ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-17 10:26:52

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠲᠡᠷᠢᠭᠦᠯᠡᠭᠴᠢ ᠰᠢ ᠵᠢᠨ ᠫᠢᠩ 《ᠨᠡᠭᠡᠭᠡᠯᠲᠡᠲᠠᠢ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ》  ᠤ᠋ ᠪᠦᠲᠦᠭᠡᠨ ᠪᠠᠢᠭᠤᠯᠤᠯᠲᠠ ᠶ᠋ᠢ ᠠᠬᠢᠭᠤᠯᠤᠭᠰᠠᠨ ᠦᠯᠢᠭᠡᠷ


《ᠥᠩᠭᠡᠷᠡᠭᠰᠡᠨ᠂ ᠤᠳᠤ᠂ ᠢᠷᠡᠭᠡᠳᠦᠢ᠎ᠳᠦ ᠬᠡᠵᠢᠶ᠎ᠡ ᠴᠦ᠍ ᠭᠡᠰᠡᠨ᠂ ᠨᠡᠭᠡᠭᠡᠯᠲᠡ ᠬᠢᠬᠦ ᠪᠣᠯ ᠴᠥᠮ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠦᠷᠭᠦᠯᠵᠢᠯᠡᠬᠦ ᠨᠡᠮᠡᠭᠳᠡᠯ᠎ᠢ ᠪᠡᠶᠡᠯᠡᠭᠦᠯᠬᠦ᠎ᠶᠢᠨ ᠴᠢᠬᠤᠯᠠ ᠤᠷᠢᠲᠠᠯ ᠪᠣᠯᠣᠨ᠎ᠠ》᠃ 2014 ᠣᠨ᠎ᠳᠦ ᠪᠡᠭᠡᠵᠢᠩ᠎ᠳᠦ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ(APEC)ᠵᠢᠨ ᠦᠢᠯᠡᠳᠪᠦᠷᠢ ᠬᠤᠳᠠᠯᠳᠤᠭᠠᠨ᠎ᠤ ᠤᠳᠤᠷᠢᠳᠬᠤ ᠬᠥᠮᠥᠰ᠎ᠦᠨ ᠲᠦᠷᠦᠭᠦᠴᠦᠳ᠎ᠦᠨ ᠬᠤᠷᠠᠯ᠎ᠤᠨ ᠡᠭᠢᠯᠡᠯᠲᠡ᠎ᠶᠢᠨ ᠶᠣᠰᠣᠯᠠᠯ ᠳᠡᠭᠡᠷ᠎ᠡ᠂ ᠲᠡᠷᠢᠭᠦᠯᠡᠭᠴᠢ ᠰᠢ᠎ᠶᠢᠨ ᠫᠢᠩ ᠡᠨᠡ᠎ᠬᠦ ᠢᠯᠡ ᠲᠣᠳᠣ᠌ ᠨᠤᠲᠠᠯᠠᠯᠲᠠ᠎ᠪᠠᠷ ᠨᠡᠭᠡᠭᠡᠯᠲᠡᠲᠤ ᠮᠠᠶᠢᠭ᠋᠎ᠤᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠪᠠᠢᠷᠢᠰᠢᠯ᠎ᠢ ᠪᠤᠢ ᠪᠤᠯᠭᠠᠬᠤ ᠳᠤᠮᠳᠠᠳᠤ ᠤᠯᠤᠰ᠎ᠤᠨ ᠣᠢᠯᠠᠭᠠᠭᠳᠠᠬᠤᠨ᠎ᠢ ᠲᠣᠳᠣᠷᠬᠠᠢᠯᠠᠪᠠ᠃

ᠵᠠᠭᠤᠨ ᠵᠢᠯ᠎ᠳᠦ ᠳᠤᠬᠢᠶᠠᠯᠳᠤᠭ᠎ᠠ ᠦᠭᠡᠢ ᠶᠡᠬᠡ ᠬᠤᠪᠢᠰᠤᠯᠳᠠ ᠲᠦᠷᠭᠡᠰᠦᠨ ᠤᠯᠠᠷᠢᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠎ᠦᠨ ᠰᠥᠷᠭᠡᠦ ᠤᠷᠤᠰᠬᠠᠯ ᠰᠢᠷᠦᠭᠦᠰᠴᠦ᠂ ᠳᠡᠯᠡᠬᠡᠢ᠎ᠶᠢᠨ ᠠᠵᠤ ᠠᠬᠤᠢ᠎ᠶᠢᠨ ᠬᠡᠰᠡᠭᠵᠢᠯᠳᠠ ᠵᠢᠨ ᠪᠠᠢᠳᠠᠯ ᠰᠢᠷᠦᠭᠦᠰᠴᠦ᠂ ᠠᠷᠠᠯᠵᠢᠶᠠᠨ᠎ᠤ ᠪᠡᠯᠡ ᠣᠷᠣᠭᠤᠯᠤᠯᠲᠠ᠎ᠶᠢᠨ ᠪᠡᠬᠢᠯᠡᠯᠲᠡ ᠣᠯᠠᠰᠢᠷᠠᠵᠤ᠂ ᠳᠡᠯᠡᠬᠡᠢ᠎ᠶᠢᠨ ᠨᠡᠭᠡᠭᠡᠯᠲᠡ᠎ᠶᠢᠨ ᠵᠢᠭᠠᠯᠲᠠ ᠲᠣᠭ᠎ᠠ ᠲᠠᠰᠤᠷᠠᠯᠳᠡ ᠦᠭᠡᠢ ᠪᠠᠭᠤᠷᠠᠪᠠ᠃ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ᠂ ᠡᠨᠡ᠎ᠬᠦ ᠪᠦᠭᠦ ᠪᠥᠮᠪᠥᠷᠴᠡᠭ᠎ᠦᠨ ᠬᠠᠮᠤᠭ᠎ᠤᠨ ᠶᠡᠬᠡ ᠨᠡᠮᠡᠭᠳᠡᠯ᠎ᠦᠨ ᠠᠮᠢᠵᠢᠷᠠᠯ᠎ᠤᠨ ᠬᠦᠴᠦᠨ ᠪᠠ ᠬᠥᠭᠵᠢᠯᠲᠡ᠎ᠶᠢᠨ ᠳᠠᠯᠳᠠ ᠬᠦᠴᠦᠨ᠎ᠲᠠᠢ ᠭᠠᠵᠠᠷ ᠤᠷᠤᠨ ᠨᠢ ᠦᠷᠭᠦᠯᠵᠢᠯᠡᠨ ᠠᠵᠤ ᠠᠬᠤᠢ᠎ᠶᠢᠨ ᠳᠡᠯᠡᠬᠡᠢᠵᠢᠯᠲᠡ᠎ᠶᠢ ᠠᠬᠢᠭᠤᠯᠬᠤ ᠪᠤᠬ᠎ᠠ ᠲᠡᠷᠭᠡ ᠪᠣᠯᠵᠤ ᠴᠢᠳᠠᠨ᠎ᠠ ᠤᠤ?

《ᠨᠡᠭᠡᠭᠡᠯᠲᠡ ᠬᠢᠬᠦ ᠪᠣᠯ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ ᠤ᠋ ᠬᠠᠮᠲᠤᠷᠠᠯᠴᠠᠭᠠᠨ᠎ᠤ ᠠᠮᠢᠨ ᠰᠤᠳᠠᠰᠤ ᠮᠥᠨ》᠃ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ᠎ᠤ ᠠᠵᠤ ᠠᠬᠤᠢ ᠵᠢᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ ᠵᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬ᠍ᠰᠠᠨ ᠴᠤ᠌ ᠲᠡᠷᠡ᠂ ᠡᠯ᠎ᠡ ᠪᠦᠷᠢᠯᠳᠦᠭᠦᠨ ᠠᠵᠤ ᠠᠬᠤᠢ ᠶ᠋ᠢᠨ ᠴᠣᠭᠴᠠ ᠶ᠋ᠢᠨ ᠤᠳᠤᠷᠢᠳᠬᠤ ᠬᠥᠮᠥᠰ᠎ᠲᠠᠢ ᠠᠭᠤᠯᠵᠠᠨ ᠶᠠᠷᠢᠯᠴᠠᠭᠰᠠᠨ ᠴᠤ᠌ ᠲᠡᠷᠡ᠂ ᠲᠡᠷᠢᠭᠦᠯᠡᠭᠴᠢ ᠰᠢ᠎ᠶᠢᠨ ᠫᠢᠩ 《ᠨᠡᠭᠡᠭᠡᠯᠲᠡ ᠬᠢᠬᠦ》 ᠨᠢ 《ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ ᠤ᠋ ᠭᠠᠢᠬᠠᠮᠰᠢᠭ᠋》 ᠢ᠋ ᠦᠷᠭᠦᠯᠵᠢᠯᠡᠨ ᠪᠢᠴᠢᠭᠯᠡᠬᠦ᠎ᠳᠦ ᠴᠢᠬᠤᠯᠠ ᠠᠴᠢ ᠬᠣᠯᠪᠣᠭᠳᠠᠯ᠎ᠲᠠᠢ ᠭᠡᠵᠦ ᠢᠮᠠᠭᠲᠠ ᠴᠢᠬᠤᠯᠠᠴᠢᠯᠠᠭᠰᠠᠭᠠᠷ ᠢᠷᠡᠵᠡᠶ᠃

