2026-11-18 11:22:00
ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠭᠢᠯᠡᠯᠲᠡ᠎ᠶᠢᠨ ᠵᠢᠯ ᠮᠥᠨ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ ᠰᠢᠨ᠎ᠡ ᠠᠵᠠ ᠲᠣᠭᠢᠶᠠᠯ᠎ᠢ ᠤᠭᠲᠤᠨ ᠠᠪᠴᠢᠷᠠᠵᠤ᠂ ᠰᠢᠨ᠎ᠡ ᠡᠭᠦᠷᠭᠡ᠎ᠳᠦ ᠲᠤᠯᠭᠠᠷᠠᠪᠠ᠃ 11 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠭᠤᠸᠠᠩᠳᠦ᠋ᠩ ᠮᠤᠵᠢ᠎ᠶᠢᠨ ᠵᠦᠩᠱᠠᠨ ᠬᠤᠳᠠ᠎ᠳᠤ ᠰᠢᠨᠵᠢᠯᠡᠨ ᠪᠠᠢᠴᠠᠭᠠᠵᠤ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠤᠷᠤᠨ ᠤ᠋ ᠪᠦᠲᠦᠭᠡᠨ ᠪᠠᠢᠭᠤᠯᠤᠯᠲᠠ᠎ᠶᠢᠨ ᠲᠤᠬᠠᠢ ᠴᠢᠬᠤᠯᠠ ᠵᠢᠭᠠᠪᠤᠷᠢ ᠥᠭᠴᠦ᠂ 《ᠵᠦᠵᠢᠶᠠᠩ ᠮᠥᠷᠡᠨ᠎ᠦ ᠴᠢᠳᠬᠤᠯᠠᠩ᠎ᠤᠨ ᠵᠡᠭᠦᠨ ᠪᠠᠷᠠᠭᠤᠨ ᠬᠣᠶᠠᠷ ᠬᠥᠪᠡᠭᠡᠨ᠎ᠦ ᠠᠭᠤᠰᠤᠯᠴᠠᠨ ᠬᠥᠭᠵᠢᠬᠦ᠎ᠶᠢ ᠨᠡᠩ ᠰᠠᠢᠲᠤᠷ ᠠᠬᠢᠭᠤᠯᠵᠤ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠤᠷᠤᠨ ᠤ᠋ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠪᠠᠢᠳᠠᠯ᠎ᠢ ᠴᠢᠷᠮᠠᠢᠨ ᠡᠭᠦᠳᠬᠦ ᠬᠡᠷᠡᠭᠲᠡᠢ》 ᠭᠡᠵᠦ ᠴᠢᠬᠤᠯᠠᠴᠢᠯᠠᠪᠠ᠃
ᠮᠠᠨ᠎ᠤ ᠤᠯᠤᠰ᠎ᠤᠨ ᠬᠥᠭᠵᠢᠯᠲᠡ᠎ᠶᠢᠨ ᠨᠢᠬᠡ ᠬᠦᠯᠬᠡ ᠰᠢᠳᠠᠷ᠎ᠠ ᠲᠤᠮᠳᠠ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠪᠠᠢᠷᠢ ᠰᠠᠭᠤᠷᠢ ᠮᠠᠰᠢ ᠴᠢᠬᠤᠯᠠ ᠶᠤᠮ᠃ ᠲᠡᠷᠡ ᠨᠢ ᠪᠦᠭᠦ ᠤᠯᠤᠰ᠎ᠤᠨ 