2026-11-18 11:55:53
— ᠶᠡᠷᠦᠩᠬᠡᠶ ᠱᠦᠵᠢ ᠰᠢ ᠵᠢᠨ ᠫᠢᠩ᠎ᠦᠨ ᠵᠢᠨᠠᠨ ᠶᠡᠬᠡ ᠰᠤᠷᠭᠠᠭᠤᠯᠢ ᠪᠠᠶ᠋ᠢᠭᠤᠯᠤᠭᠳᠠᠭᠰᠠᠨ 120 ᠵᠢᠯ᠎ᠦᠨ ᠣᠶ᠎ᠳᠤ ᠢᠯᠡᠭᠡᠭᠰᠡᠨ ᠪᠠᠶᠠᠷ᠎ᠤᠨ ᠵᠠᠬᠢᠳᠠᠯ ᠨᠢ ᠰᠢᠨ᠎ᠡ ᠠᠶᠠᠨ᠎ᠳᠤ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠨᠢᠭᠳᠠᠷᠠᠯ ᠬᠦᠴᠦᠨ᠎ᠢ ᠬᠥᠭᠵᠢᠭᠡᠪᠡ
11 ᠰᠠᠷ᠎ᠠ᠎ᠶᠢᠨ 16 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠵᠢᠨᠠᠨ ᠶᠡᠬᠡ ᠰᠤᠷᠭᠠᠭᠤᠯᠢ ᠪᠠᠶ᠋ᠢᠭᠤᠯᠤᠭᠳᠠᠭᠰᠠᠨ 120 ᠵᠢᠯ᠎ᠦᠨ ᠤᠢ᠎ᠳᠤ ᠵᠠᠬᠢᠳᠠᠯ ᠢᠯᠡᠭᠡᠨ ᠪᠠᠶᠠᠷ ᠬᠦᠷᠭᠡᠵᠦ᠍᠂ ᠪᠦᠬᠦ᠌ ᠪᠠᠭᠰᠢ ᠰᠤᠷᠤᠬᠴᠢ ᠠᠵᠢᠯᠳᠠᠨ ᠪᠣᠯᠤᠨ ᠥᠷᠭᠡᠨ ᠤᠯᠠᠨ ᠰᠤᠷᠭᠠᠭᠤᠯᠢᠨᠢᠬᠡᠳᠡᠨᠳᠤ ᠪᠠᠶᠠᠷ ᠬᠦᠷᠭᠡᠵᠦ᠍᠂ ᠵᠠᠯᠠᠭᠤ ᠰᠤᠷᠤᠭᠴᠢᠳ᠂ ᠰᠤᠷᠭᠠᠨ ᠬᠥᠮᠦᠵᠢᠯ᠎ᠦᠨ ᠠᠵᠢᠯᠲᠠᠳ ᠪᠣᠯᠤᠨ ᠨᠢᠭᠡᠳᠦᠮᠡᠯ ᠹᠷᠣᠨᠲ᠎ᠤᠨ ᠥᠷᠭᠡᠨ ᠤᠯᠠᠨ ᠪᠦᠷᠢᠯᠳᠦᠬᠦᠨ᠎ᠳᠦ ᠬᠠᠯᠠᠭᠤᠨ ᠳᠤᠯᠠᠭᠠᠬᠠᠨ ᠰᠠᠨᠠᠭᠳᠠᠭᠤᠯᠵᠤ᠂ ᠮᠠᠰᠢ ᠶᠡᠬᠡ ᠵᠣᠷᠢᠭᠵᠢᠭᠤᠯᠤᠯ ᠪᠣᠯᠵᠠᠢ᠃
ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠱᠠᠭᠠᠷᠳᠠᠯᠭ᠎ᠠ᠎ᠶᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠢᠶᠠᠨ ᠬᠠᠶ᠋ᠢᠷᠠᠯᠠᠬᠤ ᠤᠯᠠᠮᠵᠢᠯᠠᠯ᠎ᠢ ᠵᠠᠯᠭᠠᠮᠵᠢᠯᠠᠵᠤ᠂ ᠬᠠᠷᠢᠶᠠᠲᠤ᠎ᠨᠠᠷ᠎ᠤᠨ ᠰᠡᠳᠬᠢᠯ ᠪᠠ ᠬᠦᠴᠦᠨ᠎ᠢ ᠨᠢᠭᠲᠠᠷᠠᠭᠤᠯᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠬᠡᠵᠡᠭᠡᠪᠡ᠃
ᠵᠢᠨᠠᠨ ᠶᠡᠬᠡ ᠰᠤᠷᠭᠠᠭᠤᠯᠢ 1906 ᠣᠨ᠎ᠳᠤ ᠪᠠᠶ᠋ᠢᠭᠤᠯᠤᠭᠳᠠᠪᠠ᠃ 120 ᠵᠢᠯ᠎ᠦᠨ ᠲᠤᠷᠰᠢ᠂ ᠲᠤᠰ ᠰᠤᠷᠭᠠᠭᠤᠯᠢ ᠵᠢᠨ ᠬᠢᠨ ᠰᠤᠷᠭᠠᠭᠤᠯᠢ ᠡᠷᠭᠢᠯᠡᠬᠦ᠌ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠴᠠᠭ ᠦᠶ᠎ᠡ᠎ᠶᠢ᠎ᠲᠠᠭᠠᠨ ᠪᠥᠬᠥ᠌ ᠲᠠᠯ᠎ᠠ᠎ᠪᠠᠷ ᠤᠷᠤᠭᠰᠢᠯᠠᠵᠤ᠂ ᠲᠥᠪ ᠶᠣᠰᠣ᠎ᠶᠢ ᠪᠠᠷᠢᠮᠲᠠᠯᠠᠨ ᠰᠢᠨ᠎ᠡ᠎ᠶᠢ ᠡᠭᠦᠳᠴᠦ᠍᠂ ᠳᠡᠯᠡᠬᠡᠶ᠎ᠶᠢᠨ 170 ᠭᠠᠷᠤᠶ ᠤᠯᠤᠰ ᠪᠣᠯᠤᠨ ᠰᠢᠶᠠᠩᠭᠠᠩ ᠣᠣᠮᠧᠨ ᠲᠠᠶ᠋ᠢᠸᠠᠨ ᠣᠷᠣᠨ᠎ᠳᠤ ᠦᠯᠡᠮᠵᠢ ᠣᠯᠠᠨ ᠰᠢᠯᠢᠳᠡᠭ ᠴᠢᠳᠠᠪᠤᠷᠢᠲᠠᠨ᠎ᠢ ᠬᠥᠮᠦᠵᠢᠭᠦᠯᠵᠦ᠍ ᠥᠭᠴᠡᠶ᠃
