲᠤ ᠵᠢᠱ᠌ᠢᠶ᠎ᠡ᠎ᠪᠡᠷ ᠳᠠᠮᠵᠢᠭᠤᠯᠤᠨ ᠤᠯᠤᠰ ᠲᠦᠷᠦ᠎ᠶᠢᠨ ᠢᠯᠡᠷᠡᠯ᠎ᠢ ᠣᠢᠯᠠᠭᠠᠬᠤ᠎ᠶᠢ ᠠᠩᠬᠠᠷᠴᠤ᠂ ᠤᠯᠤᠰ ᠲᠦᠷᠦ᠎ᠶᠢᠨ ᠲᠠᠯ᠎ᠠ᠎ᠪᠠᠷ ᠠᠰᠠᠭᠤᠳᠠᠯ᠎ᠲᠠᠢ ᠬᠥᠮᠥᠨ᠎ᠢ ᠰᠣᠩᠭᠣᠨ ᠣᠷᠣᠭᠤᠯᠬᠤ ᠶᠠᠪᠤᠳᠠᠯ᠎ᠢ ᠡᠷᠡᠰ ᠰᠡᠷᠭᠡᠢᠯᠡᠨ᠎ᠡ᠃ ᠵᠢᠱ᠌ᠢᠭᠳᠡᠭᠴᠢ᠎ᠶᠢᠨ ᠠᠷᠢᠭᠤᠨ ᠴᠢᠬᠡᠴᠢ᠎ᠶᠢᠨ ᠪᠣᠭᠣᠮᠲᠠ᠎ᠶᠢ ᠴᠢᠩᠭ᠎ᠠ ᠠᠳᠬᠤᠵᠤ᠂ ᠪᠤᠢ ᠪᠦᠬᠦᠢ ᠰᠢᠯᠭᠠᠨ ᠪᠠᠢᠴᠠᠭᠠᠭᠳᠠᠬᠤ ᠡᠲᠡᠭᠡᠳ᠎ᠦᠨ ᠪᠠᠢᠭ᠎ᠠ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠵᠢᠴᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶᠢᠨ ᠰᠠᠨᠠᠯ᠎ᠢ ᠬᠤᠷᠢᠶᠠᠵᠤ᠂ ᠬᠣᠯᠪᠣᠭᠳᠠᠯ ᠪᠦᠬᠦᠢ ᠲᠠᠩᠰᠠ ᠡᠪᠬᠡᠮᠡᠯ᠎ᠦᠨ ᠮᠠᠲᠧᠷᠢᠶᠠᠯ᠎ᠢ ᠬᠢᠨᠠᠨ ᠬᠠᠷᠭᠤᠭᠤᠯᠵᠤ᠂ ᠲᠡᠳᠡᠨ᠎ᠦ ᠠᠷᠢᠭᠤᠨ ᠴᠢᠬᠡᠴᠢ᠎ᠪᠡᠷ ᠦᠪᠡᠷ᠎ᠢ ᠪᠠᠨ ᠱᠠᠭᠠᠷᠳᠠᠭᠰᠠᠨ ᠪᠠᠢᠳᠠᠯ ᠪᠣᠯᠣᠨ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠥᠷᠢᠴᠡᠭᠰᠡᠨ ᠰᠦᠪᠡᠭᠴᠢ ᠨᠢ ᠪᠣᠳᠠᠲᠠᠢ᠂ ᠪᠠᠢᠴᠠᠭᠠᠵᠤ ᠪᠣᠯᠬᠤᠢᠴᠠ ᠴᠢᠨᠠᠷᠲᠠᠢ ᠵᠠᠬᠢᠳᠠᠯ ᠰᠣᠷᠪᠤᠯᠵᠢᠯᠠᠯ ᠢᠯᠡᠴᠢᠯᠡᠨ ᠮᠡᠳᠡᠭᠦᠯᠦᠯᠲᠡ ᠵᠡᠷᠭᠡ᠎ᠶᠢ ᠪᠠᠢᠴᠠᠭᠠᠨ ᠬᠠᠷᠭᠤᠭᠤᠯᠵᠤ᠂ ᠳ᠋ᠦᠩᠨᠡᠯᠲᠡ ᠭᠠᠷᠭᠠᠵᠤ᠂ ᠰᠢᠯᠭᠠᠨ ᠪᠠᠢᠴᠠᠭᠠᠭᠳᠠᠬᠤ ᠡᠲᠡᠭᠡᠳ ᠨᠢ ᠨᠠᠮ᠎ᠤᠨ ᠭᠡᠰᠢᠭᠦᠨ ᠤᠳᠤᠷᠢᠳᠬᠤ ᠺᠠᠳ᠋ᠷ ᠪᠣᠯ ᠬᠤᠪᠢ ᠬᠥᠮᠥᠨ᠎ᠦ ᠬᠣᠯᠪᠣᠭᠳᠠᠯ ᠪᠦᠬᠦᠢ ᠤᠴᠢᠷ ᠶᠠᠪᠤᠳᠠᠯ᠎ᠤᠨ ᠮᠡᠳᠡᠭᠦᠯᠦᠯᠲᠡ᠎ᠶᠢ ᠨᠢ ᠪᠠᠢᠴᠠᠭᠠᠨ ᠬᠠᠷᠭᠤᠭᠤᠯᠬᠤ ᠬᠡᠷᠡᠭᠲᠡᠢ᠃ ᠠᠷᠢᠭᠤᠨ ᠴᠢᠬᠡᠴᠢ᠎ᠶᠢᠨ ᠲᠠᠯ᠎ᠠ᠎ᠪᠠᠷ ᠠᠰᠠᠭᠤᠳᠠᠯ᠎ᠲᠠᠢ ᠪᠤᠶᠤ ᠠᠰᠠᠭᠤᠳᠠᠯ᠎ᠢ ᠪᠠᠢᠴᠠᠭᠠᠨ ᠲᠣᠳᠣᠯᠠᠭᠰᠠᠨ ᠦᠭᠡᠢ᠂ ᠰᠡᠵᠢᠭ᠎ᠲᠠᠢ ᠵᠦᠢᠯ᠎ᠢ ᠠᠷᠢᠯᠭᠠᠭᠰᠠᠨ ᠦᠭᠡᠢ᠂ ᠦᠨᠳᠦᠰᠦᠨ ᠵᠦᠢᠯ᠎ᠢ ᠪᠠᠲᠤᠯᠠᠬᠤ ᠦᠭᠡᠢ ᠪᠣᠯ ᠵᠢᠱ᠌ᠢᠭᠳᠡᠭᠴᠢ ᠪᠣᠯᠭᠠᠵᠤ ᠪᠣᠯᠬᠤ ᠦᠭᠡᠢ᠃ ᠵᠢᠱ᠌ᠢᠭᠳᠡᠭᠴᠢ᠎ᠶᠢᠨ ᠲᠥᠪ᠎ᠤᠨ ᠨᠠᠢ᠍ᠮᠠᠨ ᠲᠣᠭᠲᠠᠭᠠᠯ ᠵᠢᠴᠢ ᠲᠡᠭᠦᠨ᠎ᠦ ᠬᠡᠷᠡᠭᠵᠢᠭᠦᠯᠬᠦ ᠨᠠᠷᠢᠨ ᠳᠦᠷᠢᠮ᠎ᠦᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ᠂ ᠶᠣᠰᠣ᠌ ᠮᠣᠷᠠᠯ ᠵᠠᠩ ᠰᠤᠷᠲᠠᠯ᠂ ᠠᠵᠢᠯ᠎ᠤᠨ ᠰᠤᠷᠲᠠᠯ ᠪᠠ ᠨᠡᠢᠭᠡᠮ᠎ᠦᠨ ᠳᠦᠷᠢ ᠲᠥᠷᠬᠦ ᠵᠡᠷᠭᠡ ᠪᠠᠢᠳᠠᠯ᠎ᠢ ᠣᠢᠯᠠᠭᠠᠬᠤ᠎ᠶᠢ ᠴᠢᠬᠤᠯᠠᠴᠢᠯᠠᠵᠤ᠂ ᠶᠣᠰᠣ᠌ ᠮᠣᠷᠠᠯ ᠵᠠᠩ ᠰᠤᠷᠲᠠᠯ ᠮᠠᠭᠤ᠂ ᠦᠢᠯᠡ ᠠᠵᠢᠯᠯᠠᠭ᠎ᠠ ᠨᠢ ᠰᠠᠬᠢᠯᠭ᠎ᠠ ᠪᠠᠲᠤ᠎ᠪᠠᠨ ᠠᠯᠳᠠᠵᠤ᠂ ᠣᠪᠣᠷ ᠰᠤᠷᠲᠠᠯ ᠨᠢ ᠪᠠᠷᠢᠮᠵᠢᠶ᠎ᠠ᠎ᠳᠤ ᠬᠦᠷᠬᠦ ᠦᠭᠡᠢ ᠪᠠᠢᠪᠠᠯ ᠮᠥᠨ ᠴᠦ᠍ ᠵᠢᠱ᠌ᠢᠭᠳᠡᠭᠴᠢ ᠪᠣᠯᠭᠠᠵᠤ ᠪᠣᠯᠬᠤ ᠦᠭᠡᠢ᠃
3. ᠲᠥᠯᠥᠭᠡᠯᠡᠭᠴᠢ᠎ᠵᠢᠨ ᠵᠢᠱ᠌ᠢᠭᠳᠡᠭᠴᠢ᠎ᠵᠢᠨ ᠠᠩᠬ᠎ᠠ ᠠᠯᠬᠤᠮ᠎ᠤᠨ ᠵᠢᠱ᠌ᠢᠭᠳᠡᠭᠴᠢ᠎ᠵᠢ ᠲᠣᠭᠲᠠᠭᠠᠨ᠎ᠠ᠃ ᠰᠣᠩᠭᠣᠭᠤᠯᠢ᠎ᠶᠢᠨ ᠨᠢᠭᠡᠴᠢ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠵᠢᠨ ᠬᠤᠷᠠᠯ (ᠠᠵᠢᠯᠯᠠᠬᠤ ᠬᠣᠷᠢᠶ᠎ᠠ᠎ᠶᠢᠨ ᠬᠤᠷᠠᠯ᠂ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ)ᠢ᠋ᠬᠤᠷᠠᠯᠳᠤᠭᠤᠯᠵᠤ᠂ ᠰᠢᠯᠭᠠᠨ ᠪᠠᠢᠴᠠᠭᠠᠭᠰᠠᠨ ᠪᠠᠢᠳᠠᠯ ᠪᠠ ᠲᠥᠯᠥᠭᠡᠯᠡᠭᠴᠢᠳ᠎ᠦᠨ ᠪᠦᠲᠦᠴᠡ᠎ᠶᠢᠨ ᠱᠠᠭᠠᠷᠳᠠᠯᠭ᠎ᠠ ᠵᠡᠷᠭᠡ᠎ᠶᠢ ᠦᠨᠳᠦᠰᠦᠯᠡᠨ᠂ ᠲᠥᠯᠥᠭᠡᠯᠡᠭᠴᠢ᠎ᠵᠢᠨ ᠵᠢᠱ᠌ᠢᠭᠳᠡᠭᠴᠢ᠎ᠵᠢᠨ ᠠᠩᠬ᠎ᠠ ᠠᠯᠬᠤᠮ᠎ᠤᠨ ᠵᠢᠱ᠌ᠢᠭᠳᠡᠭᠴᠢ᠎ᠵᠢ ᠰᠤᠳᠤᠯᠤᠨ ᠳᠤᠷᠠᠳᠬᠤ᠎ᠶᠢᠨ ᠬᠠᠮᠲᠤ ᠰᠣᠩᠭᠣᠭᠤᠯᠢ᠎ᠶᠢᠨ ᠨᠢᠭᠡᠴᠢ᠎ᠶᠢᠨ ᠬᠡᠪᠴᠢᠶᠡᠨ᠎ᠳᠦ ᠵᠣᠬᠢᠰᠲᠠᠢ ᠠᠷᠭ᠎ᠠ ᠮᠠᠶᠢᠭ᠋᠎ᠢᠶᠠᠷ ᠵᠠᠷᠯᠠᠨ ᠨᠡᠢᠲᠡᠯᠡᠵᠦ᠂ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠠ ᠨᠠᠮ᠎ᠤᠨ ᠭᠡᠰᠢᠭᠦᠨ᠎ᠦ ᠰᠠᠨᠠᠯ᠎ᠢ ᠤᠯᠠᠮ ᠨᠢᠭᠡ ᠠᠯᠬᠤᠮ ᠬᠤᠷᠢᠶᠠᠨ᠎ᠠ᠃ ᠲᠥᠯᠥᠭᠡᠯᠡᠭᠴᠢ᠎ᠵᠢᠨ ᠵᠢᠱ᠌ᠢᠭᠳᠡᠭᠴᠢ᠎ᠵᠢᠨ ᠠᠩᠬ᠎ᠠ ᠠᠯᠬᠤᠮ᠎ᠤᠨ ᠵᠢᠱ᠌ᠢᠭᠳᠡᠭᠴᠢ᠎ᠵᠢ ᠲᠣᠭᠲᠠᠭᠠᠬᠤ᠎ᠡᠴᠡ ᠡᠮᠦᠨ᠎ᠡ ᠠᠳᠠᠯᠢ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶᠢᠨ ᠰᠠᠨᠠᠯ᠎ᠢ ᠬᠤᠷᠢᠶᠠᠬᠤ ᠬᠡᠷᠡᠭᠲᠡᠢ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠠᠵᠤ ᠠᠬᠤᠢᠯᠠᠯ ᠵᠡᠷᠭᠡ ᠲᠠᠯ᠎ᠠ᠎ᠶᠢᠨ ᠠᠩᠬ᠎ᠠ ᠠᠯᠬᠤᠮ᠎ᠤᠨ ᠵᠢᠱ᠌ᠢᠭᠳᠡᠭᠴᠢ᠎ᠳᠦ ᠪᠠᠰᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠂ ᠠᠵᠢᠯ ᠲᠦᠷᠦᠯ᠎ᠦᠨ ᠬᠢᠨᠠᠯᠲᠠ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠰᠠᠨᠠᠯ᠎ᠢ ᠬᠠᠨᠳᠤᠯᠭᠠᠲᠤ ᠴᠢᠨᠠᠷᠲᠠᠢ᠎ᠪᠠᠷ ᠰᠣᠨᠣᠰᠬᠤ ᠬᠡᠷᠡᠭᠲᠡᠢ᠃
4. ᠲᠥᠯᠥᠭᠡᠯᠡᠭᠴᠢ᠎ᠵᠢᠨ ᠵᠢᠱ᠌ᠢᠭᠳᠡᠭᠴᠢ᠎ᠵᠢᠨ ᠪᠡᠯᠡᠳᠬᠡᠯ ᠵᠢᠱ᠌ᠢᠭᠳᠡᠭᠴᠢ᠎ᠵᠢ ᠲᠣᠭᠲᠠᠭᠠᠨ᠎ᠠ᠃ ᠰᠣᠩᠭᠣᠭᠤᠯᠢ᠎ᠶᠢᠨ ᠨᠢᠭᠡᠴᠢ ᠨᠠᠮ᠎ᠤᠨ ᠬᠣᠷᠢᠶ᠎ᠠ᠎ᠶᠢᠨ ᠪᠦᠭᠦᠳᠡ ᠬᠤᠷᠠᠯ ᠬᠤᠷᠠᠯᠳᠤᠭᠤᠯᠵᠤ (ᠠᠵᠢᠯᠯᠠᠬᠤ ᠬᠣᠷᠢᠶ᠎ᠠ᠎ᠶᠢᠨ ᠬᠤᠷᠠᠯ᠂ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ)᠂ ᠪᠢᠯᠸᠲ ᠥᠭᠴᠦ ᠲᠥᠯᠥᠭᠡᠯᠡᠭᠴᠢ᠎ᠵᠢᠨ ᠵᠢᠱ᠌ᠢᠭᠳᠡᠭᠴᠢ᠎ᠵᠢᠨ ᠪᠡᠯᠡᠳᠬᠡᠯ ᠵᠢᠱ᠌ᠢᠭᠳᠡᠭᠴᠢ᠎ᠵᠢ ᠲᠣᠭᠲᠠᠭᠠᠨ᠎ᠠ᠃ ᠲᠥᠯᠥᠭᠡᠯᠡᠭᠴᠢ᠎ᠵᠢᠨ ᠵᠢᠱ᠌ᠢᠭᠳᠡᠭᠴᠢ᠎ᠵᠢᠨ ᠪᠡᠯᠡᠳᠬᠡᠯ ᠵᠢᠱ᠌ᠢᠭᠳᠡᠭᠴᠢ᠎ᠵᠢ ᠲᠡᠩᠴᠡᠭᠦᠦ ᠲᠣᠭ᠎ᠠ᠎ᠪᠠᠷ ᠲᠣᠭᠲᠠᠭᠠᠵᠤ ᠪᠣᠯᠣᠨ᠎ᠠ᠂ ᠵᠥᠷᠢᠶᠡᠲᠦ ᠲᠣᠭ᠎ᠠ᠎ᠪᠠᠷ ᠲᠣᠭᠲᠠᠭᠠᠭᠰᠠᠨ ᠴᠤ᠌ ᠪᠣᠯᠣᠨ᠎ᠠ᠃
5. ᠬᠤᠷᠠᠯ᠎ᠡᠴᠡ ᠰᠣᠩᠭᠣᠨ᠎ᠠ᠃ ᠰᠣᠩᠭᠣᠭᠤᠯᠢ᠎ᠶᠢᠨ ᠨᠢᠭᠡᠴᠢ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠤᠶᠤ ᠨᠠᠮ᠎ᠤᠨ ᠲᠥᠯᠥᠭᠡᠯᠡᠭᠴᠢᠳ᠎ᠦᠨ ᠬᠤᠷᠠᠯ (ᠠᠵᠢᠯᠯᠠᠬᠤ ᠬᠣᠷᠢᠶ᠎ᠠ᠎ᠶᠢᠨ ᠥᠷᠭᠡᠳᠬᠡᠭᠰᠡᠨ ᠬᠤᠷᠠᠯ) ᠬᠤᠷᠠᠯᠳᠤᠭᠤᠯᠵᠤ ᠰᠣᠩᠭᠣᠭᠤᠯᠢ ᠶᠠᠪᠤᠭᠤᠯᠤᠨ᠎ᠠ᠃ ᠤᠷᠢᠳ᠎ᠢᠶᠡᠷ ᠵᠥᠷᠢᠶᠡᠲᠦ ᠲᠣᠭᠠᠨ᠎ᠤ ᠰᠣᠩᠭᠣᠭᠤᠯᠢ᠎ᠶᠢᠨ ᠠᠷᠭ᠎ᠠ᠎ᠪᠠᠷ ᠪᠡᠯᠡᠳᠬᠡᠯ ᠰᠣᠩᠭᠣᠭᠤᠯᠢ ᠶᠠᠪᠤᠭᠤᠯᠵᠤ᠂ ᠵᠢᠱ᠌ᠢᠭᠳᠡᠭᠰᠡᠳ᠎ᠦᠨ ᠨᠡᠷᠡᠰ᠎ᠢ ᠭᠠᠷᠭᠠᠭᠰᠠᠨ᠎ᠤ ᠳᠠᠷᠠᠭ᠎ᠠ ᠲᠡᠩᠴᠡᠭᠦᠦ ᠲᠣᠭᠠᠨ᠎ᠤ ᠰᠣᠩᠭᠣᠭᠤᠯᠢ᠎ᠶᠢᠨ ᠠᠷᠭ᠎ᠠ᠎ᠪᠠᠷ ᠵᠢᠩᠬᠢᠨᠢ ᠰᠣᠩᠭᠣᠭᠤᠯᠢ ᠶᠠᠪᠤᠭᠤᠯᠵᠤ ᠪᠣᠯᠣᠨ᠎ᠠ; ᠪᠡᠯᠡᠳᠬᠡᠯ ᠰᠣᠩᠭᠣᠭᠤᠯᠢ ᠶᠠᠪᠤᠭᠤᠯᠬᠤ ᠦᠭᠡᠢ᠎ᠪᠡᠷ ᠵᠥᠷᠢᠶᠡᠲᠦ ᠲᠣᠭᠠᠨ᠎ᠤ ᠰᠣᠩᠭᠣᠭᠤᠯᠢ᠎ᠶᠢᠨ ᠠᠷᠭ᠎ᠠ᠎ᠶᠢ ᠰᠢᠭᠤᠳ ᠬᠡᠷᠡᠭᠯᠡᠨ ᠵᠢᠩᠬᠢᠨᠢ ᠰᠣᠩᠭᠣᠭᠤᠯᠢ ᠶᠠᠪᠤᠭᠤᠯᠤᠭᠰᠠᠨ ᠴᠤ᠌ ᠪᠣᠯᠣᠨ᠎ᠠ᠃ ᠵᠥᠷᠢᠶᠡᠲᠦ ᠲᠣᠭᠠᠨ᠎ᠤ ᠰᠣᠩᠭᠣᠭᠤᠯᠢ᠎ᠶᠢᠨ ᠬᠠᠷᠢᠴᠠᠯ᠎ᠢ 15% ᠡᠴᠡ ᠢᠯᠡᠭᠦᠦ ᠪᠠᠢᠯᠭᠠᠬᠤ ᠬᠡᠷᠡᠭᠲᠡᠢ᠃
ᠨᠠᠮ᠎ᠤᠨ ᠬᠣᠷᠢᠨ ᠨᠢᠭᠡᠳᠦᠭᠡᠷ ᠶᠡᠬᠡ ᠬᠤᠷᠠᠯ᠎ᠢ ᠬᠤᠷᠠᠯᠳᠤᠭᠤᠯᠬᠤ᠎ᠡᠴᠡ ᠡᠮᠦᠨ᠎ᠡ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ᠎ᠦᠨ ᠬᠢᠷᠢ ᠬᠡᠮ᠎ᠢ ᠬᠢᠨᠠᠨ ᠪᠠᠢᠴᠠᠭᠠᠬᠤ ᠵᠦᠪᠯᠡᠯ᠎ᠡᠴᠡ ᠲᠥᠯᠥᠭᠡᠯᠡᠭᠴᠢᠳ᠎ᠦᠨ ᠬᠢᠷᠢ ᠬᠡᠮ᠎ᠢ ᠬᠢᠨᠠᠨ ᠪᠠᠢᠴᠠᠭᠠᠬᠤ ᠬᠡᠷᠡᠭᠲᠡᠢ᠃
ᠠᠰᠠᠭᠤᠯᠲᠠ᠄ ᠡᠴᠦᠰ᠎ᠲᠦ᠂ ᠲᠠ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠤ᠋ᠨ ᠰᠤᠨᠭᠭᠤᠭᠤᠯᠢ ᠵᠢᠨ ᠠᠵᠢᠯ᠎ᠢ ᠵᠣᠬᠢᠶᠠᠨ ᠪᠠᠢᠭᠤᠯᠵᠤ ᠤᠳᠤᠷᠢᠳᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠ ᠱᠠᠭᠠᠷᠳᠠᠯᠭ᠎ᠠ᠎ᠨᠤᠭᠤᠳ ᠪᠠᠢᠬᠤᠲᠤᠬᠠᠢ ᠶᠠᠷᠢᠭᠠᠳ ᠦᠭᠬᠦᠨ᠎ᠠ ᠤ᠋ᠣ?
