ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-18 11:26:12

ᠵᠣᠬᠢᠶᠠᠭ᠍ᠴᠢ᠄ ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠣᠩᠱᠢᠭ᠍ᠰᠠᠨ ᠣᠳᠠᠭ᠎ᠠ᠄ 3

ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 17 ᠤ᠋ ᠴᠠᠬᠢᠯᠭᠠᠨ ᠮᠡᠳᠡᠭᠡ(ᠰᠤᠷᠪᠤᠯᠵᠢᠯᠠᠭ᠍ᠴᠢ ᠱᠤᠤ  ᠢ ᠪᠥᠸᠧ   ᠵᠧᠦ ᠺᠸ) 11 ᠰᠠᠷ᠎ᠠ᠎ᠶᠢᠨ 17 ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ ᠲᠤ᠌ ᠢᠷᠡᠭᠰᠡᠨ ᠸᠢᠶᠸᠲᠨᠠᠮ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠦ᠍ ᠯᠢᠨ᠎ᠲᠠᠢ ᠠᠭᠤᠯᠵᠠᠪᠠ᠃

ᠰᠢ ᠵᠢᠨ ᠫᠢᠩ᠂ ᠣᠢᠷ᠎ᠠ᠎ᠶᠢᠨ ᠵᠢᠯ᠎ᠡᠴᠡ ᠳᠤᠮᠳᠠᠳᠤ ᠸᠢᠶᠧᠲᠨᠠᠮ᠎ᠤᠨ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠬᠤ ᠬᠥᠮᠥᠨ ᠨᠢᠭ᠍ᠲᠠ ᠶᠠᠪᠤᠯᠴᠠᠭ᠎ᠠ᠎ᠪᠠᠨ ᠪᠠᠲᠤᠯᠠᠵᠤ᠂ ᠨᠡᠩ ᠥᠨᠳᠥᠷ ᠲᠦᠪᠰᠢᠨ ᠪᠦᠬᠦᠢ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠪᠦᠬᠦᠢ ᠳᠤᠮᠳᠠᠳᠤ ᠸᠢᠶᠧᠲᠨᠠᠮ᠎ᠤᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠲᠦᠷᠭᠡᠳᠬᠡᠨ ᠪᠠᠶ᠋ᠢᠭᠤᠯᠬᠤ ᠲᠤᠬᠠᠢ ᠴᠢᠬᠤᠯᠠ ᠬᠠᠮᠲᠤ᠎ᠶᠢᠨ ᠲᠠᠨᠢᠯᠲᠠ᠎ᠲᠠᠢ ᠪᠣᠯᠵᠤ᠂ ᠬᠣᠶᠠᠷ ᠲᠠᠯ᠎ᠠ᠎ᠶᠢᠨ ᠬᠠᠷᠢᠯᠴᠠᠭ᠎ᠠ᠎ᠶᠢᠨ ᠲᠠᠰᠤᠷᠠᠯᠳᠠ ᠦᠭᠡᠢ ᠰᠢᠨ᠎ᠡ ᠳᠡᠭᠲᠡᠷ᠎ᠲᠦ ᠭᠠᠷᠬᠤ᠎ᠶᠢ ᠬᠥᠲᠥᠯᠥᠨ ᠳᠠᠭᠠᠭᠤᠯᠵᠤ᠂ ᠭᠠᠵᠠᠷ ᠣᠷᠣᠨ᠎ᠤ ᠡᠩᠬᠡ ᠲᠠᠢᠪᠤᠩ ᠪᠣᠯᠣᠨ ᠬᠥᠭᠵᠢᠯᠲᠡ᠎ᠳᠦ ᠢᠳᠡᠪᠬᠢ ᠬᠦᠴᠦᠨ ᠨᠡᠮᠡᠷᠢᠯᠡᠪᠡ᠃ ᠲᠦᠷᠦᠭᠦᠬᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ ᠡᠴᠡ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠦᠨᠢ ᠡᠭᠦᠷᠢᠳᠡ ᠪᠠᠷᠢᠮᠳᠠᠯᠠᠨ ᠠᠬᠢᠭᠤᠯᠬᠤ ᠲᠤᠬᠠᠢ ᠰᠢᠰᠲᠧᠮ᠎ᠲᠠᠢ ᠪᠠᠢᠷᠢᠯᠠᠭᠤᠯᠤᠯᠲᠠ ᠬᠢᠵᠦ᠂ ᠸᠢᠶᠧᠲᠨᠠᠮ᠎ᠤᠨ ᠡᠪ ᠬᠠᠮᠲᠤ ᠨᠠᠮ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ ᠡᠴᠡ ᠪᠠᠰᠠ ᠨᠠᠮ᠎ᠤᠨ ᠪᠠᠢᠭᠤᠯᠤᠯᠳᠠ ᠴᠡᠭᠴᠡᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠬᠦ᠎ᠪᠡᠷ ᠲᠣᠭᠲᠠᠪᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ᠎ᠤᠨ ᠬᠢᠨ᠎ᠲᠠᠢ ᠲᠤᠷᠰᠢᠯᠭ᠎ᠠ᠎ᠪᠠᠨ ᠬᠠᠷᠢᠯᠴᠠᠨ ᠲᠣᠯᠢᠳᠠᠬᠤ᠎ᠶᠢ ᠴᠢᠩᠭᠠᠳᠬᠠᠵᠤ᠂ ᠬᠠᠷᠢᠯᠴᠠᠨ ᠡᠷᠡᠰ ᠲᠡᠮᠵᠢᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠂ ᠳᠤᠮᠳᠠᠳᠤ ᠸᠢᠶᠧᠲᠨᠠᠮ ᠬᠣᠶᠠᠷ ᠤᠯᠤᠰ᠎ᠤᠨ ᠨᠡᠢᠭᠡᠮ ᠵᠢᠷᠤᠮ᠎ᠤᠨ ᠦᠢᠯᠡᠰ ᠪᠣᠯᠣᠨ ᠤᠯᠤᠰ᠎ᠤᠨ ᠪᠦᠲᠦᠭᠡᠨ ᠪᠠᠢᠭᠤᠯᠤᠯᠲᠠ᠎ᠳᠤ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠣᠯᠬᠤ᠎ᠶᠢ ᠪᠠᠲᠤᠯᠠᠨ᠎ᠠ ᠭᠡᠵᠤ ᠵᠢᠭᠠᠵᠤ ᠭᠠᠷᠭᠠᠵᠠᠢ᠃

ᠰᠢ ᠵᠢᠨ ᠫᠢᠩ᠂ ᠳᠤᠮᠳᠠᠳᠤ ᠸᠢᠶᠧᠲᠨᠠᠮ ᠬᠣᠶᠠᠷ ᠤᠯᠤᠰ ᠨᠥᠬᠥᠷ ᠪᠥᠭᠡᠳ ᠠᠬ᠎ᠠ ᠳᠡᠭᠦᠦ ᠪᠣᠯᠤᠭᠰᠠᠨ᠎ᠤ ᠬᠤᠪᠢ᠎ᠳᠤ᠂ ᠰᠠᠯᠬᠢ ᠳᠠᠪᠠᠯᠭᠠᠨ ᠰᠢᠷᠦᠭᠦᠰᠬᠦ ᠲᠤᠳᠤᠮ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠬᠤ ᠬᠡᠷᠡᠭᠲᠡᠢ᠃ ᠬᠣᠶᠠᠷ ᠲᠠᠯ᠎ᠠ᠎ᠪᠠᠷ᠎ᠢᠶᠠᠨ ᠢᠲᠡᠭᠡᠯᠴᠡᠭᠡ ᠪᠦᠯᠬᠦᠮᠳᠡᠯ᠎ᠢᠶᠡᠨ ᠴᠢᠩᠭᠠᠳᠬᠠᠵᠤ᠂ ᠪᠦᠬᠦ ᠲᠠᠯ᠎ᠠ᠎ᠶᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠡᠩᠬᠡ ᠲᠠᠢᠪᠤᠩ ᠲᠣᠭᠲᠠᠭᠤᠨ᠎ᠢ ᠬᠠᠮᠲᠤ᠎ᠪᠠᠷ ᠰᠠᠬᠢᠵᠤ᠂ ᠬᠥᠭᠵᠢᠯ ᠴᠡᠴᠡᠭᠯᠡᠯ᠎ᠢ ᠬᠠᠮᠲᠤ᠎ᠪᠠᠷ ᠠᠬᠢᠭᠤᠯᠤᠶ᠎ᠠ; ᠤᠯᠠᠨ ᠲᠠᠯ᠎ᠠ ᠪᠡᠷ ᠬᠣᠯᠪᠣᠯᠳᠤᠨ ᠨᠡᠪᠲᠡᠷᠡᠯᠴᠡᠬᠦ᠎ᠶᠢ ᠭᠦᠨᠵᠡᠭᠡᠢᠷᠡᠭᠦᠯᠵᠦ᠂ ᠠᠰᠢᠭ᠋ ᠲᠤᠰᠠ᠎ᠶᠢᠨ ᠠᠭᠤᠰᠤᠯᠴᠠᠯ᠎ᠢ ᠠᠬᠢᠭᠤᠯᠵᠤ᠂ ᠣᠶᠤᠨᠴᠢ ᠬᠢᠯᠢ ᠵᠢᠨ ᠪᠣᠭᠣᠮᠲᠠ ᠪᠣᠯᠣᠨ ᠬᠢᠯᠢ ᠠᠯᠤᠰᠯᠠᠭᠰᠠᠨ ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ᠎ᠢ ᠡᠷᠲᠡᠬᠡᠨ ᠨᠠᠢᠳᠠᠪᠤᠷᠢᠵᠢᠭᠤᠯᠬᠤ᠎ᠶᠢ ᠠᠬᠢᠭᠤᠯᠵᠤ᠂ ᠲᠣᠭᠠᠴᠢᠯᠠᠯᠳᠠ ᠲᠡᠢᠰᠢ ᠬᠡᠯᠪᠡᠷᠢ ᠪᠠᠨ ᠬᠤᠪᠢᠷᠠᠭᠤᠯᠬᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠵᠡᠷᠭᠡ ᠵᠢᠨ  ᠬᠠᠮᠲᠤᠷᠠᠯᠴᠠᠭ᠎ᠠ᠎ᠪᠠᠨ ᠥᠷᠭᠡᠳᠬᠡᠵᠦ᠂ ᠵᠣᠬᠢᠶᠠᠮᠠᠯ ᠤᠶᠤᠨ ᠴᠢᠳᠠᠪᠤᠷᠢ᠎ᠶᠢᠨ ᠬᠡᠷᠡᠭᠯᠡᠭᠡᠨ᠎ᠦ ᠬᠠᠮᠲᠤᠷᠠᠯᠴᠠᠭ᠎ᠠ᠎ᠶᠢ ᠰᠦᠪᠡᠭᠴᠢᠯᠡᠶ᠎ᠡ; ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢᠨ ᠲᠦᠷᠦᠯ ᠲᠡᠮᠳᠡᠭ᠎ᠢ ᠦᠷᠭᠦᠯᠵᠢᠯᠡᠨ ᠡᠭᠦᠳᠴᠦ᠂ 《ᠳᠤᠮᠳᠠᠳᠤ ᠸᠢᠶᠧᠲᠨᠠᠮ᠎ᠤᠨ ᠵᠢᠭᠤᠯᠴᠢᠯᠠᠯ᠎ᠤᠨ ᠬᠠᠮᠲᠤᠷᠠᠯᠴᠠᠭᠠᠨ᠎ᠤ ᠣᠨ》 ᠢ᠋ ᠬᠠᠮᠲᠤ᠎ᠪᠠᠷ ᠰᠠᠢᠲᠤᠷ ᠡᠷᠬᠢᠯᠡᠵᠦ᠂ ᠬᠣᠶᠠᠷ ᠤᠯᠤᠰ᠎ᠤᠨ ᠠᠷᠠᠳ ᠲᠦᠮᠡᠨ ᠢᠯᠠᠩᠭᠤᠶ᠎ᠠ ᠵᠠᠯᠠᠭᠤᠴᠤᠳ᠎ᠢ ᠣᠢᠷ᠎ᠠ ᠳᠣᠲᠣᠨᠣ᠌ ᠪᠣᠯᠭᠠᠶ᠎ᠠ; ᠳᠠᠯᠠᠢ ᠳᠡᠭᠡᠷᠡᠬᠢ ᠵᠥᠷᠢᠯᠳᠦᠭᠡᠨ᠎ᠢ ᠲᠣᠬᠢᠲᠠᠢ ᠬᠠᠮᠢᠶᠠᠷᠤᠨ ᠡᠵᠡᠮᠳᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ᠎ᠶᠢ ᠯᠠᠪᠳᠠᠭᠤᠨ᠎ᠢᠶᠠᠷ ᠠᠬᠢᠭᠤᠯᠤᠶ᠎ᠠ; ᠪᠥᠬᠥ ᠪᠥᠮᠪᠥᠷᠴᠡᠭ᠎ᠦᠨ ᠳᠥᠷᠪᠡᠨ ᠶᠡᠬᠡ ᠰᠠᠨᠠᠭᠠᠴᠢᠯᠠᠭ᠎ᠠ᠎ᠶᠢ ᠭᠠᠷ ᠬᠣᠯᠪᠣᠨ ᠨᠠᠢᠳᠠᠪᠤᠷᠢᠵᠢᠭᠤᠯᠵᠤ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠂ ᠯᠠᠨᠼᠠᠩᠵᠢᠶᠠᠩ ᠮᠥᠷᠡᠨ ᠮᠸᠢᠢᠭᠤᠩ ᠮᠥᠷᠡᠨ᠎ᠦ ᠬᠠᠮᠲᠤᠷᠠᠯᠴᠠᠭ᠎ᠠ ᠵᠡᠷᠭᠡ ᠪᠣᠷᠣ᠌ ᠲᠥᠯᠥᠪ᠎ᠦᠨ ᠳᠣᠲᠣᠷᠠᠬᠢ ᠬᠠᠮᠵᠢᠯᠴᠠᠭ᠎ᠠ᠎ᠪᠠᠨ ᠴᠢᠩᠭᠠᠳᠬᠠᠵᠤ᠂ ᠡᠨᠡ ᠵᠢᠯ ᠪᠠ ᠳᠠᠷᠠᠭ᠎ᠠ ᠵᠢᠯ᠎ᠦᠨ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠡᠷᠬᠢᠯᠡᠭᠴᠢ ᠤᠯᠤᠰ ᠤ᠋ᠨ ᠲᠤᠰᠢᠶᠠᠯ ᠢ᠋ ᠦᠷᠭᠦᠯᠵᠢᠯᠡᠨ ᠰᠠᠢᠳᠤᠷ ᠪᠡᠶᠡᠯᠡᠭᠦᠯᠵᠤ᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠵᠤ᠂ ᠨᠠᠩ ᠲᠥᠪ ᠭᠤᠤᠯᠴᠢ ᠵᠦᠢ ᠵᠣᠬᠢᠰᠲᠠᠢ ᠪᠥᠬᠥ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠪᠠᠢᠭᠤᠯᠤᠶ᠎ᠠ ᠭᠡᠵᠤ ᠴᠢᠬᠤᠯᠠᠴᠢᠯᠠᠵᠠᠢ᠃

