2026-11-13 11:41:55
(2026 ᠣᠨ ᠤ 11 ᠰᠠᠷ᠎ᠠ᠎ᠶᠢᠨ 12᠎ᠤ᠋ᠨ ᠡᠳᠦᠷ)
ᠰᠢ ᠵᠢᠨ ᠫᠢᠩ
ᠨᠥᠬᠥᠳ ᠠ᠋᠂ ᠨᠠᠢᠵᠠ ᠨᠠᠷ ᠡ᠄
ᠥᠨᠥᠳᠥᠷ ᠪᠢᠳᠡ ᠦᠪᠡᠳᠡᠭᠰᠢ ᠶᠡᠬᠡ ᠴᠤᠭᠯᠠᠭᠠᠨ ᠪᠣᠯᠵᠤ᠂ ᠰᠦᠨ ᠵᠦᠩ ᠱᠠᠨ ᠠᠪᠤᠭᠠᠢ᠎ᠶᠢᠨ ᠮᠡᠨᠳᠦᠯᠡᠭᠰᠡᠨ 160 ᠵᠢᠯ᠎ᠦᠨ ᠤᠢ᠎ᠶᠢ ᠳᠤᠷᠠᠰᠬᠠᠵᠤ᠂ ᠲᠡᠭᠦᠨ᠎ᠦ ᠦᠨᠳᠦᠰᠦᠲᠡᠨ᠎ᠦ ᠲᠤᠰᠠᠭᠠᠷ ᠲᠣᠭᠲᠠᠨᠢᠯ᠂ ᠨᠡᠢᠭᠡᠮ᠎ᠦᠨ ᠲᠠᠪᠰᠢᠯᠳᠠ᠂ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ ᠪᠠᠢᠭᠤᠯᠤᠭᠰᠠᠨ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠮᠥᠷᠥᠭᠡᠳᠦᠨ ᠰᠠᠨᠠᠭᠠᠯᠵᠠᠵᠤ᠂ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠨ᠂ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ᠎ᠶᠢᠨ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠳᠤᠮᠳᠠᠳᠤ ᠤᠯᠤᠰ ᠤᠨ ᠮᠠᠶᠢᠭ᠋ ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠪᠦᠯᠬᠦᠮᠳᠡᠨ ᠲᠡᠮᠡᠴᠡᠬᠦ᠎ᠶᠢ ᠤᠷᠮᠠᠰᠢᠭᠤᠯᠤᠨ ᠵᠣᠷᠢᠭ᠍ᠵᠢᠭᠤᠯᠵᠤ ᠪᠠᠢᠨ᠎ᠠ᠃
ᠰᠦᠨ ᠵᠦᠩ ᠱᠠᠨ ᠠᠪᠤᠭᠠᠢ ᠪᠣᠯ ᠠᠭᠤᠤ ᠶᠡᠬᠡ ᠦᠨᠳᠦᠰᠦᠲᠡᠨ᠎ᠦ ᠪᠠᠭᠠᠲᠤᠷ᠂ ᠠᠭᠤᠤ ᠶᠡᠬᠡ ᠤᠯᠤᠰ ᠵᠢᠡᠨ ᠬᠠᠢᠷᠠᠯᠠᠬᠤ ᠦᠵᠡᠯᠲᠡᠨ᠂ ᠳᠤᠮᠳᠠᠳᠤ ᠤᠯᠤᠰ᠎ᠤᠨ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠬᠣᠰᠢᠭᠤᠴᠢ ᠮᠥᠨ᠃ ᠲᠡᠭᠦᠨ᠎ᠦ ᠮᠡᠨᠳᠦᠯᠡᠭᠰᠡᠨ ᠲᠡᠷᠡ ᠤᠨ ᠵᠢᠯ᠎ᠦᠳ᠎ᠲᠦ᠂ ᠮᠠᠨ᠎ᠤ ᠤᠯᠤᠰ ᠶᠠᠭ ᠥᠷᠥᠨᠡᠳᠠᠬᠢᠨ᠎ᠤ ᠬᠦᠴᠦᠷᠬᠡᠭ ᠤᠯᠤᠰ᠎ᠤᠳ᠎ᠤᠨ ᠵᠡᠷᠯᠢᠭ ᠪᠠᠯᠠᠮᠠᠳ ᠲᠦᠷᠢᠮᠡᠬᠡᠢᠯᠡᠯ ᠪᠠ ᠹᠧᠣᠳᠠᠯ᠎ᠤᠨ ᠡᠵᠡᠷᠬᠡᠭ ᠪᠠᠢᠭᠤᠯᠤᠯ ᠤᠨ ᠢᠯᠵᠢᠷᠠᠮᠠᠯ ᠨᠣᠶᠠᠷᠬᠠᠯ᠎ᠳᠤ ᠤᠴᠠᠷᠠᠵᠤ᠂ ᠳᠤᠮᠳᠠᠳᠤ᠎ᠶᠢᠨ ᠦᠨᠳᠦᠰᠦᠲᠡᠨ ᠳᠣᠲᠣᠭᠠᠳᠤ᠎ᠶᠢᠨ ᠵᠣᠪᠠᠨᠢᠯ ᠭᠠᠳᠠᠭᠠᠳᠤ᠎ᠶᠢᠨ ᠠᠶᠤᠯ᠎ᠤᠨ ᠬᠦᠨᠳᠦ ᠬᠡᠴᠡᠭᠦᠦ ᠭᠠᠰᠠᠯᠠᠩ ᠵᠣᠪᠠᠯᠠᠩ᠎ᠳᠤ ᠤᠨᠠᠬᠰᠠᠨ ᠪᠠᠢᠪᠠ᠃ ᠤᠯᠤᠰ ᠬᠦᠷᠦᠨ ᠡᠪᠳᠡᠭᠳᠡᠨ᠂ ᠠᠶᠤᠯ ᠵᠤᠪᠠᠯᠠᠩ ᠪᠦᠷᠬᠦᠭᠰᠡᠨ ᠦᠶ᠎ᠡ᠎ᠳᠦ᠂ ᠡᠷᠡᠯᠬᠡᠭ ᠪᠠᠭᠠᠲᠤᠷᠯᠢᠭ᠋ ᠳᠤᠮᠳᠠᠳᠤ ᠤᠯᠤᠰ᠎ᠤᠨ ᠠᠷᠠᠳ ᠲᠦᠮᠡᠨ ᠶᠡᠷᠦ᠎ᠡᠴᠡ ᠨᠤᠭᠤᠷᠠᠬᠰᠠᠨ ᠦᠭᠡᠢ᠂ ᠲᠦᠭ ᠲᠦᠮᠡᠨ ᠴᠢᠩ ᠵᠣᠷᠢᠭ᠍ᠲᠠᠨ ᠡᠷᠡᠯᠬᠡᠭᠯᠡᠨ ᠲᠡᠮᠡᠴᠡᠵᠦ᠂ ᠤᠯᠤᠰ᠎ᠢᠶᠠᠨ ᠠᠪᠤᠷᠠᠵᠤ ᠠᠷᠠᠳ ᠲᠦᠮᠡᠨ᠎ᠢᠶᠠᠨ ᠠᠪᠤᠷᠠᠬᠤ ᠵᠠᠮ᠎ᠢ ᠰᠢᠷᠭᠠᠭᠤ ᠬᠠᠲᠠᠭᠤᠵᠢᠯᠲᠠᠢ ᠡᠷᠢᠯᠬᠢᠯᠡᠭᠰᠡᠭᠡᠷ ᠢᠷᠡᠪᠡ᠃ ᠰᠦᠨ ᠵᠦᠩ ᠱᠠᠨ ᠠᠪᠤᠭᠠᠢ ᠪᠣᠯ ᠳᠠᠷᠤᠢ ᠲᠡᠳᠡᠨ᠎ᠦ ᠳᠣᠲᠣᠷᠠᠬᠢ ᠭᠠᠷᠮᠠᠭᠠᠢ ᠲᠥᠯᠥᠭᠡᠯᠡᠭᠴᠢ ᠮᠥᠨ᠃
ᠰᠦᠨ ᠵᠦᠩ ᠱᠠᠨ ᠠᠪᠤᠭᠠᠢ 《ᠢᠷᠭᠡᠨ᠎ᠦ ᠬᠤᠪᠢᠰᠬᠠᠯ᠎ᠤᠨ ᠲᠥᠯᠥᠭᠡ ᠳᠥᠴᠢᠨ ᠵᠢᠯ ᠵᠢᠳᠬᠦᠵᠦ》᠂ ᠤᠶᠤᠨ ᠤᠬᠠᠭᠠᠨ᠎ᠢᠶᠠᠨ ᠰᠢᠪᠬᠠᠨ᠂ ᠪᠡᠶ᠎ᠡ ᠰᠡᠳᠬᠢᠯ ᠵᠢᠡᠨ ᠵᠦᠳᠡᠭᠡᠵᠤ᠂ ᠳᠤᠮᠳᠠᠳᠤ ᠤᠯᠤᠰ᠎ᠢ ᠥᠭᠡᠷᠡᠴᠢᠯᠡᠬᠦ᠎ᠶᠢᠨ ᠲᠥᠯᠥᠭᠡ ᠨᠢᠭᠡ ᠨᠠᠰᠤ᠎ᠪᠠᠷ᠎ᠢᠶᠠᠨ ᠲᠡᠮᠡᠴᠡᠵᠦ᠂ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶᠢᠨ ᠦᠨᠳᠦᠰᠦᠲᠡᠨ᠎ᠦ ᠲᠥᠯᠥᠭᠡ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠶᠤᠮ᠃ ᠲᠡᠷᠡ ᠹᠧᠣᠳᠠᠯ᠎ᠤᠨ ᠡᠵᠡᠷᠬᠡᠭ ᠨᠣᠶᠠᠷᠬᠠᠯ᠎ᠢ ᠡᠰᠡᠷᠭᠦᠴᠡᠬᠦ ᠲᠤᠭ᠎ᠢ ᠥᠨᠳᠥᠷ ᠮᠠᠨᠳᠤᠭᠤᠯᠵᠤ᠂ ᠦᠨᠳᠦᠰᠦᠲᠡᠨ᠂ ᠢᠷᠭᠡᠨ᠎ᠤ ᠡᠷᠬᠡ᠂ ᠠᠷᠠᠳ᠎ᠤᠨ ᠠᠮᠢᠳᠤᠷᠠᠯ᠎ᠤᠨ ᠲᠤᠬᠠᠢ ᠰᠠᠨᠮᠢᠨ ᠦᠵᠡᠯ᠎ᠦᠨ ᠤᠯᠤᠰ ᠲᠦᠷᠦ᠎ᠶᠢᠨ ᠬᠥᠲᠥᠯᠪᠦᠷᠢ᠎ᠶᠢ ᠳᠤᠷᠠᠳᠤᠨ ᠭᠠᠷᠭᠠᠵᠤ᠂《ᠳᠤᠮᠳᠠᠳᠤ ᠪᠠᠨ ᠬᠥᠭᠵᠢᠭᠦᠯᠦᠨ ᠮᠠᠨᠳᠤᠭᠤᠯᠬᠤ》 ᠭᠡᠰᠡᠨ ᠬᠠᠩᠭᠢᠨᠠᠮ᠎ᠠ ᠤᠷᠢᠶ᠎ᠠ᠎ᠶᠢ ᠬᠠᠮᠤᠭ᠎ᠤᠨ ᠲᠦᠷᠦᠭᠦᠨ᠎ᠳᠦ ᠬᠠᠰᠬᠢᠷᠪᠠ᠃ ᠲᠡᠷᠡ ᠬᠤᠪᠢᠰᠬᠠᠯ᠎ᠤᠨ ᠦᠵᠡᠯ ᠰᠠᠨᠠᠭ᠎ᠠ᠎ᠶᠢ ᠥᠷᠭᠡᠨ᠎ᠢᠶᠡᠷ ᠤᠯᠠᠮᠵᠢᠯᠠᠵᠤ᠂ ᠵᠡᠪᠰᠡᠭᠲᠦ ᠪᠣᠰᠣᠯᠭ᠎ᠠ᠎ᠶᠢ ᠵᠠᠯᠭᠠᠭ᠎ᠠ᠎ᠪᠠᠷ ᠡᠭᠦᠰᠬᠡᠵᠦ᠂ ᠬᠤᠪᠢᠰᠬᠠᠯ᠎ᠤᠨ ᠶᠡᠬᠡ ᠬᠠᠨᠳᠤᠰᠢ᠎ᠶᠢᠨ ᠪᠦᠷᠢᠯᠳᠦᠬᠦ᠎ᠶᠢ ᠠᠬᠢᠭᠤᠯᠪᠠ᠃ ᠲᠡᠭᠦᠨ᠎ᠦ ᠤᠳᠤᠷᠢᠳᠤᠭᠰᠠᠨ ᠴᠠᠭᠠᠭ᠍ᠴᠢᠨ ᠭᠠᠬᠠᠢ ᠵᠢᠯ᠎ᠦᠨ ᠬᠤᠪᠢᠰᠬᠠᠯ ᠨᠢ ᠳᠤᠮᠳᠠᠳᠤ ᠤᠯᠤᠰ᠎ᠢ ᠬᠡᠳᠦᠨ ᠮᠢᠩᠭᠠᠨ ᠵᠢᠯ ᠨᠣᠶᠠᠷᠬᠠᠭᠰᠠᠨ ᠡᠵᠡᠨᠲᠦ ᠶᠣᠰᠣᠨ᠎ᠤ ᠡᠵᠡᠷᠬᠡᠭ ᠪᠠᠢᠭᠤᠯᠤᠯ᠎ᠢ ᠲᠦᠯᠬᠢᠨ ᠤᠨᠠᠭᠠᠵᠤ᠂ ᠳᠤᠮᠳᠠᠳᠤ ᠤᠯᠤᠰ᠎ᠤᠨ ᠲᠠᠪᠰᠢᠯᠳᠠ᠎ᠶᠢᠨ ᠤᠷᠤᠰᠬᠠᠯ᠎ᠤᠨ ᠬᠠᠭᠠᠯᠲᠠ᠎ᠶᠢ ᠨᠡᠭᠡᠭᠡᠵᠦ᠂ ᠠᠽᠢᠶ᠎ᠠ ᠲᠢᠪ᠎ᠦᠨ ᠠᠩᠬᠠᠳᠠᠭ᠍ᠴᠢ ᠪᠥᠬᠥᠳᠡ ᠨᠠᠢᠷᠠᠮᠳᠠᠬᠤ ᠪᠠᠢᠭᠤᠯᠤᠯ᠎ᠲᠤ ᠤᠯᠤᠰ᠎ᠢ ᠪᠠᠢᠭᠤᠯᠵᠤ᠂ ᠳᠤᠮᠳᠠᠳᠤ ᠤᠯᠤᠰ᠎ᠤᠨ ᠨᠡᠢᠭᠡᠮ᠎ᠦᠨ ᠬᠤᠪᠢᠰᠤᠯᠲᠠ᠎ᠶᠢ ᠭᠦᠨᠵᠡᠭᠡᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳᠦ ᠵᠠᠮ ᠮᠦᠷ᠎ᠢ ᠬᠠᠢᠨ ᠰᠦᠪᠡᠭᠴᠢᠯᠡᠪᠡ᠃ ᠲᠡᠷᠡ ᠠᠷᠪᠠᠨ ᠰᠠᠷ᠎ᠠ᠎ᠶᠢᠨ ᠬᠤᠪᠢᠰᠬᠠᠯ ᠪᠠ ᠮᠠᠷᠺᠰ ᠯᠧᠨᠢᠨ᠎ᠦ ᠦᠵᠡᠯ᠎ᠦᠨ ᠨᠥᠯᠥᠭᠡ ᠵᠢ ᠬᠦᠷᠲᠡᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠪᠰᠤᠷᠤᠯᠭ᠎ᠠ ᠳᠤᠤᠷ᠎ᠠ᠂ ᠬᠠᠭᠤᠴᠢᠨ ᠰᠠᠨᠮᠢᠨ ᠦᠵᠡᠯ᠎ᠢ ᠰᠢᠨ᠎ᠡ ᠰᠠᠨᠮᠢᠨ ᠦᠵᠡᠯ ᠪᠣᠯᠭᠠᠨ ᠬᠥᠭᠵᠢᠭᠦᠯᠵᠦ᠂ ᠤᠷᠤᠰ᠎ᠲᠠᠢ ᠬᠣᠯᠪᠣᠭᠠᠯᠠᠬᠤ᠂ ᠡᠪ ᠬᠠᠮᠲᠤ ᠨᠠᠮ᠎ᠲᠠᠢ ᠬᠣᠯᠪᠣᠭᠠᠯᠠᠬᠤ᠂ ᠲᠠᠷᠢᠶᠠᠴᠢᠨ ᠠᠵᠢᠯᠴᠢᠨ᠎ᠢ ᠲᠡᠳᠬᠦᠬᠦ ᠭᠤᠷᠪᠠᠨ ᠶᠡᠬᠡ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠤ᠂ ᠳᠤᠮᠳᠠᠳᠤ ᠤᠯᠤᠰ᠎ᠤᠨ ᠭᠣᠮᠢᠨᠳᠠᠩᠨᠠᠮ ᠢ ᠥᠭᠡᠷᠡᠴᠢᠯᠡᠨ ᠪᠠᠢᠭᠤᠯᠵᠤ᠂ ᠤᠮᠠᠷᠠᠰᠢ ᠳᠠᠢᠯᠠᠬᠤ ᠲᠠᠢ᠍ᠢᠨ᠎ᠦ ᠢᠯᠠᠯᠲᠠ ᠣᠯᠬᠤ᠎ᠶᠢ ᠠᠬᠢᠭᠤᠯᠵᠤ᠂ ᠡᠵᠡᠷᠬᠡᠭ ᠲᠦᠷᠢᠮᠡᠬᠡᠢᠲᠡᠨ ᠪᠠ ᠹᠧᠣᠳᠠᠯᠢ ᠡᠰᠡᠷᠭᠦᠴᠡᠬᠦ ᠠᠷᠠᠳᠴᠢᠯᠠᠭᠰᠠᠨ ᠬᠤᠪᠢᠰᠬᠠᠯ᠎ᠢ ᠲᠦᠯᠬᠢᠨ ᠤᠷᠤᠭᠰᠢᠯᠠᠭᠤᠯᠪᠠ᠃
ᠰᠦᠨ ᠵᠦᠩ ᠱᠠᠨ ᠠᠪᠤᠭᠠᠢ᠎ᠶᠢᠨ ᠭᠠᠷᠮᠠᠭᠠᠢ ᠬᠤᠪᠢ ᠨᠡᠮᠡᠷᠢ ᠨᠢ ᠲᠡᠦᠬᠡ᠎ᠶᠢᠨ ᠬᠠᠭᠤᠳᠠᠰᠤᠨ᠎ᠳᠤ ᠥᠨᠢᠳᠡ ᠲᠡᠮᠳᠡᠭᠯᠡᠭᠳᠡᠵᠤ᠂ ᠲᠡᠷᠡ ᠳᠤᠮᠳᠠᠳᠤ ᠤᠯᠤᠰ᠎ᠤᠨ ᠠᠷᠠᠳ ᠲᠦᠮᠡᠨ᠎ᠦ ᠰᠡᠳᠬᠢᠯ᠎ᠳᠦ ᠡᠷᠬᠢᠮ ᠳᠡᠭᠡᠳᠦ ᠨᠡᠷ᠎ᠡ ᠬᠦᠨᠳᠦ᠎ᠲᠠᠢ ᠪᠠᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠴᠢᠩ ᠰᠡᠳᠬᠢᠯ᠎ᠦᠨ ᠬᠦᠨᠳᠦᠳᠬᠡᠯ᠎ᠢ ᠣᠯᠣᠭᠰᠠᠨ ᠶᠤᠮ᠃ ᠥᠨᠥᠳᠥᠷ᠂ ᠳᠤᠮᠳᠠᠳᠤ ᠤᠯᠤᠰ᠎ᠤᠨ ᠠᠷᠠᠳ ᠲᠦᠮᠡᠨ ᠶᠠᠭ ᠴᠤᠭ ᠵᠣᠷᠢᠭ᠋ ᠪᠠᠳᠠᠷᠠᠩᠭᠤᠢ᠎ᠪᠠᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ ᠠᠬᠢᠴᠠ᠎ᠳᠤ ᠤᠷᠤᠪᠠ᠃ ᠡᠨᠡ ᠬᠦ᠌ ᠴᠠᠭ ᠮᠥᠴᠡ᠎ᠳᠦ᠂ ᠰᠦᠨ ᠵᠦᠩ ᠱᠠᠨ ᠠᠪᠤᠭᠠᠢ᠎ᠶᠢᠨ ᠬᠤᠪᠢᠰᠬᠠᠯᠲᠤ ᠨᠢᠭᠡ ᠨᠠᠰᠤ ᠵᠢ ᠡᠷᠭᠢᠴᠡᠭᠦᠯᠵᠦ᠂ ᠲᠡᠭᠦᠨ᠎ᠦ ᠠᠭᠤᠤ ᠭᠠᠪᠢᠶ᠎ᠠ ᠠᠤᠭ᠎ᠠ ᠵᠢᠳᠬᠦᠯ᠎ᠢ ᠮᠥᠷᠥᠭᠡᠳᠦᠨ ᠰᠠᠨᠠᠭᠠᠯᠵᠠᠬᠤ᠎ᠳᠤ ᠪᠢᠳᠡᠨ᠎ᠦ ᠰᠡᠳᠬᠢᠯ᠎ᠳᠦ ᠨᠡᠩ ᠴᠤ᠌ ᠭᠦᠨ ᠵᠤᠵᠠᠭᠠᠨ ᠪᠢᠰᠢᠷᠡᠨ ᠬᠦᠨᠳᠦᠳᠬᠡᠬᠦ ᠰᠡᠳᠬᠢᠯᠭᠡ ᠪᠢᠯᠬᠠᠮ᠎ᠠ ᠪᠠᠢᠨ᠎ᠠ᠃
ᠨᠥᠬᠥᠳ ᠠ᠋᠂ ᠨᠠᠢᠵᠠ ᠨᠠᠷ ᠡ!
ᠳᠤᠮᠳᠠᠳᠤ ᠤᠯᠤᠰ᠎ᠤᠨ ᠡᠪ ᠬᠠᠮᠲᠤᠴᠤᠳ ᠪᠣᠯ ᠰᠦᠨ ᠵᠦᠩ ᠱᠠᠨ ᠠᠪᠤᠭᠠᠢ᠎ᠶᠢᠨ ᠬᠤᠪᠢᠰᠬᠠᠯᠲᠤ ᠦᠢᠯᠡᠰ᠎ᠦᠨ ᠬᠠᠮᠤᠭ᠎ᠤᠨ ᠡᠷᠡᠰ ᠪᠠᠲᠤ ᠳᠡᠮᠵᠢᠭᠴᠢ᠂ ᠬᠠᠮᠤᠭ᠎ᠤᠨ ᠦᠨᠡᠨᠴᠢ ᠰᠢᠳᠤᠷᠭᠤ ᠬᠠᠮᠲᠤᠷᠠᠨ ᠠᠵᠢᠯᠯᠠᠭ᠍ᠴᠢ᠂ ᠬᠠᠮᠤᠭ᠎ᠤᠨ ᠦᠨᠡᠨᠴᠢ ᠰᠢᠳᠤᠷᠭᠤ ᠵᠠᠯᠭᠠᠮᠵᠢᠯᠠᠭ᠍ᠴᠢ ᠮᠥᠨ᠃ 100 ᠭᠠᠷᠤᠢ ᠵᠢᠯ᠎ᠦᠨ ᠲᠤᠷᠰᠢ᠂ ᠮᠠᠨ᠎ᠤ ᠨᠠᠮ ᠠᠷᠠᠳ ᠲᠦᠮᠡᠨ᠎ᠢ ᠤᠳᠤᠷᠢᠳᠤᠨ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠢᠭᠡᠮ ᠵᠢᠷᠤᠮᠲᠦ ᠬᠤᠪᠢᠰᠬᠠᠯ ᠪᠠ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠲᠦ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠠᠮᠵᠢᠯᠲᠠ ᠪᠦᠲᠦᠮᠵᠢ᠎ᠶᠢ ᠡᠭᠦᠳᠴᠦ᠂ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ᠎ᠳᠡᠬᠢ ᠬᠠᠮᠤᠭ᠎ᠤᠨ ᠠᠤᠭ᠎ᠠ ᠲᠤᠤᠯᠢᠰ᠎ᠢ ᠪᠢᠴᠢᠭᠯᠡᠪᠡ᠃ ᠰᠦᠨ ᠵᠦᠩ ᠱᠠᠨ ᠠᠪᠤᠭᠠᠢ᠎ᠶᠢᠨ ᠲᠤᠬᠠᠢ᠎ᠶᠢᠨ ᠵᠢᠯ᠎ᠦᠨ ᠢᠷᠡᠭᠡᠳᠦᠢ᠎ᠶᠢᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠲᠤᠬᠠᠢ ᠮᠠᠰᠢ ᠤᠯᠠᠨ ᠪᠣᠳᠣᠯᠬᠢᠯᠠᠯ᠂《ᠤᠯᠤᠰ ᠪᠠᠶ᠋ᠢᠭᠤᠯᠬᠤ ᠠᠷᠭ᠎ᠠ ᠪᠣᠳᠣᠯᠭ᠎ᠠ》᠎ᠳ᠋ᠤ ᠵᠢᠷᠤᠭᠯᠠᠭᠰᠠᠨ ᠲᠡᠮᠦᠷ ᠵᠠᠮ ᠪᠠᠢᠭᠤᠯᠬᠤ᠂ ᠵᠠᠰᠠᠮᠠᠯ ᠵᠠᠮ ᠳᠡᠪᠢᠰᠬᠦ᠂ ᠴᠢᠮᠡᠭᠡ ᠬᠣᠯᠪᠣᠭ᠎ᠠ ᠨᠡᠭᠡᠭᠡᠬᠦ᠂ ᠤᠰᠤᠨ ᠠᠰᠢᠭ᠍ᠯᠠᠯᠲᠠ᠎ᠶᠢ ᠬᠥᠭᠵᠢᠭᠦᠯᠬᠦ᠂ ᠲᠠᠲᠠᠮᠠᠯ ᠭᠣᠣᠯ ᠮᠠᠯᠲᠠᠬᠤ᠂ ᠭᠠᠷᠠᠮ ᠵᠠᠰᠠᠬᠤ᠂ ᠦᠢᠯᠡᠳᠪᠦᠷᠢ ᠠᠭᠤᠷᠬᠠᠢ ᠪᠠᠶ᠋ᠢᠭᠤᠯᠬᠤ ᠵᠡᠷᠭᠡ ᠠᠯᠢ ᠤᠯᠠᠨ ᠠᠤᠭ᠎ᠠ ᠵᠢᠷᠤᠭ ᠲᠥᠯᠥᠪᠯᠡᠭᠡ ᠨᠢ ᠠᠯᠢ ᠬᠡᠳᠦᠢᠨ ᠪᠣᠳᠠᠲᠤ ᠠᠬᠤᠢ ᠪᠣᠯᠤᠭᠰᠠᠨ᠎ᠢᠶᠠᠷ ᠪᠠᠷᠠᠬᠤ ᠦᠭᠡᠢ ᠲᠡᠭᠦᠨ᠎ᠦ ᠲᠥᠰᠥᠪᠯᠡᠯ ᠪᠠ ᠵᠢᠷᠤᠭᠯᠠᠯ᠎ᠡᠴᠡ ᠨᠡᠩ ᠪᠠᠶᠠᠯᠢᠭ᠋ ᠪᠥᠭᠡᠳ ᠠᠤᠭ᠎ᠠ ᠰᠦᠷᠯᠢᠭ ᠪᠣᠯᠤᠭᠰᠠᠨ ᠶᠤᠮ᠃ ᠤᠳᠤ᠂ ᠮᠠᠨ᠎ᠤ ᠠᠭᠤᠤ ᠶᠡᠬᠡ ᠡᠬᠡ ᠤᠯᠤᠰ ᠳᠡᠯᠡᠬᠡᠢ᠎ᠶᠢᠨ ᠳᠣᠷᠣᠨᠠᠳᠠᠬᠢᠨ᠎ᠳᠤ ᠰᠡᠬᠦᠢᠨ ᠰᠦᠨᠳᠡᠷᠯᠡᠵᠦ᠂ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠳᠡᠯᠡᠬᠡᠢ᠎ᠶᠢᠨ ᠬᠣᠶᠠᠳᠤᠭᠠᠷ᠎ᠲᠤ ᠯᠠᠪᠳᠠᠭᠤᠨᠵᠢᠭᠰᠠᠵᠤ᠂ ᠠᠷᠠᠳ᠎ᠤᠨ ᠠᠮᠢᠳᠤᠷᠠᠯ ᠪᠦᠬᠦ ᠲᠠᠯ᠎ᠠ᠎ᠪᠠᠷ ᠴᠢᠨᠡᠭᠡᠯᠢᠭᠵᠢᠬᠦ᠎ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭ᠍ᠰᠠᠨ᠎ᠡᠴᠡ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ᠎ᠶᠢ ᠤᠭᠲᠤᠵᠤ᠂ ᠬᠥᠮᠥᠨ ᠲᠥᠷᠥᠯᠬᠢᠲᠡᠨ᠎ᠦ ᠨᠡᠢᠭᠡᠮ᠎ᠦᠨ ᠬᠥᠭᠵᠢᠯᠲᠡ ᠲᠠᠪᠰᠢᠯᠳᠠ᠎ᠳᠤ ᠲᠠᠰᠤᠷᠠᠯᠳᠠ ᠦᠭᠡᠢ ᠰᠢᠨ᠎ᠡ ᠬᠤᠪᠢ ᠨᠡᠮᠡᠷᠢ ᠦᠵᠡᠭᠦᠯᠵᠦ ᠪᠠᠢᠨ᠎ᠠ᠃ ᠡᠨᠡ ᠪᠦᠬᠦᠨ ᠨᠢ ᠰᠦᠨ ᠵᠦᠩ ᠱᠠᠨ ᠠᠪᠤᠭᠠᠢ᠎ᠶᠢᠨ ᠠᠷᠢᠭᠤᠨ ᠰᠦᠨᠡᠰᠦ᠎ᠶᠢ ᠪᠦᠷᠢᠮᠦᠰᠦᠨ ᠲᠠᠢᠳᠬᠤᠷᠠᠭᠤᠯᠵᠤ ᠪᠣᠯᠬᠤ ᠶᠤᠮ᠃
ᠨᠥᠬᠥᠳ ᠠ᠋᠂ ᠨᠠᠢᠵᠠ ᠨᠠᠷ ᠡ!