《2018 ᠣᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠨᠠᠨ ᠶᠡᠬᠡ ᠰᠤᠷᠭᠠᠭᠤᠯᠢ᠎ᠳᠤ ᠪᠡᠶ᠎ᠡ᠎ᠪᠡᠷ᠎ᠢᠶᠡᠨ ᠬᠦᠷᠴᠤ ᠰᠢᠨᠵᠢᠯᠡᠨ ᠪᠠᠶ᠋ᠢᠴᠠᠭᠠᠵᠤ᠂ 8 ᠵᠢᠯ ᠠᠯᠤᠰᠯᠠᠭᠠᠳ ᠪᠠᠰᠠ ᠰᠤᠷᠭᠠᠭᠤᠯᠢ ᠪᠠᠶ᠋ᠢᠭᠤᠯᠤᠭᠳᠠᠭᠰᠠᠨ 120 ᠵᠢᠯ᠎ᠦᠨ ᠤᠢ᠎ᠳᠤ ᠵᠠᠬᠢᠳᠠᠯ ᠢᠯᠡᠭᠡᠵᠦ᠍ ᠪᠠᠶᠠᠷ ᠬᠦᠷᠭᠡᠪᠡ᠂ ᠡᠨᠡ ᠪᠣᠯ ᠳᠤᠮᠳᠠᠳᠤ᠎ᠶᠢᠨ ᠬᠠᠷᠢᠶᠠᠲᠤ ᠨᠠᠷ ᠤ᠋ᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠦᠢᠯᠡᠰ᠎ᠦᠨ ᠢᠷᠠᠭᠤ ᠠᠯᠳᠠᠷ ᠮᠥᠨ᠂ ᠪᠠᠰᠠ ᠴᠤ᠌ ᠰᠤᠷᠭᠠᠭᠤᠯᠢ᠎ᠶᠢᠨ ᠰᠤᠷᠭᠠᠭᠤᠯᠢ ᠡᠷᠬᠢᠯᠡᠭᠰᠡᠨ ᠲᠡᠦᠬᠡᠨ ᠶᠠᠪᠤᠴᠠ᠎ᠳᠠᠬᠢ ᠴᠢᠬᠤᠯᠠ ᠬᠥᠰᠢᠢ᠎ᠡ ᠳᠤᠷᠠᠰᠬᠠᠯ ᠮᠥᠨ᠂ ᠪᠦᠬᠦ᠌ ᠰᠤᠷᠭᠠᠭᠤᠯᠢ᠎ᠶᠢᠨ ᠪᠠᠭᠰᠢ ᠰᠤᠷᠤᠭᠴᠢᠳ ᠲᠤᠶ᠋ᠢᠯ᠎ᠢᠶᠠᠷ ᠤᠷᠮᠠᠰᠢᠨ ᠵᠣᠷᠢᠭᠵᠢᠵᠤ᠂ ᠨᠡᠩ ᠶᠡᠬᠡ ᠬᠥᠳᠡᠯᠭᠡᠬᠦ᠌ ᠬᠦᠴᠦᠨ᠎ᠲᠡᠶ ᠪᠣᠯᠵᠠᠢ》᠃ ᠵᠢᠨᠠᠨ ᠶᠡᠬᠡ ᠰᠤᠷᠭᠠᠭᠤᠯᠢ᠎ᠶᠢᠨ ᠨᠠᠮ᠎ᠤᠨ ᠬᠤᠷᠢᠶ᠎ᠠ ᠵᠢᠨ ᠱᠦᠵᠢ ᠰᠦᠨ ᠢᠦᠢ᠂ ᠶᠡᠷᠦᠩᠬᠡᠢ ᠱᠦᠵᠢ ᠰᠢ ᠵᠢᠨ ᠫᠢᠩ᠎ᠦᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ 《ᠭᠠᠳᠠᠭᠠᠳᠤ᠎ᠳᠤ ᠬᠠᠨᠳᠤᠭᠤᠯᠬᠤ᠂ ᠰᠢᠶᠠᠩᠭᠠᠩ ᠣᠣᠮᠧᠨ ᠲᠠᠶ᠋ᠢᠸᠠᠨ᠎ᠳᠤ ᠬᠠᠨᠳᠤᠭᠤᠯᠬᠤ》 ᠰᠤᠷᠭᠠᠭᠤᠯᠢ ᠡᠷᠬᠢᠯᠡᠬᠦ᠌ ᠴᠢᠭᠯᠡᠯᠲᠡ᠎ᠶᠢ ᠪᠠᠷᠢᠮᠲᠠᠯᠠᠵᠤ᠂ ᠨᠡᠩ ᠥᠨᠳᠥᠷ ᠵᠣᠭᠰᠣᠴᠠ᠂ ᠨᠡᠩ ᠴᠢᠩᠭ᠎ᠠ ᠡᠭᠦᠷᠭᠡᠯᠡᠯ᠎ᠢᠶᠡᠷ ᠳᠤᠮᠳᠠᠳᠤ᠎ᠶᠢᠨ ᠬᠠᠷᠢᠶᠠᠲᠤ᠎ᠨᠠᠷ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠴᠠᠭ ᠦᠶ᠎ᠡ᠎ᠶᠢᠨ ᠬᠦᠨᠳᠦ ᠡᠭᠦᠷᠭᠡ᠎ᠶᠢ ᠡᠭᠦᠷᠭᠡᠯᠡᠨ᠎ᠡ ᠭᠡᠵᠦ᠍ ᠢᠯᠡᠳᠬᠡᠪᠡ᠃