ᠰᠤ᠌ ᠯᠢᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠲᠠᠪᠤᠳᠤᠭᠠᠷ ᠪᠦᠬᠦᠳᠠ ᠬᠤᠷᠠᠯ᠎ᠤᠨ ᠠᠮᠵᠢᠯᠲᠠ᠎ᠲᠠᠢ ᠬᠤᠷᠠᠯᠳᠤᠭᠰᠠᠨ᠎ᠳᠤ ᠪᠠᠶᠠᠷ ᠬᠦᠷᠭᠡᠵᠦ ᠪᠠᠢᠨ᠎ᠠ᠃ ᠪᠢ ᠡᠨᠡ ᠵᠢᠯ ᠳᠤᠮᠳᠠᠳᠤ ᠤᠯᠤᠰ᠎ᠲᠤ ᠲᠦᠷᠦ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠭᠰᠡᠨ᠎ᠡᠴᠡ ᠨᠠᠭᠠᠰᠢ᠂ ᠬᠣᠶᠠᠷ ᠤᠯᠤᠰ᠎ᠤᠨ ᠤᠯᠤᠰ ᠲᠦᠷᠦ᠎ᠶᠢᠨ ᠢᠲᠡᠭᠡᠯᠴᠡᠭᠡ ᠤᠯᠠᠮ ᠨᠢᠭᠡ ᠠᠯᠬᠤᠮ ᠪᠡᠬᠢᠵᠢᠵᠦ᠂ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ ᠤᠯᠠᠮ ᠨᠢᠭ᠍ᠲᠠᠷᠠᠵᠤ᠂ ᠬᠣᠶᠠᠷ ᠲᠠᠯ᠎ᠠ᠎ᠶᠢᠨ ᠠᠷᠠᠯᠵᠢᠶ᠎ᠠ ᠶᠡᠬᠡ᠎ᠪᠡᠷ ᠨᠡᠮᠡᠭᠳᠡᠵᠦ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠦᠷᠭᠦᠯᠵᠢᠯᠡᠨ ᠬᠥᠭᠵᠢᠶᠡᠨᠲᠡᠢ ᠶᠠᠪᠤᠭᠳᠠᠪᠠ᠃ ᠸᠢᠶᠧᠲᠨᠠᠮ᠎ᠤᠨ ᠬᠢᠨ ᠳᠤᠮᠳᠠᠳᠤ ᠤᠯᠤᠰ ᠯᠤᠭ᠎ᠠ᠎ᠶᠢᠨ ᠬᠠᠷᠢᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠮᠳᠠᠳᠤ ᠤᠯᠤᠰ᠎ᠢ ᠸᠢᠶᠧᠲᠨᠠᠮ᠎ᠤᠨ ᠬᠠᠮᠤᠭ᠎ᠤᠨ ᠴᠢᠬᠤᠯᠠ ᠪᠠᠢᠯᠳᠤᠬᠤ ᠪᠣᠳᠣᠯᠭ᠎ᠠ᠎ᠶᠢᠨ ᠲᠦᠰᠢᠭ᠎ᠢᠶᠡᠷ ᠦᠵᠡᠵᠦ ᠪᠠᠢᠨ᠎ᠠ᠃ ᠣᠳᠣᠬᠠᠨ᠎ᠤ ᠨᠠᠷᠢᠨ ᠪᠤᠳᠤᠯᠢᠶᠠᠨᠲᠠᠢ ᠳᠡᠯᠡᠬᠡᠢ᠎ᠶᠢᠨ ᠪᠠᠢᠳᠠᠯ ᠳᠣᠣᠷ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠯᠬᠦᠮᠳᠡᠯ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠲᠤᠰ ᠲᠤᠰ᠎ᠤᠨ᠎ᠤᠯᠤᠰ ᠤ᠋ᠨ ᠵᠢᠡᠨ ᠬᠥᠭᠵᠢᠯᠲᠡ᠎ᠳᠦ ᠬᠦᠴᠦᠨ ᠨᠡᠮᠡᠷᠢᠯᠡᠨ᠎ᠡ᠃ ᠸᠢᠶᠧᠲᠨᠠᠮ᠎ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠠᠷᠠᠯᠵᠢᠶᠠᠨ᠎ᠤ ᠲᠦᠪᠰᠢᠨ᠎ᠢᠶᠡᠨ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠂ ᠡᠨᠧᠷᠭᠢ᠂ ᠰᠤᠷᠭᠠᠨ ᠬᠥᠮᠦᠵᠢᠯ ᠵᠡᠷᠭᠡ ᠬᠦᠷᠢᠶᠡᠨ᠎ᠦ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠠᠷᠠᠳ ᠲᠦᠮᠡᠨ᠎ᠦ ᠨᠥᠬᠥᠷᠯᠡᠯ᠎ᠢ ᠨᠡᠮᠡᠭᠳᠡᠭᠦᠯᠦᠨ᠎ᠡ᠃ ᠨᠥᠬᠥᠷ ᠪᠦᠭᠡᠳ ᠠᠬ᠎ᠠ ᠳᠡᠭᠦᠦ᠎ᠶᠢᠨ ᠵᠣᠷᠢᠭ᠋ ᠰᠠᠨᠠᠭ᠎ᠠ᠎ᠪᠠᠷ ᠲᠡᠯᠡᠶ ᠳᠡᠭᠡᠷᠡᠬᠢ ᠲᠣᠭᠲᠠᠭᠤᠨ᠎ᠢ ᠬᠠᠮᠲᠤ ᠪᠠᠷ ᠬᠠᠮᠠᠭᠠᠯᠠᠨ᠎ᠠ᠃ ᠸᠢᠶᠧᠲᠨᠠᠮ᠎ᠤᠨ ᠬᠢᠨ APEC ᠵᠢᠨ 《ᠳᠤᠮᠳᠠᠳᠤ ᠤᠯᠤᠰ᠎ᠤᠨ ᠣᠨ》 ᠢ᠋ ᠠᠮᠵᠢᠯᠲᠠ ᠲᠠᠢ ᠡᠷᠬᠢᠯᠡᠬᠦ᠎ᠳᠤ ᠪᠠᠶᠠᠷ ᠬᠦᠷᠭᠡᠵᠦ ᠪᠠᠢᠨ᠎ᠠ᠃ ᠲᠠᠷᠠᠭᠠᠴᠢ᠎ᠶᠢᠨ ᠬᠤᠭᠤᠴᠠᠭᠠᠨ᠎ᠤ ᠡᠷᠬᠢᠯᠡᠭᠴᠢ ᠤᠯᠤᠰ ᠪᠣᠯᠤᠭᠰᠠᠨ᠎ᠤ ᠬᠤᠪᠢ᠎ᠳᠤ᠂ ᠸᠢᠶᠧᠲᠨᠠᠮ᠎ᠤᠨ ᠬᠢᠨ APEC ᠵᠢᠨ 《ᠳᠤᠮᠳᠠᠳᠤ ᠤᠯᠤᠰ᠎ᠤᠨ ᠣᠨ》 ᠤ᠋ ᠦᠷ᠎ᠡ ᠪᠦᠲᠦᠭᠡᠯ᠎ᠢ ᠨᠠᠢᠳᠠᠪᠤᠷᠢᠵᠢᠭᠤᠯᠵᠤ᠂ ᠠᠽᠢᠶ᠎ᠠ ᠲᠢᠪ ᠨᠣᠮᠣᠬᠠᠨ ᠲᠡᠯᠡᠶ᠎ᠶᠢᠨ ᠣᠷᠣᠨ᠎ᠤ ᠬᠠᠮᠲᠤᠷᠠᠯᠴᠠᠭ᠎ᠠ᠎ᠶᠢᠨ ᠨᠠᠩ ᠶᠡᠬᠡ ᠬᠥᠭᠵᠢᠯᠲᠡ᠎ᠲᠠᠢ ᠪᠣᠯᠬᠤ᠎ᠶᠢ ᠦᠷᠭᠦᠯᠵᠢᠯᠡᠨ ᠠᠬᠢᠭᠤᠯᠤᠨ᠎ᠠ᠃ ᠸᠢᠶᠧᠲᠨᠠᠮ᠎ᠤᠨ ᠬᠢᠨ ᠲᠡᠷᠢᠭᠦᠯᠡᠭᠴᠢ ᠰᠢ ᠵᠢᠨ ᠫᠢᠩ᠎ᠦᠨ ᠳᠤᠷᠠᠳᠤᠭᠰᠠᠨ ᠴᠢᠬᠤᠯᠠ ᠶᠡᠬᠡ ᠪᠦᠬᠦ ᠪᠥᠮᠪᠥᠷᠴᠡᠭ᠎ᠦᠨ ᠰᠠᠨᠠᠭᠠᠴᠢᠯᠠᠭ᠎ᠠ᠎ᠶᠢ ᠪᠦᠬᠦ ᠬᠦᠴᠦ᠎ᠪᠡᠷ᠎ᠢᠶᠡᠨ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠢᠭ᠍ᠲᠠ ᠬᠠᠮᠵᠢᠯᠴᠠᠵᠤ᠂ ᠤᠯᠠᠨ ᠲᠠᠯᠠᠲᠤ ᠦᠵᠡᠯ᠎ᠢ ᠬᠠᠮᠠᠭᠠᠯᠠᠵᠤ᠂ ᠪᠦᠬᠦ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠬᠠᠮᠲᠤ᠎ᠶᠢᠨ ᠠᠰᠢᠭ᠋ ᠲᠤᠰᠠ᠎ᠶᠢ ᠬᠠᠮᠠᠭᠠᠯᠠᠨ᠎ᠠ ᠭᠡᠵᠤ ᠢᠯᠡᠳᠭᠡᠪᠡ᠃

ᠼᠠᠢ ᠴᠢ᠂ ᠸᠠᠩ   ᠢ᠂ ᠬᠤᠸᠠᠩ ᠺᠦᠨ ᠮᠢᠩ ᠨᠠᠷ ᠠᠭᠤᠯᠵᠠᠯᠲᠠ᠎ᠳᠤ ᠣᠷᠣᠯᠴᠠᠵᠠᠢ᠃

ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 17 ᠤ᠋ ᠴᠠᠬᠢᠯᠭᠠᠨ ᠮᠡᠳᠡᠭᠡ(ᠰᠤᠷᠪᠤᠯᠵᠢᠯᠠᠭᠴᠢ ᠮᠠ ᠵᠦᠸᠸ ᠶᠠᠨ  ᠮᠠ ᠰᠢᠶᠤᠤ ᠴᠧᠩ) 11 ᠰᠠᠷ᠎ᠠ᠎ᠶᠢᠨ 17 ᠤ᠋ ᠦᠳᠡ᠎ᠶᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠲᠤᠮᠳᠠᠳᠤ ᠤᠯᠤᠰ ᠲᠤ᠌ ᠢᠷᠡᠭᠰᠡᠨ ᠮᠧᠺᠰᠢᠺᠣ᠎ᠶᠢᠨ ᠶᠡᠷᠦᠩᠬᠡᠶ᠋ᠢᠯᠡᠭᠴᠢ ᠰᠢᠨᠪᠠᠤᠮᠦ᠋ ᠲᠠᠢ ᠠᠭᠤᠯᠵᠠᠪᠠ᠃

ᠰᠢ ᠵᠢᠨ ᠫᠢᠩ᠂ ᠳᠤᠮᠳᠠᠳᠤ ᠤᠯᠤᠰ ᠪᠣᠯᠤᠨ ᠮᠧᠺᠰᠢᠺᠣ ᠪᠣᠯ ᠨᠣᠮᠣᠬᠠᠨ ᠳᠠᠯᠠᠢ᠎ᠶᠢ ᠠᠯᠤᠰᠯᠠᠭᠰᠠᠨ ᠰᠠᠢ᠌ᠨ ᠨᠠᠶ᠋ᠢᠵᠠ ᠮᠥᠨ᠂ ᠬᠣᠶᠠᠷ ᠤᠯᠤᠰ ᠴᠥᠮ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠲᠤᠳᠤᠷᠠᠬᠢ ᠲᠤᠮᠤ ᠤᠯᠤᠰ ᠮᠥᠨ᠂ ᠴᠥᠮ ᠬᠥᠭᠵᠢᠨ ᠮᠠᠨᠳᠤᠬᠤ ᠵᠠᠩᠭᠢᠯᠠᠭ᠎ᠠ᠎ᠶᠢᠨ ᠱᠠᠲᠤᠨ᠎ᠳᠤ ᠣᠷᠣᠰᠢᠵᠤ ᠪᠠᠶ᠋ᠢᠨ᠎ᠠ᠃ ᠣᠳᠣᠬᠠᠨ᠎ᠤ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠡᠯᠡᠬᠡᠢ᠎ᠶᠢᠨ ᠪᠠᠶ᠋ᠢᠳᠠᠯ ᠳᠣᠣᠷ᠎ᠠ᠂ ᠳᠤᠮᠳᠠᠳᠤ ᠮᠧᠺᠰᠢᠺᠣ᠎ᠶᠢᠨ ᠬᠠᠷᠢᠯᠴᠠᠭ᠎ᠠ᠎ᠶᠢᠨ ᠨᠡᠩ ᠥᠨᠳᠥᠷ ᠲᠦᠪᠰᠢᠨ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠲᠡᠢᠰᠢ ᠬᠥᠭᠵᠢᠬᠦ᠌᠎ᠶᠢ ᠠᠬᠢᠭᠤᠯᠬᠤ ᠨᠢ ᠲᠤᠰ ᠲᠤᠰ᠎ᠤᠨ ᠤᠯᠤᠰ᠎ᠤᠨ᠎ᠢᠶᠠᠨ ᠬᠥᠭᠵᠢᠯᠲᠡ᠎ᠶᠢᠨ ᠪᠠᠶ᠋ᠢᠯᠳᠤᠬᠤ ᠪᠤᠳᠤᠯᠭ᠎ᠠ᠎ᠶᠢ ᠪᠡᠶᠡᠯᠡᠭᠦᠯᠬᠦ᠌᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠬᠣᠯᠪᠣᠭᠠᠯᠠᠨ ᠥᠪᠡᠷ᠎ᠢ᠎ᠪᠡᠨ ᠬᠦᠴᠦᠷᠬᠡᠭᠵᠢᠭᠦᠯᠬᠦ᠌᠎ᠶᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠶ ᠶᠤᠮ᠃ ᠳᠤᠮᠳᠠᠳᠤ ᠤᠯᠤᠰ ᠢᠮᠠᠭᠲᠠ ᠠᠯᠤᠰ ᠬᠡᠳᠤ᠎ᠶᠢᠨ ᠬᠠᠷᠠᠭᠠᠰᠤ ᠡᠴᠡ ᠳᠤᠮᠳᠠᠳᠤ ᠮᠧᠺᠰᠢᠺᠣ᠎ᠶᠢᠨ ᠬᠠᠷᠢᠯᠴᠠᠭ᠎ᠠ᠎ᠳᠤ ᠬᠠᠨᠳᠤᠵᠤ᠂ ᠳᠤᠷᠠᠲᠠᠶ᠎ᠠ ᠮᠧᠺᠰᠢᠺᠣ᠎ᠶᠢᠨ ᠬᠢᠨ ᠯᠤᠭᠡ ᠬᠠᠮᠲᠤ᠎ᠪᠠᠷ  ᠬᠣᠶᠠᠷ ᠤᠯᠤᠰ᠎ᠤᠨ ᠬᠠᠷᠢᠯᠴᠠᠭᠠᠨ᠎ᠤ ᠴᠢᠨᠠᠷ ᠰᠠᠶ᠋ᠢᠲᠠᠢ ᠬᠥᠭᠵᠢᠯᠲᠡ᠎ᠶᠢ ᠬᠦᠳᠦᠯᠦᠨ ᠳᠠᠭᠠᠭᠤᠯᠬᠤ ᠪᠥᠭᠡᠳ ᠬᠥᠭᠵᠢᠯ ᠴᠡᠴᠡᠭᠯᠡᠯ ᠲᠠᠢ ᠲᠣᠭᠲᠠᠭᠤᠨ᠂ ᠨᠡᠭᠡᠭᠡᠯᠲᠡᠲᠡᠢ ᠠᠭᠤᠰᠤᠯᠴᠠᠨ ᠨᠡᠪᠲᠡᠷᠡᠯᠴᠡᠬᠦ᠌᠂ ᠲᠦᠭᠡᠮᠡᠯ ᠬᠠᠷᠠᠭᠠᠯᠵᠠᠯᠳᠤ ᠪᠠᠭᠲᠠᠭᠠᠮᠵᠢᠲᠠᠢ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠭᠰᠠᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ ᠪᠣᠯᠤᠨ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠰᠢᠰᠲ᠋ᠧᠮ᠎ᠢ ᠪᠠᠶ᠋ᠢᠭᠤᠯᠬᠤ᠎ᠶᠢ ᠬᠠᠮᠲᠤ᠎ᠪᠠᠷ ᠠᠬᠢᠭᠤᠯᠵᠤ᠂ ᠳᠡᠯᠡᠬᠡᠢ᠎ᠶᠢᠨ ᠡᠩᠬᠡ ᠲᠠᠶ᠋ᠢᠪᠤᠩ᠎ᠢ ᠬᠠᠮᠠᠭᠠᠯᠠᠬᠤ᠂ ᠬᠠᠮᠲᠤ᠎ᠶᠢᠨ ᠬᠥᠭᠵᠢᠯᠲᠡ᠎ᠶᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠵᠢᠭᠠᠵᠤ ᠭᠠᠷᠭᠠᠪᠠ᠃

