ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-14 13:34:24

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠼᠠᠢ ᠴᠢ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠷᠢᠯᠴᠠᠬᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ


ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠢᠷ᠎ᠠ ᠳ᠋ᠤ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠳᠤ ᠴᠢᠬᠤᠯᠠ ᠵᠢᠭᠠᠪᠤᠷᠢ ᠥᠭᠴᠦ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠨᠠᠮ᠎ᠤᠨ ᠲᠥᠪ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠪᠠᠢᠭᠤᠯᠤᠯᠲᠠ ᠴᠢᠩᠭᠠᠷᠠᠵᠤ᠂ ᠡᠯ᠎ᠡ ᠵᠦᠢᠯ᠎ᠦᠨ ᠠᠵᠢᠯ᠎ᠳᠤ ᠰᠢᠨ᠎ᠡ ᠦᠷ᠎ᠡ ᠪᠦᠲᠦᠮᠵᠢ ᠣᠯᠪᠠ ᠭᠡᠵᠤ ᠵᠢᠭᠠᠵᠤ ᠭᠠᠷᠭᠠᠵᠠᠢ᠃

ᠰᠢ ᠵᠢᠨ ᠫᠢᠩ᠂ ᠰᠢᠨ᠎ᠡ ᠠᠶᠠᠨ᠎ᠳᠤ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠳᠠᠬᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂  ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠬᠤ ᠬᠡᠷᠡᠭᠲᠡᠢ᠃ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠤᠳᠤ ᠦᠶ᠎ᠡ᠎ᠶᠢᠨ ᠠᠵᠤ ᠠᠬᠤᠢᠯᠠᠯ᠎ᠤᠨ ᠳᠦᠷᠢᠮ᠎ᠢ ᠬᠦᠴᠦᠯᠡᠨ ᠲᠡᠭᠦᠯᠳᠡᠷᠵᠢᠭᠦᠯᠵᠦ᠂ ᠨᠠᠮ᠎ᠤᠨ ᠤᠳᠤᠷᠢᠳᠤᠯᠭ᠎ᠠ᠎ᠶᠢ ᠺᠣᠮᠫᠠᠨᠢ᠎ᠶᠢᠨ ᠵᠠᠰᠠᠯᠲᠠ᠎ᠶᠢᠨ ᠡᠯ᠎ᠡ ᠭᠣᠭᠴᠣᠭ᠎ᠠ᠎ᠳᠤ ᠨᠡᠩ ᠰᠠᠢᠲᠤᠷ ᠠᠭᠤᠰᠤᠯᠴᠠᠭᠤᠯᠬᠤ᠎ᠶᠢ ᠠᠬᠢᠭᠤᠯᠬᠤ ᠬᠡᠷᠡᠭᠲᠡᠢ; ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠥᠷᠥ᠎ᠶᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶᠢᠨ ᠴᠢᠳᠠᠮᠵᠢ᠎ᠶᠢ ᠬᠦᠴᠦᠯᠡᠨ ᠴᠢᠩᠭᠠᠳᠬᠠᠵᠤ᠂ ᠨᠠᠮ᠎ᠤᠨ ᠪᠠᠢᠭᠤᠯᠤᠯᠲᠠ᠎ᠶᠢᠨ ᠠᠵᠢᠯ ᠬᠢᠭᠡᠳ ᠦᠢᠯᠡᠳᠪᠦᠷᠢᠯᠡᠯ ᠡᠵᠡᠩᠨᠡᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠳᠠᠢ; ᠤᠳᠤᠷᠢᠳᠬᠤ ᠪᠠᠭ᠎ᠤᠨ ᠪᠠᠢᠭᠤᠯᠤᠯᠲᠠ᠎ᠶᠢ ᠬᠦᠴᠦᠯᠡᠨ ᠴᠢᠩᠭᠠᠳᠬᠠᠵᠤ᠂ ᠥᠨᠳᠥᠷ ᠬᠡᠪ ᠪᠤᠯᠪᠠᠰᠤᠷᠠᠯ ᠪᠦᠬᠦᠢ ᠲᠤᠰᠬᠠᠢᠵᠢᠭ᠍ᠰᠠᠨ ᠺᠠᠳ᠋ᠷ ᠴᠢᠳᠠᠪᠤᠷᠢᠲᠠᠨ᠎ᠤ ᠡᠩᠨᠡᠭᠡ᠎ᠶᠢ ᠳᠠᠪᠲᠠᠨ ᠪᠣᠯᠪᠠᠰᠤᠷᠠᠭᠤᠯᠬᠤ ᠬᠡᠷᠡᠭᠳᠠᠢ; ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠬᠦᠴᠦᠯᠡᠨ ᠨᠠᠢᠳᠠᠪᠤᠷᠢᠵᠢᠭᠤᠯᠵᠤ᠂ ᠡᠷᠡᠰ ᠭᠤᠢᠪᠢᠰᠢ ᠦᠭᠡᠢ᠎ᠪᠡᠷ ᠰᠤᠷᠲᠠᠯ᠎ᠢ ᠲᠥᠪ ᠪᠣᠯᠭᠠᠵᠤ ᠰᠠᠬᠢᠯᠭ᠎ᠠ ᠪᠠᠲᠤ᠎ᠶᠢ ᠴᠢᠩᠳᠠᠯᠠᠨ ᠢᠯᠵᠢᠷᠠᠯ᠎ᠢ ᠡᠰᠡᠷᠭᠦᠴᠡᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠣᠰᠬᠠᠬᠤ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠪᠣᠯᠣᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠢᠷᠠᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠳᠠᠢ ᠭᠡᠵᠤ ᠴᠢᠬᠤᠯᠠᠴᠢᠯᠠᠪᠠ᠃

ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠶᠠᠷᠢᠯᠴᠠᠬᠤ ᠬᠤᠷᠠᠯ 11 ᠰᠠᠷ᠎ᠠ᠎ᠶᠢᠨ 13 ᠎ᠤ᠋ ᠡᠳᠦᠷ ᠪᠡᠭᠡᠵᠢᠩ᠎ᠳᠦ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢ ᠤᠯᠠᠮᠵᠢᠯᠠᠪᠠ᠃ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠶ᠋ᠢᠩᠭᠤ᠎ᠶᠢᠨ ᠭᠡᠰᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ ᠼᠠᠢ ᠴᠢ ᠬᠤᠷᠠᠯ᠎ᠳᠤ ᠣᠷᠣᠯᠴᠠᠬᠰᠡᠨ ᠪᠦᠭᠡᠳ ᠶᠠᠷᠢᠶ᠎ᠠ ᠲᠠᠯᠪᠢᠪᠠ᠃

ᠼᠠᠢ ᠴᠢ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠨᠢ ᠠᠯᠤᠰ ᠬᠡᠳᠤ᠎ᠶᠢᠨ ᠤᠳᠬ᠎ᠠ ᠰᠠᠨᠠᠭ᠎ᠠ ᠲᠠᠢ᠂ ᠨᠡᠪᠲᠡᠷᠬᠡᠢ ᠭᠦᠨᠵᠡᠭᠡᠢ ᠪᠠᠢᠵᠤ᠂ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ᠎ᠳᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠡᠴᠡ ᠨᠠᠮ ᠢ᠋ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠬᠦᠷᠢᠳᠠ ᠪᠠᠷᠢᠮᠳᠡᠯᠡᠨ ᠠᠬᠢᠭᠤᠯᠬᠤ ᠲᠤᠬᠠᠢ ᠪᠠᠶ᠋ᠢᠯᠳᠤᠬᠤ ᠪᠤᠳᠤᠯᠭ᠎ᠠ᠎ᠶᠢᠨ ᠪᠠᠶ᠋ᠢᠷᠢᠯᠠᠭᠤᠯᠤᠯᠲᠠ ᠬᠢᠵᠦ᠍᠂ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠬᠤ ᠲᠤᠬᠠᠢ ᠴᠢᠬᠤᠯᠠ ᠡᠭᠦᠷᠭᠡ ᠠᠷᠭ᠎ᠠ ᠬᠡᠮᠵᠢᠶ᠎ᠡ ᠵᠢ ᠲᠤᠷᠠᠤᠨᠴᠠᠢ᠃ ᠪᠢᠳᠡ ᠨᠢᠭᠡ ᠴᠣᠭᠴᠠᠵᠢᠭᠤᠯᠤᠨ ᠰᠤᠷᠤᠯᠴᠠᠨ ᠣᠶ᠋ᠢᠯᠠᠭᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠰᠠᠶ᠋ᠢᠲᠤᠷ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃

ᠼᠠᠢ ᠴᠢ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠪᠣᠯ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠵᠢᠯᠣᠭᠣᠳᠬᠤ ᠦᠵᠡᠯ ᠰᠠᠨᠠᠭᠠᠨ᠎ᠤ ᠬᠤᠷᠴᠠ ᠵᠡᠪᠰᠡᠭ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠶ ᠱᠦᠵᠢ ᠰᠢ ᠵᠢᠨ ᠫᠢᠩ ᠠᠯᠢ ᠣᠯᠠᠨ ᠴᠢᠬᠤᠯᠠ ᠵᠢᠭᠠᠪᠤᠷᠢ ᠥᠭᠴᠦ᠍᠂ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠬᠤ ᠦᠨᠳᠦᠰᠦᠨ ᠵᠠᠷᠴᠢᠮ᠂ ᠬᠠᠷᠠᠯᠲᠠ ᠱᠠᠭᠠᠷᠳᠠᠯᠭ᠎ᠠ᠂ ᠭᠤᠤᠯᠳᠠᠯᠭ᠎ᠠ᠎ᠲᠠᠶ ᠡᠭᠦᠷᠭᠡ᠂ ᠲᠦᠰᠢᠭᠯᠡᠬᠦ᠌ ᠬᠦᠴᠦᠨ᠂ ᠦᠨᠳᠦᠰᠦᠨ ᠪᠠᠲᠤᠯᠠᠭ᠎ᠠ ᠵᠢᠴᠢ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠰᠠᠭᠤᠷᠢ᠂ ᠡᠭᠦᠷᠭᠡ ᠴᠢᠳᠠᠪᠬᠢ ᠵᠡᠷᠭᠡ ᠴᠢᠬᠤᠯᠠ ᠠᠰᠠᠭᠤᠳᠠᠯ᠎ᠢ ᠰᠢᠰᠲ᠋ᠧᠮ᠎ᠲᠡᠶ ᠲᠣᠳᠣᠷᠬᠠᠶ᠋ᠢᠯᠠᠨ ᠥᠭᠦᠯᠡᠵᠦ᠍᠂ ᠰᠢᠨ᠎ᠡ ᠴᠠᠭ ᠦᠶ᠎ᠡ᠎ᠶᠢᠨ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢ ᠴᠢᠩᠭᠠᠳᠬᠠᠬᠤ᠎ᠳᠤ ᠴᠢᠬᠤᠯᠠ ᠵᠢᠷᠤᠮᠯᠠᠯ ᠬᠠᠩᠭᠠᠵᠠᠢ ᠭᠡᠵᠤ ᠵᠢᠭᠠᠵᠤ ᠭᠠᠷᠭᠠᠪᠠ᠃

ᠼᠠᠢ ᠴᠢ᠂ ᠤᠢ᠌ᠷ᠎ᠠ᠎ᠶᠢᠨ ᠵᠢᠯ᠎ᠡᠴᠡ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠣᠯᠤᠭᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠦ ᠪᠠᠶ᠋ᠢᠨ᠎ᠠ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠶ᠋ᠢᠨ᠎ᠠ᠃《ᠬᠣᠶᠠᠷ᠎ᠢ ᠲᠣᠭᠲᠠᠭᠠᠬᠰᠡᠨ》 ᠤ᠋ ᠰᠢ᠌ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠨᠡᠩ ᠭᠦᠨᠵᠡᠭᠡᠢ ᠣᠶ᠋ᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠳᠡᠯᠡᠬᠡᠢ᠎ᠶᠢᠨ ᠪᠠᠶ᠋ᠢᠳᠠᠯ ᠤᠯᠤᠰ᠎ᠤᠨ ᠪᠠᠶ᠋ᠢᠳᠠᠯ ᠨᠠᠮ᠎ᠤᠨ ᠪᠠᠶ᠋ᠢᠳᠠᠯ᠎ᠤᠨ ᠬᠤᠪᠢᠷᠠᠯᠲᠠ᠎ᠡᠴᠡ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ᠎ᠶᠢ ᠣᠨᠣᠪᠴᠢᠲᠠᠢ ᠡᠵᠡᠮᠳᠡᠵᠦ᠍᠂ ᠳᠡᠭᠡᠳᠦ ᠬᠡᠮᠵᠢᠶᠡᠨ᠎ᠦ ᠡᠬᠦᠷᠭᠡ ᠬᠠᠷᠢᠭᠤᠴᠠᠯᠭᠠᠲᠤ᠌ ᠰᠡᠳᠬᠢᠯᠭᠡ ᠪᠡᠷ ᠡᠯ᠎ᠡ ᠵᠦᠢᠯ᠎ᠦᠨ ᠠᠵᠢᠯ᠎ᠢᠶᠠᠨ ᠰᠠᠶ᠋ᠢᠲᠤᠷ ᠬᠢᠬᠦ᠌ ᠬᠡᠷᠡᠭᠲᠡᠢ ᠭᠡᠵᠤ ᠴᠢᠬᠤᠯᠠᠴᠢᠯᠠᠪᠠ᠃

