ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-17 10:27:45

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ 16᠎ᠤ᠋ ᠡᠳᠦᠷ ᠵᠢᠨᠠᠨ ᠶᠡᠬᠡ ᠰᠤᠷᠭᠠᠭᠤᠯᠢ ᠪᠠᠶ᠋ᠢᠭᠤᠯᠤᠭᠳᠠᠭᠰᠠᠨ 120 ᠵᠢᠯ᠎ᠦᠨ ᠣᠶ᠎ᠳᠤ ᠪᠠᠶᠠᠷ᠎ᠤᠨ ᠵᠠᠬᠢᠳᠠᠯ ᠢᠯᠡᠭᠡᠵᠦ᠍᠂ ᠪᠥᠬᠥ᠌ ᠪᠠᠭᠰᠢ ᠰᠣᠷᠣᠭᠴᠢ ᠠᠵᠢᠯᠲᠠᠨ ᠪᠣᠯᠤᠨ ᠥᠷᠭᠡᠨ ᠣᠯᠠᠨ ᠰᠤᠷᠭᠠᠭᠤᠯᠢ᠎ᠶᠢᠨ ᠬᠠᠨᠢᠳᠠᠨ ᠳ᠋ᠤ ᠪᠠᠶᠠᠷ ᠬᠦᠷᠭᠡᠪᠡ᠃

ᠰᠢ ᠵᠢᠨ ᠫᠢᠩ ᠪᠠᠶᠠᠷ᠎ᠤᠨ ᠵᠠᠬᠢᠳᠠᠯ᠎ᠳᠠᠭᠠᠨ᠂ ᠰᠢᠨ᠎ᠡ ᠭᠠᠷᠤᠭ᠎ᠠ ᠳᠡᠭᠡᠷ᠎ᠡ᠂ ᠵᠢᠨᠠᠨ ᠶᠡᠬᠡ ᠰᠤᠷᠭᠠᠭᠤᠯᠢ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠤᠯᠤᠰ᠎ᠢᠶᠠᠨ ᠬᠠᠶ᠋ᠢᠷᠠᠯᠠᠬᠤ ᠤᠯᠠᠮᠵᠢᠯᠠᠯ᠎ᠢᠶᠠᠨ ᠵᠠᠯᠭᠠᠮᠵᠢᠯᠠᠵᠤ᠂ ᠰᠤᠷᠭᠠᠭᠤᠯᠢ ᠡᠷᠬᠢᠯᠡᠬᠦ᠌ ᠣᠨᠴᠠᠯᠢᠭ ᠵᠢᠡᠨ ᠪᠠᠷᠢᠮᠲᠠᠯᠠᠵᠤ᠂ ᠰᠢᠶᠠᠩᠭᠠᠩ ᠣᠣᠮᠧᠨ ᠲᠠᠶ᠋ᠢᠸᠠᠨ ᠲᠤᠮᠳᠠᠳᠤ ᠵᠢᠨ ᠬᠠᠷᠢᠶᠠᠲᠤ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ᠌᠎ᠶᠢ ᠴᠢᠩᠭᠠᠳᠬᠠᠵᠤ᠂ ᠳᠤᠮᠳᠠᠳᠤ᠎ᠶᠢᠨ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠭᠠᠳᠠᠭᠠᠳᠤ᠎ᠶᠢᠨ ᠨᠥᠬᠥᠷᠰᠡᠭ ᠰᠣᠯᠢᠯᠴᠠᠭ᠎ᠠ᠎ᠶᠢ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠍᠂ ᠲᠤᠮᠳᠠᠳᠤ ᠵᠢᠨ ᠬᠠᠷᠢᠶᠠᠲᠤ᠎ᠨᠠᠷ᠎ᠤᠨ ᠰᠡᠳᠬᠢᠯ ᠲᠤᠮᠳᠠᠳᠤ ᠵᠢᠨ ᠬᠠᠷᠢᠶᠠᠲᠤ᠎ᠨᠠᠷ᠎ᠤᠨ ᠬᠦᠴᠦᠨ᠎ᠢ ᠨᠢᠭᠲᠠᠷᠠᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ᠌᠎ᠶᠢ ᠬᠦᠰᠡᠵᠦ᠍ ᠪᠠᠶ᠋ᠢᠨ᠎ᠠ ᠭᠡᠵᠦ᠍ ᠴᠢᠬᠤᠯᠠᠴᠢᠯᠠᠪᠠ᠃

ᠵᠢᠨᠠᠨ ᠶᠡᠬᠡ ᠰᠤᠷᠭᠠᠭᠤᠯᠢ 1906 ᠣᠨ᠎ᠳᠤ ᠪᠠᠶ᠋ᠢᠭᠤᠯᠤᠭᠳᠠᠪᠠ᠃ 120 ᠵᠢᠯ᠎ᠦᠨ ᠲᠤᠷᠰᠢ᠂ ᠰᠤᠷᠭᠠᠭᠤᠯᠢ᠎ᠨᠢ ᠰᠤᠷᠭᠠᠭᠤᠯᠢ ᠡᠷᠭᠢᠯᠡᠬᠦ᠌ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠴᠠᠭ ᠦᠶ᠎ᠡ᠎ᠶᠢ᠎ᠲᠠᠭᠠᠨ ᠤᠷᠤᠭᠰᠢᠯᠠᠵᠤ᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠴᠦ᠍᠂ ᠳᠡᠯᠡᠬᠡᠶ᠎ᠶᠢᠨ 170 ᠭᠠᠷᠤᠶ ᠤᠯᠤᠰ ᠪᠣᠯᠤᠨ ᠰᠢᠶᠠᠩᠭᠠᠩ ᠣᠣᠮᠧᠨ ᠲᠠᠶ᠋ᠢᠸᠠᠨ ᠣᠷᠣᠨ᠎ᠳᠤ ᠦᠯᠡᠮᠵᠢ ᠣᠯᠠᠨ ᠰᠢᠯᠢᠳᠡᠭ ᠴᠢᠳᠠᠪᠤᠷᠢᠲᠠᠨ᠎ᠢ ᠬᠥᠮᠦᠵᠢᠭᠦᠯᠵᠦ᠍ ᠥᠭᠴᠡᠶ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 16᠎ᠤ᠋ ᠴᠠᠬᠢᠯᠭᠠᠨ ᠮᠡᠳᠡᠭᠡ)  

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面