120 ᠵᠢᠯ᠎ᠦᠨ ᠲᠤᠷᠰᠢ᠂ ᠵᠢᠨᠠᠨ ᠶᠡᠬᠡ ᠰᠤᠷᠭᠠᠭᠤᠯᠢ ᠢᠮᠠᠭᠲᠠ ᠤᠯᠤᠰ ᠪᠣᠯᠤᠨ ᠴᠠᠭ ᠦᠶ᠎ᠡ ᠯᠤᠭᠡ ᠠᠳᠠᠯᠢ ᠴᠢᠬᠯᠡᠯᠢᠶᠡᠷ ᠵᠡᠷᠭᠡ ᠪᠡᠷ ᠤᠷᠤᠭᠰᠢᠯᠠᠵᠤ᠂ ᠬᠦᠮᠦᠨ ᠬᠦᠮᠦᠵᠢᠭᠦᠯᠬᠦ ᠴᠢᠳᠠᠪᠤᠷᠢᠲᠠᠨ᠎ᠢ ᠬᠥᠮᠦᠵᠢᠭᠦᠯᠬᠦ᠌᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ᠌᠂ ᠰᠣᠶᠣᠯ᠎ᠢ ᠤᠯᠠᠮᠵᠢᠯᠠᠬᠤ᠎ᠶᠢ ᠭᠦᠨᠵᠡᠭᠡᠢ ᠠᠭᠤᠰᠤᠯᠴᠠᠭᠤᠯᠵᠤ᠂ ᠰᠤᠷᠭᠠᠭᠤᠯᠢ᠎ᠶᠢᠨ ᠪᠦᠳᠦᠭᠡᠨ ᠪᠠᠶ᠋ᠢᠭᠤᠯᠤᠯᠲᠠ᠎ᠶᠢᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠪᠠ᠃
ᠵᠢᠨᠠᠨ ᠶᠡᠬᠡ ᠰᠤᠷᠭᠠᠭᠤᠯᠢ᠎ᠶᠢᠨ ᠡᠯᠧᠺᠲ᠋ᠷᠣᠨ ᠮᠡᠳᠡᠭᠡ ᠵᠠᠩᠭᠢ᠎ᠶᠢᠨ ᠢᠨᠵᠧᠨᠧᠷᠢᠩ᠎ᠦᠨ ᠲᠤᠰᠬᠠᠶ ᠮᠡᠷᠭᠡᠵᠢᠯ᠎ᠦᠨ ᠰᠣᠷᠣᠭᠴᠢ ᠰᠥᠩ ᠭᠦᠸᠧ ᠮᠢᠩ᠄ 《ᠪᠢ ᠶᠡᠷᠦᠩᠬᠡᠶ ᠱᠦᠵᠢ᠎ᠶᠢᠨ ᠬᠦᠰᠡᠯ ᠨᠠᠶ᠋ᠢᠳᠠᠯᠭ᠎ᠠ᠎ᠶᠢ ᠪᠠᠲᠤ᠌ ᠴᠡᠭᠡᠵᠢᠯᠡᠵᠦ᠍᠂ ᠰᠤᠷᠭᠠᠭᠤᠯᠢ᠎ᠶᠢᠨ ᠤᠯᠤᠰ᠎ᠢᠶᠠᠨ ᠬᠠᠶ᠋ᠢᠷᠠᠯᠠᠬᠤ ᠤᠯᠠᠮᠵᠢᠯᠠᠯ᠎ᠢ ᠲᠠᠰᠤᠷᠠᠯᠲᠠ ᠥᠬᠡᠶ ᠵᠠᠯᠭᠠᠮᠵᠢᠯᠠᠨ ᠪᠠᠳᠠᠷᠠᠭᠤᠯᠵᠤ᠂ ᠰᠢᠨ᠎ᠡ᠎ᠶᠢ ᠡᠭᠦᠳᠬᠦ᠌ ᠴᠢᠳᠠᠪᠤᠷᠢ᠎ᠪᠠᠨ ᠨᠡᠮᠡᠭᠳᠡᠬᠦᠯᠦᠨ᠂ ᠤᠯᠤᠰ᠎ᠤᠨ ᠶᠡᠬᠡ ᠲᠠᠯ᠎ᠠ᠎ᠳᠤ ᠦᠢᠯᠡᠴᠢᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠰᠢᠨ᠎ᠡ ᠠᠶᠠᠨ᠎ᠳᠤ ᠵᠠᠯᠠᠭᠤ ᠨᠠᠰᠤᠨ᠎ᠤ ᠴᠣᠭ ᠵᠢᠪᠬᠤᠭ᠎ᠠ᠎ᠪᠠᠨ ᠢᠯᠡᠷᠡᠭᠦᠯᠦᠨ᠎ᠡ》 ᠭᠡᠵᠡᠢ᠃
ᠵᠢᠨᠠᠨ ᠶᠡᠬᠡ ᠰᠤᠷᠭᠠᠭᠤᠯᠢ᠎ᠶᠢᠨ ᠰᠣᠨᠢᠨ ᠮᠡᠳᠡᠭᠡ ᠬᠢᠭᠡᠳ ᠳᠠᠮᠵᠢᠭᠤᠯᠭ᠎ᠠ᠎ᠶᠢᠨ ᠳᠡᠭᠡᠳᠦ ᠰᠤᠷᠭᠠᠭᠤᠯᠢ᠎ᠶᠢᠨ ᠰᠤᠷᠤᠬᠴᠢ ᠸᠠᠩ ᠲᠢᠩ᠂ 《ᠬᠣᠶ᠋ᠢᠰᠢᠳᠠ ᠪᠢ ᠶᠡᠷᠦᠩᠬᠡᠢ ᠱᠦᠵᠢ᠎ᠶᠢᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠤᠷᠤᠯᠭ᠎ᠠ᠎ᠶᠢᠨ ᠲᠠᠯ᠎ᠠ᠎ᠪᠠᠷ ᠲᠠᠰᠤᠷᠠᠯᠳᠠ ᠦᠭᠡᠢ ᠴᠠᠭᠠᠷᠠᠵᠤ᠂ ᠦᠢᠯᠡᠳᠦᠯᠭᠡ᠎ᠶᠢᠨ ᠳᠤᠮᠳᠠ ᠬᠦᠴᠦᠯᠡᠨ ᠴᠢᠷᠮᠠᠶ᠋ᠢᠵᠤ ᠵᠢᠳᠬᠦᠯ ᠴᠢᠷᠮᠠᠶ᠋ᠢᠯᠭ᠎ᠠ ᠭᠠᠷᠭᠠᠵᠤ᠂ ᠨᠢᠭᠡᠨ ᠰᠢᠯᠢᠳᠡᠭ ᠰᠣᠨᠢᠨ ᠮᠡᠳᠡᠭᠡᠨ᠎ᠦ ᠠᠵᠢᠯᠳᠠᠨ ᠪᠣᠯᠬᠤ᠎ᠪᠠᠷ ᠴᠢᠷᠮᠠᠶ᠋ᠢᠵᠤ᠂ ᠳᠤᠮᠳᠠᠳᠤ ᠤᠯᠤᠰ᠎ᠤᠨ ᠦᠯᠢᠬᠡᠷ᠎ᠢ ᠰᠠᠶ᠋ᠢᠲᠤᠷ ᠶᠠᠷᠢᠵᠤ᠂ ᠳᠤᠮᠳᠠᠳᠤ ᠤᠯᠤᠰ᠎ᠤᠨ ᠲᠠᠭᠤᠨ᠎ᠢ ᠰᠠᠶ᠋ᠢᠲᠤᠷ ᠳᠠᠮᠵᠢᠭᠤᠯᠵᠤ᠂ ᠳᠤᠮᠳᠠᠳᠤ᠎ᠶᠢᠨ ᠰᠣᠶᠣᠯ᠎ᠢ ᠳᠡᠯᠡᠬᠡᠢ᠎ᠳ᠋ᠠᠬᠢᠨ᠎ᠳᠤ ᠨᠡᠩ ᠰᠠᠢᠳᠤᠷ ᠲᠠᠮᠵᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠢᠯᠡᠳᠬᠡᠪᠡ᠃