ᠳᠤᠮᠳᠠᠳᠤ ᠤᠯᠤᠰ᠎ᠤᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠳᠤ ᠬᠠᠨᠳᠤᠭᠤᠯᠤᠭᠰᠠᠨ᠂ ᠳᠡᠯᠡᠬᠡᠢ ᠳ᠋ᠠᠬᠢᠨ᠎ᠳᠤ ᠬᠠᠨᠳᠤᠭᠤᠯᠤᠭᠰᠠᠨ ᠨᠡᠭᠡᠭᠡᠯᠲᠡ ᠬᠢᠬᠦ ᠡᠭᠦᠳᠡ ᠶᠠᠪᠤᠬᠤ ᠲᠤᠳᠤᠮ ᠶᠡᠬᠡ ᠨᠡᠭᠡᠭᠡᠭᠳᠡᠵᠦ ᠪᠠᠢᠨ᠎ᠠ᠃

《ᠢᠷᠡᠬᠦ ᠵᠢᠯ ᠡᠴᠡ ᠡᠬᠢᠯᠡᠨ᠂ ᠪᠢᠳᠡ ᠳᠤᠮᠳᠠᠳᠤ ᠤᠯᠤᠰ᠎ᠤᠨ ᠣᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶᠢᠨ ᠦᠵᠡᠰᠭᠦᠯᠡᠩ᠎ᠦᠨ ᠴᠤᠭᠯᠠᠭᠠᠨ᠎ᠢ ᠡᠷᠭᠢᠯᠡᠵᠦ᠂ ᠬᠠᠷᠢᠯᠴᠠᠨ ᠠᠰᠢᠭ᠍ᠲᠠᠢ ᠬᠠᠮᠲᠤᠷᠠᠯᠴᠠᠭᠠᠨ᠎ᠤ ᠰᠢᠨ᠎ᠡ ᠲᠠᠪᠴᠠᠩ᠎ᠢ ᠨᠡᠬᠡᠬᠡᠨ᠎ᠡ᠃ ᠡᠨᠡ ᠨᠢ ᠡᠯ᠎ᠡ ᠲᠠᠯ᠎ᠠ᠎ᠶᠢᠨ ᠭᠢᠨ᠎ᠦ ᠳᠤᠮᠳᠠᠳᠤ ᠤᠯᠤᠰ᠎ᠤᠨ ᠬᠥᠭᠵᠢᠯᠲᠡ᠎ᠶᠢᠨ ᠠᠰᠢᠭ᠋᠎ᠢ ᠨᠠᠩ ᠰᠠᠢᠳᠤᠷ ᠡᠳ᠋ᠯᠡᠬᠦ᠎ᠳᠦ ᠠᠰᠢᠭ᠍ᠲᠠᠢ ᠭᠡᠳᠡᠭ᠎ᠢ ᠪᠢ ᠢᠲᠡᠭᠡᠵᠦ ᠪᠠᠢᠨ᠎ᠠ》᠃ 2017 ᠣᠨ᠎ᠤ 11 ᠰᠠᠷ᠎ᠠ᠎ᠳᠤ᠂ ᠸᠢᠶᠧᠲᠨᠠᠮ᠎ᠳᠤ ᠪᠣᠯᠤᠭᠰᠠᠨ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ᠎ᠤ ᠠᠵᠤ ᠠᠬᠤᠢ ᠵᠢᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ ᠵᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ ᠳᠡᠭᠡᠷ᠎ᠡ᠂ ᠲᠡᠷᠢᠭᠦᠯᠡᠭᠴᠢ ᠰᠢ ᠵᠢᠨ ᠫᠢᠩ ᠡᠨᠡ ᠬᠦ᠌ ᠴᠢᠬᠤᠯᠠ ᠶᠡᠬᠡ ᠨᠡᠭᠡᠭᠡᠯᠲᠡ᠎ᠶᠢᠨ ᠠᠷᠭ᠎ᠠ ᠬᠡᠮᠵᠢᠶ᠎ᠡ᠎ᠶᠢ ᠲᠥᠪ ᠴᠢᠩᠭ᠎ᠠ᠎ᠪᠠᠷ ᠲᠠᠨᠢᠯᠴᠠᠭᠤᠯᠪᠠ᠃

ᠨᠢᠭᠡ ᠵᠢᠯ᠎ᠦᠨ ᠬᠢᠨᠢ ᠲᠠᠷᠠᠭ᠎ᠠ᠂ ᠬᠤᠸᠠᠩ ᠫᠦ ᠵᠢᠶᠠᠩ ᠮᠥᠷᠡᠨ᠎ᠦ ᠬᠥᠪᠡᠭᠡᠨ᠎ᠳᠦ᠂ ᠪᠦᠭᠦ ᠳᠡᠯᠡᠬᠡᠢ᠎ᠶᠢᠨ ᠠᠩᠬᠠᠳᠠᠭ᠍ᠴᠢ ᠭᠠᠳᠠᠭᠠᠳᠤ ᠣᠷᠣᠭᠤᠯᠤᠯᠲᠠ᠎ᠪᠠᠷ ᠭᠣᠣᠯ ᠰᠡᠳᠦᠪ ᠪᠤᠯᠭᠠᠬ᠍ᠰᠠᠨ ᠤᠯᠤᠰ᠎ᠤᠨ ᠲᠡᠰ᠎ᠤᠨ ᠦᠵᠡᠰᠬᠦᠯᠡᠩ᠎ᠤᠨ ᠴᠤᠭᠯᠠᠭᠠᠨ ᠡᠬᠢᠯᠡᠪᠡ᠃ ᠶᠢᠰᠦᠨ ᠵᠢᠯ᠎ᠦᠨ ᠲᠤᠷᠰᠢ᠂ ᠲᠤᠰ ᠦᠵᠡᠰᠭᠦᠯᠡᠩ᠎ᠦᠨ ᠴᠤᠭᠯᠠᠭᠠᠨ ᠨᠢ ᠵᠢᠯ ᠪᠦᠷᠢ ᠪᠣᠯᠵᠣᠭ᠎ᠠ ᠶᠣᠰᠣᠭᠠᠷ᠎ᠶᠠᠪᠤᠬᠳᠠᠵᠤ᠂ 《ᠰᠣᠷᠢᠨᠵᠢᠨ ᠰᠣᠷᠣᠯᠲᠠ᠎ᠶᠢᠨ ᠬᠦᠴᠦᠨ》 ᠤᠯᠠᠮ ᠴᠢᠩᠭᠠᠷᠠᠪᠠ᠃ ᠰᠠᠶᠢᠬᠠᠨ ᠲᠡᠭᠦᠰᠦᠭᠰᠡᠨ ᠶᠢᠰᠦᠳᠦᠭᠡᠷ ᠬᠤᠭᠤᠴᠠᠭᠠᠨ᠎ᠤ ᠭᠠᠳᠠᠭᠠᠳᠤ ᠤᠷᠤᠭᠤᠯᠤᠯᠳᠠ ᠵᠢᠨ ᠦᠵᠡᠰᠭᠦᠯᠡᠩ᠎ᠦᠨ ᠴᠤᠭᠯᠠᠭᠠᠨ᠎ᠳᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠨᠢᠲᠠᠨ᠎ᠢ ᠪᠠᠭᠲᠠᠭᠠᠭᠰᠠᠨ 162 ᠤᠯᠤᠰ᠂ ᠭᠠᠵᠠᠷ ᠣᠷᠣᠨ ᠪᠣᠯᠣᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ ᠣᠷᠤᠯᠴᠠᠵᠤ᠂ ᠦᠵᠡᠰᠭᠦᠯᠡᠩ᠎ᠳᠦ ᠣᠷᠣᠯᠴᠠᠬ᠍ᠰᠠᠨ ᠠᠵᠤ ᠠᠬᠤᠢᠯᠠᠯ᠎ᠤᠨ ᠲᠣᠭ᠎ᠠ᠂ ᠦᠵᠡᠰᠭᠦᠯᠡᠩ᠎ᠦᠨ ᠬᠡᠪᠴᠢᠶ᠎ᠡ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠡᠢ᠃

《ᠳᠤᠮᠳᠠᠳᠤ ᠤᠯᠤᠰ ᠨᠡᠭᠡᠭᠡᠯᠲᠡ ᠬᠢᠬᠦ ᠲᠣᠮᠣ᠌ ᠡᠭᠦᠳᠡ᠎ᠪᠡᠨ ᠡᠭᠦᠷᠢᠳᠡ ᠬᠠᠭᠠᠬᠤ ᠦᠭᠡᠢ᠂ ᠤᠯᠠᠮ ᠶᠡᠬᠡ ᠨᠡᠭᠡᠭᠡᠨ᠎ᠡ》᠃ ᠲᠡᠷᠢᠭᠦᠯᠡᠭᠴᠢ ᠰᠢ᠎ᠶᠢᠨ ᠫᠢᠩ ᠳᠤᠮᠳᠠᠳᠤ᠎ᠶᠢᠨ ᠲᠠᠯ᠎ᠠ᠎ᠶᠢᠨ ᠨᠡᠩ ᠶᠡᠬᠡ ᠬᠡᠪᠴᠢᠶ᠎ᠡ᠂ ᠨᠡᠩ ᠥᠷᠭᠡᠨ ᠬᠦᠷᠢᠶ᠎ᠡ ᠴᠠᠷᠠᠭ᠎ᠠ᠂ ᠨᠡᠩ ᠭᠦᠨ ᠳᠠᠪᠬᠤᠷᠭ᠎ᠠ᠎ᠶᠢᠨ ᠭᠠᠳᠠᠭᠠᠳᠤ ᠨᠡᠭᠡᠭᠡᠯᠲᠡ᠎ᠶᠢᠨ ᠰᠢᠨ᠎ᠡ ᠠᠷᠭ᠎ᠠ ᠬᠡᠮᠵᠢᠶ᠎ᠡ᠎ᠶᠢ ᠤᠯᠠᠨ ᠤᠳᠠᠭ᠎ᠠ ᠲᠣᠳᠣᠷᠬᠠᠢᠯᠠᠨ ᠥᠭᠦᠯᠡᠵᠦ᠂ ᠳᠤᠮᠳᠠᠳᠤ᠎ᠶᠢᠨ ᠲᠠᠯ᠎ᠠ᠎ᠶᠢᠨ ᠭᠢᠨ᠎ᠦ ᠳᠡᠯᠡᠬᠡᠢ ᠳ᠋ᠠᠬᠢᠨ ᠢᠯᠠᠩᠭᠤᠶ᠎ᠠ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠲᠠᠢ ᠬᠥᠭᠵᠢᠯᠲᠡ᠎ᠶᠢᠨ ᠠᠵᠠ ᠲᠣᠭᠢᠶᠠᠯ᠎ᠢ ᠦᠷᠭᠦᠯᠵᠢᠯᠡᠨ ᠬᠤᠪᠢᠶᠠᠯᠴᠠᠬᠤ ᠴᠢᠩ ᠦᠨᠡᠨᠴᠢ ᠬᠦᠰᠡᠯ ᠰᠠᠨᠠᠭ᠎ᠠ᠎ᠶᠢ ᠢᠯᠡᠳᠬᠡᠵᠡᠢ᠃

ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠭᠦ ᠠᠷᠠᠯ᠎ᠤᠨ ᠪᠣᠭᠣᠮᠲᠠ᠎ᠶᠢ ᠬᠠᠭᠠᠵᠤ ᠠᠵᠢᠯᠯᠠᠭᠤᠯᠪᠠ; ᠦᠢᠯᠡᠳᠬᠦ ᠦᠢᠯᠡᠰ᠎ᠦᠨ ᠬᠦᠷᠢᠶᠡᠨ᠎ᠳᠠᠬᠢ ᠭᠠᠳᠠᠭᠠᠳᠤ ᠪᠡᠯᠡ᠎ᠶᠢᠨ ᠵᠠᠬ᠎ᠠ ᠲᠡᠯᠬᠡᠬᠦᠷ ᠲᠤ᠌ ᠣᠷᠣᠬᠤ ᠵᠢ ᠵᠥᠪᠰᠢᠶᠡᠷᠡᠬᠦ ᠬᠢᠵᠠᠭᠠᠷᠯᠠᠯ᠎ᠢ ᠪᠦᠭᠦ ᠳᠠᠯ᠎ᠠ ᠪᠡᠷ ᠦᠬᠡᠢᠰᠬᠡᠪᠡ; ᠪᠦᠭᠦ ᠤᠯᠤᠰ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠣᠭ᠎ᠠ ᠨᠡᠮᠡᠭᠳᠡᠭᠡᠳ 23 ᠪᠤᠯᠪᠠ; 33 ᠤᠯᠤᠰ ᠪᠠ ᠭᠠᠵᠠᠷ ᠣᠷᠣᠨ᠎ᠲᠠᠢ 26 ᠴᠢᠯᠦᠭᠡᠲᠦ ᠠᠷᠠᠯᠵᠢᠶᠠᠨ᠎ᠤ ᠬᠡᠯᠡᠯᠴᠡᠭᠡᠷ ᠲᠣᠬᠢᠷᠠᠯᠴᠠᠪᠠ ᠁ ᠠᠯᠢ ᠤᠯᠠᠨ ᠨᠡᠭᠡᠭᠡᠯᠲᠡ ᠬᠢᠬᠦ ᠠᠷᠭ᠎ᠠ ᠬᠡᠮᠵᠢᠶ᠎ᠡ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠳᠤᠮᠳᠠᠳᠤ ᠤᠯᠤᠰ ᠨᠡᠩ ᠢᠳᠡᠪᠬᠢᠲᠡᠢ ᠨᠡᠭᠡᠭᠡᠯᠲᠡᠲᠤ ᠳᠦᠷᠢ ᠲᠥᠷᠬᠦ᠎ᠪᠡᠷ ᠪᠦᠭᠦ ᠪᠥᠮᠪᠥᠷᠴᠡᠭ᠎ᠢ ᠬᠦᠷᠢᠶᠡᠯᠡᠵᠦ᠂ ᠳᠡᠯᠡᠬᠡᠢ ᠳ᠋ᠠᠬᠢᠨ᠎ᠲᠠᠢ ᠳᠤᠮᠳᠠᠳᠤ ᠤᠯᠤᠰ᠎ᠤᠨ ᠠᠵᠠ ᠲᠣᠭᠢᠶᠠᠯ᠎ᠢ ᠬᠠᠮᠲᠤ ᠪᠠᠷ ᠡᠳ᠋ᠯᠡᠪᠡ᠃

ᠳᠤᠮᠳᠠᠳᠤ ᠤᠯᠤᠰ ᠪᠣᠯᠣᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠨᠢᠲᠠᠨ᠎ᠤ ᠭᠠᠷ ᠬᠣᠯᠪᠣᠨ ᠤᠷᠤᠭᠰᠢᠯᠠᠭᠰᠠᠨ ᠨᠡᠭᠡᠭᠡᠯᠲᠡᠳᠠᠢ ᠬᠠᠮᠲᠤᠷᠠᠯᠴᠠᠭᠠᠨ᠎ᠤ ᠵᠠᠮ ᠶᠠᠪᠤᠬᠤ ᠲᠤᠳᠤᠮ ᠰᠠᠷᠠᠭᠤᠯ ᠳᠠᠷᠳᠠᠩ ᠪᠣᠯᠵᠤ ᠪᠠᠢᠨ᠎ᠠ᠃

《ᠬᠣᠯᠪᠣᠯᠳᠤᠨ ᠨᠡᠪᠲᠡᠷᠡᠯᠴᠡᠬᠦ ᠪᠣᠯ ᠨᠢᠬᠡᠨ ᠵᠤᠷᠪᠤᠰ ᠢᠯᠭᠤᠮ ᠤᠷᠤᠬᠰᠢᠳᠠᠢ ᠵᠠᠮ ᠮᠦᠨ᠂ ᠵᠠᠰᠠᠮᠠᠯ ᠵᠠᠮ᠂ ᠲᠡᠮᠦᠷ ᠵᠠᠮ᠂ ᠤᠰᠤᠨ ᠵᠠᠮ ᠭᠡᠰᠡᠨ ᠦᠬᠡᠢ ᠲᠤᠤᠷ ᠰᠦᠯᠵᠢᠶ᠎ᠠ ᠴᠤ᠌ ᠬᠡᠰᠡᠨ ᠦᠬᠡᠢ  ᠵᠠᠮ ᠬᠠᠮᠢᠭ᠎ᠠ ᠬᠦᠷᠳᠡᠯ᠎ᠡ ᠨᠡᠪᠲᠡᠷᠡᠪᠡᠯ ᠪᠢᠳᠡᠨ᠎ᠦ ᠬᠠᠮᠲᠤᠷᠠᠯᠴᠠᠭ᠎ᠠ ᠳᠠᠷᠤᠢ ᠲᠡᠨᠳᠡ ᠪᠠᠢᠬᠤ ᠶᠤᠮ》᠃ 2014 ᠣᠨ᠎ᠤ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ᠎ᠤ ᠠᠵᠤ ᠠᠬᠤᠢ ᠵᠢᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ ᠵᠢᠨ ᠪᠡᠭᠡᠵᠢᠩ ᠳ᠋ᠡᠬᠢ ᠬᠤᠷᠠᠯ ᠳᠡᠭᠡᠷ᠎ᠡ᠂ ᠲᠡᠷᠢᠭᠦᠯᠡᠭᠴᠢ ᠰᠢ᠎ᠶᠢᠨ ᠫᠢᠩ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ ᠤ᠋ ᠪᠦᠭᠦ ᠲᠠᠯ᠎ᠠ᠎ᠪᠠᠷ ᠬᠣᠯᠪᠣᠯᠳᠤᠨ ᠨᠡᠪᠲᠡᠷᠡᠯᠴᠡᠬᠦ᠎ᠲᠤᠬᠠᠢ ᠠᠤᠭ᠎ᠠ ᠶᠡᠬᠡ ᠠᠯᠤᠰ᠎ᠤᠨ ᠲᠦᠰᠦᠪ᠎ᠢ ᠵᠢᠷᠤᠬᠯᠠᠨ ᠦᠭᠴᠠᠢ᠃