1% ᠬᠦᠷᠬᠦ ᠦᠭᠡᠢ ᠭᠠᠵᠠᠷ ᠰᠢᠷᠣᠢ᠎ᠶᠢᠨ ᠲᠠᠯᠠᠪᠠᠢ᠂ 6 % ᠵᠢᠨ ᠬᠥᠮᠥᠨ ᠠᠮᠠ᠎ᠶᠢᠨ ᠶᠡᠷᠦᠩᠬᠡᠢ ᠬᠡᠮᠵᠢᠶ᠎ᠡ᠎ᠪᠡᠷ ᠪᠦᠭᠦ ᠤᠯᠤᠰ᠎ᠤᠨ ᠪᠠᠷᠤᠭ 1/9 ᠵᠢᠨ ᠠᠵᠤ ᠠᠬᠤᠢ᠎ᠶᠢᠨ ᠶᠡᠷᠦᠩᠬᠡᠢ ᠬᠡᠮᠵᠢᠶ᠎ᠡ᠎ᠶᠢ ᠡᠭᠦᠳᠴᠡᠢ᠃
ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠢ ᠪᠦᠲᠦᠭᠡᠨ ᠪᠠᠶ᠋ᠢᠭᠤᠯᠬᠤ ᠪᠣᠯ ᠰᠢ᠎ᠶᠢᠨ ᠫᠢᠩ ᠨᠥᠬᠥᠷ᠎ᠢᠶᠡᠷ ᠭᠣᠣᠯ ᠪᠤᠯᠭᠠᠬ᠍ᠰᠠᠨ ᠨᠠᠮ᠎ᠤᠨ ᠲᠥᠪ ᠬᠣᠷᠢᠶ᠎ᠠ ᠵᠢᠨ ᠲᠤᠬᠳᠠᠭᠠᠬᠰᠠᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ ᠤ᠋ ᠪᠦᠲᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠵᠢᠨ ᠫᠢᠩ ᠤᠯᠠᠨ ᠤᠳᠠᠭ᠎ᠠ ᠵᠢᠭᠠᠪᠤᠷᠢ ᠪᠠ ᠱᠠᠭᠠᠷᠳᠠᠯᠭ᠎ᠠ ᠲᠤᠷᠠᠳᠴᠤ᠂ ᠪᠦᠭᠦ ᠲᠠᠯ᠎ᠠ᠎ᠳᠤ ᠰᠠᠭᠤᠷᠢᠯᠠᠨ ᠴᠠᠭ ᠲᠤᠬᠠᠢ ᠳ᠋ᠤᠨᠢ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠡᠢ᠃
ᠭᠤᠸᠠᠩᠳᠦ᠋ᠩ ᠪᠣᠯ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ᠎ᠶᠢᠨ ᠬᠣᠰᠢᠭᠤᠴᠢ ᠴᠡᠷᠢᠭ᠂ ᠬᠤᠰᠢᠭᠤᠴᠢ ᠤᠷᠤᠨ᠂ ᠲᠤᠷᠰᠢᠯᠲᠠ᠎ᠶᠢᠨ ᠣᠷᠣᠨ ᠪᠣᠯᠣᠨ᠎ᠠ᠃ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠢ ᠪᠦᠲᠦᠭᠡᠨ ᠪᠠᠶ᠋ᠢᠭᠤᠯᠬᠤ᠎ᠳᠤ ᠭᠤᠸᠠᠩᠳᠦ᠋ᠩ᠎ᠦᠨ ᠵᠢᠱ᠌ᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠬᠤ ᠬᠡᠷᠡᠭᠲᠡᠢ᠃