ᠰᠢ ᠵᠢᠨ ᠫᠢᠩ᠂ ᠳᠤᠮᠳᠠᠳᠤ ᠮᠧᠺᠰᠢᠺᠣ ᠬᠣᠶᠠᠷ ᠲᠠᠯ᠎ᠠ᠎ᠪᠠᠷ᠎ᠢᠶᠠᠨ ᠨᠢᠭᠡ ᠳ᠋ᠤ᠂ ᠴᠢᠩ ᠦᠨᠡᠨᠴᠢ᠎ᠪᠡᠷ ᠬᠠᠨᠳᠤᠯᠴᠠᠬᠤ᠎ᠶᠢ ᠪᠠᠷᠢᠮᠲᠠᠯᠠᠵᠤ᠂ ᠤᠯᠤᠰ ᠲᠦᠷᠦ᠎ᠶᠢᠨ ᠢᠲᠡᠭᠡᠯᠴᠡᠭᠡ᠎ᠪᠡᠨ ᠭᠦᠨᠵᠡᠭᠡᠶ᠋ᠢᠷᠡᠭᠦᠯᠵᠦ᠍᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠬᠥᠭᠵᠢᠯᠲᠡ᠎ᠶᠢᠨ ᠵᠥᠪ ᠴᠢᠭᠯᠡᠯ᠎ᠢ ᠪᠠᠳᠤ ᠡᠵᠡᠮᠳᠡᠵᠤ᠂ ᠡᠯ᠎ᠡ ᠬᠦᠷᠢᠶ᠎ᠡ ᠡᠯ᠎ᠡ ᠲᠡᠰ ᠳᠠᠪᠬᠤᠷᠭ᠎ᠠ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠨᠢᠭᠲᠠᠷᠠᠭᠤᠯᠵᠤ᠂ ᠢᠷᠡᠬᠦ᠌ ᠵᠢᠯ᠎ᠦᠨ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 55 ᠵᠢᠯ᠎ᠦᠨ ᠤᠢ᠎ᠶᠢ ᠪᠡᠯᠭᠡᠯᠡᠬᠦ᠌ ᠠᠵᠢᠯᠯᠠᠭ᠎ᠠ᠎ᠶᠢ ᠬᠠᠮᠲᠤ᠎ᠪᠠᠷ ᠰᠠᠶ᠋ᠢᠲᠤᠷ ᠡᠷᠬᠢᠯᠡᠶ᠎ᠡ᠃ ᠬᠣᠶᠠᠷ᠎ᠲᠤ᠌᠂ ᠬᠠᠷᠢᠯᠴᠠᠨ ᠠᠰᠢᠭᠲᠠᠶ ᠬᠠᠮᠲᠤ᠎ᠪᠠᠷ ᠠᠰᠢᠭ ᠭᠥᠷᠳᠡᠬᠦ᠌᠎ᠶᠢ ᠪᠠᠷᠢᠮᠲᠠᠯᠠᠵᠤ᠂ ᠨᠥᠬᠥᠷᠰᠡᠭ ᠬᠠᠮᠲᠤᠷᠠᠯᠴᠠᠭ᠎ᠠ᠎ᠶᠢ ᠠᠬᠢᠭᠤᠯᠵᠤ᠂ ᠪᠠᠶ᠋ᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠪᠡᠨ ᠴᠢᠩᠭᠠᠳᠬᠠᠵᠤ᠂ ᠰᠠᠭᠤᠷᠢ ᠲᠥᠬᠥᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠴᠡᠪᠡᠷ ᠡᠨᠧᠷᠭᠢ᠂ ᠰᠣᠶᠣᠯ᠂ ᠵᠢᠭᠤᠯᠴᠢᠯᠠᠯ ᠵᠡᠷᠭᠡ᠎ᠶᠢᠨ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠤᠶ᠎ᠠ᠃ ᠭᠤᠷᠪᠠ᠎ᠳᠤ᠂ ᠲᠥᠪ ᠭᠣᠣᠯᠴᠢ ᠰᠢᠳᠤᠷᠭᠤ ᠶᠣᠰᠣ᠎ᠶᠢ ᠪᠠᠷᠢᠮᠲᠠᠯᠠᠨ᠂ ᠤᠯᠠᠨ ᠲᠠᠯᠠᠲᠤ᠌ ᠬᠠᠮᠵᠢᠯᠴᠠᠭ᠎ᠠ᠎ᠶᠢ ᠨᠢᠭᠲᠠᠷᠠᠭᠤᠯᠵᠤ᠂ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ ᠵᠡᠷᠭᠡ ᠤᠯᠠᠨ ᠲᠠᠯᠠᠲᠤ᠌ ᠲᠠᠪᠴᠠᠩ᠎ᠳᠡᠬᠢ ᠵᠣᠬᠢᠴᠠᠭᠤᠯᠭ᠎ᠠ᠎ᠪᠠᠨ ᠴᠢᠩᠭᠠᠳᠬᠠᠨ᠂ ᠤᠯᠠᠨ ᠤᠯᠤᠰ᠎ᠤᠨ ᠬᠠᠷᠢᠯᠴᠠᠭᠠᠨ᠎ᠤ ᠦᠨᠳᠦᠰᠦᠨ ᠪᠠᠷᠢᠮᠵᠢᠶ᠎ᠠ᠎ᠶᠢ ᠬᠠᠮᠠᠭᠠᠯᠠᠶ᠎ᠠ᠃ ᠲᠦᠷᠪᠡ᠎ᠳᠦ᠂ ᠬᠤᠪᠢ ᠵᠠᠶᠠᠭ᠎ᠠ᠎ᠪᠠᠨ ᠬᠠᠮᠲᠤᠳᠬᠠᠬᠤ᠎ᠶᠢ ᠪᠠᠷᠢᠮᠲᠠᠯᠠᠵᠤ᠂ ᠳᠤᠮᠳᠠᠳᠤ ᠯᠠᠲ᠋ᠢᠨ ᠠᠮᠧᠷᠢᠺᠠ᠎ᠶᠢᠨ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠵᠦ᠍᠂ ᠳᠤᠮᠳᠠᠳᠤ ᠯᠠᠲ᠋ᠢᠨ ᠠᠮᠧᠷᠢᠺᠠ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠬᠠᠮᠲᠤ᠎ᠪᠠᠷ ᠪᠠᠶ᠋ᠢᠭᠤᠯᠬᠤ ᠲᠠᠪᠤᠨ ᠶᠡᠬᠡ ᠢᠨᠵᠧᠨᠧᠷᠢᠩ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ᠎ᠶᠢ ᠠᠬᠢᠭᠤᠯᠤᠶ᠎ᠠ ᠭᠡᠵᠤ ᠴᠢᠬᠤᠯᠠᠴᠢᠯᠠᠪᠠ᠃

ᠰᠢᠨᠪᠠᠤᠮᠦ᠋᠂ ᠮᠧᠺᠰᠢᠺᠣ ᠳᠤᠮᠳᠠᠳᠤ᠎ᠶᠢᠨ ᠨᠥᠬᠥᠷᠯᠡᠯ᠎ᠦᠨ ᠰᠠᠭᠤᠷᠢ ᠭᠦᠨ ᠵᠤᠵᠠᠭᠠᠨ᠂ ᠬᠣᠶᠠᠷ ᠤᠯᠤᠰ᠎ᠤᠨ ᠬᠥᠭᠵᠢᠯᠲᠡ᠎ᠶᠢᠨ ᠣᠶ᠋ᠢᠯᠠᠭᠠᠭᠳᠠᠬᠤᠨ ᠨᠡᠪᠲᠡᠷᠡᠯᠴᠡᠵᠦ᠍᠂ ᠡᠯ᠎ᠡ ᠬᠦᠷᠢᠶᠡᠨ᠎ᠳ᠋ᠡᠬᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠤᠯᠪᠠ᠃ ᠮᠧᠺᠰᠢᠺᠣ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠪᠠᠷᠢᠮᠲᠠᠯᠠᠵᠤ᠂ ᠳᠤᠮᠳᠠᠳᠤ ᠤᠯᠤᠰ᠎ᠯᠤᠭ᠎ᠠ᠎ᠶᠢᠨ ᠬᠠᠷᠢᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ 《ᠮᠧᠺᠰᠢᠺᠣ᠎ᠶᠢᠨ ᠲᠥᠯᠥᠪᠯᠡᠭᠡ》 ᠵᠢ ᠠᠬᠢᠭᠤᠯᠬᠤ ᠠᠬᠢᠴᠠ ᠳᠤᠮᠳᠠ ᠳᠤᠮᠳᠠᠳᠤ ᠤᠯᠤᠰ᠎ᠯᠤᠭ᠎ᠠ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠦᠢᠯᠡᠳᠬᠦ᠌ ᠦᠢᠯᠡᠰ᠂ ᠵᠣᠬᠢᠶᠠᠮᠠᠯ ᠤᠶᠤᠨ ᠴᠢᠳᠠᠪᠤᠷᠢ᠂ ᠬᠥᠳᠡᠭᠡ ᠠᠵᠤ ᠠᠬᠤᠢ᠂ ᠤᠰᠤᠨ ᠠᠰᠢᠭᠯᠠᠯᠲᠠ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠎ᠤᠨ ᠰᠣᠯᠢᠯᠴᠠᠭ᠎ᠠ᠎ᠶᠢ ᠠᠬᠢᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠰᠢᠨ᠎ᠡ ᠳᠡᠭᠲᠡᠷ᠎ᠲᠦ᠍ ᠭᠠᠷᠬᠤ᠎ᠶᠢ ᠠᠬᠢᠭᠤᠯᠤᠨ᠎ᠠ᠃ ᠡᠨᠡ ᠵᠢᠯ᠎ᠦᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠡᠷᠬᠢᠯᠡᠭᠴᠢ ᠤᠯᠤᠰ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤᠷᠠᠯᠴᠠᠭ᠎ᠠ᠎ᠶᠢ ᠠᠬᠢᠭᠤᠯᠬᠤ᠎ᠳᠤ ᠴᠢᠬᠤᠯᠠ ᠦᠢᠯᠡᠳᠦᠯ ᠦᠵᠡᠭᠦᠯᠵᠠᠢ᠂ ᠤᠳᠠᠯ ᠦᠭᠡᠢ ᠬᠤᠷᠠᠯᠳᠤᠬᠤ᠎ᠪᠠᠷ ᠪᠠᠶ᠋ᠢᠭ᠎ᠠ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ ᠲᠡᠭᠦᠰ ᠠᠮᠵᠢᠯᠲᠠ ᠣᠯᠵᠤ᠂ ᠬᠣᠶ᠋ᠢᠰᠢᠳᠠ᠎ᠶᠢᠨ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤᠷᠠᠯᠴᠠᠭ᠎ᠠ᠎ᠳᠤ ᠪᠠᠲᠤ᠌ ᠪᠡᠬᠢ ᠰᠠᠭᠤᠷᠢ ᠲᠠᠯᠪᠢᠵᠤ ᠥᠭᠬᠦ᠌᠎ᠶᠢ ᠢᠲᠡᠭᠡᠵᠦ᠍ ᠪᠠᠶ᠋ᠢᠨ᠎ᠠ᠃ ᠮᠧᠺᠰᠢᠺᠣ᠎ᠶᠢᠨ ᠬᠢᠨ 2028 ᠣᠨ᠎ᠤ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠬᠤᠷᠠᠯ᠎ᠢ ᠭᠣᠣᠯᠯᠠᠨ ᠡᠷᠬᠢᠯᠡᠵᠦ᠍᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠲᠠᠯ᠎ᠠ᠎ᠶᠢᠨ ᠵᠣᠬᠢᠴᠠᠭᠤᠯᠭ᠎ᠠ᠎ᠪᠠᠨ ᠴᠢᠩᠭᠠᠳᠬᠠᠵᠤ᠂ ᠤᠯᠠᠨ ᠲᠠᠯᠠᠲᠤ᠌ ᠦᠵᠡᠯ᠎ᠢ ᠪᠠᠷᠢᠮᠲᠠᠯᠠᠵᠤ᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠬᠠᠮᠲᠤ᠎ᠶᠢᠨ ᠠᠰᠢᠭ ᠲᠤᠰᠠ᠎ᠶᠢ ᠬᠠᠮᠠᠭᠠᠯᠠᠨ᠎ᠠ ᠭᠡᠵᠤ ᠢᠯᠡᠳᠭᠡᠪᠡ᠃

ᠼᠠᠢ ᠴᠢ᠂ ᠸᠠᠩ  ᠢ᠂ ᠬᠤᠸᠠᠩ ᠺᠦᠨ ᠮᠢᠩ᠎ᠨᠡᠷ ᠠᠭᠤᠯᠵᠠᠯᠲᠠ᠎ᠳᠤ ᠣᠷᠣᠯᠴᠠᠵᠠᠢ᠃

ᠰᠢᠨᠬᠤᠸᠠ ᠬᠤᠷᠢᠶ᠎ᠠ ᠵᠢᠨ ᠱᠧᠨᠵᠧᠨ᠎ᠦ 11 ᠰᠠᠷ᠎ᠠ᠎ᠶᠢᠨ 17᠎ᠤ᠋ ᠴᠠᠬᠢᠯᠭᠠᠨ ᠮᠡᠳᠡᠭᠡ(ᠰᠤᠷᠪᠤᠯᠵᠢᠯᠠᠭᠴᠢ  ᠮᠠ ᠵᠦᠸᠸ ᠶᠠᠨ  ᠰᠦᠨ ᠹᠸᠢ) 11 ᠰᠠᠷ᠎ᠠ᠎ᠶᠢᠨ 17 ᠎ᠤ᠋ ᠦᠳᠡ᠎ᠶᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ ᠲᠤ᠌ ᠢᠷᠡᠭᠰᠡᠨ ᠫᠸᠷᠦ᠋ ᠵᠢᠨ ᠶᠡᠷᠦᠩᠬᠡᠶ᠋ᠢᠯᠡᠭᠴᠢ ᠺᠠᠢᠺᠤ ᠹᠦᠵᠢᠮᠦᠢ᠍ᠷᠢ ᠲᠠᠢ ᠠᠭᠤᠯᠵᠠᠪᠠ᠃

ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠯᠤᠰ ᠪᠣᠯᠤᠨ ᠫᠸᠷᠦ᠋ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 55 ᠵᠢᠯ᠎ᠦᠨ ᠤᠢ ᠪᠣᠯᠤᠨ᠎ᠠ᠃ ᠬᠠᠭᠠᠰ ᠢᠯᠡᠭᠦᠦ ᠵᠠᠭᠤᠨ᠎ᠤ ᠲᠤᠷᠰᠢ᠂ ᠬᠣᠶᠠᠷ ᠤᠯᠤᠰ᠎ᠤᠨ ᠬᠠᠷᠢᠯᠴᠠᠭ᠎ᠠ ᠰᠠᠢ᠌ᠨ ᠰᠠᠶ᠋ᠢᠬᠠᠨ ᠬᠥᠭᠵᠢᠯᠲᠡ᠎ᠶᠢᠨ ᠪᠠᠶ᠋ᠢᠳᠠᠯ᠎ᠢᠶᠠᠨ ᠪᠠᠲᠤᠯᠠᠭᠰᠠᠭᠠᠷ ᠢᠷᠡᠵᠠᠢ᠃ ᠳᠤᠮᠳᠠᠳᠤ ᠤᠯᠤᠰ ᠨᠢᠭᠡᠨᠲᠡ 12 ᠵᠢᠯ ᠳᠠᠷᠠᠭᠠᠯᠠᠨ ᠫᠸᠷᠦ᠋ ᠵᠢᠨ ᠬᠠᠮᠤᠭ᠎ᠤᠨ ᠶᠡᠬᠡ ᠠᠷᠠᠯᠵᠢᠶᠠᠨ᠎ᠤ ᠬᠠᠨᠢᠲᠠᠨ ᠪᠠ ᠬᠠᠮᠤᠭ᠎ᠤᠨ ᠶᠡᠬᠡ ᠭᠠᠳᠠᠭᠠᠳᠤ ᠭᠠᠷᠭᠠᠯᠳᠠ ᠵᠢᠨ ᠬᠠᠷᠠᠯᠲᠠᠲᠤ᠌ ᠤᠯᠤᠰ ᠪᠤᠯᠵᠤ᠂ ᠳᠤᠮᠳᠠᠳᠤ ᠫᠸᠷᠦ᠋ ᠵᠢᠨ ᠴᠢᠯᠥᠭᠡᠲᠦ᠍ ᠠᠷᠠᠯᠵᠢᠶᠠᠨ᠎ᠤ ᠵᠦᠪᠳᠡᠯᠴᠡᠭᠡᠷ᠎ᠢ ᠲᠡᠰ ᠲᠡᠪᠰᠢᠭᠦᠯᠬᠦ ᠵᠦᠪᠯᠡᠨ ᠲᠤᠭᠳᠠᠭᠠᠭᠰᠠᠨ ᠪᠢᠴᠢᠭ ᠬᠣᠶᠠᠷ ᠭᠠᠷᠠᠭ᠎ᠤᠨ ᠡᠮᠦᠨ᠎ᠡ ᠵᠢᠩᠬᠢᠨᠢ᠎ᠪᠡᠷ ᠬᠦᠴᠦᠨ᠎ᠲᠡᠶ ᠪᠤᠯᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ ᠤᠷᠤᠯᠴᠠᠵᠦ ᠪᠦᠲᠦᠭᠡᠨ ᠪᠠᠶ᠋ᠢᠭᠤᠯᠤᠭᠰᠠᠨ ᠴᠢᠶᠠᠨ ᠺᠠᠢ ᠭᠠᠷᠠᠮ ᠠᠽᠢᠶ᠎ᠠ ᠲᠢᠪ ᠪᠠ ᠯᠠᠲ᠋ᠢᠨ ᠠᠮᠧᠷᠢᠺᠠ᠎ᠶᠢᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢ ᠬᠦᠴᠦᠲᠡᠢ ᠠᠬᠢᠭᠤᠯᠪᠠ᠃ ᠲᠡᠦᠬᠡ᠎ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠫᠸᠷᠦ᠋ ᠵᠢᠨ ᠬᠢᠨ᠎ᠲᠡᠶ ᠬᠠᠮᠲᠤ᠎ᠪᠠᠷ ᠴᠢᠷᠮᠠᠶ᠋ᠢᠵᠤ ᠪᠠᠶ᠋ᠢᠭᠠᠳ ᠬᠣᠶᠠᠷ ᠤᠯᠤᠰ᠎ᠤᠨ ᠪᠦᠬᠦ᠌ ᠲᠠᠯ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢ ᠲᠠᠰᠤᠷᠠᠯᠳᠠ ᠦᠭᠡᠢ ᠰᠢᠨ᠎ᠡ ᠳᠡᠭᠲᠡᠷ᠎ᠲᠦ᠍ ᠭᠠᠷᠭᠠᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃

ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ ᠪᠣᠯᠤᠨ᠎ᠠ᠂ ᠳᠤᠮᠳᠠᠳᠤ᠎ᠤᠯᠤᠰ ᠳᠤᠷᠠᠲᠠᠶ᠎ᠠ ᠫᠸᠷᠦ᠋ ᠵᠢᠨ ᠬᠢᠨ᠎ᠲᠠᠶ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠨ᠎ᠡ᠃ ᠬᠣᠶᠠᠷ ᠲᠠᠯ᠎ᠠ᠎ᠪᠠᠷ᠎ᠢᠶᠠᠨ 4 ᠲᠠᠯ᠎ᠠ᠎ᠶᠢᠨ ᠠᠵᠢᠯ᠎ᠢ ᠭᠣᠣᠯᠳᠠᠯᠭ᠎ᠠ᠎ᠲᠠᠶ ᠰᠠᠶ᠋ᠢᠲᠤᠷ ᠬᠢᠵᠦ᠍ ᠪᠣᠯᠤᠨ᠎ᠠ᠄ ᠨᠢᠭᠡ᠎ᠳᠦ᠂ ᠨᠥᠬᠥᠷᠰᠡᠭ ᠶᠠᠪᠤᠯᠴᠠᠭ᠎ᠠ᠎ᠪᠠᠨ ᠨᠢᠭᠲᠠᠷᠠᠭᠤᠯᠵᠤ᠂ ᠬᠣᠶᠠᠷ ᠤᠯᠤᠰ᠎ᠤᠨ ᠵᠠᠰᠠᠭ᠎ᠤᠨ ᠣᠷᠳᠣᠨ᠂ ᠬᠠᠤᠯᠢ ᠲᠣᠭᠲᠠᠭᠠᠬᠤ ᠪᠠᠶ᠋ᠢᠭᠤᠯᠤᠮᠵᠢ᠂ ᠲᠦᠷᠦ᠎ᠶᠢᠨ ᠨᠠᠮ᠂ ᠣᠷᠣᠨ ᠨᠤᠲᠤᠭ ᠵᠡᠷᠭᠡ ᠡᠯ᠎ᠡ ᠬᠦᠷᠢᠢ᠎ᠡ ᠡᠯ᠎ᠡ ᠲᠡᠰ ᠳᠠᠪᠬᠤᠷᠭ᠎ᠠ᠎ᠶᠢᠨ ᠰᠣᠯᠢᠯᠴᠠᠭ᠎ᠠ᠎ᠪᠠᠨ ᠴᠢᠩᠭᠠᠳᠬᠠᠵᠤ᠂ ᠤᠯᠤᠰ ᠲᠦᠷᠦ᠎ᠶᠢᠨ ᠢᠲᠡᠭᠡᠯᠴᠡᠭᠡ᠎ᠪᠡᠨ ᠪᠡᠬᠢᠵᠢᠭᠦᠯᠦᠨ᠎ᠠ᠃ ᠬᠣᠶᠠᠷ᠎ᠲᠤ᠌᠂ ᠪᠠᠶ᠋ᠢᠯᠳᠤᠬᠤ ᠪᠤᠳᠤᠯᠭ᠎ᠠ᠎ᠶᠢᠨ ᠵᠣᠯᠭᠠᠯᠴᠠᠭ᠎ᠠ᠎ᠶᠢ ᠴᠢᠩᠭᠠᠳᠬᠠᠵᠤ᠂ ᠴᠢᠯᠥᠭᠡᠲᠦ᠍ ᠠᠷᠠᠯᠵᠢᠶᠠᠨ᠎ᠤ ᠵᠦᠪᠳᠡᠯᠴᠡᠭᠡᠷ᠎ᠢ ᠲᠡᠰ ᠲᠡᠪᠰᠢᠭᠦᠯᠬᠦ ᠵᠦᠪᠯᠡᠨ ᠲᠤᠭᠳᠠᠭᠠᠭᠰᠠᠨ ᠪᠢᠴᠢᠭ᠎ᠤᠨ ᠠᠰᠢᠭ᠎ᠢ ᠦᠷᠭᠦᠯᠵᠢᠯᠡᠨ ᠪᠠᠳᠠᠷᠠᠭᠤᠯᠵᠤ᠂ ᠰᠠᠭᠤᠷᠢ ᠲᠥᠬᠥᠭᠡᠷᠦᠮᠵᠢ᠎ᠶᠢᠨ ᠪᠦᠲᠦᠭᠡᠨ ᠪᠠᠶ᠋ᠢᠭᠤᠯᠤᠯᠲᠠ᠂ ᠡᠨᠧᠷᠭᠢ᠂ ᠡᠬᠢ ᠪᠠᠶᠠᠯᠢᠭ ᠵᠡᠷᠭᠡ ᠤᠯᠠᠮᠵᠢᠯᠠᠯᠲᠤ᠌ ᠬᠠᠮᠲᠤᠷᠠᠯᠴᠠᠭ᠎ᠠ᠎ᠶᠢ ᠪᠡᠬᠢᠵᠢᠭᠦᠯᠵᠦ᠍᠂ ᠰᠢᠨ᠎ᠡ ᠡᠨᠧᠷᠭᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ᠎ᠪᠡᠷ ᠮᠠᠨᠳᠤᠭᠰᠠᠨ ᠬᠠᠮᠲᠤᠷᠠᠯᠴᠠᠭᠠᠨ᠎ᠤ ᠳᠠᠯᠳᠠ ᠬᠦᠴᠦᠨ᠎ᠢ ᠠᠭᠤᠳᠠᠯᠵᠤ᠂ ᠬᠠᠮᠲᠤ᠎ᠶᠢᠨ ᠴᠡᠴᠡᠭᠯᠡᠯ ᠬᠥᠭᠵᠢᠯ᠎ᠢ ᠪᠡᠶᠡᠯᠡᠭᠦᠯᠦᠨ᠎ᠠ᠃ ᠭᠤᠷᠪᠠ᠎ᠳᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠶᠢ ᠠᠬᠢᠭᠤᠯᠵᠤ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ᠂ ᠬᠠᠭᠤᠴᠢ ᠰᠤᠳᠤᠯᠤᠯ᠂ ᠡᠷᠡᠭᠦᠯ ᠬᠠᠮᠠᠭᠠᠯᠠᠯ ᠵᠡᠷᠭᠡ ᠲᠠᠯ᠎ᠠ᠎ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠤᠯᠠᠮᠵᠢᠯᠠᠯᠲᠤ᠌ ᠨᠥᠬᠥᠷᠯᠡᠯ᠎ᠢᠶᠡᠨ ᠦᠷᠭᠦᠯᠵᠢᠯᠡᠭᠦᠯᠦᠨ᠎ᠠ᠃ ᠲᠦᠷᠪᠡ᠎ᠳᠦ᠂ ᠤᠯᠠᠨ ᠲᠠᠯ᠎ᠠ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠪᠣᠷᠣ ᠲᠥᠯᠥᠪ᠎ᠦᠨ ᠳᠣᠲᠣᠷ᠎ᠠ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ᠌ ᠦᠵᠡᠯ ᠪᠣᠯᠤᠨ ᠴᠢᠯᠥᠭᠡᠲᠦ᠍ ᠠᠷᠠᠯᠵᠢᠶ᠎ᠠ᠎ᠶᠢ ᠬᠠᠮᠠᠭᠠᠯᠠᠵᠤ᠂ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠎ᠶᠢ ᠬᠠᠮᠲᠤ᠎ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃

ᠺᠠᠢᠺᠤ ᠹᠦᠵᠢᠮᠦᠢ᠍ᠷᠢ᠂ ᠫᠸᠷᠦ᠋ ᠪᠣᠯᠤᠨ ᠳᠤᠮᠳᠠᠳᠤ ᠤᠯᠤᠰ᠎ᠤᠨ ᠨᠥᠬᠥᠷᠰᠡᠭ ᠬᠠᠷᠢᠯᠴᠠᠭ᠎ᠠ ᠥᠨᠢ ᠤᠳᠠᠭᠠᠨ ᠲᠡᠦᠬᠡ᠎ᠲᠡᠶ ᠶᠤᠮ᠂ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 55 ᠵᠢᠯ᠎ᠦᠨ ᠲᠤᠷᠰᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠶ᠋ᠢᠷᠡᠵᠦ᠍᠂ ᠳᠤᠮᠳᠠᠳᠤ ᠤᠯᠤᠰ ᠨᠢ ᠫᠸᠷᠦ᠋ ᠵᠢᠨ ᠬᠠᠮᠤᠭ᠎ᠤᠨ ᠶᠡᠬᠡ ᠠᠷᠠᠯᠵᠢᠶᠠᠨ᠎ᠤ ᠬᠠᠨᠢᠲᠠᠨ ᠪᠣᠯᠪᠠ᠃ ᠫᠸᠷᠦ᠋ ᠵᠢᠨ ᠬᠢᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠠᠭᠤᠤ ᠶᠡᠬᠡ ᠠᠮᠵᠢᠯᠲᠠ ᠣᠯᠤᠭᠰᠠᠨ᠎ᠢ ᠪᠢᠰᠢᠷᠡᠵᠦ᠍ ᠪᠠᠶ᠋ᠢᠨ᠎ᠠ᠃ ᠫᠸᠷᠦ᠋ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠪᠠᠷᠢᠮᠲᠠᠯᠠᠵᠤ᠂ ᠳᠤᠷᠠᠲᠠᠶ᠎ᠠ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭᠲᠠᠷᠠᠭᠤᠯᠵᠤ᠂ ᠴᠢᠯᠥᠭᠡᠲᠦ᠍ ᠠᠷᠠᠯᠵᠢᠶᠠᠨ᠎ᠤ ᠵᠦᠪᠳᠡᠯᠴᠡᠭᠡᠷ᠎ᠢ ᠲᠡᠰ ᠳᠡᠪᠰᠢᠭᠦᠯᠬᠦ᠌᠎ᠪᠡᠷ ᠠᠵᠠ ᠲᠣᠬᠢᠶᠠᠯ ᠪᠣᠯᠭᠠᠵᠤ᠂ ᠬᠣᠶᠠᠷ ᠤᠯᠤᠰ᠎ᠤᠨ ᠠᠷᠠᠳ ᠲᠦᠮᠡᠨ᠎ᠦ ᠶᠠᠪᠤᠯᠴᠠᠭ᠎ᠠ᠎ᠶᠢ ᠨᠡᠮᠡᠭᠳᠡᠭᠦᠯᠵᠦ᠍᠂ ᠠᠷᠠᠯᠵᠢᠶ᠎ᠠ᠂ ᠪᠡᠯᠡ ᠣᠷᠣᠭᠤᠯᠤᠯᠲᠠ᠂ ᠰᠠᠭᠤᠷᠢ ᠲᠥᠬᠥᠭᠡᠷᠦᠮᠵᠢ ᠵᠡᠷᠭᠡ ᠬᠠᠮᠲᠤᠷᠠᠯᠴᠠᠭ᠎ᠠ᠎ᠶᠢ ᠠᠬᠢᠭᠤᠯᠤᠨ᠎ᠠ᠃ ᠴᠢᠶᠠᠨ ᠺᠠᠢ ᠭᠠᠷᠠᠮ ᠵᠡᠷᠭᠡ ᠲᠦᠷᠦᠯ ᠵᠦᠢᠯ ᠫᠸᠷᠦ᠋ ᠵᠢᠨ ᠠᠵᠤ ᠠᠬᠤᠢ᠎ᠶᠢᠨ ᠬᠥᠭᠵᠢᠯᠲᠡ᠎ᠳᠦ ᠴᠢᠬᠤᠯᠠ ᠦᠢᠯᠡᠳᠦᠯ ᠦᠵᠡᠭᠦᠯᠵᠦ᠍ ᠪᠠᠶ᠋ᠢᠨ᠎ᠠ᠂ ᠫᠸᠷᠦ᠋ ᠵᠢᠨ ᠬᠢᠨ ᠨᠡᠩ ᠤᠯᠠᠨ ᠳᠤᠮᠳᠠᠳᠤ᠎ᠶᠢᠨ ᠪᠡᠯᠡᠳᠦ ᠠᠵᠤ ᠠᠬᠤᠶ᠋ᠢᠯᠠᠯ᠎ᠤᠨ ᠫᠸᠷᠦ᠋ ᠳ᠋ᠤ ᠬᠦᠷᠴᠦ᠍ ᠪᠡᠯᠡ ᠣᠷᠣᠭᠤᠯᠤᠨ ᠦᠢᠯᠡᠰ  ᠬᠥᠭᠵᠢᠭᠦᠯᠬᠦ᠌᠎ᠶᠢ ᠪᠠᠶᠠᠷᠯᠠᠨ ᠤᠭᠲᠤᠵᠤ᠂ ᠳᠤᠷᠠᠲᠠᠶ᠎ᠠ ᠨᠡᠭᠡᠭᠡᠯᠲᠡ ᠲᠡᠢ ᠲᠣᠭᠲᠠᠭᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠬᠠᠩᠭᠠᠨ᠎ᠠ᠃ ᠫᠸᠷᠦ᠋᠎ᠵᠢᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠰᠤᠷᠭᠠᠨ ᠬᠥᠮᠦᠵᠢᠯ᠂ ᠰᠣᠶᠣᠯ ᠵᠡᠷᠭᠡ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠍᠂ ᠨᠠᠮ᠎ᠤᠨ ᠬᠣᠭᠣᠷᠣᠨᠳᠣᠬᠢ ᠶᠠᠪᠤᠯᠴᠠᠭ᠎ᠠ᠎ᠪᠠᠨ ᠴᠢᠩᠭᠠᠳᠬᠠᠨ᠎ᠠ᠃ ᠳᠤᠮᠳᠠᠳᠤ ᠤᠯᠤᠰ ᠤ᠋ᠨ ᠬᠢᠨ ᠫᠸᠷᠦ᠋ ᠵᠢᠨ ᠧᠯᠨᠢᠨᠤ᠋ ᠵᠢᠨ ᠥᠷᠢᠰᠥᠯᠳᠦᠭᠡᠨ᠎ᠢ ᠠᠷᠭᠠᠴᠠᠭᠠᠬᠤ᠎ᠶᠢ ᠳᠡᠮᠵᠢᠭᠰᠡᠨ᠎ᠳᠦ ᠲᠠᠯᠠᠷᠬᠠᠵᠤ ᠪᠠᠶ᠋ᠢᠨ᠎ᠠ᠂ ᠫᠸᠷᠦ᠋ ᠵᠢᠨ ᠬᠢᠨ ᠳᠤᠷᠠᠲᠠᠶ᠎ᠠ ᠳᠤᠮᠳᠠᠳᠤ ᠤᠯᠤᠰ᠎ᠲᠠᠶ ᠤᠯᠠᠨ ᠲᠠᠯ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ᠎ᠢ ᠵᠤᠵᠠᠭᠠᠳᠬᠠᠨ᠎ᠠ ᠭᠡᠵᠦ ᠢᠯᠡᠳᠭᠡᠪᠡ᠃

ᠼᠠᠢ ᠴᠢ᠂ ᠸᠠᠩ  ᠢ᠂ ᠬᠤᠸᠠᠩ ᠺᠦᠨ ᠮᠢᠩ᠎ᠨᠡᠷ ᠠᠭᠤᠯᠵᠠᠯᠲᠠ᠎ᠳᠤ ᠣᠷᠣᠯᠴᠠᠵᠠᠢ᠃

ᠰᠢᠨᠬᠤᠸᠠ ᠬᠤᠷᠢᠶ᠎ᠠ ᠵᠢᠨ ᠱᠧᠨᠵᠧᠨ᠎ᠦ 11 ᠰᠠᠷ᠎ᠠ᠎ᠶᠢᠨ 17 ᠎ᠤ᠋ ᠴᠠᠬᠢᠯᠭᠠᠨ ᠮᠡᠳᠡᠭᠡ (ᠰᠤᠷᠪᠤᠯᠵᠢᠯᠠᠭᠴᠢ  ᠮᠠ ᠵᠦᠸᠸ ᠶᠠᠨ   ᠵᠧᠩ ᠲᠢᠶᠠᠨ ᠬᠣᠩ) 11 ᠰᠠᠷ᠎ᠠ᠎ᠶᠢᠨ 17 ᠎ᠤ᠋ ᠦᠳᠡ᠎ᠶᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ ᠲᠤ᠌ ᠢᠷᠡᠭᠰᠡᠨ ᠴᠢᠯᠢ᠎ᠶᠢᠨ ᠶᠡᠷᠦᠩᠬᠡᠶ᠋ᠢᠯᠡᠭᠴᠢ ᠺᠠᠷᠰᠲ ᠲᠠᠢ ᠠᠭᠤᠯᠵᠠᠪᠠ᠃