《ᠶᠡᠷᠦᠩᠬᠡᠢ ᠱᠦᠵᠢ ᠰᠢ ᠵᠢᠨ ᠫᠢᠩ ᠪᠠᠶᠠᠷ᠎ᠤᠨ ᠵᠠᠬᠢᠳᠠᠯ᠎ᠳᠠᠭᠠᠨ 〈ᠰᠤᠷᠭᠠᠭᠤᠯᠢ ᠡᠷᠬᠢᠯᠡᠬᠦ᠌ ᠣᠨᠴᠠᠯᠢᠭ᠎ᠢ ᠪᠠᠷᠢᠮᠲᠠᠯᠠᠬᠤ ᠬᠡᠷᠡᠭᠲᠡᠢ〉 ᠭᠡᠵᠦ ᠳᠤᠷᠠᠳᠴᠤ᠂ ᠪᠢᠳᠡᠨ᠎ᠦ ᠭᠠᠳᠠᠭᠠᠳᠤ᠎ᠳᠤ ᠬᠠᠨᠳᠤᠭᠤᠯᠵᠤ᠂ ᠰᠢᠶᠠᠩᠭᠠᠩ ᠣᠣᠮᠧᠨ ᠲᠠᠶ᠋ᠢᠸᠠᠨ᠎ᠳᠤ ᠬᠠᠨᠳᠤᠭᠤᠯᠵᠤ ᠬᠢᠲᠠᠳ ᠬᠡᠯᠡᠨ᠎ᠦ ᠰᠤᠷᠭᠠᠨ ᠬᠥᠮᠦᠵᠢᠯ᠂ ᠤᠯᠠᠨ ᠤᠯᠤᠰ᠎ᠤᠨ ᠬᠢᠲᠠᠳ ᠬᠡᠯᠡᠨ᠎ᠦ ᠰᠤᠷᠭᠠᠨ ᠬᠥᠮᠦᠵᠢᠯ᠎ᠢ ᠦᠷᠨᠢᠭᠦᠯᠬᠦ᠎ᠳᠤ ᠴᠢᠭᠯᠡᠯ᠎ᠢ ᠲᠣᠳᠣᠷᠬᠠᠢ ᠵᠢᠭᠠᠵᠤ ᠥᠭᠴᠡᠢ》᠃ ᠵᠢᠨᠠᠨ ᠶᠡᠬᠡ ᠰᠤᠷᠭᠠᠭᠤᠯᠢ᠎ᠶᠢᠨ ᠬᠢᠲᠠᠳ ᠬᠡᠯᠡᠨ᠎ᠦ ᠳᠡᠭᠡᠳᠦ ᠰᠤᠷᠭᠠᠭᠤᠯᠢ᠎ᠶᠢᠨ ᠵᠠᠬᠢᠷᠤᠯ ᠾᠧᠦ ᠰᠢᠩ ᠴᠢᠤᠸᠠᠨ ᠶᠡᠷᠦᠩᠬᠡᠶ ᠱᠦᠵᠢ᠎ᠶᠢᠨ ᠪᠠᠶᠠᠷ᠎ᠤᠨ ᠵᠠᠬᠢᠳᠠᠯ᠎ᠢ ᠨᠠᠷᠢᠨ ᠬᠢᠨᠠᠮᠠᠭᠠᠶ ᠰᠤᠷᠤᠯᠴᠠᠭᠰᠠᠨ᠎ᠤ ᠳᠠᠷᠠᠭ᠎ᠠ᠂《ᠪᠢᠳᠡ ᠦᠷᠭᠦᠯᠵᠢᠯᠡᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌᠎ᠶᠢ ᠰᠤᠷᠭᠠᠭᠤᠯᠢ ᠡᠷᠭᠢᠯᠡᠬᠦ᠌ ᠪᠥᠬᠥ᠌ ᠶᠠᠪᠤᠴᠠ᠎ᠳᠤ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠬᠥᠭᠵᠢᠯᠲᠡ᠎ᠶᠢᠨ ᠥᠯᠢᠭᠡᠷ᠎ᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠳᠤ ᠠᠭᠤᠰᠤᠯᠴᠠᠭᠤᠯᠵᠤ᠂ ᠰᠤᠷᠭᠠᠨ ᠬᠥᠮᠦᠵᠢᠯ᠎ᠢ ᠬᠠᠶ᠋ᠢᠷ᠎ᠠ ᠰᠡᠳᠬᠢᠯᠭᠡ᠎ᠪᠡᠨ ᠵᠤᠵᠠᠭᠠᠳᠬᠠᠬᠤ᠂ ᠬᠠᠮᠲᠤ᠎ᠶᠢᠨ ᠲᠠᠨᠢᠯᠲᠠ᠎ᠶᠢ ᠨᠢᠭᠲᠠᠷᠠᠭᠤᠯᠬᠤ ᠬᠣᠯᠪᠣᠭᠠᠰᠤ ᠪᠣᠯᠭᠠᠵᠤ᠂ ᠵᠠᠭᠤᠨ ᠵᠢᠯ᠎ᠦᠨ ᠲᠡᠤᠬᠡ ᠲᠠᠢ ᠬᠠᠷᠢᠶᠠᠲᠤ᠎ᠨᠠᠷ᠎ᠤᠨ ᠰᠤᠷᠭᠠᠭᠤᠯᠢ᠎ᠶᠢ ᠰᠢᠨ᠎ᠡ ᠴᠠᠭ ᠦᠶ᠎ᠡ᠎ᠳᠦ ᠰᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠨ᠎ᠠ》 ᠭᠡᠵᠦ᠍ ᠢᠯᠡᠳᠬᠡᠪᠡ᠃
ᠤᠯᠠᠨ ᠵᠢᠯ᠎ᠦᠨ ᠲᠤᠷᠰᠢ᠂ ᠵᠢᠨᠠᠨ ᠶᠡᠬᠡ ᠰᠤᠷᠭᠠᠭᠤᠯᠢ᠎ᠶᠢᠨ ᠤᠯᠠᠨ ᠰᠤᠷᠤᠭᠴᠢᠳ ᠰᠤᠷᠤᠯᠭ᠎ᠠ᠎ᠪᠠᠨ ᠲᠡᠭᠦᠰᠬᠡᠭᠰᠡᠨᠦ ᠲᠠᠷᠠᠭ᠎ᠠ ᠳᠡᠯᠡᠬᠡᠢ᠎ᠶᠢᠨ ᠡᠯ᠎ᠡ ᠭᠠᠵᠠᠷ᠎ᠢᠶᠡᠷ ᠬᠦᠷᠴᠦ᠍᠂ ᠳᠤᠮᠳᠠᠳᠤ᠎ᠶᠢᠨ ᠰᠣᠶᠣᠯ᠎ᠤᠨ ᠤᠯᠠᠮᠵᠢᠯᠠᠭᠴᠢ᠂ ᠳᠤᠮᠳᠠᠳᠤ ᠭᠠᠳᠠᠭᠠᠳᠤ᠎ᠶᠢᠨ ᠨᠥᠬᠥᠷᠰᠡᠭ ᠬᠠᠷᠢᠯᠴᠠᠭᠠᠨ᠎ᠤ ᠬᠥᠭᠥᠷᠭᠡ ᠪᠣᠯᠵᠠᠢ᠃