《ᠲᠤᠮᠤ ᠪᠤᠯᠤᠩ᠎ᠤᠨ ᠤᠷᠤᠨ᠎ᠤ ᠪᠦᠲᠦᠭᠡᠨ ᠪᠠᠢᠭᠤᠯᠤᠯᠲᠠ᠎ᠳᠤ ᠭᠤᠸᠠᠩᠳᠦ᠋ᠩ ᠭᠣᠣᠯ ᠬᠦᠴᠦᠨ᠂ ᠪᠤᠬ᠎ᠠ ᠲᠡᠷᠭᠡ ᠪᠣᠯᠵᠤ ᠪᠠᠢᠨ᠎ᠠ》᠃ 2025 ᠣᠨ᠎ᠤ 11 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠭᠤᠸᠠᠩᠳᠦ᠋ᠩ᠎ᠳᠦ ᠰᠢᠨᠵᠢᠯᠡᠨ ᠪᠠᠢᠴᠠᠭᠠᠵᠤ᠂ ᠭᠤᠸᠠᠩᠳᠦ᠋ᠩ᠎ᠢ 《ᠠᠮᠢᠵᠢᠷᠠᠯ᠎ᠤᠨ ᠬᠦᠴᠦᠨ᠎ᠢᠶᠡᠷ ᠪᠢᠯᠬᠠᠬᠰᠠᠨ ᠳᠡᠯᠡᠬᠡᠢ ᠳ᠋ᠡᠬᠢᠨ ᠳ᠋ᠤ ᠥᠷᠢᠰᠦᠯᠳᠦᠬᠦ ᠬᠦᠴᠦᠨ᠎ᠲᠠᠢ ᠲᠡᠷᠢᠭᠦᠨ᠎ᠦ ᠪᠤᠯᠤᠩ᠎ᠤᠨ ᠣᠷᠣᠨ ᠪᠠ ᠳᠡᠯᠡᠬᠡᠢ᠎ᠶᠢᠨ ᠲᠡᠰ᠎ᠤᠨ ᠬᠤᠳᠠ᠎ᠶᠢᠨ ᠪᠦᠯᠦᠭᠵᠢᠯ᠎ᠢ ᠪᠦᠲᠦᠭᠡᠨ ᠪᠠᠶ᠋ᠢᠭᠤᠯᠬᠤ ᠬᠠᠷᠠᠯᠲᠠ ᠳ᠋ᠤ ᠠᠩᠬᠠᠷᠤᠯ᠎ᠢᠶᠡᠨ ᠲᠦᠪᠯᠡᠷᠡᠬᠦᠯᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠭᠣᠣᠯᠳᠠᠯᠭ᠎ᠠ᠎ᠲᠠᠢ ᠰᠢᠪᠲᠤᠯᠤᠯᠲᠠ ᠭᠠᠷᠭᠠᠭᠤ᠎ᠶᠢ ᠴᠢᠷᠮᠠᠢᠨ ᠪᠡᠶᠡᠯᠡᠭᠦᠯᠵᠦ᠂ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ》 ᠭᠡᠵᠦ ᠵᠣᠷᠢᠭ᠍ᠵᠢᠭᠤᠯᠪᠠ᠃
ᠨᠢᠭᠡ ᠵᠢᠯ᠎ᠦᠨ ᠲᠠᠷᠠᠭ᠎ᠠ᠂ ᠶᠡᠷᠦᠩᠬᠡᠢ ᠱᠦᠵᠢ ᠰᠢ᠎ᠶᠢᠨ ᠫᠢᠩ ᠳᠠᠬᠢᠨᠲᠠ ᠭᠤᠸᠠᠩᠳᠦ᠋ᠩ᠎ᠳᠦ ᠰᠢᠨᠵᠢᠯᠡᠨ ᠪᠠᠢᠴᠠᠭᠠᠵᠤ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢᠨ ᠡᠭᠦᠳᠡᠨ ᠡᠴᠡ ᠭᠤᠸᠠᠩᠳᠦ᠋ᠩ᠎ᠦᠨ ᠣᠷᠣᠨ ᠪᠠᠢᠷᠢ᠎ᠶᠢ ᠤᠯᠠᠮ ᠴᠢᠨᠠᠭᠰᠢᠳᠠ ᠲᠣᠳᠣᠷᠬᠠᠢ ᠵᠢᠭᠠᠵᠤ ᠭᠠᠷᠭᠠᠨ᠂ 《ᠵᠦᠵᠢᠶᠠᠩ ᠮᠥᠷᠡᠨ᠎ᠦ ᠴᠢᠳᠬᠤᠯᠠᠩ ᠤᠨ ᠬᠣᠶᠠᠷ ᠬᠥᠪᠡᠭᠡᠨ᠎ᠦ ᠭᠤᠸᠠᠩᠵᠧᠦ᠂ ᠱᠧᠨᠵᠧᠨ᠂ ᠵᠦᠬᠠᠢ᠂ ᠳ᠋ᠦᠨᠭ ᠭᠤᠸᠠᠨ᠂ ᠵᠦᠩᠱᠠᠨ ᠵᠡᠷᠭᠡ ᠭᠠᠵᠠᠷ᠎ᠤᠨ ᠭᠢᠨ ᠬᠣᠰᠢᠭᠤᠴᠢ ᠦᠢᠯᠡᠳᠦᠯ᠎ᠢᠶᠡᠨ ᠪᠠᠳᠠᠷᠠᠭᠤᠯᠬᠤ ᠬᠡᠷᠡᠭᠲᠡᠢ》 ᠭᠡᠵᠦ ᠱᠠᠭᠠᠷᠳᠠᠪᠠ᠃
《ᠭᠣᠣᠯ ᠬᠦᠴᠦᠨ》᠂ 《ᠪᠤᠬ᠎ᠠ ᠲᠡᠷᠭᠡ》᠂ 《ᠬᠤᠰᠢᠭᠤᠴᠢ ᠦᠢᠯᠡᠳᠦᠯ᠎ᠢ ᠪᠠᠳᠠᠷᠠᠭᠤᠯᠬᠤ》ᠵᠢ ᠢᠮᠠᠭᠲᠠ ᠲᠤᠭᠤᠰᠢᠯᠠᠭᠤᠯᠬᠤ᠎ᠶᠢ ᠱᠠᠭᠠᠷᠳᠠᠪᠠ᠂ ᠡᠭᠦᠨ᠎ᠦ ᠳᠤᠮᠳᠠ ᠡᠴᠡ ᠶᠡᠷᠦᠩᠬᠡᠢ ᠱᠦᠵᠢ ᠰᠢ ᠵᠢᠨ ᠫᠢᠩ᠎ᠤᠨ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠪᠡᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠠᠯᠤᠰ ᠭᠡᠳᠤ᠎ᠶᠢᠨ ᠪᠣᠳᠣᠯᠬᠢᠯᠠᠯ᠎ᠢ ᠣᠢᠯᠠᠭᠠᠵᠤ ᠪᠣᠯᠣᠨ᠎ᠠ᠃
ᠥᠨᠳᠥᠷ ᠪᠦᠲᠦᠮᠵᠢᠲᠡᠶ ᠪᠥᠭᠡᠳ ᠢᠯᠭᠤᠮ ᠰᠢᠯᠤᠭᠤᠨ ᠵᠠᠮ ᠬᠠᠷᠢᠯᠴᠠᠭᠠᠨ᠎ᠤ ᠰᠠᠭᠤᠷᠢ ᠲᠥᠬᠦᠭᠡᠷᠦᠮᠵᠢ ᠪᠣᠯ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ᠎ᠶᠢᠨ ᠰᠠᠭᠤᠷᠢ ᠮᠥᠨ᠃ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠢ ᠪᠦᠲᠦᠭᠡᠨ ᠪᠠᠶ᠋ᠢᠭᠤᠯᠬᠤ᠎ᠳᠤ ᠰᠠᠭᠤᠷᠢ ᠲᠥᠬᠦᠭᠡᠷᠦᠮᠵᠢ᠎ᠶᠢᠨ ᠬᠣᠯᠪᠣᠯᠳᠤᠨ ᠨᠡᠪᠲᠡᠷᠡᠯᠴᠡᠬᠦ᠎ᠶᠢ ᠴᠢᠩᠭᠠᠳᠬᠠᠬᠤ ᠪᠣᠯ ᠪᠠᠢᠪᠠᠰᠤ ᠵᠣᠬᠢᠬᠤ ᠠᠭᠤᠯᠭ᠎ᠠ ᠪᠣᠯᠣᠨ᠎ᠠ᠃