ᠰᠢ ᠵᠢᠨ ᠫᠢᠩ᠂ ᠳᠤᠮᠳᠠᠳᠤ ᠤᠯᠤᠰ ᠪᠣᠯᠤᠨ ᠴᠢᠯᠢ ᠪᠣᠯ ᠲᠠᠯᠠᠢ ᠠᠯᠤᠰᠯᠠᠵᠤ ᠪᠠᠷᠠᠯᠠᠯᠴᠠᠭᠰᠠᠨ ᠰᠠᠢ᠌ᠨ ᠬᠠᠨᠢᠲᠠᠨ ᠶᠤᠮ᠃ ᠴᠢᠯᠢ ᠪᠣᠯ ᠰᠢᠨ᠎ᠡ ᠳᠤᠮᠳᠠᠳᠤ ᠤᠯᠤᠰ᠎ᠲᠠᠶ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ ᠠᠩᠬᠠᠳᠠᠭᠴᠢ ᠡᠮᠦᠨᠡᠲᠦ᠍ ᠠᠮᠧᠷᠢᠺᠠ᠎ᠶᠢᠨ ᠤᠯᠤᠰ ᠪᠣᠯᠤᠨ᠎ᠠ᠂ ᠳᠤᠮᠳᠠᠳᠤ ᠴᠢᠯᠢ᠎ᠶᠢᠨ ᠬᠠᠷᠢᠯᠴᠠᠭ᠎ᠠ ᠳᠡᠯᠡᠬᠡᠢ᠎ᠶᠢᠨ ᠴᠠᠭ᠎ᠤᠨ ᠪᠠᠢᠳᠠᠯ᠎ᠤᠨ ᠭᠡᠨᠡᠳᠳᠡ ᠵᠢᠨ ᠬᠤᠪᠢᠷᠠᠯᠳᠠ ᠵᠢᠨ ᠰᠢᠯᠭᠠᠯᠳᠠ᠎ᠶᠢ ᠲᠤᠭᠤᠯᠵᠥ᠍᠂ ᠤᠷᠳᠤ ᠬᠤᠭᠤᠴᠠᠭ᠎ᠠ᠎ᠪᠠᠷ ᠡᠷᠡᠭᠦᠯ ᠲᠣᠭᠲᠠᠭᠤᠨ᠎ᠢᠶᠠᠷ ᠬᠥᠭᠵᠢᠵᠦ᠍᠂ ᠢᠮᠠᠭᠲᠠ ᠳᠤᠮᠳᠠᠳᠤ ᠤᠯᠤᠰ ᠪᠣᠯᠤᠨ ᠡᠮᠦᠨᠡᠲᠦ᠍ ᠠᠮᠧᠷᠢᠺᠠ᠎ᠶᠢᠨ ᠤᠯᠤᠰ᠎ᠤᠳ᠎ᠤᠨ ᠬᠠᠷᠢᠯᠴᠠᠭᠠᠨ᠎ᠤ ᠡᠮᠦᠨ᠎ᠡ ᠡᠩᠨᠡᠭᠡᠨ᠎ᠳᠦ ᠶᠠᠪᠤᠵᠦ ᠪᠠᠢᠨ᠎ᠡ᠂ ᠡᠭᠦᠨ᠎ᠤ ᠬᠠᠮᠤᠭ᠎ᠤᠨ ᠴᠢᠬᠤᠯᠠ ᠲᠤᠷᠰᠢᠯᠭ᠎ᠠ ᠪᠣᠯ ᠳᠠᠷᠤᠢ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠬᠦᠨᠳᠦᠳᠬᠡᠵᠦ᠍᠂ ᠡᠷᠬᠡ ᠲᠡᠭᠰᠢ᠎ᠪᠡᠷ ᠬᠠᠨᠳᠤᠯᠴᠠᠵᠤ᠂ ᠬᠠᠷᠢᠯᠴᠠᠨ ᠠᠰᠢᠭᠲᠠᠢ  ᠪᠠᠢᠵᠤ ᠬᠠᠮᠲᠤ᠎ᠪᠠᠷ ᠠᠰᠢᠭ ᠬᠦᠷᠳᠡᠭᠰᠡᠨ ᠶᠠᠪᠤᠳᠠᠯ ᠪᠣᠯᠤᠨ᠎ᠠ᠃ ᠡᠨᠡ ᠵᠢᠯ ᠪᠣᠯ ᠳᠤᠮᠳᠠᠳᠤ ᠴᠢᠯᠢ᠎ᠶᠢᠨ ᠪᠦᠬᠦ᠌ ᠲᠠᠯ᠎ᠠ᠎ᠶᠢᠨ ᠪᠠᠶ᠋ᠢᠯᠳᠤᠬᠤ ᠪᠤᠳᠤᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠪᠠᠶ᠋ᠢᠭᠤᠯᠤᠭᠰᠠᠨ 10 ᠵᠢᠯ᠎ᠦᠨ ᠤᠢ ᠪᠣᠯᠤᠨ᠎ᠠ᠂ ᠪᠠᠰᠠ ᠴᠤ᠌ ᠬᠣᠶᠠᠷ ᠤᠯᠤᠰ᠎ᠤᠨ ᠴᠢᠯᠥᠭᠡᠲᠦ᠍ ᠠᠷᠠᠯᠵᠢᠶᠠᠨ᠎ᠤ ᠵᠦᠪᠳᠡᠯᠴᠡᠭᠡᠷ ᠬᠦᠴᠦᠨ᠎ᠲᠡᠶ ᠪᠣᠯᠤᠭᠰᠠᠨ 20 ᠵᠢᠯ᠎ᠦᠨ ᠤᠢ ᠪᠣᠯᠤᠨ᠎ᠠ᠂ ᠳᠤᠮᠳᠠᠳᠤ ᠴᠢᠯᠢ᠎ᠶᠢᠨ ᠬᠠᠷᠢᠯᠴᠠᠭ᠎ᠠ ᠤᠷᠢᠳᠤᠬᠢ᠎ᠶᠢ ᠵᠠᠯᠭᠠᠮᠵᠢᠯᠠᠨ ᠬᠣᠶ᠋ᠢᠰᠢᠬᠢ᠎ᠳᠤ ᠵᠠᠮ ᠨᠡᠭᠡᠭᠡᠬᠦ᠌ ᠴᠢᠬᠤᠯᠠ ᠵᠠᠩᠭᠢᠯᠠᠭ᠎ᠠ᠎ᠶᠢᠨ ᠴᠡᠭ᠎ᠢ ᠤᠭᠲᠤᠨ ᠠᠪᠴᠢᠷᠠᠪᠠ᠃ ᠪᠢ ᠳᠤᠷᠠᠲᠠᠶ᠎ᠠ ᠶᠡᠷᠦᠩᠬᠡᠶ᠋ᠢᠯᠡᠭᠴᠢ ᠺᠠᠷᠰᠲ ᠲᠠᠢ ᠬᠠᠮᠲᠤ᠎ᠪᠠᠷ ᠪᠠᠶ᠋ᠢᠯᠳᠤᠬᠤ ᠪᠤᠳᠤᠯᠭ᠎ᠠ᠎ᠶᠢᠨ ᠵᠢᠯᠤᠭᠤᠳᠤᠯᠭ᠎ᠠ᠎ᠪᠠᠨ ᠴᠢᠩᠭᠠᠳᠬᠠᠵᠤ᠂ ᠵᠥᠪ ᠴᠢᠭᠯᠡᠯ᠎ᠢ ᠯᠠᠪᠳᠠᠭᠤᠨ ᠡᠵᠡᠮᠳᠡᠵᠦ᠍᠂ ᠬᠣᠶᠠᠷ ᠤᠯᠤᠰ᠎ᠤᠨ ᠬᠠᠷᠢᠯᠴᠠᠭᠠᠨ᠎ᠤ ᠬᠥᠭᠵᠢᠯᠲᠡ᠎ᠶᠢᠨ ᠵᠢᠷᠤᠭ ᠲᠥᠰᠦᠪ᠎ᠢ ᠬᠠᠮᠲᠤ᠎ᠪᠠᠷ ᠵᠢᠷᠤᠭᠯᠠᠵᠤ᠂ ᠲᠤᠰ ᠲᠤᠰ᠎ᠤᠨ ᠤᠯᠤᠰ᠎ᠤᠨ ᠬᠥᠭᠵᠢᠯ ᠮᠠᠨᠳᠤᠯ᠎ᠳᠤ ᠬᠦᠴᠦᠨ ᠨᠡᠮᠡᠷᠢᠯᠡᠨ᠎ᠡ ᠭᠡᠵᠦ᠍ ᠵᠢᠭᠠᠵᠤ ᠭᠠᠷᠭᠠᠪᠠ᠃

ᠰᠢ ᠵᠢᠨ ᠫᠢᠩ᠂ ᠳᠤᠮᠳᠠᠳᠤ ᠴᠢᠯᠢ ᠬᠣᠶᠠᠷ ᠲᠠᠯ᠎ᠠ᠎ᠪᠠᠷ᠎ᠢᠶᠠᠨ ᠲᠤᠰ ᠲᠤᠰ᠎ᠤᠨ᠎ᠢᠶᠠᠨ ᠭᠣᠣᠯᠯᠠᠭᠴᠢ ᠠᠰᠢᠭ ᠲᠤᠰᠠ ᠪᠣᠯᠤᠨ ᠠᠩᠬᠠᠷᠴᠤ᠌ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠦᠷᠭᠦᠯᠵᠢᠯᠡᠨ ᠬᠠᠷᠢᠯᠴᠠᠨ ᠲᠡᠮᠵᠢᠵᠥ᠍᠂ ᠡᠯ᠎ᠡ ᠬᠦᠷᠢᠢ᠎ᠡ ᠡᠯ᠎ᠡ ᠲᠡᠰ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠴᠢᠩᠭᠠᠳᠬᠠᠵᠤ᠂ ᠲᠦᠷᠦ᠎ᠶᠢ ᠵᠠᠰᠠᠬᠤ ᠲᠤᠷᠰᠢᠯᠭ᠎ᠠ᠎ᠪᠠᠨ ᠰᠣᠯᠢᠯᠴᠠᠵᠤ᠂ ᠬᠠᠷᠢᠯᠴᠠᠨ ᠬᠦᠨᠳᠦᠳᠬᠡᠵᠦ᠍ ᠬᠠᠷᠢᠯᠴᠠᠨ ᠢᠲᠡᠭᠡᠯᠴᠡᠬᠦ᠌ ᠬᠠᠮᠲᠤ᠌ ᠠᠵᠢᠯᠯᠠᠭᠴᠢ ᠪᠣᠯᠤᠶ᠎ᠠ; ᠳᠤᠮᠳᠠᠳᠤ ᠤᠯᠤᠰ ᠪᠣᠯᠤᠨ ᠴᠢᠯᠢ᠎ᠶᠢᠨ ᠠᠵᠤ ᠠᠬᠤᠢ᠎ᠶᠢᠨ ᠪᠦᠲᠦᠴᠡ ᠬᠠᠷᠢᠯᠴᠠᠨ ᠨᠥᠬᠥᠪᠥᠷᠢᠯᠡᠵᠦ᠍᠂ ᠬᠠᠮᠲᠤᠷᠠᠯᠴᠠᠭᠠᠨ᠎ᠤ ᠰᠠᠭᠤᠷᠢ ᠭᠦᠨ ᠵᠤᠵᠠᠭᠠᠨ ᠶᠤᠮ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠶ᠋ᠢᠲᠠᠢ ᠪᠦᠳᠦᠭᠡᠨ ᠪᠠᠶ᠋ᠢᠭᠤᠯᠬᠤ᠎ᠪᠠᠷ ᠳᠠᠮᠵᠢᠨ ᠬᠥᠭᠵᠢᠯᠲᠡ᠎ᠶᠢᠨ ᠪᠠᠶ᠋ᠢᠯᠳᠤᠬᠤ ᠪᠤᠳᠤᠯᠭ᠎ᠠ᠎ᠶᠢᠨ ᠵᠣᠯᠭᠠᠯᠴᠠᠭ᠎ᠠ᠎ᠶᠢ ᠴᠢᠩᠭᠠᠳᠬᠠᠵᠤ᠂ ᠠᠷᠠᠯᠵᠢᠶ᠎ᠠ᠂ ᠡᠨᠧᠷᠭᠢ᠂ ᠠᠭᠤᠷᠬᠠᠢ᠂ ᠰᠠᠭᠤᠷᠢ ᠲᠥᠬᠥᠭᠡᠷᠦᠮᠵᠢ᠎ᠶᠢᠨ ᠪᠦᠳᠦᠭᠡᠨ ᠪᠠᠶ᠋ᠢᠭᠤᠯᠤᠯᠲᠠ᠂ ᠤᠳᠤᠨ ᠣᠷᠣᠨ ᠵᠡᠷᠭᠡ ᠤᠯᠠᠮᠵᠢᠯᠠᠯᠲᠤ᠌ ᠬᠠᠮᠲᠤᠷᠠᠯᠴᠠᠭ᠎ᠠ᠎ᠶᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ᠂ ᠲᠤᠶ᠋ᠢᠯ᠎ᠤᠨ ᠣᠷᠣᠨ᠎ᠤ ᠰᠢᠨᠵᠢᠯᠡᠬᠦ᠌ ᠤᠬᠠᠭᠠᠨ᠎ᠤ ᠬᠠᠶ᠋ᠢᠨ ᠪᠠᠶ᠋ᠢᠴᠠᠭᠠᠯᠲᠠ᠂ ᠭᠦᠨ ᠳᠠᠯᠠᠢ᠎ᠶᠢᠨ ᠬᠠᠶ᠋ᠢᠨ ᠬᠡᠮᠵᠢᠯᠲᠡ ᠵᠡᠷᠭᠡ ᠰᠢᠨ᠎ᠡ᠎ᠪᠡᠷ ᠮᠠᠨᠳᠤᠭᠰᠠᠨ ᠬᠠᠮᠲᠤᠷᠠᠯᠴᠠᠭ᠎ᠠ᠎ᠶᠢ ᠥᠷᠭᠡᠳᠬᠡᠵᠦ᠍᠂ ᠪᠦᠬᠦ᠌ ᠲᠠᠯ᠎ᠠ᠎ᠶᠢᠨ ᠬᠠᠮᠲᠤᠷᠠᠯᠴᠠᠭᠠᠨ᠎ᠤ ᠵᠠᠮ ᠨᠡᠭᠡᠭᠡᠭᠴᠢ ᠪᠣᠯᠤᠶ᠎ᠠ; ᠳᠤᠮᠳᠠᠳᠤ᠎ᠤᠯᠤᠰ ᠳᠤᠷᠠᠲᠠᠶ᠎ᠠ ᠴᠢᠯᠢ᠎ᠶᠢᠨ ᠬᠢᠨ ᠲᠠᠶ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠤᠯᠠᠨ ᠲᠠᠯᠠᠲᠤ᠌ ᠲᠣᠭᠲᠠᠴᠠ ᠳᠣᠲᠣᠷ᠎ᠠ ᠤᠯᠤᠯᠴᠠᠭ᠎ᠠ ᠪᠠ ᠬᠠᠮᠵᠢᠯᠴᠠᠭ᠎ᠠ᠎ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ᠌ ᠦᠵᠡᠯ᠎ᠢ ᠬᠠᠮᠲᠤ᠎ᠪᠠᠷ ᠬᠠᠮᠠᠭᠠᠯᠠᠵᠤ᠂ ᠬᠥᠭᠵᠢᠵᠦ᠍ ᠪᠠᠶ᠋ᠢᠭ᠎ᠠ ᠤᠯᠤᠰ᠎ᠤᠳ᠎ᠤᠨ ᠬᠠᠮᠲᠤ᠎ᠶᠢᠨ ᠠᠰᠢᠭ ᠲᠤᠰᠠ᠎ᠶᠢᠨ ᠬᠠᠮᠠᠭᠠᠯᠠᠭᠴᠢ ᠪᠤᠯᠤᠨ᠎ᠠ; ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ᠎ᠶᠢᠨ᠎ᠬᠢᠨ᠎ᠲᠡᠶ ᠬᠠᠮᠲᠤ᠎ᠪᠠᠷ ᠯᠠᠲ᠋ᠢᠨ ᠠᠮᠧᠷᠢᠺᠠ᠎ᠶᠢᠨ ᠭᠠᠵᠠᠷ ᠣᠷᠣᠨ᠎ᠤ ᠡᠩᠬᠡ ᠲᠠᠶ᠋ᠢᠪᠤᠩ ᠪᠣᠯᠤᠨ ᠬᠥᠭᠵᠢᠯᠲᠡ᠎ᠳᠦ ᠨᠡᠩ ᠤᠯᠠᠨ ᠲᠣᠭᠲᠠᠭᠠᠯᠲᠤ᠌ ᠴᠢᠨᠠᠷ ᠨᠡᠮᠡᠷᠢᠯᠡᠵᠦ᠍᠂ ᠳᠤᠮᠳᠠᠳᠤ ᠯᠠᠲ᠋ᠢᠨ ᠠᠮᠧᠷᠢᠺᠠ᠎ᠶᠢᠨ ᠬᠠᠮᠲᠤᠷᠠᠯᠴᠠᠭᠠᠨ᠎ᠤ ᠠᠬᠢᠭᠤᠯᠤᠭᠴᠢ ᠪᠤᠯᠤᠨ᠎ᠠ ᠭᠡᠵᠦ ᠴᠢᠬᠤᠯᠠᠴᠢᠯᠠᠪᠠ᠃