ᠬᠠᠷᠢᠭᠤᠯᠲᠠ᠄ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ᠎ᠤ᠋ᠨ ᠰᠣᠩᠭᠣᠭᠤᠯᠢ ᠵᠢᠨ ᠠᠵᠢᠯ᠎ᠢ ᠰᠠᠢᠲᠤᠷ ᠬᠢᠬᠦ ᠪᠣᠯ ᠨᠢᠭᠡᠨ ᠴᠢᠬᠤᠯᠠ ᠶᠡᠬᠡ ᠤᠯᠤᠰ ᠲᠦᠷᠦ᠎ᠶᠢᠨ ᠡᠭᠦᠷᠭᠡ ᠮᠥᠨ᠃ ᠨᠠᠮ᠎ᠤᠨ ᠲᠥᠪ ᠬᠣᠷᠢᠶ᠎ᠠ᠎ᠡᠴᠡ᠂ ᠡᠯ᠎ᠡ ᠰᠣᠩᠭᠣᠭᠤᠯᠢ᠎ᠶᠢᠨ ᠨᠢᠭᠡᠴᠢ᠎ᠶᠢᠨ ᠨᠠᠮ᠎ᠤᠨ ᠵᠣᠬᠢᠶᠠᠨ ᠪᠠᠢᠭᠤᠯᠤᠯᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠳᠤᠷᠢᠳᠤᠯᠭ᠎ᠠ᠎ᠪᠠᠨ ᠦᠨᠡᠨ ᠬᠦ᠌ ᠴᠢᠩᠭᠠᠳᠬᠠᠵᠤ᠂ ᠭᠣᠣᠯ ᠬᠠᠷᠢᠭᠤᠴᠠᠯᠭᠠᠲᠠᠨ ᠨᠥᠬᠥᠳ ᠤᠯᠤᠰ ᠲᠦᠷᠦ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠪᠠ ᠵᠣᠬᠢᠶᠠᠨ ᠪᠠᠶ᠋ᠢᠭᠤᠯᠬᠤ ᠬᠡᠯᠲᠡᠰ᠂ ᠤᠬᠠᠭᠤᠯᠬᠤ ᠬᠡᠯᠲᠡᠰ ᠵᠡᠷᠭᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠵᠢᠯ᠎ᠤᠨ ᠵᠢᠯᠣᠭᠣᠳᠤᠯᠭ᠎ᠠ᠎ᠪᠠᠨ ᠴᠢᠩᠭᠠᠳᠬᠠᠵᠤ᠂ ᠲᠥᠯᠥᠭᠡᠯᠡᠭᠴᠢ ᠰᠣᠩᠭᠣᠬᠤ ᠪᠦᠬᠦ ᠶᠠᠪᠤᠴᠠ᠎ᠳᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠪᠠ ᠪᠣᠭᠣᠮᠲᠠ ᠰᠠᠬᠢᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠤᠯᠤᠰ ᠲᠦᠷᠦ᠎ᠶᠢᠨ ᠰᠠᠬᠢᠯᠭ᠎ᠠ ᠪᠠᠲᠤ᠂ ᠵᠣᠬᠢᠶᠠᠨ ᠪᠠᠢᠭᠤᠯᠤᠯᠲᠠ᠎ᠶᠢᠨ ᠰᠠᠬᠢᠯᠭ᠎ᠠ ᠪᠠᠲᠤ ᠪᠠ ᠰᠣᠩᠭᠣᠭᠤᠯᠢ᠎ᠶᠢᠨ ᠰᠠᠬᠢᠯᠭ᠎ᠠ ᠪᠠᠲᠤ᠎ᠶᠢ ᠴᠢᠩᠳᠠᠯᠠᠵᠤ᠂ ᠬᠢᠨᠠᠯᠲᠠ ᠲᠠᠯᠪᠢᠬᠤ᠂ ᠪᠠᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ᠎ᠢᠶᠡᠨ ᠴᠢᠩᠭᠠᠷᠠᠭᠤᠯᠵᠤ᠂ ᠭᠡᠭᠡᠯᠢ ᠲᠦᠯᠬᠢᠵᠦ ᠪᠢᠯᠸᠲ ᠲᠠᠲᠠᠬᠤ᠂ ᠨᠠᠢᠷ ᠲᠠᠯ᠎ᠠ ᠬᠡᠯᠡᠵᠦ ᠤᠷᠢᠳᠴᠢᠯᠠᠨ ᠰᠠᠨᠠᠭᠤᠯᠬᠤ᠂ ᠰᠣᠩᠭᠣᠭᠤᠯᠢ᠎ᠶᠢ ᠡᠪᠳᠡᠬᠦ ᠵᠡᠷᠭᠡ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠥᠷᠢᠴᠡᠭᠰᠡᠨ ᠦᠢᠯᠡ ᠠᠵᠢᠯᠯᠠᠭ᠎ᠠ᠎ᠶᠢ ᠨᠢᠭᠡ᠎ᠶᠢ ᠢᠯᠡᠷᠡᠭᠦᠯᠪᠡᠯ ᠨᠢᠭᠡ᠎ᠶᠢ ᠪᠠᠢᠴᠠᠭᠠᠨ ᠰᠢᠢᠳᠪᠦᠷᠢᠯᠡᠵᠦ᠂ ᠦᠴᠦᠬᠡᠨᠴᠤ ᠢᠯᠳᠠᠷ ᠬᠠᠶᠠᠬᠤ ᠦᠭᠡᠢ ᠪᠠᠢᠵᠤ᠂ ᠰᠤᠷᠲᠠᠯ ᠴᠢᠬᠡᠴᠢ ᠣᠪᠣᠷ ᠲᠥᠪ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ ᠪᠠ ᠤᠬᠠᠭᠤᠯᠭ᠎ᠠ᠎ᠶᠢᠨ ᠠᠵᠢᠯ᠎ᠢ ᠴᠢᠩᠭᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠨᠠᠮ᠎ᠤᠨ ᠭᠡᠰᠢᠭᠦᠨ᠎ᠦ ᠲᠥᠯᠥᠭᠡᠯᠡᠭᠴᠢ᠎ᠶᠢᠨ ᠵᠢᠱ᠌ᠢᠭᠳᠡᠭᠴᠢ᠎ᠶᠢ ᠲᠠᠨᠢᠯᠴᠠᠭᠤᠯᠤᠨ ᠨᠡᠷ᠎ᠡ ᠳᠤᠷᠠᠳᠬᠤ᠎ᠳᠤ ᠢᠳᠡᠪᠬᠢᠲᠡᠢ ᠣᠷᠣᠯᠴᠠᠬᠤ᠎ᠶᠢ ᠵᠣᠷᠢᠭ᠍ᠵᠢᠭᠤᠯᠵᠤ᠂ ᠠᠷᠠᠳᠴᠢᠯᠠᠯ᠎ᠤᠨ ᠡᠷᠬᠡ᠎ᠪᠡᠨ ᠵᠥᠪ ᠬᠡᠷᠡᠭᠵᠢᠭᠦᠯᠬᠦ ᠬᠡᠷᠡᠭᠲᠡᠢ; ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠪᠠᠢᠭᠠᠳ ᠲᠠᠨᠢᠯᠴᠠᠭᠤᠯᠵᠤ ᠨᠡᠷ᠎ᠡ ᠳᠤᠷᠠᠳᠬᠤ ᠪᠠ ᠰᠣᠩᠭᠣᠭᠤᠯᠢ᠎ᠶᠢᠨ ᠦᠷ᠎ᠡ ᠳ᠋ᠦᠩ᠎ᠳᠦ ᠵᠥᠪ᠎ᠢᠶᠡᠷ ᠬᠠᠨᠳᠤᠭᠤᠯᠬᠤ ᠬᠡᠷᠡᠭᠲᠡᠢ᠃ ᠲᠥᠯᠥᠭᠡᠯᠡᠭᠴᠢ ᠰᠣᠩᠭᠣᠬᠤ ᠠᠵᠢᠯ᠎ᠤᠨ ᠤᠬᠠᠭᠤᠯᠭ᠎ᠠ᠎ᠶᠢ ᠵᠤᠬᠢᠶᠠᠨ ᠪᠠᠢᠭᠤᠯᠤᠯᠲᠠ ᠲᠠᠢ᠂ ᠲᠥᠯᠥᠪᠯᠡᠭᠡ᠎ᠲᠠᠢ᠂ ᠠᠯᠬᠤᠮ ᠲᠠᠷᠠᠭ᠎ᠠ᠎ᠲᠠᠢ᠎ᠪᠠᠷ ᠥᠷᠨᠢᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠠ ᠨᠠᠮ᠎ᠤᠨ ᠲᠥᠪ ᠬᠣᠷᠢᠶ᠎ᠠ᠎ᠶᠢᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠭᠦᠨᠵᠡᠭᠡᠢ ᠤᠬᠠᠭᠤᠯᠵᠤ᠂ ᠲᠥᠯᠥᠭᠡᠯᠡᠭᠴᠢᠳ ᠤ᠋ᠨᠰᠣᠩᠭᠤᠭᠤᠯᠢ ᠵᠢᠨ ᠠᠵᠢᠯ᠎ᠤᠨ ᠴᠢᠬᠤᠯᠠ ᠶᠡᠬᠡ ᠠᠴᠢ ᠬᠣᠯᠪᠣᠭᠳᠠᠯ᠂ ᠲᠦᠷᠦ᠎ᠶᠢᠨ ᠪᠣᠳᠣᠯᠭ᠎ᠠ᠎ᠶᠢᠨ ᠲᠣᠭᠲᠠᠭᠠᠯ᠂ ᠲᠤᠷᠰᠢᠯᠭ᠎ᠠ ᠬᠢᠳᠡᠯ᠎ᠢ ᠤᠬᠠᠭᠤᠯᠵᠤ᠂ ᠦᠢᠯᠡᠳᠪᠦᠷᠢᠯᠡᠯ ᠪᠠ ᠠᠵᠢᠯ᠎ᠤᠨ ᠨᠢᠭᠡᠳᠦᠭᠡᠷ ᠹᠷᠣᠨᠲ᠎ᠤᠨ ᠨᠠᠮ᠎ᠤᠨ ᠭᠡᠰᠢᠭᠦᠨ ᠲᠥᠯᠥᠭᠡᠯᠡᠭᠴᠢ᠎ᠶᠢᠨ ᠲᠡᠷᠢᠭᠦᠨ᠎ᠦ ᠵᠢᠱ᠌ᠢᠶᠡᠴᠢ ᠦᠢᠯᠡ ᠠᠵᠢᠯᠯᠠᠭ᠎ᠠ᠎ᠶᠢ ᠤᠬᠠᠭᠤᠯᠬᠤ᠎ᠶᠢ ᠴᠢᠬᠤᠯᠠᠴᠢᠯᠠᠵᠤ᠂ ᠲᠥᠯᠥᠭᠡᠯᠡᠭᠴᠢᠳ ᠤ᠋ᠨ ᠰᠣᠩᠭᠣᠭᠤᠯᠢ ᠵᠢᠨ ᠠᠵᠢᠯ᠎ᠤᠨ ᠤᠷᠤᠭᠰᠢᠲᠠᠢ ᠶᠠᠪᠤᠭᠳᠠᠬᠤ᠎ᠳᠤ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠣᠷᠴᠢᠨ ᠨᠦᠭᠦᠴᠡᠯ᠎ᠢ ᠪᠤᠢ ᠪᠣᠯᠭᠠᠬᠤ ᠬᠡᠷᠡᠭᠲᠡᠢ᠃