ᠲᠡᠷᠡ ᠦᠶ᠎ᠡ᠎ᠳᠦ᠂ 《ᠨᠢᠭᠡ ᠪᠦᠰᠡ ᠨᠢᠭᠡ ᠵᠠᠮ》 ᠤ᠋ᠨ ᠰᠠᠨᠠᠭᠠᠴᠢᠯᠠᠭ᠎ᠠ᠎ᠶᠢ ᠳᠤᠷᠠᠳᠤᠭᠠᠳ ᠵᠢᠯ ᠭᠠᠷᠤᠢ ᠪᠤᠯᠵᠤ᠂ ᠶᠠᠬ ᠰᠠᠢᠬᠠᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭᠠᠨ᠎ᠤ ᠱᠠᠲᠤᠨ᠎ᠳᠤ ᠣᠷᠤᠭᠠᠳ ᠪᠠᠢᠪᠠ᠃ ᠬᠤᠷᠠᠯ᠎ᠤᠨ ᠬᠤᠭᠤᠴᠠᠭᠠᠨ᠎ᠳᠤ᠂ 《ᠨᠢᠭᠡ ᠪᠦᠰᠡ ᠨᠢᠭᠡ ᠵᠠᠮ》 ᠤ᠋ᠨ ᠬᠠᠮᠲᠤᠷᠠᠯᠴᠠᠭ᠎ᠠ ᠨᠢ ᠡᠯ᠎ᠡ ᠲᠠᠯ᠎ᠠ᠎ᠶᠢᠨ ᠭᠢᠨ᠎ᠦ ᠠᠩᠬᠠᠷᠤᠯ ᠲᠠᠯᠪᠢᠵᠤ ᠪᠠᠢᠭ᠎ᠠ 《ᠵᠠᠩᠭᠢᠯᠠᠭ᠎ᠠ᠎ᠶᠢᠨ ᠦᠭᠡᠰ》 ᠪᠣᠯᠪᠠ᠃

ᠠᠷᠪᠠ ᠭᠠᠷᠤᠢ ᠵᠢᠯ᠎ᠦᠨ ᠲᠤᠷᠰᠢ᠂ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠨᠢᠲᠠᠨ᠎ᠲᠠᠢ᠎ᠪᠠᠨ ᠬᠠᠮᠲᠤᠷᠠᠨ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠢ ᠬᠠᠮᠲᠤ ᠪᠠᠷ ᠪᠠᠢᠭᠤᠯᠵᠤ᠂ ᠰᠠᠨᠠᠭᠠᠴᠢᠯᠠᠭ᠎ᠠ᠎ᠶᠢ ᠡᠯ᠎ᠡ ᠲᠠᠯ᠎ᠠ᠎ᠶᠢᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠲᠠᠢ ᠵᠣᠯᠭᠠᠭᠤᠯᠬᠤ᠎ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠤᠯᠪᠤᠯᠳᠤᠨ ᠨᠡᠪᠳᠡᠷᠡᠯᠴᠡᠬᠦ ᠪᠠ ᠣᠷᠣᠨ ᠪᠦᠰᠡ᠎ᠶᠢᠨ ᠨᠢᠭᠡ ᠴᠣᠭᠴᠠᠵᠢᠯᠲᠠ ᠵᠢᠨ ᠲᠠᠰᠤᠷᠠᠯᠳᠡ ᠦᠭᠡᠢ ᠰᠢᠨ᠎ᠡ ᠠᠬᠢᠴᠠ᠎ᠲᠠᠢ ᠪᠤᠯᠬᠤ᠎ᠶᠢ ᠠᠬᠢᠭᠤᠯᠪᠠ᠃

《ᠭᠠᠷᠠᠮ᠎ᠢ ᠨᠡᠭᠡᠭᠡᠴᠢ!》 2024 ᠣᠨ᠎ᠤ 11 ᠰᠠᠷ᠎ᠠ᠎ᠶᠢᠨ 14 ᠤ᠋ ᠡᠳᠦᠷ᠂ ᠲᠡᠷᠢᠭᠦᠯᠡᠭᠴᠢ ᠰᠢ᠎ᠶᠢᠨ ᠫᠢᠩ ᠫᠧᠷᠦ᠋ ᠵᠢᠨ ᠤᠳᠤᠷᠢᠳᠬᠤ ᠬᠥᠮᠥᠰ᠎ᠲᠠᠢ ᠬᠠᠮᠲᠤ᠎ᠪᠠᠷ ᠯᠢᠮᠠ ᠵᠢᠨ ᠶᠡᠷᠦᠩᠬᠡᠢᠯᠡᠭᠴᠢ᠎ᠶᠢᠨ ᠣᠷᠳᠣᠨ᠎ᠳᠤ ᠸᠢᠳᠢᠤ᠋᠎ᠶᠢᠨ ᠭᠡᠯᠪᠡᠷᠢ᠎ᠪᠡᠷ ᠴᠢᠶᠠᠨ ᠺᠠᠢ ᠭᠠᠷᠠᠮ᠎ᠤᠨ ᠭᠠᠷᠠᠮ ᠨᠡᠭᠡᠭᠡᠬᠦ ᠶᠣᠰᠣᠯᠠᠯ᠎ᠳᠤ ᠣᠷᠣᠯᠴᠠᠪᠠ᠃  ᠲᠡᠷᠢᠭᠦᠯᠡᠭᠴᠢ ᠰᠢ᠎ᠶᠢᠨ ᠫᠢᠩ᠄ 《〈ᠴᠢᠶᠠᠨ ᠺᠠᠢ ᠡᠴᠡ ᠱᠠᠩᠬᠠᠢ ᠭᠦᠷᠲᠡᠯ᠎ᠡ〉᠂ ᠪᠢᠳᠡ ᠶᠠᠭ 〈ᠨᠢᠭᠡ ᠪᠦᠰᠡ ᠨᠢᠭᠡ ᠵᠠᠮ〉 ᠢ᠋ ᠬᠠᠮᠲᠤ᠎ᠪᠠᠷ ᠪᠠᠶ᠋ᠢᠭᠤᠯᠬᠤ ᠰᠠᠨᠠᠭᠠᠴᠢᠯᠠᠭ᠎ᠠ᠎ᠶᠢᠨ ᠫᠧᠷᠦ᠋ ᠳ᠋ᠤ᠌ ᠦᠨᠳᠦᠰᠦ ᠬᠠᠳᠬᠤᠵᠤ ᠴᠡᠴᠡᠭ ᠳᠡᠯᠭᠡᠷᠡᠬᠦ᠎ᠶᠢ ᠭᠡᠷᠡᠴᠢᠯᠡᠵᠦ ᠪᠠᠢᠬᠤ᠎ᠪᠠᠷ ᠪᠠᠷᠠᠬᠤ ᠦᠭᠡᠢ᠂ ᠪᠠᠰᠠ ᠴᠤ᠌ ᠰᠢᠨ᠎ᠡ ᠴᠠᠭ ᠦᠶ᠎ᠡ᠎ᠶᠢᠨ ᠠᠽᠢᠶ᠎ᠠ ᠯᠠᠲ᠋ᠢᠨ ᠠᠮᠧᠷᠢᠺᠠ ᠵᠢᠨ ᠡᠬᠡ ᠬᠠᠭᠤᠷᠠᠢ ᠳᠠᠯᠠᠢ ᠲᠠᠩᠭᠢᠰ᠎ᠤᠨ ᠰᠢᠨ᠎ᠡ ᠵᠠᠮ ᠮᠡᠨᠳᠦᠯᠡᠭᠰᠡᠨ ᠶᠠᠪᠤᠳᠠᠯ ᠪᠣᠯᠣᠨ᠎ᠠ》 ᠭᠡᠪᠠ᠃