100 ᠭᠠᠷᠤᠢ ᠵᠢᠯ᠎ᠦᠨ ᠲᠤᠷᠰᠢ᠂ ᠰᠦᠨ ᠵᠦᠩ ᠱᠠᠨ ᠠᠪᠤᠭᠠᠢ᠎ᠶᠢᠨ《ᠳᠤᠮᠳᠠᠳᠤ ᠪᠠᠨ ᠬᠥᠭᠵᠢᠭᠦᠯᠦᠨ ᠮᠠᠨᠳᠤᠭᠤᠯᠬᠤ》 ᠤᠷᠢᠶ᠎ᠠ ᠨᠢ ᠦᠶ᠎ᠡ ᠦᠶ᠎ᠡ᠎ᠶᠢᠨ ᠳᠤᠮᠳᠠᠳᠤᠴᠤᠳ᠎ᠢ ᠵᠣᠷᠢᠭ᠍ᠵᠢᠭᠤᠯᠵᠤ᠂ ᠲᠠᠰᠤᠷᠠᠯᠳᠠ ᠦᠭᠡᠢ ᠰᠢᠨ᠎ᠡ ᠴᠠᠭ ᠦᠶ᠎ᠡ᠎ᠶᠢᠨ ᠠᠴᠢ ᠬᠣᠯᠪᠣᠭᠳᠠᠯ ᠪᠠ ᠠᠭᠤᠯᠤᠭᠳᠠᠬᠤᠨ ᠣᠯᠭᠣᠭᠰᠠᠨ ᠪᠠᠢᠨ᠎ᠠ᠃ ᠥᠨᠥᠳᠥᠷ᠂ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠨ᠂ ᠪᠠᠳᠠᠷᠠᠭᠤᠯᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠲᠠᠰᠤᠷᠠᠯᠳᠠ ᠦᠭᠡᠢ ᠲᠦᠯᠬᠢᠨ ᠤᠷᠤᠭᠰᠢᠯᠠᠭᠤᠯᠬᠤ ᠪᠣᠯ ᠪᠢᠳᠡᠨ᠎ᠤ ᠰᠦᠨ ᠵᠦᠩ ᠱᠠᠨ ᠠᠪᠤᠭᠠᠢ᠎ᠶᠢ ᠬᠠᠮᠤᠭ᠎ᠤᠨ ᠰᠠᠢᠨ ᠳᠤᠷᠠᠰᠬᠠᠵᠤ ᠪᠠᠢᠭ᠎ᠠ ᠶᠠᠪᠤᠳᠠᠯ ᠪᠣᠯᠣᠨ᠎ᠠ᠃
— ᠰᠦᠨ ᠵᠦᠩ ᠱᠠᠨ ᠠᠪᠤᠭᠠᠢ ᠨᠠᠰᠤᠨ ᠲᠤᠷᠰᠢᠲᠠ ᠤᠯᠤᠰ᠎ᠢᠶᠠᠨ ᠬᠠᠢᠷᠠᠯᠠᠨ ᠤᠯᠤᠰ᠎ᠢᠶᠠᠨ ᠠᠪᠤᠷᠠᠵᠤ᠂ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠨ᠂ ᠪᠠᠳᠠᠷᠠᠭᠤᠯᠬᠤ᠎ᠳᠤ᠂ ᠤᠯᠤᠰ ᠵᠢᠡᠨ ᠬᠠᠢᠷᠠᠯᠠᠬᠤ ᠦᠵᠡᠯ᠎ᠦᠨ ᠵᠣᠷᠢᠭ᠋ ᠰᠠᠨᠠᠭ᠎ᠠ᠎ᠶᠢ ᠥᠨᠳᠥᠷ ᠮᠠᠨᠳᠤᠭᠤᠯᠤᠨ᠂ ᠡᠬᠡ ᠤᠯᠤᠰ᠎ᠢᠶᠠᠨ ᠴᠡᠴᠡᠭᠯᠡᠭᠦᠯᠦᠨ ᠪᠠᠶᠠᠵᠢᠭᠤᠯᠤᠨ ᠬᠦᠴᠦᠷᠬᠡᠭᠵᠢᠭᠦᠯᠬᠦ᠎ᠪᠡᠷ ᠬᠦᠴᠦᠯᠡᠨ ᠴᠢᠷᠮᠠᠢᠬᠤ ᠬᠡᠷᠡᠭᠲᠡᠢ᠃ ᠰᠦᠨ ᠵᠦᠩ ᠱᠠᠨ ᠠᠪᠤᠭᠠᠢ《ᠠᠮᠢ ᠪᠡᠶ᠎ᠡ᠎ᠪᠡᠷ᠎ᠢᠶᠡᠨ ᠲᠡᠮᠡᠴᠡᠵᠦ ᠤᠯᠤᠰ ᠣᠷᠣᠨ᠎ᠤ᠎ᠪᠠᠨ ᠲᠥᠯᠥᠭᠡ ᠵᠢᠳᠬᠦᠬᠦ》 ᠤᠯᠤᠰ᠎ᠢᠶᠠᠨ ᠬᠠᠢᠷᠠᠯᠠᠬᠤ ᠴᠢᠩᠭ᠎ᠠ ᠬᠠᠯᠠᠭᠤᠨ ᠰᠡᠳᠬᠢᠯᠭᠡ᠎ᠶᠢ ᠡᠪᠦᠷᠯᠡᠵᠦ᠂ 《ᠬᠥᠮᠥᠨ ᠪᠣᠯᠬᠤ᠎ᠶᠢᠨ ᠬᠠᠮᠤᠭ᠎ᠤᠨ ᠲᠤᠮᠤ ᠶᠠᠪᠤᠳᠠᠯ》 ᠪᠣᠯ ᠳᠠᠷᠤᠢ《ᠬᠡᠷᠬᠢᠨ ᠤᠯᠤᠰ᠎ᠢᠶᠠᠨ ᠬᠠᠢᠷᠠᠯᠠᠬᠤ᠎ᠶᠢ ᠮᠡᠳᠡᠬᠦ ᠬᠡᠷᠡᠭᠳᠡᠢ》᠂ 《ᠬᠥᠭᠵᠢᠯᠲᠡ᠎ᠶᠢᠨ ᠡᠷᠬᠡ᠎ᠶᠢ ᠥᠪᠡᠷ᠎ᠦᠨ ᠪᠡᠶ᠎ᠡ᠎ᠳᠡᠭᠡᠨ ᠡᠵᠡᠮᠰᠢᠪᠡᠯ ᠣᠷᠣᠰᠢᠨ ᠲᠣᠭᠲᠠᠨᠢᠵᠤ᠂ ᠦᠭᠡᠷ᠎ᠡ ᠪᠤᠰᠤᠳ ᠲᠦ᠍ ᠦᠭᠪᠡᠯ ᠮᠦᠬᠦᠵᠦ ᠰᠦᠨᠦᠨᠡ》᠂《ᠳᠤᠮᠳᠠᠳᠤ ᠪᠠᠨ ᠠᠪᠤᠷᠠᠬᠤ ᠪᠣᠯ ᠪᠦᠷᠢᠮᠦᠰᠦᠨ ᠮᠠᠨ᠎ᠤ ᠥᠪᠡᠷ᠎ᠦᠨ ᠬᠠᠷᠢᠭᠤᠴᠠᠯᠭ᠎ᠠ ᠮᠥᠨ》ᠭᠡᠵᠦ ᠦᠵᠡᠪᠡ᠃ ᠶᠠᠭ ᠡᠢᠮᠦ ᠬᠠᠷᠢᠭᠤᠴᠠᠯᠭ᠎ᠠ᠎ᠶᠢ ᠡᠭᠦᠷᠭᠡᠯᠡᠬᠦ᠎ᠪᠡᠷ ᠵᠣᠷᠢᠭ᠋ ᠰᠢᠭᠤᠳᠴᠦ᠂ ᠲᠡᠷᠡ《ᠮᠦᠬᠦᠯ᠎ᠤᠨ ᠠᠶᠤᠯ ᠳ᠋ᠦ ᠤᠴᠠᠷᠠᠬᠰᠠᠨ ᠤᠯᠤᠰ ᠬᠦᠷᠦᠨ ᠵᠢᠡᠨ ᠠᠪᠤᠷᠠᠬᠤ》 ᠵᠢᠨ ᠲᠦᠯᠦᠭᠡ᠂ ᠳᠤᠮᠳᠠᠳᠤ ᠤᠯᠤᠰ᠎ᠢ 《ᠳᠡᠯᠡᠬᠡᠢ ᠳᠡᠭᠡᠷᠡᠭᠢ ᠬᠠᠮᠤᠭ᠎ᠤᠨ ᠪᠠᠶᠠᠨ ᠬᠦᠴᠦᠷᠬᠡᠭ ᠤᠯᠤᠰ》᠂《ᠳᠡᠯᠡᠬᠡᠢ ᠳᠡᠭᠡᠷᠡᠬᠢ ᠬᠠᠮᠤᠭ᠎ᠤᠨ ᠠᠮᠤᠷ ᠵᠢᠷᠭᠠᠯ᠎ᠲᠠᠢ ᠤᠯᠤᠰ》 ᠪᠣᠯᠭᠠᠬᠤ᠎ᠶᠢᠨ ᠲᠥᠯᠥᠭᠡ ᠨᠢᠭᠡ ᠨᠠᠰᠤ᠎ᠪᠠᠷ᠎ᠢᠶᠠᠨ ᠴᠥᠬᠥᠷᠡᠰᠢ ᠦᠭᠡᠢ ᠲᠡᠮᠡᠴᠡᠭᠰᠡᠨ ᠶᠤᠮ᠃
ᠰᠢᠨ᠎ᠡ ᠠᠶᠠᠨ᠎ᠳᠤ᠂ ᠪᠢᠳᠠ ᠤᠯᠤᠰ᠎ᠢᠶᠠᠨ ᠬᠠᠢᠷᠠᠯᠠᠬᠤ ᠪᠠ ᠨᠠᠮ᠎ᠢᠶᠠᠨ ᠬᠠᠢᠷᠠᠯᠠᠬᠤ᠂ ᠨᠡᠢᠭᠡᠮ ᠵᠢᠷᠤᠮ᠎ᠢᠶᠠᠨ ᠬᠠᠢᠷᠠᠯᠠᠬᠤ᠎ᠶᠢ ᠨᠢᠭᠡᠳᠬᠡᠬᠦ᠎ᠶᠢ ᠪᠠᠷᠢᠮᠲᠠᠯᠠᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢ ᠪᠠᠲᠤᠳᠬᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠤᠯᠤᠰ᠎ᠢᠶᠠᠨ ᠬᠠᠢᠷᠠᠯᠠᠬᠤ ᠰᠡᠳᠬᠢᠯᠭᠡ᠎ᠶᠢ ᠲᠠᠰᠤᠷᠠᠯᠳᠠ ᠦᠭᠡᠢ ᠵᠤᠵᠠᠭᠠᠳᠬᠠᠨ᠂ ᠤᠯᠤᠰ᠎ᠢᠶᠠᠨ ᠬᠦᠴᠦᠷᠬᠡᠭᠵᠢᠭᠦᠯᠬᠦ ᠵᠣᠷᠢᠭ᠋᠎ᠢ ᠬᠥᠪᠴᠢᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠢᠯᠠᠯᠲᠠ᠎ᠶᠢ ᠤᠷᠤᠭ᠍ᠰᠢ ᠠᠬᠢᠭᠤᠯᠵᠤ᠂ ᠬᠠᠮᠲᠤ᠎ᠪᠠᠷ ᠠᠭᠤᠤ ᠶᠡᠬᠡ ᠡᠬᠡ ᠤᠯᠤᠰ᠎ᠢᠶᠠᠨ ᠨᠡᠩ ᠰᠠᠢᠨ ᠰᠠᠢᠬᠠᠨ ᠪᠣᠯᠭᠠᠨ ᠪᠦᠲᠦᠭᠡᠨ ᠪᠠᠶ᠋ᠢᠭᠤᠯᠬᠤ᠎ᠶᠢ ᠵᠣᠷᠢᠭ᠍ᠵᠢᠭᠤᠯᠬᠤ ᠬᠡᠷᠡᠭᠲᠡᠢ᠃
— ᠰᠦᠨ ᠵᠦᠩ ᠱᠠᠨ ᠠᠪᠤᠭᠠᠢ ᠨᠠᠰᠤᠨ ᠲᠤᠷᠰᠢᠲᠠ ᠠᠷᠠᠳ ᠤᠯᠠᠨ᠎ᠲᠠᠢ ᠰᠡᠳᠬᠢᠯ ᠵᠢᠷᠦᠬᠡ᠎ᠪᠡᠨ ᠬᠣᠯᠪᠣᠭᠰᠠᠨ ᠶᠤᠮ᠂ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠵᠤ᠂ ᠪᠠᠳᠠᠷᠠᠭᠤᠯᠬᠤ᠎ᠳᠤ ᠢᠮᠠᠭᠲᠠ ᠠᠷᠠᠳ ᠲᠦᠮᠡᠨ᠎ᠢ ᠳᠡᠭᠡᠳᠦᠯᠡᠵᠦ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠬᠡᠷᠡᠭᠲᠡᠢ᠃ ᠰᠦᠨ ᠵᠦᠩ ᠱᠠᠨ ᠠᠪᠤᠭᠠᠢ ᠠᠷᠠᠳ ᠲᠦᠮᠡᠨ᠎ᠳᠦ ᠭᠦᠨ ᠵᠤᠵᠠᠭᠠᠨ ᠬᠠᠢᠷ᠎ᠠ ᠰᠡᠳᠬᠢᠯᠭᠡ᠎ᠲᠠᠢ ᠪᠠᠢᠵᠤ᠂《ᠤᠯᠤᠰ ᠬᠦᠷᠦᠨ᠎ᠤ ᠦᠨᠳᠦᠰᠦ ᠪᠣᠯ ᠠᠷᠠᠳ ᠲᠦᠮᠡᠨ᠎ᠳᠦ ᠪᠤᠢ》ᠭᠡᠵᠦ ᠦᠵᠡᠵᠦ᠂《ᠠᠷᠠᠳ᠎ᠤᠨ ᠠᠮᠢᠳᠤᠷᠠᠯ᠎ᠤᠨ ᠵᠣᠯ ᠵᠢᠷᠭᠠᠯ᠎ᠢ ᠡᠷᠢᠯᠬᠢᠯᠡᠨ᠎ᠡ》ᠭᠡᠵᠦ ᠲᠠᠩᠭᠠᠷᠢᠭ᠍ᠯᠠᠵᠤ᠂ ᠬᠤᠪᠢᠰᠬᠠᠯ ᠪᠣᠯ《ᠠᠷᠠᠳ ᠲᠦᠮᠡᠨ᠎ᠦ ᠲᠡᠳᠡᠭᠡᠷ ᠵᠣᠪᠠᠨᠢᠯ᠎ᠢ ᠠᠷᠢᠯᠭᠠᠬᠤ ᠶᠠᠪᠤᠳᠠᠯ ᠮᠥᠨ》ᠭᠡᠵᠦ ᠪᠠᠲᠤ ᠢᠲᠡᠭᠡᠵᠡᠢ᠃ ᠲᠡᠷᠡ᠄《ᠠᠷᠠᠳ ᠲᠦᠮᠡᠨ᠎ᠦ ᠬᠢᠵᠦ ᠳᠡᠶ᠋ᠢᠯᠬᠦ ᠦᠭᠡᠢ ᠵᠦᠢᠯ᠎ᠢ ᠪᠢᠳᠡ ᠲᠡᠳᠡᠨ᠎ᠦ ᠡᠮᠦᠨ᠎ᠡ᠎ᠡᠴᠡ ᠬᠢᠬᠦ ᠬᠡᠷᠡᠭᠲᠡᠢ; ᠠᠷᠠᠳ ᠲᠦᠮᠡᠨ ᠡᠷᠬᠡ ᠮᠡᠳᠡᠯ ᠦᠭᠡᠢ ᠵᠦᠢᠯ ᠢ᠋ ᠪᠢᠳᠡ ᠲᠡᠳᠡᠨ᠎ᠦ ᠡᠮᠦᠨ᠎ᠡ᠎ᠡᠴᠡ ᠲᠡᠮᠡᠴᠡᠭᠦ ᠬᠡᠷᠡᠭᠲᠡᠢ》ᠭᠡᠵᠦ ᠵᠢᠭᠠᠵᠤ ᠭᠠᠷᠭᠠᠪᠠ᠃ ᠲᠡᠷᠡ《ᠰᠠᠨᠮᠢᠨ ᠦᠵᠡᠯ ᠪᠣᠯ ᠠᠷᠠᠳ ᠲᠦᠮᠡᠨ᠎ᠦ ᠲᠥᠯᠥᠭᠡ ᠪᠠᠢᠭᠤᠯᠤᠭᠰᠠᠨ ᠶᠤᠮ》ᠭᠡᠵᠦ ᠴᠢᠬᠤᠯᠠᠴᠢᠯᠠᠵᠤ᠂《ᠭᠠᠵᠠᠷ ᠰᠢᠷᠣᠢ᠎ᠶᠢᠨ ᠡᠷᠬᠡ᠎ᠶᠢ ᠲᠡᠭᠰᠢᠳᠬᠡᠬᠦ》᠂《ᠬᠥᠷᠥᠩᠭᠡ᠎ᠶᠢ ᠬᠢᠵᠠᠭᠠᠷᠯᠠᠬᠤ》᠎ᠶ᠋ᠢ ᠵᠣᠷᠢᠵᠤ᠂《ᠬᠥᠮᠥᠨ ᠪᠦᠬᠦᠨ ᠠᠵᠤ ᠠᠬᠤᠢ᠎ᠶᠢᠨ ᠲᠠᠯ᠎ᠠ᠎ᠪᠠᠷ ᠡᠷᠬᠡ ᠲᠡᠭᠰᠢ ᠵᠣᠯ ᠵᠢᠷᠭᠠᠯ᠎ᠢ ᠡᠳ᠋ᠯᠡᠬᠦ᠎ᠡᠴᠡ ᠪᠢᠰᠢ᠂ ᠲᠡᠭᠰᠢ ᠪᠤᠰᠤ ᠵᠦᠢᠯ ᠤᠷᠤᠰᠢᠬᠤ ᠦᠭᠡᠢ》ᠪᠠᠢᠬᠤ᠎ᠶᠢ ᠪᠡᠶᠡᠯᠡᠭᠦᠯᠬᠦ᠎ᠪᠡᠷ ᠴᠢᠷᠮᠠᠢᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ《ᠳᠡᠯᠡᠬᠡᠢ ᠲᠡᠭᠡᠷᠡᠬᠢ ᠬᠠᠮᠤᠭ᠎ᠤᠨ ᠵᠣᠯ ᠵᠢᠷᠭᠠᠯ ᠡᠳ᠋ᠯᠡᠬᠦ ᠠᠷᠠᠳ ᠲᠦᠮᠡᠨ》ᠪᠣᠯᠭᠠᠬᠤ᠎ᠶᠢᠨ ᠲᠥᠯᠥᠭᠡ ᠨᠢᠭᠡ ᠨᠠᠰᠤ᠎ᠪᠠᠷ᠎ᠢᠶᠠᠨ ᠵᠢᠳᠬᠦᠪᠡ᠃
ᠰᠢᠨ᠎ᠡ ᠠᠶᠠᠨ᠎ᠳᠤ᠂ ᠪᠢᠳᠡ ᠲᠦᠷᠦ ᠭᠦᠷᠦᠨ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠦᠷᠦ ᠭᠦᠷᠦᠨ ᠮᠥᠨ ᠭᠡᠳᠡᠭ᠎ᠢ ᠪᠠᠲᠤ ᠴᠡᠭᠡᠵᠢᠯᠡᠵᠦ᠂ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠡᠵᠡᠮᠳᠡᠵᠦ᠂ ᠠᠷᠠᠳ ᠲᠦᠮᠡᠨ᠎ᠦ ᠡᠭᠦᠳᠦᠨ ᠪᠦᠲᠦᠭᠡᠯᠲᠡ᠎ᠶᠢ ᠬᠦᠨᠳᠦᠳᠬᠡᠵᠦ᠂ ᠠᠷᠠᠳ ᠲᠦᠮᠡᠨ᠎ᠦ ᠤᠶᠤᠨ ᠤᠬᠠᠭᠠᠨ᠎ᠢ ᠲᠥᠪᠯᠡᠷᠡᠭᠦᠯᠵᠦ᠂ ᠪᠦᠬᠦ ᠶᠠᠪᠤᠴᠠ᠎ᠳᠤ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠦ ᠨᠡᠩ ᠤᠯᠠᠨ ᠨᠡᠩ ᠡᠷᠬᠡ ᠲᠡᠭᠰᠢ᠎ᠪᠡᠷ ᠬᠦᠷᠲᠡᠭᠡᠵᠦ᠂ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠂ ᠪᠦᠬᠦ ᠠᠷᠠᠳ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ᠎ᠶᠢ ᠠᠬᠢᠭᠤᠯᠬᠤ ᠢᠳᠡᠷᠡᠭᠦᠨ ᠠᠯᠬᠤᠭ᠎ᠠ᠎ᠶᠢ ᠠᠯᠬᠤᠬᠤ ᠬᠡᠷᠡᠭᠲᠡᠢ᠃
— ᠰᠦᠨ ᠵᠦᠩ ᠱᠠᠨ ᠠᠪᠤᠭᠠᠢ ᠨᠠᠰᠤᠨ ᠲᠤᠷᠰᠢᠲᠠ ᠦᠨᠡᠨ ᠶᠣᠰᠣ᠌᠎ᠶᠢ ᠬᠥᠭᠡᠭᠡᠴᠡᠯᠳᠦᠭᠰᠡᠨ ᠶᠤᠮ᠂ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠵᠤ᠂ ᠪᠠᠳᠠᠷᠠᠭᠤᠯᠬᠤ᠎ᠳᠤ《ᠬᠣᠶᠠᠷ᠎ᠢ ᠤᠶᠠᠯᠳᠤᠭᠤᠯᠬᠤ》᠎ᠶ᠋ᠢ ᠪᠠᠷᠢᠮᠲᠠᠯᠠᠵᠤ᠂ ᠦᠢᠯᠡᠳᠦᠯᠭᠡ᠎ᠶᠢᠨ ᠰᠠᠭᠤᠷᠢᠨ ᠳᠡᠭᠡᠷᠡᠬᠢ ᠤᠨᠤᠯ᠎ᠤᠨ ᠰᠢᠨ᠎ᠡ ᠡᠭᠦᠳᠦᠯᠲᠡ᠎ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠰᠦᠨ ᠵᠦᠩ ᠱᠠᠨ ᠠᠪᠤᠭᠠᠢ ᠨᠠᠰᠤ ᠪᠠᠭ᠎ᠠ᠎ᠳᠠᠭᠠᠨ ᠳᠠᠷᠤᠢ《ᠠᠯᠤᠰ ᠬᠡᠳᠦ ᠵᠢᠨ ᠬᠦᠰᠡᠯᠡᠨᠭ》᠎ᠲᠠᠢ ᠪᠠᠢᠵᠤ᠂ ᠢᠮᠠᠭᠲᠠ ᠲᠡᠷᠢᠭᠦᠨ᠎ᠦ ᠮᠡᠳᠡᠯᠭᠡ ᠪᠠ ᠠᠰᠢᠭ᠍ᠲᠠᠢ ᠦᠵᠡᠯ ᠰᠠᠨᠠᠭᠠᠨ᠎ᠤ ᠦᠷ᠎ᠡ ᠪᠦᠲᠦᠭᠡᠯ᠎ᠢ ᠥᠷᠭᠡᠨ᠎ᠢᠶᠡᠷ ᠰᠤᠷᠤᠯᠴᠠᠵᠤ᠂《ᠳᠡᠯᠡᠬᠡᠢ᠎ᠶᠢᠨ ᠤᠷᠤᠰᠬᠠᠯ᠎ᠳᠤ ᠵᠣᠬᠢᠴᠠᠵᠤ᠂ ᠬᠥᠮᠥᠰ᠎ᠦᠨ ᠬᠡᠷᠡᠭᠴᠡᠭᠡ᠎ᠳᠦ ᠨᠡᠢᠴᠡᠭᠦᠯᠦᠭᠰᠡᠭᠡᠷ ᠢᠷᠡᠵᠡᠢ》᠃ ᠬᠤᠪᠢᠰᠬᠠᠯᠳᠤ ᠣᠷᠣᠯᠴᠠᠭᠰᠠᠨ᠎ᠤ ᠳᠠᠷᠠᠭ᠎ᠠ᠂ ᠲᠡᠷᠡ《ᠬᠤᠪᠢᠰᠬᠠᠯ᠎ᠤᠨ ᠠᠮᠵᠢᠯᠲᠠ᠎ᠶᠢ ᠣᠯᠣᠶ᠎ᠠ ᠭᠡᠪᠡᠯ ᠡᠷᠬᠡᠪᠰᠢ ᠦᠵᠡᠯ ᠰᠠᠨᠠᠭᠠᠨ᠎ᠤ ᠬᠤᠪᠢᠷᠠᠯᠲᠠ᠎ᠳᠤ ᠲᠦᠰᠢᠭᠯᠡᠬᠦ ᠬᠡᠷᠡᠭᠲᠡᠢ》ᠭᠡᠳᠡᠭ᠎ᠢ ᠰᠡᠷᠭᠡᠭ᠎ᠢᠶᠡᠷ ᠲᠠᠨᠢᠵᠤ᠂ ᠬᠤᠪᠢᠰᠬᠠᠯ᠎ᠤᠨ ᠦᠢᠯᠡᠳᠦᠯᠭᠡ ᠳᠤᠮᠳᠠ᠎ᠠᠴᠠ ᠦᠨᠡᠨ ᠶᠣᠰᠣ᠌᠎ᠶᠢ ᠢᠳᠡᠪᠬᠢᠲᠡᠢ ᠡᠷᠢᠯᠬᠢᠯᠡᠵᠦ᠂ ᠥᠪᠡᠷ᠎ᠦᠨ ᠬᠤᠪᠢᠰᠬᠠᠯ᠎ᠤᠨ ᠣᠢᠯᠠᠭᠠᠭᠳᠠᠬᠤᠨ ᠪᠣᠯᠣᠨ ᠲᠡᠮᠡᠴᠡᠯ᠎ᠦᠨ ᠠᠷᠭ᠎ᠠ ᠪᠣᠳᠣᠯᠭ᠎ᠠ᠎ᠪᠠᠨ ᠴᠢᠷᠮᠠᠢᠨ ᠲᠡᠭᠦᠯᠳᠡᠷᠵᠢᠭᠦᠯᠵᠦ᠂《ᠳᠤᠮᠳᠠᠳᠤ ᠤᠯᠤᠰ᠎ᠤᠨ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ》᠎ᠶ᠋ᠢ ᠠᠬᠢᠭᠤᠯᠬᠤ᠎ᠶᠢᠨ ᠲᠥᠯᠥᠭᠡ᠂ ᠨᠢᠭᠡ ᠨᠠᠰᠤ᠎ᠪᠡᠷ ᠵᠢᠡᠨ ᠰᠢᠷᠭᠠᠭᠤ ᠬᠠᠲᠠᠭᠤᠵᠢᠯᠲᠠᠢᠡᠷᠢᠯᠬᠢᠯᠡᠪᠡ᠃