ᠥᠨᠥᠳᠥᠷ᠎ᠦᠨ ᠲᠤᠮᠤ ᠪᠤᠯᠤᠩ᠎ᠤᠨ ᠤᠷᠤᠨ᠂ ᠰᠢᠶᠠᠩᠭᠠᠩ ᠵᠦᠬᠠᠢ ᠣᠣᠮᠧᠨ᠎ᠢ ᠬᠤᠯᠪᠤᠬᠰᠠᠨ ᠶᠡᠬᠡ ᠬᠥᠭᠥᠷᠭᠡ᠂ ᠱᠧᠨᠵᠧᠨ ᠵᠦᠩᠱᠠᠨᠤ ᠨᠡᠪᠲᠡᠷᠡᠬᠦ ᠵᠠᠮ ᠵᠡᠷᠭᠡ ᠮᠥᠷᠡᠨ ᠠᠯᠤᠰᠯᠠᠭᠰᠠᠨ ᠳᠠᠯᠠᠢ ᠠᠯᠤᠰᠯᠠᠭᠰᠠᠨ ᠨᠡᠪᠲᠡᠷᠡᠬᠦ ᠵᠠᠮ᠎ᠢ ᠨᠢᠭᠡᠨᠲᠡ ᠪᠠᠢᠭᠤᠯᠤᠨ ᠲᠡᠷᠭᠡ ᠨᠠᠪᠲᠠᠷᠡᠭᠦᠯᠵᠦ᠂ ᠱᠢ ᠽᠢ ᠶᠠᠩ᠎ᠤᠨ ᠨᠡᠪᠲᠡᠷᠡᠬᠦ ᠵᠠᠮ᠂ ᠱᠧᠨᠵᠧᠨ ᠵᠢᠶᠠᠩᠮᠧᠨᠦ ᠲᠦᠷᠭᠡᠨ᠎ᠦ ᠲᠡᠮᠦᠷ ᠵᠠᠮ᠎ᠢ ᠶᠠᠭ ᠲᠦᠷᠭᠡᠳᠬᠡᠨ ᠪᠦᠲᠦᠭᠡᠨ ᠪᠠᠢᠭᠤᠯᠵᠤ ᠪᠤᠢ᠃
《ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ ᠢ᠋ ᠪᠦᠲᠦᠭᠡᠨ ᠪᠠᠶ᠋ᠢᠭᠤᠯᠬᠤ ᠳᠤ ᠶᠠᠭᠤᠨ᠎ᠤ ᠡᠮᠦᠨ᠎ᠡ ᠵᠠᠮ ᠬᠠᠷᠢᠯᠴᠠᠭᠠᠨ᠎ᠤ ᠨᠢᠭᠡ ᠴᠣᠭᠴᠠᠵᠢᠯᠲᠠ ᠶ᠋ᠢ ᠠᠬᠢᠭᠤᠯᠬᠤ ᠬᠡᠷᠡᠭᠲᠡᠢ》᠃ ᠲᠣᠰ ᠤᠳᠠᠭᠠᠨ᠎ᠤ ᠰᠢᠨᠵᠢᠯᠡᠨ ᠪᠠᠢᠴᠠᠭᠠᠯᠲᠠ᠎ᠳᠤ᠂ ᠶᠡᠷᠦᠩᠬᠡᠢ ᠱᠦᠵᠢ ᠱᠧᠨᠵᠧᠨ ᠵᠦᠩᠱᠠᠨᠤ ᠨᠡᠪᠳᠡᠷᠡᠬᠦ ᠵᠠᠮ᠎ᠤᠨ ᠪᠦᠲᠦᠭᠡᠨ ᠪᠠᠢᠭᠤᠯᠤᠯᠲᠠ ᠪᠠ ᠡᠵᠡᠩᠨᠡᠯᠲᠡ᠎ᠶᠢᠨ ᠪᠠᠢᠳᠠᠯ᠎ᠢ ᠲᠤᠬᠠᠢ᠎ᠶᠢᠨ ᠭᠠᠵᠠᠷ ᠲᠤᠨᠢ ᠣᠢᠯᠠᠭᠠᠵᠤ᠂ 《ᠱᠧᠨᠵᠧᠨ ᠵᠦᠩᠱᠠᠨᠤ ᠨᠡᠪᠳᠡᠷᠡᠬᠦ ᠵᠠᠮ ᠨᠢ ᠵᠦᠵᠢᠶᠠᠩ ᠮᠥᠷᠡᠨ᠎ᠦ ᠴᠢᠳᠬᠤᠯᠠᠩ᠎ᠤᠨ ᠵᠡᠭᠦᠨ ᠪᠠᠷᠠᠭᠤᠨ ᠬᠣᠶᠠᠷ ᠡᠷᠭᠢ᠎ᠶᠢᠨ ᠠᠭᠤᠰᠤᠯᠴᠠᠨ ᠬᠥᠭᠵᠢᠬᠦ᠎ᠶᠢ ᠠᠬᠢᠭᠤᠯᠬᠤ᠎ᠳᠤ ᠵᠠᠮ ᠨᠡᠭᠡᠭᠡᠨ ᠬᠣᠰᠢᠭᠤᠴᠢ ᠦᠢᠯᠡᠳᠦᠯ ᠦᠵᠡᠭᠦᠯᠪᠡ》 ᠭᠡᠵᠦ ᠵᠢᠭᠠᠨ ᠭᠠᠷᠭᠠᠵᠤ᠂ 《ᠡᠨᠡ ᠬᠦ᠌ ᠭᠡᠲᠦ ᠲᠣᠮᠣ᠌ ᠭᠡᠯᠪᠡᠷᠢ᠎ᠶᠢᠨ ᠵᠠᠮ ᠬᠠᠷᠢᠯᠴᠠᠭᠠᠨ᠎ᠤ ᠢᠨᠵᠧᠨᠧᠷᠢᠩ᠎ᠢ ᠤᠯᠠᠮ ᠨᠢᠭᠡ ᠠᠯᠬᠤᠮ ᠰᠠᠢᠲᠤᠷ ᠬᠠᠮᠢᠶᠠᠷᠴᠤ᠂ ᠰᠠᠢᠲᠤᠷ ᠡᠵᠡᠩᠨᠡᠵᠦ᠂ ᠲᠡᠭᠦᠨ᠎ᠢ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ ᠳᠤ ᠨᠠᠩ ᠰᠠᠢᠲᠤᠷ ᠦᠢᠯᠡᠴᠢᠯᠡᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃
ᠵᠦᠵᠢᠶᠠᠩ ᠮᠥᠷᠡᠨ᠎ᠦ ᠴᠢᠳᠬᠤᠯᠠᠩᠢ ᠲᠣᠭᠣᠷᠢᠭ᠍ᠰᠠᠨ ᠰᠢᠭᠤᠳ ᠬᠣᠯᠪᠣᠬᠤ ᠲᠡᠮᠦᠷ ᠵᠠᠮ᠎ᠤᠨ ᠨᠡᠪᠲᠡᠷᠡᠬᠦ ᠵᠠᠮ᠎ᠢ ᠲᠦᠷᠭᠡᠳᠬᠡᠨ ᠪᠠᠢᠭᠤᠯᠵᠤ᠂ ᠰᠢᠶᠠᠩᠭᠠᠩ᠎ᠤᠨ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠳ᠋ᠦᠩ ᠭᠤᠸᠠᠨ ᠠᠭᠠᠷ᠎ᠤᠨ ᠭᠠᠷᠠᠮ᠎ᠤᠨ ᠲᠥᠪ᠎ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠣᠣᠮᠧᠨ᠎ᠦ ᠤᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠾᠧᠩ ᠴᠢᠨ ᠤ᠋ ᠪᠠᠷᠠᠭᠠᠨ᠎ᠤ ᠦᠷᠳᠡᠭᠡ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ ᠁ 《ᠠᠷᠪᠠᠨ ᠲᠠᠪᠤᠳᠤᠭᠠᠷ ᠲᠠᠪᠤᠨ ᠵᠢᠯ》 ᠳ᠋ᠦ ᠬᠠᠨᠳᠤᠭᠤᠯᠤᠨ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠰᠠᠭᠤᠷᠢ ᠲᠥᠬᠦᠭᠡᠷᠦᠮᠵᠢ᠎ᠶᠢᠨ《ᠬᠠᠲᠠᠭᠤ ᠬᠣᠯᠪᠣᠯᠳᠤᠨ ᠨᠡᠪᠲᠡᠷᠡᠯᠴᠡᠬᠦ》 ᠨᠢ ᠨᠡᠩ ᠭᠦᠨ ᠳᠠᠪᠬᠤᠷᠭ᠎ᠠ᠎ᠶᠢᠨ ᠠᠭᠤᠰᠤᠯᠴᠠᠨ ᠨᠡᠪᠲᠡᠷᠡᠯᠴᠡᠬᠦ ᠲᠡᠢᠰᠢ ᠠᠬᠢᠵᠤ ᠪᠠᠢᠨ᠎ᠠ᠃
ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠪᠣᠯ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ᠃ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠡᠯ᠎ᠡ ᠵᠦᠢᠯ᠎ᠦᠨ ᠵᠥᠷᠢᠴᠡᠯ ᠪᠠ ᠠᠰᠠᠭᠤᠳᠠᠯ᠎ᠢ ᠰᠢᠢᠳᠪᠦᠷᠢᠯᠡᠵᠦ᠂ ᠬᠥᠭᠵᠢᠯᠲᠡ᠎ᠶᠢᠨ ᠰᠢᠨ᠎ᠡ ᠳᠠᠪᠠᠭᠤᠯᠢᠭ᠋᠎ᠢ ᠪᠤᠢ ᠪᠤᠯᠭᠠᠬᠤ᠎ᠳᠤ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠲᠤᠮᠳᠠ ᠡᠴᠡ ᠨᠡᠩ ᠶᠡᠬᠡ ᠬᠥᠳᠡᠯᠭᠡᠬᠦ ᠬᠦᠴᠦᠨ᠎ᠢ ᠬᠦᠷᠳᠡᠬᠦ ᠬᠡᠷᠡᠭᠲᠡᠢ᠃
ᠲᠣᠰ ᠤᠳᠠᠭᠠᠨ᠎ᠤ ᠰᠢᠨᠵᠢᠯᠡᠨ ᠪᠠᠢᠴᠠᠭᠠᠯᠲᠠ᠎ᠳᠤ᠂ ᠶᠡᠷᠦᠩᠬᠡᠢ ᠱᠦᠵᠢ ᠰᠢ᠎ᠶᠢᠨ ᠫᠢᠩ᠄ 《ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠪᠡᠷ ᠦᠨᠳᠦᠰᠦᠨ ᠬᠥᠳᠡᠯᠭᠡᠬᠦ ᠬᠦᠴᠦᠨ ᠪᠤᠯᠭᠠᠬᠤ᠎ᠶᠢ ᠪᠠᠷᠢᠮᠲᠠᠯᠠᠵᠤ᠂ ᠣᠷᠣᠨ ᠪᠦᠰᠡ᠎ᠶᠢᠨ ᠬᠠᠮᠲᠤᠷᠠᠯᠴᠠᠭᠠᠨ᠎ᠤ ᠲᠣᠭᠲᠠᠴᠠ᠎ᠶᠢ ᠪᠦᠷᠢᠨᠰᠢᠭᠦᠯᠦᠨ᠂ ᠰᠢᠯᠢᠳᠡᠭ ᠰᠠᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠪᠤᠶ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ ᠢ ᠶᠡᠬᠡ ᠬᠦᠴᠦ ᠣᠷᠣᠭᠤᠯᠤᠨ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠰᠢᠨ᠎ᠡ ᠠᠯᠬᠤᠮ᠎ᠢ ᠲᠠᠰᠤᠷᠠᠯᠲᠠ ᠦᠭᠡᠢ ᠠᠯᠬᠤᠬᠤ ᠬᠡᠷᠡᠭᠲᠡᠢ》 ᠭᠡᠵᠦ ᠤᠯᠠᠮ ᠨᠢᠭᠡ ᠠᠯᠬᠤᠮ ᠴᠢᠬᠤᠯᠠᠴᠢᠯᠠᠪᠠ᠃ ᠶᠡᠷᠦᠩᠬᠡᠢ ᠱᠦᠵᠢ ᠰᠢ᠎ᠶᠢᠨ ᠫᠢᠩ ᠪᠠᠰᠠ ᠳᠤᠮᠳᠠ ᠪᠠᠭ᠎ᠠ ᠠᠵᠤ ᠠᠬᠤᠢᠯᠠᠯ᠎ᠤᠨ ᠬᠠᠷᠢᠭᠤᠴᠠᠯᠭᠠᠲᠠᠨ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠳ᠎ᠤᠨ ᠲᠥᠯᠥᠭᠡᠯᠡᠭᠴᠢ᠎ᠶᠢ 《ᠡᠷᠡᠰ ᠰᠢᠭᠤᠷᠬᠠᠢ᠎ᠪᠠᠷ ᠤᠷᠤᠭᠰᠢᠯᠠᠨ ᠳᠠᠪᠰᠢᠵᠤ᠂ ᠭᠤᠸᠠᠩᠳᠦ᠋ᠩ᠎ᠦᠨ ᠬᠥᠭᠵᠢᠯᠲᠡ ᠶᠢᠨ ᠲᠥᠯᠥᠭᠡ᠂ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠲᠥᠯᠥᠭᠡ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠪᠡᠶᠡᠯᠡᠭᠦᠯᠬᠦ᠎ᠶᠢᠨ ᠲᠥᠯᠥᠭᠡ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ》 ᠭᠡᠵᠦ ᠵᠣᠷᠢᠭ᠍ᠵᠢᠭᠤᠯᠪᠠ᠃
ᠶᠡᠷᠦᠩᠬᠡᠢ ᠱᠦᠵᠢ ᠰᠢ ᠵᠢᠨ ᠫᠢᠩ᠎ᠤᠨ ᠵᠢᠭᠠᠭᠰᠠᠨ ᠴᠢᠭᠯᠡᠯ᠎ᠢᠶᠡᠷ 《ᠰᠢᠨ᠎ᠡ ᠬᠥᠭᠵᠢᠯᠲᠡ᠎ᠶᠢᠨ ᠪᠠᠢᠷᠢᠰᠢᠯ᠎ᠤᠨ ᠪᠠᠢᠯᠳᠤᠬᠤ ᠪᠣᠳᠣᠯᠭ᠎ᠠ᠎ᠶᠢᠨ ᠲᠤᠯᠬᠤ ᠴᠡᠭ᠂ ᠴᠢᠨᠠᠷ ᠰᠠᠢᠲᠠᠢ ᠬᠥᠭᠵᠢᠯᠲᠡ᠎ᠶᠢᠨ ᠵᠢᠱ᠌ᠢᠶ᠎ᠡ ᠦᠵᠡᠭᠦᠯᠭᠦ ᠤᠷᠤᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠬᠥᠲᠥᠯᠥᠨ ᠳᠠᠭᠠᠭᠤᠯᠬᠤ ᠭᠠᠵᠠᠷ ᠪᠤᠯᠬᠤ》 ᠬᠠᠷᠠᠯᠲᠠ᠎ᠶᠢ ᠪᠠᠳᠤ ᠡᠵᠡᠮᠳᠡᠵᠤ᠂ ᠰᠡᠳᠬᠢᠯᠨᠢᠭᠡᠳᠦᠨ ᠬᠦᠴᠦ᠎ᠪᠡᠨ ᠬᠠᠮᠲᠤᠳᠬᠠᠵᠤ᠂ ᠤᠷᠳᠤ ᠬᠤᠭᠤᠴᠠᠭ᠎ᠠ ᠪᠡᠷ ᠬᠦᠴᠦᠯᠠᠨ ᠴᠢᠷᠮᠠᠢᠪᠠᠯ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠢᠷᠡᠭᠡᠳᠦᠢᠨᠡᠩ ᠬᠡᠬᠡᠨ ᠰᠠᠷᠠᠭᠤᠯ ᠪᠣᠯᠣᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ᠎ᠤᠨ 11 ᠰᠠᠷ᠎ᠠ ᠵᠢᠨ 16᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