ᠲᠡᠷᠢᠭᠦᠯᠡᠭᠴᠢ ᠰᠢ᠎ᠶᠢᠨ ᠫᠢᠩ ᠯᠢᠮᠠ ᠳ᠋ᠥ ᠪᠣᠯᠤᠭᠰᠠᠨ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ᠎ᠤ ᠠᠵᠤ ᠠᠬᠤᠢ ᠵᠢᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ ᠵᠢᠨ ᠦᠢᠯᠡᠳᠪᠦᠷᠢ ᠬᠤᠳᠠᠯᠳᠤᠭᠠᠨ᠎ᠤ ᠤᠳᠤᠷᠢᠳᠬᠤ ᠬᠥᠮᠥᠰ᠎ᠦᠨ ᠲᠦᠷᠦᠭᠦᠴᠦᠳ᠎ᠦᠨ ᠬᠤᠷᠠᠯ ᠳᠡᠭᠡᠷ᠎ᠡ ᠪᠢᠴᠢᠭ ᠢ᠋ᠶ᠋ᠡᠷ ᠶᠠᠷᠢᠶ᠎ᠠ ᠲᠠᠯᠪᠢᠬᠤ᠎ᠳᠠᠭᠠᠨ᠂ 《ᠪᠢᠳᠡ ᠨᠡᠭᠡᠭᠡᠯᠲᠡᠲᠠᠢ ᠬᠣᠯᠪᠣᠯᠳᠤᠨ ᠨᠡᠪᠲᠡᠷᠡᠯᠴᠡᠬᠦ ᠵᠣᠷᠢᠭ᠋ ᠰᠠᠨᠠᠭ᠎ᠠ ᠶ᠋ᠢ ᠦᠢᠯᠡᠳᠦᠯᠭᠡᠵᠢᠭᠦᠯᠳᠡᠭ ᠯᠡ ᠶᠤᠮ ᠪᠣᠯ ᠨᠣᠮᠣᠬᠠᠨ ᠳᠠᠯᠠᠶ ᠳᠠᠷᠤᠢ ᠬᠥᠭᠵᠢᠯ ᠪᠠᠳᠠᠷᠠᠯ ᠢ᠋ ᠠᠬᠢᠭᠤᠯᠬᠤ ᠨᠠᠪᠳᠠᠷᠬᠡᠢ ᠵᠠᠮ ᠪᠣᠯᠵᠤ ᠴᠢᠳᠠᠨ᠎ᠠ》 ᠭᠡᠵᠦ ᠵᠢᠭᠠᠵᠤ ᠭᠠᠷᠭᠠᠵᠠᠢ᠃

ᠡᠨᠡ ᠵᠢᠯ᠎ᠦᠨ 11 ᠰᠠᠷ᠎ᠠ ᠶ᠋ᠢᠨ ᠡᠬᠢ᠎ᠪᠡᠷ᠂ ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠳᠠᠭᠠᠭᠠᠴᠢᠯᠠᠨ ᠪᠠᠢᠭᠤᠯᠤᠭᠰᠠᠨ ᠮᠠᠯᠠᠢᠰᠢᠶ᠎ᠠ ᠶ᠋ᠢᠨ ᠵᠡᠭᠦᠨ ᠳᠠᠯᠠᠶ ᠶ᠋ᠢᠨ ᠡᠷᠭᠢ ᠶ᠋ᠢᠨ ᠲᠡᠮᠦᠷ ᠵᠠᠮ ᠤ᠋ᠨ ᠲᠦᠷᠦᠯ ᠵᠦᠢᠯ᠎ᠤᠨ ᠨᠢᠭᠡᠳᠦᠭᠡᠷ ᠬᠤᠭᠤᠴᠠᠭᠠᠨ᠎ᠤ ᠪᠠᠷᠢᠯᠭ᠎ᠠ ᠶ᠋ᠢ ᠪᠠᠷᠢᠵᠤ ᠳᠠᠭᠤᠰᠬᠠᠨ ᠲᠤᠰᠢᠶᠠᠪᠠ᠃ ᠲᠡᠷᠢᠭᠦᠯᠡᠭᠴᠢ ᠰᠢ᠎ᠶᠢᠨ ᠫᠢᠩ ᠮᠠᠯᠠᠢᠰᠢᠶ᠎ᠠ᠎ᠶᠢᠨ ᠤᠳᠤᠷᠢᠳᠬᠤ ᠬᠥᠮᠥᠰ᠎ᠲᠠᠢ ᠠᠭᠤᠯᠵᠠᠬᠤ᠎ᠳᠠᠭᠠᠨ᠂ ᠳᠤᠮᠳᠠᠳᠤ ᠮᠠᠯᠠᠢᠰᠢᠶ᠎ᠠ᠎ᠶᠢᠨ 《ᠨᠢᠭᠡ ᠪᠦᠰᠡ ᠨᠢᠭᠡ ᠵᠠᠮ》 ᠤ᠋ᠨ ᠪᠡᠯᠭᠡ ᠲᠡᠮᠳᠡᠭ᠎ᠦᠨ ᠴᠢᠨᠠᠷᠲᠠᠢ ᠲᠦᠷᠦᠯ ᠵᠦᠢᠯ᠎ᠢ ᠬᠠᠮᠲᠤ ᠪᠠᠷ ᠰᠠᠢᠳᠤᠷ ᠪᠠᠶ᠋ᠢᠭᠤᠯᠬᠤ ᠬᠡᠷᠡᠭᠲᠡᠢ ᠭᠡᠵᠦ ᠤᠯᠠᠨ ᠤᠳᠠᠭ᠎ᠠ ᠳᠤᠷᠠᠳᠤᠭᠰᠠᠨ ᠶᠤᠮ᠃

ᠨᠢᠭᠡ ᠵᠤᠷᠪᠤᠰ ᠲᠡᠮᠦᠷ ᠵᠠᠮ ᠨᠢ ᠮᠠᠯᠠᠢᠰᠢᠶ᠎ᠠ ᠵᠢᠨ ᠠᠵᠤ ᠠᠬᠤᠢ᠎ᠶᠢᠨ ᠬᠥᠭᠵᠢᠯᠲᠡ ᠪᠣᠯᠣᠨ ᠣᠷᠣᠨ ᠪᠦᠰᠡ᠎ᠶᠢᠨ ᠬᠣᠯᠪᠣᠯᠳᠤᠨ ᠨᠡᠪᠲᠡᠷᠡᠯᠴᠡᠬᠦ᠎ᠳᠦ ᠬᠦᠴᠦᠨ ᠨᠡᠮᠡᠷᠢᠯᠡᠭᠰᠡᠨ᠎ᠢᠶᠡᠷ ᠪᠠᠷᠠᠬᠤ ᠦᠭᠡᠢ ᠪᠠᠰᠠ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢᠨ ᠬᠥᠭᠥᠷᠭᠡ᠎ᠶᠢ ᠪᠣᠰᠬᠠᠵᠠᠢ᠃ 《ᠳᠤᠮᠳᠠᠳᠤ ᠮᠠᠯᠠᠢᠰᠢᠶ᠎ᠠ  ᠶ᠋ᠢᠨ ᠲᠡᠮᠦᠷ ᠵᠠᠮ᠎ᠤᠨ ᠴᠢᠳᠠᠪᠤᠷᠢᠲᠠᠨ ᠢ᠋ ᠪᠤᠯᠪᠠᠰᠤᠷᠠᠭᠤᠯᠬᠤ ᠲᠥᠯᠥᠪᠯᠡᠭᠡ》 ᠨᠢ ᠮᠠᠯᠠᠢᠰᠢᠶ᠎ᠠ ᠶ᠋ᠢᠨ ᠵᠠᠯᠠᠭᠤᠴᠤᠳ᠎ᠲᠤ ᠳᠤᠮᠳᠠᠳᠤ ᠤᠯᠤᠰ᠎ᠲᠤ ᠢᠷᠡᠵᠤ ᠰᠤᠷᠤᠯᠴᠠᠨ ᠰᠣᠯᠢᠯᠴᠠᠬᠤ ᠲᠣᠭᠢᠶᠠᠯ ᠣᠯᠭᠣᠵᠤ᠂ ᠲᠡᠳᠡ ᠨᠡᠷ᠎ᠤᠨ ᠬᠠᠮᠲᠤᠷᠠᠯᠴᠠᠭᠠᠨ᠎ᠤ ᠵᠠᠮ ᠲᠡᠬᠡᠷ᠎ᠡ ᠢᠷᠡᠭᠡᠳᠦᠢ ᠶ᠋ᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠳ᠋ᠤᠨᠢ ᠬᠠᠪᠰᠤᠷᠪᠠ᠃

ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ ᠡᠴᠡ ᠳᠡᠯᠡᠬᠡᠢ ᠳ᠋ᠠᠬᠢᠨ᠎ᠢ ᠪᠠᠷᠠᠯᠠᠬᠤᠶ᠎ᠠ᠂ ᠴᠢᠶᠠᠨ ᠺᠠᠢ ᠭᠠᠷᠠᠮ ᠡᠴᠡ ᠳᠤᠮᠳᠠᠳᠤ ᠮᠠᠯᠠᠢᠰᠢᠶ᠎ᠠ ᠵᠢᠨ ᠨᠥᠬᠥᠷᠯᠡᠯ᠎ᠦᠨ ᠶᠡᠬᠡ ᠬᠥᠭᠥᠷᠭᠡ᠂ ᠳᠤᠮᠳᠠᠳᠤ ᠪᠧᠯᠤᠷᠦ᠋ᠰᠢᠶ᠎ᠠ ᠵᠢᠨ ᠠᠵᠤ ᠦᠢᠯᠡᠳᠪᠦᠷᠢ᠎ᠶᠢᠨ ᠬᠦᠷᠢᠶᠡᠯᠡᠩ ᠭᠦᠷᠲᠡᠯ᠎ᠡ᠂ ᠵᠡᠭᠦᠨ ᠡᠮᠦᠨᠡᠲᠦ ᠠᠽᠢᠶ᠎ᠠ᠎ᠶᠢᠨ ᠠᠩᠬᠠᠳᠠᠭ᠍ᠴᠢ ᠲᠦᠷᠭᠡᠨ᠎ᠦ ᠲᠡᠮᠦᠷ ᠵᠠᠮ ᠶᠠ ᠸᠠᠨ ᠲᠦᠷᠭᠡᠨ᠎ᠦ ᠲᠡᠮᠦᠷ ᠵᠠᠮ ᠡᠴᠡ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠂ ᠮᠤᠮᠪᠠᠰᠠ ︱ ᠨᠠᠢ᠍ᠢᠷᠤᠪᠢ ᠵᠢᠨ ᠲᠡᠮᠦᠷ ᠵᠠᠮ ᠭᠦᠷᠲᠡᠯ᠎ᠡ᠂ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠢ ᠬᠠᠮᠲᠤ ᠪᠠᠷ ᠪᠦᠲᠦᠭᠡᠨ ᠪᠠᠶ᠋ᠢᠭᠤᠯᠬᠤ᠎ᠪᠠᠷ ᠳᠠᠮᠵᠢᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ ᠴᠢᠨᠠᠭᠰᠢᠯᠠᠪᠠᠯ ᠨᠡᠩ ᠥᠷᠭᠡᠨ ᠠᠭᠤᠳᠠᠮ ᠳᠡᠯᠡᠬᠡᠢ ᠶᠢᠷᠲᠢᠨᠴᠦ᠎ᠶᠢ ᠬᠣᠯᠪᠣᠭᠰᠠᠨ ᠪᠠᠢᠨ᠎ᠠ᠃

ᠳᠤᠮᠳᠠᠳᠤ ᠤᠯᠤᠰ 《ᠨᠡᠭᠡᠭᠡᠯᠲᠡᠲᠠᠢ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ》 ᠤ᠋ ᠪᠦᠲᠦᠭᠡᠨ ᠪᠠᠢᠭᠤᠯᠤᠯᠲᠠ᠎ᠶᠢ ᠡᠷᠡᠰ ᠠᠬᠢᠭᠤᠯᠵᠤ᠂ ᠳᠡᠯᠡᠬᠡᠢ᠎ᠶᠢᠨ ᠠᠵᠤ ᠠᠬᠤᠢ᠎ᠳᠤ ᠢᠲᠡᠭᠡᠯ ᠵᠣᠷᠢᠭ᠋ ᠪᠠ ᠬᠥᠳᠡᠯᠭᠡᠬᠦ ᠬᠦᠴᠦᠨ ᠨᠡᠮᠡᠷᠢᠯᠡᠪᠡ᠃

ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ ᠪᠣᠯ ᠪᠦᠭᠦ ᠪᠥᠮᠪᠥᠷᠴᠡᠭ᠎ᠦᠨ ᠨᠡᠮᠡᠭᠳᠡᠯ᠎ᠤᠨ ᠬᠦᠳᠡᠯᠬᠡᠬᠦᠷ ᠮᠦᠨ᠃ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ᠎ᠤ ᠠᠵᠤ ᠠᠬᠤᠢ ᠵᠢᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ ᠵᠢᠨ 21 ᠪᠦᠷᠢᠯᠳᠦᠭᠦᠨ ᠠᠵᠤ ᠠᠬᠤᠢ ᠶ᠋ᠢᠨ ᠴᠣᠭᠴᠠ ᠨᠢ ᠪᠦᠭᠦ ᠪᠥᠮᠪᠥᠷᠴᠡᠭ᠎ᠦᠨ ᠭᠤᠷᠪᠠᠨ᠎ᠤ ᠨᠢᠭᠡ ᠬᠤᠪᠢ ᠶ᠋ᠢᠨ ᠬᠥᠮᠥᠨ ᠠᠮᠠ᠎ᠪᠠᠷ ᠠᠷᠪᠠᠨ᠎ᠤ ᠵᠢᠷᠭᠤᠭᠠᠨ ᠬᠤᠪᠢ ᠶ᠋ᠢᠨ ᠠᠵᠤ ᠠᠬᠤᠢ ᠶ᠋ᠢᠨ ᠶᠡᠷᠦᠩᠬᠡᠢ ᠬᠡᠮᠵᠢᠶ᠎ᠡ᠂ ᠬᠠᠭᠠᠰ ᠣᠷᠴᠢᠮ᠎ᠤᠨ ᠠᠷᠠᠯᠵᠢᠶᠠᠨ᠎ᠤ ᠶᠡᠷᠦᠩᠬᠡᠢ ᠦᠷᠲᠡᠭ᠎ᠢ ᠬᠠᠨᠳᠢᠪᠯᠡᠵᠠᠢ᠃ ᠣᠢᠷ᠎ᠠ᠎ᠳᠤ᠂ ᠣᠯᠠᠨ ᠤᠯᠤᠰ᠎ᠤᠨ ᠵᠣᠭᠣᠰᠤᠨ᠎ᠤ ᠰᠠᠭᠤᠷᠢ ᠮᠥᠩᠭᠥᠨ᠎ᠦ ᠵᠣᠬᠢᠶᠠᠨ ᠪᠠᠢᠭᠤᠯᠤᠯᠲᠠ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠡᠨᠡ ᠵᠢᠯ᠎ᠦᠨ ᠠᠵᠤ ᠠᠬᠤᠢ᠎ᠶᠢᠨ ᠨᠡᠮᠡᠭᠳᠡᠯ᠎ᠦᠨ ᠬᠤᠷᠳᠤᠴᠠ᠎ᠶᠢᠨ ᠵᠢᠱ᠌ᠢᠯᠲᠡ ᠬᠡᠮᠵᠢᠭᠳᠡᠯ 4.4% ᠪᠠᠢᠭᠰᠠᠨ᠎ᠢ 4.8% ᠪᠤᠯᠭᠠᠨ ᠳᠡᠭᠡᠭᠰᠢᠯᠡᠬᠦᠯᠪᠡ᠃

ᠴᠢᠯᠢ᠎ᠶᠢᠨ ᠤᠤᠯ᠎ᠤᠨ ᠶᠡᠷᠦᠩᠬᠡᠢᠯᠡᠭᠴᠢ ᠮᠢᠱᠠᠢᠷ·ᠪᠠᠴᠠᠢᠯᠠᠢᠲᠧ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠴᠢᠯᠦᠭᠡᠲᠦ ᠠᠷᠠᠯᠵᠢᠶᠠᠨ᠎ᠤ ᠣᠷᠣᠨ᠎ᠢ ᠪᠠᠶ᠋ᠢᠭᠤᠯᠬᠤ ᠪᠣᠯ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠯᠠᠨ ᠵᠢᠯ᠎ᠦᠨ ᠲᠤᠷᠰᠢᠬᠢ ᠬᠦᠰᠡᠯ ᠵᠡᠭᠦᠳᠦ ᠮᠥᠨ᠂ ᠭᠡᠪᠡᠴᠦ 《ᠲᠡᠷᠢᠭᠦᠯᠡᠭᠴᠢ ᠰᠢ᠎ᠶᠢᠨ ᠫᠢᠩ ᠳᠠᠬᠢᠨᠲᠠ ᠳᠤᠷᠠᠳᠤᠯᠭ᠎ᠠ ᠭᠠᠷᠭᠠᠬᠰᠠᠨ ᠭᠦᠷᠲᠡᠯ᠎ᠡ》 ᠮᠠᠰᠢ ᠤᠷᠳᠤ ᠬᠤᠭᠤᠴᠠᠭᠠᠨ᠎ᠤ ᠲᠤᠷᠰᠢ ᠠᠵᠢᠯᠯᠠᠭ᠎ᠠ ᠠᠪᠤᠭᠰᠠᠨ ᠦᠭᠡᠢ ᠶᠤᠮ ᠭᠡᠵᠦ ᠡᠷᠭᠢᠴᠡᠭᠦᠯᠵᠡᠢ᠃

2014 ᠣᠨ᠎ᠳᠤ᠂ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ᠎ᠤ ᠠᠵᠤ ᠠᠬᠤᠢ ᠵᠢᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ ᠵᠢᠨ ᠪᠡᠭᠡᠵᠢᠩ ᠳ᠋ᠡᠬᠢ ᠬᠤᠷᠠᠯ ᠡᠴᠡ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠴᠢᠯᠦᠭᠡᠲᠦ ᠠᠷᠠᠯᠵᠢᠶᠠᠨ᠎ᠤ ᠣᠷᠣᠨ᠎ᠤ ᠠᠬᠢᠴᠠ᠎ᠶᠢ ᠡᠬᠢᠯᠡᠭᠦᠯᠬᠦ ᠲᠡᠦᠬᠡᠲᠦ ᠴᠢᠨᠠᠷᠲᠠᠢ ᠲᠣᠭᠲᠠᠭᠠᠯ ᠭᠠᠷᠭᠠᠪᠠ᠃