ᠰᠤᠷᠭᠠᠭᠤᠯᠢ ᠨᠢᠬᠡᠳᠡᠨᠤ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠵᠢᠨᠠᠨ ᠶᠡᠬᠡ ᠰᠤᠷᠭᠠᠭᠤᠯᠢ᠎ᠶᠢᠨ ᠹᠷᠠᠨᠼᠢ᠎ᠶᠢᠨ ᠰᠤᠷᠭᠠᠭᠤᠯᠢᠨᠢᠬᠡᠳᠡᠨᠤ ᠨᠡᠶ᠋ᠢᠭᠡᠮᠯᠢᠭ᠎ᠦᠨ ᠳᠠᠷᠤᠭ᠎ᠠ ᠸᠠᠩ ᠽᠢ ᠶᠠᠨ᠂《ᠶᠡᠷᠦᠩᠬᠡᠢ ᠱᠦᠵᠢ᠎ᠶᠢᠨ ᠪᠠᠶᠠᠷ᠎ᠤᠨ ᠵᠠᠬᠢᠳᠠᠯ ᠨᠢ ᠮᠢᠨᠦ ᠳᠠᠷᠠᠭᠠᠴᠢ᠎ᠶᠢᠨ ᠠᠯᠬᠤᠮ᠎ᠤᠨ ᠤᠷᠤᠭᠰᠢᠯᠠᠯᠲᠠ᠎ᠶᠢᠨ ᠴᠢᠭᠯᠡᠯ᠎ᠢ ᠨᠡᠩ ᠲᠣᠳᠣᠷᠬᠠᠢ ᠪᠣᠯᠭᠠᠪᠠ᠃ ᠪᠢ ᠰᠤᠷᠭᠠᠭᠤᠯᠢᠨᠢᠬᠡᠳᠡᠨᠤ ᠨᠡᠢᠭᠡᠮᠯᠢᠭ᠎ᠦᠨ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠤᠯᠤᠰ᠎ᠢᠶᠠᠨ ᠬᠠᠶ᠋ᠢᠷᠠᠯᠠᠬᠤ ᠰᠤᠷᠭᠠᠭᠤᠯᠢ᠎ᠪᠠᠨ ᠬᠠᠶ᠋ᠢᠷᠠᠯᠠᠬᠤ ᠰᠢᠯᠢᠳᠡᠭ ᠤᠯᠠᠮᠵᠢᠯᠠᠯ᠎ᠢ ᠵᠠᠯᠭᠠᠮᠵᠢᠯᠠᠨ᠂ ᠳᠤᠮᠳᠠᠳᠤ ᠹᠷᠠᠨᠼᠢ᠎ᠶᠢᠨ ᠰᠤᠷᠭᠠᠨ ᠬᠥᠮᠦᠵᠢᠯ᠂ ᠰᠢᠨᠵᠢᠯᠡᠬᠦ᠌ ᠤᠬᠠᠭᠠᠨ᠎ᠤ ᠰᠤᠳᠤᠯᠭᠠᠨ᠂ ᠰᠣᠶᠣᠯ ᠵᠢᠴᠢ ᠠᠵᠤ ᠦᠢᠯᠡᠰ᠎ᠦᠨ ᠰᠣᠯᠢᠯᠴᠠᠭᠠᠨ᠎ᠤ ᠲᠠᠪᠴᠠᠩ᠎ᠢ ᠪᠠᠶ᠋ᠢᠭᠤᠯᠵᠤ᠂ ᠳᠤᠮᠳᠠᠳᠤ ᠭᠠᠳᠠᠭᠠᠳᠤ᠎ᠶᠢᠨ ᠪᠣᠯᠪᠠᠰᠤᠨ᠎ᠤ ᠰᠣᠯᠢᠯᠴᠠᠭ᠎ᠠ ᠬᠠᠷᠢᠯᠴᠠᠨ ᠲᠤᠯᠢ ᠪᠤᠯᠭᠠᠬᠤ ᠡᠯᠴᠢᠨ ᠪᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠢᠯᠡᠳᠭᠡᠪᠡ᠃
《ᠶᠡᠷᠦᠩᠬᠡᠢ ᠱᠦᠵᠢ ᠰᠢ ᠵᠢᠨ ᠫᠢᠩ ᠰᠢᠶᠠᠩᠭᠠᠩ ᠣᠣᠮᠧᠨ ᠲᠠᠶ᠋ᠢᠸᠠᠨ ᠪᠠ ᠬᠠᠷᠢᠶᠠᠲᠤ᠎ᠨᠠᠷ᠎ᠤᠨ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ᠌᠎ᠶᠢ ᠤᠷᠳᠤ ᠬᠤᠭᠤᠴᠠᠭ᠎ᠠ᠎ᠪᠠᠷ ᠬᠠᠯᠠᠮᠵᠢᠯᠠᠭᠰᠠᠭᠠᠷ ᠢᠷᠡᠵᠡᠢ᠂ ᠡᠨᠡ ᠤᠳᠠᠭ᠎ᠠ᠎ᠶᠢᠨ ᠪᠠᠶᠠᠷ᠎ᠤᠨ ᠵᠠᠬᠢᠳᠠᠯ᠎ᠳᠤ ᠪᠠᠰᠠ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠳᠤᠮᠳᠠᠳᠤ᠎ᠶᠢᠨ ᠬᠠᠷᠢᠶᠠᠲᠤ᠎ᠨᠠᠷ᠎ᠤᠨ ᠶᠡᠬᠡ ᠳᠡᠭᠡᠳᠦ ᠰᠤᠷᠭᠠᠭᠤᠯᠢ᠎ᠶᠢᠨ ᠰᠤᠷᠭᠠᠭᠤᠯᠢ ᠡᠷᠬᠢᠯᠡᠵᠦ ᠰᠤᠷᠭᠠᠭᠤᠯᠢ ᠪᠠᠨ ᠵᠠᠰᠠᠬᠤ᠎ᠳᠦ ᠴᠢᠬᠤᠯᠠ ᠵᠢᠷᠤᠮᠯᠠᠯ ᠬᠠᠩᠭᠠᠪᠠ》᠃ ᠳᠤᠮᠳᠠᠳᠤ᠎ᠶᠢᠨ ᠬᠠᠷᠢᠶᠠᠲᠤ ᠨᠠᠷ᠎ᠤᠨ ᠶᠡᠬᠡ ᠰᠤᠷᠭᠠᠭᠤᠯᠢ᠎ᠶᠢᠨ ᠰᠤᠷᠤᠭᠴᠢ ᠵᠢᠨ ᠠᠵᠢᠯ᠎ᠤᠨ ᠭᠠᠵᠠᠷ᠎ᠤᠨ ᠳᠡᠳ᠋ ᠳᠠᠷᠤᠭ᠎ᠠ᠂ ᠰᠢᠶᠠᠩᠭᠠᠩ ᠣᠣᠮᠧᠨ ᠲᠠᠶ᠋ᠢᠸᠠᠨ ᠪᠠ ᠬᠠᠷᠢᠶᠠᠲᠤ᠎ᠨᠠᠷ᠎ᠤᠨ ᠰᠤᠷᠤᠭᠴᠢᠳ᠎ᠤᠨ ᠬᠥᠭᠵᠢᠯᠲᠡ᠎ᠶᠢᠨ ᠲᠥᠪ᠎ᠦᠨ ᠡᠷᠬᠢᠯᠡᠭᠴᠢ ᠼᠠᠢ ᠯᠢ ᠴᠢᠶᠠᠩ᠂ 《ᠣᠶ᠋ᠢᠷ᠎ᠠ᠎ᠶᠢᠨ ᠵᠢᠯ᠎ᠳᠦ᠂ ᠳᠤᠮᠳᠠᠳᠤ᠎ᠶᠢᠨ ᠬᠠᠷᠢᠶᠠᠲᠤ᠎ᠨᠠᠷ᠎ᠤᠨ ᠶᠡᠬᠡ ᠰᠤᠷᠭᠠᠭᠤᠯᠢ ᠪᠣᠯᠤᠨ ᠵᠢᠨᠠᠨ ᠶᠡᠬᠡ ᠰᠤᠷᠭᠠᠭᠤᠯᠢ ᠬᠠᠮᠲᠤᠷᠠᠨ ᠤᠯᠤᠰ᠎ᠤᠨ ᠪᠠᠶ᠋ᠢᠳᠠᠯ᠎ᠤᠨ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠵᠦ᠍᠂ ᠬᠣᠶᠠᠷ ᠰᠤᠷᠭᠠᠭᠤᠯᠢ᠎ᠶᠢᠨ ᠰᠤᠷᠤᠭᠴᠢᠳ᠎ᠤᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠢ ᠲᠡᠯᠡᠬᠡᠢᠳ᠋ᠠᠬᠢᠨᠳᠤ ᠲᠠᠮᠵᠢᠭᠤᠯᠬᠤ ᠵᠢ ᠬᠦᠲᠦᠯᠦᠨ ᠵᠢᠯᠤᠭᠤᠳᠪᠠ᠃ ᠲᠠᠷᠠᠭᠠᠴᠢ᠎ᠶᠢᠨ ᠠᠯᠬᠤᠮ᠎ᠳᠤ᠂ ᠪᠢᠳᠡ ᠵᠢᠨᠠᠨ ᠶᠡᠬᠡ ᠰᠤᠷᠭᠠᠭᠤᠯᠢ᠎ᠯᠤᠭ᠎ᠠ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠠᠷᠢᠶᠠᠲᠤ᠎ᠨᠠᠷ᠎ᠤᠨ ᠰᠤᠷᠭᠠᠭᠤᠯᠢ᠎ᠶᠢᠨ ᠠᠯᠲᠠᠨ ᠦᠰᠦᠭᠲᠦ᠍ ᠫᠠᠶ᠋ᠢᠰᠠ᠎ᠶᠢ ᠨᠡᠩ ᠬᠡᠷᠡᠯ ᠬᠢᠯᠪᠠᠭ᠎ᠠ ᠰᠠᠴᠤᠷᠠᠭᠤᠯᠤᠨ᠎ᠠ》ᠭᠡᠵᠦ ᠢᠯᠡᠳᠭᠡᠪᠡ᠃
ᠨᠠᠮ ᠪᠣᠯᠤᠨ ᠤᠯᠤᠰ᠎ᠤᠨ ᠤᠷᠳᠤ ᠬᠤᠭᠤᠴᠠᠭᠠᠨ᠎ᠤ ᠪᠠᠶ᠋ᠢᠯᠳᠤᠬᠤ ᠪᠤᠳᠤᠯᠭ᠎ᠠ᠎ᠶᠢᠨ ᠴᠢᠨᠠᠷᠲᠠᠢ ᠠᠵᠢᠯ ᠪᠣᠯᠤᠭᠰᠠᠨ᠎ᠤ ᠬᠤᠪᠢ᠎ᠳᠤ᠂ ᠬᠠᠷᠢᠶᠠᠲᠤ᠎ᠨᠠᠷ᠎ᠤᠨ ᠶᠠᠪᠤᠳᠠᠯ᠎ᠤᠨ ᠠᠵᠢᠯ ᠨᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠳᠦ ᠬᠦᠴᠦᠲᠡᠢ ᠦᠢᠯᠡᠴᠢᠯᠡᠪᠡ᠃
ᠡᠨᠡ ᠵᠢᠯ᠎ᠦᠨ 7 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠬᠠᠷᠢᠶᠠᠲᠤ᠎ᠨᠠᠷ᠎ᠤᠨ ᠶᠠᠪᠤᠳᠠᠯ᠎ᠤᠨ ᠠᠵᠢᠯ᠎ᠳᠤ ᠴᠢᠬᠤᠯᠠ ᠵᠢᠭᠠᠪᠤᠷᠢ ᠥᠭᠴᠦ᠍᠂ ᠦᠨᠦ ᠪᠠᠰᠠ ᠪᠠᠶᠠᠷ᠎ᠤᠨ ᠵᠠᠬᠢᠳᠠᠯ᠎ᠳᠠᠭᠠᠨ 《ᠬᠠᠷᠢᠶᠠᠲᠤ᠎ᠨᠠᠷ᠎ᠤᠨ ᠰᠡᠳᠬᠢᠯ ᠪᠠ ᠬᠦᠴᠦᠨ᠎ᠢ ᠨᠢᠭᠲᠠᠷᠠᠭᠤᠯᠬᠤ ᠬᠡᠷᠡᠭᠲᠡᠢ》 ᠭᠡᠵᠦ᠍ ᠳᠤᠷᠠᠳᠴᠤ᠌᠂ ᠱᠠᠨᠳᠦ᠋ᠩ ᠮᠤᠵᠢ᠎ᠶᠢᠨ ᠴᠢᠩᠳᠣᠤ ᠬᠤᠳᠠ᠎ᠶᠢᠨ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠬᠤᠳᠠ᠎ᠶᠢᠨ ᠵᠠᠰᠠᠭ᠎ᠤᠨ ᠣᠷᠳᠣᠨ᠎ᠤ ᠬᠠᠷᠢᠶᠠᠲᠤ᠎ᠨᠠᠷ᠎ᠤᠨ ᠶᠠᠪᠤᠳᠠᠯ᠎ᠤᠨ ᠠᠯᠪᠠᠨ ᠭᠡᠷ᠎ᠦᠨ ᠡᠷᠬᠢᠯᠡᠭᠴᠢ ᠴᠧᠨ ᠯᠢ ᠯᠢᠳᠤ ᠬᠠᠷᠢᠶᠠᠲᠤ᠎ᠨᠠᠷ᠎ᠤᠨ ᠲᠥᠯᠥᠭᠡ ᠬᠡᠷᠬᠢᠨ ᠦᠷᠭᠦᠯᠵᠢᠯᠡᠨ ᠦᠢᠯᠡᠴᠢᠯᠡᠬᠦ᠌ ᠲᠤᠬᠠᠢ ᠰᠢᠨ᠎ᠡ ᠪᠣᠳᠣᠯᠬᠢᠯᠠᠯ᠎ᠲᠠᠶ ᠪᠣᠯᠭᠠᠪᠠ᠃
《ᠤᠮᠠᠷᠠᠲᠤ᠎ᠶᠢᠨ ᠭᠣᠣᠯᠳᠠᠯᠭ᠎ᠠ᠎ᠲᠠᠢ ᠬᠠᠷᠢᠶᠠᠲᠤ ᠨᠠᠷ᠎ᠤᠨ ᠨᠤᠲᠤᠭ ᠪᠣᠯᠤᠭᠰᠠᠨ᠎ᠤ ᠬᠤᠪᠢ᠎ᠳᠤ᠂ ᠴᠢᠩᠳᠣᠣ ᠬᠤᠳᠠ᠎ᠶᠢᠨ ᠭᠢᠨ ᠬᠠᠷᠢᠶᠠᠲᠤ ᠠᠬ᠎ᠠ ᠳᠡᠭᠦᠦ ᠨᠠᠷ᠎ᠦᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠢᠢᠳᠪᠦᠷᠢᠯᠡᠵᠤ᠂ ᠬᠠᠷᠢᠶᠠᠲᠤ ᠠᠬ᠎ᠠ ᠳᠡᠭᠦᠦ ᠨᠠᠷ᠎ᠢ ᠬᠥᠲᠥᠯᠥᠨ ᠵᠢᠯᠤᠭᠣᠳᠴᠤ ᠳᠤᠮᠳᠠᠳᠤ ᠭᠠᠳᠠᠭᠠᠳᠤ᠎ᠶᠢ ᠠᠭᠤᠰᠤᠯᠴᠠᠭᠤᠯᠤᠨ ᠨᠡᠪᠲᠡᠷᠡᠯᠴᠡᠬᠦᠯᠬᠦ ᠳᠠᠪᠠᠭᠤᠯᠢᠭ᠋᠎ᠢ ᠨᠢ ᠪᠠᠳᠠᠷᠠᠭᠤᠯᠵᠤ᠂ ᠳᠡᠯᠡᠬᠡᠢ ᠳ᠋ᠠᠬᠢᠨ᠎ᠳᠤ ᠦᠨᠡᠨ ᠪᠣᠳᠠᠲᠠᠢ᠂ ᠪᠣᠰᠣᠭ᠎ᠠ ᠴᠣᠭᠴᠠ᠎ᠳᠤ᠂ ᠪᠦᠭᠦ ᠲᠠᠯ᠎ᠠ᠎ᠶᠢᠨ ᠳᠤᠮᠳᠠᠳᠤ ᠤᠯᠤᠰ᠎ᠢ ᠳᠡᠯᠭᠡᠨ ᠦᠵᠡᠭᠦᠯᠵᠦ ᠪᠠᠢᠨ᠎ᠠ》᠃ ᠴᠧᠨ ᠯᠢ ᠯᠢ᠂ ᠳᠠᠷᠠᠭᠠᠴᠢ᠎ᠶᠢᠨ ᠠᠯᠬᠤᠮ᠎ᠳᠤ ᠶᠡᠷᠦᠩᠬᠡᠢ ᠱᠦᠵᠢ ᠰᠢ ᠵᠢᠨ ᠫᠢᠩ ᠤ᠋ᠨ ᠪᠠᠶᠠᠷ᠎ᠤᠨ ᠵᠠᠬᠢᠳᠠᠯ᠎ᠤᠨ ᠵᠣᠷᠢᠭ᠋ ᠰᠠᠨᠠᠭ᠎ᠠ᠎ᠶᠢ ᠪᠦᠭᠦ ᠲᠠᠯ᠎ᠠ᠎ᠪᠠᠷ ᠨᠠᠢᠳᠠᠪᠤᠷᠢᠵᠢᠭᠤᠯᠵᠤ᠂ ᠳᠤᠮᠳᠠᠳᠤ᠎ᠶᠢᠨ ᠬᠠᠷᠢᠶᠠᠲᠤ ᠨᠠᠷ᠎ᠲᠦ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠪᠣᠯᠣᠨ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ᠎ᠤᠨ ᠭᠡᠷ ᠪᠦᠯᠢ᠎ᠲᠠᠢ ᠤᠨᠢᠨ ᠳᠡᠭᠡᠷ᠎ᠡ ᠨᠢ ᠬᠠᠷᠢᠯᠴᠠᠵᠤ᠂ ᠲᠡᠳᠡᠨ᠎ᠳᠦ ᠦᠢᠯᠡᠴᠢᠯᠡᠵᠦ᠂ ᠬᠠᠷᠢᠶᠠᠲᠤ ᠨᠠᠷ᠎ᠤᠨ ᠤᠶᠤᠨ ᠤᠬᠠᠭᠠᠨ ᠬᠠᠷᠢᠶᠠᠲᠤ ᠨᠠᠷ᠎ᠤᠨ ᠬᠦᠴᠦᠨ᠎ᠢ ᠨᠢᠭ᠍ᠲᠠᠷᠠᠭᠤᠯᠵᠤ᠂ ᠬᠤᠳᠠ᠎ᠶᠢᠨ ᠴᠢᠨᠠᠷ ᠰᠠᠢᠲᠠᠢ ᠬᠥᠭᠵᠢᠯᠲᠡ ᠪᠣᠯᠣᠨ ᠳᠤᠮᠳᠠᠳᠤ ᠭᠠᠳᠠᠭᠠᠳᠤ᠎ᠶᠢᠨ ᠨᠥᠭᠦᠷᠰᠡᠭ ᠰᠣᠯᠢᠯᠴᠠᠭ᠎ᠠ᠎ᠶᠢ ᠠᠬᠢᠭᠤᠯᠤᠨ᠎ᠠ ᠭᠡᠵᠦ ᠢᠯᠡᠳᠬᠡᠪᠡ᠃
《ᠡᠮᠦᠨᠡᠬᠡᠨ᠂ ᠶᠡᠷᠦᠩᠬᠡᠢ ᠱᠦᠵᠢ ᠰᠢ᠎ᠶᠢᠨ ᠫᠢᠩ ᠰᠦᠨ ᠵᠦᠩ ᠱᠠᠨ ᠠᠪᠤᠭᠠᠢ᠎ᠶᠢᠨ ᠮᠡᠨᠳᠦᠯᠡᠭᠰᠡᠨ 160 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷ᠎ᠡ 〈ᠬᠠᠮᠤᠭ᠎ᠤᠨ ᠥᠷᠭᠡᠨ ᠳᠡᠯᠭᠡᠷ ᠤᠯᠤᠰ᠎ᠢᠶᠠᠨ ᠬᠠᠢᠷᠠᠯᠠᠬᠤ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭᠵᠢᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭᠲᠡᠢ〉 ᠭᠡᠵᠦ ᠵᠢᠭᠠᠵᠤ ᠭᠠᠷᠭᠠᠪᠠ᠂ ᠡᠨᠡ ᠤᠳᠠᠭ᠎ᠠ ᠪᠠᠶᠠᠷ᠎ᠤᠨ ᠵᠠᠬᠢᠳᠠᠯ᠎ᠳᠠᠭᠠᠨ 〈ᠬᠠᠷᠢᠶᠠᠲᠤ ᠨᠠᠷ᠎ᠤᠨ ᠰᠡᠳᠬᠢᠯ ᠪᠠ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ〉 ᠭᠡᠵᠦ ᠵᠢᠭᠠᠵᠤ ᠭᠠᠷᠭᠠᠵᠠᠢ᠂ ᠪᠢᠳᠡ ᠨᠡᠪᠳᠡᠷᠡᠳᠡᠯ᠎ᠠ ᠣᠢᠯᠠᠭᠠᠵᠤ ᠰᠤᠷᠤᠯᠴᠠᠬᠤ ᠬᠡᠷᠡᠭᠲᠡᠢ》᠃ ᠱᠠᠩᠬᠠᠢ ᠬᠤᠳᠠ᠎ᠶᠢᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠰᠤᠳᠤᠯᠬᠤ ᠬᠡᠯᠲᠡᠰ᠎ᠦᠨ ᠡᠷᠭᠢᠯᠡᠭᠴᠢ᠂ ᠫᠷᠤᠹᠧᠰᠰᠤᠷ ᠯᠢᠦ ᠬᠤᠢ᠂ ᠢᠷᠡᠭᠡᠳᠦᠢ᠎ᠶᠢᠨ ᠵᠢᠭᠠᠨ ᠰᠤᠷᠭᠠᠯᠲᠠ᠎ᠶᠢᠨ ᠠᠵᠢᠯ ᠳᠤᠮᠳᠠ ᠳᠤᠮᠳᠠᠳᠤ᠎ᠶᠢᠨ ᠬᠠᠷᠢᠶᠠᠲᠤ ᠨᠠᠷ᠎ᠤᠨ ᠡᠲᠡᠭᠡᠳ᠎ᠦᠨ ᠲᠥᠯᠥᠭᠡᠯᠡᠭᠴᠢ ᠬᠥᠮᠥᠰ᠎ᠢ ᠦᠷᠭᠦᠯᠵᠢᠯᠡᠨ ᠬᠥᠲᠥᠯᠥᠨ ᠵᠢᠯᠤᠭᠣᠳᠴᠤ ᠤᠯᠤᠰ᠎ᠤᠨ ᠳᠣᠲᠣᠭᠠᠳᠤ ᠭᠠᠳᠠᠭᠠᠳᠤ᠎ᠶᠢᠨ ᠠᠬ᠎ᠠ ᠳᠡᠭᠦᠦ ᠨᠠᠷ᠎ᠦᠨ ᠬᠠᠷᠢᠯᠴᠠᠭ᠎ᠠ᠎ᠶᠢᠨ ᠡᠶ᠎ᠡ ᠵᠣᠬᠢᠴᠠᠩᠭᠤᠢ᠎ᠶᠢ ᠨᠡᠩ ᠰᠠᠢᠲᠤᠷ ᠠᠬᠢᠭᠤᠯᠵᠤ᠂ ᠨᠢᠭᠡᠳᠦᠮᠡᠯ ᠹᠷᠣᠨᠲ᠎ᠢ ᠪᠠᠷᠢᠮᠲᠠᠯᠠᠵᠤ᠂ ᠪᠦᠭᠦ ᠳᠤᠮᠳᠠᠳᠤ᠎ᠶᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠦᠷᠭᠦᠯᠵᠢᠯᠡᠨ ᠪᠡᠬᠢᠵᠢᠭᠦᠯᠦᠨ ᠬᠥᠭᠵᠢᠭᠦᠯᠵᠦ᠂ ᠰᠢᠨ᠎ᠡ ᠠᠶᠠᠨ᠎ᠳᠤ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠨ᠎ᠠ ᠭᠡᠵᠦ ᠢᠯᠡᠳᠬᠡᠪᠡ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 16 ᠤ᠋ ᠴᠠᠬᠢᠯᠭᠠᠨ ᠮᠡᠳᠡᠭᠡ ᠡᠴᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