ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-14 13:33:44

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠭᠠᠳᠠᠭᠠᠳᠤ ᠶᠠᠪᠤᠳᠠᠯ ᠤ᠋ᠨ ᠶᠠᠮᠤᠨ᠎ᠤ ᠥᠭᠦᠯᠡᠭᠴᠢ 11 ᠰᠠᠷ᠎ᠠ᠎ᠶᠢᠨ 13᠎ᠤ᠋ ᠡᠳᠦᠷ᠄ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠭᠤᠴᠢᠨ ᠭᠤᠷᠪᠠᠳᠤᠭᠠᠷ ᠤᠳᠠᠭ᠎ᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ 11 ᠰᠠᠷ᠎ᠠ᠎ᠶᠢᠨ 18᠎ᠡᠴᠡ 19᠎ᠤ᠋ ᠡᠳᠦᠷ ᠪᠣᠯᠲᠠᠯ᠎ᠠ ᠱᠧᠨᠵᠧᠨ᠎ᠳᠦ ᠬᠤᠷᠠᠯᠳᠤᠨ᠎ᠠ᠂ ᠬᠤᠷᠠᠯ ᠨᠢ 《ᠠᠽᠢᠶ᠎ᠠ ᠲᠢᠪ ᠨᠤᠮᠤᠬᠠᠨ ᠲᠠᠯᠠᠢ ᠶ᠋ᠢᠨ ᠤᠷᠤᠨ ᠤ᠋ ᠬᠠᠮᠳᠤ᠎ᠶᠢᠨ ᠴᠣᠭᠴᠠ᠎ᠶᠢ ᠪᠠᠢᠭᠤᠯᠵᠤ᠂  ᠬᠠᠮᠳᠤ ᠵᠢᠨ ᠴᠡᠴᠡᠭᠯᠡᠯ ᠬᠥᠭᠵᠢᠯ᠎ᠢ ᠠᠬᠢᠭᠤᠯᠤᠶ᠎ᠠ》 ᠭᠡᠬᠦ ᠭᠤᠤᠯ ᠰᠡᠳᠦᠪ ᠵᠢᠡᠷ ᠶᠠᠪᠤᠭᠳᠠᠨ᠎ᠠ᠃ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠤᠷᠠᠯ᠎ᠢ ᠡᠷᠬᠢᠯᠡᠵᠦ ᠶᠠᠷᠢᠶ᠎ᠠ ᠲᠠᠯᠪᠢᠨ᠎ᠠ ᠬᠡᠵᠦ ᠨᠡᠢᠳᠡᠯᠡᠪᠡ᠃

ᠠᠽᠢᠶ᠎ᠠ ᠲᠢᠪ ᠨᠤᠮᠤᠬᠠᠨ ᠲᠠᠯᠠᠢ ᠶ᠋ᠢᠨ ᠤᠷᠤᠨ ᠤ᠋ ᠠᠵᠦ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠦᠢᠯᠡᠳᠪᠦᠷᠢ ᠬᠤᠳᠠᠯᠳᠤᠭᠠᠨ᠎ᠤ ᠡᠣᠳᠣᠷᠢᠣᠠᠬ᠍ᠤ ᠬᠥᠮᠦᠰ᠎ᠦᠨ ᠲᠦᠷᠦᠬᠦᠴᠤᠳ ᠤ᠋ᠨ ᠬᠤᠷᠠᠯ 11 ᠰᠠᠷ᠎ᠠ᠎ᠶᠢᠨ 17᠎ᠡᠴᠡ 18᠎ᠤ᠋ ᠡᠳᠦᠷ ᠪᠣᠯᠲᠠᠯ᠎ᠠ ᠱᠧᠨᠵᠧᠨ᠎ᠳᠦ ᠬᠤᠷᠠᠯᠳᠤᠨ᠎ᠠ᠂ ᠬᠤᠷᠠᠯ ᠨᠢ 《ᠴᠡᠴᠡᠭᠯᠡᠯ ᠬᠥᠭᠵᠢᠯ᠎ᠢ ᠬᠠᠮᠲᠤ᠎ᠪᠠᠷ ᠠᠬᠢᠭᠤᠯᠵᠤ᠂ ᠢᠷᠡᠭᠡᠳᠦᠢ᠎ᠳᠦ ᠬᠠᠮᠲᠤ᠎ᠪᠠᠷ ᠠᠰᠢᠭ᠋ ᠬᠦᠷᠳᠡᠶ᠎ᠠ》 ᠪᠡᠷ ᠭᠤᠤᠯ ᠰᠡᠳᠤᠪ ᠪᠣᠯᠭᠠᠨ᠎ᠠ᠃ ᠤᠯᠤᠰ᠎ᠤᠨ ᠲᠡᠷᠢᠭᠦᠯᠡᠭᠴᠢ ᠰᠢ ᠵᠢᠨ ᠫᠢᠩ ᠡᠬᠢᠯᠡᠯᠳᠡ᠎ᠶᠢᠨ ᠶᠣᠰᠣᠯᠠᠯ᠎ᠳᠤ ᠣᠷᠣᠯᠴᠠᠵᠤ ᠭᠣᠣᠯ ᠵᠣᠷᠢᠯᠲᠠᠳᠤ ᠶᠠᠷᠢᠶ᠎ᠠ ᠢᠯᠡᠳᠬᠡᠯ ᠬᠢᠨ᠎ᠠ᠃

ᠬᠤᠷᠠᠯ᠎ᠤᠨ ᠬᠤᠭᠤᠴᠠᠭᠠᠨ᠎ᠳᠤ᠂ ᠲᠡᠷᠢᠭᠦᠯᠡᠭᠴᠢ ᠰᠢ ᠵᠢᠨ ᠫᠢᠩ ᠪᠠᠰᠠ ᠬᠤᠷᠠᠯ᠎ᠳᠤ ᠣᠷᠣᠯᠴᠠᠬᠤ ᠡᠯ᠎ᠡ ᠠᠵᠤ ᠠᠬᠤᠢ᠎ᠶᠢᠨ ᠴᠣᠭᠴᠠ᠎ᠶᠢᠨ ᠤᠳᠤᠷᠢᠳᠬᠤ ᠬᠥᠮᠥᠰ ᠪᠤᠶᠤ ᠲᠥᠯᠥᠭᠡᠯᠡᠭᠴᠢᠳ᠎ᠢ ᠤᠭᠲᠤᠬᠤ ᠳᠠᠶ᠋ᠢᠯᠠᠯᠭ᠎ᠠ ᠬᠢᠬᠦ᠎ᠶᠢᠨ ᠬᠠᠮᠲᠤ᠂ ᠭᠠᠳᠠᠭᠠᠳᠤ ᠤᠯᠤᠰ᠎ᠤᠨ ᠤᠳᠤᠷᠢᠳᠬᠤ ᠬᠥᠮᠥᠰ᠎ᠲᠠᠢ ᠬᠣᠶᠠᠷ ᠲᠠᠯ᠎ᠠ᠎ᠶᠢᠨ ᠠᠭᠤᠯᠵᠠᠯᠲᠠ ᠬᠢᠨ᠎ᠡ᠃

(ᠰᠢᠨᠬᠤᠸᠠ ᠬᠤᠷᠢᠶ᠎ᠠ᠎ᠶᠢᠨ  ᠪᠡᠭᠡᠵᠢᠩ᠎ᠦᠨ 11 ᠰᠠᠷ᠎ᠠ᠎ᠶᠢᠨ 13 ᠎ᠤ᠋ ᠴᠠᠬᠢᠯᠭᠠᠨ ᠮᠡᠳᠡᠭᠡ) 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面