ᠺᠠᠷᠰᠲ᠂ ᠴᠢᠯᠢ ᠳᠤᠮᠳᠠᠳᠤ ᠤᠯᠤᠰ᠎ᠯᠤᠭ᠎ᠠ ᠬᠠᠷᠢᠯᠴᠠᠭ᠎ᠠ ᠪᠠᠶ᠋ᠢᠭᠤᠯᠤᠭᠰᠠᠨ᠎ᠡᠴᠡ ᠨᠠᠭᠠᠰᠢ᠂ ᠳᠡᠯᠡᠬᠡᠢ᠎ᠶᠢᠨ ᠪᠠᠶ᠋ᠢᠳᠠᠯ ᠶᠠᠭᠠᠬᠢᠵᠤ ᠬᠤᠪᠢᠷᠠᠭᠰᠠᠨ ᠴᠤ᠌ ᠬᠣᠶᠠᠷ ᠤᠯᠤᠰ᠎ᠤᠨ ᠬᠠᠷᠢᠯᠴᠠᠭ᠎ᠠ ᠢᠮᠠᠭᠲᠠ ᠲᠣᠭᠲᠠᠭᠤᠨ᠎ᠢᠶᠠᠷ ᠬᠥᠭᠵᠢᠪᠡ᠃ ᠳᠤᠮᠳᠠᠳᠤ ᠤᠯᠤᠰ ᠤᠯᠠᠨ ᠵᠢᠯ᠎ᠦᠨ ᠲᠤᠷᠰᠢ ᠴᠢᠯᠢ᠎ᠶᠢᠨ ᠨᠢᠭᠡᠳᠦᠭᠡᠷ ᠶᠡᠬᠡ ᠠᠷᠠᠯᠵᠢᠶᠠᠨ᠎ᠤ ᠬᠠᠨᠢᠲᠠᠨ᠂ ᠲᠠᠷᠢᠶᠠᠯᠠᠩ᠎ᠤᠨ ᠪᠦᠲᠦᠭᠡᠭᠳᠡᠬᠦᠨ ᠪᠣᠯᠤᠨ ᠠᠭᠤᠷᠬᠠᠢ᠎ᠶᠢᠨ ᠭᠠᠷᠤᠯᠲᠠ᠎ᠶᠢᠨ ᠬᠠᠮᠤᠭ᠎ᠤᠨ ᠶᠡᠬᠡ ᠭᠠᠳᠠᠭᠠᠳᠤ ᠭᠠᠷᠭᠠᠯᠳᠠ ᠵᠢᠨ ᠬᠠᠷᠠᠯᠲᠠᠲᠤ᠌ ᠣᠷᠣᠨ ᠪᠠᠶ᠋ᠢᠵᠤ᠂ ᠳᠤᠮᠳᠠᠳᠤ ᠤᠯᠤᠰ᠎ᠯᠤᠭ᠎ᠠ᠎ᠶᠢᠨ ᠬᠠᠮᠲᠤᠷᠠᠯᠴᠠᠭ᠎ᠠ ᠨᠢ ᠴᠢᠯᠢ᠎ᠶᠢᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠳᠦ ᠴᠢᠬᠤᠯᠠ ᠠᠵᠠ ᠲᠣᠬᠢᠶᠠᠯ ᠬᠠᠩᠭᠠᠵᠠᠢ᠃ ᠳᠤᠮᠳᠠᠳᠤ ᠤᠯᠤᠰ᠎ᠯᠤᠭ᠎ᠠ᠎ᠶᠢᠨ ᠬᠠᠮᠲᠤᠷᠠᠯᠴᠠᠭ᠎ᠠ᠎ᠪᠠᠨ ᠬᠥᠭᠵᠢᠭᠦᠯᠬᠦ᠌ ᠪᠣᠯ ᠴᠢᠯᠢ᠎ᠶᠢᠨ ᠡᠯ᠎ᠡ ᠡᠲᠡᠭᠡᠳ᠎ᠦᠨ ᠬᠠᠮᠲᠤ᠎ᠶᠢᠨ ᠲᠠᠨᠢᠯᠲᠠ ᠪᠣᠯᠤᠨ᠎ᠠ᠃ ᠴᠢᠯᠢ ᠨᠢᠭᠡ ᠳᠤᠮᠳᠠᠳᠤ ᠤᠯᠤᠰ ᠪᠠᠶ᠋ᠢᠬᠤ ᠲᠦᠷᠦ᠎ᠶᠢᠨ ᠪᠤᠳᠤᠯᠭ᠎ᠠ᠎ᠶᠢ ᠭᠤᠶ᠋ᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠯᠤᠭ᠎ᠠ᠎ᠶᠢᠨ ᠰᠠᠢ᠌ᠨ ᠰᠠᠶ᠋ᠢᠬᠠᠨ ᠬᠠᠷᠢᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠠᠷᠠᠯᠵᠢᠶᠠᠨ᠎ᠤ ᠪᠡᠯᠡ ᠣᠷᠣᠭᠤᠯᠤᠯᠲᠠ ᠬᠠᠮᠲᠤᠷᠠᠯᠴᠠᠭᠠᠨ᠎ᠤ ᠬᠡᠪᠴᠢᠢ᠎ᠡ᠎ᠪᠡᠨ ᠥᠷᠭᠡᠳᠬᠡᠵᠦ᠍᠂ ᠬᠥᠳᠡᠭᠡ ᠠᠵᠤ ᠠᠬᠤᠢ᠂ ᠠᠭᠤᠷᠬᠠᠢ᠎ᠶᠢᠨ ᠦᠢᠯᠡᠰ᠂ ᠰᠢᠨ᠎ᠡ ᠡᠨᠧᠷᠭᠢ᠎ᠶᠢᠨ ᠮᠠᠰᠢᠨ ᠲᠡᠷᠭᠡ᠂ ᠰᠠᠭᠤᠷᠢ ᠲᠥᠬᠥᠭᠡᠷᠦᠮᠵᠢ᠎ᠶᠢᠨ ᠪᠦᠳᠦᠭᠡᠨ ᠪᠠᠶ᠋ᠢᠭᠤᠯᠤᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠠᠮᠲᠤᠷᠠᠯᠴᠠᠭ᠎ᠠ᠎ᠪᠠᠨ ᠥᠷᠭᠡᠳᠬᠡᠵᠦ᠍᠂ ᠰᠤᠷᠭᠠᠨ ᠬᠥᠮᠦᠵᠢᠯ᠂ ᠰᠣᠶᠣᠯ᠎ᠤᠨ ᠰᠣᠯᠢᠯᠴᠠᠭ᠎ᠠ᠎ᠪᠠᠨ ᠠᠬᠢᠭᠤᠯᠤᠨ᠎ᠠ᠃ ᠴᠢᠯᠢ ᠳᠤᠷᠠᠲᠠᠶ᠎ᠠ ᠳᠤᠮᠳᠠᠳᠤ ᠤᠯᠤᠰ᠎ᠯᠤᠭ᠎ᠠ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠤᠯᠠᠨ ᠲᠠᠯᠠᠲᠤ᠌ ᠪᠣᠷᠣ ᠲᠥᠯᠥᠪ᠎ᠦᠨ ᠳᠣᠲᠣᠷᠠᠬᠢ ᠬᠠᠮᠵᠢᠯᠴᠠᠭ᠎ᠠ᠎ᠪᠠᠨ ᠴᠢᠩᠭᠠᠳᠬᠠᠵᠤ᠂ ᠤᠯᠠᠨ ᠲᠠᠯᠠᠲᠤ᠌ ᠦᠵᠡᠯ᠎ᠢ ᠬᠠᠮᠠᠭᠠᠯᠠᠵᠤ᠂ ᠴᠢᠯᠥᠭᠡᠲᠦ᠍ ᠠᠷᠠᠯᠵᠢᠶ᠎ᠠ᠎ᠶᠢ ᠪᠠᠷᠢᠮᠲᠠᠯᠠᠵᠤ᠂ ᠳᠡᠯᠡᠬᠡᠢ᠎ᠶᠢᠨ ᠡᠩᠬᠡ ᠲᠠᠶ᠋ᠢᠪᠤᠩ ᠬᠥᠭᠵᠢᠯᠲᠡ᠎ᠶᠢ ᠠᠬᠢᠭᠤᠯᠤᠨ᠎ᠠ ᠭᠡᠵᠦ᠍ ᠢᠯᠡᠳᠬᠡᠪᠡ᠃

ᠼᠠᠢ ᠴᠢ᠂ ᠸᠠᠩ   ᠢ᠂ ᠬᠤᠸᠠᠩ ᠺᠦᠨ ᠮᠢᠩ᠎ᠨᠡᠷ ᠠᠭᠤᠯᠵᠠᠯᠲᠠ᠎ᠳᠤ ᠣᠷᠣᠯᠴᠠᠵᠠᠢ᠃

ᠰᠢᠨᠬᠤᠸᠠ ᠬᠤᠷᠢᠶ᠎ᠠ᠎ᠶᠢᠨ ᠱᠧᠨᠵᠧᠨ᠎ᠦ 11 ᠰᠠᠷ᠎ᠠ᠎ᠶᠢᠨ 17 ᠎ᠤ᠋ ᠴᠠᠬᠢᠯᠭᠠᠨ ᠮᠡᠳᠡᠭᠡ(ᠰᠤᠷᠪᠤᠯᠵᠢᠯᠠᠭ᠍ᠴᠢ ᠱᠤᠤ ᠢ ᠪᠥᠸᠧ  ᠵᠧᠦ ᠴᠢᠶᠠᠩ) 11 ᠰᠠᠷ᠎ᠠ᠎ᠶᠢᠨ 17 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ ᠲᠤ᠌ ᠢᠷᠡᠭᠰᠡᠨ ᠺᠠᠨᠠᠳᠠ᠎ᠶᠢᠨ ᠶᠡᠷᠦᠩᠬᠡᠢ ᠰᠠᠢᠳ ᠺᠠᠨᠢ ᠲᠠᠢ ᠠᠭᠤᠯᠵᠠᠪᠠ᠃

ᠰᠢ ᠵᠢᠨ ᠫᠢᠩ᠂ ᠳᠤᠮᠳᠠᠳᠤ ᠤᠯᠤᠰ ᠪᠣᠯᠣᠨ ᠺᠠᠨᠠᠳᠠ ᠴᠥᠮ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠴᠢᠬᠤᠯᠠ ᠤᠯᠤᠰ ᠪᠣᠯᠣᠨ᠎ᠠ᠃ ᠳᠤᠮᠳᠠᠳᠤ ᠺᠠᠨᠠᠳᠠ᠎ᠶᠢᠨ ᠬᠠᠷᠢᠯᠴᠠᠭ᠎ᠠ᠎ᠶᠢ ᠰᠠᠢᠵᠢᠷᠠᠭᠤᠯᠤᠨ ᠬᠥᠭᠵᠢᠭᠦᠯᠬᠦ ᠨᠢ ᠬᠣᠶᠠᠷ ᠤᠯᠤᠰ᠎ᠤᠨ ᠠᠷᠠᠳ ᠲᠦᠮᠡᠨ᠎ᠦ ᠠᠰᠢᠭ᠋ ᠲᠤᠰᠠ᠎ᠳᠤ ᠨᠡᠢᠴᠡᠬᠦ ᠪᠥᠭᠡᠳ ᠪᠠᠰᠠ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ᠎ᠢ ᠬᠠᠮᠠᠭᠠᠯᠠᠬᠤ᠎ᠳᠤ ᠠᠰᠢᠭ᠍ᠲᠠᠢ ᠶᠤᠮ᠂ ᠡᠨᠡ ᠪᠣᠯ ᠨᠢᠭᠡᠨ ᠵᠥᠪ ᠰᠣᠩᠭᠣᠯᠲᠠ ᠪᠣᠯᠣᠨ᠎ᠠ᠃ ᠳᠤᠮᠳᠠᠳᠤ ᠺᠠᠨᠠᠳᠠ᠎ᠶᠢᠨ ᠬᠠᠷᠢᠯᠴᠠᠭ᠎ᠠ᠎ᠶᠢᠨ ᠡᠳᠡᠭᠡᠷ ᠵᠢᠯ᠎ᠦᠨ ᠬᠥᠭᠵᠢᠯᠲᠡ᠎ᠶᠢᠨ ᠥᠩᠭᠡᠷᠡᠯᠲᠡ᠎ᠡᠴᠡ ᠪᠢᠳᠡᠨ᠎ᠳᠦ ᠥᠭᠭᠦᠭᠰᠡᠨ ᠴᠢᠬᠤᠯᠠ ᠰᠡᠩᠬᠡᠷᠡᠭᠦᠯᠦᠯ ᠪᠣᠯ ᠳᠠᠷᠤᠢ ᠬᠠᠷᠢᠯᠴᠠᠨ ᠬᠦᠨᠳᠦᠳᠬᠡᠵᠦ᠂ ᠡᠷᠬᠡ ᠲᠡᠭᠰᠢ ᠬᠠᠷᠢᠯᠴᠠᠨ ᠠᠰᠢᠭ᠍ᠲᠠᠢ ᠪᠠᠢᠵᠤ᠂ ᠠᠳᠠᠯᠢ ᠲᠠᠯ᠎ᠠ᠎ᠪᠠᠨ ᠡᠷᠢᠵᠦ ᠵᠥᠷᠢᠶ᠎ᠡ ᠲᠠᠢ ᠲᠠᠯ᠎ᠠ᠎ᠪᠡᠨ ᠦᠯᠡᠳᠡᠭᠡᠬᠦ ᠶᠠᠪᠤᠳᠠᠯ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠺᠠᠨᠠᠳᠠ᠎ᠶᠢᠨ ᠬᠢᠨ᠎ᠲᠠᠢ ᠬᠠᠮᠲᠤ᠎ᠪᠠᠷ ᠴᠢᠷᠮᠠᠢᠵᠤ ᠪᠠᠢᠭᠠᠳ ᠳᠤᠮᠳᠠᠳᠤ ᠺᠠᠨᠠᠳᠠ᠎ᠶᠢᠨ ᠰᠢᠨ᠎ᠡ ᠬᠡᠯᠪᠡᠷᠢ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠲᠠᠰᠤᠷᠠᠯᠳᠠ ᠦᠭᠡᠢ ᠤᠷᠤᠭ᠍ᠰᠢ ᠬᠥᠭᠵᠢᠬᠦ᠎ᠶᠢ ᠠᠬᠢᠭᠤᠯᠵᠤ᠂ ᠬᠠᠷᠢᠯᠴᠠᠨ ᠬᠦᠨᠳᠦᠳᠬᠡᠬᠦ᠂ ᠬᠠᠮᠲᠤ᠎ᠪᠠᠷ ᠬᠥᠭᠵᠢᠬᠦ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠬᠠᠮᠵᠢᠯᠴᠠᠬᠤ ᠬᠠᠨᠢᠲᠠᠨ ᠪᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠳᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃

ᠰᠢ ᠵᠢᠨ ᠫᠢᠩ ᠳᠤᠮᠳᠠᠳᠤ ᠺᠠᠨᠠᠳᠠ᠎ᠶᠢᠨ ᠬᠠᠷᠢᠯᠴᠠᠭ᠎ᠠ᠎ᠶᠢ ᠬᠥᠭᠵᠢᠭᠦᠯᠬᠦ ᠲᠤᠬᠠᠢ 4 ᠰᠠᠨᠠᠯ ᠳᠤᠷᠠᠳᠪᠠ᠃ ᠨᠢᠭᠡ᠎ᠳᠦ᠂ ᠢᠯᠠᠯᠲᠠ᠎ᠶᠢᠨ ᠡᠷᠴᠢᠨ ᠳᠡᠭᠡᠷ᠎ᠡ᠎ᠪᠡᠨ ᠤᠷᠤᠭᠰᠢᠯᠠᠵᠤ᠂ ᠤᠯᠤᠰ ᠲᠥᠷᠥ᠎ᠶᠢᠨ ᠢᠲᠡᠭᠡᠯᠴᠡᠭᠡ᠎ᠪᠡᠨ ᠨᠡᠮᠡᠭᠳᠡᠭᠦᠯᠵᠦ᠂ ᠪᠦᠲᠦᠭᠡᠯᠴᠢ ᠴᠢᠨᠠᠷᠲᠠᠢ ᠶᠠᠷᠢᠯᠴᠠᠭ᠎ᠠ ᠨᠡᠪᠲᠡᠷᠡᠯᠴᠡᠭᠡ᠎ᠪᠡᠷ ᠳᠡᠮᠵᠢᠨ ᠲᠣᠰ ᠲᠣᠰ᠎ᠤᠨ ᠬᠥᠭᠵᠢᠯᠲᠡ᠎ᠶᠢᠨ ᠵᠠᠮ ᠪᠣᠯᠣᠨ ᠲᠥᠷᠥ᠎ᠶᠢᠨ ᠪᠣᠳᠣᠯᠭ᠎ᠠ᠎ᠶᠢᠨ ᠵᠣᠷᠢᠯᠲᠠ᠎ᠶᠢᠨ ᠲᠤᠬᠠᠢ ᠵᠥᠪ ᠲᠠᠨᠢᠯᠲᠠ᠎ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠲᠣᠰ ᠲᠣᠰ᠎ᠤᠨ ᠭᠣᠣᠯᠯᠠᠭ᠍ᠴᠢ ᠠᠰᠢᠭ᠋ ᠲᠤᠰᠠ ᠪᠣᠯᠣᠨ ᠴᠢᠬᠤᠯᠠ ᠶᠡᠬᠡ ᠠᠩᠬᠠᠷᠴᠤ ᠪᠠᠢᠭ᠎ᠠ ᠠᠰᠠᠭᠤᠳᠠᠯ᠎ᠤᠨ ᠲᠤᠬᠠᠢ ᠣᠢᠯᠠᠭᠠᠯᠲᠠ ᠬᠦᠨᠳᠦᠳᠬᠡᠯ᠎ᠢᠶᠡᠨ ᠭᠦᠨᠵᠡᠭᠡᠢᠷᠡᠭᠦᠯᠵᠦ᠂ ᠵᠥᠷᠢᠴᠡᠯ ᠵᠥᠷᠢᠯᠳᠦᠭᠡᠨ᠎ᠢᠶᠡᠨ ᠲᠣᠬᠢᠲᠠᠢ ᠬᠠᠮᠢᠶᠠᠷᠤᠨ ᠡᠵᠡᠮᠳᠡᠬᠦ ᠪᠠ ᠰᠢᠢᠳᠪᠦᠷᠢᠯᠡᠨ ᠠᠷᠢᠯᠭᠠᠵᠤ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠵᠥᠪ ᠴᠢᠭᠯᠡᠯ᠎ᠢ ᠬᠠᠮᠲᠤ᠎ᠪᠠᠷ ᠪᠠᠲᠤ ᠡᠵᠡᠮᠳᠡᠶ᠎ᠠ᠃ ᠬᠣᠶᠠᠷ᠎ᠲᠤ᠂ ᠵᠣᠯᠭᠠᠯᠴᠠᠭ᠎ᠠ᠎ᠪᠠᠨ ᠴᠢᠩᠭᠠᠳᠬᠠᠵᠤ᠂ ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ᠂ ᠮᠥᠩᠭᠥᠨ ᠭᠦᠢᠯᠭᠡᠭᠡᠨ ᠵᠡᠷᠭᠡ ᠤᠯᠠᠮᠵᠢᠯᠠᠯᠲᠤ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠪᠣᠬᠢᠷᠲᠤᠯ ᠦᠭᠡᠢ ᠠᠵᠤ ᠠᠬᠤᠢ᠂ ᠡᠯᠧᠺᠲᠷᠣᠨ ᠬᠤᠳᠠᠯᠳᠤᠭ᠎ᠠ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ᠎ᠪᠡᠷ ᠮᠠᠨᠳᠤᠭᠰᠠᠨ ᠬᠠᠮᠲᠤᠷᠠᠯᠴᠠᠭ᠎ᠠ᠎ᠶᠢ ᠥᠷᠭᠡᠳᠬᠡᠵᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠬᠦᠷᠲᠡᠬᠦ᠎ᠶᠢ ᠨᠡᠩ ᠰᠠᠢᠲᠤᠷ ᠪᠡᠶᠡᠯᠡᠭᠦᠯᠦᠶ᠎ᠠ᠃ ᠭᠤᠷᠪᠠ᠎ᠳᠤ᠂ ᠠᠯᠤᠰ ᠬᠡᠳᠦ᠎ᠶᠢ ᠪᠣᠳᠣᠯᠬᠢᠯᠠᠨ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠂ ᠬᠣᠶᠠᠷ ᠤᠯᠤᠰ ᠵᠢᠡᠷ ᠵᠢᠡᠨ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠠᠯᠠᠭᠤᠴᠤᠳ᠂ ᠣᠷᠣᠨ ᠨᠤᠲᠤᠭ ᠵᠡᠷᠭᠡ᠎ᠲᠠᠯ᠎ᠠ ᠪᠡᠷ ᠨᠡᠩ ᠤᠯᠠᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ᠎ᠶᠢ ᠵᠣᠷᠢᠭ᠍ᠵᠢᠭᠤᠯᠤᠶ᠎ᠠ᠃ ᠳᠥᠷᠪᠡ᠎ᠳᠦ᠂ ᠵᠣᠬᠢᠴᠠᠭᠤᠯᠭ᠎ᠠ᠎ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠬᠠᠮᠲᠤ᠎ᠪᠠᠷ ᠦᠢᠯᠡᠳᠦᠯᠭᠡᠵᠢᠭᠦᠯᠵᠦ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠡᠷᠬᠡ ᠰᠦᠷ ᠪᠣᠯᠣᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ ᠢ᠋ ᠬᠠᠮᠠᠭᠠᠯᠠᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠪᠠᠶ᠋ᠢᠭᠤᠯᠬᠤ᠎ᠶᠢ ᠠᠬᠢᠭᠤᠯᠤᠶ᠎ᠠ᠃

ᠺᠠᠨᠢ᠂ ᠡᠨᠡ ᠵᠢᠯ᠎ᠦᠨ ᠡᠬᠢ᠎ᠪᠡᠷ ᠪᠢ ᠲᠡᠷᠢᠭᠦᠯᠡᠭᠴᠢ ᠰᠢ ᠵᠢᠨ ᠫᠢᠩ᠎ᠲᠠᠢ ᠠᠭᠤᠯᠵᠠᠬᠤ ᠦᠶ᠎ᠡ᠎ᠳᠦ ᠺᠠᠨᠠᠳᠠ ᠳᠤᠮᠳᠠᠳᠤ᠎ᠶᠢᠨ ᠰᠢᠨ᠎ᠡ ᠬᠡᠯᠪᠡᠷᠢ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢ ᠪᠠᠢᠭᠤᠯᠵᠦ᠂ᠲᠡᠭᠦᠨ᠎ᠡᠴᠡ ᠨᠠᠭᠠᠰᠢ ᠬᠣᠶᠠᠷ ᠲᠠᠯ᠎ᠠ᠎ᠶᠢᠨ ᠬᠠᠷᠢᠯᠴᠠᠭ᠎ᠠ ᠵᠥᠪ ᠬᠥᠭᠵᠢᠯᠲᠡ᠎ᠶᠢᠨ ᠵᠠᠮ᠎ᠳᠤ ᠣᠷᠣᠵᠤ᠂ ᠬᠣᠶᠠᠷ ᠤᠯᠤᠰ᠎ᠤᠨ ᠡᠯ᠎ᠡ ᠰᠠᠯᠠᠭ᠎ᠠ ᠮᠥᠴᠢᠷ᠎ᠦᠨ ᠶᠠᠪᠤᠯᠴᠠᠭ᠎ᠠ ᠣᠯᠠᠰᠢᠷᠠᠵᠤ᠂ ᠠᠷᠠᠯᠵᠢᠶᠠᠨ᠎ᠤ ᠬᠡᠮᠵᠢᠶ᠎ᠡ ᠶᠡᠬᠡ᠎ᠪᠡᠷ ᠨᠡᠮᠡᠭᠳᠡᠵᠦ᠂ ᠡᠯ᠎ᠡ ᠬᠦᠷᠢᠶᠡᠨ᠎ᠦ ᠬᠠᠮᠲᠤᠷᠠᠯᠴᠠᠭ᠎ᠠ ᠲᠦᠷᠭᠡᠨ ᠠᠬᠢᠴᠠ᠎ᠲᠠᠢ ᠪᠣᠯᠪᠠ᠃ ᠡᠨᠡ ᠨᠢ ᠬᠣᠶᠠᠷ ᠤᠯᠤᠰ ᠬᠠᠷᠢᠯᠴᠠᠨ ᠬᠦᠨᠳᠦᠳᠬᠡᠬᠦ ᠰᠠᠭᠤᠷᠢᠨ ᠳᠡᠭᠡᠷ᠎ᠡ ᠬᠠᠮᠲᠤᠷᠠᠯᠴᠠᠭ᠎ᠠ᠎ᠪᠠᠨ ᠠᠬᠢᠭᠤᠯᠤᠨ ᠭᠦᠨᠵᠡᠭᠡᠢᠷᠡᠭᠦᠯᠵᠦ ᠪᠣᠯᠬᠤ᠎ᠶᠢ ᠭᠦᠢᠴᠡᠳ ᠬᠠᠷᠠᠭᠤᠯᠵᠤ ᠪᠠᠢᠨ᠎ᠠ᠃ ᠺᠠᠨᠠᠳᠠ᠎ᠶᠢᠨ ᠬᠢᠨ ᠳᠤᠷᠠᠲᠠᠶ᠎ᠠ ᠳᠤᠮᠳᠠᠳᠤ ᠤᠯᠤᠰ᠎ᠲᠠᠢ ᠢᠲᠡᠭᠡᠯᠴᠡᠭᠡ᠎ᠪᠡᠨ ᠨᠡᠮᠡᠭᠳᠡᠭᠦᠯᠵᠦ᠂ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨ᠎ᠡ ᠡᠨᠧᠷᠭᠢ᠂ ᠲᠠᠷᠢᠶᠠᠯᠠᠩ᠎ᠤᠨ ᠪᠦᠲᠦᠭᠡᠭᠳᠡᠬᠦᠨ᠂ ᠵᠣᠬᠢᠶᠠᠮᠠᠯ ᠤᠶᠤᠨ ᠴᠢᠳᠠᠪᠤᠷᠢ᠂ ᠵᠢᠭᠤᠯᠴᠢᠯᠠᠯ ᠵᠡᠷᠭᠡ ᠲᠠᠯ᠎ᠠ᠎ᠶᠢᠨ ᠬᠠᠮᠲᠤᠷᠠᠯᠴᠠᠭ᠎ᠠ᠎ᠪᠠᠨ ᠨᠢᠭ᠍ᠲᠠᠷᠠᠭᠤᠯᠵᠤ᠂ ᠠᠰᠠᠭᠤᠳᠠᠯ᠎ᠤᠨ ᠨᠠᠷᠢᠨ ᠲᠠᠩᠰᠠ᠎ᠶᠢ ᠪᠠᠭᠠᠰᠬᠠᠵᠤ᠂ ᠬᠠᠮᠲᠤᠷᠠᠯᠴᠠᠭᠠᠨ᠎ᠤ ᠨᠠᠷᠢᠨ ᠲᠠᠩᠰᠠ᠎ᠶᠢ ᠤᠷᠲᠤᠳᠬᠠᠵᠤ᠂ ᠠᠷᠠᠳ ᠲᠦᠮᠡᠨ᠎ᠦ ᠨᠥᠬᠥᠷᠰᠡᠭ ᠶᠠᠪᠤᠯᠴᠠᠭ᠎ᠠ᠎ᠶᠢ ᠴᠢᠩᠭᠠᠳᠬᠠᠵᠤ᠂ ᠲᠦᠷᠦ᠎ᠶᠢ ᠵᠠᠰᠠᠬᠤ ᠲᠤᠷᠰᠢᠯᠭ᠎ᠠ᠎ᠶᠢᠨ ᠰᠣᠯᠢᠯᠴᠠᠭ᠎ᠠ᠎ᠶᠢ ᠥᠷᠨᠢᠭᠦᠯᠵᠦ᠂ ᠺᠠᠨᠠᠳᠠ ᠳᠤᠮᠳᠠᠳᠤ᠎ᠶᠢᠨ ᠬᠠᠷᠢᠯᠴᠠᠭ᠎ᠠ᠎ᠶᠢᠨ ᠤᠷᠳᠤ ᠬᠤᠭᠤᠴᠠᠭ᠎ᠠ᠎ᠪᠠᠷ ᠲᠣᠭᠲᠠᠭᠤᠨ᠎ᠢᠶᠠᠷ ᠬᠥᠭᠵᠢᠬᠦ᠎ᠶᠢ ᠠᠬᠢᠭᠤᠯᠤᠨ᠎ᠠ᠃ ᠳᠤᠮᠳᠠᠳᠤ ᠤᠯᠤᠰ ᠡᠨᠡ ᠵᠢᠯ᠎ᠦᠨ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠡᠷᠬᠢᠯᠡᠭᠴᠢ ᠤᠯᠤᠰ ᠪᠤᠯᠤᠬᠰᠠᠨ᠎ᠳᠤ ᠪᠠᠶᠠᠷ ᠬᠦᠷᠭᠡᠵᠦ ᠪᠠᠢᠨ᠎ᠠ᠂ ᠤᠳᠤᠷᠢᠳᠬᠤ ᠬᠥᠮᠥᠰ᠎ᠦᠨ ᠠᠯᠪᠠᠨ ᠶᠣᠰᠣᠨ᠎ᠤ ᠪᠤᠰᠤ ᠬᠤᠷᠠᠯ᠎ᠤᠨ 《ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠪᠠᠢᠭᠤᠯᠵᠤ᠂ ᠬᠠᠮᠲᠤ᠎ᠶᠢᠨ ᠴᠡᠴᠡᠭᠯᠡᠯ ᠬᠥᠭᠵᠢᠯ᠎ᠢ ᠠᠬᠢᠭᠤᠯᠤᠶ᠎ᠠ》 ᠬᠡᠬᠦ ᠭᠣᠣᠯ ᠰᠡᠳᠦᠪ ᠪᠠᠷᠠᠯᠠᠯᠳᠤ ᠴᠢᠨᠠᠷ ᠪᠠ ᠪᠠᠢᠯᠳᠤᠬᠤ ᠪᠣᠳᠣᠯᠭ᠎ᠠ᠎ᠶᠢᠨ ᠴᠢᠨᠠᠷ᠎ᠲᠠᠢ ᠶᠤᠮ᠃ ᠺᠠᠨᠠᠳᠠ ᠳᠤᠮᠳᠠᠳᠤ ᠤᠯᠤᠰ ᠪᠣᠯ ᠪᠦᠷ ᠨᠣᠮᠣᠬᠠᠨ ᠳᠠᠯᠠᠢ᠎ᠶᠢᠨ ᠤᠷᠤᠨ ᠤ᠋ ᠴᠢᠬᠤᠯᠠ ᠤᠯᠤᠰ ᠪᠣᠯᠣᠨ᠎ᠠ᠃ ᠺᠠᠨᠠᠳᠠ᠎ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤᠷᠠᠯᠴᠠᠭ᠎ᠠ᠎ᠶᠢ ᠬᠠᠮᠲᠤ᠎ᠪᠠᠷ ᠠᠬᠢᠭᠤᠯᠵᠤ᠂ ᠤᠯᠠᠨ ᠲᠠᠯᠠᠲᠤ ᠦᠵᠡᠯ᠎ᠢ ᠬᠠᠮᠠᠭᠠᠯᠠᠵᠤ᠂ ᠴᠢᠯᠦᠭᠡᠲᠦ ᠠᠷᠠᠯᠵᠢᠶ᠎ᠠ᠎ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ ᠪᠣᠯᠣᠨ ᠳᠡᠯᠡᠬᠡᠢ᠎ᠶᠢᠨ ᠲᠣᠭᠲᠠᠭᠤᠨ ᠬᠥᠭᠵᠢᠯ ᠴᠡᠴᠡᠭᠯᠡᠯ᠎ᠳᠦ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃

ᠼᠠᠢ ᠴᠢ᠂ ᠸᠠᠩ ᠢ᠂ ᠬᠤᠸᠠᠩ ᠺᠦᠨ ᠮᠢᠩ ᠨᠠᠷ ᠠᠭᠤᠯᠵᠠᠯᠲᠠ᠎ᠳᠤ ᠣᠷᠣᠯᠴᠠᠵᠠᠢ᠃

ᠰᠢᠨᠬᠤᠸᠠ ᠬᠣᠷᠢᠶ᠎ᠠ ᠵᠢᠨ ᠱᠧᠨᠵᠧᠨ᠎ᠦ 11 ᠰᠠᠷ᠎ᠠ᠎ᠶᠢᠨ 17 ᠤ᠋ ᠴᠠᠬᠢᠯᠭᠠᠨ ᠮᠡᠳᠡᠭᠡ(ᠰᠤᠷᠪᠤᠯᠵᠢᠯᠠᠭᠴᠢ ᠱᠤᠤ  ᠢ ᠪᠥᠸᠧ  ᠰᠢᠶᠤᠤ ᠰᠧ ᠰᠧ) 11 ᠰᠠᠷ᠎ᠠ᠎ᠶᠢᠨ 17 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠱᠧᠨᠵᠧᠨ᠎ᠳᠦ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢᠨ ᠤᠳᠤᠷᠢᠳᠬᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠬᠤ᠎ᠪᠠᠷ ᠳᠤᠮᠳᠠᠳᠤ ᠤᠯᠤᠰ᠎ᠲᠤ᠌ ᠢᠷᠡᠭᠰᠡᠨ ᠫᠠᠫᠦ᠋ᠶᠠ ᠰᠢᠨ᠎ᠡ ᠬᠢᠨ᠋ᠸᠶᠠ ᠵᠢᠨ ᠶᠡᠷᠦᠩᠬᠡᠢ ᠰᠠᠶ᠋ᠢᠳ ᠮᠠᠯᠠᠫᠸᠢ ᠲᠠᠢ ᠠᠭᠤᠯᠵᠠᠪᠠ᠃

