ᠲᠡᠷᠢᠭᠦᠨ ᠨᠢᠭᠤᠷ>ᠴᠠᠭ ᠲᠦᠷᠦ>ᠲᠦᠪ᠎ᠦᠨ ᠣᠳᠣᠷᠢᠳᠣᠯᠭ᠎ᠠ

2026-11-18 10:05:37

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠥᠪ᠎ᠦᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠬᠤᠷᠢᠶ᠎ᠠ ᠵᠢᠨ ᠠᠯᠪᠠᠨ ᠭᠡᠷ᠎ᠡᠴᠡ ᠵᠣᠬᠢᠶᠠᠨ ᠪᠠᠢᠭᠤᠯᠵᠤ ᠨᠠᠢᠷᠠᠭᠤᠯᠤᠭᠰᠠᠨ 《ᠰᠢ ᠵᠢᠨ ᠫᠢᠩ᠎ᠦᠨ ᠬᠠᠦᠯᠢ ᠪᠡᠷ ᠵᠠᠰᠠᠬᠤ ᠦᠵᠡᠯ ᠰᠠᠨᠠᠭ᠎ᠠ ᠵᠢᠨ ᠺᠠᠳ᠋ᠷᠴᠤᠳ᠎ᠤᠨ ᠤᠩᠰᠢᠬᠤ ᠪᠢᠴᠢᠭ》 (ᠳᠣᠷᠣᠭ᠍ᠰᠢ 《ᠤᠩᠰᠢᠬᠤ ᠪᠢᠴᠢᠭ》 ᠭᠡᠵᠦ ᠳᠥᠭᠥᠮᠴᠢᠯᠡᠨ᠎ᠡ) ᠭᠡᠬᠦ ᠨᠣᠮ᠎ᠢ ᠣᠢᠷ᠎ᠠ᠎ᠳᠤ ᠠᠷᠠᠳ᠎ᠤᠨ ᠬᠡᠪᠯᠡᠯ᠎ᠦᠨ ᠬᠣᠷᠢᠶ᠎ᠠ᠂ ᠬᠠᠤᠯᠢ ᠴᠠᠭᠠᠵᠠ᠎ᠶᠢᠨ ᠬᠡᠪᠯᠡᠯ᠎ᠦᠨ ᠬᠣᠷᠢᠶ᠎ᠠ᠎ᠡᠴᠡ ᠬᠠᠮᠲᠤᠷᠠᠨ ᠬᠡᠪᠯᠡᠭᠦᠯᠵᠦ᠂ ᠪᠦᠬᠦ ᠤᠯᠤᠰ᠎ᠲᠤ ᠲᠠᠷᠬᠠᠭᠠᠪᠠ᠃

《ᠤᠩᠰᠢᠬᠤ ᠪᠢᠴᠢᠭ》 ᠨᠢ ᠣᠷᠣᠰᠢᠯ ᠪᠠ ᠭᠣᠣᠯ ᠵᠣᠬᠢᠶᠠᠯ 12 ᠪᠦᠯᠦᠭ᠎ᠢᠶᠡᠷ ᠪᠦᠷᠢᠯᠳᠦᠵᠦ᠂ ᠰᠢ ᠵᠢᠨ ᠫᠢᠩ᠎ᠦᠨ ᠬᠠᠦᠯᠢ ᠪᠡᠷ ᠵᠠᠰᠠᠬᠤ ᠦᠵᠡᠯ ᠰᠠᠨᠠᠭ᠎ᠠ᠎ᠶᠢᠨ 《ᠠᠷᠪᠠᠨ ᠬᠣᠶᠠᠷ ᠢ᠋ ᠪᠠᠷᠢᠮᠳᠠᠯᠠᠬᠤ》 ᠴᠢᠬᠤᠯᠠ ᠠᠭᠤᠯᠭ᠎ᠠ᠎ᠪᠠᠷ ᠪᠣᠷᠣ᠌ ᠲᠥᠯᠥᠪ ᠭᠣᠣᠯ ᠰᠢᠵᠢᠮ ᠪᠣᠯᠭᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠰᠢ ᠵᠢᠨ ᠫᠢᠩ᠎ᠦᠨ ᠬᠠᠦᠯᠢ ᠪᠡᠷ ᠵᠠᠰᠠᠬᠤ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠂ ᠠᠮᠤᠭᠤᠯᠠᠨᠭᠳᠤ ᠳᠤᠮᠳᠠᠳᠤ ᠤᠯᠤᠰ᠎ᠤᠨ ᠪᠥᠲᠥᠬᠡᠨ ᠪᠠᠢᠭᠤᠯᠤᠯᠲᠠ᠎ᠶᠢ ᠠᠬᠢᠭᠤᠯᠬᠤ ᠳᠤᠮᠳᠠ ᠠᠩᠬᠠᠷᠤᠨ ᠬᠠᠯᠠᠮᠵᠢᠯᠠᠵᠤ ᠪᠠᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ᠎ᠤᠨ ᠲᠣᠭᠣᠷᠢᠨ᠎ᠳᠤ᠂ ᠰᠢᠨ᠎ᠡ ᠴᠠᠭ ᠦᠶ᠎ᠡ᠎ᠶᠢᠨ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ᠎ᠶᠢ ᠰᠠᠬᠢᠬᠤ᠂ ᠭᠠᠳᠠᠭᠠᠳᠤ᠎ᠳᠤ ᠬᠣᠯᠪᠣᠭᠳᠠᠬᠤ ᠬᠠᠦᠯᠢ ᠪᠡᠷ ᠵᠠᠰᠠᠬᠤ ᠵᠡᠷᠭᠡ ᠬᠦᠷᠢᠶᠡᠨ᠎ᠦ ᠴᠢᠬᠤᠯᠠ ᠠᠬᠢᠴᠠ᠂ ᠴᠢᠬᠤᠯᠠ ᠶᠡᠬᠡ ᠠᠮᠵᠢᠯᠲᠠ ᠪᠦᠲᠦᠮᠵᠢ᠎ᠶᠢ ᠳ᠋ᠦᠩᠨᠡᠵᠦ᠂ ᠰᠢ ᠵᠢᠨ ᠫᠢᠩ᠎ᠦᠨ ᠬᠠᠦᠯᠢ ᠪᠡᠷ ᠵᠠᠰᠠᠬᠤ ᠦᠵᠡᠯ ᠰᠠᠨᠠᠭᠠᠨ᠎ᠤ ᠴᠢᠬᠤᠯᠠ ᠶᠡᠬᠡ ᠠᠴᠢ ᠬᠣᠯᠪᠣᠭᠳᠠᠯ᠂ ᠭᠣᠣᠯ ᠠᠭᠤᠯᠭ᠎ᠠ᠂ ᠵᠣᠷᠢᠭ᠋ ᠰᠠᠨᠠᠭᠠᠨ᠎ᠤ ᠮᠥᠨ ᠴᠢᠨᠠᠷ᠂ ᠦᠢᠯᠡᠳᠦᠯᠭᠡ᠎ᠶᠢᠨ ᠱᠠᠭᠠᠷᠳᠠᠯᠭ᠎ᠠ ᠵᠡᠷᠭᠡ᠎ᠶᠢ ᠲᠣᠳᠣᠷᠬᠠᠢᠯᠠᠨ ᠲᠠᠢᠯᠪᠤᠷᠢᠯᠠᠪᠠ᠃

《ᠤᠩᠰᠢᠬᠤ ᠪᠢᠴᠢᠭ》᠎ᠤ᠋ᠨ ᠬᠡᠪᠯᠡᠭᠳᠡᠭᠰᠡᠨ ᠨᠢ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠵᠤ᠂ ᠡᠨᠡ ᠬᠦ᠌ ᠴᠢᠬᠤᠯᠠ ᠦᠵᠡᠯ ᠰᠠᠨᠠᠭ᠎ᠠ᠎ᠪᠠᠷ ᠦᠨᠡᠨ ᠬᠦ᠌ ᠲᠠᠷᠢᠬᠢ ᠲᠣᠯᠣᠭᠠᠢ᠎ᠪᠠᠨ ᠵᠡᠪᠰᠡᠭᠯᠡᠨ᠂ ᠦᠢᠯᠡᠳᠦᠯᠭᠡ᠎ᠪᠡᠨ ᠵᠢᠯᠣᠭᠣᠳᠤᠭᠤᠯᠵᠤ᠂ ᠠᠵᠢᠯ᠎ᠢᠶᠠᠨ ᠠᠬᠢᠭᠤᠯᠤᠨ᠂ ᠨᠡᠩ ᠲᠡᠭᠦᠯᠳᠡᠷᠵᠢᠭᠰᠡᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲᠧᠮ᠎ᠢ ᠴᠢᠷᠮᠠᠢᠨ ᠪᠠᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠲᠤᠰᠠᠲᠠᠢ ᠶᠤᠮ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 11 ᠰᠠᠷ᠎ᠠ᠎ᠶᠢᠨ 17᠎ᠤ᠋ ᠴᠠᠬᠢᠯᠭᠠᠨ ᠮᠡᠳᠡᠭᠡ) 

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面