ᠼᠠᠢ ᠴᠢ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠲᠠᠪᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ ᠪᠡᠷ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢ ᠰᠠᠶ᠋ᠢᠲᠤᠷ ᠠᠳᠬᠤᠵᠤ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠡᠷᠡᠰ ᠬᠦᠴᠦᠲᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠰᠢᠨ᠎ᠡ᠎ᠡᠭᠦᠳᠦᠯᠲᠡ ᠵᠢᠨ ᠣᠨᠣᠯ᠎ᠢᠶᠠᠷ ᠰᠡᠳᠭᠢᠯ ᠢ᠋ ᠨᠢᠭᠲᠠᠷᠠᠭᠤᠯᠤᠨ ᠰᠦᠭ ᠰᠦᠨᠡᠰᠦ ᠵᠢ ᠱᠤᠭᠤᠬᠤ᠎ᠶᠢ ᠪᠠᠷᠢᠮᠲᠠᠯᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠦᠢᠯᠡᠳᠦᠯ᠎ᠢ ᠪᠠᠳᠠᠷᠠᠭᠤᠯᠬᠤ ᠳᠦᠷᠢᠮ ᠲᠣᠭᠲᠠᠴᠠ᠎ᠶᠢ ᠲᠡᠭᠦᠯᠳᠡᠷᠵᠢᠭᠦᠯᠵᠦ᠂ ᠤᠳᠤᠷᠢᠳᠬᠤ ᠪᠠᠭ᠎ᠤᠨ ᠪᠦᠷᠢᠯᠳᠦᠭᠦᠨ ᠤᠨᠴᠠᠭᠠᠢᠯᠠᠨ 《ᠨᠢᠭᠡᠳᠦᠭᠡᠷ ᠬᠠᠷᠢᠭᠤᠴᠠᠯᠭᠠᠳᠠᠨ》 ᠢ᠋ ᠰᠢᠯᠢᠳᠡᠭ᠎ᠢ ᠰᠣᠩᠭᠣᠵᠤ ᠬᠦᠴᠦᠷᠬᠡᠭ᠎ᠢ ᠲᠤᠮᠢᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠦᠢᠯᠡᠳᠦᠯ᠎ᠢ ᠨᠠᠩ ᠰᠠᠶ᠋ᠢᠲᠤᠷ ᠪᠠᠳᠠᠷᠠᠭᠤᠯᠵᠤ᠂ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ ᠰᠠᠨᠠᠭ᠎ᠠ᠎ᠶᠢ ᠴᠥᠬᠥᠷᠡᠰᠢ ᠦᠭᠡᠢ ᠨᠠᠶ᠋ᠢᠳᠠᠪᠤᠷᠢᠵᠢᠭᠤᠯᠵᠤ᠂ ᠢᠯᠵᠢᠷᠠᠯ᠎ᠢ ᠡᠷᠡᠰ ᠵᠠᠯᠬᠠᠭᠠᠨ ᠰᠢ᠌ᠳᠬᠡᠵᠦ᠂ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠳᠠᠬᠢ ᠨᠠᠮ᠎ᠤᠨ ᠤᠳᠤᠷᠢᠳᠤᠯᠭ᠎ᠠ᠎ᠶᠢ ᠤᠯᠠᠮ ᠨᠢᠭᠡ ᠠᠯᠬᠤᠮ ᠳᠦᠷᠢᠮᠵᠢᠭᠦᠯᠤᠨ ᠵᠢᠷᠤᠮᠵᠢᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠬᠦ᠌ ᠬᠡᠷᠡᠭᠲᠡᠢ ᠭᠡᠵᠦ ᠴᠢᠬᠤᠯᠠᠴᠢᠯᠠᠪᠠ᠃