ᠰᠢ ᠵᠢᠨ ᠫᠢᠩ᠂ ᠳᠤᠮᠳᠠᠳᠤ ᠤᠯᠤᠰ ᠪᠣᠯᠤᠨ ᠫᠠᠫᠦ᠋ᠶᠠ ᠰᠢᠨ᠎ᠡ ᠬᠢᠨ᠋ᠸᠶᠠ ᠵᠢᠨ ᠤᠯᠠᠮᠵᠢᠯᠠᠯᠲᠤ᠌ ᠨᠥᠬᠥᠷᠯᠡᠯ ᠶᠠᠪᠤᠬᠤ ᠲᠤᠳᠤᠮ ᠪᠠᠲᠤᠵᠢᠵᠤ᠂ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠦᠨ ᠲᠤᠷᠰᠢ᠂ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠬᠦᠨᠳᠦᠳᠬᠡᠬᠦ᠌᠂ ᠡᠷᠬᠡ ᠲᠡᠭᠰᠢ᠎ᠪᠡᠷ ᠬᠠᠨᠳᠤᠯᠴᠠᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠪᠠᠷᠢᠮᠲᠠᠯᠠᠵᠤ᠂ ᠬᠣᠶᠠᠷ ᠲᠠᠯ᠎ᠠ᠎ᠶᠢᠨ ᠬᠠᠷᠢᠯᠴᠠᠭ᠎ᠠ᠎ᠶᠢᠨ ᠬᠥᠭᠵᠢᠯᠲᠡ ᠪᠠᠶᠠᠯᠢᠭ ᠦᠷ᠎ᠡ ᠪᠦᠲᠦᠭᠡᠯ ᠣᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠬᠦ᠌ ᠠᠰᠢᠭ ᠬᠦᠷᠲᠡᠭᠡᠪᠡ᠃ ᠳᠤᠮᠳᠠᠳᠤ ᠤᠯᠤᠰ ᠢᠮᠠᠭᠲᠠ ᠫᠠᠫᠦ᠋ᠶᠠ ᠰᠢᠨ᠎ᠡ ᠬᠢᠨ᠋ᠸᠶᠠ ᠵᠢ ᠨᠠᠢᠳᠠᠪᠤᠷᠢᠳᠠᠢ ᠰᠠᠢ᠌ᠨ ᠨᠠᠶ᠋ᠢᠵᠠ᠂ ᠰᠠᠢ᠌ᠨ ᠬᠠᠨᠢᠲᠠᠨ᠎ᠢᠶᠠᠷ ᠦᠵᠡᠵᠦ᠍᠂ ᠫᠠᠫᠦ᠋ᠶᠠ ᠰᠢᠨ᠎ᠡ ᠬᠢᠨ᠋ᠸᠶᠠ ᠵᠢᠨ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠬᠡᠷ᠎ᠦᠨ ᠪᠦᠷᠢᠨ ᠪᠦᠲᠦᠨ᠎ᠢᠶᠡᠨ ᠬᠠᠮᠠᠭᠠᠯᠠᠬᠤ᠎ᠶᠢ ᠳᠡᠮᠵᠢᠵᠦ᠍᠂ ᠫᠠᠫᠦ᠋ᠶᠠ ᠰᠢᠨ᠎ᠡ ᠬᠢᠨ᠋ᠸᠶᠠ ᠵᠢᠨ ᠲᠤᠰ ᠤᠯᠤᠰ᠎ᠤᠨ᠎ᠢᠶᠠᠨ ᠪᠠᠶ᠋ᠢᠳᠠᠯ᠎ᠳᠤ ᠨᠡᠶ᠋ᠢᠴᠡᠭᠰᠡᠨ ᠬᠥᠭᠵᠢᠯᠲᠡ᠎ᠶᠢᠨ ᠵᠠᠮ᠎ᠢ ᠪᠡᠶ᠎ᠡ᠎ᠪᠡᠨ ᠳᠠᠭᠠᠭᠠᠵᠤ ᠡᠵᠡᠨ ᠮᠡᠳᠡᠨ ᠰᠦᠪᠡᠭᠴᠢᠯᠡᠬᠦ᠌᠎ᠶᠢ ᠳᠡᠮᠵᠢᠨ᠎ᠠ᠃ ᠫᠠᠫᠦ᠋ᠶᠠ ᠰᠢᠨ᠎ᠡ ᠬᠢᠨ᠋ᠸᠶᠠ ᠵᠢᠨ ᠵᠠᠰᠠᠭ᠎ᠤᠨ ᠣᠷᠳᠣᠨ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠡᠷᠡᠰ ᠪᠠᠷᠢᠮᠲᠠᠯᠠᠵᠤ᠂ ᠪᠣᠳᠠᠲᠤ᠌ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠨᠤᠲᠤᠭ ᠳᠡᠪᠢᠰᠬᠡᠷ᠎ᠦᠨ ᠪᠦᠷᠢᠨ ᠪᠦᠲᠦᠨ ᠪᠠ ᠤᠯᠤᠰ᠎ᠤᠨ ᠨᠢᠭᠡᠳᠦᠯ᠎ᠢ ᠬᠠᠮᠠᠭᠠᠯᠠᠬᠤ᠎ᠶᠢ ᠳᠡᠮᠵᠢᠬᠦ ᠪᠤᠯ ᠲᠡᠦᠬᠡ᠎ᠶᠢᠨ ᠶᠡᠬᠡ ᠬᠠᠨᠳᠤᠰᠢ᠎ᠶᠢ ᠲᠠᠭᠠᠬᠤ ᠰᠢᠳᠤᠷᠭᠤ ᠶᠣᠰᠣᠨ᠎ᠤ ᠠᠵᠢᠯᠯᠠᠭ᠎ᠠ ᠮᠥᠨ᠃ ᠳᠤᠮᠳᠠᠳᠤ ᠤᠯᠤᠰ ᠳᠤᠷᠠᠲᠠᠶ᠎ᠠ ᠫᠠᠫᠦ᠋ᠶᠠ ᠰᠢᠨ᠎ᠡ ᠬᠢᠨ᠋ᠸᠶᠠ ᠵᠢᠨ ᠬᠢᠨ᠎ᠯᠤᠭᠡ ᠬᠠᠮᠲᠤ᠎ᠪᠠᠷ ᠤᠯᠤᠰ ᠲᠦᠷᠦ᠎ᠶᠢᠨ ᠢᠲᠡᠭᠡᠯᠴᠡᠭᠡ᠎ᠪᠡᠨ ᠨᠡᠮᠡᠭᠳᠡᠭᠦᠯᠵᠦ᠍᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠨᠢᠭᠲᠠᠷᠠᠭᠤᠯᠵᠤ᠂ ᠬᠣᠶᠠᠷ ᠤᠯᠤᠰ᠎ᠤᠨ ᠬᠠᠷᠢᠯᠴᠠᠭᠠᠨ᠎ᠤ ᠬᠥᠭᠵᠢᠯᠲᠡ ᠲᠠᠰᠤᠷᠠᠯᠲᠠ ᠦᠭᠡᠢ ᠰᠢᠨ᠎ᠡ ᠳᠡᠭᠲᠡᠷ᠎ᠲᠦ᠍ ᠭᠠᠷᠬᠤ᠎ᠶᠢ ᠠᠬᠢᠭᠤᠯᠤᠨ᠎ᠠ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ ᠳᠤᠮᠳᠠᠳᠤ ᠤᠯᠤᠰ ᠳᠤᠷᠠᠲᠠᠶ᠎ᠠ ᠫᠠᠫᠦ᠋ᠶᠠ ᠰᠢᠨ᠎ᠡ ᠬᠢᠨ᠋ᠸᠶᠠ ᠵᠢᠨ ᠬᠢᠨ ᠯᠤᠭᠡ ᠲᠦᠷᠦ᠎ᠶᠢ ᠵᠠᠰᠠᠬᠤ ᠪᠠ ᠬᠥᠭᠵᠢᠯᠲᠡ᠎ᠶᠢᠨ ᠲᠤᠷᠰᠢᠯᠭ᠎ᠠ᠎ᠶᠢᠨ ᠰᠣᠯᠢᠯᠴᠠᠭ᠎ᠠ᠎ᠪᠠᠨ ᠨᠢᠭᠲᠠᠷᠠᠭᠤᠯᠵᠤ᠂ 《ᠨᠢᠭᠡ ᠪᠦᠰᠡ ᠨᠢᠭᠡ ᠵᠠᠮ》 ᠢ᠋ ᠴᠢᠨᠠᠷ ᠰᠠᠶ᠋ᠢᠲᠠᠢ ᠬᠠᠮᠳᠤ ᠪᠡᠷ ᠪᠦᠲᠦᠭᠡᠨ ᠪᠠᠶ᠋ᠢᠭᠤᠯᠬᠤ᠎ᠶᠢ 《ᠫᠠᠫᠦ᠋ᠶᠠ ᠰᠢᠨ᠎ᠡ ᠬᠢᠨ᠋ᠸᠶᠠ ᠵᠢ ᠬᠣᠯᠪᠣᠨ ᠨᠡᠪᠲᠡᠷᠡᠭᠦᠯᠬᠦ᠌》 ᠲᠥᠯᠥᠪᠯᠡᠭᠡ ᠵᠡᠷᠭᠡ ᠲᠠᠢ ᠪᠠᠶ᠋ᠢᠯᠳᠤᠬᠤ ᠪᠤᠳᠤᠯᠭ᠎ᠠ᠎ᠶᠢᠨ ᠵᠣᠯᠭᠠᠯᠴᠠᠭ᠎ᠠ ᠬᠢᠬᠦ ᠵᠢ ᠴᠢᠩᠭᠠᠳᠬᠠᠵᠤ᠂ ᠠᠷᠠᠯᠵᠢᠶᠠᠨ᠎ᠤ ᠪᠡᠯᠡ ᠣᠷᠣᠭᠤᠯᠤᠯᠲᠠ᠂ ᠰᠠᠭᠤᠷᠢ ᠲᠥᠬᠥᠭᠡᠷᠦᠮᠵᠢ᠎ᠶᠢᠨ ᠪᠦᠲᠦᠭᠡᠨ ᠪᠠᠶ᠋ᠢᠭᠤᠯᠤᠯᠲᠠ᠂ ᠲᠠᠷᠢᠶᠠᠯᠠᠩ ᠵᠢᠭᠠᠰᠤᠨ᠎ᠤ ᠦᠢᠯᠡᠰ᠂ ᠡᠨᠧᠷᠭᠢ ᠠᠭᠤᠷᠬᠠᠢ᠎ᠶᠢᠨ ᠭᠠᠷᠤᠯᠲᠠ ᠵᠡᠷᠭᠡ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠲᠣᠭᠠᠴᠢᠯᠠᠭᠰᠠᠨ ᠠᠵᠤ ᠠᠬᠤᠢ᠂ ᠮᠥᠩᠭᠥᠨ ᠭᠦᠢᠯᠭᠡᠭᠡᠨ᠎ᠦ ᠦᠢᠯᠡᠴᠢᠯᠡᠭᠡ᠂ ᠪᠣᠬᠢᠷᠲᠤᠯ ᠦᠭᠡᠢ ᠡᠨᠧᠷᠭᠢ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠵᠡᠷᠭᠡ ᠬᠠᠮᠲᠤᠷᠠᠯᠴᠠᠭᠠᠨ᠎ᠤ ᠰᠢᠨ᠎ᠡ ᠣᠷᠣᠨ ᠵᠠᠢ᠎ᠶᠢ ᠥᠷᠭᠡᠳᠬᠡᠵᠦ᠍᠂ ᠫᠠᠫᠦ᠋ᠶᠠ ᠰᠢᠨ᠎ᠡ ᠬᠢᠨ᠋ᠸᠶᠠ ᠵᠢ ᠬᠠᠪᠰᠤᠷᠤᠨ ᠦᠷᠭᠦᠯᠵᠢᠯᠡᠬᠦ᠌ ᠬᠥᠭᠵᠢᠯᠲᠡ᠎ᠶᠢ ᠪᠡᠶᠡᠯᠡᠭᠦᠯᠦᠨ᠎ᠡ᠃ ᠬᠣᠶᠠᠷ ᠲᠠᠯ᠎ᠠ᠎ᠪᠠᠷ᠎ᠢᠶᠠᠨ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠂ ᠠᠽᠢᠶ᠎ᠠ ᠲᠢᠪ ᠨᠣᠮᠣᠬᠠᠨ ᠳᠠᠯᠠᠢ᠎ᠶᠢᠨ ᠣᠷᠣᠨ᠎ᠤ ᠠᠵᠤ ᠠᠬᠤᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠤᠯᠠᠨ ᠲᠠᠯᠠᠳᠤ ᠲᠠᠯᠠᠪᠤᠷ᠎ᠲᠠᠬᠢ ᠬᠠᠷᠢᠯᠴᠠᠨ ᠵᠣᠬᠢᠴᠠᠭᠤᠯᠭ᠎ᠠ᠎ᠪᠠᠨ ᠴᠢᠩᠭᠠᠳᠬᠠᠵᠤ᠂ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠎ᠶᠢ ᠬᠠᠮᠠᠭᠠᠯᠠᠵᠤ᠂ ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ᠂ ᠳᠠᠯᠠᠢ ᠲᠠᠩᠭᠢᠰ᠎ᠤᠨ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠬᠠᠮᠲᠤᠷᠠᠯᠴᠠᠭ᠎ᠠ᠎ᠪᠠᠨ ᠥᠷᠭᠡᠳᠬᠡᠵᠦ᠍᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ ᠤ᠋ᠨ ᠬᠠᠮᠲᠤ᠎ᠶᠢᠨ ᠠᠰᠢᠭ ᠲᠤᠰᠠ᠎ᠶᠢ ᠬᠠᠮᠠᠭᠠᠯᠠᠶ᠎ᠠ ᠭᠡᠵᠤ ᠴᠢᠬᠤᠯᠠᠴᠢᠯᠠᠪᠠ᠃

ᠮᠠᠯᠠᠫᠸᠢ᠂ ᠲᠡᠷᠢᠭᠦᠯᠡᠭᠴᠢ ᠰᠢ ᠵᠢᠨ ᠫᠢᠩ᠎ᠦᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠬᠥᠭᠵᠢᠯᠲᠡ᠎ᠶᠢᠨ ᠠᠮᠵᠢᠯᠲᠠ ᠪᠦᠳᠤᠮᠵᠢ ᠣᠯᠵᠤ᠂ ᠳᠡᠯᠡᠬᠡᠢ ᠳ᠋ᠠᠬᠢᠨ᠎ᠳᠤ ᠴᠢᠬᠤᠯᠠ ᠶᠡᠬᠡ ᠬᠥᠭᠵᠢᠯᠲᠡ᠎ᠶᠢᠨ ᠠᠵᠠ ᠲᠣᠬᠢᠶᠠᠯ ᠠᠪᠴᠢᠷᠠᠪᠠ᠃ ᠳᠤᠮᠳᠠᠳᠤ ᠤᠯᠤᠰ ᠪᠣᠯ ᠫᠠᠫᠦ᠋ᠶᠠ ᠰᠢᠨ᠎ᠡ ᠬᠢᠨ᠋ᠸᠶᠠ ᠵᠢᠨ ᠰᠠᠢ᠌ᠨ ᠨᠠᠶ᠋ᠢᠵᠠ ᠪᠠ ᠬᠠᠮᠤᠭ᠎ᠤᠨ ᠴᠢᠬᠤᠯᠠ ᠬᠠᠨᠢᠲᠠᠨ ᠮᠥᠨ᠃ ᠭᠠᠳᠠᠭᠠᠳᠤ ᠬᠠᠷᠢᠯᠴᠠᠭ᠎ᠠ ᠪᠠᠶ᠋ᠢᠭᠤᠯᠤᠭᠰᠠᠨ 50 ᠵᠢᠯ᠎ᠦᠨ ᠲᠤᠷᠰᠢ᠂ ᠫᠠᠫᠦ᠋ᠶᠠ ᠰᠢᠨ᠎ᠡ ᠬᠢᠨ᠋ᠸᠶᠠ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠢᠮᠠᠭᠲᠠ ᠪᠠᠷᠢᠮᠲᠠᠯᠠᠵᠤ᠂ ᠳᠤᠮᠳᠠᠳᠤ ᠤᠯᠤᠰ᠎ᠤᠨ ᠤᠯᠤᠰ᠎ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ᠎ᠦᠨ ᠪᠦᠷᠢᠨ ᠪᠦᠲᠦᠨ᠎ᠢᠶᠡᠨ ᠬᠠᠮᠠᠭᠠᠯᠠᠬᠤ᠎ᠶᠢ ᠡᠷᠡᠰ ᠳᠡᠮᠵᠢᠵᠦ᠍᠂ ᠳᠤᠮᠳᠠᠳᠤ ᠤᠯᠤᠰ᠎ᠤᠨ ᠤᠯᠤᠰ᠎ᠤᠨ ᠨᠢᠭᠡᠳᠦᠯ᠎ᠢᠶᠡᠨ ᠪᠡᠶᠡᠯᠡᠭᠦᠯᠬᠦ᠌᠂ ᠦᠨᠳᠦᠰᠦᠲᠡᠨ᠎ᠦ ᠰᠡᠷᠭᠦᠨ ᠮᠠᠨᠳᠤᠯᠲᠠ᠎ᠪᠠᠨ ᠠᠬᠢᠭᠤᠯᠬᠤ᠎ᠶᠢ ᠡᠷᠡᠰ ᠳᠡᠮᠵᠢᠭᠰᠡᠭᠡᠷ ᠢᠷᠡᠪᠡ᠃ ᠫᠠᠫᠦ᠋ᠶᠠ ᠰᠢᠨ᠎ᠡ ᠬᠢᠨ᠋ᠸᠶᠠ ᠳᠤᠷᠠᠲᠠᠶ᠎ᠠ ᠳᠤᠮᠳᠠᠳᠤ ᠤᠯᠤᠰ᠎ᠯᠤᠭ᠎ᠠ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠫᠠᠫᠦ᠋ᠶᠠ ᠰᠢᠨ᠎ᠡ ᠬᠢᠨ᠋ᠸᠶᠠ ᠳ᠋ᠦ᠍ ᠬᠦᠷᠴᠦ᠍ ᠪᠡᠯᠡ ᠣᠷᠣᠭᠤᠯᠤᠨ ᠦᠢᠯᠡᠰ ᠵᠢᠡᠨ ᠬᠦᠭᠵᠢᠬᠦᠯᠬᠦ ᠵᠢ ᠪᠠᠶᠠᠷᠯᠠᠨ ᠤᠭᠲᠤᠨ᠎ᠠ᠃ ᠫᠠᠫᠦ᠋ᠶᠠ ᠰᠢᠨ᠎ᠡ ᠬᠢᠨ᠋ᠸᠶᠠ ᠵᠢᠨ ᠬᠢᠨ ᠳᠤᠮᠳᠠᠳᠤ ᠤᠯᠤᠰ᠎ᠤᠨ ᠤᠯᠠᠨ ᠤᠯᠤᠰ᠎ᠤᠨ ᠬᠡᠷᠡᠭ ᠶᠠᠪᠤᠳᠠᠯ ᠳᠤᠮᠳᠠ ᠴᠢᠬᠤᠯᠠ ᠬᠦᠳᠦᠯᠥᠨ ᠳᠠᠭᠠᠭᠤᠯᠬᠤ ᠦᠢᠯᠡᠳᠦᠯ ᠦᠵᠡᠭᠦᠯᠦᠭᠰᠡᠨ᠎ᠢ ᠳᠡᠭᠡᠳᠦ ᠬᠡᠮᠵᠢᠶ᠎ᠡ᠎ᠪᠡᠷ ᠮᠠᠭᠲᠠᠨ ᠰᠠᠶ᠋ᠢᠰᠢᠶᠠᠵᠤ᠂ ᠲᠡᠷᠢᠭᠦᠯᠡᠭᠴᠢ ᠰᠢ ᠵᠢᠨ ᠫᠢᠩ᠎ᠦᠨ ᠳᠤᠷᠠᠳᠤᠭᠰᠠᠨ  ᠪᠦᠬᠦ᠌ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶᠢ ᠲᠡᠮᠵᠢᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠲᠠᠯ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠠᠮᠲᠤ᠎ᠶᠢᠨ ᠴᠣᠭᠴᠠ᠎ᠶᠢ ᠭᠠᠷ ᠬᠣᠯᠪᠣᠯᠴᠠᠨ ᠪᠠᠶ᠋ᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ᠎ᠶᠢᠨ ᠣᠷᠣᠨ᠎ᠤ ᠬᠥᠭᠵᠢᠯ ᠴᠡᠴᠡᠭᠯᠡᠯ ᠲᠣᠭᠲᠠᠭᠤᠨ᠎ᠢ ᠠᠬᠢᠭᠤᠯᠤᠨ᠎ᠠ ᠭᠡᠵᠤ ᠢᠯᠡᠳᠭᠡᠪᠡ᠃

ᠼᠠᠢ ᠴᠢ᠂ ᠸᠠᠩ ᠢ᠂ ᠬᠤᠸᠠᠩ ᠺᠦᠨ ᠮᠢᠩ᠎ᠨᠡᠷ ᠠᠭᠤᠯᠵᠠᠯᠲᠠ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面