ᠨᠠᠮ᠎ᠤᠨ ᠲᠥᠪ ᠬᠣᠷᠢᠶ᠎ᠠ᠎ᠡᠴᠡ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠳᠡᠭᠡᠳᠦ ᠬᠡᠮᠵᠢᠶᠡᠨ᠎ᠦ ᠤᠯᠤᠰ ᠲᠥᠷᠥ᠎ᠶᠢᠨ ᠬᠠᠷᠢᠭᠤᠴᠠᠯᠭᠠᠲᠤ ᠰᠡᠳᠬᠢᠯᠭᠡ ᠪᠠ ᠴᠢᠩᠭ᠎ᠠ ᠨᠢᠮᠪᠠᠢ ᠠᠵᠢᠯ᠎ᠤᠨ ᠰᠤᠷᠲᠠᠯ᠎ᠢᠶᠠᠷ᠂ ᠨᠠᠷᠢᠨ ᠨᠢᠮᠪᠠᠢ ᠵᠣᠬᠢᠶᠠᠨ ᠪᠠᠢᠭᠤᠯᠵᠤ᠂ ᠨᠠᠷᠢᠨ ᠨᠢᠮᠪᠠᠢ ᠲᠣᠬᠢᠷᠠᠭᠤᠯᠵᠤ᠂ ᠬᠣᠷᠢᠨ ᠨᠢᠭᠡᠳᠦᠭᠡᠷ ᠶᠡᠬᠡ ᠬᠤᠷᠠᠯ᠎ᠤᠨ ᠲᠥᠯᠥᠭᠡᠯᠡᠭᠴᠢᠳ ᠤ᠋ᠨ ᠰᠣᠩᠭᠣᠭᠤᠯᠢ ᠵᠢᠨ ᠡᠯ᠎ᠡ ᠵᠦᠢᠯ᠎ᠦᠨ ᠠᠵᠢᠯ᠎ᠤᠨ ᠡᠭᠦᠷᠭᠡ᠎ᠶᠢ ᠨᠠᠷᠢᠨ ᠬᠢᠨᠠᠮᠠᠭᠠᠢ ᠪᠡᠶᠡᠯᠡᠭᠦᠯᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠤ᠋ᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠂ ᠤᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠲᠦᠮᠡᠨ ᠣᠯᠠᠨ᠎ᠢᠶᠠᠷ᠎ᠢᠶᠠᠨ ᠰᠡᠳᠬᠢᠯ ᠨᠢᠭᠡᠳᠦᠨ᠂ ᠬᠦᠴᠦᠯᠡᠨ ᠴᠢᠷᠮᠠᠢᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠶᠢᠨ ᠲᠥᠯᠥᠭᠡ ᠬᠠᠮᠲᠤ᠎ᠪᠠᠷ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠶᠡᠬᠡ ᠦᠢᠯᠡᠰ᠎ᠢ ᠪᠥᠬᠥ ᠲᠠᠯ᠎ᠠ᠎ᠪᠠᠷ ᠠᠬᠢᠭᠤᠯᠬᠤ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠵᠢ ᠲᠠᠢᠴᠢᠯᠡᠬᠤ ᠭᠡᠷᠡᠭᠳᠠᠢ ᠭᠡᠵᠦ ᠴᠢᠬᠤᠯᠠᠴᠢᠯᠠᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 8 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