《ᠣᠷᠣᠨ ᠪᠦᠰᠡ᠎ᠶᠢᠨ ᠠᠵᠤ ᠠᠬᠤᠢ᠎ᠶᠢᠨ ᠨᠢᠭᠡ ᠴᠣᠭᠴᠠᠵᠢᠯᠲᠠ᠎ᠶᠢ ᠰᠢᠨ᠎ᠡ ᠥᠨᠳᠥᠷᠴᠡ ᠳ᠋ᠤ᠌ ᠬᠦᠷᠭᠡᠵᠦ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠴᠢᠯᠦᠭᠡᠲᠦ ᠠᠷᠠᠯᠵᠢᠶᠠᠨ᠎ᠤ ᠣᠷᠣᠨ᠎ᠤ ᠠᠬᠢᠴᠠ᠎ᠶᠢ ᠡᠬᠢᠯᠡᠭᠦᠯᠬᠦ᠎ᠪᠡᠷ ᠪᠠᠷᠠᠬᠤ ᠦᠭᠡᠢ ᠪᠠᠰᠠ ᠨᠡᠭᠡᠭᠡᠯᠲᠡᠲᠤ ᠣᠷᠣᠨ ᠪᠦᠰᠡ᠎ᠶᠢᠨ ᠦᠵᠡᠯ᠎ᠦᠨ ᠣᠢᠯᠠᠭᠠᠭᠳᠠᠬᠤᠨ᠎ᠢ ᠪᠠᠷᠢᠮᠲᠠᠯᠠᠵᠤ᠂ ᠨᠡᠭᠡᠭᠡᠯᠲᠡᠲᠤ ᠭᠡᠯᠪᠡᠷᠢ᠎ᠶᠢᠨ ᠠᠵᠤ ᠠᠬᠤᠢ᠎ᠶᠢᠨ ᠰᠢᠨ᠎ᠡ ᠪᠠᠢᠭᠤᠯᠤᠯ ᠪᠣᠯᠣᠨ ᠣᠷᠣᠨ ᠪᠦᠰᠡ᠎ᠶᠢᠨ ᠬᠠᠮᠲᠤᠷᠠᠯᠴᠠᠭᠠᠨ᠎ᠤ ᠪᠦᠲᠦᠭᠦᠪᠴᠢ ᠲᠦᠰᠦᠪ᠎ᠢ ᠪᠠᠶ᠋ᠢᠭᠤᠯᠬᠤ᠎ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠲᠣᠮᠣ᠌ ᠡᠭᠦᠳᠡ᠎ᠶᠢ ᠢᠮᠠᠭᠲᠠ ᠪᠦᠭᠦ ᠳᠡᠯᠡᠬᠡᠢ᠎ᠳᠦ ᠨᠡᠭᠡᠭᠡᠬᠦ ᠬᠡᠷᠡᠭᠲᠡᠢ》 ᠭᠡᠵᠦ ᠲᠡᠷᠢᠭᠦᠯᠡᠭᠴᠢ ᠰᠢ᠎ᠶᠢᠨ ᠫᠢᠩ ᠬᠡᠯᠡᠪᠡ᠃

ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠨᠡᠭᠡᠭᠡᠯᠲᠡᠳᠡᠢ ᠬᠠᠮᠲᠤᠷᠠᠯᠴᠠᠭ᠎ᠠ ᠨᠢ ᠨᠣᠮᠣᠬᠠᠨ ᠲᠠᠯᠠᠢ᠎ᠶᠢ ᠳᠣᠩᠰᠣᠯᠭᠠᠵᠤ ᠪᠠᠢᠬᠤ᠎ᠪᠠᠷ ᠪᠠᠷᠠᠬᠤ ᠦᠭᠡᠢ ᠪᠠᠰᠠ ᠳᠡᠯᠡᠬᠡᠢ᠎ᠶᠢᠨ ᠠᠵᠤ ᠠᠬᠤᠢ᠎ᠶᠢᠨ ᠲᠠᠯᠠᠢ ᠲᠠᠩᠭᠢᠰ᠎ᠢ ᠬᠥᠭᠵᠢᠶᠡᠨ ᠲᠡᠢ ᠪᠤᠯᠭᠠᠬ᠍ᠰᠠᠨ ᠪᠠᠢᠨ᠎ᠠ᠃ 2025 ᠣᠨ᠎ᠳᠤ᠂ ᠺᠤᠷᠢᠶᠠ᠎ᠶᠢᠨ ᠪᠦᠰᠡᠨ᠎ᠳᠦ ᠬᠤᠷᠠᠯᠳᠤᠭᠰᠠᠨ ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ᠎ᠤ ᠠᠵᠤ ᠠᠬᠤᠢ ᠵᠢᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ ᠵᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ ᠳᠡᠭᠡᠷ᠎ᠡ᠂ ᠲᠡᠷᠢᠭᠦᠯᠡᠭᠴᠢ ᠰᠢ᠎ᠶᠢᠨ ᠫᠢᠩ ᠡᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ᠎ᠤ ᠬᠠᠨᠢᠳᠠᠨ ᠵᠢᠨᠨ 《〈ᠭᠠᠷ ᠬᠣᠯᠪᠣᠯᠴᠠᠬᠤ〉 ᠶ᠋ᠢ ᠪᠠᠷᠢᠮᠲᠠᠯᠠᠬᠤ ᠡᠴᠡ ᠪᠢᠰᠢ 〈ᠭᠠᠷ᠎ᠢᠶᠠᠨ ᠲᠠᠯᠪᠢᠬᠤ〉 ᠪᠢᠰᠢ᠂ 〈ᠬᠡᠯᠬᠢᠶ᠎ᠡ᠎ᠪᠡᠨ ᠤᠷᠲᠤᠳᠬᠠᠬᠤ〉 ᠶ᠋ᠢ ᠪᠠᠷᠢᠮᠲᠠᠯᠠᠬᠤ ᠡᠴᠡ ᠪᠢᠰᠢ〈ᠬᠡᠯᠬᠢᠶ᠎ᠡ᠎ᠪᠡᠨ ᠲᠠᠰᠤᠯᠬᠤ〉 ᠶ᠋ᠢ ᠪᠠᠷᠢᠮᠲᠠᠯᠠᠬᠤ ᠪᠢᠰᠢ》 ᠭᠡᠵᠦ ᠤᠷᠢᠶᠠᠯᠠᠨ᠂ ᠨᠡᠭᠡᠭᠡᠯᠲᠡᠲᠤ ᠬᠡᠯᠪᠡᠷᠢ ᠵᠢᠨ ᠳᠡᠯᠡᠬᠡᠢ᠎ᠶᠢᠨ ᠠᠵᠤ ᠠᠬᠤᠢ᠎ᠶᠢ ᠪᠠᠶ᠋ᠢᠭᠤᠯᠬᠤ᠎ᠳᠤ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠬᠠᠮᠳᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭᠲᠡᠢ ᠭᠡᠵᠡᠢ᠃