ᠱ᠌ᠢ᠎ᠲᠡᠶ ᠹᠸᠩ ᠬᠤᠷᠠᠯ᠎ᠢ ᠡᠷᠬᠢᠯᠡᠵᠦ᠍᠂ ᠾᠧ ᠯᠢ ᠹᠸᠩ᠂ ᠵᠠᠩ ᠭᠦᠸᠧ ᠴᠢᠩ᠂ ᠮᠦ᠍ ᠬᠣᠩ ᠬᠤᠷᠠᠯ᠎ᠳᠤ ᠣᠷᠣᠯᠴᠠᠪᠠ᠃

ᠰᠸᠴᠤᠸᠠᠨ ᠮᠤᠵᠢ᠎ᠶᠢᠨ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠠᠨᠾᠦᠢ᠍ᠢ ᠮᠤᠵᠢ᠎ᠶᠢᠨ ᠮᠥᠩᠭᠥᠨ ᠭᠦᠢᠯᠭᠡᠭᠡᠨ᠎ᠦ ᠠᠵᠢᠯ᠎ᠤᠨ ᠬᠤᠷᠢᠶ᠎ᠠ᠂ ᠱᠠᠩᠬᠠᠢ ᠬᠤᠳᠠ᠎ᠶᠢᠨ ᠤᠯᠤᠰ᠎ᠤᠨ ᠥᠮᠴᠢᠯᠡᠯ᠎ᠦᠨ ᠡᠳ᠋ ᠬᠦᠷᠦᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠤᠰᠤᠨ ᠠᠰᠢᠭᠯᠠᠯᠲᠠ᠎ᠶᠢᠨ ᠶᠠᠮᠤᠨ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠂ ᠳᠤᠮᠳᠠᠳᠤ ᠤᠯᠤᠰ᠎ᠤᠨ ᠡᠮᠦᠨᠡᠲᠦ᠍ ᠣᠷᠣᠨ᠎ᠤ ᠴᠠᠬᠢᠯᠭᠠᠨ ᠲᠣᠣᠷ᠎ᠤᠨ ᠬᠢᠵᠠᠭᠠᠷᠲᠤ᠌ ᠺᠣᠮᠫᠠᠨᠢ᠂ ᠳᠤᠮᠳᠠᠳᠤ ᠤᠯᠤᠰ᠎ᠤᠨ ᠵᠦᠩ ᠴᠧ ᠪᠦᠯᠦᠭᠯᠡᠯ ᠬᠢᠵᠠᠭᠠᠷᠲᠤ᠌ ᠺᠣᠮᠫᠠᠨᠢ᠂ ᠰᠢᠶᠠᠮᠧᠨ᠎ᠦ ᠠᠭᠠᠷ᠎ᠤᠨ ᠠᠶᠠᠯᠠᠯ᠎ᠤᠨ ᠬᠢᠵᠠᠭᠠᠷᠲᠤ᠌ ᠺᠣᠮᠫᠠᠨᠢ᠎ᠶᠢᠨ ᠬᠠᠷᠢᠭᠤᠴᠠᠯᠭᠠᠲᠠᠨ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠢ᠃

ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠣᠲᠠ ᠪᠣᠯᠤᠨ ᠰᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠶ᠋ᠢᠭᠤᠯᠤᠯᠲᠠ᠎ᠶᠢᠨ ᠪᠢᠩᠲ᠋ᠤᠸᠠᠨ᠂ ᠲᠥᠪ᠎ᠦᠨ ᠪᠠ ᠲᠦᠷᠦ᠎ᠶᠢᠨ ᠪᠠᠶ᠋ᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠲᠥᠪ᠎ᠡᠴᠡ ᠬᠠᠮᠢᠶᠠᠷᠴᠤ᠌ ᠪᠠᠶ᠋ᠢᠭ᠎ᠠ ᠮᠥᠩᠭᠥᠨ ᠭᠦᠢᠯᠭᠡᠭᠡᠨ᠎ᠦ ᠪᠠᠶ᠋ᠢᠭᠤᠯᠤᠮᠵᠢ᠂ ᠠᠵᠤ ᠠᠬᠤᠶ᠋ᠢᠯᠠᠯ᠎ᠤᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠣᠷᠣᠯᠴᠠᠵᠠᠢ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 13 ᠤ᠋ ᠴᠠᠬᠢᠯᠭᠠᠨ ᠮᠡᠳᠡᠭᠡ) 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面