ᠰᠢᠨ᠎ᠡ ᠠᠶᠠᠨ᠎ᠳᠤ᠂ ᠪᠢᠳᠡ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠌᠎ᠶᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶᠢ ᠪᠠᠷᠢᠮᠲᠠᠯᠠᠵᠤ᠂ ᠤᠨᠤᠯ᠎ᠤᠨ ᠰᠦᠪᠡᠭᠴᠢᠯᠡᠯᠲᠡ ᠪᠠ ᠰᠢᠨ᠎ᠡ ᠡᠭᠦᠳᠦᠯᠲᠡ᠎ᠶᠢ ᠵᠣᠷᠢᠭ᠍ᠲᠠᠢ ᠬᠢᠵᠦ᠂ ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶᠢᠨ ᠠᠰᠠᠭᠤᠯᠲᠠ᠎ᠶᠢ ᠰᠢᠨᠵᠢᠯᠡᠬᠦ ᠤᠬᠠᠭᠠᠨᠴᠢ᠎ᠪᠠᠷ ᠬᠠᠷᠢᠭᠤᠯᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠴᠠᠭ ᠦᠶ᠎ᠡ᠎ᠲᠠᠢ ᠵᠡᠷᠭᠡ᠎ᠪᠡᠷ ᠪᠠᠶᠠᠯᠢᠭ᠍ᠵᠢᠭᠤᠯᠤᠨ ᠬᠥᠭᠵᠢᠭᠦᠯᠵᠦ᠂ ᠮᠠᠷᠺᠰ᠎ᠤᠨ ᠦᠵᠡᠯ᠎ᠦᠨ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ᠃
— ᠰᠦᠨ ᠵᠦᠩ ᠱᠠᠨ ᠠᠪᠤᠭᠠᠢ ᠨᠠᠰᠤᠨ ᠲᠤᠷᠰᠢᠲᠠ ᠨᠤᠭᠤᠷᠠᠰᠢ ᠦᠭᠡᠢ ᠴᠢᠷᠮᠠᠢᠭᠰᠠᠨ ᠶᠤᠮ᠂ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠵᠤ᠂ ᠪᠠᠳᠠᠷᠠᠭᠤᠯᠬᠤ᠎ᠳᠤ ᠵᠣᠷᠢᠭ᠍ᠲᠠᠢ᠎ᠪᠠᠷ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠰᠢᠷᠭᠠᠭᠤ ᠲᠡᠮᠡᠴᠡᠯ᠎ᠳᠦ ᠲᠦᠰᠢᠭᠯᠡᠨ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠣᠷᠣᠨ ᠵᠠᠢ᠎ᠶᠢ ᠨᠡᠭᠡᠭᠡᠬᠦ ᠬᠡᠷᠡᠭᠲᠡᠢ᠃ ᠰᠦᠨ ᠵᠦᠩ ᠱᠠᠨ ᠠᠪᠤᠭᠠᠢ᠎ᠶᠢᠨ ᠬᠤᠪᠢᠰᠬᠠᠯ᠎ᠤᠨ ᠠᠮᠢᠳᠤᠷᠠᠯ ᠨᠤᠭᠤᠷᠠᠯ ᠪᠦᠳᠦᠷᠢᠯ᠎ᠳᠦ ᠣᠯᠠᠨᠲᠠ ᠤᠴᠠᠷᠠᠵᠤ᠂ ᠵᠣᠪᠠᠭᠤᠷᠢ ᠵᠦᠳᠡᠭᠦᠷᠢ᠎ᠶᠢ ᠬᠠᠨᠲᠠᠯ᠎ᠠ ᠠᠮᠰᠠᠭᠰᠠᠨ ᠪᠣᠯᠪᠠᠴᠤ ᠲᠡᠷᠡ《 ᠵᠣᠷᠢᠭ᠍ᠰᠠᠨ᠎ᠳᠠᠭᠠᠨ ᠬᠦᠷᠭᠦ ᠪᠡᠷ ᠴᠤᠴᠠᠯᠲᠠ ᠦᠭᠡᠢ ᠤᠷᠤᠭᠰᠢᠯᠠᠵᠤ᠂ ᠨᠤᠭᠤᠷᠠᠯ ᠪᠦᠳᠦᠷᠢᠯ᠎ᠳᠦ ᠤᠴᠠᠷᠠᠬᠤ ᠲᠤᠳᠤᠮ ᠡᠷᠡᠯᠬᠡᠭᠯᠡᠨ ᠲᠡᠮᠡᠴᠡᠵᠦ᠂ ᠴᠤᠴᠠᠯᠳᠠ ᠦᠭᠡᠢ ᠴᠢᠷᠮᠠᠢᠬᠤ》ᠵᠢ ᠢᠮᠠᠭᠲᠠ ᠪᠠᠷᠢᠮᠲᠠᠯᠠᠵᠤ᠂《ᠮᠤᠬᠤᠷᠳᠠᠯ᠎ᠤᠨ ᠵᠣᠪᠠᠯᠠᠩ᠎ᠳᠤ ᠨᠤᠭᠤᠷᠠᠰᠢ ᠦᠭᠡᠢ》ᠡᠷᠡᠰ ᠬᠠᠲᠠᠭᠤ ᠵᠣᠷᠢᠭ᠋᠎ᠢᠶᠠᠷ ᠴᠠᠭ ᠦᠶ᠎ᠡ᠎ᠶᠢᠨ ᠤᠷᠤᠰᠬᠠᠯ᠎ᠢ ᠰᠥᠷᠴᠦ ᠪᠠᠢᠭ᠎ᠠ ᠡᠯ᠎ᠡ ᠵᠦᠢᠯ᠎ᠦᠨ ᠬᠦᠴᠦᠨ᠎ᠲᠠᠢ ᠡᠷᠡᠰ ᠲᠡᠮᠡᠴᠡᠵᠦ᠂ ᠭᠠᠳᠠᠭᠠᠳᠤ᠎ᠶᠢᠨ ᠰᠦᠷᠳᠡᠭᠦᠯᠦᠯ᠂ ᠳᠣᠲᠣᠭᠠᠳᠤ᠎ᠶᠢᠨ ᠬᠠᠭᠠᠴᠠᠯ᠂ ᠲᠦᠷ ᠴᠠᠭ᠎ᠤᠨ ᠢᠯᠠᠭᠳᠠᠯ᠎ᠠᠴᠠ ᠪᠣᠯᠵᠤ ᠭᠤᠢᠪᠢᠯᠵᠠᠬᠤ ᠦᠭᠡᠢ ᠪᠠᠢᠵᠤ᠂ ᠡᠷᠡᠰ ᠪᠠᠲᠤ ᠬᠤᠪᠢᠰᠬᠠᠯᠲᠤ ᠵᠣᠷᠢᠭ᠋ ᠪᠠ ᠶᠠᠭᠤᠨ᠎ᠠᠴᠠ ᠴᠤ᠌ ᠦᠯᠦ ᠠᠶᠤᠬᠤ ᠪᠠᠭᠠᠲᠤᠷ ᠵᠣᠷᠢᠭ᠋᠎ᠢ ᠢᠯᠡᠷᠡᠭᠦᠯᠦᠭᠰᠡᠨ ᠪᠠᠢᠨ᠎ᠠ᠃ ᠲᠡᠷᠡ ᠨᠠᠰᠤ ᠪᠠᠷᠠᠬᠤ ᠦᠶ᠎ᠡ᠎ᠳᠡᠭᠡᠨ ᠴᠦ᠍ ᠮᠥᠨ ᠯᠡ《ᠡᠩᠬᠡ ᠲᠠᠢᠪᠤᠩ᠂ ᠲᠡᠮᠡᠴᠡᠯ᠂ ᠳᠤᠮᠳᠠᠳᠤ ᠤᠯᠤᠰ᠎ᠢ ᠠᠪᠤᠷᠠᠬᠤ》᠎ᠪᠠᠨ ᠮᠠᠷᠲᠠᠭᠰᠠᠨ ᠦᠭᠡᠢ ᠪᠠᠢᠵᠤ᠂ ᠦᠨᠡᠨ ᠬᠦ᠌ ᠠᠮᠢᠰᠬᠤᠭ᠎ᠠ ᠲᠠᠢ ᠯᠡ ᠪᠠᠢᠪᠠᠯ ᠴᠦᠬᠦᠷᠡᠰᠢ ᠦᠭᠡᠢ ᠲᠡᠮᠡᠴᠡᠬᠦ ᠵᠤᠷᠢᠭ ᠰᠠᠨᠠᠭ᠎ᠠ ᠵᠢ ᠢᠯᠡᠷᠡᠬᠦᠯᠪᠡ᠃
ᠰᠢᠨ᠎ᠡ ᠠᠶᠠᠨ᠎ᠳᠤ᠂ ᠪᠢᠳᠡ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠳᠡᠭᠡᠭᠰᠢᠯᠡᠭᠦᠯᠵᠦ᠂ ᠶᠠᠮᠠᠷᠪᠠ ᠬᠦᠴᠢᠷ ᠪᠡᠷᠬᠡᠰᠢᠶᠡᠯ᠎ᠡᠴᠡ ᠠᠶᠤᠬᠤ ᠦᠭᠡᠢ᠂ ᠶᠠᠮᠠᠷᠪᠠ ᠳᠠᠢᠰᠤᠨ᠎ᠳᠤ ᠨᠤᠭᠤᠷᠠᠬᠤ ᠦᠭᠡᠢ ᠪᠠᠢᠵᠤ᠂ ᠰᠠᠯᠬᠢ ᠪᠤᠷᠤᠭ᠎ᠠ ᠴᠢᠨᠠᠭᠰᠢᠯᠠᠨ ᠰᠢᠷᠦᠭᠦᠨ ᠳᠠᠪᠠᠯᠭᠠᠨ᠎ᠤ ᠴᠢᠬᠤᠯᠠ ᠶᠡᠬᠡ ᠰᠢᠯᠭᠠᠯᠲᠠ᠎ᠶᠢ ᠳᠠᠭᠠᠭᠠᠵᠤ ᠭᠠᠷᠬᠤ᠎ᠪᠠᠷ ᠴᠠᠭ ᠢᠮᠠᠭᠲᠠ ᠪᠡᠯᠡᠬᠡᠨ ᠪᠠᠢᠵᠤ᠂ ᠤᠷᠤᠭᠰᠢᠯᠠᠯᠲᠠ᠎ᠶᠢᠨ ᠵᠠᠮ ᠳ᠋ᠡᠬᠢ ᠡᠯ᠎ᠡ ᠵᠦᠢᠯ᠎ᠦᠨ ᠠᠶᠤᠯ ᠲᠦᠭᠰᠢᠭᠦᠷᠢ ᠥᠷᠢᠰᠦᠯᠳᠦᠭᠡᠨ᠎ᠢ ᠪᠦᠬᠦ ᠬᠦᠴᠦ᠎ᠪᠡᠷ᠎ᠢᠶᠡᠨ ᠢᠯᠠᠨ ᠳᠠᠪᠠᠵᠤ᠂ ᠰᠢᠨ᠎ᠡ ᠴᠠᠭ ᠦᠶ᠎ᠡ᠎ᠶᠢᠨ ᠠᠭᠤᠤ ᠶᠡᠬᠡ ᠲᠡᠮᠡᠴᠡᠯ᠎ᠦᠨ ᠰᠢᠨ᠎ᠡ ᠢᠯᠠᠯᠲᠠ᠎ᠶᠢ ᠲᠠᠰᠤᠷᠠᠯᠳᠠ ᠦᠭᠡᠢ ᠲᠡᠮᠡᠴᠡᠨ ᠣᠯᠬᠤ ᠬᠡᠷᠡᠭᠲᠡᠢ᠃
— ᠰᠦᠨ ᠵᠦᠩ ᠱᠠᠨ ᠠᠪᠤᠭᠠᠢ ᠨᠠᠰᠤᠨ ᠲᠤᠷᠰᠢᠲᠠ ᠪᠦᠯᠬᠦᠮᠳᠡᠯ᠎ᠢ ᠰᠠᠨᠠᠭᠠᠴᠢᠯᠠᠭᠰᠠᠨ ᠶᠤᠮ᠂ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠵᠤ᠂ ᠪᠠᠳᠠᠷᠠᠭᠤᠯᠬᠤ᠎ᠳᠤ ᠨᠢᠭᠡᠳᠦᠮᠡᠯ ᠹᠷᠣᠨᠲ᠂ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠦᠷᠭᠦᠯᠵᠢᠯᠡᠨ ᠪᠡᠬᠢᠵᠢᠭᠦᠯᠦᠨ ᠬᠥᠭᠵᠢᠭᠦᠯᠬᠦ᠎ᠵᠢ ᠪᠠᠷᠢᠮᠲᠠᠯᠠᠬᠤ ᠬᠡᠷᠡᠭᠲᠡᠢ᠃ ᠰᠦᠨ ᠵᠦᠩ ᠱᠠᠨ ᠠᠪᠤᠭᠠᠢ ᠬᠤᠪᠢᠰᠬᠠᠯ᠎ᠢ ᠠᠬᠢᠭᠤᠯᠬᠤ ᠶᠠᠪᠤᠴᠠ᠎ᠳᠠᠭᠠᠨ《ᠬᠤᠪᠢᠰᠬᠠᠯ᠎ᠤᠨ ᠦᠢᠯᠡᠰ᠎ᠢ ᠠᠷᠠᠳ ᠤᠯᠠᠨ ᠬᠥᠭᠵᠢᠭᠦᠯᠬᠦ ᠪᠥᠭᠡᠳ ᠠᠷᠠᠳ ᠤᠯᠠᠨ ᠪᠦᠲᠦᠭᠡᠬᠦ ᠬᠡᠷᠡᠭᠲᠡᠢ》 ᠭᠡᠵᠦ ᠴᠢᠬᠤᠯᠠᠴᠢᠯᠠᠭᠰᠠᠭᠠᠷ ᠢᠷᠡᠵᠠᠢ᠃ ᠲᠡᠷᠡ《ᠠᠷᠠᠳ ᠤᠯᠠᠨ᠎ᠢ ᠳᠠᠭᠤᠳᠠᠨ ᠰᠡᠷᠬᠦᠬᠡᠬᠦ》᠎ᠪᠡᠷ ᠬᠦᠴᠦᠯᠡᠵᠦ᠂ ᠭᠠᠵᠠᠷ ᠪᠣᠯᠭᠠᠨ᠎ᠳᠤ ᠭᠦᠶᠦᠵᠦ᠂ ᠤᠯᠠᠨ ᠲᠠᠯ᠎ᠠ᠎ᠶᠢᠨ ᠬᠠᠷᠰᠢ ᠰᠠᠭᠠᠳ᠎ᠢ ᠰᠢᠪᠲᠤᠯᠵᠤ᠂ ᠡᠯ᠎ᠡ ᠵᠦᠢᠯ᠎ᠦᠨ ᠠᠵᠠ ᠲᠣᠬᠢᠶᠠᠯ᠎ᠢ ᠠᠰᠢᠭ᠍ᠯᠠᠨ ᠤᠯᠤᠰ᠎ᠤᠨ ᠳᠣᠲᠣᠭᠠᠳᠤ᠎ᠶᠢᠨ ᠠᠷᠠᠳ ᠤᠯᠠᠨ ᠪᠣᠯᠣᠨ ᠭᠠᠳᠠᠭᠠᠳᠤ᠎ᠳᠤ ᠪᠠᠢᠭ᠎ᠠ ᠳᠤᠮᠳᠠᠳᠤ᠎ᠶᠢᠨ ᠬᠠᠷᠢᠶᠠᠲᠤ ᠪᠠ ᠳᠤᠮᠳᠠᠳᠤᠴᠤᠳ ᠲᠦ᠍ ᠬᠤᠪᠢᠰᠬᠠᠯ᠎ᠤᠨ ᠵᠣᠷᠢᠯᠲᠠ᠎ᠶᠢ ᠤᠬᠠᠭᠤᠯᠵᠤ᠂ ᠨᠡᠩ ᠤᠯᠠᠨ ᠬᠥᠮᠥᠨ᠎ᠢ ᠲᠠᠲᠠᠵᠤ ᠬᠤᠪᠢᠰᠬᠠᠯ᠎ᠤᠨ ᠦᠢᠯᠡᠰ᠎ᠢ ᠳᠡᠮᠵᠢᠭᠦᠯᠵᠦ᠂ ᠡᠯ᠎ᠡ ᠲᠠᠯ᠎ᠠ᠎ᠶᠢᠨ ᠬᠦᠴᠦᠨ᠎ᠲᠠᠢ ᠥᠷᠭᠡᠨ᠎ᠢᠶᠡᠷ ᠬᠣᠯᠪᠣᠭᠠᠯᠠᠵᠤ《ᠠᠳᠠᠯᠢ ᠨᠢᠭᠡ ᠠᠯᠬᠤᠮᠵᠢᠡᠷ᠂ ᠤᠯᠤᠰ᠎ᠤᠨ ᠵᠠᠭᠤᠨ ᠵᠢᠯ᠎ᠦᠨ ᠶᠡᠬᠡ ᠪᠣᠳᠣᠯᠭ᠎ᠠ᠎ᠶᠢ ᠴᠢᠬᠤᠯᠠᠴᠢᠯᠠᠵᠤ᠂ ᠴᠢᠷᠮᠠᠢᠨ ᠲᠡᠮᠡᠴᠡᠪᠡ》᠃ ᠲᠡᠭᠦᠨ᠎ᠦ ᠨᠢᠭᠡᠳᠦᠮᠡᠯ ᠹᠷᠣᠨᠲ᠎ᠤᠨ ᠲᠦᠷᠦ᠎ᠶᠢᠨ ᠪᠣᠳᠣᠯᠭ᠎ᠠ ᠨᠢ ᠰᠠᠨᠮᠢᠨ ᠦᠵᠡᠯ᠎ᠦᠨ ᠤᠯᠤᠰ ᠲᠦᠷᠦ᠎ᠶᠢᠨ ᠬᠥᠲᠥᠯᠪᠦᠷᠢ᠂ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ᠋ ᠰᠠᠨᠠᠭ᠎ᠠ᠎ᠲᠠᠢ ᠬᠠᠮᠲᠤ᠎ᠪᠠᠷ ᠮᠠᠤ ᠽᠧ ᠳ᠋ᠦᠩ ᠨᠥᠬᠥᠷ᠎ᠲᠦ《ᠪᠢᠳᠡᠨ᠎ᠳᠦ ᠦᠯᠡᠳᠡᠭᠡᠵᠦ ᠥᠭᠭᠦᠭᠰᠡᠨ ᠬᠠᠮᠤᠭ᠎ᠤᠨ ᠭᠣᠣᠯ ᠬᠠᠮᠤᠭ᠎ᠤᠨ ᠮᠥᠨ ᠴᠢᠨᠠᠷ᠎ᠤᠨ ᠬᠠᠮᠤᠭ᠎ᠤᠨ ᠠᠭᠤᠤ ᠶᠡᠬᠡ ᠥᠪ ᠬᠥᠷᠥᠩᠭᠡ ᠮᠦᠨ》 ᠭᠡᠵᠦ ᠮᠠᠭᠲᠠᠭᠳᠠᠪᠠ᠃
ᠰᠢᠨ᠎ᠡ ᠠᠶᠠᠨ᠎ᠳᠤ᠂ ᠪᠢᠳᠡ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠢᠮᠠᠭᠲᠠ ᠪᠠᠷᠢᠮᠲᠠᠯᠠᠵᠤ᠂ ᠪᠦᠯᠬᠦᠮᠳᠡᠵᠦ ᠪᠤᠯᠬᠤ ᠬᠦᠴᠦᠨ ᠪᠦᠭᠦᠨ᠎ᠲᠠᠢ ᠪᠦᠯᠬᠦᠮᠳᠡᠵᠦ᠂ ᠲᠠᠢ᠍ᠢᠴᠢᠯᠠᠵᠤ ᠪᠤᠯᠬᠤ ᠢᠳᠡᠪᠬᠢ ᠬᠦᠴᠦᠨ ᠵᠦᠢᠯ ᠪᠦᠭᠦᠨ᠎ᠢ ᠲᠠᠢ᠍ᠢᠴᠢᠯᠠᠵᠤ᠂ ᠲᠦᠷᠦ᠎ᠶᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠦ ᠬᠠᠷᠢᠴᠠᠭ᠎ᠠ᠂ ᠱᠠᠰᠢᠨ ᠰᠤᠷᠲᠠᠬᠤᠨ᠎ᠤ ᠬᠠᠷᠢᠴᠠᠭ᠎ᠠ᠂ ᠳᠠᠪᠬᠤᠷᠭ᠎ᠠ᠎ᠶᠢᠨ ᠬᠠᠷᠢᠴᠠᠭ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠠᠬ᠎ᠠ ᠳᠡᠭᠦᠦ ᠨᠠᠷ᠎ᠦᠨ ᠬᠠᠷᠢᠴᠠᠭ᠎ᠠ᠎ᠶᠢᠨ ᠡᠶ᠎ᠡ ᠵᠣᠬᠢᠴᠠᠯ᠎ᠢ ᠠᠬᠢᠭᠤᠯᠵᠤ᠂ ᠬᠠᠮᠤᠭ᠎ᠤᠨ ᠥᠷᠭᠡᠨ ᠳᠡᠯᠭᠡᠷ ᠤᠯᠤᠰ ᠵᠢᠨᠨ ᠬᠠᠢᠷᠠᠯᠠᠬᠤ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭᠵᠢᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠲᠦᠯᠬᠢᠨ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭᠲᠡᠢ᠃
︱ ᠰᠦᠨ ᠵᠦᠩ ᠱᠠᠨ ᠠᠪᠤᠭᠠᠢ ᠨᠠᠰᠤᠨ ᠲᠤᠷᠰᠢᠲᠠ᠎ᠪᠠᠨ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭᠠᠵᠤ᠂ ᠪᠢᠳᠡ ᠲᠡᠭᠦᠨ᠎ᠦ ᠡᠷᠬᠢᠮ ᠨᠠᠨᠳᠢᠨ ᠵᠣᠷᠢᠭ᠋ ᠰᠠᠨᠠᠭ᠎ᠠ᠎ᠶᠢ ᠰᠤᠷᠤᠯᠴᠠᠵᠤ᠂ ᠵᠠᠯᠭᠠᠮᠵᠢᠯᠠᠵᠤ᠂ ᠪᠠᠳᠠᠷᠠᠭᠤᠯᠬᠤ᠎ᠳᠤ᠂ ᠪᠦᠭᠦ ᠬᠥᠮᠥᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢ ᠶᠡᠬᠡ ᠪᠡᠷ ᠪᠠᠳᠠᠷᠠᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠰᠦᠨ ᠵᠦᠩ ᠱᠠᠨ ᠠᠪᠤᠭᠠᠢ ᠥᠷᠭᠡᠨ ᠬᠠᠷᠠᠴᠠ᠎ᠪᠠᠷ ᠳᠤᠮᠳᠠᠳᠤ ᠤᠯᠤᠰ ᠪᠣᠯᠣᠨ ᠳᠡᠯᠡᠬᠡᠢ᠎ᠶᠢᠨ ᠬᠠᠷᠢᠯᠴᠠᠭ᠎ᠠ᠎ᠶᠢ ᠦᠵᠡᠵᠦ᠂ ᠳᠤᠮᠳᠠᠳᠤ ᠤᠯᠤᠰ᠎ᠤᠨ ᠬᠤᠪᠢᠰᠬᠠᠯ᠎ᠢ ᠪᠦᠭᠦᠶ᠋ᠢᠯᠡ ᠴᠠᠭ ᠦᠶ᠎ᠡ᠎ᠳᠦ ᠲᠠᠯᠪᠢᠭ᠍ᠰᠠᠨ ᠮᠥᠷᠲᠡᠭᠡᠨ ᠪᠠᠰᠠ ᠳᠡᠯᠡᠬᠡᠢ᠎ᠶᠢᠨ ᠤᠷᠤᠰᠬᠠᠯ᠎ᠤᠨ ᠳᠤᠮᠳᠠ ᠳᠤᠮᠳᠠᠳᠤ ᠤᠯᠤᠰ᠎ᠤᠨ ᠬᠥᠭᠵᠢᠯᠲᠡ᠎ᠶᠢ ᠠᠵᠢᠭ᠍ᠯᠠᠨ ᠰᠢᠨᠵᠢᠭᠰᠡᠨ ᠪᠠᠢᠨ᠎ᠠ᠃ ᠲᠡᠷᠡ᠂ ᠳᠤᠮᠳᠠᠳᠤ ᠤᠯᠤᠰ ᠬᠦᠴᠦᠷᠬᠡᠭᠵᠢᠬᠦ᠎ᠳᠦ ᠭᠦᠷᠪᠡᠯ᠂ 《ᠳᠡᠯᠡᠬᠡᠢ ᠳ᠋ᠠᠬᠢᠨ᠎ᠳᠤ ᠪᠠᠰᠠ ᠨᠢᠭᠡᠨ ᠶᠡᠬᠡ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ》ᠭᠡᠵᠦ ᠴᠢᠬᠤᠯᠠᠴᠢᠯᠠᠪᠠ; ᠲᠡᠷᠡ᠂ ᠳᠤᠮᠳᠠᠳᠤ ᠤᠯᠤᠰ᠎ᠢ ᠰᠢᠨᠡᠴᠢᠯᠡᠬᠦ ᠠᠭᠤᠤ ᠶᠡᠬᠡ ᠬᠠᠷᠠᠯᠲᠠ ᠪᠡᠶᠡᠯᠡᠭᠳᠡᠬᠦ᠎ᠳᠦ ᠭᠦᠷᠪᠡᠯ᠂《ᠪᠦᠭᠦᠶ᠋ᠢᠯᠡ ᠬᠥᠮᠥᠨ ᠲᠥᠷᠥᠯᠬᠢᠲᠡᠨ ᠴᠦ᠍ ᠨᠡᠩ ᠭᠡᠭᠡᠨ ᠰᠠᠷᠠᠭᠤᠯ ᠢᠷᠡᠭᠡᠳᠦᠢ᠎ᠶᠢ ᠬᠠᠮᠲᠤ ᠪᠠᠷ ᠡᠳ᠋ᠯᠡᠬᠦ ᠪᠣᠯᠣᠨ᠎ᠠ》 ᠭᠡᠵᠦ ᠵᠥᠩᠨᠡᠪᠡ᠃ ᠲᠡᠷᠡ 《ᠲᠦᠷᠦ ᠵᠢᠨ ᠡᠷᠬᠡ᠎ᠶᠢ ᠲᠦᠮᠡᠨ᠎ᠤ ᠬᠢ ᠪᠤᠯᠭᠠᠬᠤ》 ᠶ᠋ᠢ 《ᠬᠥᠮᠥᠨ ᠲᠥᠷᠥᠯᠬᠢᠲᠡᠨ᠎ᠦ ᠬᠤᠪᠢᠰᠤᠯ᠎ᠤᠨ ᠵᠣᠷᠢᠯᠭ᠎ᠠ》᠂ 《ᠬᠥᠮᠥᠨ ᠲᠥᠷᠥᠯᠬᠢᠲᠡᠨ᠎ᠦ ᠬᠦᠰᠡᠯ ᠡᠷᠡᠮᠡᠯᠵᠡᠯ》ᠵᠢᠨᠷ ᠦᠵᠡᠵᠦ᠂ 《ᠨᠡᠭᠡᠭᠡᠯᠲᠡᠲᠤ ᠦᠵᠡᠯ》 ᠢ᠋ ᠬᠡᠷᠡᠭᠵᠢᠭᠦᠯᠬᠦ᠎ᠶᠢ ᠵᠣᠷᠢᠵᠤ᠂ ᠪᠣᠯᠪᠠᠰᠤᠨ᠎ᠢᠶᠡᠨ ᠬᠠᠷᠢᠯᠴᠠᠨ ᠲᠣᠯᠢ ᠪᠤᠯᠭᠠᠬᠤ ᠡᠴᠡ ᠪᠢᠰᠢ ᠶᠠᠭᠠᠬᠢᠭᠰᠠᠨ ᠴᠤ᠌ 《ᠥᠷᠥᠨᠡᠳᠠᠬᠢᠨ᠎ᠤ ᠪᠣᠯᠪᠠᠰᠤᠨ᠎ᠤ ᠬᠠᠭᠤᠴᠢᠨ ᠵᠠᠮ᠎ᠢᠶᠠᠷ ᠵᠠᠮᠨᠠᠬᠤ》ᠦᠭᠡᠢ ᠪᠠᠢᠬᠤ ᠵᠢ ᠴᠢᠬᠤᠯᠠᠴᠢᠯᠠᠪᠠ᠃