ᠠᠷᠪᠠ ᠭᠠᠷᠤᠢ ᠵᠢᠯ᠎ᠦᠨ ᠲᠤᠷᠰᠢ᠂ ᠳᠤᠮᠳᠠᠳᠤ ᠤᠯᠤᠰ᠎ᠤᠨ ᠨᠡᠭᠡᠭᠡᠯᠲᠡᠲᠤ ᠬᠥᠭᠵᠢᠯᠲᠡ᠎ᠶᠢ ᠠᠬᠢᠭᠤᠯᠬᠤ ᠠᠵᠢᠯᠯᠠᠭ᠎ᠠ ᠰᠢᠨᠲᠠᠷᠠᠰᠢ ᠦᠭᠡᠢ ᠦᠷᠭᠦᠯᠵᠢᠯᠡᠪᠡ ︱ ᠭᠠᠵᠠᠷ ᠣᠷᠣᠨ᠎ᠤ ᠬᠠᠨᠢᠲᠠᠨ᠎ᠲᠠᠢ᠎ᠪᠠᠨ ᠬᠠᠮᠲᠤᠷᠠᠨ《ᠣᠷᠣᠨ ᠪᠦᠰᠡ᠎ᠶᠢᠨ ᠪᠦᠭᠦ ᠲᠠᠯ᠎ᠠ᠎ᠶᠢᠨ ᠠᠵᠤ ᠠᠬᠤᠢ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠬᠡᠯᠡᠯᠴᠡᠭᠡᠷ》ᠢ᠋ ᠪᠦᠬᠦ ᠲᠠᠯ᠎ᠠ᠎ᠪᠠᠷ ᠴᠢᠨᠠᠷ ᠰᠠᠢᠲᠠᠢ ᠬᠡᠷᠡᠭᠵᠢᠭᠦᠯᠵᠦ᠂ ᠪᠦᠭᠦ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠴᠢᠯᠦᠭᠡᠲᠦ ᠠᠷᠠᠯᠵᠢᠶᠠᠨ᠎ᠤ ᠣᠷᠣᠨ᠎ᠤ ᠨᠡᠭᠡᠭᠡᠯᠲᠡᠲᠤ ᠬᠠᠮᠲᠤᠷᠠᠯᠴᠠᠭᠠᠨ᠎ᠤ ᠠᠰᠢᠭ᠋ ᠲᠤᠰᠠ᠎ᠶᠢ ᠦᠷᠭᠦᠯᠵᠢᠯᠡᠨ ᠪᠠᠳᠠᠷᠠᠭᠤᠯᠬᠤ᠎ᠶᠢ ᠠᠭᠢᠭᠤᠯᠪᠠ; 《ᠨᠣᠮᠣᠬᠠᠨ ᠳᠠᠯᠠᠢ ᠠᠯᠤᠰᠯᠠᠭᠰᠠᠨ ᠪᠦᠭᠦ ᠲᠠᠯ᠎ᠠ᠎ᠶᠢᠨ ᠪᠠ ᠲᠠᠪᠰᠢᠯᠳᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠬᠡᠯᠡᠯᠴᠡᠭᠡᠷ》 ᠪᠣᠯᠣᠨ 《ᠲᠣᠭᠠᠴᠢᠯᠠᠭᠰᠠᠨ ᠠᠵᠤ ᠠᠬᠤᠢ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠬᠡᠯᠡᠯᠴᠡᠭᠡᠷ》 ᠤ᠋ᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠢ ᠰᠠᠨᠠᠭᠠᠴᠢᠯᠠᠭ᠎ᠠ ᠡᠴᠡ᠎ᠪᠠᠨ ᠵᠣᠯᠭᠠᠭᠤᠯᠵᠤ᠂ ᠡᠯ᠎ᠡ ᠲᠠᠯ᠎ᠠ᠎ᠶᠢᠨ ᠭᠢᠨ᠎ᠲᠠᠢ ᠨᠡᠭᠡᠭᠡᠯᠲᠡᠲᠤ ᠬᠥᠭᠵᠢᠯᠲᠡ᠎ᠶᠢᠨ ᠰᠢᠨ᠎ᠡ ᠵᠢᠷᠤᠭ ᠲᠥᠰᠥᠪ᠎ᠢ ᠬᠠᠮᠲᠤ ᠪᠠᠷ ᠵᠢᠷᠤᠬ᠍ᠯᠠᠪᠠ; ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠳᠤ ᠴᠢᠬᠤᠯᠠ ᠪᠦᠬᠦᠢ ᠥᠭᠡᠷᠡᠴᠢᠯᠡᠯᠲᠡ ᠬᠢᠬᠦ᠎ᠶᠢ ᠡᠩ ᠲᠡᠷᠢᠭᠦᠨ᠎ᠳᠦ ᠳᠤᠷᠠᠳᠤᠨ ᠭᠠᠷᠭᠠᠵᠤ᠂ ᠳᠡᠯᠡᠬᠡᠢ᠎ᠶᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠪᠠᠷ ᠭᠣᠣᠯ ᠪᠤᠯᠭᠠᠬ᠍ᠰᠠᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠪᠠ᠃

ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠨᠠᠷᠢᠨ ᠪᠢᠴᠢᠭ᠎ᠦᠨ ᠳᠠᠷᠤᠭ᠎ᠠ ᠭᠦᠲᠸᠯᠸᠢᠢᠰ ᠳᠤᠮᠳᠠᠳᠤ ᠤᠯᠤᠰ ᠪᠣᠯ 《ᠤᠯᠠᠨ ᠲᠠᠯᠠᠲᠤ ᠦᠵᠡᠯ᠎ᠢ ᠬᠠᠮᠠᠭᠠᠯᠠᠬᠤ᠂ ᠳᠡᠯᠡᠬᠡᠢ᠎ᠶᠢᠨ ᠦᠷᠭᠦᠯᠵᠢᠯᠡᠬᠦ ᠬᠥᠭᠵᠢᠯᠲᠡ᠎ᠶᠢᠨ ᠦᠢᠯᠡᠰ᠎ᠢ ᠠᠬᠢᠭᠤᠯᠬᠤ ᠴᠢᠬᠤᠯᠠ ᠲᠤᠯᠭᠠᠭᠤᠷᠢ ᠮᠥᠨ》 ᠭᠡᠵᠦ ᠳᠡᠭᠡᠳᠦ ᠬᠡᠮᠵᠢᠶ᠎ᠡ᠎ᠪᠡᠷ ᠦᠨᠡᠯᠡᠪᠡ᠃ ᠠᠩᠭ᠌ᠯᠢ᠎ᠶᠢᠨ ᠯᠤᠨᠳᠤᠨ᠎ᠤ ᠠᠵᠤ ᠠᠬᠤᠢ ᠬᠢᠭᠡᠳ ᠬᠤᠳᠠᠯᠳᠤᠭᠠᠨ᠎ᠤ ᠲᠦᠷᠦ᠎ᠶᠢᠨ ᠪᠣᠳᠣᠯᠭ᠎ᠠ ᠎ᠶᠢᠨ ᠵᠠᠬᠢᠷᠭ᠎ᠠ᠎ᠶᠢᠨ ᠤᠤᠯ᠎ᠤᠨ ᠳᠠᠷᠤᠭ᠎ᠠ ᠶᠤᠬᠠᠨ· ᠷᠤᠰ  (ᠬᠢᠲᠠᠳ ᠨᠡᠷ᠎ᠡ ᠨᠢ᠄ ᠯᠥᠸᠧ ᠰᠧ  ᠢ) ᠳᠤᠮᠳᠠᠳᠤ ᠤᠯᠤᠰ ᠪᠣᠯ 《ᠳᠡᠯᠡᠬᠡᠢᠵᠢᠯᠲᠡ᠎ᠶᠢᠨ ᠬᠠᠮᠤᠭ᠎ᠤᠨ ᠡᠷᠡᠰ ᠪᠠᠲᠤ ᠳᠡᠮᠵᠢᠭᠴᠢ》 ᠭᠡᠵᠦ ᠮᠠᠭᠲᠠᠨ ᠰᠠᠢᠰᠢᠶᠠᠪᠠ᠃

ᠠᠽᠢᠶ᠎ᠠ ᠲᠢᠪ ᠨᠤᠮᠤᠬᠠᠨ ᠳᠠᠯᠠᠢ ᠵᠢᠨ ᠤᠷᠤᠨ᠎ᠤ ᠠᠵᠤ ᠠᠬᠤᠢ ᠵᠢᠨ ᠬᠠᠮᠳᠤᠷᠠᠯᠴᠠᠭᠠᠨ᠎ᠤ ᠵᠤᠬᠢᠶᠠᠨ ᠪᠠᠢᠭᠤᠯᠤᠯᠳᠠ ᠵᠢᠨ ᠪᠠᠰᠠ ᠨᠢᠬᠡᠨ 《ᠳᠤᠮᠳᠠᠳᠤ ᠤᠯᠤᠰ᠎ᠤᠨ ᠣᠨ》 ᠲᠣᠬᠢᠶᠠᠪᠠ᠂ ᠠᠽᠢᠶ᠎ᠠ ᠲᠢᠪ ᠨᠣᠮᠣᠬᠠᠨ ᠳᠠᠯᠠᠶ᠎ᠶᠢᠨ ᠣᠷᠣᠨ ᠪᠣᠯᠣᠨ ᠳᠡᠯᠡᠬᠡᠢ ᠨᠡᠶ᠋ᠢᠲᠡ᠎ᠪᠡᠷ ᠢ᠋ᠶ᠋ᠡᠨ ᠡᠨᠡ ᠤᠳᠠᠭ᠎ᠠ ᠵᠢᠨ 《ᠱᠧᠨᠵᠧᠨ᠎ᠳ᠋ᠡᠬᠢ ᠪᠤᠯᠵᠤᠭ᠎ᠠ》 ᠶ᠋ᠢ ᠬᠠᠯᠠᠭᠤᠨ᠎ᠢᠶᠠᠷ ᠬᠦᠰᠡᠨ ᠪᠡᠷᠡᠯᠡᠵᠦ ᠪᠤᠢ᠃ ᠳᠤᠮᠳᠠᠳᠤ ᠤᠯᠤᠰ ᠦᠷᠭᠦᠯᠵᠢᠯᠡᠨ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠨᠢᠲᠠᠨ᠎ᠲᠠᠢ ᠭᠠᠷ ᠬᠣᠯᠪᠣᠯᠴᠠᠵᠤ᠂ ᠨᠡᠭᠡᠭᠡᠯᠲᠡ᠎ᠶᠢᠨ ᠶᠡᠬᠡ ᠡᠭᠦᠳᠡ ᠪᠠᠨ ᠤᠯᠠᠮ ᠶᠡᠬᠡ ᠨᠡᠭᠡᠭᠡᠵᠦ᠂ ᠬᠠᠮᠲᠤᠷᠠᠯᠴᠠᠭᠠᠨ᠎ᠤ ᠬᠣᠯᠪᠣᠭᠠᠰᠤ᠎ᠶᠢ ᠤᠯᠠᠮ ᠴᠢᠩᠭ᠎ᠠ ᠬᠣᠯᠪᠣᠬᠤ ᠪᠤᠯᠤᠨ᠎ᠠ᠃

(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 15 ᠤ᠋ ᠴᠠᠭᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面