ᠰᠢᠨ᠎ᠡ ᠠᠶᠠᠨ ᠳ᠋ᠦ᠂ ᠪᠢᠳᠡ ᠢᠮᠠᠭᠲᠠ ᠳᠡᠯᠡᠬᠡᠢ᠎ᠶᠢᠨ ᠬᠠᠷᠠᠴᠠ᠎ᠪᠠᠷ ᠬᠥᠮᠥᠨ ᠲᠥᠷᠥᠯᠬᠢᠲᠡᠨ᠎ᠦ ᠢᠷᠡᠭᠡᠳᠦᠢ ᠬᠤᠪᠢ ᠵᠠᠶᠠᠭ᠎ᠠ᠎ᠶᠢ ᠠᠩᠬᠠᠷᠴᠤ᠂ ᠬᠥᠮᠥᠨ ᠲᠥᠷᠥᠯᠬᠢᠲᠡᠨ᠎ᠦ ᠬᠥᠭᠵᠢᠯᠲᠡ᠎ᠶᠢᠨ ᠶᠡᠬᠡ ᠤᠷᠤᠰᠬᠠᠯ᠂ ᠳᠡᠯᠡᠬᠡᠢ᠎ᠶᠢᠨ ᠬᠤᠪᠢᠷᠠᠯᠲᠠ᠎ᠶᠢᠨ ᠶᠡᠬᠡ ᠪᠠᠢᠷᠢᠰᠢᠯ᠂ ᠳᠤᠮᠳᠠᠳᠤ ᠤᠯᠤᠰ᠎ᠤᠨ ᠬᠥᠭᠵᠢᠯᠲᠡ᠎ᠶᠢᠨ ᠶᠡᠬᠡ ᠲᠡᠦᠬᠡ ᠡᠴᠡ ᠭᠠᠳᠠᠭᠠᠳᠤ ᠶᠢᠷᠲᠢᠨᠴᠦ ᠯᠦ᠍ᠭᠡ᠎ᠶᠢᠨ ᠬᠠᠷᠢᠯᠴᠠᠭ᠎ᠠ᠎ᠶᠢ ᠵᠥᠪ᠎ᠢᠶᠡᠷ ᠲᠠᠨᠢᠨ ᠰᠢᠢᠳᠪᠦᠷᠢᠯᠡᠵᠦ᠂ ᠡᠩᠬᠡ ᠲᠠᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠌᠂ ᠠᠷᠠᠳᠴᠢᠯᠠᠯ᠂ ᠡᠷᠬᠡ ᠴᠢᠯᠦᠭᠡᠲᠠᠢ ᠪᠦᠭᠦ ᠬᠥᠮᠥᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢ ᠪᠠᠳᠠᠷᠠᠭᠤᠯᠵᠤ᠂ ᠪᠦᠭᠦ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶᠢ ᠨᠠᠢᠳᠠᠪᠤᠷᠢᠵᠢᠭᠤᠯᠬᠤ᠎ᠶᠢ ᠢᠳᠡᠪᠬᠢᠲᠡᠢ ᠠᠬᠢᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠳᠤᠮᠳᠠᠳᠤ ᠤᠯᠤᠰ᠎ᠤᠨ ᠬᠤᠪᠢ ᠨᠡᠮᠡᠷᠢ᠎ᠪᠡᠨ ᠦᠵᠡᠭᠦᠯᠬᠦ ᠭᠡᠷᠡᠭᠲᠡᠢ᠃
ᠨᠥᠬᠥᠳ ᠠ᠋᠂ ᠨᠠᠢᠵᠠ ᠨᠠᠷ ᠡ!
ᠰᠦᠨ ᠵᠦᠩ ᠱᠠᠨ ᠠᠪᠤᠭᠠᠢ ᠡᠬᠡ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠢᠮᠠᠭᠲᠠ ᠡᠷᠡᠰ ᠬᠠᠮᠠᠭᠠᠯᠠᠵᠤ᠂ ᠤᠯᠤᠰ ᠣᠷᠣᠨ᠎ᠢ ᠬᠠᠭᠠᠴᠠᠭᠤᠯᠬᠤ᠂ ᠦᠨᠳᠦᠰᠦᠲᠡᠨ᠎ᠢ ᠬᠠᠭᠠᠴᠠᠭᠤᠯᠬᠤ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ᠎ᠶᠢ ᠡᠷᠡᠰ ᠡᠰᠡᠷᠭᠦᠴᠡᠳᠡᠭ ᠶᠤᠮ᠃ ᠲᠡᠷᠡ 《ᠳᠤᠮᠳᠠᠳᠤ ᠤᠯᠤᠰ ᠪᠣᠯ ᠨᠢᠭᠡᠨ ᠨᠢᠭᠡᠳᠦᠭᠰᠡᠨ ᠤᠯᠤᠰ ᠮᠥᠨ》 ᠭᠡᠵᠦ ᠴᠢᠬᠤᠯᠠᠴᠢᠯᠠᠨ᠂ 《〈ᠨᠢᠭᠡᠳᠦᠯ〉 ᠪᠣᠯ ᠳᠤᠮᠳᠠᠳᠤ ᠤᠯᠤᠰ᠎ᠤᠨ ᠪᠦᠭᠦ ᠠᠷᠠᠳ ᠢᠷᠭᠡᠳ᠎ᠦᠨ ᠬᠦᠰᠡᠯ ᠡᠷᠡᠮᠡᠯᠵᠡᠯ ᠮᠥᠨ》 ᠭᠡᠵᠦ ᠤᠷᠢᠶᠠᠯᠠᠨ᠂ 《ᠥᠪᠡᠷ᠎ᠦᠨ ᠪᠤᠶ ᠪᠦᠬᠦᠢ ᠨᠥᠯᠥᠭᠡᠯᠡᠬᠦ ᠬᠦᠴᠦᠨ ᠢ᠋ᠶ᠋ᠡᠨ ᠬᠡᠷᠡᠭᠯᠡᠵᠦ ᠪᠠᠢᠭᠠᠳ ᠤᠯᠤᠰ ᠣᠷᠣᠨ᠎ᠤ ᠨᠢᠭᠡᠳᠦᠯ᠎ᠦᠨ ᠲᠥᠯᠥᠭᠡ ᠴᠢᠷᠮᠠᠢᠨ᠎ᠠ》 ᠭᠡᠵᠦ ᠢᠯᠡᠳᠭᠡᠪᠡ᠃ ᠲᠡᠭᠦᠨ᠎ᠦ ᠡᠬᠡ ᠣᠷᠣᠨ᠎ᠤ ᠨᠢᠭᠡᠳᠦᠯ᠎ᠦᠨ ᠲᠤᠬᠠᠢ ᠴᠢᠩᠭ᠎ᠠ ᠬᠦᠰᠡᠯ ᠡᠷᠡᠮᠡᠯᠵᠡᠯ ᠪᠠ ᠡᠷᠡᠰ ᠪᠠᠲᠤ ᠵᠣᠷᠢᠭ᠋ ᠰᠠᠨᠠᠭ᠎ᠠ ᠨᠢ ᠳᠤᠮᠳᠠᠳᠤ᠎ᠶᠢᠨ ᠪᠦᠭᠦ ᠬᠥᠪᠡᠭᠦᠳ ᠥᠬᠢᠳ᠎ᠢ ᠰᠡᠩᠬᠡᠷᠡᠭᠦᠯᠵᠦ᠂ ᠬᠥᠮᠥᠵᠢᠭᠦᠯᠵᠦ᠂ ᠵᠣᠷᠢᠭ᠍ᠵᠢᠭᠤᠯᠤᠭᠰᠠᠭᠠᠷ ᠢᠷᠡᠭᠰᠡᠨ ᠶᠤᠮ᠃
ᠳᠤᠮᠳᠠᠳᠤ᠎ᠶᠢᠨ ᠪᠣᠯᠪᠠᠰᠤᠨ᠎ᠤ 5000 ᠭᠠᠷᠤᠢ ᠵᠢᠯ᠎ᠦᠨ ᠤᠷᠲᠤ ᠤᠳᠠᠭᠠᠨ ᠲᠡᠦᠬᠡ᠎ᠶᠢᠨ ᠶᠠᠪᠤᠴᠠ᠎ᠳᠤ᠂ ᠤᠯᠤᠰ᠎ᠤᠨ ᠨᠤᠲᠤᠭ ᠳᠡᠪᠢᠰᠬᠡᠷ᠎ᠢ ᠰᠠᠯᠭᠠᠵᠤ ᠪᠤᠯᠬᠤ ᠦᠭᠡᠢ᠂ ᠤᠯᠤᠰ ᠣᠷᠣᠨ᠎ᠢ ᠰᠠᠮᠠᠭᠤᠷᠠᠭᠤᠯᠵᠤ ᠪᠤᠯᠬᠤ ᠦᠭᠡᠢ᠂ ᠦᠨᠳᠦᠰᠦᠲᠡᠨ᠎ᠢ ᠰᠠᠷᠨᠢᠭᠤᠯᠵᠤ ᠪᠤᠯᠬᠤ ᠦᠭᠡᠢ᠂ ᠪᠣᠯᠪᠠᠰᠤᠨ᠎ᠢ ᠲᠠᠰᠤᠯᠳᠠᠭᠤᠯᠵᠤ ᠪᠤᠯᠬᠤ ᠦᠭᠡᠢ ᠭᠡᠳᠡᠭ ᠪᠣᠯ ᠢᠮᠠᠭᠲᠠ ᠪᠦᠭᠦ ᠳᠤᠮᠳᠠᠳᠤ᠎ᠶᠢᠨ ᠬᠥᠪᠡᠭᠦᠳ ᠥᠬᠢᠳ᠎ᠦᠨ ᠰᠡᠳᠬᠢᠯ ᠵᠢᠷᠦᠬᠡᠨ᠎ᠳᠦ ᠬᠠᠳᠠᠩᠰᠢᠭ᠍ᠰᠠᠨ ᠬᠠᠮᠲᠤ᠎ᠶᠢᠨ ᠢᠲᠡᠭᠡᠯ ᠵᠣᠷᠢᠭ᠋ ᠮᠥᠨ᠃ ᠲᠠᠢᠸᠠᠨ ᠤ ᠠᠰᠠᠭᠤᠳᠠᠯ᠎ᠢ ᠰᠢᠢᠳᠪᠦᠷᠢᠯᠡᠵᠦ᠂ ᠡᠬᠡ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠤᠢᠪᠢᠰᠢ ᠦᠭᠡᠢ ᠲᠡᠦᠬᠡᠨ ᠡᠭᠦᠷᠭᠡ ᠮᠥᠨ᠂ ᠪᠦᠭᠦ ᠳᠤᠮᠳᠠᠳᠤ᠎ᠶᠢᠨ ᠬᠥᠪᠡᠭᠦᠳ ᠥᠬᠢᠳ᠎ᠦᠨ ᠬᠠᠮᠲᠤ᠎ᠶᠢᠨ ᠬᠦᠰᠡᠯ ᠡᠷᠡᠮᠡᠯᠵᠡᠯ ᠮᠥᠨ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠃
ᠲᠠᠢᠸᠠᠨ ᠬᠣᠭᠣᠯᠠᠢ᠎ᠶᠢᠨ ᠬᠣᠶᠠᠷ ᠬᠦᠪᠡᠭᠡ᠎ᠶᠢᠨ ᠠᠬ᠎ᠠ ᠳᠡᠭᠦᠦ ᠨᠠᠷ ᠪᠣᠯ ᠴᠥᠮ ᠳᠤᠮᠳᠠᠳᠤᠴᠤᠳ ᠮᠥᠨ᠂ ᠤᠳᠤᠮ ᠨᠢᠭᠡᠳᠡᠢ᠂ ᠴᠢᠰᠤ ᠮᠢᠬᠠᠨ᠎ᠤ ᠪᠠᠷᠢᠯᠳᠤᠯᠭ᠎ᠠ᠎ᠲᠠᠢ ᠨᠢᠭᠡ ᠭᠡᠷ᠎ᠦᠨ ᠬᠥᠮᠥᠨ ᠮᠥᠨ᠃ ᠨᠢᠭᠡ ᠭᠡᠷ᠎ᠢᠶᠡᠷ᠎ᠢᠶᠡᠨ ᠡᠶ᠎ᠡ ᠨᠠᠢᠷᠳᠠᠢ ᠪᠠᠢᠬᠤ ᠳ᠋ᠦ ᠦᠭᠡ ᠪᠠᠢᠪᠠᠯ ᠰᠠᠢᠬᠠᠨ ᠶᠠᠷᠢᠵᠤ᠂ ᠤᠴᠢᠷ ᠪᠠᠢᠪᠠᠯ ᠢᠯᠡᠭᠦᠬᠡᠨ ᠵᠥᠪᠳᠡᠯᠴᠡᠳᠡᠭ ᠯᠡ ᠶᠤᠮ ᠪᠣᠯ ᠰᠢᠢᠳᠪᠦᠷᠢᠯᠡᠵᠦ ᠳᠡᠶ᠋ᠢᠯᠭᠦ ᠦᠭᠡᠢ ᠵᠥᠷᠢᠴᠡᠯ ᠵᠥᠷᠢᠯᠳᠦᠭᠡᠨ ᠭᠡᠵᠦ ᠪᠠᠢᠬᠤ ᠦᠭᠡᠢ ᠶᠤᠮ᠃ ᠤᠷᠳᠤ ᠬᠤᠭᠤᠴᠠᠭᠠᠨ᠎ᠤ ᠲᠤᠷᠰᠢ᠂ ᠪᠢᠳᠡ 《ᠬᠣᠶᠠᠷ ᠬᠥᠪᠡᠭᠡᠨ᠎ᠦ ᠠᠬ᠎ᠠ ᠳᠡᠭᠦᠦ ᠨᠠᠷ ᠨᠢᠭᠡ ᠭᠡᠷ᠎ᠤᠨ ᠬᠦᠮᠦᠨ ᠮᠡᠳᠦ ᠳᠤᠳᠤᠨᠤ》 ᠭᠡᠬᠦ ᠣᠢᠯᠠᠭᠠᠭᠳᠠᠬᠤᠨ᠎ᠢ ᠪᠠᠷᠢᠮᠲᠠᠯᠠᠵᠤ᠂ ᠬᠣᠶᠠᠷ ᠬᠥᠪᠡᠭᠡᠨ᠎ᠦ ᠰᠣᠯᠢᠯᠴᠠᠭ᠎ᠠ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠬᠣᠶᠠᠷ ᠬᠥᠪᠡᠭᠡᠨ᠎ᠦ ᠠᠬ᠎ᠠ ᠳᠡᠭᠦᠦ ᠨᠠᠷ᠎ᠦᠨ ᠪᠤᠶᠠᠨ ᠵᠢᠷᠭᠠᠯ᠎ᠢ ᠨᠡᠮᠡᠭᠳᠡᠭᠦᠯᠪᠡ᠃ ᠢᠷᠡᠭᠡᠳᠦᠢ᠎ᠳᠦ ᠬᠠᠨᠳᠤᠵᠤ᠂ ᠪᠢᠳᠡ 《ᠨᠠᠢᠷᠠᠮᠳᠠᠯ᠎ᠢᠶᠠᠷ ᠨᠢᠭᠡᠳᠬᠡᠬᠦ᠂ ᠨᠢᠭᠡ ᠤᠯᠤᠰ᠎ᠲᠤ ᠬᠣᠶᠠᠷ ᠪᠠᠢᠭᠤᠯᠤᠯ ᠢ ᠬᠡᠷᠡᠭᠵᠢᠭᠦᠯᠬᠦ》 ᠴᠢᠭᠯᠡᠯᠲᠡ᠎ᠶᠢ ᠪᠠᠷᠢᠮᠲᠠᠯᠠᠵᠤ᠂ ᠨᠢᠭᠡ ᠳᠤᠮᠳᠠᠳᠤ ᠤᠯᠤᠰ ᠪᠠᠢᠬᠤ ᠵᠠᠷᠴᠢᠮ ᠪᠠ 《ᠶᠡᠷᠡᠨ ᠬᠣᠶᠠᠷ ᠣᠨ᠎ᠤ ᠬᠠᠮᠲᠤ᠎ᠶᠢᠨ ᠲᠠᠨᠢᠯᠲᠠ》᠎ᠶ᠋ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠲᠠᠢᠸᠠᠨ᠎ᠤ ᠡᠯ᠎ᠡ ᠡᠲᠡᠭᠡᠳ᠎ᠦᠨ ᠡᠷᠳᠡᠮᠲᠡᠨ ᠮᠡᠷᠭᠡᠳ᠎ᠲᠠᠢ ᠲᠠᠢᠸᠠᠨ ᠬᠣᠭᠣᠯᠠᠢ᠎ᠶᠢᠨ ᠬᠣᠶᠠᠷ ᠬᠦᠪᠡᠬᠡ᠎ᠶᠢᠨ ᠬᠠᠷᠢᠴᠠᠭ᠎ᠠ ᠪᠠ ᠤᠯᠤᠰ ᠣᠷᠣᠨ᠎ᠤ ᠨᠢᠭᠡᠳᠦᠯ᠎ᠦᠨ ᠲᠤᠬᠠᠢ ᠶᠠᠷᠢᠯᠴᠠᠭ᠎ᠠ ᠵᠥᠪᠳᠡᠯᠴᠡᠭᠡ ᠬᠢᠬᠦ ᠳᠤᠷᠠᠲᠠᠢ ᠪᠠᠢᠨ᠎ᠠ᠃ ᠪᠢᠳᠡ ᠯᠠᠪᠳᠠᠶ᠎ᠠ ᠲᠠᠢᠸᠠᠨ᠎ᠤ ᠪᠣᠳᠠᠲᠤ ᠪᠠᠢᠳᠠᠯ᠎ᠢ ᠭᠦᠢᠴᠡᠳ ᠪᠣᠳᠣᠯᠬᠢᠯᠠᠵᠤ᠂ ᠲᠠᠢᠸᠠᠨ᠎ᠤ ᠠᠬ᠎ᠠ ᠳᠡᠭᠦᠦ ᠨᠠᠷ᠎ᠦᠨ ᠠᠰᠢᠭ᠋ ᠲᠤᠰᠠ ᠪᠠ ᠬᠠᠢᠷ᠎ᠠ ᠰᠡᠳᠬᠢᠯᠭᠡ᠎ᠶᠢ ᠭᠦᠢᠴᠡᠳ ᠬᠠᠷᠠᠭᠠᠯᠵᠠᠨ᠎ᠠ ᠂ ᠭᠡᠪᠡᠴᠦ ᠪᠢᠳᠡ ᠶᠠᠭᠠᠬᠢᠭ᠍ᠰᠠᠨ ᠴᠤ᠌ ᠡᠯ᠎ᠡ ᠵᠦᠢᠯ᠎ᠦᠨ ᠭᠡᠯᠪᠡᠷᠢ᠎ᠶᠢᠨ 《ᠲᠠᠢᠸᠠᠨ᠎ᠢ ᠲᠤᠰᠠᠭᠠᠷ ᠲᠣᠭᠲᠠᠨᠢᠭᠤᠯᠬᠤ》ᠬᠠᠭᠠᠴᠠᠭᠤᠯᠬᠤ ᠠᠵᠢᠯᠯᠠᠭ᠎ᠠ᠎ᠳᠤ ᠶᠠᠮᠠᠷ ᠴᠤ᠌ ᠣᠷᠣᠨ ᠵᠠᠢ ᠦᠯᠡᠳᠡᠭᠡᠵᠦ ᠥᠭᠬᠦ ᠦᠭᠡᠢ ᠶᠤᠮ᠃
ᠲᠠᠢᠸᠠᠨ᠎ᠤ ᠢᠷᠡᠭᠡᠳᠦᠢ ᠪᠣᠯ ᠡᠬᠡ ᠤᠯᠤᠰ᠎ᠤᠨ ᠨᠢᠭᠡᠳᠦᠯ᠎ᠳᠦ ᠪᠠᠢᠨ᠎ᠠ᠂ ᠲᠠᠢᠸᠠᠨ᠎ᠤ ᠠᠬ᠎ᠠ ᠳᠡᠭᠦᠦ ᠨᠠᠷ᠎ᠦᠨ ᠠᠰᠢᠭ᠋ ᠲᠤᠰᠠ ᠠᠵᠠ ᠵᠢᠷᠭᠠᠯ ᠪᠣᠯ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠲᠠᠢ ᠬᠣᠯᠪᠣᠭᠳᠠᠵᠤ ᠪᠠᠢᠳᠠᠭ᠃ ᠲᠠᠢᠸᠠᠨ ᠬᠣᠭᠣᠯᠠᠢ᠎ᠶᠢᠨ ᠬᠣᠶᠠᠷ ᠬᠦᠪᠡᠬᠡ᠎ᠶᠢᠨ ᠠᠬ᠎ᠠ ᠳᠡᠭᠦᠦ ᠨᠠᠷ ᠵᠢᠴᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠭᠦ ᠳᠤᠮᠳᠠᠳᠤ᠎ᠶᠢᠨ ᠬᠥᠪᠡᠭᠦᠳ ᠥᠬᠢᠳ ᠭᠠᠷ ᠬᠣᠯᠪᠣᠯᠴᠠᠨ᠂ 《ᠲᠠᠢᠸᠠᠨ ᠢ ᠲᠤᠰᠠᠭᠠᠷ ᠲᠣᠭᠲᠠᠨᠢᠭᠤᠯᠬᠤ》 ᠬᠠᠭᠠᠴᠠᠭᠤᠯᠬᠤ ᠬᠦᠴᠦᠨ ᠢ ᠬᠠᠮᠲᠤ᠎ᠪᠠᠷ ᠡᠰᠡᠷᠭᠦᠴᠡᠵᠦ᠂ ᠲᠠᠢᠸᠠᠨ ᠬᠣᠭᠣᠯᠠᠢ᠎ᠶᠢᠨ ᠬᠣᠶᠠᠷ ᠬᠦᠪᠡᠭᠡ᠎ᠶᠢᠨ ᠬᠠᠷᠢᠴᠠᠭ᠎ᠠ ᠶᠢ ᠨᠠᠢᠷᠠᠮᠳᠠᠯ᠎ᠢᠶᠠᠷ ᠬᠥᠭᠵᠢᠭᠦᠯᠬᠦ᠂ ᠡᠬᠡ ᠤᠯᠤᠰ᠎ᠤᠨ ᠪᠦᠷᠢᠨ ᠨᠢᠭᠡᠳᠦᠯ᠎ᠢ ᠪᠡᠶᠡᠯᠡᠭᠦᠯᠬᠦ᠎ᠶᠢᠨ ᠲᠥᠯᠥᠭᠡ ᠬᠠᠮᠲᠤ᠎ᠪᠠᠷ ᠴᠢᠷᠮᠠᠢᠬᠤ ᠬᠡᠷᠡᠭᠲᠡᠢ᠃ ᠲᠡᠦᠬᠡ᠎ᠶᠢᠨ ᠤᠷᠤᠰᠬᠠᠯ ᠬᠣᠷᠢᠭ᠍ᠯᠠᠭᠳᠠᠰᠢ ᠦᠭᠡᠢ᠂ ᠡᠬᠡ ᠤᠯᠤᠰ᠎ᠤᠨ ᠪᠦᠷᠢᠨ ᠨᠢᠭᠡᠳᠦᠯ᠎ᠢ ᠵᠠᠪᠠᠯ ᠪᠡᠶᠡᠯᠡᠭᠦᠯᠵᠦ᠂ ᠯᠠᠪᠲᠠᠢ ᠪᠡᠶᠡᠯᠡᠭᠦᠯᠵᠦ ᠴᠢᠳᠠᠨ᠎ᠠ!
ᠨᠥᠬᠥᠳ ᠠ᠋᠂ ᠨᠠᠢᠵᠠ ᠨᠠᠷ ᠡ!
ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠭᠦ ᠲᠠᠯ᠎ᠠ᠎ᠪᠠᠷ ᠠᠬᠢᠭᠤᠯᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ᠎ᠤᠨ ᠠᠷᠠᠳ ᠲᠦᠮᠡᠨ᠎ᠦ ᠰᠢᠨ᠎ᠡ ᠤᠷᠳᠤ ᠵᠠᠮ᠎ᠤᠨ ᠠᠶᠠᠨ ᠲᠠᠢ᠍ᠢᠨ ᠮᠥᠨ᠂ ᠪᠠᠰᠠ ᠴᠤ᠌ ᠰᠦᠨ ᠵᠦᠩ ᠱᠠᠨ ᠠᠪᠤᠭᠠᠢ᠎ᠶᠢᠨ《ᠳᠤᠮᠳᠠᠳᠤ᠎ᠪᠠᠨ ᠬᠥᠭᠵᠢᠭᠦᠯᠦᠨ ᠮᠠᠨᠳᠤᠭᠤᠯᠬᠤ》 ᠬᠦᠰᠡᠯᠡᠩ᠎ᠢ ᠪᠡᠶᠡᠯᠡᠭᠦᠯᠬᠦ᠎ᠳᠦ ᠵᠠᠢᠯᠠᠰᠢ ᠦᠭᠡᠢ ᠵᠠᠮᠨᠠᠬᠤ ᠵᠠᠮ ᠮᠥᠨ᠃ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠦᠭᠦ ᠳᠤᠮᠳᠠᠳᠤ᠎ᠶᠢᠨ ᠬᠥᠪᠡᠭᠦᠳ ᠥᠬᠢᠳ ᠨᠡᠩ ᠨᠢᠭ᠍ᠲᠠᠷᠠᠨ ᠪᠦᠯᠬᠦᠮᠳᠡᠵᠡᠭᠡᠵᠦ᠂ ᠰᠦᠨ ᠵᠦᠩ ᠱᠠᠨ ᠠᠪᠤᠭᠠᠢ᠎ᠶᠢᠨ ᠭᠡᠷᠢᠶᠡᠰ ᠵᠣᠷᠢᠭ᠋᠎ᠢ ᠵᠠᠯᠭᠠᠮᠵᠢᠯᠠᠨ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠦᠪᠡᠳᠡᠭᠰᠢ ᠶᠡᠬᠡ ᠦᠢᠯᠡᠰ᠎ᠢ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠬᠠᠮᠲᠤ᠎ᠪᠠᠷ ᠴᠣᠭᠴᠠᠯᠠᠵᠤ᠂ ᠣᠢᠷ᠎ᠠ ᠦᠶ᠎ᠡ ᠡᠴᠡ ᠨᠠᠭᠠᠰᠢᠬᠢ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠢᠷᠮᠠᠢᠨ ᠲᠡᠮᠡᠴᠡᠭᠰᠡᠨ ᠠᠭᠤᠤ ᠶᠡᠬᠡ ᠬᠦᠰᠡᠯ ᠵᠡᠭᠦᠳᠦ᠎ᠶᠢ ᠲᠠᠰᠤᠷᠠᠯᠳᠠ ᠦᠭᠡᠢ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠶᠢ ᠪᠢ ᠤᠷᠢᠶᠠᠯᠠᠵᠤ ᠪᠠᠢᠨ᠎ᠠ!
(ᠰᠢᠨᠬᠤᠸᠠ ᠬᠤᠷᠢᠶ᠎ᠡ ᠵᠢᠨ ᠪᠡᠭᠡᠵᠢᠩ᠎ᠤᠨ 11 ᠰᠠᠷ᠎ᠠ ᠵᠢᠨ 12᠎ᠤ᠋ᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